ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠠᠵᠢᠯᠲᠠᠨ ᠪᠦᠬᠦ ᠰᠢᠶᠠᠨ ᠤ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠬᠤᠨᠣᠵᠤ ᠬᠤᠭᠤᠯᠠᠯᠠᠬᠤ ᠠᠵᠤ ᠠᠬᠤᠶᠢᠯᠠᠯ ᠤᠨ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠪᠠᠷᠢᠮᠵᠢᠶ᠎ᠠ ᠳᠤ ᠬᠦᠷᠦᠭᠰᠡᠨ ᠡᠰᠡᠬᠦ ᠶᠢ ᠰᠤᠷᠪᠤᠯᠵᠢᠯᠠᠨ ᠬᠠᠷᠭᠤᠭᠤᠯᠪᠠ
ᠨᠡᠶᠢᠲᠡᠯᠡᠭᠰᠡᠨ ᠴᠠᠭ᠄
2019-08-27
     7 ᠰᠠᠷ᠎ᠠ ᠶᠢᠨ 19 ᠤ ᠡᠳᠦᠷ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠲᠤᠬᠠᠶᠢᠯᠠᠭᠰᠠᠨ ᠠᠵᠢᠯᠲᠠᠨ ᠮᠠᠨ ᠤ ᠰᠢᠶᠠᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠠᠷᠢᠮᠵᠢᠶ᠎ᠠ ᠳᠤ ᠬᠦᠷᠴᠦ ᠮᠡᠳᠡᠬᠦ 22 ᠠᠵᠤ ᠠᠬᠤᠶᠢᠯᠠᠯ ᠢ ᠰᠢᠶᠠᠨ ᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠬᠢᠨᠠᠨ ᠬᠠᠷᠭᠤᠭᠤᠯᠪᠠ᠃ ᠬᠢᠨᠠᠨ ᠬᠠᠷᠭᠤᠭᠤᠯᠤᠭᠠᠳ ᠵᠥᠪᠬᠡᠨ ᠱᠠᠩᠳᠤ ᠰᠢᠶᠠᠨ ᠤ ᠾᠧᠩ ᠲᠠᠢ ᠰᠢᠲᠠᠮᠠᠬᠠᠶ ᠬᠡᠢ ᠶᠢᠨ ᠬᠢᠵᠠᠭᠠᠷᠲᠤ ᠺᠣᠮᠫᠠᠨᠢ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠠᠷᠢᠮᠵᠢᠶ᠎ᠠ ᠳᠤ ᠬᠦᠷᠦᠭᠰᠡᠨ ᠪᠥᠭᠡᠳ ᠲᠣᠰ ᠠᠵᠤ ᠠᠬᠤᠶᠢᠯᠠᠯ ᠢ ᠰᠤᠷᠪᠤᠯᠵᠢᠯᠠᠪᠠ᠃      ᠨᠢᠭᠡ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠠᠵᠢᠯᠲᠠᠨ ᠠᠵᠤ ᠠᠬᠤᠶᠢᠯᠠᠯ ᠳᠤ ᠲᠤᠭ᠎ᠠ ᠪᠦᠷᠢᠳᠬᠡᠯ  ᠤᠨ ᠬᠠᠤᠯᠢ ᠴᠠᠭᠠᠵᠠ ᠶᠢᠨ ᠬᠡᠷᠡᠭ ᠶᠠᠪᠤᠳᠠᠯ ᠢ ᠮᠡᠳᠡᠭᠳᠡᠬᠦ ᠪᠢᠴᠢᠭ ᠬᠦᠷᠭᠡᠬᠦ ᠶᠢᠨ ᠬᠠᠮᠲᠤ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢᠨ ᠱᠠᠭᠠᠷᠳᠠᠯᠭ᠎ᠠ ᠵᠢᠴᠢ ᠮᠡᠳᠡᠭᠦᠯᠦᠨ ᠬᠦᠷᠭᠡᠬᠦ ᠠᠭᠤᠯᠭ᠎ᠠ ᠪᠣᠯᠤᠨ ᠴᠠᠭ ᠬᠤᠭᠤᠴᠠᠭ᠎ᠠ ᠶᠢ ᠲᠣᠳᠣᠷᠬᠠᠶᠢᠯᠠᠭᠰᠠᠨ ᠪᠠᠶᠢᠨ᠎ᠠ᠃ ᠠᠵᠤ ᠠᠬᠤᠶᠢᠯᠠᠯ ᠤᠨ ᠨᠢᠭᠲᠠᠯᠠᠨ ᠪᠤᠳᠤᠬᠤ ᠠᠵᠢᠯᠲᠠᠳ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠠᠵᠢᠯᠲᠠᠨ ᠤ ᠠᠰᠠᠭᠤᠨ ᠯᠠᠪᠯᠠᠬᠤ ᠲᠠᠢ ᠢᠳᠡᠪᠬᠢᠲᠡᠢ ᠬᠠᠮᠵᠢᠯᠴᠠᠵᠤ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠠᠵᠢᠯᠲᠠᠨ ᠤ ᠳᠤᠷᠠᠳᠤᠭᠰᠠᠨ ᠠᠰᠠᠭᠤᠳᠠᠯ ᠢ ᠨᠠᠷᠢᠨ ᠲᠣᠳᠣᠷᠬᠠᠶ ᠬᠠᠷᠢᠭᠤᠯᠬᠤ ᠶᠢᠨ ᠬᠠᠮᠲᠤ ᠠᠵᠤ ᠠᠬᠤᠶᠢᠯᠠᠯ ᠤᠨ ᠪᠣᠳᠠᠲᠤ ᠪᠠᠶᠢᠳᠠᠯ ᠢ ᠦᠨᠡᠨ ᠮᠥᠨ ᠢᠶᠠᠷ ᠨᠢ ᠲᠣᠳᠣᠷᠬᠠᠶᠢᠯᠠᠭᠰᠠᠨ ᠪᠠᠶᠢᠨ᠎ᠠ᠃      ᠬᠤᠶᠠᠷ᠂ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠪᠠ᠃ ᠲᠣᠰ ᠤᠳᠠᠭᠠᠨ ᠤ ᠪᠠᠶᠢᠴᠠᠭᠠᠯᠲᠠ ᠪᠠᠷ ᠳᠠᠮᠵᠢᠭᠠᠳ᠂ ᠲᠣᠰ ᠠᠵᠤ ᠠᠬᠤᠶᠢᠯᠠᠯ ᠨᠢᠭᠡᠨᠲᠡ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠠᠷᠢᠮᠵᠢᠶ᠎ᠠ ᠳᠤ ᠬᠦᠷᠦᠭᠰᠡᠨ ᠪᠣᠯᠬᠤᠷ ᠳᠠᠷᠠᠭ᠎ᠠ ᠰᠠᠷ᠎ᠠ ᠳᠤ ᠤᠯᠤᠰ ᠤᠨ ᠲᠤᠭ᠎ᠠ ᠪᠦᠷᠢᠳᠬᠡᠯ ᠤᠨ ᠬᠥᠮᠥᠷᠭᠡ ᠳᠤ ᠣᠷᠣᠭᠤᠯᠵᠤ ᠪᠣᠯᠤᠨ᠎ᠠ᠃                                              ᠤᠷᠴᠢᠭᠤᠯᠤᠭᠴᠢ    ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2