ᠤᠯᠤᠰ ᠤᠨ ᠪᠠᠶᠠᠷ ᠤᠨ ᠠᠮᠠᠷᠠᠯᠲᠠ ᠳᠤ ᠪᠦᠬᠦ ᠤᠯᠤᠰ ᠤᠨ ᠵᠠᠰᠠᠮᠠᠯ ᠵᠠᠮ ᠲᠥᠯᠥᠪᠦᠷᠢ ᠦᠭᠡᠢ ᠪᠠᠷ ᠨᠡᠪᠲᠡᠷᠡᠨ᠎ᠡ
ᠨᠡᠶᠢᠲᠡᠯᠡᠭᠰᠡᠨ ᠴᠠᠭ᠄
2019-09-20
     ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠥᠩᠭᠡᠷᠡᠪᠡ᠂ ᠤᠯᠤᠰ ᠤᠨ ᠪᠠᠶᠠᠷ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠪᠠᠶ ᠳ᠋ᠦ᠋ ᠭᠠᠵᠠᠷ ᠤᠨ ᠵᠢᠷᠤᠭ ᠲᠠᠢ ᠬᠠᠮᠲᠤᠷᠠᠨ ︽2019 ᠣᠨ ᠤ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠭᠠᠳᠠᠭᠰᠢ ᠭᠠᠷᠬᠤ ᠵᠢᠱᠢᠯᠲᠡ ᠶᠢᠨ ᠮᠡᠳᠡᠭᠦᠯᠦᠯᠲᠡ︾ ᠶᠢ ᠨᠡᠶᠢᠲᠡᠯᠡᠵᠡᠶ᠃ ᠤᠯᠤᠰ ᠤᠨ ᠪᠠᠶᠠᠷ ᠤᠨ ᠳᠣᠯᠣᠭᠠᠨ ᠡᠳᠦᠷ ᠤᠨ ᠠᠮᠠᠷᠠᠯᠲᠠ ᠳᠤ ᠪᠦᠬᠦ ᠤᠯᠤᠰ ᠤᠨ ᠵᠠᠰᠠᠮᠠᠯ ᠵᠠᠮ ᠲᠥᠯᠥᠪᠦᠷᠢ ᠦᠭᠡᠢ ᠪᠠᠷ ᠨᠡᠪᠲᠡᠷᠡᠨ᠎ᠡ᠃      ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ 7 ᠰᠠᠭᠤᠳᠠᠯ ᠲᠠᠢ ᠵᠢᠴᠢ 7 ᠰᠠᠭᠤᠳᠠᠯ ᠠᠴᠠ ᠳᠣᠷᠣᠭᠰᠢᠬᠢ ᠪᠠᠭ᠎ᠠ ᠬᠡᠯᠪᠡᠷᠢ ᠶᠢᠨ ᠠᠶᠠᠨᠴᠢᠳ ᠤᠨ ᠮᠠᠰᠢᠨ ᠲᠡᠷᠭᠡ ᠵᠠᠰᠠᠮᠠᠯ ᠵᠠᠮ ᠳᠡᠭᠡᠷ᠎ᠡ ᠰᠦᠢᠳᠬᠡᠯ ᠬᠤᠷᠢᠶᠠᠬᠤ ᠦᠭᠡᠢ  ᠪᠠᠷ ᠨᠡᠪᠲᠡᠷᠡᠬᠦ ᠴᠠᠭ ᠨᠢ 10 ᠰᠠᠷ᠎ᠠ ᠶᠢᠨ 1 ᠤ ᠡᠳᠦᠷ ᠤᠨ ᠳᠠᠩ ᠴᠠᠭ ᠠᠴᠠ 10 ᠰᠠᠷ᠎ᠠ ᠶᠢᠨ 7 ᠤ ᠡᠳᠦᠷ ᠤᠨ 24 ᠴᠠᠭ ᠪᠣᠯᠤᠨ᠎ᠠ᠃ ᠵᠢᠱᠢᠯᠲᠡ ᠪᠠᠷ 10 ᠰᠠᠷ᠎ᠠ ᠶᠢᠨ 1 ᠤ ᠡᠳᠦᠷ ᠠᠴᠠ 4 ᠤ ᠡᠳᠦᠷ ᠪᠣᠯᠲᠠᠯ᠎ᠠ ᠡᠳᠦᠷ ᠪᠦᠷᠢ ᠶᠢᠨ ᠦᠳᠡ ᠶᠢᠨ ᠡᠮᠦᠨᠡᠬᠢ 10 ᠴᠠᠭ ᠤᠨ ᠦᠶ᠎ᠡ ᠪᠠᠷ ᠲᠡᠷᠭᠡᠨ ᠤ ᠤᠷᠤᠰᠬᠠᠯ ᠤᠨ ᠣᠷᠭᠢᠯ ᠢᠯᠡᠷᠡᠬᠦ ᠪᠣᠯᠤᠨ᠎ᠠ︔ 10 ᠰᠠᠷ᠎ᠠ  ᠶᠢᠨ 5 ᠤ ᠡᠳᠦᠷ ᠠᠴᠠ ᠡᠬᠢᠯᠡᠨ᠂ ᠪᠦᠬᠦ ᠤᠯᠤᠰ ᠤᠨ ᠥᠨᠳᠥᠷ ᠬᠤᠷᠳᠤᠴᠠᠲᠤ ᠵᠠᠰᠠᠮᠠᠯ ᠵᠠᠮ ᠤᠨ ᠲᠡᠷᠭᠡᠨ ᠤ ᠤᠷᠤᠰᠬᠠᠯ  ᠤᠨ ᠣᠷᠭᠢᠯ ᠠᠭᠠᠵᠢᠮ ᠢᠶᠠᠷ ᠪᠠᠭᠠᠰᠴᠤ᠂ 7 ᠤ ᠡᠳᠦᠷ ᠤᠨ ᠦᠳᠡ ᠶᠢᠨ ᠬᠤᠶᠢᠨ᠎ᠠ ᠲᠡᠷᠭᠡᠨ ᠤᠷᠤᠰᠬᠠᠯ ᠤᠨ ᠣᠷᠭᠢᠯ ᠳᠠᠬᠢᠨ ᠢᠯᠡᠷᠡᠬᠦ ᠪᠣᠯᠤᠨ᠎ᠠ᠃      ᠵᠢᠱᠢᠯᠲᠡ ᠪᠠᠷ ᠤᠯᠤᠰ ᠤᠨ ᠪᠠᠶᠠᠷ ᠤᠨ ᠠᠮᠠᠷᠠᠯᠲᠠ ᠳᠤ᠂ ᠪᠦᠬᠦ ᠤᠯᠤᠰ ᠤᠨ ᠥᠨᠳᠥᠷ ᠬᠤᠷᠳᠤᠴᠠᠲᠤ ᠵᠠᠰᠠᠮᠠᠯ ᠵᠠᠮ ᠤᠨ ᠤᠴᠢᠬᠤ ᠵᠠᠮ ᠳᠤ ᠠᠮᠠᠷᠬᠠᠨ ᠲᠦᠭᠵᠢᠷᠡᠭᠰᠡᠨ ᠬᠡᠰᠡᠭ ᠨᠢ ᠭᠤᠤᠯᠳᠠᠭᠤ ᠬᠥᠬᠡᠮᠥ᠋ᠷᠡᠨ ᠤ ᠭᠤᠷᠪᠠᠯᠵᠢᠨ ᠬᠤᠶᠢᠭ ᠪᠣᠯᠤᠨ ᠵᠦᠵᠢᠶᠠᠩ ᠮᠥᠷᠡᠨ ᠤ ᠭᠤᠷᠪᠠᠯᠵᠢᠨ ᠬᠤᠶᠢᠭ ᠢᠶᠠᠷ ᠲᠠᠷᠬᠠᠵᠤ ᠪᠠᠶᠢᠨ᠎ᠠ᠃ ᠵᠢᠶᠠᠩᠰᠤ ᠮᠤᠵᠢ ᠶᠢᠨ ᠬᠢᠯᠢ ᠳᠣᠲᠣᠷᠠᠬᠢ ᠴᠠᠩ ᠲᠠᠢ ᠲᠦᠷᠭᠡᠨ ᠳᠠᠪᠬᠢᠬᠤ ᠵᠠᠰᠠᠮᠠᠯ ᠵᠠᠮ ᠨᠢ ᠺᠧ ᠵᠢᠩ ᠯᠦ ᠪᠠ ᠬᠥᠭᠦᠷᠭᠡ ᠠᠴᠠ ᠳ᠋ᠦᠩ ᠪᠠᠩ ᠬᠦᠶᠰᠦ ᠬᠦᠷᠳᠡᠯᠡᠬᠢ ᠡᠮᠦᠨ᠎ᠡ ᠠᠴᠠ ᠬᠤᠶᠢᠰᠢ ᠴᠢᠭᠯᠡᠯ ᠤᠨ ᠬᠡᠰᠡᠭ ᠵᠠᠮ᠂ ᠭᠤᠸᠠᠩᠳᠦ᠋ᠩ ᠮᠤᠵᠢ ᠶᠢᠨ ᠬᠢᠯᠢ ᠳᠣᠲᠣᠷᠠᠬᠢ ᠭᠤᠸᠠᠩ ᠺᠦᠨ ᠥᠨᠳᠥᠷ ᠬᠤᠷᠳᠤᠴᠠᠲᠤ ᠵᠠᠰᠠᠮᠠᠯ ᠵᠠᠮ ᠤᠨ ᠹᠦ᠋ ᠹᠦᠦᠸ᠋ ᠵᠦᠷᠢᠯᠢᠭ ᠵᠠᠮ ᠤᠨ ᠵᠡᠭᠦᠨ ᠠᠴᠠ ᠪᠠᠷᠠᠭᠤᠨᠰᠢ ᠬᠡᠰᠡᠭ ᠵᠠᠮ᠂ ᠵᠢᠱᠢᠯᠲᠡ ᠪᠠᠷ ᠵᠠᠮ ᠬᠠᠷᠢᠯᠴᠠᠭᠠᠨ ᠤ ᠤᠷᠤᠰᠬᠠᠯ ᠨᠡᠯᠢᠶᠡᠳ ᠶᠡᠭᠡ ᠪᠠᠶᠢᠳᠠᠭ᠃ ᠪᠤᠴᠠᠬᠤ ᠵᠠᠮ ᠤᠨ ᠲᠠᠯ᠎ᠠ ᠪᠠᠷ᠂ ᠵᠢᠱᠢᠯᠲᠡ ᠪᠠᠷ ᠠᠮᠠᠷᠬᠠᠨ ᠲᠦᠭᠵᠢᠷᠡᠬᠦ ᠵᠠᠮ ᠤᠨ ᠬᠡᠰᠡᠭ ᠨᠢ ᠭᠤᠤᠯᠳᠠᠭᠤ ᠲᠢᠶᠠᠨᠵᠢᠨ᠂ ᠪᠡᠭᠡᠵᠢᠩ᠂ ᠾᠧᠪᠸᠢ ᠣᠷᠣᠨ ᠳᠤ ᠲᠥᠪᠯᠡᠷᠡᠵᠦ᠂ ᠪᠡᠭᠡᠵᠢᠩ ᠬᠤᠲᠠ ᠶᠢᠨ ᠬᠢᠯᠢ ᠳᠣᠲᠣᠷᠠᠬᠢ ᠪᠡᠭᠡᠵᠢᠩ᠂ ᠲᠥᠪᠡᠳ ᠤᠨ ᠥᠨᠳᠥᠷ ᠬᠤᠷᠳᠤᠴᠠᠲᠤ  ᠵᠠᠰᠠᠮᠠᠯ ᠵᠠᠮ ᠤᠨ ᠺᠠᠩ ᠵᠤᠸᠠᠩ ᠬᠥᠭᠦᠷᠭᠡ ᠶᠢᠨ ᠣᠶᠢᠷᠠᠯᠴᠠᠭ᠎ᠠ ᠪᠠᠷᠠᠭᠤᠨ ᠠᠴᠠ ᠵᠡᠭᠦᠨᠰᠢ ᠪᠡᠭᠡᠵᠢᠩ ᠣᠷᠣᠬᠤ ᠴᠢᠭᠯᠡᠯ ᠤᠨ ᠵᠠᠮ ᠤᠨ ᠬᠡᠰᠡᠭ ᠲᠤ ᠲᠥᠪᠯᠡᠷᠡᠵᠦ ᠪᠠᠶᠢᠨ᠎ᠠ᠃ ᠪᠡᠭᠡᠵᠢᠩ ᠣᠷᠣᠨ ᠤ ᠵᠢᠩ ᠴᠧᠩ ᠭᠤᠤᠯ ᠱᠤᠭᠤᠮ ᠥᠷᠲᠡᠭᠡ᠂ ᠳ᠋ᠦ᠋ ᠵᠢᠶᠠ ᠺᠠᠨ ᠭᠤᠤᠯ ᠱᠤᠭᠤᠮ ᠥᠷᠲᠡᠭᠡ ᠪᠣᠯᠤᠨ ᠪᠠᠶ ᠮᠢᠶᠣᠣ ᠭᠤᠤᠯ ᠱᠤᠭᠤᠮ ᠥᠷᠲᠡᠭᠡ ᠨᠢ ᠤᠴᠢᠬᠤ ᠵᠠᠮ ᠳᠤ ᠠᠮᠠᠷᠬᠠᠨ ᠲᠦᠭᠵᠢᠷᠡᠬᠦ ᠵᠢᠭᠰᠠᠭᠠᠯᠲᠠ ᠶᠢᠨ ᠡᠮᠦᠨ᠎ᠡ ᠡᠩᠨᠡᠭᠡᠨ ᠳᠤ ᠪᠠᠶᠢᠭ᠎ᠠ ᠰᠦᠢᠳᠭᠡᠯ ᠬᠤᠷᠢᠶᠠᠬᠤ ᠥᠷᠲᠡᠭᠡ ᠪᠣᠯᠬᠤ ᠪᠠᠷ ᠪᠠᠷᠠᠬᠤ ᠦᠭᠡᠢ᠂ ᠮᠥᠨ ᠴᠦ ᠪᠤᠴᠠᠬᠤ ᠵᠠᠮ ᠨᠢ ᠲᠦᠭᠵᠢᠷᠡᠬᠦ ᠳᠤ ᠬᠢᠯᠪᠠᠷ᠂ ᠨᠡᠪᠲᠡᠷᠡᠬᠦ ᠳᠠᠷᠤᠯᠲᠠ ᠨᠢ ᠨᠡᠯᠢᠶᠡᠳ ᠢᠯᠡᠷᠬᠡᠶ ᠪᠠᠶᠢᠨ᠎ᠠ᠃      ᠦᠵᠡᠮᠵᠢ ᠶᠢᠨ ᠣᠷᠣᠨ ᠵᠢᠴᠢ ᠵᠠᠮ ᠬᠠᠷᠢᠯᠴᠠᠭᠠᠨ ᠤ ᠬᠦᠶᠰᠦ ᠶᠢᠨ ᠡᠷᠭᠢᠨ ᠲᠣᠭᠤᠷᠢᠨ ᠤ ᠵᠠᠮ ᠠᠮᠠᠷᠬᠠᠨ ᠲᠦᠭᠵᠢᠷᠡᠨ᠎ᠡ      ᠤᠯᠤᠰ ᠤᠨ ᠪᠠᠶᠠᠷ ᠤᠨ ᠳᠣᠯᠣᠭᠠᠨ ᠡᠳᠦᠷ ᠤᠨ ᠠᠮᠠᠷᠠᠯᠲᠠ ᠳᠤ᠂ ᠪᠥᠬᠦ ᠤᠯᠤᠰ ᠤᠨ ᠵᠠᠰᠠᠮᠠᠯ ᠵᠠᠮ ᠤᠨ ᠠᠶᠠᠯᠠᠯ ᠳᠤ ᠭᠤᠤᠯᠳᠠᠭᠤ ᠳᠤᠮᠳᠠ ᠬᠤᠯᠠ ᠵᠠᠮ ᠢᠶᠠᠷ ᠭᠤᠤᠯᠯᠠᠵᠤ᠂ ᠪᠥᠬᠦ ᠤᠯᠤᠰ ᠤᠨ ᠡᠯ᠎ᠡ ᠭᠠᠵᠠᠷ ᠤᠨ ᠵᠠᠮ ᠬᠠᠷᠢᠯᠴᠠᠭᠠᠨ ᠤ ᠬᠦᠶᠰᠦ ᠵᠢᠴᠢ ᠦᠵᠡᠮᠵᠢ ᠶᠢᠨ ᠣᠷᠣᠨ ᠤ ᠡᠷᠭᠢᠨ ᠲᠣᠭᠤᠷᠢᠨ ᠤ ᠵᠠᠮ ᠠᠮᠠᠷᠬᠠᠨ ᠲᠦᠭᠵᠢᠷᠡᠬᠦ ᠦᠵᠡᠭᠳᠡᠯ ᠭᠠᠷᠳᠠᠭ᠃      ᠤᠯᠤᠰ ᠤᠨ ᠪᠠᠶᠠᠷ ᠤᠨ ᠠᠮᠠᠷᠠᠯᠲᠠ ᠳᠤ᠂ ᠪᠦᠬᠦ ᠤᠯᠤᠰ ᠤᠨ ᠠᠶᠠᠨᠴᠢᠳ ᠲᠡᠭᠡᠭᠡᠪᠦᠷᠢ ᠶᠢᠨ ᠵᠠᠮ ᠬᠠᠷᠢᠯᠴᠠᠭᠠᠨ ᠤ ᠬᠦᠶᠰᠦ ᠠᠶᠠᠨᠴᠢᠳ ᠤᠨ ᠤᠷᠤᠰᠬᠠᠯ ᠤᠨ ᠣᠷᠭᠢᠯ ᠳᠤ  ᠤᠴᠠᠷᠠᠵᠤ᠂ ᠡᠷᠭᠢᠨ ᠲᠣᠭᠤᠷᠢᠨ ᠤ ᠵᠠᠮ ᠤᠨ ᠲᠣᠤᠷ ᠤᠨ ᠵᠠᠮ ᠬᠠᠷᠢᠯᠴᠠᠭᠠᠨ ᠤ ᠲᠦᠭᠵᠢᠷᠡᠯ ᠤᠨ ᠪᠠᠶᠢᠳᠠᠯ ᠬᠡᠴᠡᠭᠦᠳᠡᠬᠦ ᠪᠣᠯᠤᠨ᠎ᠠ᠃ ᠺᠦᠨᠮᠢᠩ ᠥᠷᠲᠡᠭᠡ᠂ ᠱᠢ ᠵᠢᠶᠠ ᠵᠤᠸᠠᠩ ᠥᠷᠲᠡᠭᠡ᠂ ᠬᠠᠷᠪᠢᠨ ᠤ ᠪᠠᠷᠠᠭᠤᠨ ᠥᠷᠲᠡᠭᠡ ᠡᠮᠦᠨ᠎ᠡ ᠭᠤᠷᠪᠠ ᠳᠤ ᠵᠢᠭᠰᠠᠭᠠᠭᠳᠠᠪᠠ᠃ ᠵᠧᠩᠵᠧᠦ ᠪᠣᠯᠤᠨ ᠴᠦᠩᠴᠢᠩ ᠬᠤᠶᠠᠷ ᠬᠤᠲᠠ  ᠶᠢᠨ ᠮᠠᠰᠢᠨ ᠲᠡᠷᠭᠡᠨ ᠤ ᠲᠡᠭᠡᠭᠡᠪᠦᠷᠢ ᠶᠢᠨ ᠥᠷᠲᠡᠭᠡ ᠵᠢᠴᠢ ᠭᠠᠯᠲᠤ ᠲᠡᠷᠭᠡᠨ ᠥᠷᠲᠡᠭᠡᠨ ᠤ ᠡᠷᠭᠢᠨ ᠲᠣᠭᠤᠷᠢᠨ ᠤ ᠵᠠᠮ ᠠᠮᠠᠷᠬᠠᠨ ᠲᠦᠭᠵᠢᠷᠡᠨ᠎ᠡ᠃      ᠤᠯᠤᠰ ᠤᠨ ᠪᠠᠶᠠᠷ ᠤᠨ ᠬᠤᠭᠤᠴᠠᠭᠠᠨ ᠳᠤ᠂ ᠪᠦᠬᠦ ᠤᠯᠤᠰ ᠤᠨ ᠴᠠᠭ ᠠᠭᠤᠷ ᠤᠨ ᠳᠤᠯᠠᠭᠠᠨ ᠤ ᠬᠡᠮᠵᠢᠶ᠎ᠡ ᠲᠣᠬᠢᠷᠠᠮᠵᠢᠲᠠᠶ᠂ ᠵᠤᠭᠠᠴᠠᠨ ᠨᠠᠭᠠᠳᠬᠤ ᠳᠤ ᠲᠣᠬᠢᠷᠠᠮᠵᠢᠲᠠᠶ᠂ ᠦᠵᠡᠮᠵᠢ ᠶᠢᠨ ᠣᠷᠣᠨ ᠤ ᠡᠷᠭᠢᠨ ᠲᠣᠭᠤᠷᠢᠨ ᠤ ᠵᠠᠮ ᠤᠨ ᠲᠣᠤᠷ ᠤᠨ ᠵᠠᠮ ᠬᠠᠷᠢᠯᠴᠠᠭᠠᠨ ᠤ ᠲᠦᠭᠵᠢᠷᠡᠯ ᠤᠨ ᠪᠠᠶᠢᠳᠠᠯ ᠴᠤ ᠵᠤᠭᠠᠴᠠᠭᠰᠠᠳ ᠤᠨ ᠠᠶᠢᠯᠴᠢᠯᠠᠯᠲᠠ ᠶᠢᠨ ᠬᠡᠮᠵᠢᠶ᠎ᠡ ᠶᠢᠨ ᠲᠦᠷᠭᠡᠨ ᠨᠡᠮᠡᠭᠳᠡᠬᠦ ᠶᠢ ᠳᠠᠭᠠᠯᠳᠤᠨ ᠰᠢᠷᠦᠭᠦᠰᠬᠦ ᠪᠣᠯᠤᠨ᠎ᠠ᠃ ᠵᠢᠱᠢᠯᠲᠡ ᠪᠠᠷ ᠱᠠᠨᠰᠢ ᠶᠢᠨ ᠲᠡᠦᠬᠡ ᠶᠢᠨ ᠮᠦᠽᠧᠶ ᠶᠢᠨ ᠡᠷᠭᠢᠨ ᠲᠣᠭᠤᠷᠢᠨ ᠤ ᠵᠠᠮ ᠤᠨ ᠲᠣᠤᠷ ᠤᠨ ᠳᠤᠮᠳᠠᠴᠢ ᠬᠤᠷᠳᠤᠴᠠ ᠨᠢ 15.54 k m / h ᠪᠠᠶᠢᠵᠤ᠂ ᠳ᠋ᠠ ᠶᠠᠨ ᠲᠠ ᠰᠤᠪᠤᠷᠭ᠎ᠠ ᠪᠣᠯᠤᠨ ᠴᠢᠨ ᠱᠢ ᠬᠤᠸᠠᠩ ᠤᠨ ᠴᠡᠷᠢᠭ ᠮᠣᠷᠢᠨ ᠤ ᠬᠡᠦᠬᠡᠯᠳᠡᠶ ᠶᠢᠨ ᠦᠵᠡᠮᠵᠢ ᠶᠢᠨ ᠣᠷᠣᠨ ᠳᠤ ᠣᠴᠢᠬᠤ ᠵᠤᠭᠠᠴᠠᠭᠰᠠᠳ ᠤᠨ ᠲᠤᠭ᠎ᠠ ᠴᠤ ᠨᠡᠯᠢᠶᠡᠳ ᠣᠯᠠᠨ ᠪᠠᠶᠢᠨ᠎ᠠ᠃ ᠴᠦᠩᠴᠢᠩ ᠤᠨ ᠵᠠ ᠽᠢ ᠳ᠋ᠦᠩ᠂ ᠬᠠᠩᠵᠧᠦ ᠶᠢᠨ ᠰᠢ ᠬᠤ᠋ ᠨᠠᠭᠤᠷ ᠪᠣᠯᠤᠨ ᠵᠢᠨᠠᠨ ᠤ ᠪᠤᠤ ᠲᠤ ᠴᠢᠤᠸᠠᠨ ᠴᠡᠴᠡᠷᠯᠢᠭ ᠪᠣᠯ ᠪᠦᠷ ᠨᠡᠯᠢᠶᠡᠳ ᠡᠷᠢᠯᠲᠡ ᠶᠡᠬᠡᠳᠡᠢ ᠵᠤᠭᠠᠴᠠᠯ ᠤᠨ ᠭᠠᠵᠠᠷ ᠪᠣᠯᠤᠨ᠎ᠠ᠃      ᠰᠠᠨᠠᠭᠤᠯᠬᠤ ᠴᠢᠬᠤᠯᠠᠲᠠᠶ ᠵᠦᠶᠯ ᠭᠡᠪᠡᠯ 2019 ᠣᠨ ᠤ ᠳᠤᠮᠳᠠᠳᠤ ᠤᠯᠤᠰ ᠤᠨ ᠪᠡᠭᠡᠵᠢᠩ ᠤᠨ ᠳᠡᠯᠡᠬᠡᠶ ᠶᠢᠨ ᠴᠡᠴᠡᠷᠯᠢᠭ ᠤᠨ ᠮᠡᠷᠭᠡᠵᠢᠯ ᠤᠨ ᠦᠵᠡᠰᠬᠦᠯᠡᠩ ᠤᠨ ᠴᠤᠭᠯᠠᠭᠠᠨ ︽ᠠᠷᠪᠠᠨ ᠰᠠᠷ᠎ᠠ ᠶᠢᠨ ᠨᠢᠭᠡᠨ︾ ᠤ ᠳᠠᠷᠠᠭ᠎ᠠ ᠲᠡᠭᠦᠰᠬᠦ ᠪᠣᠯᠤᠨ᠎ᠠ᠂ ᠵᠢᠱᠢᠯᠲᠡ ᠪᠠᠷ ᠶᠡᠭᠡ ᠬᠡᠮᠵᠢᠶᠡᠨ ᠤ ᠵᠤᠭᠠᠴᠠᠭᠰᠠᠳ ᠤᠯᠤᠰ ᠤᠨ ᠪᠠᠶᠠᠷ ᠤᠨ ᠠᠮᠠᠷᠠᠯᠲᠠ ᠳᠤ ᠬᠦᠷᠦᠨ ᠤᠴᠢᠵᠤ᠂ ᠶᠠᠪᠤᠵᠤ ᠰᠠᠭᠤᠬᠤ ᠲᠥᠯᠥᠪᠵᠢᠭᠦᠯᠭᠡ ᠪᠠᠨ ᠤᠷᠢᠳᠴᠢᠯᠠᠨ ᠰᠠᠶᠢᠲᠤᠷ ᠬᠢᠭᠡᠷᠡᠢ᠃                                               ᠤᠷᠴᠢᠭᠤᠯᠤᠭᠴᠢ   ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2