ᠱᠠᠩᠳᠤ ᠰᠢᠶᠠᠨ ᠤ ᠹᠦ᠋ ᠱᠧᠩ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ 37. 625 M W ᠭᠡᠷᠡᠯ ᠢᠶᠠᠷ ᠶᠠᠳᠠᠭᠤ ᠶᠢ ᠲᠡᠳᠬᠦᠬᠦ ᠲᠥᠷᠥᠯ ᠵᠦᠶᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠬᠦᠭᠡᠷᠦᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠴᠤ ᠪᠠᠲᠤᠯᠠᠭᠰᠠᠨ ᠲᠤᠬᠠᠶ ᠵᠠᠷᠯᠠᠯ
ᠨᠡᠶᠢᠲᠡᠯᠡᠭᠰᠡᠨ ᠴᠠᠭ᠄
2019-09-23
     《 ᠨᠢᠭᠡ ᠪᠦᠯᠦᠭ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠢ ᠬᠦᠴᠦᠨ ᠦᠭᠡᠢ ᠪᠣᠯᠭᠠᠬᠤ ᠲᠤᠬᠠᠶ ᠲᠥᠷᠥ  ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ 》 ( ᠲᠥᠷᠥ ᠲᠠᠷᠬᠠᠭᠠᠭᠰᠠᠨ 〔 2017 〕 46 ᠳ᠋ᠤᠭᠠᠷ ᠲᠣᠭᠠᠲᠤ )᠂ 《 ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠦᠶᠯᠡᠳᠪᠦᠷᠢᠯᠡᠯ ᠤᠨ ᠲᠥᠷᠥᠯ ᠵᠦᠶᠯ ᠤᠨ ᠬᠥᠷᠥᠰᠥ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ ᠶᠢ ᠵᠢᠷᠤᠮᠵᠢᠭᠤᠯᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ 》 ( ᠤᠰᠤᠨ ᠬᠠᠮᠠᠭᠠᠯᠠᠯᠲᠠ 〔 2017 〕365 ᠳ᠋ᠤᠭᠠᠷ ᠲᠣᠭᠠᠲᠤ ) ᠤᠨ ᠲᠣᠭᠲᠠᠭᠠᠯ ᠢ ᠦᠨᠳᠦᠰᠦᠯᠡᠪᠡᠯ᠂ ᠱᠠᠩᠳᠤ ᠰᠢᠶᠠᠨ ᠤ ᠹᠦ᠋ ᠱᠧᠩ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ 2019 ᠣᠨ ᠤ 9 ᠰᠠᠷ᠎ᠠ ᠶᠢᠨ 12 ᠤᠨ ᠡᠳᠦᠷ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠨᠠᠶᠢᠷᠠᠭᠤᠯᠤᠨ ᠵᠣᠬᠢᠶᠠᠬᠤ ᠨᠢᠭᠡᠴᠢ᠂ ᠬᠥᠷᠥᠰᠥ ᠰᠢᠷᠣᠶ ᠶᠢ ᠬᠠᠮᠠᠭᠠᠯᠠᠬᠤ ᠢᠨᠵᠧᠨᠧᠷᠢᠩ ᠤᠨ ᠪᠠᠷᠢᠯᠭ᠎ᠠ ᠪᠠᠷᠢᠬᠤ ᠨᠢᠭᠡᠴᠢ᠂ ᠬᠢᠨᠠᠨ ᠬᠡᠮᠵᠢᠬᠦ ᠨᠢᠭᠡᠴᠢ᠂ ᠬᠢᠨᠠᠨ ᠬᠠᠮᠢᠶᠠᠷᠬᠤ ᠨᠢᠭᠡᠴᠢ᠂ ᠰᠢᠯᠭᠠᠨ ᠬᠤᠷᠢᠶᠠᠬᠤ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠨᠢᠭᠡᠴᠢ ᠵᠢᠴᠢ ᠣᠨᠴᠠ ᠤᠷᠢᠭᠰᠠᠨ ᠬᠥᠷᠥᠰᠥ ᠰᠢᠷᠣᠶ ᠶᠢ ᠬᠠᠮᠠᠭᠠᠯᠠᠬᠤ ᠲᠤᠰᠬᠠᠶ ᠮᠡᠷᠭᠡᠵᠢᠯᠲᠡᠨ ᠲᠤᠬᠠᠶ ᠶᠢᠨ ᠲᠠᠯᠠᠪᠤᠷ ᠤᠨ ᠬᠥᠷᠥᠰᠥ ᠰᠢᠷᠣᠶ ᠶᠢ ᠬᠠᠮᠠᠭᠠᠯᠠᠬᠤ ᠢᠨᠵᠧᠨᠧᠷᠢᠩ ᠢ ᠪᠡᠶ᠎ᠡ  ᠪᠠᠨ ᠳᠠᠭᠠᠭᠠᠨ ᠰᠢᠯᠭᠠᠨ ᠬᠤᠷᠢᠶᠠᠵᠤ᠂ ᠰᠢᠯᠭᠠᠨ  ᠬᠤᠷᠢᠶᠠᠬᠤ ᠭᠤᠤᠯ ᠠᠭᠤᠯᠭ᠎ᠠ ᠳᠤ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠡᠷᠡᠭᠵᠢᠭᠦᠯᠦᠭᠰᠡᠨ ᠪᠠᠶᠢᠳᠠᠯ᠂ ᠡᠯ᠎ᠡ ᠰᠡᠷᠭᠡᠶᠢᠯᠡᠨ ᠵᠠᠰᠠᠬᠤ ᠲᠣᠭᠤᠷᠢᠭ ᠬᠤᠪᠢᠶᠠᠨ ᠬᠥᠷᠥᠰᠥ ᠰᠢᠷᠣᠶ ᠶᠢ ᠬᠠᠮᠠᠭᠠᠯᠠᠬᠤ ᠢᠨᠵᠧᠨᠧᠷᠢᠩ ᠤᠨ ᠶᠠᠰᠤ ᠴᠢᠨᠠᠷ ᠢ ᠦᠨᠡᠯᠡᠨ ᠲᠣᠭᠲᠠᠭᠠᠭᠰᠠᠨ ᠪᠠᠶᠢᠳᠠᠯ᠂ ᠡᠯ᠎ᠡ ᠰᠡᠷᠭᠡᠶᠢᠯᠡᠨ ᠵᠠᠰᠠᠬᠤ ᠲᠣᠭᠤᠷᠢᠭ ᠬᠤᠪᠢᠶᠠᠨ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠨ ᠵᠠᠰᠠᠬᠤ ᠬᠠᠷᠠᠯᠲᠠ ᠶᠢᠨ ᠪᠠᠷᠢᠮᠵᠢᠶ᠎ᠠ ᠳᠤ ᠬᠦᠷᠦᠭᠰᠡᠨ ᠪᠠᠶᠢᠳᠠᠯ ᠵᠢᠴᠢ ᠰᠢᠪᠠᠳᠠᠨ ᠪᠠᠶᠢᠴᠠᠭᠠᠬᠤ ᠨᠢᠭᠡᠴᠢ ᠶᠢᠨ ᠳᠤᠷᠠᠳᠤᠭᠰᠠᠨ ᠴᠡᠭᠴᠡᠯᠡᠨ ᠰᠠᠶᠢᠵᠢᠷᠠᠭᠤᠯᠬᠤ ᠰᠠᠨᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠᠭᠲᠠᠨ᠎ᠠ᠃ ᠲᠤᠬᠠᠢ ᠶᠢᠨ ᠲᠠᠯᠠᠪᠠᠢ ᠶᠢᠨ ᠰᠢᠯᠭᠠᠨ ᠠᠪᠬᠤ ᠠᠵᠢᠯ ᠳᠠᠭᠤᠰᠤᠭᠰᠠᠨ ᠤ ᠳᠠᠷᠠᠭ᠎ᠠ ᠮᠠᠨ ᠤ ᠪᠠᠶᠢᠭᠤᠯᠭ᠎ᠠ ᠰᠢᠯᠭᠠᠨ ᠬᠤᠷᠢᠶᠠᠭᠰᠠᠨ ᠳ᠋ᠦᠩᠨᠡᠯᠲᠡ ᠬᠢᠵᠦ᠂ ᠬᠤᠷᠠᠯ ᠳᠡᠭᠡᠷ᠎ᠡ ᠡᠯ᠎ᠡ ᠲᠠᠯ᠎ᠠ ᠶᠢᠨ ᠬᠢᠨᠠᠨ ᠲᠣᠭᠲᠠᠭᠠᠯᠲᠠ ᠪᠠ ᠦᠨᠡᠯᠡᠯᠲᠡ ᠪᠠᠷ ᠳᠠᠮᠵᠢᠨ ᠰᠢᠯᠭᠠᠨ ᠠᠪᠤᠭᠰᠠᠨ ᠰᠢᠯᠭᠠᠨ ᠲᠣᠭᠲᠠᠭᠠᠯᠲᠠ ᠶᠢᠨ ᠪᠢᠴᠢᠭ ᠢ ᠪᠦᠷᠢᠯᠳᠦᠭᠦᠯᠵᠦ᠂ ᠰᠢᠯᠭᠠᠨ ᠬᠤᠷᠢᠶᠠᠭᠰᠠᠨ ᠦᠷ᠎ᠡ ᠳ᠋ᠦᠩ ᠨᠢ ᠬᠢᠷᠢ ᠲᠡᠩᠴᠡᠪᠡ᠃      ᠣᠳᠣ ᠱᠠᠩᠳᠤ ᠰᠢᠶᠠᠨ ᠤ ᠹᠦ᠋ ᠱᠧᠩ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ 37. 625 M W ᠭᠡᠷᠡᠯ ᠴᠡᠨᠡᠭ ᠢᠶᠠᠷ ᠶᠠᠳᠠᠭᠤ ᠶᠢ ᠲᠡᠳᠬᠦᠬᠦ ᠲᠥᠷᠥᠯ ᠵᠦᠶᠯ ᠤᠨ ᠬᠥᠷᠥᠰᠥ ᠰᠢᠷᠣᠶ ᠶᠢ ᠬᠠᠮᠠᠭᠠᠯᠠᠬᠤ ᠢᠨᠵᠧᠨᠧᠷᠢᠩ ᠤᠨ ᠬᠢᠨᠠᠨ ᠬᠡᠮᠵᠢᠯᠲᠡ ᠶᠢᠨ ᠳ᠋ᠦᠩᠨᠡᠯᠲᠡ ᠶᠢᠨ ᠮᠡᠳᠡᠭᠦᠯᠦᠯᠲᠡ᠂ ᠰᠢᠯᠭᠠᠨ ᠬᠤᠷᠢᠶᠠᠭᠰᠠᠨ ᠮᠡᠳᠡᠭᠦᠯᠦᠯᠲᠡ᠂ ᠰᠢᠯᠭᠠᠨ ᠬᠤᠷᠢᠶᠠᠵᠤ ᠬᠢᠨᠠᠨ ᠲᠣᠭᠲᠠᠭᠠᠭᠰᠠᠨ ᠪᠢᠴᠢᠭ ᠢ ᠨᠡᠶᠢᠲᠡᠯᠡᠵᠡᠢ᠃      ᠬᠠᠷᠢᠯᠴᠠᠬᠤ ᠬᠥᠮᠦᠨ᠄ ᠬᠦ ᠰᠢᠶᠣᠤ ᠹᠧᠩ      ᠤᠲᠠᠰᠤ᠄ 17814388886                                              ᠤᠷᠴᠢᠭᠤᠯᠤᠭᠴᠢ᠄ ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2