︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ  ᠤ ᠬᠢᠨᠠᠯᠲᠠ ᠬᠠᠮᠢᠶᠠᠷᠤᠯᠳᠠ ᠶᠢᠨ ᠲᠦᠷᠢᠮ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2020/12/14
     1. ︽ᠳᠦᠷᠢᠮ︾ ᠪᠠᠶᠢᠭᠤᠯᠤᠭᠳᠠᠭᠰᠠᠨ ᠠᠬᠤᠶ ᠪᠠᠶᠢᠳᠠᠯ ᠵᠢᠴᠢ ᠠᠴᠢ ᠬᠤᠯᠪᠣᠭᠳᠠᠯ    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠳᠠ ᠶᠢᠨ ᠳᠦᠷᠢᠮ︾ ᠢ 12 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠬᠡᠷᠡᠭᠵᠢᠭᠦᠯᠵᠡᠢ᠂ ᠡᠨᠡ ᠪᠣᠯ ᠮᠠᠨ ᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠥᠭᠵᠢᠯᠲᠡ ᠶᠢᠨ ᠲᠡᠤᠬᠡᠨ ᠳᠡᠭᠡᠷ᠎ᠡ ᠦᠨᠳᠦᠰᠦᠨ ᠵᠦᠢᠯ ᠢ ᠬᠠᠮᠢᠶᠠᠷᠬᠤ᠂ ᠪᠦᠬᠦ ᠲᠠᠯ᠎ᠠ ᠶᠢ ᠬᠠᠮᠢᠶᠠᠷᠬᠤ᠂ ᠠᠯᠤᠰ ᠬᠡᠳᠦ ᠶᠢ ᠬᠠᠮᠢᠶᠠᠷᠬᠤ ᠶᠠᠪᠤᠳᠠᠯ ᠪᠣᠯᠤᠨ᠎ᠠ ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠶᠢᠨ ᠴᠢᠬᠤᠯᠠ ᠶᠡᠭᠡ ᠰᠢᠪᠳᠤᠯᠤᠯᠳᠠ᠂ ᠦᠨᠳᠦᠰᠦᠨ ᠵᠢᠷᠤᠮᠯᠠᠯ᠂ ᠬᠠᠤᠯᠢ ᠲᠦᠷᠢᠮ ᠤᠨ ᠪᠠᠲᠤᠯᠠᠭ᠎ᠠ ᠮᠥᠨ᠃ 2017 ᠤᠨ ᠪᠦᠬᠦ ᠤᠯᠤᠰ ᠠᠴᠠ ᠲᠠᠪᠤᠳᠤᠭᠠᠷ ᠤᠳᠠᠭᠠᠨ ᠤ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠳᠠᠷᠠᠭ᠎ᠠ᠂ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ ᠮᠠᠨ ᠤ ᠣᠷᠣᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠤᠯᠢ ᠲᠣᠭᠲᠠᠭᠠᠬᠤ ᠠᠵᠢᠯ ᠢ ᠳᠠᠷᠤᠶ ᠲᠦᠷᠭᠡᠨ ᠡᠬᠢᠯᠡᠭᠦᠯᠵᠡᠶ᠃ ᠪᠥᠬᠦ ᠤᠯᠤᠰ ᠲᠤ ᠨᠢᠭᠡᠳᠦᠭᠡᠷ ᠵᠢᠭᠰᠠᠭᠠᠯ ᠢᠶᠠᠷ ᠶᠠᠪᠤᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠢ ᠨᠡᠶᠢᠲᠡᠯᠡᠭᠰᠡᠨ ᠳᠣᠯᠣᠳᠤᠭᠠᠷ ᠮᠤᠵᠢ ᠪᠣᠯᠪᠠ᠃ ︽ᠳᠦᠷᠢᠮ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠮᠥᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2020 ᠣᠨ ᠤ ᠬᠠᠤᠯᠢ ᠲᠣᠭᠲᠠᠭᠠᠬᠤ ᠭᠤᠤᠯᠳᠠᠯᠭ᠎ᠠ ᠲᠠᠢ ᠬᠢᠨᠠᠨ ᠵᠥᠪᠯᠡᠬᠦ ᠲᠥᠷᠥᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠳᠣᠭᠢᠷᠠᠭᠤᠯᠬᠤ ᠠᠵᠢᠯ ᠪᠣᠯᠤᠨ᠎ᠠ᠃ ︽ᠳᠦᠷᠢᠮ︾ ᠨᠢ ᠭᠤᠷᠪᠠᠨ ᠵᠢᠯ ᠭᠠᠷᠤᠶ ᠶᠢᠨ ᠪᠢᠯᠡᠭᠦᠳᠡᠵᠦ ᠲᠡᠭᠦᠯᠳᠡᠷᠵᠢᠭᠰᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠠᠬᠢᠨ ᠳᠠᠪᠲᠠᠨ ᠰᠤᠳᠤᠯᠵᠤ᠂ ᠦᠪᠡᠷᠳᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠶᠠᠷ ᠤᠳᠠᠭ᠎ᠠ ᠬᠢᠨᠠᠨ ᠶᠠᠷᠢᠯᠴᠠᠭᠰᠠᠨ ᠤ ᠳᠠᠷᠠᠭ᠎ᠠ ᠪᠠᠳᠤᠯᠠᠵᠠᠢ᠂ ᠡᠨᠡ ᠪᠣᠯ ᠮᠠᠨ ᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ  ᠤ ᠠᠩᠬᠠᠳᠠᠭᠴᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠪᠣᠯᠤᠨ᠎ᠠ᠃    ︽ᠳᠦᠷᠢᠮ︾ ᠢ ᠨᠡᠶᠢᠲᠡᠯᠡᠭᠰᠡᠨ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠬᠤ ᠪᠠ ᠪᠦᠬᠦ ᠤᠯᠤᠰ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠬᠤ ᠶᠢᠨ ᠦᠨᠳᠦᠰᠦᠨ ᠪᠠᠲᠤᠯᠠᠭ᠎ᠠ ᠮᠥᠨ᠂ ᠮᠥᠩᠭᠦᠨ ᠭᠦᠢᠯᠭᠡᠭᠡ ᠪᠠᠷ ᠮᠥᠩᠭᠦᠨ ᠭᠦᠢᠯᠭᠡᠭᠡ ᠶᠢ ᠡᠷᠬᠢᠯᠡᠬᠦ ᠨᠢ᠂ ᠮᠥᠩᠭᠦᠨ ᠭᠦᠢᠯᠭᠡᠭᠡ ᠶᠢ ᠬᠠᠮᠢᠶᠠᠷᠬᠤ ᠲᠦᠷᠢᠮ ᠤᠨ ᠰᠠᠭᠤᠷᠢ ᠮᠥᠨ᠃ ᠮᠠᠨ ᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠬᠢᠴᠠ ᠳᠠᠬᠢ ᠨᠢᠭᠡᠨ ᠪᠡᠯᠭᠡ ᠲᠡᠮᠳᠡᠭ ᠪᠠᠶᠢᠵᠤ᠂ ᠮᠠᠨ ᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠥᠨᠳᠥᠷ ᠪᠦᠳᠦᠮᠵᠢᠳᠡᠢ ᠵᠠᠰᠠᠯᠲᠠ ᠪᠣᠯᠤᠨ ᠴᠢᠨᠠᠷ ᠰᠠᠶᠢᠲᠠᠶ ᠬᠥᠭᠵᠢᠯᠲᠡ ᠶᠢ ᠬᠠᠤᠯᠢ ᠶᠣᠰᠣᠭᠠᠷ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      2. ︽ᠳᠦᠷᠢᠮ︾ ᠢ ᠬᠡᠷᠡᠭᠵᠢᠭᠦᠯᠬᠦ ᠦᠨᠳᠦᠰᠦᠨ ᠠᠭᠤᠯᠭ᠎ᠠ ᠵᠢᠴᠢ ᠴᠠᠭ ᠬᠤᠭᠤᠴᠠᠭ᠎ᠠ    ︽ᠲᠦᠷᠢᠮ︾ ᠳᠤ ᠨᠡᠶᠢᠳᠡ ᠲᠤᠯᠤᠭᠠᠨ ᠪᠦᠯᠦᠭ᠂ ᠲᠠᠪᠢᠨ ᠭᠤᠷᠪᠠᠨ ᠵᠦᠢᠯ ᠪᠤᠢ᠃    ᠨᠢᠭᠡᠳᠦᠭᠡᠷ ᠪᠦᠯᠦᠭ᠄ ᠶᠡᠷᠦᠩᠬᠡᠶ ᠳᠦᠷᠢᠮ ᠭᠤᠤᠯᠳᠠᠭᠤ ᠬᠠᠤᠯᠢ ᠲᠣᠭᠲᠠᠭᠠᠬᠤ ᠵᠣᠷᠢᠯᠭ᠎ᠠ᠂ ᠬᠡᠷᠡᠭᠯᠡᠬᠦ ᠬᠡᠪᠴᠢᠶ᠎ᠡ ᠂ ᠬᠢᠨᠠᠨ ᠬᠠᠮᠢᠶᠠᠷᠬᠤ ᠠᠵᠢᠯ ᠤᠨ ᠵᠠᠷᠴᠢᠮ᠂ ᠵᠠᠰᠠᠭ ᠤᠨ ᠣᠷᠳᠣᠨ ᠪᠠ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠡᠵᠡᠩᠨᠡᠯᠲᠡ ᠶᠢᠨ ᠵᠠᠷᠴᠢᠮ᠂ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ᠂ ᠤᠬᠠᠭᠤᠯᠭ᠎ᠠ ᠬᠥᠮᠦᠵᠢᠯ ᠬᠢᠭᠡᠳ ᠬᠢᠨᠠᠯᠲᠠ ᠲᠠᠯᠪᠢᠬᠤ ᠶᠢ ᠲᠤᠳᠤᠷᠬᠠᠶᠢᠯᠠᠭᠰᠠᠨ ᠵᠢᠴᠢ ᠢᠯᠡᠴᠢᠯᠡᠨ ᠵᠠᠭᠠᠯᠳᠤᠬᠤ ᠲᠣᠭᠲᠠᠴᠠ ᠵᠡᠷᠭᠡ ᠪᠣᠯᠤᠨ᠎ᠠ᠃    ᠬᠤᠶᠠᠳᠤᠭᠠᠷ ᠪᠦᠯᠦᠭ᠄ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠭᠤᠣᠯᠳᠠᠭᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠪᠠᠶᠢᠭᠤᠯᠬᠤ ᠨᠥᠬᠦᠴᠡᠯ ᠢ ᠲᠣᠳᠣᠷᠬᠠᠶᠢᠯᠠᠵᠤ᠂ ᠵᠥᠪᠰᠢᠶᠡᠷᠡᠬᠦ᠂ ᠳᠠᠩᠰᠠᠯᠠᠭᠤᠯᠬᠤ ᠵᠦᠢᠯ᠂ ᠬᠤᠪᠢ ᠣᠷᠣᠭᠤᠯᠤᠭᠴᠢ ᠵᠢᠴᠢ ᠭᠤᠣᠯ ᠪᠣᠯᠬᠤ ᠬᠥᠮᠦᠰ ᠤᠨ ᠬᠢᠷᠢ ᠬᠡᠮ ᠢ ᠬᠢᠨᠠᠨ ᠬᠠᠷᠭᠤᠭᠤᠯᠬᠤ ᠱᠠᠭᠠᠷᠳᠠᠯᠭ᠎ᠠ᠂ ᠡᠵᠡᠩᠨᠡᠯᠲᠡ ᠶᠢᠨ ᠳᠦᠷᠢᠮ᠂ ᠳᠠᠭᠤᠰᠬᠠᠬᠤ ᠪᠤᠶᠤ ᠳᠠᠮᠫᠤᠷᠠᠯ ᠤᠨ ᠵᠢᠷᠤᠮ ᠵᠢᠴᠢ ᠬᠤᠯᠪᠣᠭᠳᠠᠯ ᠪᠦᠬᠦᠢ ᠴᠠᠭᠠᠵᠠᠯᠠᠬᠤ ᠴᠢᠨᠠᠷᠲᠠᠶ ᠲᠣᠭᠲᠠᠭᠠᠯ  ᠵᠡᠷᠭᠡ᠃    ᠭᠤᠷᠪᠠᠳᠤᠭᠠᠷ ᠪᠦᠯᠦᠭ᠄ ᠬᠢᠨᠠᠯᠲᠠ ᠬᠠᠮᠢᠶᠠᠷᠤᠯᠲᠠ ᠳᠤ ᠭᠤᠤᠯᠳᠠᠭᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠢ ᠲᠥᠷᠥᠯ ᠬᠤᠪᠢᠶᠠᠨ ᠬᠢᠨᠠᠨ ᠬᠠᠮᠢᠶᠠᠷᠬᠤ ᠪᠠ ᠮᠡᠳᠡᠭᠡ ᠵᠠᠩᠭᠢ ᠶᠢ ᠢᠯᠡ ᠨᠡᠶᠢᠲᠡᠯᠡᠬᠦ ᠱᠠᠭᠠᠷᠳᠠᠯᠭ᠎ᠠ ᠶᠢ ᠲᠤᠳᠤᠷᠬᠠᠶᠢᠯᠠᠪᠠ᠃ ᠲᠤᠬᠠᠶ ᠶᠢᠨ ᠲᠠᠯᠠᠪᠤᠷ ᠤᠨ ᠪᠠᠶᠢᠴᠠᠭᠠᠯᠲᠠ ᠵᠢᠴᠢ ᠲᠤᠬᠠᠶ ᠶᠢᠨ ᠲᠠᠯᠠᠪᠤᠷ ᠤᠨ ᠪᠤᠰᠤ ᠬᠢᠨᠠᠨ ᠬᠠᠮᠢᠶᠠᠷᠬᠤ ᠠᠷᠭ᠎ᠠ ᠬᠡᠮᠵᠢᠶ᠎ᠡ᠂ ᠢᠲᠡᠭᠡᠮᠵᠢ ᠶᠢᠨ ᠬᠢᠨᠠᠨ ᠬᠠᠮᠢᠶᠠᠷᠤᠯᠲᠠ ᠵᠢᠴᠢ ᠬᠠᠮᠵᠢᠯᠴᠠᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠡᠷᠭᠡ᠃    ᠳᠥᠷᠪᠡᠳᠦᠭᠡᠷ ᠪᠦᠯᠦᠭ᠄ ᠲᠦᠭᠰᠢᠭᠦᠷᠢ ᠶᠢ ᠰᠡᠷᠭᠡᠶᠢᠯᠡᠬᠦ ᠪᠠ ᠰᠢᠢᠳᠪᠦᠷᠢᠯᠡᠬᠦ ᠨᠢ ᠭᠤᠤᠯᠳᠠᠭᠤ ᠵᠠᠰᠠᠭ ᠤᠨ ᠣᠷᠳᠣᠨ᠂ ᠰᠠᠯᠠᠭ᠎ᠠ ᠮᠥᠴᠢᠷ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠲᠦᠭᠰᠢᠭᠦᠷᠢ ᠶᠢ ᠰᠡᠷᠭᠡᠶᠢᠯᠡᠬᠦ ᠪᠠ ᠰᠢᠢᠳᠪᠦᠷᠢᠯᠡᠬᠦ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ ᠶᠡᠭᠡ ᠠᠶᠤᠯ ᠲᠦᠭᠰᠢᠭᠦᠷᠢ ᠶᠢᠨ ᠵᠦᠢᠯᠡᠰ ᠢ ᠮᠡᠳᠡᠭᠦᠯᠬᠦ ᠲᠦᠷᠢᠮ᠂ ᠬᠦᠨᠳᠦ ᠶᠡᠭᠡ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠡᠭᠦᠰᠭᠡᠵᠦ ᠮᠡᠳᠡᠬᠦ ᠠᠷᠭ᠎ᠠ ᠬᠡᠮᠵᠢᠶ᠎ᠡ ᠵᠡᠷᠭᠡ ᠪᠣᠯᠤᠨ᠎ᠠ᠃    ᠲᠠᠪᠤᠳᠤᠭᠠᠷ ᠪᠦᠯᠦᠭ᠄ ᠣᠷᠣᠨ ᠨᠤᠲᠤᠭ ᠤᠨ ᠮᠥᠩᠭᠦᠨ ᠭᠦᠢᠯᠭᠡᠭᠡᠨ ᠢ ᠠᠬᠢᠭᠤᠯᠬᠤ ᠪᠠ ᠬᠥᠭᠵᠢᠭᠦᠯᠬᠦ ᠨᠢ ᠭᠤᠤᠯᠳᠠᠭᠤ ᠱᠠᠩᠨᠠᠵᠤ ᠨᠥᠬᠦᠪᠥᠷᠢᠯᠡᠬᠦ ᠲᠣᠭᠲᠠᠴᠠ ᠪᠠᠶᠢᠭᠤᠯᠬᠤ ᠪᠠᠷ ᠳᠠᠮᠵᠢᠭᠤᠯᠤᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠰᠢᠨ᠎ᠡ ᠶᠢ ᠡᠭᠦᠳᠦᠨ ᠬᠥᠭᠵᠢᠬᠦ ᠶᠢ ᠳᠡᠮᠵᠢᠵᠦ᠂ ᠭᠤᠤᠯᠳᠠᠯᠭ᠎ᠠ ᠲᠠᠢ ᠬᠦᠷᠢᠶᠡᠨ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠬᠥᠲᠥᠯᠥᠨ ᠵᠢᠯᠤᠭᠤᠳᠦᠨ᠎ᠠ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠳᠡᠮᠵᠢᠯᠭᠡ ᠬᠠᠩᠭᠠᠨ᠎ᠠ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠠᠭᠤᠴᠢ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ  ᠬᠦᠭᠵᠢᠭᠦᠯᠦᠨ᠎ᠡ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠢᠲᠡᠭᠡᠮᠵᠢ ᠶᠢᠨ ᠣᠷᠴᠢᠨ ᠨᠥᠬᠦᠴᠡᠯ ᠤᠨ ᠪᠠᠶᠢᠭᠤᠯᠤᠯᠲᠠ ᠶᠢ ᠴᠢᠩᠭᠠᠳᠬᠠᠨ᠎ᠠ᠃    ᠵᠢᠷᠭᠤᠳᠤᠭᠠᠷ ᠪᠦᠯᠦᠭ᠄ ᠬᠠᠤᠯᠢ ᠶᠢᠨ ᠬᠠᠷᠢᠭᠤᠴᠠᠯᠭ᠎ᠠ ᠭᠡᠳᠡᠭ ᠨᠢ ᠭᠤᠤᠯᠳᠠᠭᠤ ᠲᠤᠰ ᠳᠦᠷᠢᠮ ᠤᠨ ᠲᠣᠭᠲᠠᠭᠠᠯ ᠤᠨ ᠬᠤᠯᠪᠣᠭᠳᠠᠯ ᠪᠦᠬᠦᠢ ᠡᠷᠬᠡ ᠡᠭᠦᠷᠭᠡ ᠶᠢᠨ ᠱᠠᠭᠠᠷᠳᠠᠯᠭ᠎ᠠ ᠠᠴᠠ ᠵᠥᠷᠢᠴᠡᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠵᠢᠴᠢ ᠲᠡᠭᠦᠨ ᠤ ᠠᠵᠢᠯᠲᠠᠨ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠤᠯᠪᠣᠭᠳᠠᠯ ᠪᠦᠬᠦᠢ ᠰᠢᠢᠳᠭᠡᠯ ᠥᠭᠬᠦ ᠠᠷᠭ᠎ᠠ ᠬᠡᠮᠵᠢᠶ᠎ᠡ ᠪᠣᠯᠤᠨ᠎ᠠ᠃ ᠳᠠᠭᠠᠯᠳᠤᠭᠤᠯᠤᠭᠰᠠᠨ ᠲᠦᠷᠢᠮ ᠳᠤ ᠭᠤᠤᠯᠳᠠᠭᠤ ᠡᠷᠬᠡ ᠣᠯᠭᠤᠬᠤ ᠵᠦᠢᠯ ᠪᠠᠳᠠᠭ ᠪᠠ ᠬᠡᠷᠡᠭᠵᠢᠭᠦᠯᠬᠦ ᠡᠳᠦᠷ ᠬᠤᠭᠤᠴᠠᠭ᠎ᠠ ᠪᠠᠭᠲᠠᠨ᠎ᠠ᠃ ︽ᠲᠦᠷᠢᠮ︾ 2020 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠨ ᠬᠦᠴᠦᠨ ᠲᠠᠢ ᠪᠣᠯᠤᠨ᠎ᠠ᠃      3. ︽ᠲᠦᠷᠢᠮ︾ ᠳᠤ ᠲᠣᠭᠲᠠᠭᠠᠭᠰᠠᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠳᠤ ᠶᠠᠭᠤ ᠶᠠᠭᠤ ᠪᠠᠭᠲᠠᠬᠤ ᠪᠣᠶ︖    ᠲᠣᠰ ᠳᠦᠷᠢᠮ ᠳᠤ ᠬᠡᠯᠡᠵᠦ ᠪᠠᠶᠢᠭ᠎ᠠ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠳᠤ ᠬᠠᠤᠯᠢ ᠶᠣᠰᠣᠭᠠᠷ ᠪᠠᠶᠢᠭᠤᠯᠤᠭᠰᠠᠨ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ᠂ ᠪᠡᠯᠡ ᠲᠣᠬᠢᠷᠠᠭᠤᠯᠭ᠎ᠠ ᠶᠢᠨ ᠳᠠᠭᠠᠯᠳᠠ ᠶᠢᠨ ᠺᠣᠮᠫᠠᠨᠢ᠂ ᠳᠠᠨᠵᠢᠯᠠᠬᠤ ᠪᠠᠩᠬᠢ᠂ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠬᠦ ᠺᠣᠮᠫᠠᠨᠢ᠂ ᠬᠤᠳᠠᠯᠳᠤᠭᠠᠨ ᠤ ᠪᠠᠲᠤᠯᠠᠨ ᠬᠠᠮᠢᠶᠠᠷᠬᠤ ᠺᠣᠮᠫᠠᠨᠢ᠂ ᠣᠷᠣᠨ ᠨᠤᠲᠤᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ᠂ ᠣᠷᠣᠨ ᠪᠦᠰᠡ ᠶᠢᠨ ᠴᠢᠨᠠᠷᠲᠠᠶ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠵᠢᠴᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠣᠯᠤᠨ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠳᠤ ᠡᠷᠬᠡ ᠣᠯᠭᠤᠵᠤ ᠬᠢᠨᠠᠨ ᠬᠠᠮᠢᠶᠠᠷᠤᠭᠤᠯᠤᠭᠰᠠᠨ ᠮᠥᠩᠭᠦᠨ ᠭᠦᠢᠯᠭᠡᠭᠡᠨ ᠤ ᠰᠢᠨᠵᠢ ᠴᠢᠨᠠᠷ ᠪᠦᠬᠦᠢ ᠪᠤᠰᠤᠳ ᠵᠣᠬᠢᠶᠠᠨ ᠪᠠᠶᠢᠭᠤᠯᠤᠯᠲᠠ ᠵᠢᠴᠢ ᠰᠠᠯᠪᠤᠷᠢ ᠪᠠᠶᠢᠭᠤᠯᠤᠮᠵᠢ ᠪᠠᠭᠲᠠᠨ᠎ᠠ᠃ ᠤᠯᠤᠰ ᠠᠴᠠ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠤᠬᠠᠶ ᠠᠰᠲᠠᠭᠠᠨ ᠲᠤᠭᠳᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ ᠣᠷᠣᠨ ᠨᠤᠲᠤᠭ ᠤᠨ ᠡᠯ᠎ᠡ ᠲᠥᠷᠥᠯ ᠤᠨ ᠠᠷᠠᠯᠵᠢᠶᠠᠨ ᠤ ᠲᠠᠯᠠᠪᠤᠷ ᠤᠨ ᠬᠢᠨᠠᠯᠲᠠ ᠬᠠᠮᠢᠶᠠᠷᠤᠯᠲᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠠᠰᠲᠠᠭᠠᠨ ᠲᠣᠭᠲᠠᠭᠠᠨ᠎ᠠ᠃    4. ︽ᠲᠦᠷᠢᠮ︾ ᠳᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠶᠠᠮᠠᠷ ᠶᠠᠮᠠᠷ ᠵᠠᠰᠠᠭ ᠵᠠᠬᠢᠷᠭᠠᠨ ᠤ ᠵᠥᠪᠰᠢᠶᠡᠷᠡᠯ ᠤᠨ ᠲᠤᠬᠠᠶ ᠲᠣᠭᠲᠠᠭᠠᠯ ᠭᠠᠷᠭᠠᠬᠤ ᠪᠣᠶ︖    ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ᠂ ᠨᠡᠶᠢᠯᠡᠭᠦᠯᠬᠦ᠂ ᠰᠠᠯᠭᠠᠬᠤ᠂ ᠡᠵᠡᠩᠨᠡᠬᠦ ᠬᠡᠪᠴᠢᠶ᠎ᠡ ᠪᠠ ᠣᠷᠣᠨ ᠪᠦᠰᠡ ᠶᠢ ᠲᠣᠭᠲᠠᠭᠠᠬᠤ᠂ ᠳᠠᠩᠰᠠᠯᠠᠭᠤᠯᠤᠭᠰᠠᠨ ᠬᠥᠷᠥᠩᠭᠡ ᠮᠥᠩᠭᠦ ᠶᠢ ᠪᠠᠭᠠᠰᠬᠠᠬᠤ ᠵᠡᠷᠭᠡ᠂ ᠬᠠᠤᠯᠢ ᠶᠣᠰᠣᠭᠠᠷ ᠵᠣᠬᠢᠴᠠᠩᠭᠤᠶ ᠵᠠᠰᠠᠭ ᠵᠠᠬᠢᠷᠭᠠᠨ ᠤ ᠵᠥᠪᠰᠢᠶᠡᠷᠡᠯ ᠢ ᠣᠯᠬᠤ ᠪᠤᠶᠤ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠷᠰᠢᠯᠲᠠ ᠶᠢᠨ ᠬᠢᠷᠢ ᠬᠡᠮ ᠣᠯᠬᠤ ᠬᠡᠷᠡᠭᠲᠡᠶ᠃    ᠵᠥᠪᠰᠢᠶᠡᠷᠡᠯ ᠣᠯᠤᠭᠰᠠᠨ ᠦᠭᠡᠢ ᠪᠤᠶᠤ ᠲᠤᠷᠰᠢᠯᠲᠠ ᠬᠢᠬᠦ ᠬᠢᠷᠢ ᠬᠡᠮ ᠣᠯᠤᠭᠰᠠᠨ ᠦᠭᠡᠢ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠡᠷᠬᠢᠯᠡᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠢᠵᠦ ᠪᠣᠯᠬᠤ ᠦᠭᠡᠶ᠂ ᠨᠡᠷᠡᠶᠢᠳᠦᠯ ᠪᠣᠯᠤᠨ ᠡᠵᠡᠩᠨᠡᠯᠲᠡ ᠶᠢᠨ ᠬᠡᠪᠴᠢᠶᠡᠨ ᠳᠣᠲᠣᠷ᠎ᠠ ︽ᠪᠠᠭ᠎ᠠ ᠲᠣᠭᠠᠨ ᠤ ᠵᠢᠭᠡᠯᠡᠯᠭᠡ︾ ︽ᠪᠡᠯᠡ ᠲᠣᠬᠢᠷᠠᠭᠤᠯᠭ᠎ᠠ ᠶᠢᠨ ᠳᠠᠭᠠᠭᠠᠯᠲᠠ︾ ︽ᠳᠠᠨᠵᠢᠯᠠᠭ᠎ᠠ︾ ︽ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ︾ ︽ᠬᠤᠳᠠᠯᠳᠤᠭᠠᠨ ᠤ ᠪᠠᠲᠤᠯᠠᠭ᠎ᠠ︾ ︽ᠡᠳ᠋ ᠬᠥᠷᠥᠩᠭᠡ ᠶᠢᠨ ᠬᠠᠮᠢᠶᠠᠷᠤᠯᠲᠠ︾ ᠵᠡᠷᠭᠡ ᠣᠷᠣᠨ ᠨᠤᠲᠤᠭ ᠤᠨ ᠮᠥᠩᠭᠦᠨ ᠭᠦᠢᠯᠭᠡᠭᠡᠨ ᠯᠦᠭᠡ ᠬᠤᠯᠪᠣᠭᠳᠠᠬᠤ ᠦᠰᠦᠭ ᠢ ᠬᠡᠷᠡᠭᠯᠡᠵᠦ ᠪᠣᠯᠬᠤ ᠦᠭᠡᠶ᠃    5. ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠤᠪᠢᠷᠠᠭᠤᠯᠤᠯᠲᠠ ᠳᠤ ᠶᠠᠮᠠᠷ ᠶᠠᠮᠠᠷ ᠵᠦᠢᠯᠡᠰ ᠢ ᠳᠠᠩᠰᠠᠯᠠᠭᠤᠯᠬᠤ ᠴᠢᠬᠤᠯᠠᠲᠠᠶ ᠪᠣᠶ︖    ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠳᠣᠣᠷ᠎ᠠ ᠵᠢᠭᠰᠠᠭᠠᠭᠰᠠᠨ ᠵᠦᠢᠯᠡᠰ ᠢ ᠬᠤᠪᠢᠷᠠᠭᠤᠯᠵᠤ᠂ ᠬᠤᠪᠢᠷᠠᠭᠤᠯᠤᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠮᠥᠩᠭᠦᠨ ᠬᠤᠪᠢᠷᠠᠭᠤᠯᠤᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ  ᠮᠦᠴᠢᠷ ᠲᠤ ᠳᠠᠩᠰᠠᠯᠠᠭᠤᠯᠬᠤ ᠬᠡᠷᠡᠭᠲᠡᠶ᠄     ︵ᠨᠢᠭᠡ︶ ᠨᠡᠷᠡᠶᠢᠳᠦᠯ ᠢᠶᠠᠨ ᠬᠤᠪᠢᠷᠠᠭᠤᠯᠬᠤ︔ ︵ᠬᠤᠶᠠᠷ︶ ᠵᠠᠭᠤᠨ ᠤ ᠲᠠᠪᠤ ᠠᠴᠠ ᠳᠡᠭᠡᠭᠰᠢ ᠰᠲ᠋ᠣᠺ ᠤᠨ ᠡᠷᠬᠡ ᠲᠠᠢ ᠬᠤᠪᠢ ᠣᠷᠣᠭᠤᠯᠤᠭᠴᠢ ᠶᠢ ᠬᠤᠪᠢᠷᠠᠭᠤᠯᠬᠤ︔ ︵ᠭᠤᠷᠪᠠ︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠬᠡᠷᠡᠭ ᠮᠡᠳᠡᠭᠴᠢ᠂ ᠬᠢᠨᠠᠭᠴᠢ᠂ ᠳᠡᠭᠡᠳᠦ ᠵᠡᠷᠭᠡ ᠶᠢᠨ ᠬᠠᠮᠢᠶᠠᠷᠤᠯᠳᠠ ᠶᠢᠨ ᠠᠵᠢᠯᠳᠡᠠ ᠢ ᠬᠤᠪᠢᠷᠠᠭᠤᠯᠬᠤ︔ ︵ᠲᠦᠷᠪᠡ︶ ᠳᠠᠩᠰᠠᠯᠠᠭᠤᠯᠤᠭᠰᠠᠨ ᠬᠦᠷᠦᠩᠭᠡ ᠮᠥᠩᠭᠦ ᠶᠢ ᠨᠡᠮᠡᠭᠳᠡᠭᠦᠯᠦᠨ᠎ᠡ︔ ︵ᠲᠠᠪᠤ︶ ᠵᠥᠪᠰᠢᠶᠡᠷᠡᠭᠰᠡᠨ ᠪᠤᠶᠤ ᠵᠥᠪᠰᠢᠶᠡᠷᠡᠭᠰᠡᠨ ᠡᠵᠡᠩᠨᠡᠯᠲᠡ ᠶᠢᠨ ᠣᠷᠣᠨ ᠤ ᠳᠣᠲᠣᠷ᠎ᠠ ᠣᠷᠣᠨ ᠰᠠᠭᠤᠴᠠ ᠪᠤᠶᠤ ᠡᠵᠡᠩᠨᠡᠯᠲᠡ ᠶᠢᠨ ᠲᠠᠯᠠᠪᠤᠷ ᠭᠠᠵᠠᠷ ᠢᠶᠠᠨ ᠬᠤᠪᠢᠷᠠᠭᠤᠯᠬᠤ︔ ︵ᠵᠢᠷᠭᠤᠭ᠎ᠠ︶ ᠬᠠᠤᠯᠢ ᠶᠣᠰᠣᠭᠠᠷ ᠳᠠᠩᠰᠠᠯᠠᠭᠤᠯᠬᠤ ᠶᠣᠰᠣᠲᠠᠶ ᠪᠤᠰᠤᠳ ᠵᠦᠢᠯ ᠤᠳ᠃    6. ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠠᠵᠢᠯ ᠤᠨ ᠪᠠᠶᠢᠭᠤᠯᠤᠮᠵᠢ ᠨᠢ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠰᠡᠵᠢᠭᠯᠡᠯᠲᠡᠶ ᠪᠤᠶᠤ ᠠᠶᠤᠯ ᠲᠦᠭᠰᠢᠭᠦᠷᠢ ᠶᠢᠨ ᠳᠠᠯᠳᠠ ᠬᠡᠮ ᠣᠷᠣᠰᠢᠵᠤ ᠪᠠᠶᠢᠬᠤ ᠶᠢ ᠣᠯᠵᠤ ᠮᠡᠳᠡᠪᠡᠯ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠣᠯᠬᠤ ᠪᠤᠢ︖ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠠᠵᠢᠯ ᠤᠨ ᠪᠠᠶᠢᠭᠤᠯᠤᠮᠵᠢ ᠨᠢ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠰᠡᠵᠢᠭᠯᠡᠯᠲᠡᠶ ᠪᠤᠶᠤ ᠠᠶᠤᠯ ᠲᠦᠭᠰᠢᠭᠦᠷᠢ ᠶᠢᠨ ᠳᠠᠯᠳᠠ ᠭᠡᠮ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠳᠣᠤᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠶᠢ ᠠᠪᠴᠤ ᠪᠣᠯᠤᠨ᠎ᠠ᠄    ︵ᠨᠢᠭᠡ︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠪᠣᠳᠠᠲᠠᠢ ᠡᠵᠡᠮᠳᠡᠭᠴᠢ᠂ ᠭᠤᠣᠯ ᠬᠤᠪᠢ ᠣᠷᠣᠭᠤᠯᠤᠭᠴᠢ᠂ ᠬᠡᠷᠡᠭ ᠮᠡᠳᠡᠭᠴᠢ᠂ ᠬᠢᠨᠠᠭᠴᠢ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠳᠠᠨ ᠪᠤᠶᠤ ᠬᠤᠯᠪᠣᠭᠳᠠᠯ ᠪᠦᠬᠦᠢ ᠠᠵᠢᠯᠳᠠᠨ ᠲᠠᠢ ᠪᠣᠯᠵᠣᠨ ᠶᠠᠷᠢᠯᠴᠠᠬᠤ᠃ ᠲᠤᠬᠠᠶᠢᠯᠠᠭᠰᠠᠨ ᠠᠵᠢᠯ ᠤᠨ ᠠᠵᠢᠯᠯᠠᠭ᠎ᠠ ᠵᠢᠴᠢ ᠲᠦᠭᠰᠢᠭᠦᠷᠢ ᠶᠢᠨ ᠪᠠᠶᠢᠳᠠᠯ ᠵᠡᠷᠭᠡ ᠵᠦᠢᠯᠡᠰ ᠲᠤ ᠲᠣᠳᠣᠷᠬᠠᠶᠢᠯᠠᠯᠲᠠ ᠬᠢᠬᠦ ᠶᠢ ᠱᠠᠭᠠᠷᠳᠠᠬᠤ︔ ︵ᠬᠤᠶᠠᠷ︶ ᠴᠣᠩᠬᠤᠨ ᠤ ᠵᠢᠯᠤᠭᠤᠳᠤᠯᠭ᠎ᠠ ᠬᠢᠬᠦ︔ ︵ᠭᠤᠷᠪᠠ︶ ᠪᠠᠶᠢᠴᠠᠭᠠᠯᠲᠠ ᠶᠢᠨ ᠳᠠᠪᠲᠠᠮᠵᠢ ᠤᠳᠠᠭ᠎ᠠ ᠶᠢ ᠬᠥᠳᠡᠯᠦᠩᠭᠦᠶ ᠪᠠᠷ ᠳᠣᠭᠢᠷᠠᠭᠤᠯᠬᠤ ᠪᠤᠶᠤ ᠬᠢᠨᠠᠯᠲᠠ ᠬᠠᠮᠢᠶᠠᠷᠤᠯᠳᠠ ᠶᠢᠨ ᠲᠠᠰ ᠲᠣᠭᠲᠠᠭᠠᠬᠤ︔ ︵ᠲᠦᠷᠪᠡ︶ ᠵᠠᠷᠯᠢᠭᠳᠠᠵᠤ ᠪᠠᠶᠢᠭᠠᠳ ᠢᠯᠠ ᠪᠠᠷ ᠲᠣᠳᠣᠷᠬᠠᠶᠢᠯᠠᠭᠤᠯᠬᠤ ᠪᠤᠶᠤ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ᠎ᠡ︔ ︵ᠲᠠᠪᠤ︶ ᠡᠵᠡᠩᠨᠡᠯᠲᠡ ᠶᠢᠨ ᠠᠶᠤᠯ ᠲᠦᠭᠰᠢᠭᠦᠷᠢ ᠪᠤᠶᠤ ᠬᠤᠯᠪᠣᠭᠳᠠᠯ ᠪᠦᠬᠦᠢ ᠬᠥᠮᠦᠰ ᠤᠨ ᠲᠤᠰᠢᠶᠠᠯ ᠡᠭᠦᠷᠭᠡᠯᠡᠬᠦ ᠠᠶᠤᠯ ᠲᠦᠭᠰᠢᠭᠦᠷᠢ ᠶᠢ ᠰᠠᠨᠠᠭᠤᠯᠤᠭᠰᠠᠨ︔ ︵ᠵᠢᠷᠭᠤᠭ᠎ᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠨᠢᠭᠡᠴᠡ ᠳᠤ ᠮᠡᠳᠡᠭᠳᠡᠵᠦ ᠲᠣᠰ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠩᠬᠠᠷᠴᠤ᠂ ᠲᠦᠭᠰᠢᠭᠦᠷᠢ ᠶᠢᠨ ᠰᠠᠨᠠᠭᠤᠯᠤᠮᠵᠢ ᠬᠢᠨ᠎ᠡ︔ ︵ᠲᠤᠯᠤᠭ᠎ᠠ︶ ᠬᠠᠤᠯᠢ ᠶᠣᠰᠣᠭᠠᠷ ᠠᠪᠴᠤ ᠪᠣᠯᠬᠤ ᠪᠤᠰᠤᠳ ᠠᠷᠭ᠎ᠠ ᠬᠡᠮᠵᠢᠶ᠎ᠡ᠃    7. ᠵᠥᠪᠰᠢᠶᠡᠷᠡᠭᠦᠯᠦᠭᠰᠡᠨ ᠦᠭᠡᠢ ᠪᠤᠶᠤ ᠲᠤᠷᠰᠢᠯᠲᠠ ᠬᠢᠬᠦ ᠬᠢᠷᠢ ᠬᠡᠮ ᠣᠯᠤᠭᠰᠠᠨ ᠦᠭᠡᠢ ᠪᠠᠷ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠪᠠᠶᠢᠭᠤᠯᠵᠤ᠂ ︽ᠲᠦᠷᠢᠮ︾ ᠳᠤ ᠰᠢᠢᠳᠭᠡᠬᠦ ᠲᠤᠬᠠᠶ ᠬᠡᠷᠬᠢᠨ ᠲᠣᠭᠲᠠᠭᠠᠭᠰᠠᠨ ᠪᠣᠶ︖    ︵ᠨᠢᠭᠡ︶ ᠵᠥᠪᠰᠢᠶᠡᠷᠡᠯ ᠣᠯᠤᠭᠰᠠᠨ ᠦᠭᠡᠢ ᠪᠤᠶᠤ ᠲᠤᠷᠰᠢᠯᠲᠠ ᠬᠢᠬᠦ ᠬᠢᠷᠢ ᠬᠡᠮ ᠣᠯᠤᠭᠰᠠᠨ ᠦᠭᠡᠢ ᠪᠠᠷ ᠳᠤᠷ᠎ᠠ ᠪᠠᠷ ᠢᠶᠠᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠳᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠵᠤ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ᠂ 50 ᠲᠦᠮᠡᠨ ᠲᠥᠭᠦᠷᠢᠭ ᠠᠴᠠ ᠳᠡᠭᠡᠭᠰᠢ 100 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ    ︵ᠬᠤᠶᠠᠷ︶ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠵᠥᠪᠰᠢᠶᠡᠷᠡᠯ ᠣᠯᠤᠭᠰᠠᠨ ᠦᠭᠡᠢ ᠪᠤᠶᠤ ᠲᠤᠷᠰᠢᠯᠲᠠ ᠬᠢᠬᠦ ᠬᠢᠷᠢ ᠬᠡᠮ ᠣᠯᠤᠭᠰᠠᠨ ᠦᠭᠡᠢ ᠪᠠᠷ ᠳᠤᠷ᠎ᠠ ᠪᠠᠷ ᠢᠶᠠᠨ ᠨᠡᠶᠢᠯᠡᠭᠦᠯᠬᠦ᠂ ᠰᠠᠯᠭᠠᠭᠰᠠᠨ ᠡᠵᠡᠩᠨᠡᠬᠦ ᠬᠡᠪᠴᠢᠶ᠎ᠡ᠂ ᠣᠷᠣᠨ ᠪᠦᠰᠡ ᠶᠢ ᠥᠷᠭᠡᠳᠬᠡᠨ᠂ ᠳᠠᠩᠰᠠᠯᠠᠭᠤᠯᠤᠭᠰᠠᠨ ᠬᠥᠷᠥᠩᠭᠡ ᠮᠥᠩᠭᠦ ᠶᠢ ᠪᠠᠭᠠᠰᠬᠠᠭᠰᠠᠨ ᠪᠣᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠳᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠵᠦ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ᠂ 10 ᠲᠦᠮᠡᠨ ᠲᠥᠭᠦᠷᠢᠭ ᠠᠴᠠ ᠳᠡᠭᠡᠭᠰᠢ 50 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠦᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠬᠠᠮᠢᠶ᠎ᠠ ᠪᠦᠬᠦᠢ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠪᠤᠶᠤ ᠲᠤᠷᠰᠢᠯᠲᠠ ᠶᠢᠨ ᠴᠢᠭ ᠤᠨ ᠬᠢᠷᠢ ᠬᠡᠮ ᠢ ᠨᠢ ᠬᠦᠴᠦᠨ ᠦᠭᠡᠢ ᠪᠤᠯᠭᠠᠨ᠎ᠠ᠃    ︵ᠭᠤᠷᠪᠠ︶ ᠵᠥᠪᠰᠢᠶᠡᠷᠡᠯ ᠣᠯᠤᠭᠰᠠᠨ ᠥᠬᠡᠶ ᠪᠤᠶᠤ ᠲᠤᠷᠰᠢᠯᠲᠠ ᠶᠢᠨ ᠴᠢᠬ ᠤᠨ ᠬᠢᠷᠢ ᠬᠡᠮ ᠣᠯᠤᠭᠰᠠᠨ ᠥᠬᠡᠶ ᠪᠠᠷ ᠨᠡᠷᠡᠶᠢᠳᠦᠯ ᠪᠤᠶᠤ ᠡᠵᠡᠩᠨᠡᠯᠲᠡ ᠶᠢᠨ ᠬᠦᠷᠢᠶ᠎ᠡ ᠬᠡᠪᠴᠢᠶᠡᠨ ᠳᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠤᠯᠪᠤᠭᠳᠠᠯ ᠪᠥᠬᠦᠶ ᠥᠰᠥᠭ ᠢ ᠳᠤᠷ᠎ᠠ ᠪᠠᠷ ᠢᠶᠠᠨ ᠬᠡᠷᠡᠭᠯᠡᠭᠰᠡᠨ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠳᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠵᠦ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠨ ᠠᠪᠴᠤ᠂ 5 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠤᠶᠤ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠦᠨ᠎ᠡ᠃     8. ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠬᠤᠯᠪᠣᠭᠳᠠᠯ ᠪᠥᠬᠦᠶ ᠵᠦᠢᠯᠡᠰ ᠢ ᠲᠤᠭᠳᠠᠭᠠᠯ ᠶᠣᠰᠣᠭᠠᠷ ᠳᠠᠩᠰᠠᠯᠠᠭᠤᠯᠤᠭᠰᠠᠨ ᠥᠬᠡᠶ ᠪᠣᠯ ᠬᠡᠷᠬᠢᠨ ᠰᠢᠢᠳᠭᠡᠬᠦ ᠪᠣᠶ︖    ᠲᠣᠰ ᠳᠦᠷᠢᠮ ᠤᠨ ᠠᠷᠪᠠᠨ ᠨᠢᠭᠡᠳᠦᠭᠡᠷ ᠵᠦᠢᠯ ᠤᠨ ᠲᠣᠭᠲᠠᠭᠠᠯ ᠢ ᠵᠥᠷᠢᠴᠡᠵᠦ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠨᠢ ᠲᠣᠭᠲᠠᠭᠠᠯ ᠶᠣᠰᠣᠭᠠᠷ ᠬᠠᠮᠢᠶ᠎ᠠ ᠪᠥᠬᠦᠶ ᠵᠦᠢᠯᠡᠰ ᠢ ᠳᠠᠩᠰᠠᠯᠠᠭᠤᠯᠤᠭᠰᠠᠨ ᠥᠬᠡᠶ ᠪᠣᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ 5 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠨ᠎ᠡ︔ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠦᠨ᠎ᠡ᠃     9. ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠳᠣᠣᠷᠠᠬᠢ ᠶᠠᠮᠠᠷ ᠶᠠᠮᠠᠷ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠬᠢᠬᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠮᠥᠩᠭᠦᠨ  ᠭᠦᠢᠯᠭᠡᠭᠡᠨ ᠤ ᠬᠢᠨᠠᠯᠳᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠵᠦ᠂ 5 ᠲᠦᠮᠡᠨ ᠲᠥᠭᠦᠷᠢᠭ ᠠᠴᠠ ᠳᠡᠭᠡᠭᠰᠢ 20 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠂ ᠬᠤᠯᠪᠣᠭᠳᠠᠯ ᠪᠦᠬᠦᠢ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠪᠤᠶᠤ ᠲᠤᠷᠰᠢᠯᠲᠠ ᠬᠢᠬᠦ ᠬᠢᠷᠢ ᠬᠡᠮ ᠢ ᠨᠢ ᠬᠠᠰᠤᠨ᠎ᠠ᠃    ︵ᠨᠢᠭᠡ︶ ᠵᠥᠪᠰᠢᠶᠡᠷᠡᠯ ᠤᠨ ᠦᠨᠡᠮᠯᠡᠯ ᠪᠤᠶᠤ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠬᠠᠭᠤᠷᠮᠠᠭᠯᠠᠨ ᠵᠤᠬᠢᠶᠠᠬᠤ᠂ ᠥᠭᠡᠷᠡᠲᠦᠭᠦᠯᠦᠨ ᠵᠣᠬᠢᠶᠠᠬᠤ᠂ ᠰᠢᠯᠵᠢᠭᠦᠯᠦᠨ ᠥᠭᠬᠦ᠂ ᠲᠦᠷᠢᠶᠡᠰᠦᠯᠡᠭᠦᠯᠬᠦ᠂ ᠵᠢᠭᠡᠯᠡᠭᠦᠯᠬᠦ︔    ︵ᠬᠤᠶᠠᠷ︶ ᠭᠤᠤᠯᠴᠢ ᠪᠠᠶᠢᠬᠤ ᠵᠠᠷᠴᠢᠮ ᠢ ᠵᠥᠷᠢᠴᠡᠭᠰᠡᠨ ᠠᠷᠠᠯᠵᠢᠶᠠᠯᠠᠬᠤ ᠨᠥᠬᠦᠴᠡᠯ ᠢ ᠪᠠᠶᠢᠭᠤᠯᠬᠤ︔    ︵ᠭᠤᠷᠪᠠ︶ ᠬᠤᠯᠪᠣᠭᠳᠠᠬᠤ ᠠᠷᠠᠯᠵᠢᠶ᠎ᠠ ᠪᠤᠶᠤ ᠳᠣᠲᠣᠭᠠᠳᠤ ᠶᠢᠨ ᠠᠷᠠᠯᠵᠢᠶ᠎ᠠ ᠶᠢ ᠠᠰᠢᠭᠯᠠᠨ ᠬᠤᠪᠢ ᠣᠷᠣᠭᠤᠯᠤᠭᠴᠢ ᠪᠠ ᠪᠤᠰᠤᠳ ᠬᠠᠷᠢᠴᠠᠭ᠎ᠠ ᠲᠠᠢ ᠬᠥᠮᠦᠨ ᠳᠤ ᠠᠰᠢᠭ ᠲᠤᠰᠠ ᠬᠦᠷᠭᠡᠬᠦ︔    ︵ᠳᠥᠷᠪᠡᠨ︶ ᠬᠤᠳᠠᠯ ᠬᠠᠭᠤᠷᠮᠠᠭ ᠢᠶᠠᠷ ᠤᠬᠠᠭᠤᠯᠬᠤ᠂ ᠮᠡᠬᠡᠯᠡᠬᠦ᠂ ᠳᠣᠲᠣᠭᠠᠳᠤ ᠳᠠᠭᠠᠨ ᠠᠷᠠᠯᠵᠢᠶᠠᠯᠠᠬᠤ᠂ ᠵᠠᠬ ᠎ᠠ ᠳᠡᠯᠭᠡᠭᠦᠷ ᠢ ᠡᠵᠡᠮᠳᠡᠬᠦ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠬᠢᠬᠦ᠃    10. ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠨᠢ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ  ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠡᠵᠡᠩᠨᠡᠯᠲᠡ ᠶᠢᠨ ᠮᠡᠳᠡᠭᠦᠯᠦᠯᠲᠡ᠂ ᠡᠳ᠋ ᠤᠨ ᠶᠠᠪᠤᠳᠠᠯ ᠤᠨ ᠮᠡᠳᠡᠭᠦᠯᠦᠯᠲᠡ᠂ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠠᠴᠠ ᠭᠠᠷᠭᠠᠭᠰᠠᠨ ᠬᠢᠨᠠᠨ ᠪᠣᠳᠣᠯᠲᠠ ᠶᠢᠨ ᠮᠡᠳᠡᠭᠦᠯᠦᠯᠲᠡ ᠪᠤᠶᠤ ᠦᠨᠡᠯᠡᠨ ᠵᠢᠱᠢᠭᠰᠡᠨ ᠮᠡᠳᠡᠭᠦᠯᠦᠯᠲᠡ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢᠨ ᠮᠠᠲ᠋ᠧᠷᠢᠶᠠᠯ ᠢᠶᠠᠨ ᠴᠠᠭ ᠲᠤᠬᠠᠶ ᠳᠤᠨᠢ ᠮᠡᠳᠡᠭᠦᠯᠦᠨ ᠬᠦᠷᠭᠡᠭᠰᠡᠨ ᠦᠭᠡᠢ᠃ ᠬᠡᠷᠬᠢᠨ ᠰᠢᠢᠳᠭᠡᠪᠡᠯ ᠵᠣᠬᠢᠬᠤ ᠪᠤᠶ︖    ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠬᠤᠯᠪᠣᠭᠳᠠᠯ ᠪᠦᠬᠦᠢ ᠮᠡᠳᠡᠭᠡ ᠵᠠᠩᠭᠢ ᠶᠢᠨ ᠮᠠᠲ᠋ᠧᠷᠢᠶᠠᠯ ᠢᠶᠠᠨ ᠲᠣᠭᠲᠠᠭᠠᠯ ᠶᠣᠰᠣᠭᠠᠷ ᠮᠡᠳᠡᠭᠦᠯᠦᠨ ᠬᠦᠷᠭᠡᠭᠰᠡᠨ ᠦᠭᠡᠢ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠳᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠵᠦ᠂ 5 ᠲᠦᠮᠡᠨ ᠲᠥᠭᠦᠷᠢᠭ ᠠᠴᠠ ᠳᠡᠭᠡᠭᠰᠢ 20 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠦᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠬᠠᠮᠢᠶ᠎ᠠ ᠪᠦᠬᠦᠢ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠪᠤᠶᠤ ᠲᠤᠷᠰᠢᠯᠲᠠ ᠶᠢᠨ ᠴᠢᠭ ᠤᠨ ᠬᠢᠷᠢ ᠬᠡᠮ ᠢ ᠨᠢ ᠬᠦᠴᠦᠨ ᠦᠭᠡᠢ ᠪᠤᠯᠭᠠᠨ᠎ᠠ᠃    11. ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠪᠠ ᠳᠠᠩᠰᠠᠯᠠᠭᠤᠯᠤᠭᠰᠠᠨ ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠠᠤᠯᠢ ᠡᠷᠬᠡᠲᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠶᠠᠮᠠᠷ ᠪᠠᠶᠢᠳᠠᠯ ᠣᠷᠣᠰᠢᠵᠤ ᠪᠠᠶᠢᠬᠤ ᠲᠡᠷᠡ ᠳᠠᠷᠤᠶ ᠳᠤᠨᠢ ᠵᠣᠬᠢᠴᠠᠩᠭᠤᠶ ᠠᠷᠭ᠎ᠠ ᠬᠡᠮᠵᠢᠶ᠎ᠡ ᠠᠪᠬᠤ ᠶᠢᠨ ᠬᠠᠮᠲᠤ ᠲᠣᠭᠲᠠᠭᠰᠠᠨ ᠬᠤᠭᠤᠴᠠᠭ᠎ᠠ ᠶᠣᠰᠣᠭᠠᠷ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠤᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠠᠵᠢᠯ ᠤᠨ ᠪᠠᠶᠢᠭᠤᠯᠤᠮᠵᠢ ᠳᠤ ᠮᠡᠳᠡᠭᠦᠯᠬᠦ ᠬᠡᠷᠡᠭᠲᠡᠶ᠃    ︵ᠨᠢᠭᠡ︶ ᠡᠷᠭᠢᠮᠡᠯ ᠴᠢᠨᠠᠷᠲᠠᠶ ᠬᠦᠴᠢᠷᠳᠡᠯ ᠭᠠᠷᠤᠭᠰᠠᠨ︔    ︵ᠬᠤᠶᠠᠷ︶ ᠬᠦᠨᠳᠦ ᠶᠡᠭᠡ ᠨᠠᠵᠠᠭᠠᠶ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢᠯᠡᠷᠡᠬᠦ︔    ︵ᠭᠤᠷᠪᠠ︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠪᠣᠳᠠᠲᠠᠶ ᠡᠵᠡᠮᠳᠡᠭᠴᠢ᠂ ᠭᠤᠤᠯ ᠬᠤᠪᠢ ᠣᠷᠣᠭᠤᠯᠤᠭᠴᠢ᠂ ᠳᠡᠭᠡᠳᠦ ᠳᠡᠰ ᠤᠨ ᠬᠠᠮᠢᠶᠠᠷᠤᠯᠲᠠ ᠶᠢᠨ ᠠᠵᠢᠯᠳᠠᠨ ᠨᠢ ᠪᠠᠷ᠎ᠠ ᠰᠤᠷᠠᠭ ᠦᠭᠡᠢ ᠪᠣᠯᠤᠭᠰᠠᠨ ᠪᠤᠶᠤ ᠡᠷᠡᠭᠦᠤ ᠶᠢᠨ ᠬᠡᠷᠡᠭ ᠤᠨ ᠪᠠᠶᠢᠴᠠᠭᠠᠯᠲᠠ ᠶᠢ ᠬᠦᠯᠢᠶᠡᠭᠰᠡᠨ︔    ︵ᠲᠦᠷᠪᠡ︶ ᠬᠠᠮᠲᠤᠯᠢᠭ ᠤᠨ ᠴᠢᠨᠠᠷᠲᠠᠶ ᠬᠡᠷᠡᠭ ᠭᠠᠷᠬᠤ︔    ︵ᠲᠠᠪᠤ︶ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠡᠭᠦᠰᠭᠡᠵᠦ ᠮᠡᠳᠡᠬᠦ ᠪᠤᠰᠤᠳ ᠪᠠᠶᠢᠳᠠᠯ᠃ ᠵᠣᠬᠢᠴᠠᠩᠭᠤᠶ ᠠᠷᠭ᠎ᠠ ᠬᠡᠮᠵᠢᠶ᠎ᠡ ᠠᠪᠤᠭᠰᠠᠨ ᠦᠭᠡᠢ ᠪᠤᠯ ᠲᠣᠭᠲᠠᠭᠠᠯ ᠶᠣᠰᠣᠭᠠᠷ ᠬᠡᠷᠬᠢᠨ ᠰᠢᠢᠳᠭᠡᠬᠦ ᠪᠤᠢ    12.ᠬᠡᠷᠪᠡ ᠳᠡᠭᠡᠷᠡᠬᠢ ᠲᠠᠪᠤᠨ ᠵᠦᠢᠯ ᠤᠨ ᠪᠠᠶᠢᠳᠠᠯ ᠭᠠᠷᠤᠭᠠᠳ ᠮᠡᠳᠡᠭᠦᠯᠵᠦ ᠳᠠᠩᠰᠠᠯᠠᠭᠤᠯᠤᠭᠰᠠᠨ ᠦᠭᠡᠢ ᠪᠠᠶᠢᠪᠠᠯ ᠬᠡᠷᠬᠢᠨ‌‍ᠰᠢᠢᠳᠬᠡᠪᠡᠯ ᠵᠣᠬᠢᠬᠤ ᠪᠣᠢ︖    ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠵᠣᠬᠢᠴᠠᠩᠭᠤᠶ ᠠᠷᠭ᠎ᠠ ᠬᠡᠮᠵᠢᠶ᠎ᠡ ᠠᠪᠤᠭᠰᠠᠨ ᠦᠭᠡᠢ ᠪᠤᠶᠤ ᠲᠣᠭᠲᠠᠭᠠᠯ ᠶᠣᠰᠣᠭᠠᠷ ᠮᠡᠳᠡᠭᠦᠯᠦᠭᠰᠡᠨ ᠦᠭᠡᠢ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠳᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠵᠦ᠂ 10 ᠲᠦᠮᠡᠨ ᠲᠥᠭᠦᠷᠢᠭ ᠠᠴᠠ ᠳᠡᠭᠡᠭᠰᠢ 20 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠦᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠬᠠᠮᠢᠶ᠎ᠠ ᠪᠦᠬᠦᠢ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠪᠤᠶᠤ ᠲᠤᠷᠰᠢᠯᠲᠠ ᠶᠢᠨ ᠴᠢᠭ ᠤᠨ ᠬᠢᠷᠢ ᠬᠡᠮ ᠢ ᠨᠢ ᠬᠦᠴᠦᠨ ᠦᠭᠡᠢ  ᠪᠤᠯᠭᠠᠨ᠎ᠠ᠃    13. ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠠᠵᠢᠯ ᠤᠨ ᠪᠠᠶᠢᠭᠤᠯᠤᠮᠵᠢ ᠶᠢᠨ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠬᠤ ᠪᠤᠶᠤ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠵᠢᠴᠢ ᠲᠦᠭᠰᠢᠭᠦᠷᠢ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠲᠡᠪᠴᠢᠭᠰᠡᠨ᠂ ᠬᠠᠷᠰᠢᠯᠠᠭᠰᠠᠨ ᠪᠠᠶᠢᠪᠠᠯ᠂ ᠬᠡᠷᠬᠢᠨ ᠰᠢᠢᠳᠭᠡᠬᠦ ᠪᠤᠢ︖    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠳᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢᠨ ᠬᠠᠮᠲᠤ 2 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠤᠷᠠᠭᠠᠬᠤ ᠪᠠᠷ ᠨᠡᠶᠢᠯᠡᠭᠦᠯᠦᠨ ᠰᠢᠢᠳᠭᠡᠵᠦ ᠪᠣᠯᠤᠨ᠎ᠠ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠦᠨ᠎ᠡ︔ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ ᠬᠠᠮᠢᠶ᠎ᠠ ᠪᠦᠬᠦᠢ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠪᠤᠶᠤ ᠲᠤᠷᠰᠢᠯᠲᠠ ᠶᠢᠨ ᠴᠢᠭ ᠤᠨ ᠬᠢᠷᠢ ᠬᠡᠮ ᠢ ᠨᠢ ᠬᠦᠴᠦᠨ ᠦᠭᠡᠢ ᠪᠤᠯᠭᠠᠨ᠎ᠠ᠃                                                                                                                                             ᠰᠠᠷᠠᠭᠤᠯ ᠪᠠᠭᠤᠯᠭᠠᠪᠠ    
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2