| 10 ᠰᠠᠷ᠎ᠠ ᠶᠢᠨ 17 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯᠳᠤᠭᠠᠨ ᠠᠴᠠ | ᠵᠠᠰᠠᠪᠤᠷᠢ ᠤᠷᠤᠭᠤᠯᠤᠭᠰᠠᠨ ᠤ ᠳᠠᠷᠠᠭᠠᠬᠢ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ ᠶᠢ ᠪᠠᠲᠤᠯᠠᠪᠠ᠃ | ᠲᠣᠰ ᠬᠠᠤᠯᠢ ᠶᠢ 2021 ᠣᠨ ᠤ 6 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠤᠶᠢᠷ᠎ᠠ ᠶᠢᠨ ᠵᠢᠯ ᠳᠤ᠂ ᠨᠠᠰᠤᠨ ᠳᠤ ᠦᠯᠦ ᠬᠦᠷᠦᠭᠰᠡᠳ ᠲᠤ ᠬᠤᠯᠪᠣᠭᠳᠠᠭᠰᠠᠨ ᠨᠡᠶᠢᠭᠡᠮ ᠤᠨ ᠰᠣᠨᠢᠨ ᠮᠡᠳᠡᠭᠡ | ᠶᠡᠷᠦ ᠨᠢ ᠬᠥᠮᠦᠨ ᠢ ᠰᠣᠴᠢᠭᠠᠮ᠎ᠠ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ᠂ ᠨᠠᠰᠤᠨ ᠳᠤ ᠥᠯᠥ | ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ ᠭᠡᠬᠦ ᠡᠨᠡ ᠬᠤᠶᠠᠷ ᠨᠠᠰᠤᠨ ᠳᠤ ᠥᠯᠥ ᠭᠦᠷᠦᠭᠰᠡᠳ ᠤᠨ | ᠲᠤᠰᠬᠠᠶ ᠬᠠᠤᠯᠢ ᠳᠤ ᠵᠠᠯᠭᠠᠭ᠎ᠠ ᠪᠠᠷ ᠵᠠᠰᠠᠪᠦᠷᠢ ᠤᠷᠤᠭᠤᠯᠤᠭᠰᠠᠨ ᠨᠢ᠂ ᠨᠡᠶᠢᠭᠡᠮ ᠤᠨ ᠴᠢᠩᠭ᠎ᠠ ᠬᠦᠰᠡᠯ ᠡᠷᠡᠮᠡᠯᠵᠡᠯ ᠢ | ᠠᠴᠢᠶᠠᠯᠠᠵᠤ ᠪᠠᠶᠢᠨ᠎ᠠ᠃ | ᠰᠤᠷᠪᠤᠯᠵᠢᠯᠠᠭᠴᠢ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ ᠳᠤ ᠵᠠᠰᠠᠪᠤᠷᠢ ᠣᠷᠣᠭᠤᠯᠬᠤ | ᠲᠥᠰᠦᠯ ᠤᠨ ᠲᠤᠰᠬᠠᠢ ᠮᠡᠷᠭᠡᠵᠢᠯᠲᠡᠨ ᠤ ᠰᠠᠨᠠᠭᠤᠯᠭ᠎ᠠ ᠶᠢᠨ ᠨᠣᠣᠷᠠᠭ ᠢ ᠲᠦᠷᠦᠭᠦᠯᠡᠨ ᠲᠤᠭᠤᠷᠪᠢᠭᠴᠢ ᠶᠢᠨ ᠨᠢᠭᠡ | ᠪᠤᠯᠬᠤ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠤᠯᠢ ᠶᠢᠨ ᠳᠡᠭᠡᠳᠦ ᠰᠤᠷᠭᠠᠭᠤᠯᠢ ᠶᠢᠨ ᠫᠷᠤᠹᠧᠰᠰᠤᠷ | ᠂ ᠨᠠᠰᠤᠨ ᠳᠤ ᠦᠯᠦ ᠬᠦᠷᠦᠭᠰᠡᠳ ᠢ ᠪᠠᠶᠢᠴᠠᠭᠠᠬᠤ ᠰᠤᠳᠤᠯᠭᠠᠨ ᠤ ᠲᠥᠪ ᠤᠨ ᠡᠷᠬᠢᠯᠡᠭᠴᠢ ᠰᠦᠩ ᠶᠢᠩ ᠬᠤᠢ ᠶᠢ | ᠰᠤᠷᠪᠤᠯᠵᠢᠯᠠᠵᠦ᠂ ᠡᠨᠡ ᠬᠠᠤᠯᠢ ᠴᠠᠭᠠᠵᠠ ᠶᠢᠨ ᠲᠤᠬᠠᠢ ᠨᠠᠩ ᠣᠯᠠᠨ ᠮᠡᠳᠡᠭᠡ ᠵᠠᠩᠭᠢ ᠶᠢ ᠤᠶᠢᠯᠠᠭᠠᠨ᠎ᠠ᠃ | 1.ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ ᠰᠤᠷᠪᠤᠯᠵᠢᠯᠠᠭᠴᠢ᠄ ᠨᠠᠰᠤᠨ ᠳᠤ ᠦᠯᠦ ᠬᠦᠷᠦᠭᠰᠡᠳ ᠢ | ᠬᠠᠮᠠᠭᠠᠯᠠᠬᠤ ᠬᠠᠤᠯᠢ ︵ᠳᠣᠷᠣᠭᠰᠢ ︽ᠦᠯᠦ ᠪᠠᠲᠤᠯᠠᠬᠤ ᠬᠠᠤᠯᠢ︾ ᠭᠡᠵᠦ ᠲᠣᠪᠴᠢᠯᠠᠨ᠎ᠠ︶ ᠶᠢ ᠬᠡᠵᠢᠶ᠎ᠡ ᠠᠴᠠ | ᠡᠬᠢᠯᠡᠨ ᠵᠠᠰᠠᠪᠤᠷᠢ ᠣᠷᠣᠭᠤᠯᠬᠤ ᠪᠠᠷ ᠪᠡᠯᠡᠳᠬᠡᠵᠦ᠂ ᠲᠤᠬᠠᠶ ᠶᠢᠨ ᠦᠶ᠎ᠡ ᠶᠢᠨ ᠪᠠᠲᠤᠯᠠᠭᠰᠠᠨ ᠦᠭᠡᠢ ᠬᠠᠤᠯᠢ ᠳᠤ | ᠶᠠᠮᠠᠷ ᠶᠠᠮᠠᠷ ᠬᠦᠷᠦᠯᠴᠡᠬᠦ ᠦᠭᠡᠢ ᠲᠠᠯ᠎ᠠ ᠪᠠᠶᠢᠬᠤ ᠪᠤ ᠢ︖ | ᠰᠦᠩ ᠶᠢᠩ ᠬᠤᠢ᠄ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠤᠨ ᠬᠥᠭᠵᠢᠯᠲᠡ ᠶᠢᠨ | ᠬᠡᠷᠡᠭᠴᠡᠭᠡ ᠶᠢ ᠦᠨᠳᠦᠰᠦᠯᠡᠵᠦ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ 2018 ᠣᠨ ᠤ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ ᠳᠤ ᠪᠠᠲᠤᠯᠠᠭᠳᠠᠭᠰᠠᠨ | ᠥᠬᠡᠶ ᠬᠠᠤᠯᠢ ᠳᠤ ᠵᠠᠰᠠᠪᠤᠷᠢ ᠣᠷᠣᠭᠤᠯᠬᠤ ᠶᠢ ᠪᠡᠯᠡᠳᠭᠡᠯ ᠬᠢᠨᠠᠨ ᠵᠥᠪᠯᠡᠬᠦ ᠵᠦᠢᠯ ᠳᠤ ᠣᠷᠣᠭᠤᠯᠵᠤ᠂ ᠵᠠᠰᠠᠪᠤᠷᠢ | ᠣᠷᠣᠭᠤᠯᠬᠤ ᠠᠵᠢᠯ ᠢ ᠵᠢᠩᠬᠢᠨᠢ ᠪᠠᠷ ᠡᠬᠢᠯᠡᠭᠦᠯᠪᠡ᠃ | ᠪᠠᠲᠤᠯᠠᠭ᠎ᠠ ᠦᠭᠡᠶ ᠬᠠᠤᠯᠢ ᠶᠢ 1991 ᠣᠨ ᠳᠤ ᠲᠣᠭᠲᠠᠭᠠᠵᠤ᠂ ᠣᠳᠣ ᠪᠣᠯᠲᠠᠯ᠎ᠠ ᠪᠠᠷᠤᠭ 30 ᠵᠢᠯ ᠤᠨ | ᠬᠤᠭᠤᠴᠠᠭᠠᠨ ᠳᠤ ᠬᠡᠰᠡᠭ ᠵᠦᠢᠯ ᠵᠤᠷᠪᠤᠰ ᠲᠤ ᠵᠠᠰᠠᠪᠤᠷᠢ ᠣᠷᠣᠭᠤᠯᠤᠭᠰᠠᠨ ᠪᠠᠶᠢᠨ᠎ᠠ᠃ ᠡᠨᠡ ᠬᠤᠭᠤᠴᠠᠭᠠᠨ ᠳᠤ | ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠠᠯ᠎ᠠ ᠪᠠᠷ ᠮᠠᠰᠢ ᠣᠯᠠᠨ ᠰᠢᠨ᠎ᠡ ᠪᠠᠶᠢᠳᠠᠯ᠂ ᠰᠢᠨ᠎ᠡ ᠠᠰᠠᠭᠤᠳᠠᠯ | ᠭᠠᠷᠤᠭᠰᠠᠨ ᠪᠠᠶᠢᠨ᠎ᠠ᠃ | ᠲᠤᠬᠠᠶᠢᠯᠠᠪᠠᠯ᠂ ᠭᠡᠷ ᠪᠦᠯᠢ ᠶᠢᠨ ᠬᠢᠨᠠᠨ ᠬᠠᠮᠠᠭᠠᠯᠠᠯᠲᠠ ᠶᠢᠨ ᠠᠰᠠᠭᠤᠳᠠᠯ ᠲᠣᠪᠤᠶᠢᠮ᠎ᠠ᠂ ᠵᠠᠰᠠᠭ ᠤᠨ ᠣᠷᠳᠣᠨ ᠤ | ᠡᠭᠦᠷᠭᠡ ᠬᠠᠷᠢᠭᠤᠴᠠᠯᠭ᠎ᠠ ᠲᠣᠳᠣᠷᠬᠠᠶ ᠪᠤᠰᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠲᠣᠭᠲᠠᠴᠠ ᠳᠤᠲᠠᠮᠠᠭ᠂ | ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠳᠤᠲᠠᠮᠠᠭ᠂ ᠰᠤᠷᠭᠠᠭᠤᠯᠢ ᠶᠢᠨ ᠳᠣᠷᠣᠮᠵᠢᠯᠠᠯ ᠨᠢ | ᠨᠡᠶᠢᠭᠡᠮ ᠤᠨ ᠠᠩᠬᠠᠷᠤᠯ ᠢ ᠲᠠᠲᠠᠵᠤ᠂ ᠨᠡᠶᠢᠭᠡᠮ ᠤᠨ ᠬᠠᠮᠠᠭᠠᠯᠠᠯᠲᠠ ᠳᠤ ᠬᠦᠷᠦᠯᠴᠡᠬᠦ ᠦᠭᠡᠶ ᠲᠠᠯ᠎ᠠ ᠪᠠ ᠪᠠᠯᠠᠶ | ᠤᠷᠤᠨᠣᠷᠣᠰᠢᠵᠤ᠂ ᠨᠠᠰᠤᠨ ᠳᠤ ᠦᠯᠦ ᠬᠦᠷᠦᠭᠰᠡᠳ ᠤᠨ ᠬᠠᠮᠠᠭᠠᠯᠠᠯᠲᠠ ᠶᠢᠨ ᠠᠩᠬᠠᠷᠤᠯ ᠭᠦᠢᠴᠡᠳ ᠦᠭᠡᠶ ᠵᠡᠷᠭᠡ | ᠠᠰᠠᠭᠤᠳᠠᠯ ᠢ ᠰᠢᠢᠳᠪᠦᠷᠢᠯᠡᠬᠦ ᠳᠤ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ ᠳᠤ ᠪᠦᠬᠦ ᠲᠠᠯ᠎ᠠ ᠪᠠᠷ | ᠵᠠᠰᠠᠪᠤᠷᠢ ᠣᠷᠣᠭᠤᠯᠬᠤ ᠴᠢᠬᠤᠯᠠᠳᠠᠢ᠃ | ᠡᠭᠦᠨ ᠠᠴᠠ ᠭᠠᠳᠠᠨ᠎ᠠ᠂ ᠪᠠᠲᠤᠯᠠᠭᠰᠠᠨ ᠦᠭᠡᠢ ᠬᠠᠤᠯᠢ ᠲᠤᠩᠬᠠᠭᠯᠠᠭᠰᠠᠨ ᠴᠢᠨᠠᠷᠲᠠᠶ᠂ ᠰᠠᠨᠠᠭᠠᠴᠢᠯᠠᠭᠰᠠᠨ | ᠴᠢᠨᠠᠷᠳᠠᠢ ᠵᠦᠢᠯ ᠵᠤᠷᠪᠤᠰ ᠨᠡᠯᠢᠶᠡᠳ ᠣᠯᠠᠨ᠂ ᠬᠠᠲᠠᠭᠤ ᠴᠢᠨᠠᠷ ᠢᠶᠠᠷ ᠳᠤᠲᠠᠮᠠᠭ᠂ ᠬᠡᠷᠡᠭᠵᠢᠭᠦᠯᠵᠦ ᠪᠣᠯᠬᠤᠶᠢᠴᠠ | ᠴᠢᠨᠠᠷ ᠢᠶᠠᠷ ᠴᠢᠩᠭ᠎ᠠ ᠪᠢᠰᠢ᠂ ᠪᠠᠰᠠ ᠬᠠᠤᠯᠢ ᠴᠠᠭᠠᠵᠠ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠪᠠᠷ | ᠳᠠᠮᠵᠢᠭᠤᠯᠤᠨ ᠰᠢᠢᠳᠪᠦᠷᠢᠯᠡᠬᠦ ᠴᠢᠬᠤᠯᠠᠲᠠᠶ᠃ | 2.ᠰᠤᠷᠪᠤᠯᠵᠢᠯᠠᠭᠴᠢ᠄ ᠲᠣᠰ ᠤᠳᠠᠭᠠᠨ ᠤ ᠪᠠᠲᠤᠯᠠᠭ᠎ᠠ ᠥᠬᠡᠶ ᠬᠠᠤᠯᠢ ᠳᠤ ᠵᠠᠰᠠᠪᠤᠷᠢ ᠣᠷᠣᠭᠤᠯᠬᠤ ᠳᠤ ᠶᠠᠮᠠᠷ | ᠶᠠᠮᠠᠷ ᠬᠢᠯᠠᠰ ᠴᠡᠭ ᠪᠠᠶᠢᠬᠤ ᠪᠣᠶ︖ | ᠰᠦᠩ ᠶᠢᠩ ᠬᠤᠢ᠄ ᠡᠨᠡ ᠤᠳᠠᠭ᠎ᠠ ᠵᠠᠰᠠᠪᠤᠷᠢ ᠣᠷᠣᠭᠤᠯᠤᠭᠠᠳ ᠪᠠᠲᠤᠯᠠᠭᠰᠠᠨ ᠦᠭᠡᠢ ᠬᠠᠤᠯᠢ ᠳᠤ ᠮᠠᠰᠢ | ᠣᠯᠠᠨ ᠳᠦᠷᠢᠮ ᠤᠨ ᠳᠤᠲᠠᠭᠤᠳᠠᠯ ᠢ ᠨᠥᠬᠦᠪᠥᠷᠢᠯᠡᠪᠡ᠃ ᠵᠦᠢᠯ ᠵᠤᠷᠪᠤᠰ ᠤᠤᠯ ᠤᠨ 72 ᠵᠦᠢᠯ ᠠᠴᠠ ᠪᠠᠨ 132 | ᠵᠦᠢᠯ ᠪᠣᠯᠤᠨ ᠨᠡᠮᠡᠭᠳᠡᠵᠦ᠂ ᠬᠢᠯᠠᠰ ᠴᠡᠭ ᠮᠠᠰᠢ ᠤᠯᠠᠨ ᠪᠠᠶᠢᠨ᠎ᠠ᠃ ᠵᠢᠱᠢᠶᠡᠯᠡᠪᠡᠯ᠂ ᠬᠢᠨᠠᠨ ᠬᠠᠮᠠᠭᠠᠯᠠᠭᠴᠢ ᠶᠢᠨ | ᠬᠠᠷᠢᠭᠤᠴᠠᠯᠭ᠎ᠠ ᠶᠢ ᠨᠠᠷᠢᠯᠢᠭᠵᠢᠭᠤᠯᠤᠭᠰᠠᠨ ᠵᠠᠰᠠᠭ ᠤᠨ ᠣᠷᠳᠣᠨ ᠤ ᠬᠠᠮᠠᠭᠠᠯᠠᠯᠲᠠ ᠪᠠ ᠲᠣᠣᠷ ᠰᠦᠯᠵᠢᠶᠡᠨ ᠤ | ᠬᠠᠮᠠᠭᠠᠯᠠᠯᠲᠠ ᠭᠡᠬᠦ ᠬᠤᠶᠠᠷ ᠪᠦᠯᠦᠭ ᠨᠡᠮᠡᠵᠦ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠭᠤᠣᠯ | ᠬᠠᠷᠢᠭᠤᠴᠠᠯᠭᠠᠲᠤ ᠰᠠᠯᠠᠭ᠎ᠠ ᠮᠥᠴᠢᠷ ᠢ ᠲᠣᠳᠣᠷᠬᠠᠶᠢᠯᠠᠵᠤ᠂ ᠭᠡᠷ ᠪᠦᠯᠢ ᠶᠢᠨ ᠬᠢᠨᠠᠨ ᠬᠠᠮᠠᠭᠠᠯᠠᠯᠲᠠ ᠶᠢᠨ ᠣᠷᠣ ᠰᠤᠯᠠ | ᠪᠠᠶᠢᠬᠤ ᠪᠠ ᠤᠯᠤᠰ ᠠᠴᠠ ᠭᠡᠷ ᠪᠦᠯᠢ ᠶᠢᠨ ᠬᠢᠨᠠᠨ ᠬᠠᠮᠠᠭᠠᠯᠠᠯᠳᠠ ᠶᠢ ᠳᠡᠮᠵᠢᠬᠦ᠂ ᠭᠠᠷ ᠲᠦᠷᠦᠭᠦ᠂ | ᠣᠷᠣᠯᠠᠭᠤᠯᠬᠤ ᠳᠤ ᠴᠢᠭᠯᠡᠭᠦᠯᠦᠨ ᠪᠣᠳᠠᠲᠠᠶ ᠲᠣᠭᠲᠠᠭᠠᠯ ᠭᠠᠷᠭᠠᠵᠠᠶ᠃ | ᠰᠤᠷᠭᠠᠭᠤᠯᠢ ᠶᠢᠨ ᠬᠠᠮᠠᠭᠠᠯᠠᠯᠲᠠ ᠳᠤᠮᠳᠠ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠭᠡᠬᠦ ᠡᠨᠡ ᠬᠦ | ᠨᠡᠶᠢᠭᠡᠮ ᠤᠨ ᠥᠷᠭᠡᠨ ᠳᠡᠯᠭᠡᠷ ᠠᠩᠬᠠᠷᠴᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠤᠷᠢᠳᠴᠢᠯᠠᠨ ᠰᠡᠷᠭᠡᠶᠢᠯᠡᠬᠦ ᠠᠴᠠ | ᠰᠢᠢᠳᠪᠦᠷᠢᠯᠡᠬᠦ ᠬᠦᠷᠲᠡᠯ᠎ᠡ ᠲᠤᠰᠬᠠᠶ ᠲᠣᠭᠲᠠᠭᠠᠯ ᠭᠠᠷᠭᠠᠵᠠᠶ᠃ ᠨᠠᠰᠤᠨ ᠳᠤ ᠥᠯᠥ ᠭᠦᠷᠦᠭᠰᠡᠳ ᠲᠤ ᠪᠡᠯᠭᠡ ᠶᠢᠨ | ᠬᠠᠯᠳᠠᠯᠭ᠎ᠠ ᠬᠢᠭᠰᠡᠨ ᠵᠡᠷᠭᠡ ᠬᠠᠤᠯᠢ ᠶᠢ ᠵᠥᠷᠢᠴᠡᠵᠦ ᠶᠠᠯ᠎ᠠ ᠬᠢᠭᠰᠡᠳ ᠤᠨ ᠲᠤᠰᠢᠶᠠᠯ ᠳᠤ ᠭᠠᠷᠬᠤ ᠶᠢ ᠪᠠᠶᠢᠴᠠᠭᠠᠨ | ᠯᠠᠪᠯᠠᠬᠤ ᠪᠠ ᠠᠵᠢᠯ ᠡᠷᠬᠢᠯᠡᠬᠦ ᠶᠢ ᠬᠢᠵᠠᠭᠠᠷᠯᠠᠬᠤ ᠲᠦᠷᠢᠮ ᠢ ᠲᠤᠭᠳᠠᠭᠠᠪᠠ᠃ | ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠶᠢ ᠬᠡᠷᠡᠭᠯᠡᠬᠦ ᠠᠰᠠᠭᠤᠳᠠᠯ ᠳᠤ ᠴᠢᠭᠯᠡᠭᠦᠯᠦᠨ᠂ ᠵᠠᠰᠠᠭ ᠤᠨ | ᠤᠷᠳᠤᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠂ ᠰᠦᠯᠵᠢᠶᠡᠨ ᠤ ᠠᠵᠤ ᠠᠬᠤᠶᠢᠯᠠᠯ ᠵᠡᠷᠭᠡ ᠶᠢᠨ | ᠭᠦᠢᠴᠡᠳᠭᠡᠪᠡᠰᠦ ᠵᠤᠬᠢᠬᠤ ᠡᠭᠦᠷᠭᠡ ᠶᠢ ᠨᠠᠷᠢᠨ ᠲᠣᠳᠣᠷᠬᠠᠶ ᠪᠣᠯᠭᠠᠪᠠ᠃ ᠡᠯ᠎ᠡ ᠬᠠᠷᠢᠭᠤᠴᠠᠯᠭ᠎ᠠ ᠶᠢᠨ ᠪᠡᠶᠡᠴᠢ | ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠭᠦᠢᠴᠡᠳᠭᠡᠬᠦ ᠶᠢᠨ ᠲᠥᠯᠥᠭᠡ᠂ ᠪᠠᠰᠠ ᠲᠣᠷᠭᠠᠬᠤ ᠲᠦᠷᠢᠮ ᠢ | ᠲᠡᠭᠦᠯᠳᠡᠷᠵᠢᠭᠦᠯᠵᠦ᠂ ᠬᠠᠤᠯᠢ ᠴᠠᠭᠠᠵᠠ ᠶᠢᠨ ᠬᠠᠲᠠᠭᠤ ᠴᠢᠨᠠᠷ ᠢ ᠴᠢᠩᠭᠠᠳᠬᠠᠪᠠ᠃ | 3. ᠰᠤᠷᠪᠤᠯᠵᠢᠯᠠᠭᠴᠢ᠄ ᠵᠠᠰᠠᠪᠤᠷᠢ ᠣᠷᠣᠭᠤᠯᠬᠤ ᠶᠠᠪᠤᠴᠠ ᠳᠤ ᠶᠠᠮᠠᠷ ᠶᠠᠮᠠᠷ ᠠᠰᠠᠭᠤᠳᠠᠯ ᠨᠢ ᠲᠤᠰᠬᠠᠶ | ᠮᠡᠷᠭᠡᠵᠢᠯᠲᠡᠨ ᠡᠷᠳᠡᠮᠲᠡᠨ ᠢ ᠨᠡᠯᠢᠶᠡᠳ ᠣᠯᠠᠨ ᠶᠠᠷᠢᠯᠴᠠᠭᠤᠯᠳᠠᠭ ᠪᠣᠶ︖ | ᠰᠦᠩ ᠶᠢᠩ ᠬᠤᠢ᠄ ᠠᠪᠤ ᠡᠵᠢ ᠶᠢᠨ ᠬᠠᠷᠢᠭᠤᠴᠠᠯᠭ᠎ᠠ ᠪᠠᠨ ᠭᠦᠢᠴᠡᠳᠭᠡᠬᠦ ᠲᠤᠬᠠᠶ ᠶᠠᠷᠢᠶ᠎ᠠ᠃ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠨᠥᠬᠦᠴᠡᠯ ᠲᠠᠢ ᠡᠴᠢᠭᠡ ᠡᠬᠡ ᠨᠢ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ᠂ | ᠠᠰᠠᠷᠠᠨ ᠲᠡᠵᠢᠭᠡᠬᠦ ᠡᠭᠦᠷᠭᠡ ᠪᠠᠨ ᠭᠦᠢᠴᠡᠳᠬᠡᠬᠦ ᠦᠭᠡᠢ ᠪᠠᠶᠢᠪᠠᠯ᠂ ᠪᠢ ᠣᠯᠠᠨ ᠵᠦᠢᠯ ᠤᠨ ᠰᠢᠢᠳᠭᠡᠨ ᠲᠣᠷᠭᠠᠬᠤ | ᠠᠷᠭ᠎ᠠ ᠬᠡᠮᠵᠢᠶ᠎ᠡ ᠠᠪᠬᠤ ᠬᠡᠷᠡᠭᠲᠡᠶ ᠭᠡᠵᠦ ᠵᠣᠷᠢᠵᠤ ᠪᠠᠶᠢᠬᠤ ᠪᠥᠭᠡᠳ ᠡᠷᠴᠢᠮ ᠲᠠᠢ ᠪᠠᠶᠢᠵᠦ᠂ ᠢᠷᠭᠡᠨ ᠤ ᠬᠡᠷᠡᠭ ᠤᠨ | ᠪᠠ ᠵᠠᠰᠠᠭ ᠵᠠᠬᠢᠷᠭᠠᠨ ᠤ ᠬᠢ ᠪᠠᠭᠲᠠᠨ᠎ᠠ᠂ ᠬᠦᠨᠳᠦ ᠨᠣᠴᠢᠲᠠᠶ ᠨᠢ ᠡᠷᠡᠭᠦᠤ ᠶᠢᠨ ᠬᠡᠷᠡᠭ ᠤᠨ ᠬᠠᠷᠢᠭᠤᠴᠠᠯᠭ᠎ᠠ | ᠨᠡᠬᠡᠮᠵᠢᠯᠡᠬᠦ ᠶᠠᠪᠤᠳᠠᠯ ᠪᠠᠭᠲᠠᠨ᠎ᠠ᠃ | ᠭᠡᠪᠡᠴᠦ ᠡᠨᠡ ᠠᠰᠠᠭᠤᠳᠠᠯ ᠳᠡᠭᠡᠷ᠎ᠡ ᠤᠯᠠᠨ ᠤ ᠣᠶᠢᠯᠠᠭᠠᠯᠲᠠ ᠵᠥᠷᠢᠯᠳᠦᠭᠡᠨ ᠲᠠᠢ ᠪᠠᠶᠢᠨ᠎ᠠ᠃ ᠨᠢᠭᠡ ᠵᠦᠢᠯ ᠤᠨ | ᠰᠠᠨᠠᠯ ᠨᠢ ᠡᠴᠢᠭᠡ ᠡᠬᠡ ᠨᠢ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠣᠯ ᠣᠯᠠᠩᠬᠢ ᠨᠢ ᠥᠪᠡᠷ ᠤᠨ ᠪᠡᠶ᠎ᠡ ᠶᠢᠨ | ᠶᠠᠳᠠᠭᠤ ᠬᠦᠴᠢᠷᠳᠡᠯ ᠠᠴᠠ ᠪᠣᠯᠵᠤ ᠠᠷᠭ᠎ᠠ ᠪᠤᠰᠤ ᠪᠠᠶᠢᠳᠠᠭ᠃ ᠢᠩᠭᠢᠵᠦ ᠣᠶᠢᠯᠠᠭᠠᠬᠤ ᠨᠢ ᠮᠠᠰᠢ ᠰᠠᠶᠢᠨ | ᠰᠠᠨᠠᠭ᠎ᠠ ᠲᠠᠢ ᠶᠤᠮ᠃ ᠭᠡᠪᠡᠴᠦ ᠪᠢᠳᠡ ᠪᠠᠶᠢᠴᠠᠭᠠᠨ ᠰᠤᠳᠤᠯᠤᠯᠲᠠ ᠶᠢᠨ ᠳᠤᠮᠳᠠ ᠣᠯᠵᠤ ᠮᠡᠳᠡᠭᠰᠡᠨ ᠨᠢ᠂ ᠵᠢᠩᠬᠢᠨᠢ | ᠠᠰᠠᠭᠤᠳᠠᠯ ᠭᠠᠷᠤᠭᠰᠠᠨ ᠬᠡᠦᠬᠡᠳ ᠤᠨ ᠣᠯᠠᠩᠬᠢ ᠨᠢ ᠭᠡᠷ ᠪᠦᠯᠢ ᠶᠢᠨ ᠶᠠᠳᠠᠭᠤ ᠬᠤᠭᠤᠰᠣᠨ ᠪᠢᠰᠢ᠂ ᠭᠤᠣᠯ ᠨᠢ | ᠡᠴᠢᠭᠡ ᠡᠬᠡ ᠨᠢ ᠬᠠᠮᠢᠶᠠᠷᠬᠤ ᠦᠭᠡᠢ ᠪᠠᠶᠢᠳᠠᠭ᠃ ᠬᠢᠨᠠᠨ ᠬᠠᠮᠠᠭᠠᠯᠠᠭᠴᠢ ᠶᠢᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠤᠬᠠᠮᠰᠠᠷ ᠤᠭᠲᠤ ᠪᠠᠶᠢᠬᠤ ᠦᠭᠡᠢ᠃ | ᠪᠤᠰᠤᠳ ᠤᠨ ᠡᠷᠬᠡ ᠠᠰᠢᠭ ᠲᠤ ᠬᠦᠨᠳᠦ ᠨᠣᠴᠢᠲᠠᠶ ᠬᠠᠯᠳᠠᠭᠰᠠᠨ ᠨᠠᠰᠤᠨ ᠳᠤ ᠦᠯᠦ ᠬᠦᠷᠦᠭᠰᠡᠳ ᠲᠤ ᠮᠢᠨᠦ | ᠦᠵᠡᠬᠦ ᠪᠠᠷ ᠡᠴᠢᠭᠡ ᠡᠬᠡ ᠨᠢ ᠵᠣᠬᠢᠬᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ ᠵᠢᠱᠢᠶᠡᠯᠡᠪᠡᠯ ᠳ᠋ᠠᠯᠢᠶᠠᠨ ᠤ 13 | ᠨᠠᠰᠤᠲᠠᠶ ᠬᠦᠤ 10 ᠨᠠᠰᠤᠲᠠᠶ ᠵᠢᠭᠠᠯ ᠥᠬᠢᠨ ᠢ ᠠᠯᠠᠭᠰᠠᠨ ᠬᠡᠷᠡᠭ ᠵᠠᠭᠤᠴᠢᠯᠠᠭᠤᠷ ᠤᠨ ᠮᠡᠳᠡᠭᠡᠯᠡᠯ ᠢ ᠦᠨᠳᠦᠰᠦᠯᠡᠪᠡᠯ | ᠂ ᠡᠨᠡ ᠬᠦᠦ ᠡᠩ ᠤᠨ ᠦᠶ᠎ᠡ ᠳᠤ ᠵᠠᠷᠢᠮ ᠮᠠᠭᠤ ᠠᠵᠢᠯᠯᠠᠭ᠎ᠠ ᠲᠠᠢ ᠪᠠᠶᠢᠳᠠᠭ᠃ ᠲᠡᠭᠦᠨ ᠤ ᠡᠴᠢᠭᠡ ᠡᠬᠡ ᠨᠢ ᠪᠦᠷ | ᠳᠤᠷ᠎ᠠ ᠪᠠᠷ ᠨᠢ ᠲᠠᠯᠪᠢᠵᠤ ᠬᠠᠮᠢᠶᠠᠷᠬᠤ ᠦᠭᠡᠢ ᠪᠣᠯᠬᠤᠷ ᠦᠨᠡᠨ ᠳᠡᠭᠡᠨ ᠭᠡᠷ ᠤᠨ ᠠᠬᠠᠮᠠᠳ ᠨᠢ ᠬᠠᠮᠤᠭ ᠡᠴᠦᠰ ᠤᠨ | ᠬᠡᠷᠡᠭ ᠭᠠᠷᠤᠭᠰᠠᠨ ᠶᠠᠪᠤᠳᠠᠯ ᠳᠤ ᠮᠠᠰᠢ ᠶᠡᠭᠡ ᠬᠠᠷᠢᠭᠤᠴᠠᠯᠭ᠎ᠠ ᠲᠠᠢ ᠶᠤᠮ᠃ ᠭᠡᠪᠡᠴᠦ ᠤᠳᠤ ᠶᠢᠨ ᠬᠡᠷᠡᠭᠵᠢᠭᠦᠯᠵᠦ | ᠪᠠᠶᠢᠭ᠎ᠠ ᠬᠠᠤᠯᠢ ᠴᠠᠭᠠᠵᠠ ᠶᠢ ᠦᠨᠳᠦᠰᠦᠯᠡᠨ ᠡᠴᠢᠭᠡ ᠡᠭᠡ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠵᠦ | ᠴᠢᠳᠠᠬᠤ ᠦᠭᠡᠢ᠂ ᠵᠥᠪᠬᠡᠨ ᠢᠷᠭᠡᠨ ᠤ ᠬᠡᠷᠡᠭ ᠤᠨ ᠲᠥᠯᠥᠪᠦᠷᠢ ᠨᠡᠬᠡᠮᠵᠢᠯᠡᠨ᠎ᠡ᠃ ᠣᠳᠣᠬᠠᠨ ᠳᠤ ᠡᠨᠡ ᠬᠦ ᠠᠰᠠᠭᠤᠳᠠᠯ | ᠳᠡᠭᠡᠷ᠎ᠡ ᠪᠠᠰᠠ ᠬᠠᠮᠲᠤ ᠶᠢᠨ ᠲᠠᠨᠢᠯᠲᠠ ᠲᠠᠢ ᠪᠣᠯᠤᠭᠠᠳᠤᠶ ᠪᠠᠶᠢᠨ᠎ᠠ᠃ | 4. ᠰᠤᠷᠪᠤᠯᠵᠢᠯᠠᠭᠴᠢ᠄ ᠲᠣᠰ ᠤᠳᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯᠳᠤᠭᠠᠨ ᠳᠡᠭᠡᠷ᠎ᠡ᠂ ᠡᠷᠡᠭᠦᠤ ᠶᠢᠨ ᠬᠠᠤᠯᠢ ᠳᠤ ᠵᠠᠰᠠᠪᠤᠷᠢ | ᠣᠷᠣᠭᠤᠯᠤᠭᠰᠠᠨ ᠲᠥᠰᠦᠯ ︵ᠠᠷᠪᠠᠨ ᠨᠢᠭᠡ︶ ᠤᠨ ᠲᠥᠰᠦᠯ ᠤᠨ ᠬᠤᠶᠠᠳᠠᠬᠢ ᠬᠢᠨᠠᠯᠳᠠ ᠬᠢᠭᠰᠡᠨ ᠨᠤᠤᠷᠠᠭ ᠤᠨ | ᠨᠠᠰᠤᠨ ᠳᠤ ᠤᠢᠯᠦ ᠬᠦᠷᠦᠭᠰᠡᠦᠠ ᠤᠨ ᠲᠤᠬᠠᠶ ᠵᠦᠢᠯ ᠵᠤᠷᠪᠤᠰ ᠢ ᠬᠥᠭᠵᠢᠶᠡᠨᠲᠡᠶ ᠶᠠᠷᠢᠯᠴᠠᠵᠠᠢ᠂ ᠲᠤᠬᠠᠶᠢᠯᠠᠪᠠᠯ | ᠣᠨᠴᠠᠭᠠᠶ ᠪᠠᠶᠢᠳᠠᠯ ᠤᠨ ᠳᠣᠤᠷ᠎ᠠ ᠲᠤᠰᠬᠠᠶ ᠵᠢᠷᠤᠮ ᠢᠶᠠᠷ ᠳᠠᠮᠵᠢᠭᠤᠯᠤᠨ ᠬᠠᠤᠯᠢ ᠳᠤ ᠲᠣᠭᠲᠠᠭᠠᠭᠰᠠᠨ ᠡᠷᠡᠭᠦᠤ ᠶᠢᠨ | ᠬᠠᠷᠢᠭᠤᠴᠠᠯᠭ᠎ᠠ ᠡᠭᠦᠷᠭᠡᠯᠡᠬᠦ ᠨᠠᠰᠤᠵᠢᠯ ᠢ ᠣᠨᠴᠠ ᠵᠠᠷᠢᠮ ᠲᠠᠯ᠎ᠠ ᠪᠠᠷ ᠪᠠᠭᠤᠷᠠᠭᠤᠯᠤᠨ᠎ᠠ᠃ ᠵᠠᠷᠢᠮ ᠬᠥᠮᠦᠨ ᠢᠩᠭᠢᠵᠦ | ᠦᠵᠡᠪᠡᠯ ᠳᠣᠤᠷ᠎ᠠ ᠨᠠᠰᠤᠨ ᠤ ᠨᠠᠰᠤᠨ ᠳᠤ ᠦᠯᠦ ᠬᠦᠷᠦᠭᠰᠡᠳ ᠤᠨ ᠬᠦᠨᠳᠦ ᠨᠣᠴᠢᠲᠠᠶ ᠬᠦᠴᠦᠷᠬᠡᠭᠯᠡᠯ ᠤᠨ ᠶᠠᠯᠠᠲᠤ | ᠠᠵᠢᠯᠯᠠᠭ᠎ᠠ ᠶᠢ ᠪᠦᠲᠦᠮᠵᠢᠲᠡᠶ ᠬᠤᠷᠢᠭᠯᠠᠵᠤ ᠴᠢᠳᠠᠨ᠎ᠠ ᠭᠡᠵᠦ ᠦᠵᠡᠵᠦ ᠪᠠᠶᠢᠨ᠎ᠠ᠂ ᠪᠠᠰᠠ ᠵᠠᠷᠢᠮ ᠬᠥᠮᠦᠨ ᠡᠨᠡ ᠨᠢ | ᠨᠠᠰᠤᠨ ᠳᠤ ᠦᠯᠦ ᠬᠦᠷᠦᠭᠰᠡᠳ ᠤᠨ ᠶᠠᠯᠠᠲᠤ ᠠᠵᠢᠯᠯᠠᠭ᠎ᠠ ᠶᠢ ᠵᠠᠰᠠᠬᠤ ᠰᠠᠶᠢᠨ ᠵᠣᠷ ᠪᠢᠰᠢ ᠭᠡᠵᠦ ᠦᠵᠡᠵᠦ ᠪᠠᠶᠢᠨ᠎ᠠ᠃ | ᠲᠠ ᠡᠨᠡ ᠠᠰᠠᠭᠤᠳᠠᠯ ᠢ ᠶᠠᠭᠠᠬᠢᠵᠤ ᠦᠵᠡᠵᠦ ᠪᠠᠶᠢᠬᠤ ᠪᠤᠢ︖ | ᠰᠦᠩ ᠶᠢᠩ ᠬᠤᠢ᠄ ᠡᠨᠡ ᠤᠳᠠᠭᠠᠨ ᠤ ᠡᠷᠡᠭᠦᠦ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠨᠢ ᠵᠣᠬᠢᠬᠤ | ᠬᠡᠮᠵᠢᠶᠡᠨ ᠠᠴᠠ ᠠᠪᠴᠤ ᠬᠡᠯᠡᠪᠡᠯ ᠠᠷᠠᠳ ᠤᠨ ᠰᠡᠳᠬᠢᠯ ᠳᠤ ᠬᠠᠷᠢᠭᠤ ᠥᠭᠭᠦᠭᠰᠡᠨ ᠶᠤᠮ᠃ ᠡᠭᠦᠨ ᠤ ᠬᠠᠮᠲᠤ ᠪᠠᠰᠠ | ᠬᠦᠷᠢᠶ᠎ᠡ ᠬᠡᠪᠴᠢᠶ᠎ᠡ ᠪᠠ ᠵᠢᠷᠤᠮ ᠢ ᠴᠢᠩᠭ᠎ᠠ ᠬᠢᠵᠠᠭᠠᠷᠯᠠᠵᠤ᠂ ᠬᠡᠷᠡᠭᠵᠢᠭᠦᠯᠬᠦ ᠶᠠᠪᠤᠴᠠ ᠳᠤ ᠬᠡᠯᠪᠠᠶᠢᠬᠦ ᠠᠴᠠ | ᠵᠠᠶᠢᠯᠠᠰᠬᠢᠬᠦ ᠳᠤ ᠠᠰᠢᠭᠲᠠᠶ ᠶᠤᠮ᠃ | ᠭᠡᠪᠡᠴᠦ ᠨᠠᠰᠤᠨ ᠳᠤ ᠬᠦᠷᠦᠭᠡᠳᠦᠢ ᠶᠠᠯ᠎ᠠ ᠬᠢᠬᠦ ᠶᠢ ᠰᠡᠷᠭᠡᠶᠢᠯᠡᠬᠦ ᠡᠭᠦᠳᠡᠨ ᠠᠴᠠ ᠠᠪᠴᠤ ᠬᠡᠯᠡᠪᠡᠯ᠂ ᠮᠢᠨᠦ | ᠦᠵᠡᠬᠦ ᠪᠠᠷ ᠨᠡᠩ ᠰᠠᠶᠢᠨ ᠠᠷᠭ᠎ᠠ ᠪᠣᠯ ︽ᠲᠤᠰᠬᠠᠶᠢᠯᠠᠨ ᠵᠠᠯᠠᠷᠠᠭᠤᠯᠬᠤ ᠬᠥᠮᠦᠵᠢᠯ︾ ᠤᠨ ᠲᠦᠷᠢᠮ ᠢ | ᠲᠡᠭᠦᠯᠳᠡᠷᠵᠢᠭᠦᠯᠬᠦ ᠶᠠᠪᠤᠳᠠᠯ ᠪᠣᠯᠤᠨ᠎ᠠ᠃ | ᠳᠣᠣᠷ᠎ᠠ ᠨᠠᠰᠤᠨ ᠤ ᠨᠠᠰᠤᠨ ᠳᠤ ᠦᠯᠦ ᠬᠦᠷᠦᠭᠰᠡᠳ ᠤᠨ ᠬᠦᠨᠳᠦ ᠨᠣᠴᠢᠲᠠᠶ ᠬᠦᠴᠦᠷᠬᠡᠭᠯᠡᠯ ᠤᠨ ᠬᠡᠷᠡᠭ | ᠭᠠᠷᠤᠭᠰᠠᠨ ᠤ ᠳᠠᠷᠠᠭ᠎ᠠ᠂ ᠨᠡᠶᠢᠭᠡᠮ ᠳᠡᠭᠡᠷ᠎ᠡ ᠡᠷᠡᠭᠦᠤ ᠶᠢᠨ ᠬᠠᠷᠢᠭᠤᠴᠠᠯᠭ᠎ᠠ ᠶᠢᠨ ᠨᠠᠰᠤ ᠶᠢ ᠪᠠᠭᠤᠷᠠᠭᠤᠯᠬᠤ ᠶᠢ | ᠨᠡᠶᠢᠳᠡᠮ ᠤᠷᠢᠶᠠᠯᠠᠵᠤ ᠪᠠᠶᠢᠭ᠎ᠠ ᠨᠢ ᠭᠤᠤᠯᠳᠠᠭᠤ ᠥᠩᠭᠡᠷᠡᠭᠰᠡᠨ ᠳᠤ ᠡᠨᠡ ᠬᠡᠰᠡᠭ ᠨᠠᠰᠤᠨ ᠳᠤ ᠦᠯᠤ | ᠬᠥᠷᠦᠭᠰᠡᠳ ᠲᠤ ᠪᠦᠲᠦᠮᠵᠢᠲᠡᠶ ᠵᠠᠯᠭᠠᠭᠠᠨ ᠰᠢᠢᠳᠭᠡᠬᠦ ᠠᠷᠭ᠎ᠠ ᠬᠡᠮᠵᠢᠶ᠎ᠡ ᠳᠤᠲᠠᠭᠳᠠᠵᠤ ᠪᠠᠶᠢᠭᠰᠠᠨ ᠶᠠᠪᠤᠳᠠᠯ ᠪᠣᠯᠤᠨ᠎ᠠ | ᠃ ᠪᠢᠳᠡ ᠤᠤᠯ ᠨᠢ ᠬᠤᠷᠢᠶᠠᠮᠵᠢᠯᠠᠨ ᠵᠠᠰᠠᠨ ᠬᠥᠮᠦᠵᠢᠭᠦᠯᠬᠦ ᠳᠦᠷᠢᠮ ᠪᠠᠶᠢᠵᠠᠶ᠃ ᠭᠡᠪᠡᠴᠦ 2013 ᠣᠨ ᠠᠴᠠ | ᠬᠤᠶᠢᠰᠢ ᠬᠥᠳᠡᠯᠮᠦᠷᠢ ᠪᠠᠷ ᠵᠠᠰᠠᠨ ᠬᠥᠮᠦᠵᠢᠭᠦᠯᠬᠦ ᠲᠤᠬᠠᠶ ᠬᠠᠤᠯᠢ ᠴᠠᠭᠠᠵᠠ ᠶᠢᠨ ᠲᠤᠭᠳᠠᠭᠠᠯ ᠢ ᠬᠦᠴᠦᠨ ᠦᠭᠡᠢ | ᠪᠣᠯᠭᠠᠵᠤ᠂ ᠬᠤᠷᠢᠶᠠᠮᠵᠢᠯᠠᠨ ᠵᠠᠰᠠᠨ ᠬᠥᠮᠦᠵᠢᠭᠦᠯᠬᠦ ᠲᠤᠭ᠎ᠠ ᠬᠡᠮᠵᠢᠶ᠎ᠡ ᠨᠢ ᠢᠯᠡᠳᠲᠡ ᠪᠠᠭᠤᠷᠠᠵᠠᠢ᠃ | ᠡᠭᠦᠨ ᠤ ᠬᠠᠮᠲᠤ ᠦᠢᠯᠡᠳᠦᠯᠭᠡ ᠶᠢᠨ ᠳᠤᠮᠳᠠ᠂ ᠲᠤᠰᠬᠠᠶ ᠰᠤᠷᠭᠠᠭᠤᠯᠢ ᠳᠤ ᠣᠷᠣᠬᠤ ᠵᠢᠷᠤᠮ ᠨᠢ ︽ᠭᠤᠷᠪᠠᠨ | ᠰᠠᠶᠢᠨ ᠳᠤᠷ᠎ᠠ ᠶᠢᠨ︾ ᠵᠠᠷᠴᠢᠮ ᠪᠣᠯᠵᠤ ᠬᠤᠪᠢᠷᠠᠨ᠎ᠠ᠂ ᠲᠤᠬᠠᠶᠢᠯᠠᠪᠠᠯ ᠬᠢᠨᠠᠨ ᠬᠠᠮᠠᠭᠠᠯᠠᠭᠴᠢ᠂ ᠰᠤᠷᠤᠭᠴᠢ ᠪᠠ | ᠪᠠᠶᠢᠭᠠᠰᠤᠷᠭᠠᠭᠤᠯᠢ ᠨᠢ ᠪᠦᠷ ᠵᠥᠪᠰᠢᠶᠡᠷᠡᠨ᠎ᠡ᠂ ᠢᠩᠭᠢᠪᠡᠯ ᠰᠠᠶ᠋ᠢ ᠲᠤᠰᠬᠠᠶ ᠰᠤᠷᠭᠠᠭᠤᠯᠢ ᠳᠤ ᠬᠦᠷᠭᠡᠵᠦ ᠴᠢᠳᠠᠨ᠎ᠠ᠃ | ᠭᠡᠲᠡᠯ᠎ᠡ ᠬᠢᠨᠠᠨ ᠬᠠᠮᠠᠭᠠᠯᠠᠭᠴᠢ ᠨᠢ ᠵᠥᠪᠰᠢᠶᠡᠷᠡᠬᠦ ᠦᠭᠡᠢ ᠪᠠᠶᠢᠪᠠᠯ ︵ᠦᠢᠯᠡᠳᠦᠯᠭᠡ ᠶᠢᠨ ᠳᠤᠮᠳᠠ ᠬᠢᠨᠠᠨ | ᠬᠠᠮᠠᠭᠠᠯᠠᠭᠴᠢ ᠶᠢᠨ ᠣᠯᠠᠩᠬᠢ ᠨᠢ ᠴᠥᠮ ᠵᠥᠪᠰᠢᠶᠡᠷᠡᠬᠦ ᠦᠭᠡᠢ︶᠂ ᠲᠤᠰᠬᠠᠶ ᠰᠤᠷᠭᠠᠭᠤᠯᠢ ᠳᠤ ᠬᠦᠷᠭᠡᠵᠦ ᠰᠤᠷᠭᠠᠨ | ᠬᠦᠮᠦᠵᠢᠭᠦᠯᠵᠦ ᠵᠠᠰᠠᠭᠤᠯᠬᠤ ᠴᠢᠬᠤᠯᠠᠲᠠᠶ ᠵᠠᠷᠢᠮ ᠨᠠᠰᠤᠨ ᠳᠤ ᠦᠯᠤ ᠬᠥᠷᠦᠭᠰᠡᠳ ᠨᠢ ᠲᠤᠰᠬᠠᠶ ᠰᠤᠷᠭᠠᠭᠤᠯᠢ ᠳᠤ | ᠣᠷᠣᠬᠤ ᠶᠢᠨ ᠠᠷᠭ᠎ᠠ ᠦᠭᠡᠢ ᠪᠣᠯᠤᠨ᠎ᠠ᠃ ᠡᠨᠡ ᠬᠡᠰᠡᠭ ᠬᠡᠦᠬᠡᠳ ᠪᠤᠰᠤᠳ ᠬᠥᠮᠦᠨ ᠤ ᠬᠠᠤᠯᠢ ᠶᠣᠰᠣᠨ ᠤ ᠡᠷᠬᠡ | ᠠᠰᠢᠭ ᠢ ᠬᠦᠨᠳᠦ ᠨᠣᠴᠢᠲᠠᠢ ᠬᠤᠬᠢᠷᠠᠭᠤᠯᠤᠭᠰᠠᠨ ᠠᠴᠠ ᠣᠯᠠᠩᠬᠢ ᠨᠢ ᠵᠥᠪᠬᠡᠨ ᠲᠠᠯᠪᠢᠵᠤ ᠶᠠᠪᠤᠭᠤᠯᠳᠠᠭ᠃ | ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ ᠳᠤ ᠵᠠᠰᠠᠪᠤᠷᠢ ᠣᠷᠣᠭᠤᠯᠤᠭᠰᠠᠨ | ᠲᠦᠰᠦᠯ ᠤᠨ ᠬᠤᠶᠠᠳᠠᠬᠢ ᠬᠢᠨᠠᠯᠲᠠ ᠶᠢᠨ ᠨᠣᠣᠷᠠᠭ ᠲᠤ᠂ ︽ᠬᠤᠷᠢᠶᠠᠮᠵᠢᠯᠠᠨ ᠵᠠᠰᠠᠨ ᠬᠥᠮᠦᠵᠢᠭᠦᠯᠬᠦ︾ ᠭᠡᠳᠡᠭ | ᠤᠬᠠᠭᠳᠠᠬᠤᠨ ᠢ ᠬᠡᠷᠡᠭᠯᠡᠬᠦ ᠦᠭᠡᠢ᠂ ᠬᠠᠷᠢᠨ ︽ᠲᠤᠰᠬᠠᠶ ᠰᠤᠷᠭᠠᠨ ᠬᠥᠮᠦᠵᠢᠯ︾ ᠢ ᠬᠡᠷᠡᠭᠯᠡᠵᠦ᠂ ᠨᠠᠰᠤᠨ ᠳᠤ ᠦᠯᠦ | ᠬᠦᠷᠦᠭᠰᠡᠳ ᠡᠷᠡᠭᠦᠦ ᠶᠢᠨ ᠬᠠᠤᠯᠢ ᠳᠤ ᠲᠣᠭᠲᠠᠭᠠᠭᠰᠠᠨ ᠦᠢᠯᠡ ᠠᠵᠢᠯᠯᠠᠭ᠎ᠠ ᠲᠠᠢ᠂ ᠬᠠᠤᠯᠢ ᠳᠤ ᠲᠤᠭᠳᠠᠭᠠᠭᠳᠠᠭᠰᠠᠨ | ᠡᠷᠡᠭᠦᠦ ᠶᠢᠨ ᠬᠠᠷᠢᠭᠤᠴᠠᠯᠭ᠎ᠠ ᠡᠭᠦᠷᠭᠡᠯᠡᠬᠦ ᠨᠠᠰᠤᠨ ᠳᠤ ᠬᠦᠷᠦᠭᠰᠡᠨ ᠦᠭᠡᠢ ᠠᠴᠠ ᠪᠣᠯᠵᠤ ᠡᠷᠡᠭᠦᠦ ᠰᠢᠢᠳᠬᠡᠯ ᠥᠭᠬᠦ | ᠦᠭᠡᠢ ᠭᠡᠵᠦ ᠲᠣᠭᠲᠠᠭᠠᠭᠰᠠᠨ ᠪᠠᠶᠢᠪᠠᠯ᠂ ᠲᠤᠰᠬᠠᠶ ᠰᠤᠷᠭᠠᠨ ᠬᠥᠮᠦᠵᠢᠯ ᠤᠨ ᠵᠢᠯᠣᠭᠤᠳᠬᠤ ᠺᠣᠮᠢᠰ ᠤᠨ ᠦᠨᠡᠯᠡᠨ | ᠵᠢᠱᠢᠭᠰᠡᠨ ᠢᠶᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠡᠭᠦᠨ ᠢ ᠲᠤᠰᠬᠠᠶ ᠰᠤᠷᠭᠠᠭᠤᠯᠢ ᠳᠤ ᠬᠦᠷᠭᠡᠵᠦ | ᠲᠤᠰᠬᠠᠶ ᠰᠤᠷᠭᠠᠨ ᠬᠥᠮᠦᠵᠢᠯ ᠬᠦᠷᠲᠡᠭᠡᠬᠦ ᠪᠠᠷ ᠲᠣᠭᠲᠠᠭᠠᠵᠤ ᠪᠣᠯᠤᠨ᠎ᠠ᠃ | ᠡᠶᠢᠮᠦ ᠠᠴᠠ ᠤᠳᠤ ᠲᠤᠰᠬᠠᠶ ᠰᠤᠷᠭᠠᠨ ᠬᠥᠮᠦᠵᠢᠯ ᠤᠨ ᠳᠣᠲᠣᠷ᠎ᠠ ᠠᠳᠠᠯᠢ ᠪᠤᠰᠤ ᠬᠠᠮᠲᠤᠯᠢᠭ ᠲᠤ ᠴᠢᠭᠯᠡᠭᠦᠯᠦᠭᠰᠡᠨ | ᠪᠠᠶᠢᠳᠠᠭ᠄ ᠨᠢᠭᠡ ᠬᠡᠰᠡᠭ ᠨᠢ ᠬᠠᠤᠯᠢ ᠶᠢ ᠬᠥᠩᠭᠡᠪᠲᠦᠷ ᠵᠦᠷᠢᠴᠡᠭᠰᠡᠨ ᠨᠠᠰᠤᠨ ᠳᠤ ᠦᠯᠤ ᠬᠥᠷᠦᠭᠰᠡᠳ᠂ ᠨᠢᠭᠡ | ᠬᠡᠰᠡᠭ ᠨᠢ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠤᠭᠰᠠᠨ ᠦᠢᠯᠡ ᠠᠵᠢᠯᠯᠠᠭ᠎ᠠ᠃ | ᠣᠳᠣᠬᠠᠨ ᠤ ᠬᠤᠶᠠᠳᠠᠬᠢ ᠬᠢᠨᠠᠯᠲᠠ ᠶᠢᠨ ᠨᠣᠣᠷᠠᠭ ᠲᠤ ᠪᠢ ᠠᠳᠠᠯᠢ ᠪᠤᠰᠤ ᠦᠵᠡᠯᠲᠡ ᠲᠠᠢ ᠪᠠᠶᠢᠨ᠎ᠠ᠃ ᠮᠢᠨᠦ | ᠦᠵᠡᠬᠦ ᠪᠠᠷ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠤᠭᠰᠠᠨ ᠦᠢᠯᠡ ᠠᠵᠢᠯᠯᠠᠭ᠎ᠠ ᠲᠠᠢ ᠨᠠᠰᠤᠨ ᠳᠤ ᠦᠯᠦ | ᠬᠦᠷᠦᠭᠰᠡᠳ ᠲᠤ ᠴᠢᠭᠯᠡᠭᠦᠯᠦᠭᠰᠡᠨ ᠲᠤᠰᠬᠠᠶ ᠰᠤᠷᠭᠠᠨ ᠬᠥᠮᠦᠵᠢᠯ ᠨᠢ ᠠᠯᠪᠠᠳᠠᠯᠭ᠎ᠠ ᠶᠢᠨ ᠴᠢᠨᠠᠷᠲᠠᠶ ᠪᠠᠶᠢᠬᠤ ᠬᠡᠷᠡᠭᠲᠡᠶ᠂ | ᠡᠨᠡ ᠨᠢ ᠡᠩ ᠤᠨ ᠲᠤᠰᠬᠠᠶ ᠰᠤᠷᠭᠠᠨ ᠬᠥᠮᠦᠵᠢᠯ ᠲᠠᠢ ᠢᠯᠭᠠᠭ᠎ᠠ ᠲᠠᠢ ᠪᠠᠶᠢᠵᠦ ᠳᠣᠲᠣᠭᠠᠳᠤ ᠶᠢ ᠬᠠᠮᠠᠭᠠᠯᠠᠬᠤ | ᠪᠠᠶᠢᠴᠠᠭᠠᠬᠤ ᠰᠢᠭᠦᠬᠦ ᠪᠠᠶᠢᠭᠤᠯᠤᠯᠭ᠎ᠠ ᠬᠡᠷᠡᠭ ᠰᠢᠢᠳᠪᠦᠶ᠋ᠷᠢᠯᠡᠬᠦ ᠶᠠᠪᠤᠴᠠ ᠳᠤ ᠰᠢᠭᠤᠳ ᠲᠣᠭᠲᠠᠭᠠᠯ ᠭᠠᠷᠭᠠᠬᠤ | ᠬᠡᠷᠡᠭᠲᠡᠶ᠂ ᠰᠤᠷᠭᠠᠭᠤᠯᠢ ᠳᠤ ᠬᠦᠷᠭᠡᠬᠦ ᠶᠠᠪᠤᠴᠠ ᠶᠢ ᠳᠥᠭᠦᠮᠴᠢᠯᠡᠵᠦ᠂ ᠲᠤᠰᠬᠠᠶ ᠰᠤᠷᠭᠠᠭᠤᠯᠢ ᠳᠤ ᠬᠦᠷᠭᠡᠬᠦ | ᠲᠣᠭᠲᠠᠭᠠᠯ ᠤᠨ ᠠᠯᠪᠠᠳᠠᠯᠭ᠎ᠠ ᠶᠢᠨ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢ ᠪᠠᠲᠤᠯᠠᠨ᠎ᠠ᠃ | | ᠰᠠᠷᠠᠭᠤᠯ ᠪᠠᠭᠤᠯᠭᠠᠪᠠ | |