ᠭᠤᠣᠯ ᠰᠡᠳᠦᠪ᠄ ᠬᠤᠯᠤᠭᠠᠨ᠎ᠠ ᠶᠢᠨ ᠬᠢᠵᠢᠭ ᠤᠨ ᠬᠤᠯᠪᠣᠭᠳᠠᠯ ᠪᠦᠬᠦᠢ ᠮᠡᠳᠡᠯᠭᠡ ᠶᠢᠨ ᠠᠰᠠᠭᠤᠯᠲᠠ | ᠬᠠᠷᠢᠭᠤᠯᠲᠠ | ᠲᠤᠬᠠᠶ ᠶᠢᠨ ᠴᠠᠭ᠄ | 2020 ᠣᠨ ᠤ 8 ᠰᠠᠷ᠎ᠠ ᠶᠢᠨ 18 ᠤ ᠡᠳᠦᠷ | ᠤᠷᠢᠭᠰᠠᠨ ᠵᠤᠴᠢᠨ᠄ | ᠱᠠᠩᠳᠤ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠡᠷᠬᠢᠯᠡᠭᠴᠢ ᠵᠤᠤ ᠳ᠋ᠧ ᠺᠤᠸᠠᠨ | ᠲᠣᠪᠴᠢ ᠲᠠᠨᠢᠯᠴᠠᠭᠤᠯᠭ᠎ᠠ᠄ | ᠬᠤᠯᠤᠭᠠᠨ᠎ᠠ ᠶᠢᠨ ᠬᠢᠵᠢᠭ ᠤᠨ ᠬᠥᠨᠥᠭᠡᠯᠲᠦ ᠴᠢᠨᠠᠷ ᠢ ᠭᠦᠢᠴᠡᠳ ᠲᠠᠨᠢᠵᠤ᠂ ᠬᠤᠯᠤᠭᠠᠨ᠎ᠠ ᠶᠢᠨ ᠬᠢᠵᠢᠭ ᠤᠨ | ᠪᠠᠶᠢᠳᠠᠯ ᠢ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠬᠦ ᠶᠢᠨ ᠲᠦᠯᠦᠭᠡ᠂ ᠪᠢᠳᠡ ᠱᠠᠩᠳᠤ ᠰᠢᠶᠠᠨ ᠤ ᠡᠪᠡᠳᠴᠢᠨ | ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠡᠷᠬᠢᠯᠡᠭᠴᠢ ᠵᠤᠤ ᠳ᠋ᠧ ᠺᠤᠸᠠᠨ ᠢ ᠤᠷᠢᠵᠦ ᠵᠠᠷᠢᠮ ᠠᠰᠠᠭᠤᠳᠠᠯ ᠤᠨ | ᠲᠤᠬᠠᠶ ᠰᠤᠷᠪᠤᠯᠵᠢᠯᠠᠭ᠎ᠠ ᠬᠢᠪᠡ | ᠰᠤᠷᠪᠤᠯᠵᠢᠯᠠᠨ ᠶᠠᠷᠢᠯᠴᠠᠭᠰᠠᠨ ᠠᠭᠤᠯᠭ᠎ᠠ᠄ | ᠰᠤᠷᠪᠤᠯᠵᠢᠯᠠᠭᠴᠢ᠄ ᠶᠠᠭᠤ ᠶᠢ ᠬᠤᠯᠤᠭᠠᠨ᠎ᠠ ᠶᠢᠨ ᠬᠢᠵᠢᠭ ᠭᠡᠬᠦ ᠪᠤᠢ︖ | ᠵᠣᠤ ᠳ᠋ᠧ ᠺᠤᠸᠠᠨ᠄ ᠬᠤᠯᠤᠭᠠᠨ᠎ᠠ ᠶᠢᠨ ᠬᠢᠵᠢᠭ ᠪᠣᠯ ᠬᠤᠯᠤᠭᠠᠨ᠎ᠠ ᠶᠢᠨ ᠬᠢᠵᠢᠭ ᠤᠨ ᠰᠠᠪᠬᠠᠨᠴᠢᠷ ᠪᠠᠺᠲ᠋ᠧᠷᠢ ᠠᠴᠠ | ᠡᠭᠦᠰᠦᠭᠰᠡᠨ ᠨᠢᠭᠡ ᠵᠦᠢᠯ ᠤᠨ ᠬᠥᠮᠦᠨ ᠠᠷᠢᠶᠠᠲᠠᠨ ᠳᠤ ᠪᠦᠷ ᠬᠠᠯᠳᠠᠪᠤᠷᠢᠯᠠᠳᠠᠭ ᠳᠣᠭᠰᠢᠨ ᠴᠢᠨᠠᠷᠲᠠᠶ | ᠬᠠᠯᠳᠠᠪᠤᠷᠢᠲᠤ ᠡᠪᠡᠳᠴᠢᠨ ᠪᠣᠯᠤᠨ᠎ᠠ᠃ ᠨᠡᠶᠢᠲᠡᠯᠢᠭ ᠴᠢᠨᠠᠷᠲᠠᠢ ᠪᠠᠶᠢᠭᠠᠯᠢ ᠶᠢᠨ ᠬᠢᠵᠢᠭ ᠤᠨ ᠡᠭᠦᠰᠦᠯᠳᠦ ᠴᠢᠨᠠᠷᠲᠠᠢ | ᠡᠪᠡᠳᠴᠢᠨ ᠡᠮᠭᠡᠭ ᠲᠤ ᠭᠤᠣᠯᠳᠠᠭᠤ ᠡᠪᠡᠳᠴᠢᠨ ᠡᠭᠦᠰᠬᠦ ᠨᠢ ᠲᠦᠷᠭᠡᠨ᠂ ᠡᠪᠡᠳᠴᠢᠨ ᠤ ᠶᠠᠪᠤᠴᠠ ᠨᠢ ᠣᠬᠤᠷ᠂ | ᠲᠠᠷᠬᠠᠬᠤ ᠨᠢ ᠲᠦᠷᠭᠡᠨ᠂ ᠡᠪᠡᠳᠴᠢᠯᠡᠵᠦ ᠦᠬᠦᠬᠦ ᠨᠤᠷᠮ᠎ᠠ ᠨᠢ ᠥᠨᠳᠥᠷ᠂ ᠬᠠᠯᠳᠠᠪᠤᠷᠢᠯᠠᠬᠤ ᠴᠢᠨᠠᠷ ᠢᠶᠠᠷ ᠴᠢᠩᠭ᠎ᠠ | ᠣᠨᠴᠠᠯᠢᠭ ᠲᠠᠢ᠃ ᠬᠤᠯᠤᠭᠠᠨ᠎ᠠ ᠶᠢᠨ ᠬᠢᠵᠢᠭ ᠤᠤᠯ ᠨᠢ ᠮᠡᠷᠡᠭᠴᠢ ᠠᠮᠢᠲᠠᠨ ᠤ ᠬᠤᠭᠤᠷᠣᠨᠳᠣ ᠡᠭᠦᠰᠴᠦ᠂ ᠬᠥᠮᠦᠨ ᠤ | ᠣᠷᠴᠢᠯᠠᠩ ᠤᠨ ᠬᠤᠯᠤᠭᠠᠨ᠎ᠠ ᠶᠢᠨ ᠬᠢᠵᠢᠭ ᠪᠤᠯᠤᠨ ᠳᠡᠯᠭᠡᠷᠡᠳᠡᠭ᠃ ᠬᠠᠯᠳᠠᠪᠤᠷᠢᠯᠠᠬᠤ ᠡᠬᠢ ᠰᠤᠷᠪᠤᠯᠵᠢ ᠨᠢ | ᠭᠤᠣᠯᠳᠠᠭᠤ ᠮᠡᠷᠡᠭᠴᠢ ᠠᠮᠢᠲᠠᠨ ᠪᠠᠶᠢᠵᠤ᠂ ᠲᠠᠷᠬᠠᠬᠤ ᠵᠠᠮ ᠨᠢ ᠭᠤᠣᠯᠳᠠᠭᠤ ᠨᠤᠬᠠᠢ ᠶᠢᠨ ᠪᠥᠭᠡᠰᠦ ᠪᠣᠯᠤᠨ᠎ᠠ᠃ | ᠠᠭᠤᠰᠬᠢᠨ ᠤ ᠬᠤᠯᠤᠭᠠᠨ᠎ᠠ ᠶᠢᠨ ᠬᠢᠵᠢᠭ ᠲᠠᠢ ᠡᠪᠡᠳᠴᠢᠲᠡᠨ ᠪᠠᠰᠠ ᠬᠠᠯᠳᠠᠪᠤᠷᠢᠯᠠᠬᠤ ᠡᠬᠢ ᠰᠤᠷᠪᠤᠯᠵᠢ ᠪᠣᠯᠵᠤ᠂ | ᠬᠦᠮᠦᠨ ᠲᠥᠷᠥᠯᠬᠢᠲᠡᠨ ᠤ ᠬᠤᠯᠤᠭᠠᠨ᠎ᠠ ᠶᠢᠨ ᠬᠢᠵᠢᠭ ᠢ ᠳᠡᠯᠭᠡᠷᠡᠭᠦᠯᠦᠭᠰᠡᠨ ᠪᠠᠶᠢᠵᠤ ᠮᠡᠳᠡᠨ᠎ᠡ᠃ | ᠰᠤᠷᠪᠤᠯᠵᠢᠯᠠᠭᠴᠢ᠄ ᠶᠠᠭᠤ ᠶᠢ ᠪᠠᠶᠢᠭᠠᠯᠢ ᠶᠢᠨ ᠬᠢᠵᠢᠭ ᠤᠨ ᠡᠭᠦᠰᠦᠯᠲᠡ ᠶᠢᠨ ᠭᠠᠵᠠᠷ ᠭᠡᠬᠦ ᠪᠤᠢ︖ | ᠵᠣᠤ ᠳ᠋ᠧ ᠺᠤᠸᠠᠨ᠄ ᠠᠮᠢᠲᠠᠨ ᠤ ᠬᠤᠯᠤᠭᠠᠨ᠎ᠠ ᠶᠢᠨ ᠬᠢᠵᠢᠭ ᠳᠡᠯᠭᠡᠷᠡᠬᠦ ᠶᠠᠪᠤᠴᠠ ᠳᠤ᠂ ᠬᠤᠯᠤᠭᠠᠨ᠎ᠠ ᠶᠢᠨ | ᠬᠢᠵᠢᠭ ᠤᠨ ᠪᠠᠺᠲ᠋ᠧᠷᠢ ᠨᠢ ᠣᠨᠴᠠ ᠲᠣᠭᠲᠠᠭᠰᠠᠨ ᠬᠤᠰᠲ ᠤᠨ ᠡᠵᠡᠨ ᠳᠤ ᠲᠦᠰᠢᠭᠯᠡᠨ ᠠᠮᠢᠳᠤᠷᠠᠵᠤ᠂ ᠭᠤᠣᠯᠳᠠᠭᠤ | ᠨᠤᠬᠠᠢ ᠶᠢᠨ ᠪᠥᠭᠡᠰᠦ ᠪᠠᠷ ᠬᠤᠰᠤᠭᠰᠠᠨ ᠡᠵᠡᠨ ᠪᠠ ᠪᠤᠰᠤᠳ ᠠᠮᠢᠲᠠᠨ ᠤ ᠬᠤᠭᠤᠷᠣᠨᠳᠣ ᠲᠠᠷᠬᠠᠳᠠᠭ᠃ ᠬᠥᠮᠦᠨ | ᠲᠥᠷᠥᠯᠬᠢᠲᠡᠨ ᠢ ᠲᠦᠰᠢᠭᠯᠡᠬᠦ ᠦᠭᠡᠢ ᠪᠠᠷ ᠤᠷᠲᠤ ᠬᠤᠭᠤᠴᠠᠭ᠎ᠠ ᠪᠠᠷ ᠪᠠᠶᠢᠭᠠᠯᠢ ᠶᠢᠷᠲᠢᠨᠴᠦ ᠳᠤ ᠡᠷᠬᠢᠯᠳᠤᠨ | ᠦᠷᠭᠦᠯᠵᠢᠯᠡᠵᠦ ᠪᠣᠯᠤᠨ᠎ᠠ᠃ ᠡᠶᠢᠮᠦᠷᠬᠦᠦ ᠦᠵᠡᠭᠳᠡᠯ ᠢ ᠪᠠᠶᠢᠭᠠᠯᠢ ᠶᠢᠨ ᠬᠢᠵᠢᠭ ᠤᠨ ᠡᠭᠦᠰᠦᠯᠳᠦ ᠴᠢᠨᠠᠷ ᠭᠡᠨ᠎ᠡ᠃ | ᠱᠠᠩᠳᠤ ᠰᠢᠶᠠᠨ ᠤ ᠶᠡᠭᠡ ᠬᠦᠷᠢᠶ᠎ᠡ ᠰᠢᠶᠠᠩ ᠢᠶᠠᠷ ᠭᠤᠤᠯ ᠪᠣᠯᠭᠠᠭᠰᠠᠨ 4 ᠰᠢᠶᠠᠩ ᠤᠨ 1436 ᠲᠡᠭᠰᠢ | ᠳᠥᠷᠪᠡᠯᠵᠢᠨ ᠺᠢᠯᠣᠮᠧᠲᠷ ᠨᠢ ᠬᠤᠯᠤᠭᠠᠨ᠎ᠠ ᠶᠢᠨ ᠬᠢᠵᠢᠭ ᠤᠨ ᠪᠠᠶᠢᠭᠠᠯᠢ ᠶᠢᠨ ᠬᠢᠵᠢᠭ ᠤᠨ ᠰᠤᠷᠪᠤᠯᠵᠢ ᠶᠢᠨ ᠭᠠᠵᠠᠷ | ᠪᠣᠯᠤᠨ᠎ᠠ᠃ | ᠰᠤᠷᠪᠤᠯᠵᠢᠯᠠᠭᠴᠢ᠄ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠳᠤ ᠬᠤᠯᠪᠣᠭᠳᠠᠬᠤ ᠬᠠᠤᠯᠢ ᠴᠠᠭᠠᠵᠠ | ᠬᠠᠤᠯᠢ ᠲᠣᠭᠲᠠᠭᠠᠯ︖ | ᠵᠣᠤ ᠳ᠋ᠧ ᠺᠤᠸᠠᠨ᠄ ᠬᠤᠯᠤᠭᠠᠨ᠎ᠠ ᠶᠢᠨ ᠬᠢᠵᠢᠭ ᠳᠡᠯᠭᠡᠷᠡᠵᠦ ᠪᠠᠶᠢᠭ᠎ᠠ ᠪᠠᠶᠢᠳᠠᠯ ᠳᠤ ᠴᠢᠭᠯᠡᠭᠦᠯᠦᠨ ᠤᠯᠤᠰ ᠠᠴᠠ | ᠲᠣᠭᠲᠠᠭᠠᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠵᠠᠰᠠᠬᠤ ᠬᠠᠤᠯᠢ︾ ᠳᠤ ᠬᠤᠯᠤᠭᠠᠨ᠎ᠠ ᠶᠢᠨ ᠬᠢᠵᠢᠭ ᠢ ᠬᠥᠬᠡ ᠲᠥᠷᠥᠯ ᠤᠨ ᠨᠢᠭᠡᠳᠦᠭᠡᠷ ᠲᠣᠭᠠᠲᠤ | ᠬᠠᠯᠳᠠᠪᠦᠷᠢᠳᠦ ᠡᠪᠡᠳᠴᠢᠨ ᠳᠤ ᠵᠢᠭᠰᠠᠭᠠᠭᠰᠠᠨ ᠤ ᠬᠠᠮᠲᠤ ︽ᠤᠯᠤᠰ ᠤᠨ ᠬᠤᠯᠤᠭᠠᠨ᠎ᠠ ᠶᠢᠨ ᠬᠢᠵᠢᠭ ᠢ ᠬᠢᠵᠠᠭᠠᠷᠯᠠᠬᠤ | ᠪᠠ ᠪᠠᠴᠢᠮ ᠪᠠᠶᠢᠳᠠᠯ ᠢ ᠠᠷᠭᠠᠴᠠᠬᠤ ᠲᠥᠰᠦᠯ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠢᠯᠢ ᠶᠢᠨ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠬᠠᠤᠯᠢ︾᠂ ︽ᠬᠤᠯᠤᠭᠠᠨ᠎ᠠ ᠶᠢᠨ ᠬᠢᠵᠢᠭ ᠲᠠᠢ ᠭᠠᠵᠠᠷ | ᠣᠷᠣᠨ ᠤ ᠠᠩᠨᠠᠬᠤ ᠪᠠ ᠰᠢᠢᠳᠪᠦᠷᠢᠯᠡᠬᠦ ᠲᠠᠷᠪᠠᠭᠠᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠠᠷᠭ᠎ᠠ︾ ᠵᠡᠷᠭᠡ | ᠬᠠᠤᠯᠢ ᠴᠠᠭᠠᠵᠠ᠂ ᠬᠠᠤᠯᠢ ᠲᠣᠭᠲᠠᠭᠠᠯ ᠢ ᠤᠷᠢᠳ ᠬᠤᠵᠢᠳ ᠲᠣᠭᠲᠠᠭᠠᠵᠠᠶ᠃ ᠮᠠᠨ ᠤ ᠣᠷᠣᠨ ᠪᠠᠰᠠ ᠵᠣᠬᠢᠴᠠᠩᠭᠤᠶ | ᠳᠦᠷᠢᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠨᠡᠶᠢᠲᠡᠯᠡᠵᠦ᠂ ᠵᠢᠱᠢᠶᠡᠯᠡᠪᠡᠯ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠤᠯᠤᠭᠠᠨ᠎ᠠ ᠶᠢᠨ ᠬᠢᠵᠢᠭ ᠢ ᠬᠢᠵᠠᠭᠠᠷᠯᠠᠬᠤ ᠪᠠᠴᠢᠮ ᠪᠠᠶᠢᠳᠠᠯ ᠢ ᠠᠷᠭᠠᠴᠠᠬᠤ ᠲᠥᠰᠦᠯ︾ | ᠵᠡᠷᠭᠡ ᠨᠢ ᠬᠤᠯᠤᠭᠠᠨ᠎ᠠ ᠶᠢᠨ ᠬᠢᠵᠢᠭ ᠢ ᠬᠠᠤᠯᠢ ᠶᠣᠰᠣᠭᠠᠷ ᠰᠡᠷᠭᠡᠶᠢᠯᠡᠨ ᠵᠠᠰᠠᠬᠤ ᠳᠤ ᠬᠦᠴᠦᠲᠡᠶ ᠪᠠᠲᠤᠯᠠᠭ᠎ᠠ | ᠬᠠᠩᠭᠠᠭᠰᠠᠨ ᠪᠠᠶᠢᠨ᠎ᠠ᠃ | ᠰᠤᠷᠪᠤᠯᠵᠢᠯᠠᠭᠴᠢ᠄ ᠮᠠᠨ ᠤ ᠰᠢᠶᠠᠨ ᠳᠤ ᠶᠠᠮᠠᠷ ᠬᠤᠯᠤᠭᠠᠨ᠎ᠠ ᠶᠢᠨ ᠬᠢᠵᠢᠭᠲᠦ ᠣᠷᠣᠨ ᠪᠠᠶᠢᠬᠤ ᠪᠤᠢ︖ | ᠵᠣᠤ ᠳ᠋ᠧ ᠺᠤᠸᠠᠨ᠄ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠨᠢ ᠳ᠋ᠡ ᠬᠦᠷᠢᠶ᠎ᠡ | ᠰᠢᠶᠠᠩ ᠤᠨ ᠢ ᠪᠦ᠋ ᠱᠣ᠋᠂ ᠰᠠᠢ ᠱᠦᠵᠢ᠂ ᠰᠢ ᠶᠢᠩ ᠽᠢ᠂ ᠵᠠᠩ ᠮᠤᠤ ᠡᠤ ᠰᠦ᠂ ᠳ᠋ᠠ ᠶᠠ ᠳ᠋ᠢ ᠹᠠᠩ᠂ ᠾᠧᠦ | ᠹᠠᠩ ᠽᠢ 6 ᠲᠣᠰᠬᠤᠨ ᠳᠤ ᠬᠤᠯᠤᠭᠠᠨ᠎ᠠ ᠶᠢᠨ ᠬᠢᠵᠢᠭ ᠤᠨ ᠪᠠᠺᠲ᠋ᠧᠷᠢ ᠪᠤᠶᠤ ᠴᠢᠰᠤᠨ ᠲᠤᠩᠭᠠᠯᠠᠭ ᠤᠨ | ᠡᠰᠡᠷᠭᠦᠴᠡᠭᠴᠢ ᠠᠷᠭ᠎ᠠ ᠴᠢᠨᠠᠷ ᠢ ᠪᠠᠶᠢᠴᠠᠭᠠᠵᠤ ᠭᠠᠷᠭᠠᠵᠠᠶ᠃ ᠡᠶᠢᠮᠦ ᠠᠴᠠ ᠪᠢᠳᠡ ᠡᠨᠡ 6 ᠭᠠᠵᠠᠷ ᠢ | ᠬᠤᠯᠤᠭᠠᠨ᠎ᠠ ᠶᠢᠨ ᠬᠢᠵᠢᠭᠲᠦ ᠣᠷᠣᠨ ᠢᠶᠠᠷ ᠮᠠᠭᠠᠳᠯᠠᠨ ᠲᠣᠭᠲᠠᠭᠠᠪᠠ᠃ ᠥᠪᠡᠷᠲᠡᠭᠡᠨ ᠵᠠᠰᠠᠬᠤ ᠣᠷᠣᠨ ᠠᠴᠠ ᠮᠠᠨ ᠤ | ᠰᠢᠶᠠᠨ ᠢ ᠬᠥᠮᠦᠨ ᠲᠦᠷᠦᠯᠬᠢᠳᠡᠨ ᠤ ᠬᠤᠯᠤᠭᠠᠨ᠎ᠠ ᠶᠢᠨ ᠬᠢᠵᠢᠭ ᠤᠨ ᠠᠶᠤᠯ ᠲᠦᠭᠰᠢᠭᠦᠷᠢ ᠶᠡᠬᠡᠲᠡᠶ ᠭᠠᠵᠠᠷ | ᠣᠷᠣᠨ ᠳᠤ ᠵᠢᠭᠰᠠᠭᠠᠨ ᠤᠷᠤᠭᠤᠯᠵᠠᠢ᠃ | ᠰᠤᠷᠪᠤᠯᠵᠢᠯᠠᠭᠴᠢ᠄ ᠬᠤᠯᠤᠭᠠᠨ᠎ᠠ ᠶᠢᠨ ᠬᠢᠵᠢᠭ ᠤᠨ ᠨᠢᠭᠤᠭᠳᠠᠮᠠᠯ ᠬᠤᠭᠤᠴᠠᠭ᠎ᠠ︖ | ᠵᠣᠤ ᠳ᠋ᠧ ᠺᠤᠸᠠᠨ᠄ ᠬᠤᠯᠤᠭᠠᠨ᠎ᠠ ᠶᠢᠨ ᠬᠢᠵᠢᠭ ᠤᠨ ᠨᠢᠭᠤᠭᠳᠠᠮᠠᠯ ᠬᠤᠭᠤᠴᠠᠭ᠎ᠠ ᠨᠢ ᠶᠡᠷᠦ ᠳᠡᠭᠡᠨ 1-6 ᠡᠳᠦᠷ᠃ | ᠣᠯᠠᠩᠬᠢ ᠨᠢ 2 — 3 ᠡᠳᠦᠷ᠂ ᠠᠭᠤᠰᠬᠢᠨ ᠬᠤᠯᠤᠭᠠᠨ᠎ᠠ ᠶᠢᠨ ᠬᠢᠵᠢᠭ ᠪᠠ ᠴᠢᠰᠤ ᠦᠵᠢᠷᠡᠬᠦ ᠬᠡᠯᠪᠡᠷᠢ ᠶᠢᠨ | ᠬᠤᠯᠤᠭᠠᠨ᠎ᠠ ᠶᠢᠨ ᠬᠢᠵᠢᠭ ᠪᠣᠯ 1 — 2 ᠡᠳᠦᠷ᠂ ᠬᠠᠮᠤᠭ ᠤᠷᠲᠤ ᠳᠠᠭᠠᠨ 9 ᠡᠳᠦᠷ ᠠᠴᠠ ᠬᠡᠲᠦᠷᠡᠵᠦ ᠪᠣᠯᠬᠤ | ᠦᠭᠡᠢ᠃ | ᠰᠤᠷᠪᠤᠯᠵᠢᠯᠠᠭᠴᠢ᠄ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠳ ᠶᠠᠮᠠᠷ ᠶᠠᠮᠠᠷ ᠢᠯᠡᠷᠡᠯ ᠲᠠᠢ ᠪᠣᠶ︖ | ᠵᠣᠣ ᠳ᠋ᠧ ᠺᠤᠸᠠᠨ᠄ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠳ ᠤᠨ ᠡᠪᠡᠳᠴᠢᠨ ᠤ ᠢᠯᠡᠷᠡᠯ ᠨᠢ ᠪᠦᠬᠦ | ᠪᠡᠶ᠎ᠡ ᠳᠤ ᠬᠤᠣᠷᠳᠠᠭᠳᠠᠭᠰᠠᠨ ᠡᠪᠡᠳᠴᠢᠨ ᠤ ᠢᠯᠡᠷᠡᠯ ᠪᠣᠯᠤᠨ᠎ᠠ᠃ ᠡᠪᠡᠳᠴᠢᠨ ᠨᠢ ᠲᠦᠷᠭᠡᠨ᠂ ᠬᠠᠯᠠᠭᠤᠷᠠᠵᠤ | ᠳᠠᠭᠠᠷᠠᠳᠠᠰᠤ ᠬᠦᠷᠴᠦ᠂ ᠪᠡᠶ᠎ᠡ ᠶᠢᠨ ᠳᠤᠯᠠᠭᠠᠨ ᠨᠢ ᠳᠡᠭᠡᠭᠰᠢᠯᠡᠭᠡᠳ 39 ℃ ~ 40 ℃ ᠪᠤᠯᠤᠨ᠎ᠠ᠃ ᠠᠮᠢᠰᠬᠤᠯ | ᠲᠦᠷᠭᠡᠨ᠂ ᠵᠢᠷᠦᠬᠡᠨ ᠴᠣᠬᠢᠯᠭ᠎ᠠ ᠬᠡᠲᠦ ᠲᠦᠷᠭᠡᠨ᠂ ᠵᠢᠷᠦᠬᠡᠨ ᠴᠣᠬᠢᠯᠭ᠎ᠠ ᠲᠡᠭᠰᠢ ᠦᠭᠡᠢ᠂ ᠤᠬᠠᠭᠠᠨ ᠮᠡᠳᠡᠷᠡᠯ ᠨᠢ | ᠲᠣᠳᠣ ᠦᠭᠡᠢ᠂ ᠨᠦᠢᠷᠮᠣᠭᠯᠠᠬᠤ ᠪᠠ ᠪᠠᠴᠢᠮᠳᠠᠨ ᠪᠠᠴᠢᠮᠳᠠᠵᠤ᠂ ᠴᠠ ᠲᠢ ᠯᠢᠮᠹᠠ ᠶᠢᠨ ᠵᠠᠩᠭᠢᠯᠠᠭ᠎ᠠ ᠬᠠᠪᠤᠳᠴᠤ | ᠲᠣᠮᠣᠷᠠᠨ᠎ᠠ᠃ | ᠰᠤᠷᠪᠤᠯᠵᠢᠯᠠᠭᠴᠢ᠄ ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠯᠠᠬᠤ ᠣᠨᠴᠠᠯᠢᠭ︖ | ᠵᠣᠤ ᠳ᠋ᠧ ᠺᠤᠸᠠᠨ᠄ ᠬᠤᠯᠤᠭᠠᠨ᠎ᠠ ᠪᠠ ᠲᠠᠷᠪᠠᠭ᠎ᠠ ᠪᠣᠯ ᠬᠤᠯᠤᠭᠠᠨ᠎ᠠ ᠶᠢᠨ ᠬᠢᠵᠢᠭ ᠤᠨ ᠭᠤᠤᠯ ᠬᠠᠯᠳᠠᠪᠤᠷᠢᠯᠠᠬᠤ | ᠡᠬᠢ ᠰᠤᠷᠪᠤᠯᠵᠢ ᠮᠥᠨ᠃ ᠬᠠᠯᠳᠠᠪᠤᠷᠢᠯᠠᠭᠰᠠᠨ ᠬᠤᠯᠤᠭᠠᠨ᠎ᠠ ᠶᠢᠨ ᠬᠢᠵᠢᠭ ᠲᠤ ᠨᠡᠷᠪᠡᠭᠳᠡᠭᠰᠡᠳ ᠴᠦ ᠬᠥᠮᠦᠨ ᠤ | ᠣᠷᠴᠢᠯᠠᠩ ᠤᠨ ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠯᠠᠬᠤ ᠡᠬᠢ ᠰᠤᠷᠪᠤᠯᠵᠢ ᠪᠣᠯᠤᠨ᠎ᠠ᠃ ᠬᠥᠮᠦᠨ ᠤ | ᠶᠢᠷᠲᠢᠨᠴᠦ ᠶᠢᠨ ᠬᠤᠯᠤᠭᠠᠨ᠎ᠠ ᠶᠢᠨ ᠬᠢᠵᠢᠭ ᠳᠡᠯᠭᠡᠷᠡᠬᠦ ᠠᠴᠠ ᠡᠮᠦᠨ᠎ᠡ᠂ ᠤᠷᠢᠳ ᠢᠶᠠᠷ ᠬᠤᠯᠤᠭᠠᠨ᠎ᠠ ᠶᠢᠨ | ᠬᠤᠭᠤᠷᠣᠨᠳᠣ ᠳᠡᠯᠭᠡᠷᠡᠨ᠎ᠡ᠃ ᠬᠤᠯᠤᠭᠠᠨ᠎ᠠ ᠶᠢᠨ ᠪᠥᠭᠡᠰᠦ ᠪᠣᠯ ᠭᠤᠣᠯ ᠳᠠᠮᠵᠢᠭᠤᠯᠬᠤ ᠵᠠᠭᠤᠴᠢ ᠪᠣᠯᠤᠨ᠎ᠠ᠃ | ᠬᠤᠯᠤᠭᠠᠨ᠎ᠠ — ᠨᠣᠬᠠᠶ ᠶᠢᠨ ᠪᠥᠭᠡᠰᠦ — ᠬᠥᠮᠦᠨ ᠪᠣᠯ ᠬᠤᠯᠤᠭᠠᠨ᠎ᠠ ᠶᠢᠨ ᠬᠢᠵᠢᠭ ᠳᠡᠯᠭᠡᠷᠡᠬᠦ ᠭᠤᠣᠯ ᠠᠷᠭ᠎ᠠ | ᠮᠠᠶ᠋ᠢᠭ ᠪᠣᠯᠤᠨ᠎ᠠ᠃ ᠪᠠᠰᠠ ᠡᠪᠡᠳᠴᠢᠲᠡᠨ ᠤ ᠴᠡᠷ᠂ ᠴᠢᠰᠤ ᠲᠠᠢ ᠰᠢᠭᠦᠷᠡᠳᠡᠰᠦ ᠲᠠᠢ ᠰᠢᠭᠤᠳ ᠬᠦᠷᠦᠯᠴᠡᠵᠦ᠂ | ᠡᠪᠳᠡᠷᠡᠵᠦ ᠬᠠᠭᠠᠷᠠᠭᠰᠠᠨ ᠠᠷᠠᠰᠤ ᠪᠤᠶᠤ ᠰᠠᠯᠢᠰᠤᠲᠤ ᠪᠦᠷᠬᠦᠪᠴᠢ ᠪᠠᠷ ᠳᠠᠮᠵᠢᠨ ᠬᠠᠯᠳᠠᠪᠤᠷᠢᠯᠠᠵᠤ ᠪᠣᠯᠤᠨ᠎ᠠ᠃ | ᠭᠡᠪᠡᠴᠦ ᠡᠪᠡᠳᠴᠢᠲᠡᠨ ᠠᠭᠤᠰᠬᠢᠨ ᠬᠤᠯᠤᠭᠠᠨ᠎ᠠ ᠶᠢᠨ ᠬᠢᠵᠢᠭ ᠪᠣᠯᠵᠤ ᠬᠤᠪᠢᠷᠠᠪᠠᠯ ᠠᠭᠠᠷ ᠢᠶᠠᠷ ᠳᠠᠮᠵᠢᠨ ᠬᠦᠬᠡᠰᠦᠨ | ᠬᠠᠯᠳᠠᠪᠤᠷᠢᠯᠠᠨ᠎ᠠ᠃ | ᠰᠤᠷᠪᠤᠯᠵᠢᠯᠠᠭᠴᠢ᠄ ᠬᠥᠮᠦᠨ ᠤ ᠣᠷᠴᠢᠯᠠᠩ ᠤᠨ ᠬᠤᠯᠤᠭᠠᠨ᠎ᠠ ᠶᠢᠨ ᠬᠢᠵᠢᠭ ᠢ ᠬᠡᠷᠬᠢᠨ ᠰᠡᠷᠭᠡᠶᠢᠯᠡᠬᠦ ᠪᠣᠶ︖ | ᠵᠣᠤ ᠳ᠋ᠧ ᠺᠤᠸᠠᠨ᠄ ᠬᠥᠮᠦᠨ ᠤ ᠣᠷᠴᠢᠯᠠᠩ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠳᠤ ᠭᠤᠤᠯᠳᠠᠭᠤ | ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ︽ᠭᠤᠷᠪᠠ ᠶᠢ ᠥᠯᠥ ᠮᠡᠳᠡᠭᠦᠯᠬᠦ︾ ᠲᠦᠷᠢᠮ ᠢ ᠪᠠᠷᠢᠮᠲᠠᠯᠠᠨ᠎ᠠ᠃ | ︽ᠭᠤᠷᠪᠠᠨ ᠦᠭᠡᠢ︾ ᠳᠦᠷᠢᠮ᠄ ᠬᠢᠵᠢᠭ ᠤᠨ ᠢᠷᠡᠯᠲᠡ ᠶᠢᠨ ᠠᠮᠢᠲᠠᠨ ᠢ ᠠᠩᠨᠠᠬᠤ ᠦᠭᠡᠢ︔ ᠬᠢᠵᠢᠭ ᠤᠨ | ᠡᠬᠢ ᠶᠢᠨ ᠠᠮᠢᠲᠠᠨ ᠢ ᠱᠠᠭᠠᠯᠵᠤ ᠢᠳᠡᠬᠦ ᠦᠭᠡᠶ᠂ ᠬᠢᠵᠢᠭ ᠤᠨ ᠡᠭᠦᠰᠦᠯᠳᠦ ᠠᠮᠢᠲᠠᠨ ᠢ ᠳᠤᠷ᠎ᠠ ᠪᠠᠷ ᠢᠶᠠᠨ ᠠᠪᠴᠤ | ᠬᠢᠵᠢᠭᠲᠦ ᠣᠷᠣᠨ ᠠᠴᠠ ᠭᠠᠷᠬᠤ ᠦᠭᠡᠢ᠃ ︽ᠭᠤᠷᠪᠠ ᠶᠢ ᠮᠡᠳᠡᠭᠦᠯᠬᠦ︾ ᠲᠦᠷᠢᠮ᠄ ᠡᠪᠡᠳᠴᠢᠨ ᠢᠶᠠᠷ ᠥᠭᠦᠭᠰᠡᠨ | ᠬᠤᠯᠤᠭᠠᠨ᠎ᠠ ᠵᠢᠴᠢ ᠪᠤᠰᠤᠳ ᠬᠢᠵᠢᠭ ᠤᠨ ᠡᠭᠦᠰᠦᠯᠳᠡ ᠶᠢᠨ ᠠᠮᠢᠲᠠᠨ᠂ ᠬᠤᠯᠤᠭᠠᠨ᠎ᠠ ᠶᠢᠨ ᠬᠢᠵᠢᠭ ᠤᠨ ᠰᠡᠵᠢᠭᠯᠡᠯᠲᠡᠶ | ᠡᠪᠡᠳᠴᠢᠲᠡᠨ ᠢ ᠮᠡᠳᠡᠭᠦᠯᠬᠦ︔ ᠰᠢᠯᠲᠠᠭᠠᠨ ᠨᠢ ᠲᠣᠳᠣᠷᠬᠠᠶ ᠦᠭᠡᠢ ᠥᠨᠳᠥᠷ ᠬᠠᠯᠠᠭᠤᠷᠠᠵᠤ ᠪᠠᠴᠢᠮ ᠦᠬᠦᠭᠰᠡᠨ | ᠡᠪᠡᠳᠴᠢᠲᠡᠨ ᠢ ᠮᠡᠳᠡᠭᠦᠯᠦᠨ᠎ᠡ᠃ | ᠨᠢᠭᠡᠨᠲᠡ ᠬᠢᠵᠢᠭᠲᠦ ᠣᠷᠣᠨ ᠭᠡᠵᠦ ᠮᠠᠭᠠᠳᠯᠠᠭᠰᠠᠨ ᠭᠠᠵᠠᠷ ᠣᠷᠣᠨ ᠤ ᠬᠢᠨ ᠬᠢᠵᠢᠭᠲᠦ ᠣᠷᠣᠨ ᠢ ᠰᠢᠢᠳᠪᠦᠷᠢᠯᠡᠬᠦ | ᠪᠠ ᠠᠶᠢᠯ ᠲᠣᠰᠬᠤᠨ ᠤ ᠡᠷᠭᠢᠨ ᠲᠣᠭᠤᠷᠢᠨ ᠤ ᠬᠤᠯᠤᠭᠠᠨ᠎ᠠ ᠪᠠ ᠨᠤᠬᠠᠢ ᠶᠢᠨ ᠪᠥᠭᠡᠰᠦ ᠶᠢ ᠤᠰᠠᠳᠬᠠᠬᠤ ᠠᠵᠢᠯ ᠢ | ᠢᠳᠡᠪᠬᠢᠲᠡᠶ ᠪᠠᠷ ᠰᠠᠶᠢᠲᠤᠷ ᠬᠢᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠰᠠᠶᠢᠲᠤᠷ ᠬᠢᠬᠦ ᠨᠢ ᠬᠥᠮᠦᠨ ᠤ | ᠣᠷᠴᠢᠯᠠᠩ ᠤᠨ ᠬᠤᠯᠤᠭᠠᠨ᠎ᠠ ᠶᠢᠨ ᠬᠢᠵᠢᠭ ᠡᠭᠦᠰᠬᠦ ᠶᠢ ᠪᠦᠲᠦᠮᠵᠢᠲᠡᠶ ᠰᠡᠷᠭᠡᠶᠢᠯᠡᠵᠦ ᠴᠢᠳᠠᠨ᠎ᠠ᠃ | ᠰᠤᠷᠪᠤᠯᠵᠢᠯᠠᠭᠴᠢ᠄ ᠬᠤᠯᠤᠭᠠᠨ᠎ᠠ ᠶᠢᠨ ᠬᠢᠵᠢᠭ ᠤᠨ ᠦᠨᠳᠦᠰᠦᠨ ᠵᠠᠷᠴᠢᠮ︖ | ᠵᠣᠤ ᠳ᠋ᠧ ᠺᠤᠸᠠᠨ᠄ ᠰᠢᠶᠠᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠤᠷ᠎ᠠ᠂ ᠬᠠᠮᠢᠶ᠎ᠠ ᠪᠦᠬᠦᠢ ᠰᠠᠯᠠᠭ᠎ᠠ | ᠮᠦᠴᠢᠷ ᠢ ᠵᠣᠬᠢᠴᠠᠭᠤᠯᠤᠨ᠎ᠠ᠃ ᠨᠢᠭᠲᠠ ᠬᠠᠮᠲᠤᠷᠠᠯᠴᠠᠵᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ | ᠂ ᠣᠯᠠᠨ ᠲᠦᠮᠡᠨ ᠢ ᠲᠦᠰᠢᠭᠯᠡᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠬᠤᠯᠤᠭᠠᠨ᠎ᠠ ᠪᠠ ᠨᠤᠬᠠᠢ ᠶᠢᠨ ᠪᠥᠭᠡᠰᠦ ᠶᠢ ᠤᠰᠠᠳᠬᠠᠬᠤ ᠪᠠᠷ ᠭᠤᠤᠯ ᠪᠣᠯᠭᠠᠭᠰᠠᠨ | ᠶᠡᠷᠦᠩᠬᠡᠶᠢᠯᠡᠭᠰᠡᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠦᠷᠢᠵᠢᠭᠤᠯᠵᠦ᠂ ᠬᠤᠯᠤᠭᠠᠨ᠎ᠠ ᠶᠢᠨ | ᠨᠢᠭᠲᠠᠴᠠ ᠶᠢ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃ ᠨᠢᠭᠡᠨᠲᠡ ᠲᠠᠰᠤᠯᠤᠨ ᠲᠣᠭᠲᠠᠭᠠᠭᠰᠠᠨ ᠬᠢᠵᠢᠭᠲᠦ ᠣᠷᠣᠨ ᠳᠤ | ᠣᠷᠣᠬᠤ ᠶᠢ ᠴᠢᠩᠭ᠎ᠠ ᠴᠠᠭᠠᠵᠠᠯᠠᠬᠤ ᠪᠣᠯ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠦᠨᠳᠦᠰᠦᠨ | ᠵᠠᠷᠴᠢᠮ ᠪᠣᠯᠤᠨ᠎ᠠ᠃ | ᠰᠤᠷᠪᠤᠯᠵᠢᠯᠠᠭᠴᠢ᠄ ᠮᠠᠨ ᠤ ᠰᠢᠶᠠᠨ ᠤ ᠣᠳᠣᠬᠠᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠳᠤ ᠴᠢᠭᠯᠡᠭᠦᠯᠦᠨ | ᠶᠠᠭᠤ ᠬᠢᠪᠡᠯ ᠵᠣᠬᠢᠬᠤ ᠪᠤᠢ︖ | ᠵᠣᠤ ᠳ᠋ᠧ ᠺᠤᠸᠠᠨ᠄ 1. ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ ᠶᠢᠨ | ᠪᠤᠯᠪᠠᠰᠤᠷᠠᠭᠤᠯᠤᠯ ᠤᠨ ᠡᠷᠴᠢᠮ ᠢᠶᠠᠨ ᠴᠢᠩᠭᠠᠷᠠᠭᠤᠯᠵᠤ᠂ ᠬᠤᠯᠤᠭᠠᠨ᠎ᠠ ᠠᠴᠠ ᠰᠡᠷᠭᠡᠶᠢᠯᠡᠬᠦ ᠮᠡᠳᠡᠯᠭᠡ ᠶᠢ ᠬᠥᠮᠦᠨ | ᠪᠦᠬᠦᠨ ᠳᠤ ᠮᠡᠳᠡᠭᠦᠯᠵᠦ᠂ ᠬᠥᠮᠦᠨ ᠪᠦᠬᠦᠨ ᠮᠡᠳᠡᠨ᠎ᠡ᠃ | 2. ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠶᠡᠬᠡᠪᠡᠷ ᠥᠷᠨᠢᠭᠦᠯᠵᠦ᠂ ᠭᠡᠷ | ᠪᠦᠯᠢ ᠶᠢᠨ ᠬᠤᠯᠤᠭᠠᠨ᠎ᠠ ᠪᠠ ᠨᠤᠬᠠᠢ ᠶᠢᠨ ᠪᠥᠭᠡᠰᠦ ᠶᠢ ᠤᠰᠠᠳᠬᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ | ᠬᠢᠬᠦ ᠬᠡᠷᠡᠭᠲᠡᠶ᠃ | 3. ᠭᠡᠷ ᠤᠨ ᠲᠡᠵᠢᠭᠡᠪᠦᠷᠢ ᠶᠢᠨ ᠮᠤᠤᠷ᠂ ᠨᠣᠬᠠᠶ ᠳᠤ ᠨᠣᠬᠠᠶ ᠶᠢᠨ ᠪᠥᠭᠡᠰᠦ ᠶᠢ ᠤᠰᠠᠳᠬᠠᠬᠤ ᠳᠤ᠂ ᠨᠣᠬᠠᠶ ᠶᠢ | ᠤᠶᠠᠵᠦ ᠲᠡᠵᠢᠭᠡᠵᠦ ᠬᠠᠮᠢᠶᠠᠷᠬᠤ ᠬᠡᠷᠡᠭᠲᠡᠶ᠃ | 4. ᠬᠢᠵᠢᠭᠲᠦ ᠣᠷᠣᠨ ᠳᠤ ᠣᠷᠣᠵᠤ ᠪᠠᠷᠢᠯᠭ᠎ᠠ ᠪᠠᠷᠢᠬᠤ᠂ ᠬᠤᠨᠢ ᠬᠠᠷᠢᠭᠤᠯᠬᠤ ᠵᠡᠷᠭᠡ ᠠᠵᠢᠯᠯᠠᠭ᠎ᠠ ᠶᠢ ᠴᠢᠩᠭ᠎ᠠ | ᠴᠠᠭᠠᠵᠠᠯᠠᠵᠦ᠂ ᠬᠢᠵᠢᠭᠲᠦ ᠣᠷᠣᠨ ᠳᠤ ᠣᠷᠣᠬᠤ ᠦᠨᠡᠨᠬᠦ ᠴᠢᠬᠤᠯᠠ ᠲᠠᠢ ᠪᠣᠯ ᠬᠤᠪᠢ ᠬᠥᠮᠦᠨ ᠤ ᠬᠠᠮᠠᠭᠠᠯᠠᠯᠲᠠ ᠶᠢ | ᠰᠠᠶᠢᠳᠤᠷ ᠬᠢᠬᠦ ᠬᠡᠷᠡᠭᠲᠡᠶ᠃ | | | ᠰᠠᠷᠠᠭᠤᠯ ᠪᠠᠭᠤᠯᠭᠠᠪᠠ | |