2020 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2020/12/9
                — — 2020 ᠣᠨ ᠤ 4 ᠰᠠᠷ᠎ᠠ ᠶᠢᠨ 22 ᠤᠨ ᠡᠳᠦᠷ ᠱᠠᠩᠳᠤ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ    ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠼᠤᠤ ᠺᠠᠶ ᠬᠤᠩ    ᠲᠥᠯᠥᠭᠡᠯᠡᠭᠴᠢᠳ ᠡ᠄    ᠣᠳᠣ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠶ᠎ᠡ᠃ ᠬᠢᠨᠠᠨ ᠶᠠᠷᠢᠯᠴᠠᠬᠤ ᠪᠣᠯᠪᠠᠤ᠂ ᠬᠤᠷᠠᠯ ᠳᠤ ᠰᠤᠯᠠ ᠣᠷᠣᠯᠴᠠᠭᠰᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠨᠥᠬᠦᠳ ᠰᠠᠨᠠᠭᠤᠯᠭ᠎ᠠ ᠪᠠ ᠰᠠᠨᠠᠯ ᠳᠤᠷᠠᠳᠬᠤ ᠪᠣᠯᠪᠠᠤ᠃    ᠨᠢᠭᠡ᠂ 2019 ᠣᠨ ᠤ ᠠᠵᠢᠯ ᠤᠨ ᠡᠷᠭᠢᠴᠡᠭᠦᠯᠦᠯ    ᠥᠩᠭᠡᠷᠡᠭᠰᠡᠨ ᠨᠢᠭᠡ ᠵᠢᠯ ᠳᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠶᠡᠷᠦᠩᠬᠡᠶ ᠱᠦᠵᠢ ᠶᠢᠨ ᠥᠪᠥᠷ ᠮᠤᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠠᠶ᠂ ᠠᠮᠢ ᠠᠬᠤᠶ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠶ ᠵᠠᠮᠨᠠᠵᠤ᠂ ᠠᠵᠠ ᠲᠣᠬᠢᠶᠠᠯ ᠢ ᠡᠵᠡᠮᠳᠡᠬᠦ ᠳᠤᠮᠳᠠ ᠯᠠᠪᠳᠠᠭᠤᠨ ᠪᠠᠲᠤᠲᠠᠶ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠤᠮᠳᠠ ᠵᠠᠮ ᠨᠡᠭᠡᠭᠡᠨ ᠤᠷᠤᠭᠰᠢᠯᠠᠵᠤ᠂ ᠪᠦᠬᠦ ᠰᠢᠶᠠᠨ ᠤ ᠠᠵᠤ ᠠᠬᠤᠶ ᠨᠡᠶᠢᠭᠡᠮ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃    — ᠶᠠᠳᠠᠭᠤ ᠠᠴᠠ ᠠᠩᠭᠢᠵᠢᠷᠠᠭᠤᠯᠬᠤ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠡᠢ᠃ ᠪᠦᠬᠦ ᠵᠢᠯ ᠳᠤ 6297 ᠬᠥᠮᠦᠨ ᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠨᠡᠶᠢᠲᠡ 4.26 ᠲᠦᠮᠡᠨ ᠬᠦᠮᠦᠨ ᠳᠤ ᠬᠦᠷᠴᠦ᠂ 33 ᠶᠠᠳᠠᠭᠤ ᠬᠦᠴᠢᠷᠳᠡᠯᠲᠡᠶ ᠲᠣᠰᠬᠤᠨ ᠠᠴᠠ ᠤᠬᠤᠷᠢᠨ ᠭᠠᠷᠴᠤ᠂ 107 ᠳᠤ ᠬᠦᠷᠴᠦ᠂ ᠶᠠᠳᠠᠭᠤ ᠬᠦᠴᠢᠷᠳᠡᠯ ᠡᠭᠦᠰᠬᠦ ᠨᠣᠷᠮ᠎ᠠ 2013 ᠣᠨ ᠳᠤ 17.1% ᠪᠠᠶᠢᠭᠰᠠᠨ ᠠᠴᠠ ᠪᠠᠨ 0.17% ᠪᠣᠯᠵᠣ ᠪᠠᠭᠤᠷᠠᠪᠠ᠂ ᠥᠪᠡᠷᠲᠡᠭᠡᠨ ᠵᠠᠰᠠᠬᠤ ᠣᠷᠣᠨ ᠤ ᠭᠤᠷᠪᠠᠳᠠᠬᠢ ᠡᠲᠡᠭᠡᠳ ᠤᠨ ᠦᠨᠡᠯᠡᠨ ᠵᠢᠱᠢᠵᠦ ᠰᠢᠯᠭᠠᠨ ᠠᠪᠬᠤ ᠶᠢ ᠤᠷᠤᠭᠰᠢᠲᠠᠶ ᠦᠩᠭᠡᠷᠡᠭᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠮᠠᠨ ᠤ ᠰᠢᠶᠠᠨ ᠢ ᠶᠠᠳᠠᠭᠤ ᠠᠴᠠ ᠠᠩᠭᠢᠵᠢᠷᠠᠭᠤᠯᠵᠦ᠂ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠡᠩᠨᠡᠭᠡ ᠠᠴᠠ ᠤᠬᠤᠷᠢᠨ ᠭᠠᠷᠪᠠ᠃ ᠡᠨᠡ ᠨᠢ ᠱᠠᠩᠳᠤ ᠰᠢᠶᠠᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠬᠢᠴᠠ ᠳᠤᠮᠳᠠ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠶᠤᠮ᠃    — — ᠠᠵᠤ ᠠᠬᠤᠶ ᠶᠢᠨ ᠠᠵᠢᠯᠯᠠᠭᠠᠨ ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠪᠠ᠃ ᠪᠦᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 58.52 ᠳ᠋ᠦᠩᠰᠢᠭᠤᠷ ᠲᠥᠭᠦᠷᠢᠭ  ᠪᠡᠶᠡᠯᠡᠭᠦᠯᠵᠦ᠂ 4.5% ᠪᠠᠷ ᠨᠡᠮᠡᠭᠳᠡᠭᠦᠯᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 7.2% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ 2018 ᠣᠨ ᠤ ᠬᠢ ᠠᠴᠠ 1 ᠵᠠᠭᠤᠨ ᠤ ᠨᠢᠭᠡᠴᠢ ᠳᠡᠭᠡᠭᠰᠢᠯᠡᠪᠡ᠃ ᠬᠤᠲᠠ ᠶᠢᠨ ᠱᠠᠲᠤᠨ ᠤ ᠲᠤᠰᠬᠠᠶ ᠲᠥᠷᠥᠯ ᠤᠨ ᠠᠬᠢᠯᠲᠠ ᠳᠤ ᠣᠷᠣᠭᠤᠯᠤᠭᠰᠠᠨ 19 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ 16.41 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ᠃ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 20.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠶᠡᠷᠦᠩᠬᠡᠢ ᠬᠡᠮᠵᠢᠶ᠎ᠡ ᠨᠢ ᠪᠦᠬᠦ ᠬᠤᠲᠠ ᠶᠢᠨ ᠳᠥᠷᠪᠡᠳᠦᠭᠡᠷ ᠲᠤ ᠣᠷᠣᠪᠠ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 40.1 ᠳ᠋ᠦᠩᠰᠢᠭᠤᠷ  ᠲᠦᠭᠦᠷᠢᠭ ᠢ ᠪᠡᠶᠡᠯᠡᠭᠦᠯᠵᠦ᠂ 5.6% ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠪᠠ ᠨᠡᠮᠡᠭᠳᠡᠯ ᠤᠨ ᠬᠤᠷᠳᠤᠴᠠ ᠨᠢ ᠪᠦᠬᠦ ᠬᠤᠲᠠ ᠶᠢᠨ ᠭᠤᠷᠪᠠᠳᠤᠭᠠᠷ ᠲᠤ ᠣᠷᠣᠪᠠ᠃    — — ᠠᠵᠤ ᠦᠢᠯᠡᠰ ᠤᠨ ᠪᠦᠲᠦᠴᠡ ᠶᠢ ᠨᠡᠩ ᠰᠢᠯᠢᠳᠡᠭᠵᠢᠭᠦᠯᠪᠡ᠃ ᠪᠥᠬᠦ ᠰᠢᠶᠠᠨ ᠤ ᠭᠤᠷᠪᠠᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ 21.8᠄ 27.6᠄ 50.6 ᠪᠣᠯᠪᠠ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠡᠪᠴᠢᠶᠡᠵᠢᠯ ᠠᠴᠠ ᠳᠡᠭᠡᠭᠰᠢ ᠠᠵᠤ ᠠᠬᠤᠶᠢᠯᠠᠯ 3 ᠨᠡᠮᠡᠭᠳᠡᠵᠦ᠂ 14 ᠪᠣᠯᠵᠤ᠂ 27.3% ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 13.65 ᠳ᠋ᠦᠩᠰᠢᠭᠤᠷ ᠲᠦᠭᠦᠷᠢᠭ ᠪᠡᠶᠡᠯᠡᠭᠦᠯᠵᠦ᠂ 64.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠠᠴᠠ 46.6 ᠵᠠᠭᠤᠨ ᠤ ᠨᠢᠭᠡᠴᠢ ᠲᠦᠷᠭᠡᠨ ᠪᠣᠯᠪᠠ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠢ 25.38 ᠳ᠋ᠦᠩᠰᠢᠭᠤᠷ ᠲᠥᠭᠦᠷᠢᠭ ᠪᠡᠶᠡᠯᠡᠭᠦᠯᠵᠦ᠂ 2.8% ᠪᠠᠷ ᠨᠡᠮᠡᠭᠳᠡᠨ᠂ GDP ᠳᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠶᠢᠨ 50% ᠠᠴᠠ ᠳᠡᠭᠡᠭᠰᠢ ᠳᠤ ᠬᠦᠷᠭᠡᠪᠡ᠃    — — ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠵᠢᠱᠢᠯᠲᠡ ᠠᠴᠠ ᠳᠠᠪᠠᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 1.97 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 30.5%   ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ 2018 ᠣᠨ ᠤ ᠬᠢ ᠠᠴᠠ 33.5 ᠵᠠᠭᠤᠨ ᠤ ᠨᠢᠭᠡᠴᠢ ᠥᠨᠳᠥᠷ ᠪᠠᠶᠢᠵᠤ᠂ ᠵᠢᠱᠢᠭᠰᠡᠨ ᠬᠠᠷᠠᠯᠲᠠ ᠠᠴᠠ 26 ᠵᠠᠭᠤᠨ ᠤ ᠨᠢᠭᠡᠴᠢ ᠥᠨᠳᠥᠷ ᠪᠣᠯᠵᠠᠶ᠃ ᠶᠡᠷᠦᠩᠬᠡᠶ ᠬᠡᠮᠵᠢᠶ᠎ᠡ ᠪᠠ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠲᠠᠪᠤᠳᠤᠭᠠᠷ ᠪᠠ ᠨᠢᠭᠡᠳᠦᠭᠡᠷ ᠲᠤ ᠤᠷᠤᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 30.41 ᠳ᠋ᠦᠩᠰᠢᠭᠤᠷ ᠲᠥᠭᠦᠷᠢᠭ᠂ 2018 ᠣᠨ ᠤ ᠬᠢ ᠠᠴᠠ 1.13 ᠳ᠋ᠦᠩᠰᠢᠭᠤᠷ ᠲᠥᠭᠦᠷᠢᠭ ᠨᠡᠮᠡᠭᠳᠡᠵᠦ᠂ 3.9% ᠪᠠᠷ ᠨᠡᠮᠡᠭᠳᠡᠪᠡ᠃    — ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠨᠣᠭᠤᠭᠠᠷᠠᠭᠤᠯᠤᠯᠲᠠ ᠶᠢᠨ ᠲᠠᠯᠠᠪᠠᠢ ᠶᠢ 2800 ᠮᠦ ᠰᠢᠨ᠎ᠡ ᠪᠠᠷ ᠨᠡᠮᠡᠭᠳᠡᠭᠦᠯᠵᠦ᠂ ᠨᠡᠶᠢᠲᠡ 299 ᠲᠦᠮᠡᠨ ᠮᠦ ᠳᠤ ᠬᠦᠷᠭᠡᠵᠦ ᠣᠶ ᠰᠢᠭᠤᠶ ᠶᠢᠨ ᠪᠦᠷᠬᠦᠴᠡ ᠶᠢᠨ ᠨᠣᠷᠮ᠎ᠠ 25.01% ᠬᠥᠷᠪᠡ᠃ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠳᠡᠭᠡᠳᠦ ᠱᠠᠳᠤᠨ ᠤ ᠪᠠᠭᠤᠯᠭᠠᠭᠰᠠᠨ ᠬᠠᠷᠠᠯᠲᠠ ᠶᠢ ᠪᠡᠶᠡᠯᠡᠬᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠵᠠᠭᠠᠭᠯᠠᠨ ᠲᠣᠭᠲᠠᠭᠠᠵᠤ ᠥᠪᠡᠷᠲᠡᠭᠡᠨ ᠵᠠᠰᠠᠬᠤ ᠣᠷᠣᠨ ᠤ ᠰᠢᠯᠭᠠᠨ ᠬᠤᠷᠢᠶᠠᠬᠤ ᠶᠢ ᠪᠠᠲᠤᠯᠠᠪᠠ᠃ ᠰᠢᠶᠠᠨ ᠤ ᠤᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ ᠨᠢ ︽ᠪᠦᠬᠦ ᠤᠯᠤᠰ ᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠨᠢᠭᠡᠴᠡ︾ ᠪᠠᠷ ᠦᠨᠡᠯᠡᠭᠳᠡᠵᠦ᠂ ᠰᠠᠨ ᠳ᠋ᠠ ᠴᠢᠩ ᠰᠢᠶᠠᠩ ᠤᠨ ᠳ᠋ᠦᠩ ᠵᠢᠶᠠ ᠲᠣᠰᠬᠤᠨ ︽ᠤᠯᠤᠰ ᠤᠨ ᠤᠢ ᠰᠢᠭᠤᠢ ᠶᠢᠨ ᠬᠥᠳᠡᠭᠡ ᠲᠣᠰᠬᠤᠨ︾ ᠢᠶᠠᠷ ᠦᠨᠡᠯᠡᠭᠳᠡᠪᠡ     — — ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠠᠷᠠᠳ ᠤᠨ ᠠᠮᠢᠳᠤᠷᠠᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠪᠦᠬᠦ ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 24 ᠳ᠋ᠦᠩᠰᠢᠭᠤᠷ ᠲᠥᠭᠦᠷᠢᠭ ᠲᠤ ᠬᠦᠷᠴᠦ᠂ ᠡᠳ᠋ ᠤᠨ ᠵᠠᠰᠠᠭ ᠤᠨ ᠪᠦᠬᠦ ᠵᠠᠷᠤᠯᠭ᠎ᠠ ᠶᠢᠨ 78.9% ᠶᠢ ᠡᠵᠡᠯᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 29656 ᠲᠥᠭᠦᠷᠢᠭ ᠪᠠ 11284 ᠲᠥᠭᠦᠷᠢᠭ ᠲᠤ ᠬᠦᠷᠴᠦ᠂ ᠲᠤᠰ ᠲᠤᠰ 6.7% ᠪᠠ 11.4% ᠪᠠᠷ ᠨᠡᠮᠡᠭᠳᠡᠵᠦ᠂ ᠴᠥᠮ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠲᠦᠷᠭᠡᠨ ᠪᠤᠯᠵᠤ᠂ ᠨᠡᠮᠡᠭᠳᠡᠯ ᠤᠨ ᠬᠤᠷᠳᠤᠴᠠ ᠨᠢ ᠲᠤᠰ ᠲᠤᠰ ᠪᠦᠬᠦ ᠬᠤᠳᠠ ᠶᠢᠨ ᠬᠤᠶᠠᠳᠤᠭᠠᠷ ᠪᠠ ᠨᠢᠭᠡᠳᠦᠭᠡᠷ ᠲᠤ ᠣᠷᠣᠪᠠ    ᠨᠢᠭᠡ ᠵᠢᠯ ᠤᠨ ᠲᠤᠷᠰᠢ᠂ ᠭᠤᠤᠯᠳᠠᠭᠤ ᠳᠣᠤᠷᠠᠬᠢ ᠠᠵᠢᠯ ᠤᠳ ᠢ ᠬᠢᠪᠡ᠄    ︵ᠨᠢᠭᠡ︶ ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠤᠤᠯᠳᠠᠯᠭ᠎ᠠ ᠲᠠᠢ ᠡᠭᠦᠷᠭᠡ ᠴᠢᠬᠤᠯᠠ ᠶᠡᠭᠡ ᠠᠬᠢᠴᠠ ᠲᠠᠢ ᠪᠣᠯᠪᠠ    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠰᠢᠢᠳᠪᠦᠷᠢᠲᠦ ᠴᠢᠨᠠᠷᠲᠠᠢ ᠢᠯᠠᠯᠲᠠ ᠣᠯᠪᠠ᠃ ︽ᠬᠥᠮᠦᠨ ᠨᠢ ᠶᠠᠳᠠᠭᠤ ᠠᠴᠠ ᠠᠩᠭᠢᠵᠢᠷᠠᠬᠤ᠂ ᠲᠣᠰᠬᠤᠨ ᠨᠢ ᠤᠬᠤᠷᠢᠨ ᠭᠠᠷᠬᠤ᠂ ᠰᠢᠶᠠᠨ ᠨᠢ ᠮᠠᠯᠠᠭᠠᠶ ᠪᠠᠨ ᠠᠪᠴᠤ ᠬᠠᠶᠠᠬᠤ︾ ᠬᠠᠷᠠᠯᠲᠠ ᠶᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠤᠨ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠷᠪᠠᠨ ᠵᠦᠢᠯ ᠤᠨ ︽ᠪᠦᠬᠦᠨ ᠢ ᠴᠡᠪᠡᠷᠯᠡᠨ ᠪᠠᠷᠢᠮᠵᠢᠶ᠎ᠠ ᠳᠤ ᠬᠦᠷᠭᠡᠬᠦ︾ ᠲᠤᠰᠬᠠᠢ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ︽ᠵᠠᠭᠤᠨ ᠡᠳᠦᠷ ᠤᠨ ᠬᠠᠮᠲᠤᠷᠠᠭᠰᠠᠨ ᠪᠠᠶᠢᠯᠳᠤᠭᠠᠨ︾ ᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠳᠤᠪᠤᠶᠢᠮ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠡᠯ᠎ᠡ ᠵᠦᠢᠯ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠪᠦᠬᠦ ᠵᠢᠯ ᠳᠤ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ 5.74 ᠳ᠋ᠦᠩᠰᠢᠭᠤᠷ ᠲᠥᠭᠦᠷᠢᠭ ᠤᠷᠤᠭᠤᠯᠵᠦ᠂ 29% ᠪᠠᠷ ᠨᠡᠮᠡᠭᠳᠡᠭᠦᠯᠪᠡ᠃ ᠡᠭᠦᠨ ᠳᠤ ᠮᠠᠯ ᠲᠠᠷᠢᠶᠠᠯᠠᠩ ᠳᠤ ᠬᠤᠯᠪᠣᠭᠳᠠᠭᠰᠠᠨ ᠪᠠᠯᠠ ᠮᠥᠩᠭᠦ ᠶᠢ 2.84 ᠳ᠋ᠦᠩᠰᠢᠭᠤᠷ ᠲᠥᠭᠦᠷᠢᠭ ᠡᠮᠬᠢᠯᠡᠨ ᠨᠡᠶᠢᠯᠡᠭᠦᠯᠵᠦ᠂ 39.9% ᠪᠠᠷ ᠨᠡᠮᠡᠭᠳᠡᠪᠡ᠃ 86 ᠵᠠᠰᠠᠭ ᠵᠠᠬᠢᠷᠭᠠᠨ ᠤ ᠲᠣᠰᠬᠤᠨ ᠪᠣᠯᠤᠨ 183 ᠠᠶᠢᠯ ᠲᠣᠰᠬᠤᠨ ᠳᠤ ᠤᠰᠤᠨ ᠤ ᠴᠢᠨᠠᠷ ᠢ ᠳᠡᠭᠡᠭᠰᠢᠯᠡᠭᠦᠯᠬᠦ ᠪᠠ ᠰᠡᠯᠪᠢᠨ ᠵᠠᠰᠠᠵᠤ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠠᠰᠢᠭ ᠭᠥᠷᠳᠡᠭᠰᠡᠨ ᠬᠥᠮᠦᠨ ᠠᠮᠠ 3.74 ᠲᠦᠮᠡ ᠪᠠᠶᠢᠨ᠎ᠠ᠃ 4707 ᠡᠷᠦᠬᠡ ᠶᠢᠨ ᠬᠥᠳᠡᠭᠡ ᠲᠣᠰᠬᠤᠨ ᠤ ᠠᠶᠤᠯ ᠲᠦᠭᠰᠢᠭᠦᠷᠢ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠨᠡᠶᠢᠲᠡ 4.7 ᠲᠦᠮᠡᠨ ᠡᠷᠦᠬᠡ ᠳᠤ ᠬᠦᠷᠴᠦ᠂ ᠲᠣᠰᠬᠤᠨ ᠳᠤ ᠪᠠᠶᠢᠩᠭᠤ ᠰᠠᠭᠤᠭ᠎ᠠ ᠡᠷᠦᠬᠡ ᠶᠢᠨ ᠨᠤᠷᠠᠬᠤ ᠠᠶᠤᠯᠲᠠᠢ ᠭᠡᠷ  ᠪᠠᠶᠢᠰᠢᠩ ᠢ ︽ᠴᠡᠪᠡᠷᠯᠡᠨ ᠠᠷᠢᠯᠭᠠᠬᠤ︾ ᠬᠠᠷᠠᠯᠲᠠ ᠶᠢ ᠪᠡᠶᠡᠯᠡᠭᠦᠯᠪᠡ᠃ ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠭᠰᠡᠨ ᠨᠡᠶᠢᠲᠡ 3697 ᠡᠷᠦᠬᠡ ᠶᠢᠨ 8599 ᠬᠥᠮᠦᠨ ᠢ ᠳᠦᠪᠬᠢᠨᠡᠭᠦᠯᠬᠦ ᠡᠭᠦᠷᠭᠡ ᠶᠢ ᠪᠡᠶᠡᠯᠡᠭᠦᠯᠵᠦ᠂ ︽ᠨᠢᠭᠡ ᠭᠠᠵᠠᠷ ᠨᠤᠲᠤᠭ ᠤᠰᠤ ᠨᠢᠭᠡ ᠭᠠᠵᠠᠷ ᠤᠨ ᠬᠥᠮᠦᠨ ᠢ ᠲᠡᠵᠢᠭᠡᠵᠦ ᠳᠡᠶᠢᠯᠬᠦ ᠦᠭᠡᠶ︾ ᠭᠡᠬᠦ ᠠᠰᠠᠭᠤᠳᠠᠯ ᠢ ᠰᠢᠢᠳᠪᠦᠷᠢᠯᠡᠵᠡᠢ᠃ ᠰᠤᠷᠤᠯᠭ᠎ᠠ ᠶᠢ ᠪᠠᠲᠤᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠦᠬᠦ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠶᠠᠳᠠᠭᠤ ᠬᠦᠴᠢᠷᠳᠡᠯᠲᠡᠶ ᠭᠡᠷ ᠪᠦᠯᠢ ᠶᠢᠨ ᠰᠤᠷᠤᠭᠴᠢᠳ ᠢ ᠰᠤᠷᠤᠯᠭ᠎ᠠ ᠪᠠᠨ ᠳᠣᠷᠭᠤᠨ ᠵᠣᠭᠰᠣᠬᠤ ᠦᠭᠡᠶ ᠪᠠᠷ ᠪᠡᠶᠡᠯᠡᠭᠦᠯᠵᠦ᠂ ᠶᠠᠳᠠᠭᠤ ᠬᠦᠴᠢᠷᠳᠡᠯ ᠲᠠᠢ ᠰᠤᠷᠤᠭᠴᠢᠳ ᠢ 5081 ᠬᠥᠮᠦᠨ ᠤᠳᠠᠭ᠎ᠠ ᠲᠤᠰᠠᠯᠠᠵᠦ 1039 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠪᠠ᠃ ︽ᠭᠤᠷᠪᠠᠨ ᠨᠢᠭᠡ ᠪᠦᠯᠦᠭ︾ ᠪᠠ ︽ᠲᠠᠪᠤᠨ ᠳᠠᠪᠬᠤᠷ ᠪᠠᠲᠤᠯᠠᠭ᠎ᠠ︾ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠᠲᠤᠯᠠᠭ᠎ᠠ ᠶᠢᠨ ᠲᠣᠤᠷ ᠢ ᠪᠠᠲᠤ ᠪᠠᠬᠢ ᠴᠣᠭᠴᠠᠯᠠᠪᠠ᠃ ᠨᠥᠬᠦᠴᠡᠯ ᠳᠤ ᠨᠡᠶᠢᠴᠡᠬᠦ ᠶᠠᠳᠠᠭᠤ ᠬᠦᠴᠢᠷᠳᠡᠯᠲᠡᠶ ᠡᠷᠦᠬᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ ᠵᠠᠷᠤᠳᠠᠯ ᠢ ᠣᠷᠣᠯᠠᠨ ᠲᠤᠰᠢᠶᠠᠬᠤ ᠨᠣᠷᠮ᠎ᠠ ᠶᠢᠨ 100% ᠳᠤ ᠬᠦᠷᠦᠭᠦᠯᠵᠡᠢ᠃ ᠪᠥᠬᠦ ᠰᠢᠶᠠᠨ ᠤ ᠪᠣᠶ ᠪᠥᠬᠦᠶ ᠵᠠᠰᠠᠭ ᠵᠠᠬᠢᠷᠭᠠᠨ ᠤ ᠲᠣᠰᠬᠤᠨ ᠤ ᠬᠠᠮᠲᠤ ᠶᠢᠨ ᠠᠵᠤ ᠠᠬᠤᠶ ᠶᠢᠨ ᠪᠡᠯᠡᠨ ᠵᠣᠭᠤᠰ ᠤᠨ ᠣᠷᠣᠯᠭ᠎ᠠ ᠴᠥᠮ 5 ᠲᠦᠮᠡᠨ ᠲᠥᠭᠦᠷᠢᠭ ᠢ ᠳᠠᠪᠠᠪᠠ᠃ ︽ᠲᠣᠪᠶᠤᠭ ᠤᠨ ᠬᠡᠯᠪᠡᠷᠢ ︾ ᠶᠢᠨ ᠠᠵᠤ ᠦᠢᠯᠡᠰ ᠤᠨ ᠨᠥᠬᠦᠪᠥᠷᠢ ᠶᠢᠨ ᠪᠡᠯᠡ ᠮᠥᠩᠭᠦ ᠶᠢ 2857 ᠲᠦᠮᠡᠨ ᠲᠥᠭᠦᠷᠢᠭ ᠨᠠᠶᠢᠳᠠᠪᠦᠷᠢᠵᠢᠭᠤᠯᠵᠦ ᠂ 17967 ᠶᠠᠳᠠᠭᠤ ᠬᠦᠴᠢᠷᠲᠡᠢ ᠡᠷᠦᠬᠡ᠂ 7420 ᠶᠠᠳᠠᠭᠤ ᠬᠦᠴᠢᠷᠲᠡᠢ ᠡᠷᠦᠬᠡ ᠳᠤ ᠠᠰᠢᠭ ᠬᠦᠷᠲᠡᠭᠡᠪᠡ᠃ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠵᠢᠭᠡᠯᠡᠯᠭᠡ ᠶᠢ 6315.2 ᠲᠦᠮᠡᠨ ᠲᠥᠭᠦᠷᠢᠭ ᠲᠠᠯᠪᠢᠵᠤ᠂ 1390 ᠶᠠᠳᠠᠭᠤ ᠬᠦᠴᠢᠷᠳᠡᠯᠲᠡᠢ ᠡᠷᠦᠬᠡ ᠶᠢ ᠬᠠᠮᠤᠷᠪᠠ᠃ 37.625 ᠰᠠᠶ᠎ᠠ ᠸᠠᠲ ᠲᠥᠪᠯᠡᠷᠡᠭᠰᠡᠨ ᠬᠡᠯᠪᠡᠷᠢ ᠶᠢᠨ ᠭᠡᠷᠡᠯ ᠸᠣᠯᠲ ᠤᠨ ᠴᠠᠬᠢᠯᠭᠠᠨ ᠥᠷᠲᠡᠭᠡ ᠬᠥᠳᠡᠯᠮᠦᠷᠢᠯᠡᠬᠦ ᠴᠢᠳᠠᠪᠤᠷᠢ ᠦᠭᠡᠶ ᠪᠠ ᠵᠡᠮᠳᠡᠭᠴᠦᠳ ᠤᠨ 948 ᠶᠠᠳᠠᠭᠤ ᠬᠦᠴᠢᠷᠳᠡᠯᠲᠡᠶ ᠡᠷᠦᠬᠡ ᠳᠤ ᠠᠰᠢᠭ ᠬᠦᠷᠲᠡᠭᠡᠵᠡᠶ᠃ ᠡᠷᠦᠬᠡ ᠪᠦᠷᠢ ᠶᠢᠨ ᠳᠤᠮᠳᠠᠴᠢ ᠵᠢᠯ ᠤᠨ ᠠᠰᠢᠭ ᠣᠷᠣᠯᠭ᠎ᠠ ᠨᠢ 3000 ᠲᠥᠭᠦᠷᠢᠭ ᠪᠣᠯᠤᠨ᠎ᠠ᠃ ᠫᠢᠩ ᠬᠥ᠋ ᠲᠣᠭᠤᠷᠢᠭ᠂ ᠨᠡᠶᠢᠳᠡᠮ ᠬᠡᠷᠡᠭᠯᠡᠭᠡᠨ ᠤ ᠮᠡᠷᠭᠡᠵᠢᠯ ᠤᠨ ᠪᠦᠯᠦᠭᠯᠡᠯ ᠯᠦᠭᠡ ᠶᠢᠨ ᠶᠠᠳᠠᠭᠤ ᠶᠢ ᠲᠡᠳᠭᠦᠬᠦ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢ 4372 ᠲᠦᠮᠡᠨ ᠲᠥᠭᠦᠷᠢᠭ ᠨᠠᠶᠢᠳᠠᠪᠦᠷᠢᠵᠢᠭᠤᠯᠵᠦ᠂ 8 ᠶᠠᠳᠠᠭᠤ ᠶᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ᠂ 1.52 ᠳ᠋ᠦᠩᠰᠢᠭᠤᠷ ᠲᠥᠭᠦᠷᠢᠭ ᠤᠨ ᠠᠵᠤ ᠦᠢᠯᠡᠰ ᠤᠨ ᠲᠥᠷᠥᠯ ᠵᠦᠢᠯ ᠤᠨ ᠪᠡᠯᠡ ᠮᠥᠩᠭᠦ ᠶᠢ ᠵᠣᠬᠢᠴᠠᠭᠤᠯᠤᠨ ᠤᠷᠤᠭᠤᠯᠵᠦ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠨᠢ ᠬᠠᠪᠰᠤᠷᠤᠨ ᠲᠡᠳᠬᠦᠬᠦ ᠪᠠᠯᠠ ᠮᠥᠩᠭᠦ ᠶᠢ 2010 ᠲᠦᠮᠡᠨ ᠲᠦᠭᠦᠷᠢᠭ ᠨᠠᠶᠢᠳᠠᠪᠦᠷᠢᠵᠢᠭᠤᠯᠪᠠ᠃     ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢᠳᠡᠪᠬᠢᠲᠡᠶ ᠦᠷ᠎ᠡ ᠪᠦᠲᠦᠮᠵᠢ ᠤᠯᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ᠂ ᠬᠦᠬᠡ ᠣᠭᠲᠠᠷᠭᠤᠢ᠂ ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠯᠠᠪᠳᠠᠭᠤᠨ ᠪᠠᠲᠤᠲᠠᠢ ᠠᠬᠢᠭᠤᠯᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠷᠢᠰ ᠬᠢᠨᠠᠨ ᠪᠠᠶᠢᠴᠠᠭᠠᠯᠲᠠ ᠳᠤ ᠮᠠᠨ ᠤ ᠰᠢᠶᠠᠨ ᠤ 13  ᠵᠦᠢᠯ ᠤᠨ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠨᠢᠭᠡᠨᠲᠡ ᠪᠡᠶᠡᠯᠡᠭᠦᠯᠵᠡᠶ᠃ ᠪᠤᠰᠤᠳ 8 ᠵᠦᠢᠯ ᠢ ᠨᠢ ᠶᠠᠭ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃ ᠪᠦᠬᠦ ᠵᠢᠯ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠡᠳᠦᠷ ᠤᠨ ᠳᠤᠮᠳᠠᠴᠢ ᠲᠤᠭ᠎ᠠ ᠶᠢᠨ ᠬᠠᠷᠢᠴᠠᠯ ᠢ 90% ᠠᠴᠠ ᠳᠡᠭᠡᠭᠰᠢ ᠳᠤ ᠬᠦᠷᠦᠭᠦᠯᠵᠦ᠂ ᠪᠦᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠥᠨᠳᠥᠷ ᠪᠠᠶᠢᠯᠭᠠᠵᠦ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠳᠠᠷᠤᠯᠲᠠ ᠶᠢᠨ ᠪᠠᠭ ᠠᠰᠬᠠᠭᠰᠠᠨ ᠬᠡᠮᠵᠢᠶ᠎ᠡ 1306.25 ᠲᠦᠮᠡᠨ ᠺᠦᠪ ᠮᠧᠲᠷ ᠲᠤ ᠬᠦᠷᠴᠦ᠂ ᠡᠭᠦᠷᠭᠡ ᠪᠠᠨ ᠳᠠᠪᠠᠭᠤᠯᠤᠨ ᠪᠡᠶᠡᠯᠡᠭᠦᠯᠵᠡᠢ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ︽ᠭᠤᠷᠪᠠᠨ ᠳᠣᠤᠷ᠎ᠠ︾ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠦ ᠳᠠᠭᠤᠰᠬᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ B ᠲᠠᠰ ᠤᠨ ᠰᠢᠯᠭᠠᠨ ᠬᠤᠷᠢᠶᠠᠬᠤ ᠪᠠᠷ ᠳᠠᠮᠵᠢᠭᠤᠯᠤᠨ ᠳ᠋ᠤᠭᠠᠷ ᠬᠠᠰᠤᠪᠠ᠃ ᠭᠤᠣᠯ ︵ᠨᠠᠭᠤᠷ︶ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠢᠳᠠᠪᠤᠷᠢᠵᠢᠭᠤᠯᠬᠤ᠂ ︽ᠳᠥᠷᠪᠡᠨ ᠡᠷᠦᠢ ᠬᠤᠷᠤᠢ ᠦᠭᠡᠢ ᠪᠠᠶᠢᠬᠤ ᠶᠢ ᠴᠡᠪᠡᠷᠯᠡᠬᠦ︾ ᠪᠠ ᠭᠤᠣᠯ ᠤᠨ ᠵᠠᠮ ᠳᠡᠭᠡᠷ᠎ᠡ ᠡᠯᠡᠰᠦ ᠮᠠᠯᠲᠠᠬᠤ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠭᠤᠣᠯ ᠤᠨ ᠵᠠᠮ ᠤᠨ ᠬᠤᠭ ᠨᠣᠪᠰᠢ ᠶᠢ 6000 ᠭᠠᠷᠤᠢ ᠲᠣᠨ ᠴᠡᠪᠡᠷᠯᠡᠵᠦ᠂ ᠬᠠᠤᠯᠢ ᠪᠤᠰᠤ ᠪᠠᠷ ᠡᠯᠡᠰᠦ ᠮᠠᠯᠲᠠᠭᠰᠠᠨ ᠬᠡᠷᠡᠭ ᠢ 7 ᠪᠠᠶᠢᠴᠠᠭᠠᠨ ᠰᠢᠢᠳᠪᠦᠷᠢᠯᠡᠪᠡ᠃ ᠴᠢ ᠲᠠᠢ ᠪᠠᠯᠭᠠᠰᠤᠨ ᠤ ᠲᠢᠶᠠᠨ ᠱᠢ ᠭᠸᠦ ᠭᠤᠤᠯ ᠤᠨ ᠵᠠᠮ ᠵᠠᠰᠠᠬᠤ ᠲᠠᠯᠠᠪᠠᠶ ᠨᠢ 20 ᠲᠦᠮᠡᠨ ᠲᠡᠭᠰᠢ ᠳᠦᠷᠪᠡᠯᠵᠢᠨ ᠮᠧᠲᠷ ᠪᠠᠶᠢᠨ᠎ᠠ᠃ ᠭᠤᠣᠯᠳᠠᠯᠭ᠎ᠠ ᠲᠠᠢ ᠤᠰᠤᠨ ᠳᠤ ᠬᠤᠯᠪᠣᠭᠳᠠᠬᠤ ᠠᠵᠤ ᠠᠬᠤᠶᠢᠯᠠᠯ ᠳᠤ ᠪᠦᠷ ᠠᠯᠤᠰ ᠡᠵᠡᠮᠰᠢᠯᠲᠦ ᠨᠡᠭᠡᠯᠡᠬᠡᠶ ᠤᠭᠰᠠᠷᠠᠵᠤ᠂ ᠳ᠋ᠧᠵᠢᠶᠠ᠂ ᠵᠢᠶᠠ ᠾᠧ ᠵᠡᠷᠭᠡ 4 ᠰᠢᠶᠠᠩ ᠪᠠᠯᠭᠠᠰᠤᠨ ᠤ ᠲᠥᠮᠥᠰᠥ ᠶᠢᠨ ᠴᠠᠷᠳᠠᠭᠤᠯ ᠪᠣᠯᠪᠠᠰᠤᠷᠠᠭᠤᠯᠬᠤ ᠠᠵᠤ ᠠᠬᠤᠶᠢᠯᠠᠯ ᠬᠠᠶᠠᠭᠳᠠᠮᠠᠯ ᠤᠰᠤ ᠶᠢ ᠲᠠᠷᠢᠶᠠᠨ ᠭᠠᠵᠠᠷ ᠲᠤ ᠪᠤᠴᠠᠭᠠᠬᠤ ᠲᠥᠷᠥᠯ ᠵᠦᠢᠯ ᠢ ᠬᠡᠷᠡᠭᠵᠢᠭᠦᠯᠵᠦ᠂ ᠭᠠᠳᠠᠭᠰᠢᠯᠠᠭᠤᠯᠬᠤ ᠶᠢ ᠪᠠᠷᠢᠮᠵᠢᠶ᠎ᠠ ᠳᠤ ᠬᠦᠷᠭᠡᠬᠦ ᠥᠬᠡᠶ ᠪᠠᠶᠢᠬᠤ ᠶᠢ ᠪᠦᠲᠦᠮᠵᠢᠲᠡᠶ ᠬᠢᠵᠠᠭᠠᠷᠯᠠᠪᠠ᠃ ᠮᠠᠯ ᠵᠢᠭᠦᠷᠲᠡᠨ ᠤ ᠪᠠᠭᠠᠰᠤ ᠰᠢᠭᠡᠰᠦ ᠶᠢ ᠡᠬᠢ ᠪᠠᠶᠠᠯᠢᠭᠵᠢᠭᠤᠯᠤᠨ ᠠᠰᠢᠭᠯᠠᠬᠤ ᠪᠦᠬᠦ ᠰᠢᠶᠠᠨ ᠢᠶᠠᠷ ᠨᠢ ᠲᠦᠯᠬᠢᠨ ᠠᠬᠢᠭᠤᠯᠬᠤ ᠲᠥᠷᠥᠯ ᠵᠦᠢᠯ ᠤᠨ ᠪᠣᠬᠢᠷ ᠪᠣᠳᠠᠰ ᠴᠤᠭᠯᠠᠭᠤᠯᠬᠤ ᠴᠥᠭᠦᠷᠥᠮ᠂ ᠢᠰᠦᠯᠳᠦᠭᠦᠯᠬᠦ ᠴᠥᠭᠦᠷᠥᠮ ᠵᠡᠷᠭᠡ ᠢᠨᠵᠧᠨᠧᠷᠢᠩ ᠢ ᠴᠥᠮ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠦᠯᠡᠳᠡᠭᠳᠡᠯ ᠪᠦᠷᠬᠦᠪᠴᠢ ᠶᠢ ᠬᠢᠨᠠᠨ ᠬᠡᠮᠵᠢᠬᠦ ᠲᠣᠣᠷ ᠰᠦᠯᠵᠢᠶ᠎ᠡ 10᠂ ᠬᠤᠷᠢᠶᠠᠨ ᠠᠪᠴᠤ ᠣᠪᠣᠭᠠᠯᠠᠬᠤ ᠴᠡᠭ 120 ᠪᠠᠶᠢᠭᠤᠯᠵᠦ᠂ ᠦᠯᠡᠳᠡᠭᠳᠡᠯ ᠪᠦᠷᠬᠦᠪᠴᠢ ᠶᠢ 40 ᠲᠦᠮᠡᠨ ᠮᠦ ᠠᠴᠠ ᠳᠡᠭᠡᠭᠰᠢ ᠬᠤᠷᠢᠶᠠᠨ ᠠᠪᠬᠤ ᠶᠢ ᠥᠷᠨᠢᠭᠦᠯᠪᠡ᠃ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠦᠭᠡᠶ 13 ᠨᠠᠩᠭᠢ ᠰᠢᠷᠣᠶ ᠶᠢᠨ ᠲᠣᠭᠤᠰᠬ᠎ᠠ ᠶᠢᠨ ᠦᠢᠯᠡᠳᠪᠦᠷᠢ ᠶᠢ ᠬᠦᠴᠦᠨ ᠦᠭᠡᠶ ᠪᠣᠯᠭᠠᠪᠠ᠃ 100 ᠲᠦᠮᠡᠨ ᠪᠣᠰᠤᠭ᠎ᠠ ᠳᠥᠷᠪᠡᠯᠵᠢᠨ ᠮᠧᠲᠷ ᠪᠤᠯᠠᠭᠰᠠᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠰᠢᠭᠠᠷᠤ ᠶᠢᠨ ᠲᠠᠯᠠᠪᠠᠢ ᠶᠢ ᠰᠢᠨ᠎ᠡ ᠪᠠᠷ ᠪᠠᠶᠢᠭᠤᠯᠪᠠ᠃ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠲᠠᠯᠠᠪᠠᠢ 7800 ᠮᠦ᠂ ᠪᠠᠷᠠᠭᠤᠨ ᠠᠭᠤᠯᠠ ᠶᠢᠨ ᠰᠠᠪᠠ ᠭᠠᠵᠠᠷ ᠢ 13 ᠲᠡᠭᠰᠢ ᠳᠥᠷᠪᠡᠯᠵᠢᠨ ᠺᠢᠯᠣᠮᠧᠲᠷ ᠵᠠᠰᠠᠵᠠᠢ᠃    ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠨ ᠲᠡᠭᠦᠯᠳᠡᠷ ᠪᠥᠭᠡᠳ ᠪᠦᠲᠦᠮᠵᠢᠲᠡᠶ ᠰᠢᠢᠳᠪᠦᠷᠢᠯᠡᠪᠡ᠃ ᠥᠷᠢ ᠰᠢᠷᠢ ᠶᠢ ᠠᠷᠢᠯᠭᠠᠬᠤ ᠪᠠ ᠲᠦᠭᠰᠢᠭᠦᠷᠢ ᠶᠢ ᠰᠡᠷᠭᠡᠶᠢᠯᠡᠬᠦ ᠬᠤᠶᠠᠷ ᠶᠡᠭᠡ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠳ᠋ ᠤᠨ ᠵᠠᠰᠠᠭ ᠤᠨ ᠲᠥᠰᠦᠪ ᠤᠨ ᠲᠣᠬᠢᠷᠠᠭᠤᠯᠤᠯᠲᠠ᠂ ᠵᠢᠭᠡᠯᠡᠯᠭᠡ ᠶᠢᠨ ᠲᠡᠮᠳᠡᠭᠲᠦ ᠶᠢ ᠰᠣᠯᠢᠬᠤ ᠂ ᠡᠩ ᠤᠨ ᠵᠠᠷᠤᠯᠭ᠎ᠠ ᠶᠢ ᠪᠠᠭᠠᠰᠬᠠᠬᠤ᠂ ᠦᠯᠡᠳᠡᠭᠡᠯ ᠡᠳ᠋ ᠬᠥᠷᠥᠩᠭᠡ ᠶᠢ ᠠᠮᠢᠳᠤᠯᠢᠭ ᠪᠣᠯᠭᠠᠬᠤ᠂ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠵᠡᠷᠭᠡ ᠠᠷᠭ᠎ᠠ ᠬᠡᠮᠵᠢᠶ᠎ᠡ ᠠᠪᠴᠤ᠂ 4.92 ᠳ᠋ᠦᠩᠰᠢᠭᠤᠷ ᠲᠥᠭᠦᠷᠢᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠲᠥᠷᠥᠯ ᠬᠤᠪᠢᠶᠠᠨ ᠰᠢᠢᠳᠪᠦᠷᠢᠯᠡᠵᠦ᠂ ᠣᠨ ᠤ ᠡᠭᠦᠷᠭᠡ ᠪᠠᠨ 116.8% ᠪᠠᠷ ᠪᠡᠶᠡᠯᠡᠭᠦᠯᠵᠡᠶ᠃ ᠡᠭᠦᠨ ᠳᠤ ︽ᠠᠷᠪᠠ ᠶᠢ ᠪᠦᠷᠢᠨ ᠪᠥᠷᠬᠦᠭᠦᠯᠬᠦ︾ 10 ᠵᠦᠢᠯ ᠤᠨ ᠢᠨᠵᠧᠨᠧᠷᠢᠩ ᠠᠴᠠ ᠭᠠᠳᠠᠨᠠᠬᠢ ᠰᠢᠭᠤᠳ ᠬᠤᠯᠪᠤᠭᠳᠠᠯ ᠪᠥᠬᠦᠶ ᠲᠥᠷᠥᠯ ᠵᠦᠢᠯ ᠤᠨ ᠥᠷᠢᠲᠦᠵᠦ ᠪᠠᠶᠢᠭ᠎ᠠ ᠪᠠᠷᠢᠯᠭ᠎ᠠ ᠶᠢᠨ ᠵᠣᠭᠤᠰ ᠢ ᠪᠦᠬᠦᠨ ᠢ ᠰᠢᠢᠳᠪᠦᠷᠢᠯᠡᠪᠡ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠵᠦ ᠪᠠᠶᠢᠭ᠎ᠠ‌‍ᠲ᠋ᠠᠩᠰᠠᠨ ᠵᠣᠭᠤᠰ ᠢ 2.6 ᠳ᠋ᠦᠩᠰᠢᠭᠤᠷ ᠲᠥᠭᠦᠷᠢᠭ ᠢᠯᠭᠠᠷᠠᠭᠤᠯᠵᠤ᠂ ᠨᠡᠶᠢᠲᠡ 4.48 ᠳ᠋ᠦᠩᠰᠢᠭᠤᠷ ᠲᠥᠭᠦᠷᠢᠭ ᠲᠤ ᠬᠦᠷᠪᠡ᠃ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ 4 ᠪᠠᠩᠬᠢ 2504 ᠲᠦᠮᠡᠨ ᠲᠥᠭᠦᠷᠢᠭ ᠤᠨ ᠡᠷᠡᠭᠦᠯ ᠪᠤᠰᠤ ᠵᠢᠭᠡᠯᠡᠯᠭᠡ ᠶᠢ ᠴᠡᠪᠡᠷᠯᠡᠨ ᠬᠤᠷᠢᠶᠠᠵᠤ᠂ ᠨᠡᠶᠢᠲᠡ 1.78 ᠳ᠋ᠦᠩᠰᠢᠭᠤᠷ ᠲᠥᠭᠦᠷᠢᠭ ᠲᠤ ᠬᠦᠷᠪᠡ᠃ ︽ᠳᠥᠷᠪᠡᠨ ᠵᠦᠢᠯ ᠤᠨ ᠪᠡᠷᠬᠡ ᠰᠡᠳᠦᠪ ᠢ  ᠰᠢᠢᠳᠪᠦᠷᠢᠯᠡᠬᠦ︾᠂ ᠲᠦᠷᠦᠯ ᠵᠦᠢᠯ ᠢ ᠪᠠᠶᠢᠴᠠᠭᠠᠨ ᠰᠢᠢᠳᠪᠦᠷᠢᠯᠡᠬᠦ᠂ ᠰᠦᠯᠵᠢᠶᠡᠨ ᠤ ᠵᠠᠬᠢᠳᠠᠯ ᠰᠤᠷᠪᠤᠯᠵᠢᠯᠠᠭ᠎ᠠ ᠶᠢ ᠰᠢᠢᠳᠪᠦᠷᠢᠯᠡᠬᠦ ᠠᠵᠢᠯ ᠤᠨ ᠡᠷᠴᠢᠮ ᠢ ᠦᠨᠡᠨᠬᠦ ᠴᠢᠩᠭᠠᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠪᠦᠬᠦ ᠬᠤᠲᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠢᠨᠠᠨ ᠰᠢᠯᠭᠠᠯᠳᠠ ᠳᠤᠮᠳᠠ ᠨᠢᠭᠡᠳᠦᠭᠡᠷ ᠲᠤ ᠵᠢᠭᠰᠠᠭᠠᠵᠠᠢ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠭᠦᠨᠵᠡᠭᠡᠶ ᠠᠬᠢᠭᠤᠯᠵᠤ᠂ ᠬᠠᠷ᠎ᠠ ᠨᠡᠶᠢᠭᠡᠮ ᠤᠨ ᠰᠢᠨᠵᠢ ᠴᠢᠨᠠᠷᠲᠠᠶ ᠶᠠᠯᠠᠲᠤ ᠠᠵᠢᠯᠯᠠᠭ᠎ᠠ ᠶᠢᠨ ᠵᠣᠬᠢᠶᠠᠨ ᠪᠠᠶᠢᠭᠤᠯᠤᠯᠲᠠ 1 ᠶᠢ ᠤᠰᠠᠳᠬᠠᠵᠤ᠂ ᠬᠠᠷᠭᠢᠰ ᠬᠦᠴᠦᠨ ᠤ ᠶᠠᠯᠠᠲᠤ ᠪᠦᠯᠦᠭ 1᠂ ᠬᠠᠷᠭᠢᠰ ᠬᠦᠴᠦᠨ ᠤ ᠶᠠᠯᠠᠲᠤ ᠪᠦᠯᠦᠭ 5 ᠶᠢ ᠠᠷᠢᠯᠭᠠᠵᠤ᠂ 33 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ 3 ᠬᠥᠮᠦᠨ ᠢ ᠪᠠᠶᠢᠴᠠᠭᠠᠨ  ᠰᠢᠢᠳᠪᠦᠷᠢᠯᠡᠨ᠎ᠡ᠃ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠨᠡᠭᠦᠷᠡᠰᠦᠨ ᠤ ᠪᠤᠰᠤ ᠠᠭᠤᠷᠬᠠᠶ᠂ ᠵᠠᠮ ᠬᠠᠷᠢᠯᠴᠠᠭ᠎ᠠ ᠵᠡᠷᠭᠡ ᠠᠵᠢᠯ ᠲᠥᠷᠥᠯ ᠤᠨ ᠬᠦᠷᠢᠶᠡᠨ ᠳᠤ ᠬᠠᠤᠯᠢ ᠬᠡᠷᠡᠭᠵᠢᠬᠦᠯᠬᠦ ᠶᠡᠭᠡ ᠪᠠᠶᠢᠴᠠᠭᠠᠯᠲᠠ ᠬᠢᠵᠦ᠂ ᠡᠯ᠎ᠡ ᠲᠥᠷᠥᠯ ᠤᠨ ᠠᠳᠡᠯ ᠤᠨ ᠳᠠᠯᠳᠠ ᠭᠡᠮ 783 ᠢ ᠴᠠᠭ ᠲᠤᠬᠠᠶ ᠳᠤᠨᠢ ᠠᠷᠢᠯᠭᠠᠵᠠᠶ᠃ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠢᠶᠠᠷ ᠰᠠᠶᠢᠵᠢᠷᠠᠵᠤ᠂ ᠪᠦᠬᠦ ᠵᠢᠯ ᠳᠤ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠡ᠊ᠨᠳᠡᠯ ᠭᠠᠷᠤᠭᠰᠠᠨ ᠦᠭᠡᠢ᠃ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠬᠤ᠂ ︽ᠬᠠᠷ᠎ᠠ ᠦᠢᠯᠡᠳᠭᠡᠯ︾ ᠪᠠ ︽ᠬᠤᠶᠠᠷ ᠢ ᠳᠠᠪᠠᠵᠤ ᠨᠢᠭᠡ ᠪᠤᠰᠤ︾ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠦ᠂ ᠡᠮ ᠤᠨ ᠵᠦᠢᠯ ᠤᠨ ᠬᠠᠤᠯᠢ ᠪᠤᠰᠤ ᠬᠡᠷᠡᠭ ᠢ 7 ᠪᠠᠶᠢᠴᠠᠭᠠᠨ ᠰᠢᠢᠳᠪᠦᠷᠢᠯᠡᠪᠡ᠃     ︵ᠬᠤᠶᠠᠷ︶ ︽ᠭᠤᠷᠪᠠᠨ ᠶᠡᠭᠡ ᠠᠵᠤ ᠦᠢᠯᠡᠰ︾ ᠢ ᠪᠤᠶᠢᠵᠢᠭᠤᠯᠤᠨ ᠪᠤᠵᠠᠭᠠᠶᠢᠷᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠬᠦᠴᠦᠲᠡᠶ ᠪᠣᠯᠪᠠ    ᠰᠢᠨ᠎ᠡ ᠮᠠᠲ᠋ᠧᠷᠢᠶᠠᠯ ᠤᠨ ᠠᠵᠤ ᠦᠢᠯᠡᠰ ᠣᠯᠠᠨ ᠲᠠᠯ᠎ᠠ ᠪᠠᠷ ᠵᠡᠷᠭᠡᠴᠡᠨ ᠬᠥᠭᠵᠢᠪᠡ᠃  ᠺᠠᠢ ᠶᠢᠨ ᠤ ᠬᠤᠶᠠᠳᠤᠭᠠᠷ ᠬᠤᠭᠤᠴᠠᠭ᠎ᠠ᠂ ᠾᠧᠩ ᠱᠧᠩ᠂ ᠾᠧᠩ ᠺᠧ᠂ ᠹᠧᠩ ᠶᠠᠨ ᠵᠢᠶᠤᠤ ᠯᠢᠲ᠋ᠢ ᠶᠢᠨ ᠪᠢᠯᠢᠭ ᠲᠦᠢᠯ ‍ᠤᠨ‌ᠮᠠᠲ᠋ᠧᠷᠢᠶᠠᠯ ᠤᠨ ᠲᠥᠷᠥᠯ ᠵᠦᠢᠯ ᠪᠠ ᠲᠦᠩ ᠱᠧᠩ ᠴᠠᠬᠢᠭᠤᠷ ᠬᠦᠴᠢᠯ ᠤᠨ ᠬᠥᠩᠭᠡᠨᠴᠠᠭᠠᠨ ᠤ ᠰᠢᠷᠬᠡᠭᠯᠢᠭ ᠤᠨ ᠬᠠᠳᠬᠤᠭᠤᠷ ᠬᠡᠪᠢᠰ ᠤᠨ ᠥᠨᠳᠥᠷ ᠳᠤᠯᠠᠭᠠᠨ ᠳᠤ ᠢᠯᠴᠢ ᠬᠥᠨᠳᠡᠶᠢᠷᠡᠭᠦᠯᠬᠦ ᠮᠠᠲ᠋ᠧᠷᠢᠶᠠᠯ ᠤᠨ ᠲᠥᠷᠥᠯ ᠵᠦᠢᠯ ᠢ ᠵᠠᠯᠭ᠎ᠠ ᠵᠠᠯᠭ᠎ᠠ ᠪᠠᠷ ᠪᠠᠶᠢᠭᠤᠯᠵᠤ ᠳᠠᠭᠤᠰᠬᠠᠭᠰᠠᠨ ᠪᠤᠶᠤ ᠠᠰᠢᠭᠯᠠᠯᠲᠠ ᠳᠤ ᠣᠷᠣᠭᠤᠯᠪᠠ᠃ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠪᠣᠯᠪᠠᠰᠤᠷᠠᠭᠤᠯᠬᠤ ᠠᠵᠤ ᠠᠬᠤᠶᠢᠯᠠᠯ ᠬᠥᠭᠵᠢᠭᠡᠳ 5 ᠪᠣᠯᠵᠤ᠂ ᠵᠢᠯ ᠤᠨ ᠦᠢᠯᠡᠳᠪᠦᠷᠢᠯᠡᠬᠦ ᠴᠢᠳᠠᠪᠤᠷᠢ 5 ᠲᠦᠮᠡᠨ ᠲᠣᠨ ᠳᠤ ᠬᠦᠷᠴᠦ᠂ ᠦᠢᠯᠡᠳᠬᠦᠨ ᠤ ᠥᠷᠲᠡᠭ 10 ᠳ᠋ᠦᠩᠰᠢᠭᠤᠷ ᠲᠦᠬᠦᠷᠢᠭ ᠲᠤ ᠬᠦᠷᠴᠦ᠂ ᠪᠦᠬᠦ ᠰᠢᠶᠠᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ 20% ᠶᠢ ᠡᠵᠡᠯᠡᠵᠦ᠂ ᠺᠠᠶᠢᠵᠢᠨ ᠤ ᠶᠡᠷᠦᠩᠬᠡᠢ ᠭᠠᠷᠤᠯᠲᠠ ᠨᠢ ᠤᠯᠤᠰ ᠤᠨ ᠳᠣᠲᠣᠭᠠᠳᠤ ᠶᠢᠨ ᠠᠵᠢᠯ ᠨᠢᠭᠡᠲᠡᠨ ᠤ ᠡᠮᠦᠨ᠎ᠡ ᠭᠤᠷᠪᠠ ᠳᠤ ᠣᠷᠣᠵᠠᠢ᠃ ᠥᠨᠳᠥᠷ ᠳᠤᠯᠠᠭᠠᠨ ᠳᠤ ᠢᠯᠴᠢ ᠬᠥᠨᠳᠡᠶᠢᠷᠡᠭᠦᠯᠬᠦ ᠮᠠᠲ᠋ᠧᠷᠢᠶᠠᠯ ᠪᠣᠯᠪᠠᠰᠤᠷᠠᠭᠤᠯᠬᠤ ᠠᠵᠤ ᠠᠬᠤᠶᠢᠯᠠᠯ 4 ᠪᠣᠯᠵᠤ᠂ ᠵᠢᠯ ᠤᠨ ᠭᠠᠷᠤᠯᠲᠠ 5 ᠲᠦᠮᠡᠨ ᠲᠣᠨ ᠳᠤ ᠬᠦᠷᠴᠦ᠂ 150% ᠪᠠᠷ ᠨᠡᠮᠡᠭᠳᠡᠪᠡ᠃ ᠳ᠋ᠦᠩ ᠱᠧᠩ ᠴᠠᠬᠢᠭᠤᠷᠲᠤ ᠵᠠᠮᠠᠭ ᠤᠨ ᠬᠥᠷᠥᠰᠥᠨ ᠳᠤ ᠵᠢᠯ ᠳᠤ ᠴᠠᠬᠢᠭᠤᠷ ᠵᠠᠮᠠᠭ ᠤᠨ ᠬᠠᠪᠲᠠᠰᠤ 400 ᠲᠦᠮᠡᠨ ᠲᠡᠭᠰᠢ ᠳᠥᠷᠪᠡᠯᠵᠢᠨ ᠮᠧᠲᠷ ᠦᠢᠯᠡᠳᠪᠦᠷᠢᠯᠡᠵᠦ ᠵᠦᠩ ᠾᠦᠢ ᠸᠠᠭᠠᠷ ᠱᠠᠭᠠᠵᠠᠩ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠪᠠ ᠾᠧᠩ ᠳ᠋ᠧ ᠺᠠᠩ ᠡᠮᠴᠢᠯᠡᠭᠡᠨ ᠤ ᠪᠠᠭᠠᠵᠢ ᠬᠡᠷᠡᠭᠰᠡᠯ ᠦᠢᠯᠡᠳᠪᠦᠷᠢᠯᠡᠬᠦ ᠲᠥᠷᠥᠯ ᠵᠦᠢᠯ ᠲᠥᠬᠦᠭᠡᠷᠦᠮᠵᠢ ᠤᠭᠰᠠᠷᠠᠬᠤ ᠱᠠᠲᠤᠨ ᠳᠤ ᠣᠷᠣᠵᠤ᠂ ᠾᠧᠩ ᠺᠧ ᠴᠡᠷᠢᠭ ᠠᠷᠠᠳ ᠤᠨ ᠬᠤᠶᠠᠷ ᠬᠡᠷᠡᠭᠴᠡᠭᠡᠲᠦ ᠣᠨᠴᠠ ᠲᠥᠷᠥᠯ ᠤᠨ ᠸᠠᠭᠠᠷ ᠱᠠᠭᠠᠵᠠᠩ ᠤᠨ ᠲᠥᠷᠥᠯ ᠵᠦᠢᠯ ᠨᠢ ᠦᠢᠯᠡᠳᠪᠦᠷᠢᠯᠡᠯ ᠤᠨ ᠨᠥᠬᠦᠴᠡᠯ ᠢ ᠪᠦᠷᠢᠯᠳᠦᠭᠦᠯᠵᠡᠶ᠃ ᠵᠢᠦᠢ ᠴᠧᠨ ᠵᠢᠯ ᠳᠤ 1.5 ᠲᠦᠮᠡᠨ ᠲᠣᠨ ᠣᠯᠠᠨ ᠲᠠᠯᠠᠰᠲᠤ ᠴᠠᠬᠢᠭᠤᠷ ᠪᠣᠯᠪᠠᠰᠤᠷᠠᠭᠤᠯᠬᠤ᠂ ᠱᠧᠨ ᠬᠤᠩ ᠵᠢᠯ ᠳᠤ 3.6 ᠲᠦᠮᠡᠨ ᠲᠣᠨ ᠨᠡᠭᠦᠷᠡᠰᠦᠲᠥ᠋ᠷᠥᠭᠴᠢᠲᠦ ᠴᠠᠬᠢᠭᠤᠷ ᠦᠢᠯᠡᠳᠪᠦᠷᠢᠯᠡᠬᠦ ᠪᠠ ᠬᠤᠸᠠ ᠰᠢᠨ ᠴᠠᠬᠢᠭᠤᠷ ᠵᠢᠯ ᠳᠤ 2 ᠲᠦᠮᠡᠨ ᠲᠣᠨ ᠥᠨᠳᠥᠷ ᠴᠡᠪᠡᠷ ᠴᠠᠬᠢᠭᠤᠷ ᠦᠢᠯᠡᠳᠪᠦᠷᠢᠯᠡᠬᠦ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠤᠷᠤᠭᠤᠯᠪᠠ᠃    ᠰᠢᠨ᠎ᠡ ᠡᠨᠧᠷᠭᠢ ᠶᠢᠨ ᠠᠵᠤ ᠦᠢᠯᠡᠰ ᠲᠦᠷᠭᠡᠨ ᠢᠶᠠᠷ ᠦᠰᠦᠨ ᠪᠤᠶᠢᠵᠢᠪᠠ᠃ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠶᠡᠷᠦᠩᠬᠡᠶ ᠪᠠᠯᠠ ᠣᠷᠣᠭᠤᠯᠤᠯᠲᠠ 8.36 ᠳ᠋ᠦᠩᠰᠢᠭᠤᠷ ᠲᠦᠭᠦᠷᠢᠭ᠂ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 30 ᠲᠦᠮᠡᠨ ᠺᠢᠯᠣᠸᠠᠲ ᠤᠨ ᠰᠢᠨ᠎ᠡ ᠮᠠᠶ᠋ᠢᠭ ᠤᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠶᠢᠨ ᠪᠣᠳᠠᠲᠤ ᠭᠡᠷᠡᠴᠢ ᠶᠢᠨ ᠪᠠᠶᠢᠴᠠᠭᠠᠨ ᠬᠡᠮᠵᠢᠬᠦ ᠲᠤᠷᠰᠢᠯᠲᠠ ᠶᠢᠨ ᠰᠠᠯᠬᠢᠨ ᠤ ᠲᠠᠯᠠᠪᠠᠶ ᠶᠢᠨ ᠲᠥᠷᠥᠯ ᠵᠦᠢᠯ ᠳᠤ ᠭᠠᠵᠠᠷ ᠰᠢᠨᠵᠢᠯᠡᠭᠡᠨ ᠤ ᠬᠠᠶᠢᠨ ᠰᠢᠨᠵᠢᠬᠦ ᠪᠠ ᠰᠤᠳᠤᠯᠵᠦ ᠪᠣᠯᠬᠤ ᠵᠡᠷᠭᠡ ᠠᠵᠢᠯ ᠢ ᠪᠡᠶᠡᠯᠡᠭᠦᠯᠪᠡ᠃ ᠲᠣᠰᠬᠤᠨ ᠤ ᠲᠠᠰ ᠤᠨ ᠭᠡᠷᠡᠯ ᠸᠣᠯᠲ ᠢᠶᠠᠷ ᠶᠠᠳᠠᠭᠤ ᠶᠢ ᠲᠡᠳᠬᠦᠬᠦ ᠴᠠᠬᠢᠯᠭᠠᠨ ᠥᠷᠲᠡᠭᠡ ᠶᠢᠨ ᠨᠢᠭᠡᠳᠦᠭᠡᠷ ᠪᠦᠯᠦᠭ 19.301 ᠰᠠᠶ᠎ᠠ ᠸᠠᠲ ᠪᠣᠯᠤᠨ ᠬᠤᠶᠠᠳᠠᠬᠢ ᠪᠦᠯᠦᠭ 25.36 ᠰᠠᠶ᠎ᠠ ᠸᠠᠲ ᠤᠨ ᠲᠥᠷᠥᠯ ᠵᠦᠢᠯ ᠢ ᠰᠦᠯᠵᠢᠶ᠎ᠡ ᠪᠠᠷ ᠴᠠᠬᠢᠯᠭᠠᠨ ᠭᠠᠷᠭᠠᠵᠤ᠂ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 4.47 ᠲᠦᠮᠡᠨ ᠺᠢᠯᠣᠸᠠᠲ ᠲᠤ ᠬᠦᠷᠴᠦ᠂ 22.23 ᠲᠦᠮᠡᠨ ᠺᠢᠯᠣᠸᠠᠲ ᠲᠤ ᠬᠦᠷᠴᠦ᠂ 25.5% ᠪᠠᠷ ᠨᠡᠮᠡᠭᠳᠡᠪᠡ︔ ᠹᠦ᠋ ᠱᠧᠩ ᠨᠡᠷᠡᠨ ᠡᠨᠧᠷᠭᠢ᠂ ᠰᠢᠨ ᠱᠧᠩ ᠨᠡᠷᠡᠨ ᠡᠨᠧᠷᠭᠢ᠂ ᠤᠯᠤᠰ ᠤᠨ ᠴᠠᠬᠢᠯᠭᠠᠨ᠂ ᠱᠠᠩᠳᠤ ᠰᠢᠶᠠᠨ ᠤ ᠭᠡᠷᠡᠯ ᠢᠶᠠᠷ ᠴᠠᠬᠢᠯᠭᠠᠨ ᠭᠠᠷᠭᠠᠬᠤ᠂ ᠤᠯᠤᠰ ᠤᠨ ᠴᠠᠬᠢᠯᠭᠠᠨ᠂ ᠱᠠᠩᠳᠤ ᠰᠢᠶᠠᠨ ᠤ ᠬᠤᠶᠠᠳᠤᠭᠠᠷ ᠭᠡᠷᠡᠯ ᠢᠶᠠᠷ ᠴᠠᠬᠢᠯᠭᠠᠨ ᠭᠠᠷᠭᠠᠬᠤ᠂ ᠲᠢᠶᠠᠨ ᠾᠦᠢ ᠨᠡᠷᠡᠨ ᠡᠨᠧᠷᠭᠢ ᠶᠢᠨ ᠭᠡᠷᠡᠯ ᠢᠶᠠᠷ ᠴᠠᠬᠢᠯᠭᠠᠨ ᠭᠠᠷᠭᠠᠬᠤ ᠵᠡᠷᠭᠡ 5 ᠠᠵᠤ ᠠᠬᠤᠶᠢᠯᠠᠯ ᠤᠨ ᠬᠢ ᠠᠴᠠ ᠳᠡᠭᠡᠭᠰᠢᠬᠢ ᠠᠵᠤ ᠠᠬᠤᠶᠢᠯᠠᠯ ᠳᠤ ᠣᠷᠣᠵᠠᠶ᠃ ᠪᠦᠬᠦ ᠵᠢᠯ ᠳᠤ 2.26 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ 11.5% ᠪᠠᠷ  ᠨᠡᠮᠡᠭᠳᠡᠪᠡ᠃    ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠦᠷᠭᠦᠯᠵᠢᠯᠡᠨ ᠪᠤᠵᠠᠭᠠᠶᠢᠷᠠᠪᠠ᠃ ᠭᠤᠷᠪᠠᠳᠤᠭᠠᠷ ᠬᠤᠭᠤᠴᠠᠭᠠᠨ ᠤ ᠲᠥᠮᠥᠰᠥ ᠶᠢᠨ ᠠᠮᠲᠠᠲᠤ ᠢᠳᠡᠭᠡᠨ ᠤ ᠰᠣᠶᠣᠯ ᠤᠨ ᠨᠠᠶᠢᠷ ᠢ ᠠᠮᠵᠢᠯᠲᠠ ᠲᠠᠢ ᠡᠷᠬᠢᠯᠡᠵᠦ᠂᠂ 14 ᠴᠢᠬᠤᠯᠠ ᠶᠡᠭᠡ ᠲᠥᠷᠥᠯ  ᠵᠦᠢᠯ ᠳᠤ ᠲᠥᠪᠯᠡᠷᠡᠭᠦᠯᠦᠨ ᠭᠡᠷ᠎ᠡ ᠲᠣᠭᠲᠠᠵᠤ᠂ 42.36 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠳᠤ ᠭᠡᠷ᠎ᠡ ᠲᠣᠭᠲᠠᠪᠠ᠃ ᠪᠦᠬᠦ ᠵᠢᠯ ᠳᠤ ᠵᠤᠭᠠᠴᠠᠭᠰᠠᠳ ᠢ 59.8 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 1785 ᠲᠦᠮᠡᠨ ᠲᠥᠭᠦᠷᠢᠭ ᠲᠤ ᠬᠦᠷᠴᠦ᠂ 10% ᠪᠠᠷ ᠨᠡᠮᠡᠭᠳᠡᠪᠡ᠃ 8 ᠭᠤᠣᠯᠳᠠᠯᠭ᠎ᠠ ᠲᠠᠢ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ ᠭᠦᠢᠯᠭᠡᠭᠡᠨ ᠤ ᠲᠥᠷᠥᠯ ᠵᠦᠢᠯ 1.68 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠡᠭᠡᠵᠢᠩ ᠤᠨ ᠬᠥᠳᠡᠭᠡ ᠲᠣᠰᠬᠤᠨ ᠤ ᠪᠡᠯᠡ ᠤᠷᠤᠭᠤᠯᠤᠯᠳᠠ ᠶᠢᠨ ᠲᠥᠮᠥᠰᠥ ᠢᠳᠡᠰᠢᠨ ᠨᠣᠭᠤᠭ᠎ᠠ ᠶᠢ ᠰᠣᠷᠭᠤᠭ ᠬᠡᠷᠴᠢᠵᠦ ᠪᠣᠯᠪᠠᠰᠤᠷᠠᠭᠤᠯᠬᠤ ᠲᠥᠪ᠂ ᠨᠠᠨ ᠬᠡᠦ ᠨᠠᠭᠤᠷ ᠤᠨ ᠠᠮᠢ ᠠᠬᠤᠢ ᠶᠢᠨ ᠬᠦᠷᠢᠶᠡᠯᠡᠩ᠂ ᠳᠠᠩ ᠪᠠᠢ ᠠᠮᠢᠳᠤᠷᠠᠯ ᠤᠨ ᠲᠠᠯᠠᠪᠠᠢ᠂ ᠵᠢᠶᠠ ᠵᠢᠶᠠ ᠶᠤᠸᠠᠢ ᠬᠡᠲᠦ ᠳᠡᠯᠭᠡᠭᠦᠷ᠂ ᠮᠧᠩ ᠳ᠋ᠧ ᠶᠤᠸᠠᠨ ᠤ ᠠᠯᠠᠰᠢᠨ ᠬᠤᠨᠢ ᠠᠯᠠᠵᠤ ᠬᠠᠳᠠᠭᠠᠯᠠᠬᠤ ᠪᠠᠷᠠᠭ᠎ᠠ ᠶᠢᠨ ᠭᠦᠢᠯᠭᠡᠭᠡ ᠵᠡᠷᠭᠡ ᠲᠥᠷᠥᠯ ᠵᠦᠢᠯ ᠢ ᠵᠠᠯᠭᠠᠭ᠎ᠠ ᠪᠠᠷ ᠪᠠᠶᠢᠭᠤᠯᠵᠤ ᠳᠠᠭᠤᠰᠬᠠᠭᠰᠠᠨ ᠪᠤᠶᠤ ᠠᠰᠢᠭᠯᠠᠯᠲᠠ ᠳᠤ ᠣᠷᠣᠭᠤᠯᠪᠠ᠃ ᠳᠥᠷᠪᠡᠨ ᠣᠳᠣᠨ ᠲᠡᠰ ᠤᠨ ᠪᠠᠷᠢᠮᠵᠢᠶ᠎ᠠ ᠪᠠᠷ ᠰᠢᠨ᠎ᠡ ᠪᠠᠷ ᠪᠠᠶᠢᠭᠤᠯᠤᠭᠰᠠᠨ ᠲᠣᠮᠣ ᠲᠣᠮᠣ᠂ ᠽᠢ ᠢᠦᠶ ᠬᠤᠶᠠᠷ ᠪᠠᠭᠤᠳᠠᠯ ᠨᠢᠭᠡᠨᠲᠡ ᠳᠣᠲᠣᠭᠠᠳᠤ ᠵᠠᠰᠠᠯ ᠴᠢᠮᠡᠭᠯᠡᠯ ᠤᠨ ᠱᠠᠲᠤᠨ ᠳᠤ ᠣᠷᠣᠵᠠᠶ᠃ ᠮᠠᠨ ᠤ ᠰᠢᠶᠠᠨ ︽ᠠ ᠯᠢ ᠪᠠ ᠪᠠ ᠲᠠᠷᠢᠶᠠᠯᠠᠩ ᠢ ᠬᠥᠭᠵᠢᠭᠦᠯᠬᠦ ᠶᠠᠳᠠᠭᠤ ᠶᠢ ᠲᠡᠳᠬᠦᠬᠦ ᠨᠡᠷᠡᠲᠦ ᠲᠡᠮᠳᠡᠭᠲᠦ ᠶᠢᠨ ᠥᠷᠲᠡᠭᠡ︾ ᠪᠠᠷ ᠡᠷᠭᠦᠮᠵᠢᠯᠡᠭᠳᠡᠵᠦ᠂ ᠪᠥᠬᠦ ᠵᠢᠯ ᠤᠨ ᠡᠯᠧᠺᠲᠷᠣᠨ ᠬᠤᠳᠠᠯᠳᠤᠭᠠᠨ ᠤ ᠲᠣᠤᠷ ᠰᠦᠯᠵᠢᠶᠡᠨ ᠤ ᠠᠷᠠᠯᠵᠢᠶᠠᠨ ᠤ ᠲᠤᠭ᠎ᠠ 7245 ᠲᠦᠮᠡᠨ ᠲᠦᠭᠦᠷᠢᠭ ᠲᠤ ᠬᠦᠷᠴᠦ᠂ 13% ᠪᠠᠷ ᠨᠡᠮᠡᠭᠳᠡᠪᠡ᠃ ᠪᠦᠬᠦ ᠰᠢᠶᠠᠨ ᠤ 7 ᠪᠠᠩᠬᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠰ ᠲᠤᠰ 11.39% ᠪᠠ 22.1% ᠪᠠᠷ ᠨᠡᠮᠡᠭᠳᠡᠵᠦ᠂ ᠮᠥᠩᠭᠦᠨ ᠭᠦᠢᠯᠭᠡᠭᠡᠨ  ᠢᠶᠠᠷ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ᠂ ᠪᠣᠳᠠᠲᠤ ᠴᠤᠭᠴᠠ ᠶᠢᠨ ᠠᠵᠤ ᠠᠬᠤᠶ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠲᠦᠷᠦᠯ ᠤᠨ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠴᠢᠳᠠᠪᠤᠷᠢ ᠤᠯᠠᠮ ᠨᠢᠭᠡ ᠠᠯᠬᠤᠮ ᠴᠢᠩᠭᠠᠷᠠᠪᠠ᠃    ︵ᠭᠤᠷᠪᠠ︶ ᠳᠤᠲᠠᠭᠤᠳᠠᠯ ᠢᠶᠠᠨ ᠨᠥᠬᠦᠪᠥᠷᠢᠯᠡᠵᠦ ᠰᠠᠭᠤᠷᠢ ᠪᠠᠨ ᠴᠢᠩᠭᠠᠳᠬᠠᠵᠤ᠂ ᠬᠤᠲᠠ ᠬᠥᠳᠡᠭᠡ ᠶᠢ ᠨᠢᠭᠡᠳᠦᠯᠳᠡᠢ ᠲᠥᠯᠥᠪᠯᠡᠨ ᠬᠥᠭᠵᠢᠭᠦᠯᠬᠦ ᠠᠬᠢᠴᠠ ᠲᠦᠷᠭᠡᠳᠪᠡ    ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠯᠠᠪᠳᠠᠭᠤᠨ ᠢᠶᠠᠷ ᠠᠬᠢᠪᠠ᠃ ︽ᠨᠢᠭᠡ ᠲᠥᠮᠥᠰᠥ ᠬᠤᠶᠠᠷ ᠨᠣᠭᠤᠭ᠎ᠠ︾ ᠵᠢᠴᠢ ᠡᠯᠳᠡᠪ ᠠᠮᠤ ᠡᠯᠳᠡᠪ ᠪᠤᠷᠴᠠᠭ ᠳᠠᠷᠢᠬᠤ ᠲᠠᠯᠠᠪᠠᠶ 87.5 ᠲᠦᠮᠡᠨ ᠮᠥ ᠳᠤ ᠬᠦᠷᠴᠦ᠂ ᠶᠡᠷᠦᠩᠬᠡᠶ ᠨᠡᠪᠲᠡᠷᠡᠭᠦᠯᠭᠡ ᠶᠢᠨ ᠲᠠᠯᠠᠪᠠᠢ ᠶᠢᠨ 55.7% ᠶᠢ ᠡᠵᠡᠯᠡᠵᠡᠶ᠃ ᠰᠢ ᠰᠧᠨ ᠺᠣᠮᠫᠠᠨᠢ ᠶᠡᠷᠦᠩᠬᠡᠶ ᠲᠠᠯᠠᠪᠠᠶ ᠨᠢ 3.15 ᠲᠦᠮᠡᠨ ᠲᠡᠭᠰᠢ ᠳᠥᠷᠪᠡᠯᠵᠢᠨ ᠮᠧᠲᠷ ᠲᠥᠮᠥᠰᠥ ᠶᠢᠨ ᠬᠤᠤᠷ ᠥᠬᠡᠶᠢᠳᠡᠭᠦᠯᠬᠦ ᠴᠢᠬᠢ ᠮᠣᠳᠣ ᠪᠤᠶᠢᠵᠢᠭᠤᠯᠬᠤ ᠲᠥᠪ ᠪᠣᠯᠤᠨ 873 ᠮᠦ ᠲᠥᠮᠥᠰᠥ ᠶᠢᠨ ᠤᠤᠯ ᠤᠨ ᠡᠭᠦᠯᠳᠡᠷ ᠢ ᠦᠷᠡᠵᠢᠭᠦᠯᠬᠦ ᠰᠠᠭᠤᠷᠢᠨ ᠭᠠᠵᠠᠷ ᠪᠠᠶᠢᠭᠤᠯᠵᠠᠶ᠃ ᠵᠢᠯ ᠳᠤ ᠤᠤᠯ ᠤᠨᠠᠯᠲᠠ ᠶᠢ 2140 ᠲᠦᠮᠡᠨ ᠮᠥᠬᠦᠯᠢᠭ ᠲᠠᠷᠢᠵᠤ᠂ ᠬᠤᠣᠷ ᠢ ᠨᠢ ᠠᠷᠢᠯᠭᠠᠭᠰᠠᠨ ᠦᠷ᠎ᠡ ᠶᠢᠨ ᠲᠥᠮᠥᠰᠥ ᠶᠢ ᠦᠷᠡᠵᠢᠭᠦᠯᠦᠨ ᠪᠤᠶᠢᠵᠢᠭᠤᠯᠬᠤ ᠴᠢᠳᠠᠪᠤᠷᠢ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠵᠢᠶᠠ ᠷᠦᠩ ᠯᠢ ᠳ᠋ᠡ ᠺᠣᠮᠫᠠᠨᠢ ᠶᠢ ᠣᠷᠣᠭᠤᠯᠤᠨ ᠠᠪᠴᠢᠷᠠᠵᠤ ᠭᠠᠯᠠᠭᠤ ᠶᠢᠨ ᠠᠵᠤ ᠦᠢᠯᠡᠰ ᠢ ᠶᠡᠬᠡᠪᠡᠷ ᠬᠦᠭᠵᠢᠭᠦᠯᠵᠦ᠂ ᠵᠢᠯ ᠤᠨ ᠠᠷᠠᠴᠢᠯᠠᠭ᠎ᠠ ᠶᠢᠨ ᠬᠡᠮᠵᠢᠶ᠎ᠡ 13.2 ᠲᠦᠮᠡᠨ ᠢᠳᠤᠬᠠᠨ ᠳᠤ ᠬᠦᠷᠪᠡ᠃ ᠠᠯᠠᠰᠢᠨ ᠬᠤᠨᠢ᠂ ᠠᠯᠠᠰᠢᠨ ᠦᠬᠡᠷ᠂ ᠰᠠᠭᠠᠯᠢ ᠶᠢᠨ ᠦᠨᠢᠶ᠎ᠡ᠂ ᠭᠠᠭ᠋ᠠᠶ ᠪᠠᠷ ᠭᠤᠤᠯ ᠪᠣᠯᠭᠠᠭᠰᠠᠨ ᠮᠠᠯ ᠠᠵᠤ ᠠᠬᠤᠶ ᠡᠷᠡᠭᠦᠯ ᠢᠶᠠᠷ ᠬᠥᠭᠵᠢᠵᠦ᠂ ᠮᠠᠯᠵᠢᠯ ᠤᠨ ᠤᠨ ᠮᠠᠯ ᠤᠨ ᠲᠤᠭ᠎ᠠ 44.96 ᠲᠦᠮᠡ ᠳᠤ ᠬᠦᠷᠴᠦ᠂ 91.39 ᠲᠦᠮᠡ ᠳᠤ ᠬᠦᠷᠴᠦ᠂ 139% ᠪᠠᠷ ᠨᠡᠮᠡᠭᠳᠡᠪᠡ᠃ ᠶᠠᠰᠤ ᠴᠢᠨᠠᠷ ᠤᠨ ᠠᠮᠤᠷ ᠲᠦᠪᠰᠢᠨ ᠪᠠ ᠨᠡᠷᠡᠳᠦ ᠳᠡᠮᠳᠡᠭ ᠤᠨ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠣᠯᠵᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠠᠴᠠ ︽ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠰᠢᠶᠠᠨ︾ ᠳᠤ ᠣᠯᠭᠤᠪᠠ᠃ ︽ᠱᠠᠩᠳᠤ ᠰᠢᠶᠠᠨ ᠤ ᠰᠢ ᠴᠢᠨ︾ ᠨᠢ ᠥᠪᠡᠷᠲᠡᠭᠡᠨ ᠵᠠᠰᠠᠬᠤ ᠣᠷᠣᠨ ᠠᠴᠠ ᠥᠪᠥᠷ ᠮᠣᠩᠭᠤᠯ ᠤᠨ ᠭᠠᠵᠠᠷ ᠵᠦᠶ ᠶᠢᠨ ᠲᠡᠮᠳᠡᠭ ᠤᠨ ᠬᠡᠷᠡᠭᠯᠡᠯᠲᠡ ᠶᠢ ᠠᠬᠢᠭᠤᠯᠬᠤ ᠢᠨᠵᠧᠨᠧᠷᠢᠩ ᠤᠨ ᠭᠤᠣᠯᠳᠠᠯᠭ᠎ᠠ ᠲᠠᠢ ᠲᠥᠷᠥᠯ ᠵᠦᠢᠯ ᠪᠣᠯᠵᠤ᠂ ᠡᠨᠡ ᠨᠢ ᠪᠦᠬᠦ ᠣᠷᠣᠨ ᠳᠤ ᠵᠥᠪᠬᠡᠨ ᠪᠠᠶᠢᠭ᠎ᠠ ᠬᠤᠶᠠᠷ ᠠᠶᠢᠯ ᠤᠨ ᠨᠢᠭᠡ ᠨᠢ ᠪᠣᠯᠤᠨ᠎ᠠ᠃ ᠰᠢᠨ ᠯᠸᠢ ᠢᠳᠡᠰᠢᠨ ᠨᠣᠭᠤᠭ᠎ᠠ ᠶᠢᠨ ᠲᠤᠰᠬᠠᠶ ᠬᠤᠷᠰᠢᠶ᠎ᠠ ᠥᠪᠡᠷᠲᠡᠭᠡᠨ ᠵᠠᠰᠠᠬᠤ ᠣᠷᠣᠨ ᠤ ︽ᠡᠮᠡᠭᠲᠡᠶᠢᠴᠦᠳ ᠤᠨ ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠢ ᠢᠷᠠᠭᠤ ᠠᠯᠳᠠᠷᠲᠠᠶ ᠪᠠᠷ ᠭᠥᠷᠳᠡᠪᠡ᠃ ᠤᠰᠤ ᠠᠷᠪᠢᠯᠠᠬᠤ ᠥᠨᠳᠥᠷ ᠦᠷ᠎ᠡ ᠠᠰᠢᠭᠲᠤ ᠪᠦᠷᠬᠦᠭᠦᠯ ᠤᠨ ᠳᠣᠣᠷ᠎ᠠ ᠳᠤᠰᠤᠯᠭᠠᠨ ᠤᠰᠤᠯᠠᠬᠤ ᠲᠠᠷᠢᠶᠠᠨ ᠭᠠᠵᠠᠷ ᠢ 9.5 ᠲᠦᠮᠡᠨ ᠮᠦ ᠪᠠᠶᠢᠭᠤᠯᠪᠠ᠃ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠰᠢᠨ᠎ᠡ ᠠᠬᠢᠯᠲᠠ ᠲᠠᠢ ᠪᠣᠯᠵᠤ᠂ ᠦᠷ᠎ᠡ ᠲᠡᠭᠦᠷᠭᠡ ᠶᠢᠨ ᠲᠦᠭᠡᠭᠡᠯ ᠤᠰᠤᠨ ᠤ ᠲᠣᠣᠷ ᠲᠤ ᠵᠠᠯᠭᠠᠭᠰᠠᠨ ᠭᠠᠴᠠᠭ᠎ᠠ ᠳᠤᠭᠤᠶᠢᠯᠠᠩ 208 ᠵᠣᠷᠯᠣᠩ ᠢ ᠪᠠᠶᠢᠭᠤᠯᠪᠠ᠃ 3.52 ᠲᠦᠮᠡᠨ ᠲᠠᠰᠤᠯᠭ᠎ᠠ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠨᠤᠷᠠᠭᠠᠵᠤ᠂ 22.3 ᠲᠦᠮᠡᠨ ᠮᠧᠲ᠋ᠧᠷ ᠬᠦᠷᠢᠶᠡᠯᠡᠩ ᠤᠨ ᠬᠡᠷᠡᠮ ᠢ ᠨᠤᠷᠠᠭᠠᠪᠠ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠤᠭᠳᠠᠭᠤᠯᠤᠨ 775.05 ᠮᠦ ᠳᠠᠬᠢᠨ ᠬᠠᠭᠠᠯᠪᠤᠷᠢᠯᠠᠬᠤ ᠶᠢ ᠪᠡᠶᠡᠯᠡᠭᠦᠯᠪᠡ᠃ 8600 ᠮᠦ ᠣᠨᠴᠠᠯᠢᠭᠲᠤ ᠠᠵᠤ ᠠᠬᠤᠢ ᠶᠢᠨ ᠤᠢ ᠶᠢ ᠲᠠᠷᠢᠪᠠ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠪᠦᠷᠢᠯᠳᠦᠬᠦᠨ ᠤ ᠪᠡᠶ᠎ᠡ ᠬᠡᠮ ᠢ ᠮᠠᠭᠠᠳᠯᠠᠨ ᠲᠣᠭᠲᠠᠭᠠᠬᠤ ᠪᠠ ᠰᠲ᠋ᠣᠺ ᠤᠨ ᠡᠷᠬᠡ ᠶᠢ ᠬᠡᠮᠵᠢᠶᠡᠵᠢᠭᠦᠯᠬᠦ ᠠᠵᠢᠯ ᠢ ᠪᠡᠶᠡᠯᠡᠭᠦᠯᠪᠡ᠃    ᠬᠤᠲᠠ ᠪᠠᠯᠭᠠᠰᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠡᠷᠬᠢᠯᠡᠬᠦ ᠳᠤ ᠲᠣᠬᠢᠷᠠᠮᠵᠢᠲᠠᠶ ᠬᠢᠷᠢ ᠲᠦᠪᠰᠢᠨ‌‍ᠲ᠋ᠡᠭᠡᠭᠰᠢᠯᠡᠪᠡ᠃ ᠥᠭᠡᠷᠡᠴᠢᠯᠡᠬᠦ᠂ ᠳᠡᠭᠡᠭᠰᠢᠯᠡᠭᠦᠯᠬᠦ᠂ ᠬᠠᠮᠢᠶᠠᠷᠬᠤ ︽ᠭᠤᠷᠪᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠬᠦ︾ ᠶᠢ ᠪᠠᠷᠢᠮᠲᠠᠯᠠᠵᠤ᠂ ᠬᠤᠲᠠ ᠪᠠᠯᠭᠠᠰᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠪᠥᠬᠦ ᠲᠠᠯ᠎ᠠ ᠪᠠᠷ ᠰᠠᠶᠢᠵᠢᠷᠠᠭᠤᠯᠤᠨ᠎ᠠ᠃ ᠬᠠᠭᠤᠴᠢᠨ ᠬᠤᠲᠠ ᠶᠢᠨ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠦᠭᠡᠷᠡᠴᠢᠯᠡᠯᠳᠡ ᠶᠢᠨ ᠢᠨᠵᠧᠨᠧᠷᠢᠩ 830 ᠰᠠᠭᠤᠭᠠᠯᠢ ᠠᠷᠠᠳ ᠢ ᠰᠢᠨ᠎ᠡ ᠪᠠᠷ ᠲᠥᠪᠬᠢᠨᠡᠭᠦᠯᠵᠦ᠂ 5 ᠲᠦᠮᠡᠨ ᠲᠡᠭᠰᠢ ᠳᠥᠷᠪᠡᠯᠵᠢᠨ ᠮᠧᠲ᠋ᠧᠷ ᠵᠠᠮ ᠳᠡᠪᠢᠰᠴᠦ᠂ 7.9 ᠺᠢᠯᠤᠮᠧᠲ᠋ᠧᠷ  ᠪᠣᠷᠣᠭᠠᠨ ᠪᠤᠵᠠᠷ ᠤᠰᠤ ᠵᠢᠴᠢ ᠤᠰᠤ ᠬᠠᠩᠭᠠᠬᠤ ᠬᠤᠭᠤᠯᠠᠢ ᠶᠢᠨ ᠲᠣᠣᠷ ᠳᠡᠪᠢᠰᠪᠡ᠃ 88 ᠰᠠᠭᠤᠷᠢ ᠵᠠᠮ ᠤᠨ ᠳ᠋ᠧᠩ ᠤᠭᠰᠠᠷᠠᠪᠠ᠃ ᠡᠭᠦᠨ ᠤ ᠬᠠᠮᠲᠤ ᠸᠧᠨ ᠨᠢᠩ ᠤᠨ ᠭᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠺᠣᠮᠫᠠᠨᠢ ᠶᠢ ᠬᠥᠲᠥᠯᠥᠨ ᠵᠢᠯᠤᠭᠤᠳᠴᠦ ᠯᠤᠲᠤ ᠶᠡᠭᠡ ᠴᠠᠭ ᠦᠶ᠎ᠡ ᠶᠢᠨ ᠬᠤᠸᠠ ᠹᠦ᠋᠂ ᠪᠦ᠋ ᠰᠢᠩ ᠵᠡᠭᠡᠯᠢ᠂ ᠴᠢᠩ ᠴᠤᠸᠠᠩ ᠶᠤᠸᠠᠨ 3D ᠺᠢᠨᠣ᠋ ᠶᠢᠨ ᠣᠷᠳᠣᠨ ᠪᠠ ᠮᠢᠨ ᠬᠤᠢ ᠶᠤᠸᠠᠨ ᠵᠡᠭᠡᠯᠢ ᠳᠠᠭᠠᠤ ᠠᠰᠠᠷ ᠤᠨ ᠭᠡᠷᠡᠯᠲᠦᠭᠦᠯᠭᠡ ᠶᠢᠨ ᠢᠨᠵᠧᠨᠧᠷᠢᠩ ᠢ 3.26 ᠲᠦᠮᠡᠨ ᠲᠡᠭᠰᠢ ᠳᠥᠷᠪᠡᠯᠵᠢᠨ ᠮᠧᠲᠷ ᠬᠡᠷᠡᠭᠵᠢᠭᠦᠯᠪᠡ᠃ ᠴᠢ ᠲᠠᠢ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠷᠭᠡᠳᠬᠡᠨ ᠪᠠᠶᠢᠭᠤᠯᠬᠤ PPP ᠲᠥᠷᠥᠯ ᠵᠦᠢᠯ ᠢ ᠡᠬᠢᠯᠡᠨ ᠪᠠᠶᠢᠭᠤᠯᠵᠤ ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ‌ᠥᠭᠡᠷᠡᠴᠢᠯᠡᠬᠦ ᠲᠥᠷᠥᠯ ᠵᠦᠢᠯ ᠤᠨ ᠭᠤᠣᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠪᠡ᠃ ᠢᠯᠴᠢ ᠬᠠᠩᠭᠠᠬᠤ ᠲᠣᠣᠷ ᠢ 5.6 ᠺᠢᠯᠤᠮᠧᠲ᠋ᠧᠷ ᠥᠭᠡᠷᠡᠴᠢᠯᠡᠵᠦ᠂ ᠾᠧᠩ ᠾᠦᠢ ᠢᠯᠴᠢ ᠴᠠᠬᠢᠯᠭᠠᠨ ᠢ ᠬᠠᠮᠲᠤᠷᠠᠨ ᠦᠢᠯᠡᠳᠪᠦᠷᠢᠯᠡᠬᠦ ᠲᠥᠷᠥᠯ ᠵᠦᠢᠯ ᠢ 6 ᠵᠢᠵᠢᠭ ᠬᠡᠯᠪᠡᠷᠢ ᠶᠢᠨ ᠢᠯᠴᠢ ᠬᠠᠩᠭᠠᠬᠤ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ᠂ 490 ᠲᠦᠮᠡᠨ ᠲᠡᠭᠰᠢ ᠳᠥᠷᠪᠡᠯᠵᠢᠨ ᠮᠧᠲᠷ   ᠲᠦᠯᠡᠷᠡᠭᠦᠯᠦᠭᠰᠡᠨ ᠢᠯᠴᠢ ᠬᠠᠩᠭᠠᠬᠤ ᠲᠠᠯᠠᠪᠠᠶ ᠶᠢ ᠪᠡᠶᠡᠯᠡᠭᠦᠯᠦᠨ 33% ᠪᠠᠷ ᠨᠡᠮᠡᠭᠳᠡᠭᠦᠯᠵᠦ᠂ ᠪᠦᠷᠬᠦᠴᠡ ᠶᠢᠨ ᠨᠤᠷᠮ᠎ᠠ ᠶᠢ 87% ᠠᠴᠠ ᠳᠡᠭᠡᠭᠰᠢ ᠳᠤ ᠬᠦᠷᠭᠡᠪᠡ᠃ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 36.8% ᠬᠦᠷᠴᠦ᠂ 1 ᠵᠠᠭᠤᠨ ᠤ ᠨᠢᠭᠡᠴᠢ ᠳᠡᠭᠡᠭᠰᠢᠯᠡᠪᠡ᠃ ᠬᠤᠲᠠ ᠪᠠᠯᠭᠠᠰᠤᠨ ᠤ ᠲᠤᠤᠷᠴᠢᠯᠠᠭᠰᠠᠨ ᠬᠠᠮᠢᠶᠠᠷᠤᠯᠲᠠ ᠶᠢ ᠴᠢᠩᠭᠠᠳᠬᠠᠵᠤ᠂ 134 ᠰᠦᠯᠵᠢᠶᠡᠨ ᠤ ᠠᠵᠢᠯᠲᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠡᠭᠦᠳᠡᠨ ᠡᠮᠦᠨᠡᠬᠢ ᠲᠠᠪᠤᠨ ᠳᠠᠭᠠᠭᠠᠴᠢᠯᠠᠯᠳᠠ︾ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠬᠤᠳᠠ ᠶᠢᠨ ᠲᠣᠭᠤᠷᠢᠭ ᠲᠤ ᠬᠤᠭ ᠨᠣᠪᠰᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠥᠷᠨᠢᠭᠦᠯᠵᠦ᠂ 4800 ᠭᠠᠷᠤᠶ ᠲᠣᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠪᠡ᠃ ᠨᠡᠭᠦᠳᠡᠯ ᠬᠤᠳᠠᠯᠳᠤᠭᠠᠨ ᠤ ᠣᠷᠣᠨ ᠢ ᠬᠦᠴᠦᠨ ᠥᠬᠡᠶ ᠪᠣᠯᠭᠠᠵᠤ᠂ 12 ᠪᠠᠷᠢᠯᠭ᠎ᠠ ᠪᠠᠶᠢᠭᠤᠯᠬᠤ ᠶᠢ ᠡᠪᠳᠡᠵᠦ᠂ 27 ᠣᠯᠠᠨ ᠨᠡᠶᠢᠲᠡ ᠶᠢᠨ ᠲᠡᠷᠭᠡᠨ ᠵᠣᠭᠰᠣᠭᠠᠯ ᠢ ᠰᠢᠨ᠎ᠡ ᠪᠠᠷ ᠵᠠᠭᠠᠭᠯᠠᠨ ᠲᠣᠭᠲᠠᠭᠠᠪᠠ᠃ ᠤᠶᠤᠨᠲᠤ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠲᠠᠪᠴᠠᠩ ᠯᠤᠭ᠎ᠠ ᠵᠣᠯᠭᠠᠯᠳᠤᠭᠤᠯᠬᠤ ᠠᠵᠢᠯ ᠢ ᠪᠡᠶᠡᠯᠡᠭᠦᠯᠵᠦ᠂ ᠬᠦᠯᠢᠶᠡᠨ ᠠᠪᠴᠤ ᠢᠯᠡᠴᠢᠯᠡᠨ ᠮᠡᠳᠡᠭᠦᠯᠦᠭᠰᠡᠨ ᠨᠣᠷᠮ᠎ᠠ 100% ᠳᠤ ᠬᠦᠷᠪᠡ᠃ ᠠᠳᠠᠯ ᠠᠬᠤᠶ ᠶᠢᠨ ᠺᠣᠮᠫᠠᠨᠢ 1 ᠰᠢᠨ᠎ᠡ ᠪᠠᠷ ᠨᠡᠮᠡᠭᠳᠡᠵᠦ᠂ 28 ᠵᠢᠵᠢᠭ ᠲᠣᠭᠤᠷᠢᠭ ᠢ ᠪᠦᠷᠬᠦᠪᠡ᠃     ᠴᠢᠬᠤᠯᠠ ᠶᠡᠭᠡ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠬᠢᠴᠠ ᠰᠢᠪᠳᠤᠯᠤᠯᠳᠠ ᠳᠤ ᠤᠷᠤᠪᠠ᠃ ᠨᠢᠭᠡᠳᠦᠭᠡᠷ ᠳᠡᠰ ᠤᠨ ᠵᠠᠰᠠᠮᠠᠯ ᠵᠠᠮ ᠤᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠯ ᠢᠶᠠᠷ ᠪᠦᠳᠦᠭᠡᠨ ᠪᠠᠶᠢᠭᠤᠯᠵᠤ᠂ ᠱᠠᠩᠳᠤ ᠠᠴᠠ ᠱᠠᠩ ᠢ ᠬᠦᠷᠬᠦ ᠲᠦᠷᠭᠡᠨ ᠤ ᠵᠠᠮ ᠢ ᠥᠪᠡᠷᠲᠡᠭᠡᠨ ᠵᠠᠰᠠᠬᠤ ᠣᠷᠣᠨ ᠤ ︽2019 ᠤᠨ — 2030 ᠤᠨ ᠪᠣᠯᠲᠠᠯᠠᠬᠢ ᠣᠷᠣᠨ ᠨᠤᠲᠤᠭ ᠤᠨ ᠲᠦᠷᠭᠡᠨ ᠤ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ︾ ᠳᠤ ᠵᠢᠭᠰᠠᠭᠠᠨ ᠣᠷᠣᠭᠤᠯᠪᠠ᠃ ᠴᠠᠩ ᠱᠧᠩ ᠠᠵᠤ ᠦᠢᠯᠡᠳᠪᠦᠷᠢ ᠶᠢᠨ ᠲᠣᠭᠤᠷᠢᠭ ᠤᠨ 220 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠲᠦᠷᠦᠯ ᠵᠦᠢᠯ ᠵᠥᠪᠰᠢᠶᠡᠷᠡᠭᠳᠡᠪᠡ᠃ 70.63 ᠺᠢᠯᠤᠮᠧᠲ᠋ᠧᠷ ᠬᠥᠳᠡᠭᠡ ᠲᠣᠰᠬᠤᠨ ᠤ ᠠᠮᠢᠳᠤᠷᠠᠯ ᠳᠤ ᠬᠡᠷᠡᠭᠯᠡᠬᠦ ᠴᠠᠬᠢᠯᠭᠠᠨ ᠵᠢᠴᠢ ᠬᠥᠳᠡᠯᠭᠡᠬᠦ ᠬᠦᠴᠦᠨ ᠴᠠᠬᠢᠯᠭᠠᠨ ᠢ ᠨᠡᠪᠲᠡᠷᠡᠭᠦᠯᠦᠭᠰᠡᠨ ᠨᠣᠷᠮ᠎ᠠ 100% ᠳᠤ ᠬᠦᠷᠴᠡᠢ᠃ ᠵᠠᠰᠠᠭ ᠵᠠᠬᠢᠷᠭᠠᠨ ᠤ ᠲᠣᠰᠬᠤᠨ ᠥᠷᠭᠡᠨ ᠪᠦᠰᠡᠲᠦ ᠰᠦᠯᠵᠢᠶ᠎ᠡ ᠶᠢ ᠪᠦᠬᠦᠨ ᠢ ᠬᠠᠮᠤᠷᠬᠤ ᠶᠢ ᠪᠡᠶᠡᠯᠡᠭᠦᠯᠬᠦ ᠶᠢᠨ ᠬᠠᠮᠳᠦ ᠠᠶᠢᠯ ᠲᠣᠰᠬᠤᠨ ᠲᠡᠰᠢ ᠤᠷᠲᠤᠳᠬᠠᠨ᠎ᠠ᠃ ᠲᠣᠰᠬᠤᠨ ᠳᠤ ᠨᠡᠪᠲᠡᠷᠡᠬᠦ ᠵᠠᠮ ᠢ 51.2ᠺᠢᠯᠤᠮᠧᠲ᠋ᠧᠷ᠂ ᠬᠠᠶᠢᠷ ᠴᠢᠯᠠᠭᠤᠨ ᠵᠠᠮ ᠢ 116.8ᠺᠢᠯᠤᠮᠧᠲ᠋ᠧᠷ ᠰᠢᠨ᠎ᠡ ᠪᠠᠷ ᠪᠠᠶᠢᠭᠤᠯᠵᠤ᠂ 34.4 ᠺᠢᠯᠤᠮᠧᠲ᠋ᠧᠷ ᠵᠡᠭᠡᠯᠢ ᠭᠤᠳᠤᠮᠵᠢ ᠶᠢ ᠬᠠᠲᠠᠭᠤᠷᠠᠭᠤᠯᠵᠤ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠶᠢᠨ ᠵᠠᠮ ᠱᠤᠭᠤᠮ ᠢ 11 ᠵᠤᠷᠪᠤᠰ ᠰᠢᠨ᠎ᠡ ᠪᠠᠷ ᠨᠡᠮᠡᠭᠳᠡᠭᠦᠯᠵᠦ᠂ ᠨᠡᠶᠢᠲᠡ ᠶᠢᠨ ᠵᠠᠮ ᠬᠠᠷᠢᠯᠴᠠᠭ᠎ᠠ ᠪᠠ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ ᠶᠢ ᠵᠠᠰᠠᠭ ᠵᠠᠬᠢᠷᠭᠠᠨ ᠤ ᠲᠣᠰᠬᠤᠨ ᠳᠤ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃    ︵ᠳᠦᠷᠪᠡ︶ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠴᠢᠩᠭᠠᠷᠠᠪᠠ    ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠭᠦᠯᠬᠦ︾ ᠠᠵᠢᠯ ᠰᠢᠨ᠎ᠡ ᠠᠯᠬᠤᠮ ᠢ ᠠᠯᠬᠤᠪᠠ᠃ ᠰᠢᠶᠠᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠤᠴᠢᠷ ᠶᠠᠪᠤᠳᠠᠯ ᠢ 6220 ᠵᠦᠢᠯ ᠪᠠᠶᠢᠭᠰᠠᠨ ᠠᠴᠠ 4954 ᠵᠦᠢᠯ ᠪᠣᠯᠭᠠᠨ ᠪᠠᠭᠠᠰᠬᠠᠵᠤ᠂ 20.35% ᠶᠢ ᠴᠣᠮᠬᠠᠳᠬᠠᠪᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 100 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ  ᠵᠦᠢᠯ ᠢ ᠬᠢᠨᠠᠨ ᠵᠥᠪᠰᠢᠶᠡᠷᠡᠬᠦ ᠪᠠ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠦᠪᠰᠢᠶᠡᠷᠡᠬᠦ ᠴᠠᠭ ᠢ ᠭᠤᠷᠪᠠᠨ ᠤ ᠨᠢᠭᠡ ᠬᠤᠪᠢ ᠪᠤᠭᠤᠨᠢᠰᠬᠠᠪᠠ᠃  ᠰᠦᠢᠳᠭᠡᠯ ᠬᠤᠷᠢᠶᠠᠬᠤ ᠶᠢ ᠢᠯᠡ ᠨᠡᠶᠢᠲᠡᠯᠡᠬᠦ ᠲᠣᠳᠣᠷᠬᠠᠶ ᠬᠠᠭᠤᠳᠠᠰᠤ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠪᠡ᠃ ︽ᠳᠥᠷᠪᠡ ᠶᠢ ᠡᠷᠬᠢᠯᠡᠬᠦ︾ 445 ᠵᠦᠢᠯ ᠢ ᠡᠮᠬᠢᠯᠡᠵᠦ᠂ 2018 ᠣᠨ ᠤ ᠬᠢ ᠠᠴᠠ 218 ᠵᠦᠢᠯ ᠨᠡᠮᠡᠭᠳᠡᠵᠦ᠂ 49% ᠪᠠᠷ ᠨᠡᠮᠡᠭᠳᠡᠪᠡ᠃ ᠬᠠᠮᠤᠭ ᠲᠡᠷᠢᠭᠦᠨ ᠳᠤ ᠪᠦᠬᠦ ᠬᠤᠲᠠ ᠳᠤ ︽ᠡᠮᠦᠨ᠎ᠡ ᠲᠠᠪᠴᠠᠩ ᠤᠨ ᠬᠦᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ  ᠢ ᠬᠢᠨᠠᠨ ᠵᠥᠪᠰᠢᠶᠡᠷᠡᠬᠦ᠂ ᠨᠢᠭᠡᠳᠦᠯᠲᠡᠢ ᠴᠣᠩᠬᠤ ᠪᠠᠷ ᠪᠢᠴᠢᠭ ᠮᠠᠲ᠋ᠧᠷᠢᠶᠠᠯ ᠭᠠᠷᠭᠠᠬᠤ︾ ︽ᠠᠭᠤᠯᠵᠠᠬᠤ ᠦᠭᠡᠢ ᠬᠢᠨᠠᠨ ᠵᠥᠪᠰᠢᠶᠡᠷᠡᠬᠦ︾ ᠠᠵᠢᠯ ᠤᠨ ᠵᠠᠭᠪᠤᠷ ᠢ ᠬᠡᠷᠡᠭᠵᠢᠭᠦᠯᠵᠦ᠂ 4 ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠡᠷᠦᠩᠬᠡᠶᠢᠯᠡᠭᠰᠡᠨ ᠬᠦᠯᠢᠶᠡᠨ ᠠᠪᠴᠤ ᠰᠢᠢᠳᠪᠦᠷᠢᠯᠡᠬᠦ ᠴᠤᠩᠬᠤ ᠶᠢ ᠭᠠᠷᠭᠠᠵᠤ᠂ 12 ᠨᠢᠭᠡᠴᠡ ᠶᠢᠨ 80 ᠵᠦᠢᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ︽ᠨᠢᠭᠡ ᠴᠣᠩᠬᠤᠪᠴᠢ︾ ᠪᠠᠷ ᠰᠢᠢᠳᠪᠦᠷᠢᠯᠡᠬᠦ ᠶᠢ ᠪᠡᠶᠡᠯᠡᠭᠦᠯᠵᠦ᠂ 89 ᠵᠦᠢᠯ ᠤᠨ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠪᠡ᠃ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠭᠤᠤᠯ ᠴᠣᠭᠴᠠ 1471 ᠡᠷᠦᠬᠡ ᠪᠣᠯᠵᠣ᠂ ᠠᠳᠠᠯᠢ ᠬᠤᠭᠤᠴᠠᠭᠠᠨ ᠤ ᠬᠢ ᠠᠴᠠ 18% ᠨᠡᠮᠡᠭᠳᠡᠪᠡ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠭᠤᠯᠵᠦ᠂ ᠪᠦᠬᠦ ᠵᠢᠯ ᠳᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ 2602 ᠲᠦᠮᠡᠨ ᠲᠥᠭᠦᠷᠢᠭ ᠤᠨ ᠭᠠᠶᠢᠯᠢ ᠬᠠᠰᠤᠵᠤ ᠬᠡᠯᠲᠦᠷᠢᠭᠦᠯᠪᠡ᠃ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠠᠮᠵᠢᠵᠤ᠂ 3 ᠠᠵᠤ ᠠᠬᠤᠶᠢᠯᠠᠯ ᠳᠤ 1400 ᠲᠦᠮᠡᠨ ᠲᠥᠭᠦᠷᠢᠭ ᠤᠨ ᠳᠠᠭᠠᠳᠬᠠᠯ ᠤᠨ ᠮᠥᠩᠭᠦ ᠶᠢᠨ ᠵᠢᠭᠡᠯᠡᠯᠭᠡ ᠲᠠᠯᠪᠢᠵᠤ᠂ 14 ᠠᠵᠤ ᠠᠬᠤᠶᠢᠯᠠᠯ ᠳᠤ 1.86 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠰᠢᠢᠳᠪᠦᠷᠢᠯᠡᠵᠦ ᠥᠭᠴᠡᠶ᠃    ᠨᠡᠭᠡᠭᠡᠯᠲᠡᠲᠦ ᠬᠥᠭᠵᠢᠯᠲᠡ ᠰᠢᠨ᠎ᠡ ᠦᠷ᠎ᠡ ᠪᠦᠲᠦᠭᠡᠯ ᠣᠯᠪᠠ᠃ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠬᠤ ᠲᠠᠢ ᠨᠢᠭᠲᠠ ᠤᠶᠠᠯᠳᠤᠭᠤᠯᠤᠨ᠂ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ ᠲᠥᠷᠥᠯ ᠵᠦᠢᠯ ᠢ ᠣᠷᠣᠭᠤᠯᠤᠨ ᠠᠪᠴᠢᠷᠠᠬᠤ ᠡᠷᠴᠢᠮ ᠢ ᠴᠢᠩᠭᠠᠷᠠᠭᠤᠯᠵᠦ᠂ ᠱᠤᠸᠠᠩ ᠷᠦᠢ ᠰᠠᠯᠬᠢᠨ ᠬᠦᠴᠦᠨ ᠤ ᠴᠠᠬᠢᠯᠭᠠᠨ ᠤ ᠨᠠᠪᠴᠢᠨ ᠢᠯᠲᠠᠰᠤ᠂ ᠲᠢᠶᠠᠨ ᠱᠦᠨ ᠰᠠᠯᠬᠢᠨ ᠮᠠᠰᠢᠨ ᠤ ᠰᠤᠪᠤᠷᠭ᠎ᠠ ᠵᠡᠷᠭᠡ ᠲᠥᠷᠥᠯ ᠵᠦᠢᠯ ᠢ ᠵᠠᠯᠭᠠᠭ᠎ᠠ ᠪᠠᠷ ᠭᠡᠷ᠎ᠡ ᠲᠣᠭᠲᠠᠵᠤ ᠨᠠᠶᠢᠳᠠᠪᠤᠷᠢᠵᠢᠭᠤᠯᠪᠠ᠃ ᠪᠦᠬᠦ ᠵᠢᠯ ᠳᠤ 27 ᠲᠥᠷᠥᠯ ᠵᠦᠢᠯ ᠢ ᠤᠷᠢᠨ ᠣᠷᠣᠭᠤᠯᠵᠤ᠂ ᠡᠭᠦᠨ ᠳᠤ 10 ᠲᠥᠷᠥᠯ ᠵᠦᠢᠯ ᠢ ᠠᠵᠢᠯ ᠡᠬᠢᠯᠡᠭᠦᠯᠵᠦ᠂ 1.48 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠵᠤ᠂ 3% ᠪᠠᠷ ᠨᠡᠮᠡᠭᠳᠡᠭᠦᠯᠪᠡ᠃ ᠤᠯᠤᠰ ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ 10 ᠳᠡᠭᠡᠳᠦ ᠱᠠᠲᠤᠨ ᠤ ᠪᠡᠯᠡ ᠣᠷᠣᠭᠤᠯᠤᠯᠲᠠ ᠶᠢᠨ ᠲᠥᠷᠦᠯ ᠵᠦᠢᠯ ᠢ ᠢᠳᠡᠪᠬᠢᠯᠡᠨ ᠣᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ 7657.3 ᠲᠦᠮᠡᠨ ᠲᠥᠭᠦᠷᠢᠭ ᠤᠨ ᠪᠡᠯᠡ ᠮᠥᠩᠭᠦ ᠶᠢ ᠨᠠᠶᠢᠳᠠᠪᠦᠷᠢᠵᠢᠭᠤᠯᠪᠠ᠃ ᠪᠦᠬᠦ ᠵᠢᠯ ᠳᠤ ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ ᠳᠠᠩ ᠰᠢᠪᠲᠤᠯᠤᠯᠲᠠ ᠲᠠᠢ ᠪᠣᠯᠵᠤ᠂ 512.5 ᠲᠦᠮᠡᠨ ᠳ᠋ᠣᠯᠯᠠᠷ ᠤᠨ ᠭᠤᠪᠢᠭᠤᠯᠭ᠎ᠠ ᠡᠭᠦᠳᠪᠡ᠃     ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠰᠢᠨ᠎ᠡ ᠡᠭᠦᠷᠭᠡ ᠶᠢ ᠪᠡᠶᠡᠯᠡᠭᠦᠯᠪᠡ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠤᠷᠤᠭᠰᠢᠲᠠᠶ ᠪᠡᠶᠡᠯᠡᠭᠦᠯᠵᠦ᠂ ᠵᠠᠰᠠᠭ ᠤᠨ ᠤᠷᠳᠤᠨ ᠤ 27 ᠠᠵᠢᠯ ᠤᠨ ᠰᠠᠯᠠᠭ᠎ᠠ ᠮᠥᠴᠢᠷ ᠪᠦᠬᠦᠨ ᠢᠶᠠᠷ ᠢᠶᠠᠨ ᠫᠠᠶᠢᠰᠠ ᠡᠯᠭᠦᠨ ᠪᠠᠶᠢᠭᠤᠯᠤᠭᠳᠠᠪᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠤᠷᠤᠭᠰᠢᠲᠠᠶ ᠲᠦᠯᠬᠢᠨ ᠠᠬᠢᠭᠤᠯᠵᠦ᠂ ᠰᠣᠶᠣᠯ᠂ ᠲᠠᠷᠢᠶᠠᠯᠠᠩ ᠮᠠᠯ ᠠᠵᠤ ᠠᠬᠤᠶ᠂ ᠵᠠᠮ ᠬᠠᠷᠢᠯᠴᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ ᠵᠡᠷᠭᠡ ᠳᠥᠷᠪᠡᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠫᠠᠶᠢᠰᠠ ᠡᠯᠭᠦᠨ ᠪᠠᠶᠢᠭᠤᠯᠪᠠ᠃ ᠱᠠᠩᠳᠤ ᠰᠢᠶᠠᠨ ᠤ ᠬᠠᠮ ᠵᠠᠭᠤᠴᠢᠯᠠᠭᠤᠷ ᠤᠨ ᠲᠥᠪ ᠢ ᠪᠠᠶᠢᠭᠤᠯᠪᠠ᠃ 43 ᠵᠦᠢᠯ ᠤᠨ ᠠᠵᠤ ᠠᠬᠤᠶ ᠶᠢᠨ ᠪᠠᠶᠢᠭᠤᠯᠤᠯ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠥᠭᠡᠷᠡᠴᠢᠯᠡᠯᠲᠡ ᠶᠢᠨ 20 ᠵᠤᠷᠪᠤᠰ ᠦᠷ᠎ᠡ ᠪᠦᠲᠦᠭᠡᠯ ᠢ ᠪᠤᠢ ᠪᠣᠯᠭᠠᠪᠠ᠃    ︵ᠲᠠᠪᠤ︶ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠠᠬᠢᠭᠤᠯᠵᠤ᠂ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠳᠠᠪᠰᠢᠪᠠ    ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ᠃ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠣᠯᠵᠤ ᠦᠢᠯᠡᠰ ᠴᠣᠭᠴᠠᠯᠠᠬᠤ ᠶᠢ ᠰᠠᠶᠢᠲᠤᠷ ᠠᠳᠬᠤᠵᠤ᠂ ᠡᠯ᠎ᠡ ᠲᠦᠷᠦᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ 6360 ᠬᠥᠮᠦᠨ ᠤᠳᠠᠭ᠎ᠠ ᠵᠣᠬᠢᠶᠠᠨ ᠪᠠᠶᠢᠭᠤᠯᠪᠠ︔ ᠬᠤᠲᠠ ᠪᠠᠯᠭᠠᠰᠤᠨ ᠤ 1100 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠠᠵᠢᠯ ᠠᠯᠳᠠᠭᠰᠠᠳ ᠤᠨ 410 ᠬᠥᠮᠦᠨ ᠳᠤ ᠳᠠᠬᠢᠨ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢᠨ 4.1% ᠶᠢᠨ ᠳᠣᠲᠣᠷ᠎ᠠ ᠬᠢᠵᠠᠭᠠᠷᠯᠠᠵᠦ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠭᠰᠠᠨ ᠬᠥᠮᠦᠨ 4.74 ᠲᠦᠮᠡ ᠪᠠᠶᠢᠨ᠎ᠠ᠃ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ︽ᠬᠤᠶᠠᠷ ᠠᠯᠲᠠᠨ ᠭᠤᠷᠪᠠ ᠶᠢᠨ ᠳᠦᠷᠢᠮ︾ ᠤᠨ ᠳᠦᠷᠢᠮ ᠢ ᠪᠦᠬᠦ ᠲᠠᠯ᠎ᠠ  ᠪᠠᠷ ᠨᠠᠢᠳᠠᠪᠤᠷᠢᠵᠢᠭᠤᠯᠬᠤ᠂ ︽ᠥᠷᠢᠲᠦᠬᠦ ᠶᠢ ᠵᠠᠰᠠᠵᠤ ᠵᠠᠷᠤᠯᠭ᠎ᠠ ᠶᠢ ᠪᠠᠲᠤᠯᠠᠬᠤ︾ ᠠᠵᠢᠯ ᠪᠣᠳᠠᠲᠤ ᠦᠷ᠎ᠡ ᠪᠦᠳᠦᠮᠵᠢ ᠣᠯᠪᠠ᠃ ᠬᠤᠲᠠ ᠬᠥᠳᠡᠭᠡ ᠶᠢ ᠡᠷᠦᠬᠡ ᠪᠣᠯᠭᠠᠨ ᠪᠠᠲᠤᠯᠠᠭ᠎ᠠ ᠣᠯᠭᠤᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ ᠂ ᠶᠠᠳᠠᠭᠤ ᠶᠢ ᠲᠡᠳᠬᠦᠬᠦ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠤᠶᠠᠷ  ᠵᠦᠢᠯ ᠤᠨ ᠲᠦᠷᠢᠮ ᠢ ᠪᠦᠳᠦᠮᠵᠢᠳᠡᠢ ᠵᠣᠯᠭᠠᠭᠤᠯᠵᠤ᠂ 1.82 ᠲᠦᠮᠡᠨ ᠳ᠋ᠦᠩᠰᠢᠭᠤᠷ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠨᠠᠭᠠᠳᠦ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠪᠠ᠃ ᠪᠥᠬᠦ ᠵᠢᠯ ᠳᠤ ᠡᠯ᠎ᠡ ᠲᠥᠷᠥᠯ ᠤᠨ ᠠᠪᠤᠷᠠᠨ ᠲᠤᠰᠠᠯᠠᠬᠤ ᠮᠥᠩᠭᠦ ᠶᠢ 2.33 ᠳ᠋ᠦᠩᠰᠢᠭᠤᠷ ᠲᠥᠭᠦᠷᠢᠭ ᠲᠠᠷᠬᠠᠭᠠᠵᠤ᠂ 6.99 ᠲᠦᠮᠡᠨ ᠬᠦᠴᠢᠷᠳᠡᠯ ᠲᠠᠢ ᠬᠥᠮᠦᠰ ᠢ ᠠᠪᠤᠷᠠᠨ ᠲᠤᠰᠠᠯᠠᠪᠠ᠃ ᠪᠦᠬᠦ ᠵᠢᠯ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ 2.15ᠲᠥᠭᠦᠷᠢᠭ ᠳᠠᠩᠰᠠᠨ ᠠᠴᠠ ᠲᠠᠶᠢᠯᠵᠤ᠂ 10.39 ᠲᠦᠮᠡᠨ ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠡᠮᠨᠡᠨ ᠰᠤᠪᠢᠯᠠᠬᠤ ᠬᠦᠷᠢᠶᠡᠯᠡᠩ ᠪᠣᠯᠤᠨ ᠣᠷᠣᠰᠢᠭᠤᠯᠭ᠎ᠠ ᠶᠢᠨ ᠣᠷᠳᠣᠨ ᠤ ᠲᠥᠷᠥᠯ ᠵᠦᠢᠯ ᠤᠨ ᠭᠤᠤᠯ ᠴᠣᠭᠴᠠ ᠶᠢᠨ  ᠢᠨᠵᠧᠨᠧᠷᠢᠩ ᠢ  ᠪᠡᠶᠡᠯᠡᠭᠦᠯᠵᠡᠢ᠃    ᠰᠤᠷᠭᠠᠨ ᠬᠥᠮᠦᠵᠢᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠪᠦᠬᠦ ᠲᠠᠯ᠎ᠠ ᠪᠠᠷ ᠬᠥᠭᠵᠢᠪᠡ᠃ ᠨᠡᠶᠢᠳᠡᠮ ᠬᠡᠷᠡᠭᠯᠡᠬᠦ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠣᠨᠴᠣᠭᠤᠶ ᠰᠤᠷᠭᠠᠨ ᠬᠥᠮᠦᠵᠢᠯ ᠤᠨ ᠰᠤᠷᠭᠠᠭᠤᠯᠢ ᠶᠢ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ ᠠᠵᠢᠯ ᠳᠠᠭᠤᠰᠬᠠᠨ᠂  ᠨᠠᠢᠮᠠᠳᠤᠭᠠᠷ ᠬᠡᠤᠬᠡᠳ ᠤᠨ ᠴᠡᠴᠡᠷᠯᠢᠭ᠂ ᠠᠵᠢᠯ ᠮᠡᠷᠭᠡᠵᠢᠯ ᠤᠨ ᠰᠤᠷᠭᠠᠭᠤᠯᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠣᠯᠤᠨ ᠡᠷᠡᠨ ᠵᠠᠭᠤᠨ ᠤ ᠪᠠᠭ᠎ᠠ ᠰᠤᠷᠭᠠᠭᠤᠯᠢ ᠶᠢᠨ ᠰᠠᠯᠬᠢ ᠪᠣᠷᠣᠭᠠᠨ ᠤ ᠬᠥᠳᠡᠯᠭᠡᠭᠡᠨ ᠤ ᠲᠠᠰᠤᠭ᠂ ᠡᠷᠡᠨ ᠵᠠᠭᠤᠨ ᠤ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠤᠨ ᠲᠦᠷᠦᠯ ᠵᠦᠢᠯ ᠤᠨ ᠭᠤᠤᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠪᠡ᠃ ᠢᠯᠡ ᠪᠠᠷ ᠡᠯᠰᠡᠬᠦ᠂ ᠣᠷᠣᠭᠤᠯᠤᠨ ᠠᠪᠴᠢᠷᠠᠬᠤ ᠵᠡᠷᠭᠡ ᠬᠡᠯᠪᠡᠷᠢ ᠪᠠᠷ 75 ᠪᠠᠭᠰᠢ ᠡᠯᠰᠡᠵᠡᠢ᠃ ᠦᠨᠡᠮᠯᠡᠯ ᠥᠬᠡᠶ ᠠᠷᠠᠳ ᠠᠴᠠ ᠡᠷᠭᠢᠯᠡᠭᠰᠡᠨ 17 ᠬᠡᠤᠬᠡᠳ ᠤᠨ ᠴᠡᠴᠡᠷᠯᠢᠭ ᠢ ᠬᠦᠴᠦᠨ ᠥᠬᠡᠶ ᠪᠣᠯᠭᠠᠪᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠩᠬᠢᠨᠢ ᠠᠩᠭᠢ ᠳᠤ ᠣᠷᠣᠬᠤ ᠨᠣᠷᠮ᠎ᠠ 34.5% ᠬᠦᠷᠴᠦ᠂ ᠠᠳᠠᠯᠢ ᠬᠤᠭᠤᠴᠠᠭᠠᠨ ᠤ ᠬᠢ ᠠᠴᠠ 9 ᠵᠠᠭᠤᠨ ᠤ ᠴᠡᠭ ᠳᠡᠭᠡᠭᠰᠢᠯᠡᠪᠡ᠃ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠵᠠᠯᠭᠠᠭ᠎ᠠ ᠪᠠᠷ ᠪᠥᠬᠦ ᠬᠤᠲᠠ ᠳᠤ ᠠᠵᠢᠯ ᠲᠦᠷᠦᠯ ᠤᠨ ᠰᠢᠰᠲ᠋ᠧᠮ ᠢᠶᠠᠷ ᠢᠶᠠᠨ 17 ᠤᠳᠠᠭ᠎ᠠ ᠮᠠᠩᠯᠠᠶᠢᠯᠠᠵᠤ᠂ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠵᠢᠨ‌‍ᠰᠤᠷᠤᠭᠴᠢᠳ ᠤᠨ ᠨᠡᠶᠢᠭᠡᠮ ᠤᠨ ᠦᠢᠯᠡᠳᠦᠯᠭᠡ ᠶᠢᠨ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ ᠠᠩᠬᠠᠨ ᠤ ᠪᠦᠯᠦᠭ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ ᠢᠶᠠᠷ ᠦᠨᠡᠯᠡᠭᠳᠡᠪᠡ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠢ ᠶᠢ ᠰᠢᠨ᠎ᠡ ᠪᠠᠷ ᠪᠠᠶᠢᠭᠤᠯᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠲᠥᠷᠥᠯ ᠵᠦᠢᠯ ᠤᠨ ᠭᠤᠤᠯ ᠴᠣᠭᠴᠠ ᠶᠢᠨ ᠢᠨᠵᠧᠨᠧᠷᠢᠩ ᠢ ᠪᠡᠶᠡᠯᠡᠭᠦᠯᠪᠡ᠃ ᠰᠢᠶᠠᠨ ᠤ ᠡᠮᠨᠡᠯᠭᠡ ᠶᠢᠨ ᠬᠤᠷᠢᠶᠠᠨ ᠤ ᠡᠮᠨᠡᠯᠭᠡ ᠳᠤ ᠰᠠᠭᠤᠬᠤ ᠠᠰᠠᠷ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠭᠤᠤᠯ ᠴᠣᠭᠴᠠ ᠪᠠᠷᠢᠯᠭ᠎ᠠ ᠳᠠᠭᠤᠰᠪᠠ᠃ ᠬᠢᠲᠠᠳ ᠡᠮᠨᠡᠯᠭᠡ ᠶᠢᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠮᠣᠩᠭᠤᠯ ᠬᠢᠲᠠᠳ ᠡᠮᠨᠡᠯᠭᠡ ᠶᠢᠨ ᠠᠩᠬᠠᠨ ᠤ ᠪᠦᠯᠦᠭ ᠤᠨ ᠨᠡᠷᠡᠲᠦ ᠡᠮᠨᠡᠯᠭᠡ ᠶᠢᠨ ᠬᠤᠷᠢᠶ᠎ᠠ ᠪᠠᠷ ᠦᠨᠡᠯᠡᠭᠳᠡᠵᠦ᠂ ᠪᠥᠬᠦ ᠬᠤᠲᠠ ᠶᠢᠨ ᠴᠣᠷ ᠤᠨ ᠭᠠᠭᠴᠠ ᠡᠮᠨᠡᠯᠭᠡ ᠶᠢᠨ ᠬᠤᠷᠢᠶ᠎ᠠ ᠪᠣᠯᠤᠭᠰᠠᠨ ᠪᠠᠶᠢᠨ᠎ᠠ᠃ ᠡᠷᠡᠭᠦᠯ ᠬᠠᠮᠠᠭᠠᠯᠠᠯ ᠤᠨ ᠬᠤᠷᠢᠶ᠎ᠠ ︵ᠭᠡᠷ︶ ᠶᠢᠨ ︽ᠪᠠᠷᠢᠮᠵᠢᠶ᠎ᠠ ᠳᠤ ᠬᠦᠷᠦᠭᠦᠯᠬᠦ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ 35 ᠡᠮᠴᠢ ᠶᠢ ᠲᠡᠭᠦᠯᠳᠡᠷᠵᠢᠭᠦᠯᠵᠦ᠂ ᠡᠯ᠎ᠡ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠡᠮ ᠡᠮᠨᠡᠯᠭᠡ ᠶᠢᠨ ᠮᠡᠷᠭᠡᠵᠢᠯᠲᠡᠨ ᠪᠠ 1 ᠶᠡᠷᠦᠩᠬᠡᠶ ᠰᠠᠯᠠᠭᠠᠨ ᠤ ᠡᠮᠴᠢ ᠪᠠᠶᠢᠬᠤ ᠶᠢ ᠪᠠᠲᠤᠯᠠᠵᠠᠶ᠃ DR᠂ ᠪᠤᠳᠤᠭᠲᠤ ᠬᠡᠲᠦ ᠳᠣᠯᠭᠢᠶᠠᠨ ᠵᠡᠷᠭᠡ ᠳᠤ ᠬᠡᠷᠡᠭᠰᠡᠬᠦ ᠡᠮᠴᠢᠯᠡᠭᠡᠨ ᠤ ᠲᠥᠬᠦᠭᠡᠷᠦᠮᠵᠢ ᠲᠣᠬᠢᠷᠠᠭᠤᠯᠵᠤ᠂ 17 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ 195 ᠲᠣᠰᠬᠤᠨ ᠤ ᠱᠠᠲᠤᠨ ᠤ ᠡᠷᠡᠭᠦᠯ ᠬᠠᠮᠠᠭᠠᠯᠠᠯ ᠤᠨ ᠲᠠᠰᠤᠭ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ᠂ ᠡᠮ ᠡᠮᠨᠡᠯᠭᠡ ᠶᠢᠨ ᠲᠦᠭᠦᠭᠡᠷᠦᠮᠵᠢ᠂ ᠠᠵᠢᠯᠲᠠᠨ᠂ ᠡᠮ ᠤᠨ ᠵᠦᠢᠯ ᠵᠡᠷᠭᠡ ᠲᠠᠯ᠎ᠠ ᠪᠠᠷ ᠪᠦᠬᠦᠨ ᠢ ᠪᠠᠷᠢᠮᠵᠢᠶ᠎ᠠ ᠳᠤ ᠬᠦᠷᠦᠭᠦᠯᠵᠦ᠂ ᠦᠨᠳᠦᠰᠦᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ ᠴᠢᠩᠭ᠎ᠠ ᠰᠡᠷᠭᠡᠶᠢᠯᠡᠨ ᠡᠵᠡᠮᠳᠡᠬᠦ᠂ ᠥᠷᠭᠡᠨ ᠢᠶᠠᠷ ᠤᠬᠠᠭᠤᠯᠬᠤ ᠪᠠ ᠡᠷᠲᠡ ᠢᠯᠡᠷᠡᠭᠦᠯᠬᠦ᠂ ᠡᠷᠲᠡ ᠰᠢᠢᠳᠪᠦᠷᠢᠯᠡᠬᠦ ᠶᠢ ᠪᠠᠷᠢᠮᠲᠠᠯᠠᠨ᠂ ᠬᠥᠮᠦᠨ ᠤ ᠣᠷᠴᠢᠯᠠᠩ ᠤᠨ ᠬᠤᠯᠤᠭᠠᠨ᠎ᠠ ᠶᠢᠨ ᠬᠢᠵᠢᠭ ᠡᠭᠦᠰᠬᠦ ᠶᠢ ᠪᠦᠲᠦᠮᠵᠢᠲᠡᠶ ᠬᠤᠷᠢᠭᠯᠠᠨ ᠵᠣᠭᠰᠣᠭᠠᠪᠠ᠃     ᠤᠶᠤᠨ ᠤ ᠪᠣᠯᠪᠠᠰᠤᠨ ᠤ ᠪᠠᠶᠢᠭᠤᠯᠤᠯᠲᠠ ᠡᠯᠪᠡᠭ ᠳᠡᠯᠪᠡᠭ ᠦᠷ᠎ᠡ ᠪᠦᠲᠦᠭᠡᠯ ᠤᠯᠪᠠ᠃ ᠤᠯᠠᠭᠠᠨᠮᠥ᠋ᠴᠢᠷ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠲᠣᠭᠤᠷᠢᠨ ᠳᠤ ᠬᠤᠶᠠᠷ ᠬᠥᠮᠦᠨ ᠤ ᠰᠢ ᠵᠦᠴᠦᠭᠡ ︽ᠰᠠᠶᠢᠨ ᠺᠠᠳ᠋ᠷ︾ ᠨᠢ ᠪᠥᠬᠦ ᠬᠤᠲᠠ ᠶᠢᠨ ᠬᠤᠶᠠᠳᠤᠭᠠᠷ ᠬᠤᠭᠤᠴᠠᠭᠠᠨ ᠤ ︽ᠣᠯᠠᠨ ᠲᠦᠮᠡᠨ ᠤ ᠣᠳᠣᠨ ᠱᠠᠩᠨᠠᠯ︾ ᠤᠨ ᠰᠢ ᠲᠠᠭᠤᠤᠷᠢᠯᠢᠬ ᠤᠨ ᠲᠥᠷᠥᠯ ᠤᠨ ᠴᠣᠷ ᠤᠨ ᠭᠠᠭᠴᠠ ᠪᠦᠲᠦᠭᠡᠯ ᠪᠣᠯᠵᠠᠶ᠃ ᠰᠣᠶᠣᠯ ᠢ ᠨᠡᠶᠢᠭᠡᠮ ᠲᠣᠭᠤᠷᠢᠭ ᠲᠤ ᠬᠦᠷᠭᠡᠬᠦ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠪᠣᠯᠤᠨ ᠰᠢ ᠵᠦᠴᠦᠭᠡ ᠬᠦᠷᠭᠡᠬᠦ ᠠᠵᠢᠯᠯᠠᠭ᠎ᠠ ᠶᠢ 210 ᠭᠠᠷᠤᠶ ᠲᠠᠯᠠᠪᠤᠷ ᠥᠷᠨᠢᠭᠦᠯᠵᠡᠶ᠃ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠲᠡ ᠶᠢ ᠭᠦᠨᠵᠡᠭᠡᠶ ᠤᠬᠠᠭᠤᠯᠪᠠ᠃ ᠲᠦᠮᠡᠨ ᠬᠥᠮᠦᠨ ᠤ ᠶᠠᠪᠠᠭᠠᠨ ᠠᠯᠬᠤᠬᠤ᠂ ᠠᠭᠤᠳᠠᠮ ᠲᠠᠯᠠᠪᠠᠢ ᠶᠢᠨ ᠪᠥᠵᠢᠭ ᠢᠶᠠᠷ ᠠᠴᠢᠶᠠᠯᠠᠪᠤᠷᠢ ᠪᠣᠯᠭᠠᠭᠰᠠᠨ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠨ ᠬᠥᠭᠵᠢᠪᠡ᠃ 130 ᠭᠠᠷᠤᠶ ᠬᠥᠳᠡᠭᠡ ᠲᠣᠰᠬᠤᠨ ᠤ ᠠᠵᠢᠯ ᠤᠨ ᠴᠢᠯᠥᠭᠡᠨ ᠤ ᠶᠠᠩᠭᠠᠷ ᠤᠨ ᠠᠩᠭᠢ ᠪᠣᠯᠤᠨ ᠠᠭᠤᠳᠠᠮ ᠲᠠᠯᠠᠪᠠᠶ ᠶᠢᠨ ᠪᠥᠵᠢᠭ ᠤᠨ ᠠᠩᠭᠢ ᠶᠢᠨ ᠬᠠᠮᠢᠶᠠᠷᠤᠯᠲᠠ ᠶᠢ ᠴᠢᠩᠭᠠᠳᠬᠠᠵᠠᠢ᠃ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠵᠦ᠂ ᠪᠦᠬᠦ ᠣᠷᠣᠨ ᠤ ᠤᠯᠠᠮᠵᠢᠯᠠᠯᠲᠤ ᠦᠱᠦ ᠶᠢᠨ ᠬᠦᠯᠢᠯ ᠤᠨ ᠤᠷᠤᠯᠳᠤᠭᠠᠨ ᠳᠤ᠂ ᠮᠠᠨ ᠤ ᠰᠢᠶᠠᠨ ᠤ ᠤᠷᠤᠯᠳᠤᠭᠠᠨ ᠳᠤ ᠤᠷᠤᠯᠴᠠᠭᠰᠠᠨ ᠲᠠᠮᠢᠷᠴᠢᠨ 5 ᠠᠯᠲᠠᠨ ᠮᠧᠳᠠᠯ 3 ᠮᠥᠩᠭᠦᠨ ᠮᠧᠳᠠᠯ 10 ᠬᠦᠷᠡᠯ ᠮᠧᠳᠠᠯ ᠤᠨ ᠰᠢᠯᠢᠳᠡᠭ ᠬᠢᠷᠢ ᠪᠦᠲᠦᠮᠵᠢ ᠣᠯᠵᠠᠶ᠃ ᠰᠣᠶᠣᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠱᠠᠯᠢᠭ ᠵᠠᠪᠬᠠᠶ ᠵᠦᠢᠯᠡᠰ ᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ᠂ ᠴᠢᠬᠢ ᠮᠣᠳᠣ ᠬᠠᠮᠠᠭᠠᠯᠠᠬᠤ 2019︾ ᠪᠠ ︽4 · 26︾ ᠤ ᠡᠷᠬᠡ ᠳᠤ ᠬᠠᠯᠳᠠᠨ ᠬᠡᠪᠯᠡᠯ ᠬᠤᠯᠠᠭᠠᠶᠢᠯᠠᠭᠰᠠᠨ ᠵᠢᠴᠢ ᠬᠠᠤᠯᠢ ᠪᠤᠰᠤ ᠬᠡᠪᠯᠡᠭᠳᠡᠬᠦᠨ ᠤ ᠲᠤᠰᠬᠠᠶ ᠠᠵᠢᠯᠯᠠᠭ᠎ᠠ ᠳᠤ ᠬᠡᠪᠯᠡᠯ ᠬᠤᠯᠠᠭᠠᠶᠢᠯᠠᠭᠰᠠᠨ ᠨᠣᠮ ᠪᠢᠴᠢᠭ᠂ ᠲᠠᠭᠤ ᠳᠦᠷᠰᠦ ᠰᠢᠩᠭᠡᠭᠡᠯᠲᠡ ᠶᠢᠨ ᠪᠦᠲᠦᠭᠡᠭᠳᠡᠬᠦᠨ ᠢ 2 000 ᠭᠠᠷᠤᠶ ᠳᠡᠪᠲᠡᠷ ︵ᠬᠠᠭᠤᠳᠠᠰᠤ︶ ᠢ ᠲᠥᠪᠯᠡᠷᠡᠭᠦᠯᠦᠨ ᠤᠰᠠᠳᠬᠠᠪᠠ᠃ ᠴᠢ ᠲᠠᠢ ᠪᠠᠯᠭᠠᠰᠤ᠂ ᠱᠢ ᠪᠠ ᠴᠢᠩ ᠪᠠᠯᠭᠠᠰᠤ᠂ ᠶᠡᠭᠡ ᠬᠦᠷᠢᠶ᠎ᠡ ᠰᠢᠶᠠᠩ ᠤᠨ ᠷᠠᠳᠢᠣ᠋ ᠲᠧᠯᠸᠢᠰ ᠰᠠᠴᠤᠷᠠᠭᠤᠯᠬᠤ ᠦᠷᠳᠡᠭᠡ ᠶᠢᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠬᠦ ᠲᠥᠷᠥᠯ ᠵᠦᠢᠯ ᠢ ᠡᠷᠡᠮᠡᠯᠵᠡᠯᠡᠵᠦ ᠠᠮᠵᠢᠯᠲᠠ ᠣᠯᠪᠠ᠃ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠰᠢᠶᠤᠤ ᠬᠠᠢ ᠽᠢ ᠪᠠᠯᠭᠠᠰᠤ᠂ ᠳ᠋ᠠ ᠾᠧᠢ ᠱᠠ ᠲᠤ ᠪᠠᠯᠭᠠᠰᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ ᠪᠦᠬᠦ ᠬᠤᠳᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠬᠤ ᠠᠵᠢᠯᠯᠠᠭ᠎ᠠ ᠶᠢᠨ  ᠵᠢᠱᠢᠶ᠎ᠡ ᠦᠵᠡᠭᠦᠯᠬᠦ ᠨᠢᠭᠡᠴᠢ ᠪᠠᠷ ᠦᠨᠡᠯᠡᠭᠳᠡᠵᠦ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠪᠦᠬᠦ ᠬᠤᠳᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠰᠠᠭᠤᠷᠢᠨ ᠢᠶᠠᠷ ᠦᠨᠡᠯᠡᠭᠳᠡᠪᠡ᠃ ᠡᠭᠦᠨ ᠤ ᠬᠠᠮᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠳᠠ ᠶᠢᠨ ᠪᠡᠯᠡᠳᠬᠡᠯ ᠬᠦᠴᠦᠨ ᠵᠢᠴᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠳᠴᠠᠶ᠃ ᠬᠤᠶᠠᠷ ᠢ ᠬᠦᠷᠢᠶᠡᠯᠡᠬᠦ ᠠᠵᠢᠯ ᠢ ᠦᠷᠭᠦᠯᠵᠢᠯᠡᠨ ᠠᠬᠢᠭᠤᠯᠵᠤ᠂ ᠡᠮᠡᠭᠲᠡᠶᠢᠴᠦᠳ ᠬᠡᠦᠬᠡᠳ᠂ ᠵᠡᠮᠳᠡᠭᠴᠦᠳ᠂ ᠤᠯᠠᠭᠠᠨ ᠵᠠᠭᠠᠯᠮᠠᠢᠲᠠᠨ᠂ ᠨᠢᠭᠦᠯᠡᠰᠦᠩᠭᠦᠢ ᠶᠢᠨ ᠦᠢᠯᠡᠰ ᠡᠷᠡᠭᠦᠯ ᠢᠶᠠᠷ ᠬᠥᠭᠵᠢᠪᠡ᠃    ᠨᠢᠭᠡ ᠵᠢᠯ ᠤᠨ ᠲᠤᠷᠰᠢ᠂ ᠪᠢᠳᠡ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ ᠨᠠᠶᠢᠳᠠᠪᠦᠷᠢᠵᠢᠭᠤᠯᠵᠦ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠶᠡᠭᠡ ᠪᠠᠷ ᠠᠬᠢᠭᠤᠯᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ‍ᠤᠨ‌ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠦᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠳᠥᠷᠪᠡᠨ ᠤᠬᠠᠮᠰᠠᠷ︾ ᠢ ᠤᠯᠠᠮ ᠨᠢᠭᠡ ᠠᠯᠬᠤᠮ ᠪᠠᠲᠤ ᠪᠤᠢ ᠪᠣᠯᠭᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠪᠡ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠦᠷᠢᠵᠢᠭᠤᠯᠬᠤ᠂ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ︽ᠠᠯᠪᠠᠨ ᠤ ᠭᠤᠷᠪᠠᠨ ᠵᠠᠷᠤᠳᠠᠯ︾ ᠠᠳᠠᠯᠢ ᠬᠤᠭᠤᠴᠠᠭᠠᠨ ᠤ ᠬᠢ ᠠᠴᠠ 6.6% ᠪᠠᠷ ᠪᠠᠭᠤᠷᠠᠵᠤ᠂ ᠵᠢᠯ ᠤᠨ ᠡᠬᠢᠨ ᠳᠤ 5% ᠪᠠᠷ ᠪᠠᠭᠤᠷᠠᠭᠤᠯᠬᠤ ᠬᠠᠷᠠᠯᠲᠠ ᠶᠢ ᠪᠡᠶᠡᠯᠡᠭᠦᠯᠪᠡ᠃ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠢᠨᠠᠨ ᠵᠥᠪᠰᠢᠶᠡᠷᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠦ᠂ 195 ᠪᠦᠯᠦᠭ ᠤᠳᠠᠭ᠎ᠠ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠪᠡᠶᠡᠯᠡᠭᠦᠯᠵᠦ᠂ 2042.43 ᠲᠦᠮᠡᠨ ᠲᠦᠭᠦᠷᠢᠭ ᠤᠨ ᠪᠡᠯᠡ ᠮᠥᠩᠭᠦ ᠠᠷᠪᠢᠯᠠᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠲᠠᠭᠠᠬᠤ ᠵᠢᠷᠤᠮ ᠤᠨ ᠲᠦᠷ ᠬᠡᠷᠡᠭᠵᠢᠭᠦᠯᠬᠦ ᠳᠦᠷᠢᠮ︾ ᠢ ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ 68 ᠬᠤᠪᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠳᠤᠷᠠᠳᠤᠯᠭ᠎ᠠ 79 ᠬᠤᠪᠢ᠂ ᠰᠢᠶᠠᠨ ᠤ ᠳᠠᠷᠤᠭ᠎ᠠ ᠶᠢᠨ ᠵᠠᠬᠢᠷᠤᠯ ᠤᠨ ᠬᠠᠶᠢᠷᠴᠠᠭ ᠤᠨ ᠰᠦᠯᠵᠢᠶᠡᠨ ᠤ ᠠᠷᠠᠳ ᠤᠨ 78 ᠵᠤᠷᠪᠤᠰ ᠦᠭᠡ ᠦᠯᠡᠳᠡᠭᠡᠭᠰᠡᠨ ᠡᠷᠬᠢᠯᠡᠵᠦ ᠬᠠᠷᠢᠭᠤ ᠥᠭᠬᠦ ᠨᠣᠷᠮ᠎ᠠ ᠶᠢᠨ 100% ᠳᠤ ᠬᠦᠷᠦᠭᠦᠯᠪᠡ᠃ ᠪᠦᠬᠦ ᠵᠢᠯ ᠳᠤ ᠵᠠᠰᠠᠭ ᠤᠨ ᠣᠷᠳᠣᠨ ᠤ ᠰᠢᠰᠲ᠋ᠧᠮ ᠤᠨ ︽ᠳᠥᠷᠪᠡᠨ ᠰᠤᠷᠲᠠᠯ︾ ᠤᠨ ᠠᠰᠠᠭᠤᠳᠠᠯ ᠢ 14 ᠪᠠᠶᠢᠴᠠᠭᠠᠨ ᠰᠢᠢᠳᠪᠦᠷᠢᠯᠡᠵᠦ᠂ 14 ᠬᠥᠮᠦᠨ ᠳᠤ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠢᠳᠬᠡᠯ ᠥᠭᠴᠦ᠂ 1 ᠬᠥᠮᠦᠨ ᠳᠤ ᠰᠡᠷᠡᠮᠵᠢᠯᠡᠭᠦᠯᠦᠨ ᠢᠳᠬᠠᠬᠤ ᠶᠠᠷᠢᠯᠴᠠᠭ᠎ᠠ ᠬᠢᠪᠡ᠃ ᠭᠠᠵᠠᠷ ᠰᠢᠷᠣᠶ᠂ ᠣᠢ ᠰᠢᠭᠤᠶ ᠡᠪᠡᠰᠦ ᠮᠣᠳᠣ ᠵᠡᠷᠭᠡ ᠬᠦᠷᠢᠶᠡᠨ ᠳᠠᠬᠢ ᠡᠮᠬᠢ ᠵᠠᠮᠪᠠᠷᠠᠭ᠎ᠠ ᠦᠭᠡᠢ ᠪᠠᠶᠢᠳᠠᠯ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠥᠩᠭᠡᠷᠡᠭᠰᠡᠨ ᠵᠢᠯ ᠤᠳ ᠤᠨ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ 132.24 ᠾᠧᠺᠲ᠋ᠠᠷ ᠭᠠᠵᠠᠷ ᠰᠢᠷᠣᠶ ᠶᠢ ᠰᠢᠩᠭᠡᠭᠡᠵᠦ᠂ ᠨᠡᠶᠢᠲᠡ 150 ᠾᠧᠺᠲ᠋ᠠᠷ ᠠᠮᠢᠳᠤᠯᠢᠭ ᠪᠣᠯᠭᠠᠪᠠ᠃ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠶᠡᠬᠡᠪᠡᠷ  ᠰᠢᠢᠳᠪᠦᠷᠢᠯᠡᠵᠦ᠂ 12 ᠵᠢᠵᠢᠭ ᠲᠣᠭᠤᠷᠢᠭ ᠲᠤ ᠲᠥᠯᠥᠪᠵᠢᠭᠦᠯᠭᠡ᠂ ᠭᠠᠵᠠᠷ ᠰᠢᠷᠣᠢ᠂ ᠪᠠᠷᠢᠯᠭ᠎ᠠ ᠳᠠᠭᠤᠰᠤᠭᠰᠠᠨ ᠢ ᠳᠠᠩᠰᠠᠯᠠᠬᠤ ᠵᠡᠷᠭᠡ ᠭᠠᠷ ᠭᠦᠢᠴᠡᠳᠬᠡᠯ ᠬᠢᠵᠦ᠂ 576 ᠡᠷᠦᠬᠡ ᠰᠠᠭᠤᠭᠠᠯᠢ ᠠᠷᠠᠳ ᠲᠤ ᠦᠯᠦ ᠬᠥᠳᠡᠯᠬᠦ ᠬᠥᠷᠥᠩᠭᠡ ᠶᠢᠨ ᠳᠠᠩᠰᠠᠯᠠᠯ ᠬᠢᠵᠦ  ᠦᠭᠪᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠵᠠᠰᠠᠬᠤ ᠶᠢ ᠪᠦᠬᠦ ᠲᠠᠯ᠎ᠠ ᠪᠠᠷ ᠥᠷᠨᠢᠭᠦᠯᠵᠦ᠂ ᠣᠨᠳᠣᠤ ᠭᠠᠵᠠᠷ ᠪᠠᠶᠢᠭᠤᠯᠬᠤ ᠵᠠᠷᠤᠳᠠᠯ ᠢ 1000 ᠭᠠᠷᠤᠶ ᠲᠦᠮᠡᠨ ᠲᠥᠭᠦᠷᠢᠭ ᠢᠯᠭᠠᠷᠠᠭᠤᠯᠤᠨ ᠲᠤᠰᠢᠶᠠᠪᠠ᠃ ᠬᠦᠷᠢᠶᠡᠨ ᠤ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ︽ᠰᠢᠶᠠᠩ ᠪᠠᠯᠭᠠᠰᠤ ᠱᠦᠭᠯᠦ ᠦᠯᠢᠶᠡᠵᠦ᠂ ᠰᠠᠯᠠᠭ᠎ᠠ ᠮᠥᠴᠢᠷ ᠨᠡᠷ᠎ᠡ ᠮᠡᠳᠡᠭᠦᠯᠵᠦ᠂ ᠨᠢᠭᠡ ᠲᠥᠷᠥᠯ ᠤᠨ ᠭᠤᠤᠯ ᠬᠠᠷᠢᠭᠤᠴᠠᠯᠭ᠎ᠠ᠂ ᠪᠤᠰᠤᠳ ᠬᠠᠮᠵᠢᠯᠴᠠᠯᠭ᠎ᠠ ᠰᠠᠯᠠᠭ᠎ᠠ ᠮᠥᠴᠢᠷ ᠪᠠᠶᠢᠷᠢᠯᠠᠭᠤᠯᠬᠤ᠂ ᠰᠢᠶᠠᠩ ᠪᠠᠯᠭᠠᠰᠤ ᠨᠠᠶᠢᠳᠠᠪᠤᠷᠢᠵᠢᠭᠤᠯᠬᠤ︾ ︽ᠭᠤᠷᠪᠠ ᠶᠢ ᠬᠠᠮᠵᠢᠯᠴᠠᠭᠤᠯᠬᠤ︾ ᠬᠠᠮᠲᠤᠷᠠᠨ ᠬᠠᠤᠯᠢ ᠬᠡᠷᠡᠭᠵᠢᠭᠦᠯᠬᠦ ᠵᠠᠭᠪᠤᠷ ᠢ ᠡᠬᠢᠯᠡᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠬᠤᠯᠠᠭᠠᠶᠢᠯᠠᠨ ᠮᠠᠯᠲᠠᠭᠰᠠᠨ 5 ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠰᠢᠨ᠎ᠡ ᠪᠠᠷ 6 ᠴᠢᠯᠠᠭᠤ ᠭᠠᠷᠭᠠᠬᠤ ᠴᠡᠭ᠂ 2 ᠡᠯᠡᠰᠦ ᠮᠠᠯᠲᠠᠬᠤ ᠴᠡᠭ᠂ 4 ᠭᠠᠵᠠᠷ ᠰᠢᠷᠣᠢ ᠠᠪᠬᠤ ᠲᠦᠷ ᠴᠠᠭ ᠤᠨ ᠴᠡᠭ ᠢ ᠨᠡᠮᠡᠭᠳᠡᠭᠦᠯᠵᠦ᠂ ᠰᠢᠶᠠᠨ ᠤ ᠳᠣᠲᠣᠷᠠᠬᠢ ᠬᠠᠤᠯᠢ ᠶᠣᠰᠣᠨ ᠤ ᠡᠯᠡᠰᠦ ᠮᠠᠯᠲᠠᠬᠤ ᠲᠠᠯᠠᠪᠠᠢ ᠪᠠᠶᠢᠬᠤ ᠦᠭᠡᠢ ᠬᠤᠭᠤᠰᠣᠨ ᠢ ᠨᠥᠬᠦᠪᠥᠷᠢᠯᠡᠪᠡ᠃ ︽ᠲᠠᠷᠢᠶᠠᠨ ᠭᠠᠵᠠᠷ ᠢ ᠨᠡᠷ᠎ᠡ ᠪᠤᠷᠤᠭᠤᠯᠠᠵᠤ ᠡᠵᠡᠯᠡᠭᠰᠡᠨ ᠬᠠᠤᠯᠢ ᠪᠤᠰᠤ ᠪᠠᠷᠢᠯᠭ᠎ᠠ︾ ᠶᠢᠨ ᠵᠠᠰᠠᠯᠲᠠ ᠶᠢ ᠪᠦᠬᠦ ᠲᠠᠯ᠎ᠠ ᠪᠠᠷ ᠠᠬᠢᠭᠤᠯᠵᠤ᠂ ᠴᠢᠩ ᠬᠠᠢ ᠬᠤᠷᠰᠢᠶ᠎ᠠ ᠶᠢᠨ ᠳᠦᠷᠢᠮ ᠢ ᠵᠥᠷᠢᠴᠡᠭᠰᠡᠨ ᠲᠣᠮᠣ ᠫᠧᠩ ᠢ ᠨᠤᠷᠠᠭᠠᠪᠠ᠃    ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ᠂ ᠶᠠᠳᠠᠭᠤ ᠠᠴᠠ ᠠᠩᠭᠢᠵᠢᠷᠠᠭᠤᠯᠬᠤ ᠪᠠ ᠬᠥᠭᠵᠢᠭᠦᠯᠬᠦ ᠬᠠᠲᠠᠭᠤ ᠪᠡᠷᠬᠡ ᠬᠦᠨᠳᠦ ᠡᠭᠦᠷᠭᠡ ᠶᠢᠨ ᠡᠮᠦᠨ᠎ᠡ᠂ ᠪᠢᠳᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤᠮᠳᠠ ᠬᠦᠴᠦ ᠬᠥᠯᠥᠰᠥ ᠪᠠᠨ ᠤᠷᠤᠰᠬᠠᠵᠤ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠬᠦᠴᠦᠯᠡᠨ ᠲᠡᠮᠡᠴᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠠᠮ ᠳᠡᠭᠡᠷ᠎ᠡ ᠦᠨᠡᠨᠴᠢ ᠰᠢᠳᠤᠷᠭᠤ ᠪᠠ ᠡᠭᠦᠷᠭᠡᠯᠡᠯ ᠢᠶᠠᠷ ᠢᠶᠠᠨ ᠬᠤᠳᠠᠯᠳᠤᠭᠠᠨ ᠤ ᠬᠥᠭᠵᠢᠯᠲᠡ ᠶᠢ ᠰᠢᠨ᠎ᠡ ᠱᠠᠳᠤ ᠦᠶ᠎ᠡ ᠲᠡᠰᠢ ᠠᠬᠢᠭᠤᠯᠵᠠᠢ᠃ ᠡᠨᠡ ᠪᠣᠯ ᠰᠢᠶᠠᠨ ᠤ ᠨᠠᠮ ᠤᠨ ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠦᠵᠡᠭᠦᠯᠵᠦ᠂ ᠬᠥᠭᠵᠢᠯᠲᠡ ᠶᠢ ᠬᠠᠮᠲᠤ ᠪᠠᠷ ᠡᠷᠢᠯᠬᠢᠯᠡᠭᠰᠡᠨ ᠤ ᠦᠷ᠎ᠡ ᠳ᠋ᠦᠩ ᠮᠥᠨ᠂ ᠪᠦᠬᠦ ᠰᠢᠶᠠᠨ ᠤ ᠠᠷᠠᠳ ᠲᠦᠮᠡᠨ ᠤ ᠵᠤᠷᠢᠭ ᠨᠢᠭᠡᠳᠴᠦ᠂ ᠬᠦᠴᠢᠷ ᠢ ᠲᠤᠭᠤᠯᠤᠨ ᠪᠡᠷᠬᠡ ᠶᠢ ᠳᠠᠪᠠᠭᠰᠠᠨ ᠤ ᠦᠷ᠎ᠡ ᠳ᠋ᠦᠩ ᠮᠥᠨ᠃ ᠠᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠲᠥᠯᠥᠭᠡᠯᠡᠭᠴᠢᠳ᠂ ᠭᠡᠰᠢᠭᠦᠳ ᠲᠤ᠂ ᠪᠦᠬᠦ ᠰᠢᠶᠠᠨ ᠤ ᠥᠭᠡᠷᠡᠴᠢᠯᠡᠯᠲᠡ ᠨᠡᠭᠡᠭᠡᠯᠲᠡ ᠪᠣᠯᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠦᠭᠰᠡᠨ ᠨᠥᠬᠦᠳ᠂ ᠱᠠᠩᠳᠦ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠮᠡᠷᠭᠡᠳ ᠲᠤ᠂ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕    ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ᠂ ᠬᠥᠭᠵᠢᠯᠲᠡ ᠶᠢᠨ ᠳᠤᠮᠳᠠᠬᠢ ᠲᠡᠩᠴᠡᠭᠦᠷᠢ ᠦᠭᠡᠢ ᠭᠦᠢᠴᠡᠳ ᠦᠭᠡᠢ ᠵᠦᠷᠢᠴᠡᠯ ᠪᠠ ᠠᠰᠠᠭᠤᠳᠠᠯ ᠮᠥᠨ ᠯᠡ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠣᠯᠪᠠ᠃ ᠭᠤᠤᠯ ᠢᠯᠡᠷᠡᠯ ᠭᠡᠪᠡᠯ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠡᠭᠡ ᠪᠢᠰᠢ᠂ ᠶᠠᠰᠤ ᠴᠢᠨᠠᠷ ᠥᠨᠳᠥᠷ ᠪᠢᠰᠢ ᠪᠠᠶᠢᠨ᠎ᠠ᠃ ᠲᠠᠷᠢᠶᠠᠯᠠᠩ ᠮᠠᠯ ᠠᠵᠤ ᠠᠬᠤᠢ ᠶᠢᠨ ᠵᠠᠬ᠎ᠠ ᠳᠡᠯᠭᠡᠭᠦᠷ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠴᠢᠩᠭ᠎ᠠ ᠪᠢᠰᠢ᠂ ᠲᠠᠷᠢᠶᠠᠯᠠᠩ ᠤᠨ ᠡᠯᠪᠡᠭ ᠬᠤᠷᠢᠶᠠᠯᠲᠠ ᠣᠯᠬᠤ ᠦᠭᠡᠢ ᠪᠠᠶᠢᠬᠤ ᠶᠠᠪᠤᠳᠠᠯ ᠪᠠᠶᠢᠨ ᠳᠠᠬᠢᠨ ᠭᠠᠷᠴᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠬᠥᠮᠥᠷᠭᠡᠯᠡᠨ ᠬᠠᠳᠠᠭᠠᠯᠠᠬᠤ ᠵᠢᠴᠢ ᠪᠣᠷᠣᠯᠠᠭᠤᠯᠬᠤ ᠬᠡᠯᠬᠢᠶᠡᠰᠦ ᠶᠢ ᠪᠠᠰᠠ ᠤᠯᠠᠮ ᠨᠢᠭᠡ ᠠᠯᠬᠤᠮ ᠪᠦᠷᠢᠨ ᠪᠣᠯᠭᠠᠨ ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ᠃ ᠳᠠᠶᠢᠴᠢᠯᠠᠬᠤ ᠬᠦᠴᠦᠨ ᠢᠶᠠᠷ ᠴᠢᠩᠭ᠎ᠠ᠂ ᠪᠡᠯᠡ ᠣᠷᠣᠭᠤᠯᠤᠯᠲᠠ ᠪᠠᠷ ᠶᠡᠭᠡ ᠠᠵᠤ ᠦᠢᠯᠡᠳᠪᠦᠷᠢ ᠶᠢᠨ ᠲᠥᠷᠥᠯ ᠵᠦᠢᠯ  ᠤᠨ ᠲᠤᠯᠭᠠᠭᠤᠷᠢᠯᠠᠯ ᠬᠦᠷᠦᠯᠴᠡᠬᠦ ᠦᠭᠡᠢ ᠪᠠᠶᠢᠵᠤ᠂ ᠠᠵᠤ ᠦᠢᠯᠡᠳᠪᠦᠷᠢ ᠶᠢᠨ ︽ᠭᠤᠷᠪᠠᠨ ᠥᠨᠳᠥᠷ ᠨᠢᠭᠡ ᠳᠣᠤᠷ᠎ᠠ ︾ ᠠᠵᠤ ᠠᠬᠤᠢ ᠶᠢᠨ ᠨᠡᠮᠡᠭᠳᠡᠯ ᠤᠨ ᠠᠷᠭ᠎ᠠ ᠮᠠᠶ᠋ᠢᠭ ᠢ ᠦᠨᠳᠦᠰᠦᠨ ᠠᠴᠠ ᠨᠢ ᠬᠤᠪᠢᠷᠠᠭᠤᠯᠵᠤ ᠴᠢᠳᠠᠭᠰᠠᠨ ᠦᠭᠡᠢ᠃ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠬᠢᠷᠢ ᠲᠦᠪᠰᠢᠨ ᠥᠨᠳᠥᠷ ᠪᠢᠰᠢ᠂ ᠬᠦᠷᠢᠶᠡᠯᠡᠩ ᠳᠤ ᠤᠷᠤᠭᠰᠠᠨ ᠠᠵᠤ ᠠᠬᠤᠶᠢᠯᠠᠯ ᠤᠨ ᠲᠤᠭ᠎ᠠ ᠪᠦᠬᠦ ᠬᠤᠳᠠ ᠳᠤ ᠨᠢᠭᠡᠳᠦᠭᠡᠷ ᠲᠤ ᠣᠷᠣᠵᠤ᠂ ᠦᠢᠯᠡᠳᠬᠦᠨ ᠤ ᠦᠷᠳᠡᠭ ᠨᠢ ᠬᠠᠷᠢᠨ ᠠᠷᠤ ᠡᠩᠨᠡᠭᠡᠨ ᠳᠡᠭᠡᠨ ᠣᠷᠣᠪᠠ᠃ ᠬᠥᠳᠡᠭᠡ ᠲᠣᠰᠬᠤᠨ ᠤ ᠳᠦᠷᠰᠦ ᠪᠠᠶᠢᠳᠠᠯ ᠬᠡᠳᠦ᠋ᠢᠪᠡᠷ ᠨᠡᠯᠢᠶᠡᠳ ᠶᠡᠭᠡ ᠬᠤᠪᠢᠷᠠᠯᠲᠠ ᠲᠠᠢ ᠪᠣᠯᠤᠭᠰᠠᠨ ᠪᠣᠯᠪᠠᠴᠤ ᠭᠡᠪᠡᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠵᠢᠴᠢ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠨ ᠳᠡᠭᠡᠭᠰᠢᠯᠡᠭᠦᠯᠬᠦ ᠠᠵᠢᠯᠯᠠᠭᠠᠨ ᠤ ᠱᠠᠭᠠᠷᠳᠠᠯᠭ᠎ᠠ ᠲᠠᠢ ᠪᠠᠰᠠ ᠵᠦᠷᠢᠶ᠎ᠡ ᠲᠠᠢ ᠪᠠᠶᠢᠵᠤ᠂ ᠬᠥᠳᠡᠭᠡ ᠲᠣᠰᠬᠤᠨ ᠤ ᠪᠣᠯᠪᠠᠰᠤᠨ ᠤ ᠬᠡᠮᠵᠢᠶ᠎ᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠮᠥᠨ ᠬᠦ ᠳᠤᠲᠠᠭᠤᠳᠠᠯ ᠲᠠᠢ ᠪᠠᠶᠢᠨ᠎ᠠ᠃ ᠬᠤᠳᠠ ᠪᠠᠯᠭᠠᠰᠤᠨ ᠤ ᠰᠠᠭᠤᠷᠢ ᠲᠥᠬᠦᠭᠡᠷᠦᠮᠵᠢ ᠪᠠᠰᠠ ᠲᠡᠭᠦᠯᠳᠡᠷᠵᠢᠭᠡᠳᠦᠶ ᠪᠠᠶᠢᠭᠰᠠᠭᠠᠷ᠃ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠢᠯᠡᠷᠡᠵᠦ᠂ ᠥᠷᠢ ᠥᠭᠴᠡᠭᠡ ᠶᠢ ᠠᠷᠢᠯᠭᠠᠬᠤ ᠪᠠ ᠠᠷᠠᠳ ᠤᠨ ᠠᠮᠢᠳᠤᠷᠠᠯ ᠤᠨ ᠭᠤᠤᠯᠳᠠᠯᠭ᠎ᠠ ᠲᠠᠢ ᠠᠵᠢᠯ ᠦᠢᠯᠡᠰ ᠵᠡᠷᠭᠡ ᠬᠠᠲᠠᠭᠤ ᠴᠢᠨᠠᠷᠲᠠᠶ ᠵᠠᠷᠤᠯᠭ᠎ᠠ ᠶᠢᠨ ᠳᠠᠷᠤᠯᠲᠠ ᠯᠤᠲᠤ ᠶᠡᠭᠡ ᠪᠠᠶᠢᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠲᠡᠶᠢᠮᠦ ᠰᠢᠯᠢᠳᠡᠭᠵᠢᠭᠡᠳᠦᠶ᠂ ᠥᠷᠭᠡᠨ ᠤᠯᠠᠨ ᠺᠠᠳ᠋ᠷ ᠤᠨ ᠬᠠᠤᠯᠢ ᠪᠠᠷ ᠵᠠᠰᠠᠬᠤ ᠰᠡᠳᠬᠢᠬᠦᠶ᠂ ᠦᠢᠯᠡᠴᠢᠯᠡᠭᠡᠨ ᠤ ᠤᠬᠠᠮᠰᠠᠷ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠪᠠᠰᠠ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠶ ᠪᠠᠶᠢᠨ᠎ᠠ︔ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠵᠡᠷᠭᠡ ︽ᠲᠦᠷᠪᠡᠨ ᠰᠤᠷᠲᠠᠯ︾ ᠤᠨ ᠠᠰᠠᠭᠤᠳᠠᠯ ᠳᠤ ᠮᠥᠨ ᠯᠡ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠴᠢᠬᠤᠯᠠᠲᠠᠶ ᠪᠠᠶᠢᠬᠤ ᠵᠡᠷᠭᠡ ᠪᠣᠯᠤᠨ᠎ᠠ᠃ ᠡᠭᠦᠨ ᠳᠤ ᠪᠢᠳᠡ ᠡᠷᠬᠡᠪᠰᠢ ᠵᠣᠷᠢᠭᠲᠠᠶ ᠪᠠᠷ ᠠᠰᠠᠭᠤᠳᠠᠯ ᠳᠤ ᠰᠢᠭᠤᠳ ᠬᠠᠨᠳᠤᠵᠤ᠂ ᠠᠰᠠᠭᠤᠳᠠᠯ ᠢ ᠰᠢᠢᠳᠪᠦᠷᠢᠯᠡᠬᠦ ᠲᠡᠭᠡᠨ ᠴᠢᠳᠠᠮᠠᠭᠠ᠊ ᠪᠠᠶᠢᠵᠦ᠂ ᠵᠠᠶᠢᠯᠠᠬᠤ ᠦᠭᠡᠢ᠂ ᠴᠠᠯᠠᠭᠠᠶᠢᠷᠠᠬᠤ ᠦᠭᠡᠢ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠮᠠᠭᠠᠶ ᠰᠢᠢᠳᠪᠦᠷᠢᠯᠡᠬᠦ ᠬᠡᠷᠡᠭᠲᠡᠶ᠃         ᠬᠤᠶᠠᠷ᠂ 2020 ᠣᠨ ᠤ ᠭᠤᠤᠯ ᠡᠭᠦᠷᠭᠡ    ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯ ᠤᠨ ᠵᠢᠯ ᠪᠣᠯᠤᠨ᠎ᠠ᠃ ᠮᠥᠨ ᠴᠦ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠬᠥᠭᠵᠢᠯᠲᠡ ᠪᠣᠯᠤᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠠᠶᠢᠨ‌‍ᠰᠠᠭᠤᠷᠢ ᠲᠠᠯᠪᠢᠬᠤ ᠵᠠᠩᠭᠢᠯᠠᠭ᠎ᠠ ᠶᠢᠨ ᠵᠢᠯ ᠪᠣᠯᠤᠨ᠎ᠠ᠃ ᠡᠨᠡ ᠵᠢᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠡᠭᠦᠷᠭᠡ ᠬᠠᠲᠠᠭᠤ ᠪᠡᠷᠬᠡ ᠶᠤᠮ᠃ ᠵᠢᠯ ᠤᠨ ᠡᠬᠢᠨ ᠳᠤ ᠭᠡᠨᠡᠳᠲᠡ ᠡᠭᠦᠰᠦᠭᠰᠡᠨ ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠤᠨ ᠪᠠᠢᠳᠠᠯ ᠪᠦᠬᠦ ᠤᠯᠤᠰ ᠢ ᠬᠠᠮᠤᠷᠴᠤ᠂ ᠬᠢᠵᠢᠭ ᠤᠨ ᠪᠠᠶᠢᠳᠠᠯ ᠪᠣᠯ ᠵᠠᠷᠯᠢᠭ ᠮᠥᠨ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠃ ᠮᠠᠨ ᠤ ᠰᠢᠶᠠᠨ ᠢᠮᠠᠭᠲᠠ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠠᠳ ᠤᠨ ᠳᠠᠶᠢᠨ᠂ ᠶᠡᠷᠦᠩᠬᠡᠶ ᠳᠠᠶᠢᠨ᠂ ᠬᠤᠷᠢᠭᠯᠠᠨ ᠴᠤᠬᠢᠬᠤ ᠳᠠᠶᠢᠨ ᠢ ᠪᠦᠬᠦ ᠲᠠᠯ᠎ᠠ ᠪᠠᠷ ᠥᠷᠨᠢᠭᠦᠯᠦᠭᠡᠳ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠪᠠ᠃ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠨᠢᠭᠡ ᠲᠠᠯ᠎ᠠ ᠪᠠᠷ ︽ᠭᠠᠳᠠᠭᠠᠳᠤ ᠰᠡᠷᠭᠡᠶᠢᠯᠡᠯᠲᠡ ᠶᠢᠨ ᠣᠷᠣᠭᠤᠯᠤᠯᠲᠠ︾ ᠶᠢ ᠠᠳᠬᠤᠵᠤ᠂ ᠨᠢᠭᠡ ᠲᠠᠯ᠎ᠠ ᠪᠠᠷ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢ ᠪᠦᠬᠦ ᠲᠠᠯ᠎ᠠ ᠪᠠᠷ ᠰᠡᠷᠭᠦᠭᠡᠬᠦ ᠶᠢ ᠠᠳᠬᠤᠵᠤ᠂ ᠬᠤᠶᠠᠷ ᠲᠠᠯ᠎ᠠ ᠶᠢ ᠠᠳᠬᠤᠬᠤ᠂ ᠬᠤᠶᠠᠷ ᠲᠠᠯ᠎ᠠ ᠶᠢ ᠴᠢᠩᠭ᠎ᠠ ᠠᠳᠬᠤᠬᠤ᠂ ᠬᠤᠶᠠᠷ ᠢ ᠠᠬᠢᠭᠤᠯᠬᠤ ᠶᠢ ᠪᠠᠷᠢᠮᠲᠠᠯᠠᠨ᠎ᠠ᠃ ᠣᠳᠣᠬᠠᠨ ᠳᠤ ᠬᠢᠵᠢᠭ ᠤᠨ ᠪᠠᠶᠢᠳᠠᠯ ᠠᠵᠤ ᠠᠬᠤᠶ ᠶᠢᠨ ᠠᠵᠢᠯᠯᠠᠭᠠᠨ ᠳᠤ ᠵᠣᠬᠢᠬᠤ ᠨᠥᠯᠥᠭᠡ ᠦᠵᠡᠭᠦᠯᠦᠭᠰᠡᠨ ᠪᠦᠭᠡᠳ ᠦᠷᠭᠦᠯᠵᠢᠯᠡᠨ ᠢᠯᠡᠷᠡᠵᠡᠶ᠃ ᠬᠡᠰᠡᠭ ᠦᠢᠯᠡᠴᠢᠯᠡᠭᠡᠨ ᠤ ᠠᠵᠢᠯ ᠲᠥᠷᠥᠯ ᠨᠡᠯᠢᠶᠡᠳ ᠶᠡᠭᠡ ᠳᠠᠭᠠᠷᠢᠯᠲᠠ ᠳᠤ ᠤᠴᠠᠷᠠᠵᠤ᠂ ᠣᠨᠴᠠ ᠵᠠᠷᠢᠮ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠴᠠᠭ ᠲᠤᠬᠠᠶ ᠳᠤᠨᠢ ᠲᠦᠯᠬᠢᠨ ᠠᠬᠢᠭᠤᠯᠬᠤ ᠶᠢᠨ ᠠᠷᠭ᠎ᠠ ᠦᠭᠡᠢ᠂ ᠬᠢᠵᠢᠭ ᠤᠨ ᠪᠠᠶᠢᠳᠠᠯ ᠤᠨ ᠡᠭᠦᠰᠦᠭᠰᠡᠨ ᠪᠣᠳᠠᠲᠠᠶ ᠠᠰᠠᠭᠤᠳᠠᠯ ᠪᠠ ᠳᠠᠯᠳᠠ ᠠᠶᠤᠯ ᠲᠦᠭᠰᠢᠭᠦᠷᠢ ᠶᠢᠨ ᠲᠤᠬᠠᠶ ᠪᠢᠳᠡ ᠡᠷᠬᠡᠪᠰᠢ ᠳᠣᠲᠣᠷ᠎ᠠ ᠪᠠᠨ ᠲᠤᠭ᠎ᠠ ᠲᠠᠢ ᠪᠠᠶᠢᠬᠤ ᠬᠡᠷᠡᠭᠲᠡᠶ᠃ ᠠᠵᠤ ᠠᠬᠤᠶ ᠨᠡᠶᠢᠭᠡᠮ ᠤᠨ ᠠᠵᠢᠯᠯᠠᠭᠠᠨ ᠤ ᠪᠠᠶᠢᠳᠠᠯ ᠵᠢᠴᠢ ᠡᠭᠦᠰᠴᠦ ᠮᠡᠳᠡᠬᠦ ᠳᠠᠭᠠᠷᠢᠯᠲᠠ ᠪᠠ ᠨᠥᠯᠥᠭᠡ ᠶᠢ ᠨᠢᠭᠲᠠ ᠬᠢᠨᠠᠨ ᠬᠡᠮᠵᠢᠵᠦ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠡᠯ᠎ᠡ ᠵᠦᠢᠯ ᠤᠨ ᠲᠦᠪᠡᠭ ᠪᠤᠳᠤᠯᠢᠶᠠᠨᠲᠠᠶ ᠬᠦᠴᠢᠷᠳᠡᠯ ᠢ ᠢᠳᠡᠪᠬᠢᠲᠡᠶ ᠠᠷᠭᠠᠴᠠᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠠᠮᠢ ᠠᠬᠤᠶ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠦ᠂ ᠬᠠᠩᠬᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠡᠭᠡᠷ᠎ᠡ ᠦᠷᠭᠦᠯᠵᠢᠯᠡᠨ ᠬᠦᠴᠦᠯᠡᠵᠦ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠬᠦᠴᠦᠯᠡᠨ ᠰᠠᠶᠢᠲᠤᠷ ᠬᠢᠵᠦ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ᠂ ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠪᠠᠲᠤᠯᠠᠬᠤ᠂ ᠦᠨᠳᠦᠰᠦᠨ ᠱᠠᠲᠤᠨ ᠤ ᠠᠵᠢᠯᠯᠠᠭᠠᠨ ᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠣᠯᠬᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠳᠤᠯᠠᠵᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠨ᠎ᠡ᠃     ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠠᠶ᠂ ︽ᠭᠤᠷᠪᠠᠨ ᠫᠠᠶᠢᠰᠠ︾ ᠶᠢ ᠰᠠᠶᠢᠲᠤᠷ ᠬᠢᠵᠦ᠂ ︽ᠭᠤᠷᠪᠠᠨ ᠶᠡᠭᠡ ᠠᠵᠤ ᠦᠢᠯᠡᠰ︾ ᠢ ᠪᠤᠶᠢᠵᠢᠭᠤᠯᠤᠨ᠂ ︽ᠭᠤᠷᠪᠠᠨ ᠶᠡᠭᠡ ᠰᠠᠭᠤᠷᠢᠨ ᠭᠠᠵᠠᠷ︾ ᠢ ᠪᠠᠶᠢᠭᠤᠯᠵᠤ᠂ ︽ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ︾ ᠢᠯᠠᠯᠲᠠ ᠶᠢ ᠤᠯᠬᠤ ᠶᠢ ᠦᠨᠡᠨ ᠬᠦ ᠪᠠᠲᠤᠯᠠᠵᠤ᠂ ᠴᠢᠨᠡᠭᠡᠯᠢᠭ ᠨᠡᠶᠢᠭᠡᠮ ᠢ ᠬᠤᠭᠤᠴᠠᠭ᠎ᠠ ᠶᠣᠰᠣᠭᠠᠷ ᠪᠦᠬᠦ ᠲᠠᠯ᠎ᠠ ᠪᠠᠷ ᠪᠠᠶᠢᠭᠤᠯᠤᠨ ᠪᠦᠲᠦᠭᠡᠨ᠎ᠡ᠃    ᠬᠤᠷᠸ᠎ᠠ ᠣᠷᠴᠢᠨ ᠲᠣᠭᠤᠷᠢᠨ᠂ ᠮᠠᠨ ᠤ ᠰᠢᠶᠠᠨ ᠤ ᠪᠣᠳᠠᠲᠤ ᠪᠠᠶᠢᠳᠠᠯ ᠪᠠ ᠬᠢᠵᠢᠭ ᠤᠨ ᠪᠠᠶᠢᠳᠠᠯ ᠤᠨ ᠨᠥᠯᠥᠭᠡ ᠶᠢ ᠶᠡᠷᠦᠩᠬᠡᠶᠢᠯᠡᠨ ᠪᠣᠳᠣᠯᠬᠢᠯᠠᠵᠤ᠂ ᠡᠨᠡ ᠵᠢᠯ ᠤᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 6 ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 7 ᠪᠠᠷ ᠨᠡᠮᠡᠭᠳᠡᠨ᠎ᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 4% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 1.6% ᠨᠡᠮᠡᠭᠳᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 6.1% ᠪᠠ 8.5% ᠨᠡᠮᠡᠭᠳᠡᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠱᠠᠳᠤᠴᠢ ᠴᠢᠨᠠᠷᠲᠠᠢ ᠬᠠᠷᠠᠯᠲᠠ ᠶᠢ ᠪᠡᠶᠡᠯᠡᠭᠦᠯᠦᠨ᠎ᠡ︔ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠭᠦᠢᠴᠡᠳᠭᠡᠯ ᠲᠤᠭ᠎ᠠ ᠶᠢ ᠦᠨᠳᠦᠰᠦᠨ ᠳᠡᠭᠡᠨ ᠪᠠᠷᠢᠮᠵᠢᠶ᠎ᠠ ᠳᠤ ᠬᠦᠷᠭᠡᠨ᠎ᠡ᠃     ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠪᠠᠷ ᠭᠤᠣᠯᠳᠠᠭᠤᠯᠵᠤ᠂ ᠭᠤᠣᠯᠳᠠᠭᠤ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠰᠠᠶᠢᠲᠤᠷ ᠠᠳᠬᠤᠨ᠎ᠠ᠄    ︵ᠨᠢᠭᠡ︶ ᠪᠥᠬᠦ ᠬᠦᠴᠦᠨ ᠢᠶᠠᠷ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠦᠨ᠎ᠡ    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠡᠷᠡᠰ ᠲᠡᠮᠡᠴᠡᠨ ᠣᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠯ ᠡᠴᠦᠰ ᠤᠨ ᠴᠡᠭ ᠪᠢᠰᠢ᠂ ᠬᠠᠷᠢᠨ ᠰᠢᠨ᠎ᠡ ᠠᠮᠢᠳᠤᠷᠠᠯ᠂ ᠰᠢᠨ᠎ᠡ ᠲᠡᠮᠡᠴᠡᠯ ᠤᠨ ᠡᠬᠢᠯᠡᠯᠲᠡ ᠮᠥᠨ᠃ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠬᠠᠷᠠᠯᠲᠠ ᠶᠢ ᠴᠢᠩᠭ᠎ᠠ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯ᠎ᠡ ᠵᠦᠶ᠋ᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠮᠤᠭ ᠡᠴᠦᠰ ᠤᠨ ᠬᠦᠴᠢᠷ ᠠᠰᠠᠭᠤᠳᠠᠯ ᠢ ᠡᠷᠡᠰ ᠰᠢᠢᠳᠪᠦᠷᠢᠯᠡᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠢ ᠪᠦᠬᠦ ᠲᠠᠯ᠎ᠠ ᠪᠠᠷ ᠴᠢᠨᠡᠭᠡᠯᠢᠭᠵᠢᠬᠦ ᠵᠠᠮ ᠳᠡᠭᠡᠷ᠎ᠡ ᠬᠤᠴᠤᠷᠤᠭᠤᠯᠬᠤ ᠦᠭᠡᠢ᠃ ᠡᠭᠦᠨ ᠤ ᠬᠠᠮᠲᠤ ︽ᠳᠥᠷᠪᠡ ᠶᠢ ᠦᠯᠦ ᠠᠪᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠦᠷᠢᠵᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠲᠠᠢ ᠪᠦᠲᠦᠮᠵᠢᠲᠡᠶ ᠵᠣᠯᠭᠠᠭᠤᠯᠬᠤ ᠶᠢ ᠰᠠᠶᠢᠲᠤᠷ ᠬᠢᠵᠦ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠨᠢᠭᠡ ᠳᠤ ᠦᠷᠭᠦᠯᠵᠢᠯᠡᠨ ᠪᠠᠶᠢᠯᠳᠤᠬᠤ ᠶᠢ ᠪᠠᠷᠢᠮᠲᠠᠯᠠᠵᠤ᠂ ︽ᠨᠢᠭᠡ ᠬᠠᠷᠠᠯᠲᠠ︾ ᠶᠢ ᠦᠨᠡᠨ ᠬᠦ ᠪᠠᠲᠤᠯᠠᠨ᠎ᠠ᠃ ᠬᠤᠲᠠ᠂ ᠰᠢᠶᠠᠨ ᠬᠤᠶᠠᠷ ᠱᠠᠲᠤᠨ ᠤ ᠤᠳᠤᠷᠢᠳᠤᠯᠭ᠎ᠠ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ 224 ᠡᠷᠦᠬᠡ ᠶᠢᠨ 471 ᠶᠠᠳᠠᠭᠤ ᠬᠦᠴᠢᠷᠳᠡᠯᠲᠡᠶ ᠬᠥᠮᠦᠨ ᠠᠮᠠ ᠶᠢ ᠳᠠᠭᠠᠭᠠᠴᠢᠯᠠᠨ ᠬᠤᠯᠪᠣᠵᠠᠶ᠃ ᠫᠠᠶᠢᠰᠠ ᠡᠯᠭᠦᠨ ᠪᠠᠶᠢᠯᠳᠤᠭᠠᠨ ᠢ ᠬᠢᠨᠠᠨ ᠵᠢᠯᠣᠭᠤᠳᠴᠤ᠂ ᠬᠤᠲᠠ ᠶᠢᠨ ᠲᠡᠰ ᠤᠨ 3 ᠤᠳᠤᠷᠢᠳᠤᠯᠭ᠎ᠠ 5 ᠡᠷᠦᠬᠡ ᠳᠠᠭᠠᠭᠠᠨ ᠲᠡᠳᠭᠦᠵᠦ᠂ 25 ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ 42 ᠡᠷᠦᠬᠡ ᠳᠠᠭᠠᠭᠠᠨ ᠲᠡᠳᠭᠦᠵᠦ᠂ 90 ᠰᠠᠯᠠᠭ᠎ᠠ ᠮᠥᠴᠢᠷ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ 177 ᠡᠷᠦᠬᠡ ᠶᠢ ᠳᠠᠭᠠᠭᠠᠨ ᠲᠡᠳᠬᠦᠵᠦ᠂ ᠳᠠᠭᠠᠭᠠᠴᠢᠯᠠᠨ ᠬᠠᠷᠢᠯᠴᠠᠬᠤ ᠡᠬᠡ ᠳᠠᠩᠰᠠ ᠪᠠᠶᠢᠭᠤᠯᠵᠠᠶ᠃ ᠶᠠᠳᠠᠭᠤ ᠠᠴᠠ ᠠᠩᠭᠢᠵᠢᠷᠠᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠢᠳᠠᠪᠤᠷᠢᠵᠢᠭᠤᠯᠬᠤ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠶᠠᠳᠠᠭᠤ ᠠᠴᠠ ᠠᠩᠭᠢᠵᠢᠷᠠᠭᠤᠯᠬᠤ ᠨᠥᠬᠦᠴᠡᠯ ᠳᠤ ᠬᠦᠷᠴᠦ᠂ 9 ᠳ᠋ᠦᠭᠡᠷ ᠰᠠᠷ᠎ᠠ ᠶᠢᠨ ᠰᠡᠭᠦᠯᠴᠢ ᠪᠠᠷ ᠶᠠᠳᠠᠭᠤ ᠠᠴᠠ ᠠᠩᠭᠢᠵᠢᠷᠠᠭᠤᠯᠤᠨ ᠤᠬᠤᠷᠢᠭᠤᠯᠬᠤ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ 1332 ᠡᠷᠦᠬᠡ ᠶᠢᠨ 2373 ᠡᠷᠦᠬᠡ ᠪᠠ 366 ᠡᠷᠦᠬᠡ ᠶᠢᠨ 788 ᠬᠢᠨᠠᠨ ᠬᠡᠮᠵᠢᠬᠦ ᠡᠷᠦᠬᠡ ᠬᠤᠶᠠᠷ ᠲᠥᠷᠥᠯ ᠤᠨ ᠰᠦᠷᠦᠭᠵᠢᠯ ᠢ ᠨᠢᠭᠲᠠ ᠠᠩᠬᠠᠷᠴᠤ ︽ᠶᠠᠳᠠᠭᠤ ᠬᠦᠴᠢᠷᠳᠡᠯᠲᠡᠶ ᠬᠥᠮᠦᠰ ᠢ ᠰᠡᠷᠭᠡᠶᠢᠯᠡᠨ ᠬᠠᠮᠠᠭᠠᠯᠠᠬᠤ︾ ᠵᠡᠷᠭᠡ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠠᠨᠳᠤᠯᠭᠠᠲᠤ ᠴᠢᠨᠠᠷᠲᠠᠶ ᠪᠠᠷ ᠬᠡᠷᠡᠭᠵᠢᠭᠦᠯᠵᠦ᠂ ᠳᠠᠬᠢᠨ ᠶᠠᠳᠠᠭᠤᠷᠠᠬᠤ ᠪᠠ ᠰᠢᠨ᠎ᠡ ᠶᠠᠳᠠᠭᠤᠷᠠᠬᠤ ᠶᠢ ᠰᠡᠷᠭᠡᠶᠢᠯᠡᠨ᠎ᠡ᠃ ᠬᠤᠶᠠᠷ ᠲᠤ ᠨᠠᠷᠢᠯᠢᠭ ᠣᠨᠣᠴᠠᠲᠠᠶ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ︽ᠬᠤᠶᠠᠷ ᠵᠠᠩᠭᠢᠯᠠᠭ᠎ᠠ︾ ᠶᠢ ᠰᠠᠶᠢᠳᠤᠷ ᠠᠳᠬᠤᠬᠤ ᠬᠡᠷᠡᠭᠲᠡᠶ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠤ ᠭᠤᠣᠯᠳᠠᠭᠤ ᠠᠵᠤ ᠦᠢᠯᠡᠰ ᠤᠨ ᠱᠠᠩᠨᠠᠯ ᠨᠥᠬᠦᠪᠥᠷᠢ᠂ ᠡᠳ᠋ ᠬᠦᠷᠦᠩᠭᠡ ᠶᠢᠨ ᠠᠰᠢᠭ ᠣᠷᠣᠯᠭ᠎ᠠ᠂ ᠨᠠᠶᠢᠳᠠᠨ ᠬᠠᠮᠢᠶᠠᠷᠤᠭᠤᠯᠵᠤ ᠨᠠᠶᠢᠳᠠᠨ ᠲᠡᠵᠢᠭᠡᠯᠭᠡᠬᠦ ᠵᠡᠷᠭᠡ ᠲᠡᠳᠬᠦᠬᠦ ᠠᠷᠭ᠎ᠠ ᠮᠠᠶ᠋ᠢᠭ ᠢ ᠬᠡᠷᠡᠭᠵᠢᠭᠦᠯᠵᠦ᠂ 212 ᠠᠵᠤ ᠦᠢᠯᠡᠰ ᠤᠨ ᠵᠢᠭᠠᠨ ᠵᠢᠯᠣᠭᠤᠳᠣᠭᠴᠢ ᠶᠢ ᠪᠠᠶᠢᠩᠭᠤᠵᠢᠭᠤᠯᠤᠨ ᠵᠢᠯᠣᠭᠤᠳᠬᠤ᠂ ᠲᠣᠰᠬᠤᠨ ᠢ ᠳᠠᠭᠠᠭᠠᠴᠢᠯᠠᠨ ᠲᠣᠰᠬᠤᠨ ᠲᠠᠢ ᠬᠤᠯᠪᠣᠭᠠᠯᠠᠬᠤ ᠮᠡᠷᠭᠡᠵᠢᠯ ᠤᠨ ᠲᠤᠰᠬᠠᠶ ᠮᠡᠷᠭᠡᠵᠢᠯᠲᠡᠨ ᠤ ᠬᠠᠨᠳᠤᠯᠭᠠᠲᠤ ᠴᠢᠨᠠᠷᠲᠠᠶ ᠪᠠᠷ ᠵᠢᠯᠤᠭᠤᠳᠬᠤ ᠪᠠ 10 ᠰᠢᠶᠠᠩ ᠪᠠᠯᠭᠠᠰᠤᠨ ᠤ ᠮᠡᠷᠭᠡᠵᠢᠯ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠨᠢᠭᠡᠳᠦᠯᠲᠡᠶ ᠲᠥᠯᠥᠪᠯᠡᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠠᠶᠢᠲᠤᠷ ᠨᠠᠢᠳᠠᠪᠤᠷᠢᠵᠢᠭᠤᠯᠬᠤ᠂ ︽5321︾ ᠲᠥᠷᠦ ᠶᠢᠨ ᠪᠣᠳᠣᠯᠭ᠎ᠠ ᠶᠢ ᠪᠣᠳᠠᠲᠠᠢ ᠬᠡᠷᠡᠭᠵᠢᠭᠦᠯᠬᠦ ᠶᠢ ᠪᠠᠲᠤᠯᠠᠨ᠎ᠠ᠃ ᠶᠠᠳᠠᠭᠤ ᠠᠴᠠ ᠠᠩᠭᠢᠵᠢᠷᠠᠭᠠᠳᠤᠶ ᠪᠠ ᠨᠢᠭᠡᠨᠲᠡ ᠶᠠᠳᠠᠭᠤ ᠠᠴᠠ ᠠᠩᠭᠢᠵᠢᠷᠠᠵᠤ ᠠᠵᠤ ᠦᠢᠯᠡᠰ ᠤᠨ ᠲᠡᠳᠬᠦᠬᠦ ᠲᠥᠷᠥ ᠶᠢᠨ ᠪᠣᠳᠣᠯᠭ᠎ᠠ ᠶᠢ ᠬᠦᠷᠲᠡᠭᠰᠡᠨ ᠶᠠᠳᠠᠭᠤ ᠬᠦᠴᠢᠷᠳᠡᠯᠲᠡᠶ ᠡᠷᠦᠬᠡ ᠶᠢ ᠲᠡᠳᠬᠦᠨ ᠳᠠᠮᠵᠢᠵᠤ᠂ ︽ᠨᠢᠭᠡ ᠲᠥᠮᠥᠰᠥ ᠬᠤᠶᠠᠷ ᠨᠣᠭᠤᠭ᠎ᠠ︾ ᠵᠢᠴᠢ ᠡᠯᠳᠡᠪ ᠠᠮᠤ ᠡᠯᠳᠡᠪ ᠪᠤᠷᠴᠠᠭ ᠪᠣᠯᠤᠨ ᠦᠬᠡᠷ ᠭᠠᠭ᠋ᠠᠶ ᠭᠠᠯᠠᠭᠤ ᠪᠠᠷ ᠭᠤᠤᠯ ᠪᠣᠯᠭᠠᠭᠰᠠᠨ ᠣᠨᠴᠠᠯᠢᠭᠲᠤ ᠲᠠᠷᠢᠵᠤ ᠲᠡᠵᠢᠭᠡᠬᠦ ᠦᠢᠯᠡᠰ ᠪᠣᠯᠤᠨ ᠪᠡᠯᠡᠳᠬᠡᠮᠵᠢᠲᠦ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠮᠠᠨ ᠤ ᠰᠢᠶᠠᠨ ᠤ ︽ᠵᠢᠷᠭᠤᠭᠠᠨ ᠨᠢᠭᠡ︾ ᠶᠢᠨ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠬᠥᠲᠥᠴᠢ ᠠᠵᠤ ᠠᠬᠤᠶᠢᠯᠠᠯ ᠤᠨ ᠰᠠᠭᠤᠷᠢᠨ ᠭᠠᠵᠠᠷ ᠪᠠᠶᠢᠭᠤᠯᠬᠤ᠂ ᠶᠠᠳᠠᠭᠤ ᠬᠦᠴᠢᠷᠳᠡᠯᠲᠡᠶ ᠡᠷᠦᠬᠡ ᠶᠢ ᠳᠠᠭᠠᠭᠤᠯᠬᠤ ᠦᠢᠯᠡᠳᠦᠯ ᠢ ᠦᠨᠡᠨᠬᠦ ᠪᠠᠳᠠᠷᠠᠭᠤᠯᠤᠨ᠎ᠠ᠃ ᠶᠠᠳᠠᠭᠤ ᠬᠦᠴᠢᠷᠳᠡᠯᠲᠡᠶ ᠬᠥᠮᠦᠨ ᠠᠮᠠ ᠶᠢ ᠠᠵᠤ ᠦᠢᠯᠡᠰ ᠤᠨ ᠬᠡᠯᠬᠢᠶ᠎ᠡ ᠳᠤ ᠴᠢᠩᠭ᠎ᠠ ᠨᠠᠭᠠᠯᠳᠤᠭᠤᠯᠤᠨ᠎ᠠ᠃ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠳᠤ ᠠᠵᠤ ᠠᠬᠤᠶᠢᠯᠠᠯ ᠤᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠰᠢᠩᠭᠡᠭᠡᠨ ᠠᠪᠴᠤ ᠠᠵᠢᠯ ᠣᠯᠭᠤᠬᠤ ᠶᠢ ᠵᠣᠷᠢᠭᠵᠢᠭᠤᠯᠵᠤ᠂ ᠨᠢᠭᠡ ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠬᠤ ᠶᠢᠨ ᠬᠠᠮᠲᠤ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠰᠦᠢᠳᠭᠡᠯ ᠲᠤᠰᠢᠶᠠᠭᠰᠠᠨ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠳᠤ ᠨᠢᠭᠡ ᠬᠤᠪᠢ ᠰᠢᠩᠭᠡᠭᠡᠨ ᠠᠪᠤᠪᠠᠯ 1000 ᠲᠥᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠨ᠎ᠠ᠃ ᠠᠵᠢᠯ ᠣᠯᠭᠤᠬᠤ ᠮᠡᠷᠭᠡᠵᠢᠯ ‍ᠦᠨ‌‍ᠴᠢᠳᠠᠪᠤᠷᠢ ᠪᠣᠯᠤᠨ ᠬᠡᠪ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠭᠤᠯᠤᠯ ᠢ ᠬᠠᠨᠳᠤᠯᠭᠠᠲᠤ ᠴᠢᠨᠠᠷ ᠲᠠᠢ ᠪᠠᠷ ᠥᠷᠨᠢᠭᠦᠯᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠠᠵᠢᠯ ᠤᠯᠬᠤ ᠴᠢᠳᠠᠪᠦᠷᠢ ᠶᠢ ᠳᠡᠭᠡᠭᠰᠢᠯᠡᠭᠦᠯᠦᠨ᠎ᠡ᠃ ᠣᠳᠣ  ᠪᠠᠶᠢᠭ᠎ᠠ 17 ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠨ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠴᠢᠳᠠᠪᠤᠷᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠴᠢᠩᠭᠠᠳᠬᠠᠬᠤ ᠶᠢᠨ ᠬᠠᠮᠲᠤ᠂ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠤ ᠴᠤᠭᠯᠠᠷᠠᠯ ᠤᠨ ᠪᠠᠶᠢᠳᠠᠯ ᠪᠠ ᠬᠡᠷᠡᠭᠴᠡᠭᠡ ᠶᠢ ᠦᠨᠳᠦᠰᠦᠯᠡᠨ᠂ ᠠᠵᠤ ᠦᠢᠯᠡᠰ ᠤᠨ ᠲᠥᠷᠥᠯ ᠵᠦᠢᠯ ᠪᠠ ᠬᠡᠪᠴᠢᠶ᠎ᠡ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠣᠭᠲᠠᠭᠠᠵᠤ᠂ 9 ᠲᠣᠨ ᠤᠭᠤᠲᠠ ᠪᠠᠷ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠢ ᠰᠢᠨ᠎ᠡ ᠪᠠᠷ ᠪᠠᠶᠢᠭᠤᠯᠵᠤ᠂ ᠶᠠᠳᠠᠭᠤ ᠬᠦᠴᠢᠷᠳᠡᠯᠲᠡᠶ ᠬᠥᠳᠡᠯᠮᠦᠷᠢ ᠶᠢᠨ ᠬᠦᠴᠦᠨ ᠤ ᠤᠢᠢᠷ᠎ᠠ ᠬᠠᠪᠢ ᠳᠤᠨᠢ ᠲᠤᠬᠠᠶ ᠶᠢᠨ ᠭᠠᠵᠠᠷ ᠲᠤᠨᠢ ᠠᠵᠢᠯ  ᠤᠯᠭᠤᠬᠤ ᠶᠢ ᠠᠬᠢᠭᠤᠯᠤᠨ᠎ᠠ᠃ ᠣᠶ ᠰᠢᠭᠤᠶ ᠶᠢ ᠬᠠᠮᠠᠭᠠᠯᠠᠭᠴᠢ᠂ ᠠᠮᠢ ᠠᠬᠤᠶ ᠶᠢᠨ ᠣᠶ ᠰᠢᠭᠤᠶ ᠶᠢ ᠬᠠᠮᠠᠭᠠᠯᠠᠭᠴᠢ᠂ ᠵᠠᠮ ᠬᠠᠷᠢᠯᠴᠠᠭᠠᠨ ᠤ ᠬᠠᠮᠵᠢᠯᠴᠠᠨ ᠬᠠᠮᠢᠶᠠᠷᠤᠭᠴᠢᠳ ᠤᠨ ᠡᠩᠨᠡᠭᠡ ᠶᠢ ᠲᠣᠭᠲᠠᠪᠤᠷᠢᠵᠢᠭᠤᠯᠬᠤ ᠪᠠ ᠲᠡᠭᠦᠯᠳᠡᠷᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠠᠶ᠃ ᠦᠨᠳᠦᠰᠦᠨ ᠵᠦᠢᠯ ᠢ ᠪᠠᠲᠤᠯᠠᠵᠤ ᠨᠤᠲᠤᠭ ᠠᠴᠠ ᠪᠠᠨ ᠰᠠᠯᠬᠤ ᠶᠢᠨ ᠠᠷᠭ᠎ᠠ ᠦᠭᠡᠢ᠂ ᠲᠡᠳᠬᠦᠬᠦ ᠠᠵᠢᠯ ᠦᠭᠡᠢ᠂ ᠶᠠᠳᠠᠭ ᠤ ᠠᠴᠠ ᠠᠩᠭᠢᠵᠢᠷᠠᠬᠤ ᠴᠢᠳᠠᠯ ᠦᠭᠡᠢ ᠶᠠᠳᠠᠭᠤ ᠬᠦᠴᠢᠷᠳᠡᠯᠲᠡᠶ ᠬᠥᠳᠡᠯᠮᠦᠷᠢ ᠬᠦᠴᠦᠨ ᠢ ᠳᠦᠪᠬᠢᠨᠡᠭᠦᠯᠵᠦ ᠭᠤᠷᠪᠠ ᠳᠤ ᠲᠣᠭᠲᠠᠯ ᠬᠦᠴᠦᠨ ᠤ ᠳᠠᠭᠠᠭᠠᠴᠠ ᠶᠢ ᠪᠠᠲᠤᠯᠠᠵᠤ᠂ ︽ᠭᠤᠷᠪᠠᠨ ᠶᠡᠭᠡ ᠭᠠᠷᠳᠠᠴᠠ︾ ᠶᠢ ᠳᠣᠪᠤᠶᠢᠯᠭᠠᠨ᠎ᠠ᠃    ᠶᠡᠭᠡ ᠪᠠᠶᠢᠴᠠᠭᠠᠯᠲᠠ ᠬᠢᠬᠦ ᠠᠵᠢᠯ ᠢ ᠰᠠᠶᠢᠲᠤᠷ ᠠᠳᠬᠤᠨ᠎ᠠ᠃ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠪᠠᠷ ᠪᠠᠷᠢᠮᠵᠢᠶ᠎ᠠ ᠪᠣᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ᠂ ᠠᠮᠤᠷ ᠲᠦᠪᠰᠢᠨ ᠣᠷᠣᠨ ᠰᠠᠭᠤᠴᠠ ᠵᠢᠴᠢ ᠠᠮᠤᠷ ᠲᠦᠪᠰᠢᠨ ᠤᠰᠤ ᠤᠮᠳᠠ ᠶᠢᠨ ᠠᠰᠠᠭᠤᠳᠠᠯ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠰᠢᠶᠠᠨ ᠤ 15975 ᠡᠷᠦᠬᠡ ᠶᠢᠨ 34485 ᠶᠠᠳᠠᠭᠤ ᠬᠦᠴᠢᠷᠳᠡᠯᠲᠡᠢ ᠬᠥᠮᠦᠨ ᠠᠮᠠ᠂ 1332 ᠡᠷᠦᠬᠡ ᠶᠢᠨ 2373 ᠨᠡᠷᠡᠰ ᠵᠠᠬ᠎ᠠ ᠬᠢᠵᠠᠭᠠᠷ ᠡᠷᠦᠬᠡ ᠳᠤ ᠨᠢᠭᠡ ᠤᠳᠠᠭᠠᠨ ᠤ ᠬᠥᠨᠳᠡᠯᠡᠨ ᠢᠶᠠᠷ ᠵᠠᠬ᠎ᠠ ᠬᠢᠵᠠᠭᠠᠷ ᠲᠤ ᠬᠦᠷᠬᠦ᠂ ᠭᠤᠯᠳᠤ ᠪᠠᠷ ᠲᠦᠢᠯ ᠳᠤᠨᠢ ᠲᠤᠯᠲᠠᠯ᠎ᠠ ᠲᠣᠣᠷ ᠲᠠᠲᠠᠬᠤ ᠬᠡᠯᠪᠡᠷᠢ ᠶᠢᠨ ᠶᠡᠭᠡ ᠪᠠᠶᠢᠴᠠᠭᠠᠯᠲᠠ ᠥᠷᠨᠢᠭᠦᠯᠵᠦ᠂ 2014 ᠣᠨ ᠠᠴᠠ ᠨᠠᠰᠢ ᠲᠣᠰᠬᠤᠨ ᠳᠤ ᠬᠦᠷᠴᠦ ᠡᠷᠦᠬᠡ ᠳᠤ ᠬᠦᠷᠬᠦ ᠲᠥᠷᠥᠯ ᠵᠦᠢᠯ ᠢ ᠬᠡᠷᠡᠭᠵᠢᠭᠦᠯᠬᠦ ᠨᠠᠷᠢᠨ ᠳᠠᠩᠰᠠ᠂ ᠶᠠᠳᠠᠭᠤ ᠬᠦᠴᠢᠷᠳᠡᠯᠲᠡᠢ ᠡᠷᠦᠬᠡ ᠶᠢᠨ ᠠᠰᠢᠭ ᠬᠦᠷᠲᠡᠬᠦ ᠨᠡᠷ᠎ᠡ ᠶᠢᠨ ᠳᠡᠪᠲᠡᠷ ᠵᠡᠷᠭᠡ ᠰᠠᠭᠤᠷᠢ ᠲᠤᠭ᠎ᠠ ᠪᠠᠷᠢᠮᠳᠠ ᠶᠢ ᠰᠢᠰᠲ᠋ᠧᠮ ᠲᠠᠢ ᠪᠠᠷ ᠡᠮᠬᠢᠯᠡᠵᠦ᠂ ᠡᠷᠦᠬᠡ ᠳᠤ ᠣᠷᠣᠵᠤ ᠬᠢᠨᠠᠨ ᠪᠠᠶᠢᠴᠠᠭᠠᠵᠤ ᠬᠢᠨᠠᠨ ᠬᠠᠷᠭᠤᠭᠤᠯᠬᠤ ᠪᠠᠷ ᠰᠠᠭᠤᠷᠢ ᠪᠣᠯᠭᠠᠨ᠂ ᠳᠠᠩᠰᠠ ᠬᠠᠷ᠎ᠠ ᠶᠢ  ᠪᠤᠳᠠᠳᠠᠢ ᠨᠢᠭᠡᠳᠦᠯᠲᠡᠶ ᠪᠠᠶᠢᠯᠭᠠᠵᠤ᠂ ᠰᠠᠭᠤᠷᠢ ᠲᠤᠭ᠎ᠠ ᠶᠢ ᠦᠨᠡᠨ ᠬᠦ ᠲᠣᠳᠣᠷᠬᠠᠶ ᠣᠶᠢᠯᠠᠭᠠᠵᠤ᠂ ᠠᠰᠠᠭᠤᠳᠠᠯ ᠢ ᠵᠥᠪ ᠣᠨᠣᠪᠴᠢᠲᠠᠶ ᠡᠷᠢᠵᠦ ᠪᠣᠳᠠᠲᠠᠶ ᠡᠷᠢᠨ᠎ᠡ᠃ ᠶᠡᠭᠡ ᠪᠠᠷ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠢ ᠲᠠᠢ ᠹᠧᠩ ᠱᠦᠵᠢ ᠶᠢᠨ ᠱᠠᠭᠠᠷᠳᠠᠭᠰᠠᠨ ᠵᠢᠷᠭᠤᠭᠠᠨ ︽ᠳᠠᠬᠢᠨ ᠠᠩᠬᠠᠷᠤᠯ ᠢᠶᠠᠨ ᠲᠥᠪᠯᠡᠷᠡᠭᠦᠯᠵᠦ ᠳᠠᠬᠢᠨ ᠬᠦᠴᠦᠯᠡᠬᠦ︾ ᠶᠣᠰᠣᠭᠠᠷ᠂ ᠮᠠᠨ ᠤ ᠰᠢᠶᠠᠨ ᠤ ᠲᠥᠪ ᠤᠨ ᠲᠤᠰᠬᠠᠶ ᠲᠣᠭᠤᠷᠢᠨ ᠪᠠᠶᠢᠴᠠᠭᠠᠯᠲᠠ ᠶᠢᠨ ︽ᠡᠷᠭᠢᠵᠦ ᠬᠠᠷᠠᠬᠤ︾ 3 ᠲᠠᠯ᠎ᠠ ᠶᠢᠨ 10 ᠠᠰᠠᠭᠤᠳᠠᠯ᠂ 2019 ᠣᠨ ᠤ ᠤᠯᠤᠰ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ 7 ᠲᠠᠯ᠎ᠠ ᠶᠢᠨ 23 ᠠᠰᠠᠭᠤᠳᠠᠯ ᠵᠢᠴᠢ ᠶᠡᠭᠡ ᠪᠠᠶᠢᠴᠠᠭᠠᠯᠲᠠ ᠬᠢᠵᠦ ᠢᠯᠡᠷᠡᠭᠦᠯᠦᠭᠰᠡᠨ ᠠᠰᠠᠭᠤᠳᠠᠯ ᠢ ᠶᠡᠭᠡ ᠪᠠᠶᠢᠴᠠᠭᠠᠯᠲᠠ ᠬᠢᠵᠦ ᠢᠯᠡᠷᠡᠭᠦᠯᠦᠭᠰᠡᠨ ᠠᠵᠢᠯ ᠤᠨ ᠠᠬᠢᠴᠠ ᠪᠠᠨ ᠤᠷᠤᠭᠰᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠲᠦᠪᠯᠡᠷᠡᠭᠦᠯᠦᠨ ᠲᠣᠬᠢᠷᠠᠭᠤᠯᠬᠤ ᠠᠵᠢᠯ ᠢ ᠴᠢᠩᠭᠠᠳᠬᠠᠵᠤ᠂ ᠦᠨᠡᠨ ᠪᠣᠳᠠᠲᠠᠶ ᠪᠠᠷ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ᠂ ᠨᠢᠭᠡ ᠠᠰᠠᠭᠤᠳᠠᠯ ᠨᠢᠭᠡ ᠠᠰᠠᠭᠤᠳᠠᠯ ᠢ ᠲᠠᠩᠰᠠ ᠠᠴᠠ ᠲᠤᠯᠭᠠᠨ ᠬᠠᠰᠤᠵᠤ᠂ 6 ᠰᠠᠷ᠎ᠠ ᠶᠢᠨ ᠰᠡᠭᠦᠯᠴᠢ ᠠᠴᠠ ᠡᠮᠦᠨ᠎ᠡ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠶᠡᠭᠡ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠥᠬᠦᠷᠡᠰᠢ ᠦᠭᠡᠢ ᠰᠠᠶᠢᠲᠤᠷ ᠠᠳᠬᠤᠵᠤ᠂ ᠪᠦᠬᠦ ᠰᠢᠶᠠᠨ ᠤ ᠬᠦᠴᠦᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠤᠨ ᠪᠠᠶᠢᠴᠠᠭᠠᠯᠳᠠ ᠶᠢᠨ ᠠᠵᠢᠯ ᠢ ᠰᠠᠶᠢᠲᠤᠷ ᠬᠢᠵᠦ᠂ ᠦᠨᠡᠨᠬᠦ ᠶᠠᠳᠠᠭᠤ ᠠᠴᠠ ᠠᠩᠭᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠰᠢᠶᠠᠨ ᠤ ᠱᠠᠲᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ 6 ᠲᠠᠯ᠎ᠠ ᠶᠢᠨ 722 ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠨᠢᠭᠡᠨᠲᠡ ᠮᠡᠳᠡᠭᠦᠯᠦᠭᠰᠡᠨ ᠪᠡᠭᠡᠵᠢᠩ ᠥᠪᠥᠷ ᠮᠣᠩᠭᠤᠯ ᠤᠨ 15 ᠶᠠᠳᠠᠭᠤ ᠶᠢ ᠲᠡᠳᠭᠦᠬᠦ ᠬᠠᠮᠵᠢᠯᠴᠠᠭᠠᠨ ᠤ ᠲᠥᠷᠥᠯ ᠵᠦᠢᠯ ᠪᠣᠯᠤᠨ ᠨᠡᠶᠢᠳᠡᠮ ᠬᠡᠷᠡᠭᠯᠡᠭᠡᠨ ᠤ ᠮᠡᠷᠭᠡᠵᠢᠯ ᠤᠨ ᠪᠦᠯᠦᠭᠯᠡᠯ ᠤᠨ 4 ᠲᠦᠷᠦᠯ ᠵᠦᠢᠯ ᠢ ᠮᠥᠷᠳᠡᠨ ᠰᠠᠶᠢᠲᠤᠷ ᠨᠠᠶᠢᠳᠠᠪᠤᠷᠢᠵᠢᠭᠤᠯᠪᠠ᠃ ᠪᠡᠯᠡ ᠮᠥᠩᠭᠦ ᠲᠥᠷᠥᠯ ᠵᠦᠢᠯ ᠢ ᠳᠠᠭᠠᠵᠤ ᠶᠠᠪᠤᠨ᠎ᠠ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠦᠨᠡᠯᠡᠯᠲᠡ ᠶᠢ ᠦᠷᠨᠢᠭᠦᠯᠵᠦ᠂ ᠪᠡᠯᠡ ᠮᠥᠩᠭᠦ ᠶᠢᠨ ᠵᠠᠷᠤᠯᠭ᠎ᠠ ᠪᠠ ᠲᠥᠷᠥᠯ ᠵᠦᠢᠯ ᠢ ᠬᠡᠷᠡᠭᠵᠢᠭᠦᠯᠬᠦ ᠠᠬᠢᠴᠠ ᠶᠢ ᠲᠦᠷᠭᠡᠳᠬᠡᠵᠦ᠂ ᠪᠣᠳᠠᠲᠤ ᠶᠠᠭᠤᠮᠠᠨ ᠤ ᠠᠵᠢᠯ ᠤᠨ ᠬᠡᠮᠵᠢᠶ᠎ᠡ ᠶᠢ ᠲᠦᠷᠭᠡᠬᠡᠨ ᠪᠤᠢ ᠪᠣᠯᠭᠠᠵᠤ᠂ ︽ᠰᠠᠯᠭᠠᠨ ᠥᠭᠬᠦ ᠪᠠᠷ ᠵᠠᠷᠤᠯᠭ᠎ᠠ ᠶᠢ ᠣᠷᠣᠯᠠᠭᠤᠯᠬᠤ︾ ᠪᠤᠶᠤ ︽ᠪᠡᠯᠡ ᠮᠥᠩᠭᠦ ᠵᠡᠷᠭᠡ ᠵᠦᠢᠯ︾ ᠠᠴᠠ ᠵᠠᠶᠢᠯᠠᠰᠬᠢᠨ᠎ᠡ᠃ ᠶᠠᠳᠠᠭᠤ ᠶᠢ ᠲᠡᠳᠬᠦᠬᠦ ᠪᠡᠯᠡ ᠮᠥᠩᠭᠦ ᠶᠢ ᠵᠠᠷᠯᠠᠨ ᠨᠡᠶᠢᠲᠡᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠢᠶᠠᠨ ᠤ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠦᠷ᠎ᠡ ᠳ᠋ᠦᠩ᠂ ᠰᠢᠶᠠᠩ ᠪᠠᠯᠭᠠᠰᠤ ᠪᠣᠯᠤᠨ ᠵᠠᠰᠠᠭ ᠵᠠᠬᠢᠷᠭᠠᠨ ᠤ ᠲᠣᠰᠬᠤᠨ ᠤ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠡᠷᠡᠭᠯᠡᠯᠲᠡ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠴᠥᠮ ᠵᠠᠷᠯᠠᠨ ᠨᠡᠶᠢᠲᠡᠯᠡᠬᠦ ᠬᠡᠷᠡᠭᠲᠡᠶ᠃ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ 2019 ᠣᠨ ᠠᠴᠠ ᠡᠮᠦᠨ᠎ᠡ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢᠨ ᠣᠷᠣᠭᠤᠯᠤᠯᠲᠠ ᠠᠴᠠ ᠪᠣᠢ ᠪᠣᠯᠤᠭᠰᠠᠨ 6.84 ᠳ᠋ᠦᠩᠰᠢᠭᠤᠷ ᠲᠥᠭᠦᠷᠢᠭ ᠤᠨ ᠡᠳ᠋ ᠬᠥᠷᠥᠩᠭᠡ ᠶᠢ ᠡᠮᠬᠢᠯᠡᠬᠦ ᠶᠢ ᠪᠡᠶᠡᠯᠡᠭᠦᠯᠵᠦ᠂ ᠨᠡᠶᠢᠲᠡ ᠶᠢᠨ ᠠᠰᠠᠷᠠᠮᠵᠢ ᠶᠢᠨ ᠲᠥᠷᠥᠯ᠂ ᠡᠵᠡᠩᠨᠡᠯᠲᠡ ᠶᠢᠨ ᠲᠥᠷᠥᠯ ᠪᠠ ᠡᠷᠦᠬᠡ ᠳᠤ ᠬᠦᠷᠭᠡᠬᠦ ᠲᠥᠷᠥᠯ ᠤᠨ ︽ᠭᠤᠷᠪᠠᠨ ᠡᠬᠡ ᠳᠠᠩᠰᠠ︾ ᠶᠢ ᠲᠡᠭᠦᠯᠳᠡᠷᠵᠢᠭᠦᠯᠵᠦ᠂ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ᠂ ᠥᠷᠲᠡᠭ ᠢ ᠦᠨᠡᠯᠡᠨ ᠵᠢᠱᠢᠬᠦ ᠵᠡᠷᠭᠡ ᠠᠵᠢᠯ ᠢ ᠰᠠᠶᠢᠲᠤᠷ ᠬᠢᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠲᠠᠢ ᠪᠦᠲᠦᠮᠵᠢᠲᠡᠶ ᠵᠣᠯᠭᠠᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠤᠨ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠬᠠᠮᠲᠤ ᠪᠠᠷ ᠲᠡᠳᠬᠦᠬᠦ ᠡᠷᠴᠢᠮ ᠢᠶᠠᠨ ᠴᠢᠩᠬᠠᠷᠠᠭᠤᠯᠬᠤ ᠶᠢ ᠦᠷᠭᠦᠯᠵᠢᠯᠡᠨ ᠰᠦᠪᠡᠭᠴᠢᠯᠡᠵᠦ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠬᠦ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠵᠡᠶ᠃ ᠨᠡᠶᠢᠭᠡᠮ ᠠᠴᠠ ᠶᠠᠳᠠᠭᠤ ᠶᠢ ᠲᠡᠳᠬᠦᠬᠦ᠂ ᠬᠡᠷᠡᠭᠯᠡᠭᠡᠨ ᠢᠶᠠᠷ ᠶᠠᠳᠠᠭᠤ ᠶᠢ ᠲᠡᠳᠬᠦᠬᠦ ᠵᠡᠷᠭᠡ ᠠᠵᠢᠯ ᠢ ᠨᠢᠭᠡᠳᠦᠯᠳᠡᠢ ᠲᠥᠯᠥᠪᠯᠡᠨ ᠰᠠᠶᠢᠲᠤᠷ ᠬᠢᠨ᠎ᠡ᠃     ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠳᠡᠢ᠃ ᠴᠢᠭᠯᠡᠯ ᠢ ᠬᠤᠪᠢᠷᠠᠭᠤᠯᠬᠤ ᠦᠭᠡᠢ᠂ ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠨᠠᠷᠢᠯᠢᠭ ᠣᠨᠣᠴᠠᠲᠠᠶ ᠪᠠᠷ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠳᠣᠪᠤᠶᠢᠯᠭᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ‌ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠵᠦ᠂ ᠣᠷᠴᠢᠨ ᠠᠬᠤᠶ ᠶᠢᠨ ᠲᠤᠪᠤᠶᠢᠮ᠎ᠠ ᠠᠰᠠᠭᠤᠳᠠᠯ ᠢ ᠱᠠᠯᠠᠪᠳᠠᠨ ᠰᠢᠢᠳᠪᠦᠷᠢᠯᠡᠵᠦ᠂ ᠠᠮᠢ ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠲᠦᠯᠬᠢᠨ ᠠᠬᠢᠭᠤᠯᠤᠨ᠎ᠠ᠃ ᠨᠢᠭᠡ ᠳᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠨ᠎ᠡ᠃ ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ︾ ᠠᠵᠤ ᠠᠬᠤᠶᠢᠯᠠᠯ᠂ ᠲᠦᠯᠡᠰᠢᠨ ᠨᠡᠭᠦᠷᠡᠰᠦ ᠶᠢ ᠲᠠᠷᠠᠬᠠᠢ ᠰᠢᠲᠠᠭᠠᠬᠤ᠂ ᠴᠠᠶᠢᠶ᠋ᠢᠦ ᠲᠣᠰᠣᠨ ᠤ ᠪᠠᠷᠠᠭ᠎ᠠ ᠶᠢᠨ ᠲᠡᠷᠭᠡ ᠶᠢᠨ ᠪᠣᠬᠢᠷᠲᠤᠯ ᠵᠡᠷᠭᠡ ᠲᠤᠰᠬᠠᠶ ᠵᠠᠰᠠᠯᠲᠠ ᠶᠢ ᠰᠠᠶᠢᠲᠤᠷ ᠠᠳᠬᠤᠵᠤ᠂ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠬᠦ ᠦᠭᠡᠢ ᠠᠵᠤ ᠠᠬᠤᠶᠢᠯᠠᠯ ᠢ ᠡᠷᠡᠰ ᠴᠠᠭᠠᠵᠠᠯᠠᠨ ᠎ᠠ᠃ ᠾᠧᠩ ᠬᠤᠢ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠬᠦ ᠲᠥᠷᠥᠯ ᠵᠦᠢᠯ ᠤᠨ ᠬᠤᠭᠤᠯᠠᠢ ᠲᠣᠣᠷ ᠢ ᠤᠷᠲᠤᠳᠬᠠᠬᠤ ᠪᠠ ᠵᠢᠵᠢᠭ ᠬᠡᠯᠪᠡᠷᠢ ᠶᠢᠨ ᠢᠯᠴᠢ ᠬᠠᠩᠭᠠᠬᠤ ᠺᠣᠮᠫᠠᠨᠢ ᠶᠢ ᠥᠭᠡᠷᠡᠴᠢᠯᠡᠨ ᠪᠠᠶᠢᠭᠤᠯᠵᠤ ᠢᠯᠴᠢ ᠰᠣᠯᠢᠬᠤ ᠦᠷᠳᠡᠭᠡ ᠶᠢ ᠲᠣᠣᠷ ᠲᠤ ᠨᠡᠶᠢᠯᠡᠭᠦᠯᠬᠦ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠤᠲᠠ ᠶᠢᠨ ᠲᠣᠭᠤᠷᠢᠭ ᠤᠨ ᠳᠣᠲᠣᠷᠠᠬᠢ 10 ᠠᠭᠤᠷ ᠤᠨ ᠲᠣᠨ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠤᠨ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠱᠠᠭᠠᠷᠳᠠᠯᠭ᠎ᠠ ᠶᠢ ᠨᠠᠶᠢᠳᠠᠪᠦᠷᠢᠵᠢᠭᠤᠯᠬᠤ᠂ ᠡᠨᠧᠷᠭᠢ ᠶᠢᠨ ᠬᠤᠷᠣᠭᠳᠠᠭᠤᠯᠭ᠎ᠠ ᠶᠢᠨ ᠶᠡᠷᠦᠩᠬᠡᠶ ᠬᠡᠮᠵᠢᠶ᠎ᠡ ᠪᠣᠯᠤᠨ ᠬᠦᠴᠦᠯᠡᠴᠡ ᠶᠢᠨ ︽ᠬᠤᠶᠠᠷ ᠢ ᠬᠢᠵᠠᠭᠠᠷᠯᠠᠬᠤ︾ ᠬᠠᠷᠠᠯᠲᠠ ᠶᠢ ᠪᠡᠶᠡᠯᠡᠭᠦᠯᠦᠨ᠎ᠡ᠃ ᠬᠤᠶᠠᠷ ᠲᠤ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ ᠴᠢᠬᠤᠯᠠ ᠠᠴᠠ ᠴᠢᠬᠤᠯᠠ ᠨᠢ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ 3.5 ᠲᠦᠮᠡᠨ ᠮᠦ ᠠᠴᠠ ᠳᠡᠭᠡᠭᠰᠢᠬᠢ ᠤᠰᠤ ᠶᠢ ᠥᠭᠡᠷᠡᠴᠢᠯᠡᠨ ᠵᠠᠰᠠᠬᠤ ᠲᠠᠯᠠᠪᠠᠶ ᠶᠢ ᠪᠦᠬᠦ ᠲᠠᠯ᠎ᠠ ᠪᠠᠷ ᠪᠡᠶᠡᠯᠡᠭᠦᠯᠵᠦ᠂ ᠦᠯᠡᠳᠡᠭᠰᠡᠨ ᠰᠦᠷᠴᠢᠨ ᠤᠰᠤᠯᠠᠬᠤ ᠬᠦᠷᠢᠶ᠎ᠡ ᠶᠢ ᠲᠦᠢᠯᠪᠤᠷᠢᠲᠠᠶ ᠬᠦᠴᠦᠨ ᠦᠭᠡᠶ ᠪᠣᠯᠭᠠᠵᠤ᠂ ᠤᠰᠤ ᠶᠡᠭᠡ ᠬᠤᠷᠣᠭᠳᠠᠭᠤᠯᠬᠤ ᠢᠳᠡᠰᠢᠨ ᠨᠣᠭᠤᠭ᠎ᠠ ᠪᠠ ᠰᠢᠬᠢᠷ ᠯᠤᠤᠪᠠᠩ ᠵᠡᠷᠭᠡ ᠲᠠᠷᠢᠮᠠᠯ ᠤᠨ ᠲᠠᠷᠢᠬᠤ ᠲᠠᠯᠠᠪᠠᠢ ᠶᠢ 5 ᠲᠦᠮᠡᠨ ᠮᠦ ᠲᠤᠬᠢᠷᠠᠭᠤᠯᠤᠨ ᠪᠠᠭᠠᠰᠬᠠᠨ᠎ᠠ᠃ ᠤᠰᠤᠨ ᠤ ᠦᠨ᠎ᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠰᠢᠶᠠᠨ ᠤ ᠬᠡᠮᠵᠢᠯᠲᠡ ᠶᠢᠨ ᠲᠥᠬᠦᠭᠡᠷᠦᠮᠵᠢ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠨᠢᠭᠡ ᠮᠦ ᠤᠰᠤᠯᠠᠯᠲᠠ ᠶᠢᠨ ᠭᠠᠵᠠᠷ ᠢ ᠨᠡᠮᠡᠭᠳᠡᠭᠦᠯᠬᠦ ᠦᠭᠡᠶ ᠶᠢ ᠪᠠᠲᠤᠯᠠᠵᠤ᠂ ᠮᠠᠰᠢᠨ ᠴᠠᠬᠢᠯᠭᠠᠨ ᠬᠤᠳᠳᠤᠭ ᠢ ᠰᠢᠨ᠎ᠡ ᠪᠠᠷ ᠨᠡᠮᠡᠭᠳᠡᠭᠦᠯᠬᠦ ᠦᠭᠡᠶ᠃ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠡᠷᠬᠡᠪᠰᠢ ᠵᠠᠰᠠᠬᠤ ᠡᠭᠦᠷᠭᠡ ᠪᠠᠨ ᠪᠡᠶᠡᠯᠡᠭᠦᠯᠬᠦ ᠶᠢ ᠪᠠᠳᠤᠯᠠᠬᠤ ᠶᠢᠨ ᠬᠠᠮᠲᠤ ᠳ᠋ᠤᠭᠠᠷ ᠢ ᠨᠢ ᠬᠦᠴᠦᠨ ᠥᠬᠡᠶ ᠪᠣᠯᠭᠠᠨ᠎ᠠ︔ ᠭᠤᠤᠯ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯ ᠤᠨ ᠵᠠᠮ ᠤᠨ ︽ᠳᠥᠷᠪᠡᠨ ᠳᠤᠷ᠎ᠠ ᠶᠢ ᠴᠡᠪᠡᠷᠯᠡᠬᠦ︾ ᠪᠠ ᠬᠠᠤᠯᠢ ᠪᠤᠰᠤ ᠪᠠᠷ ᠡᠯᠡᠰᠦ ᠮᠠᠯᠲᠠᠭᠰᠠᠨ ᠢ ᠵᠠᠰᠠᠬᠤ ᠠᠵᠢᠯᠯᠠᠭ᠎ᠠ ᠶᠢ ᠭᠦᠨᠵᠡᠭᠡᠶ  ᠦᠷᠨᠢᠭᠦᠯᠦᠨ᠎ᠡ︔ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠣᠷᠴᠢᠨ ᠲᠣᠭᠤᠷᠢᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ︔ ᠤᠰᠤᠨ ᠳᠤ ᠬᠤᠯᠪᠣᠭᠳᠠᠭᠰᠠᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ 6 ᠳ᠋ᠤᠭᠠᠷ ᠰᠠᠷ᠎ᠠ ᠳᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠭᠡᠷᠡᠴᠢᠯᠡᠬᠦ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠪᠣᠬᠢᠷ ᠤᠰᠤ  ᠰᠢᠢᠳᠪᠦᠷᠢᠯᠡᠬᠦ ᠦᠢᠯᠡᠳᠪᠦᠷᠢ ᠶᠢ ᠥᠷᠭᠡᠳᠬᠡᠨ ᠪᠠᠶᠢᠭᠤᠯᠬᠤ PPP ᠲᠥᠷᠥᠯ ᠵᠦᠢᠯ ᠢ ᠵᠢᠯ ᠤᠨ ᠳᠣᠲᠣᠷ᠎ᠠ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ᠃ 25 ᠺᠢᠯᠣᠮᠧᠲᠷ ᠳᠤᠮᠳᠠ ᠤᠰᠤᠨ ᠤ ᠬᠤᠭᠤᠯᠠᠶ ᠶᠢᠨ ᠲᠣᠤᠷ ᠢ ᠰᠢᠨ᠎ᠡ ᠪᠠᠷ ᠳᠡᠪᠢᠰᠪᠡ᠃ ᠭᠤᠷᠪᠠ ᠳᠤ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠪᠠ ᠬᠤᠲᠠ ᠶᠢᠨ ᠳᠤᠮᠳᠠᠬᠢ ᠲᠣᠰᠬᠤᠨ᠂ ᠬᠤᠲᠠ ᠶᠢᠨ ᠬᠥᠪᠡᠭᠡᠨ ᠤ ᠲᠤᠰᠬᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠤᠨ ᠠᠷᠢᠭᠤᠨ ᠴᠡᠪᠡᠷ ᠦᠢᠯᠡᠳᠪᠦᠷᠢᠯᠡᠯ ᠢ ᠬᠡᠷᠡᠭᠵᠢᠭᠦᠯᠵᠦ᠂ ︽ᠳᠥᠷᠪᠡ ᠶᠢ ᠬᠢᠵᠠᠭᠠᠷᠯᠠᠬᠤ︾ ᠠᠵᠢᠯ ᠢ ᠰᠠᠶᠢᠲᠤᠷ ᠬᠢᠵᠦ᠂ ᠡᠰᠢ ᠰᠦᠷᠡᠯ᠂ ᠲᠠᠷᠢᠶᠠᠯᠠᠩ ᠤᠨ ᠪᠦᠷᠬᠦᠭᠦᠯ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠥᠬᠦ ᠰᠢᠶᠠᠨ ᠢᠶᠠᠷ ᠨᠢ ᠠᠬᠢᠭᠤᠯᠬᠤ ᠲᠥᠷᠥᠯ ᠵᠦᠢᠯ ᠢ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠠᠭᠤᠷᠬᠠᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠬᠦᠴᠦᠯᠡᠴᠡ ᠪᠠᠨ ᠨᠡᠮᠡᠭᠳᠡᠭᠦᠯᠵᠦ᠂ ᠠᠭᠤᠷᠬᠠᠢ ᠶᠢ ᠵᠠᠰᠠᠬᠤ 39 ᠡᠭᠦᠷᠭᠡ ᠶᠢ 6 ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ︽ᠭᠤᠷᠪᠠ ᠶᠢ ᠬᠠᠮᠵᠢᠯᠴᠠᠭᠤᠯᠬᠤ︾ ᠬᠠᠮᠲᠤᠷᠠᠨ ᠬᠠᠤᠯᠢ ᠬᠡᠷᠡᠭᠵᠢᠭᠦᠯᠬᠦ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠮᠤᠭ ᠤᠨ ᠴᠢᠩᠭ᠎ᠠ ᠰᠢᠢᠳᠭᠡᠨ ᠲᠣᠷᠭᠠᠬᠤ ᠪᠠ ᠬᠠᠮᠤᠭ ᠤᠨ ᠶᠡᠭᠡ ᠡᠷᠴᠢᠮ ᠢᠶᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶᠡᠨ ᠤ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠬᠠᠶᠢᠨ ᠪᠠᠶᠢᠴᠠᠭᠠᠬᠤ ᠪᠠ ᠬᠤᠯᠠᠭᠠᠶᠢᠯᠠᠨ ᠮᠠᠯᠲᠠᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠳᠥᠷᠪᠡ ᠳᠤ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠬᠢᠭᠡᠳ ᠬᠠᠮᠠᠭᠠᠯᠠᠯᠲᠠ ᠶᠢ ᠴᠢᠩᠭᠠᠳᠬᠠᠨ᠎ᠠ᠃ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠪᠠ ᠠᠵᠤ ᠠᠬᠤᠢ ᠶᠢᠨ ᠤᠢ ᠶᠢᠨ ᠪᠦᠲᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠵᠢᠯ ᠤᠨ ᠳᠣᠲᠣᠷ᠎ᠠ 1000 ᠮᠦ ᠬᠥᠮᠦᠨ ᠤ ᠬᠦᠴᠦ ᠪᠠᠷ ᠮᠣᠳᠣ ᠲᠠᠷᠢᠬᠤ᠂ 500 ᠮᠦ ᠠᠯᠪᠠᠨ ᠵᠢᠷᠤᠮ ᠤᠨ ᠮᠣᠳᠣ ᠲᠠᠷᠢᠬᠤ᠂ 2000 ᠮᠦ ᠠᠵᠤ ᠠᠬᠤᠢ ᠶᠢᠨ ᠣᠢ ᠮᠣᠳᠣ ᠲᠠᠷᠢᠬᠤ ᠶᠢ ᠪᠡᠶᠡᠯᠡᠭᠦᠯᠦᠨ᠎ᠡ᠃ ᠲᠣᠭᠲᠠᠭᠠᠯ ᠠᠴᠠ ᠵᠥᠷᠢᠴᠡᠨ ᠣᠢ ᠰᠢᠭᠤᠶ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠶᠢ ᠴᠡᠭᠴᠡᠯᠡᠨ ᠵᠠᠰᠠᠬᠤ ᠡᠷᠴᠢᠮ ᠢᠶᠠᠨ ᠨᠡᠮᠡᠭᠳᠡᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠡᠷᠡᠰ ᠬᠡᠷᠡᠭᠵᠢᠬᠦᠯᠵᠦ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃     ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠨ᠎ᠠ᠃ ᠴᠠᠭ ᠤᠨ ᠳᠠᠷᠠᠭᠠᠯᠠᠯ ᠤᠨ ᠠᠬᠢᠴᠠ ᠶᠢᠨ ᠶᠣᠰᠣᠭᠠᠷ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠢᠳᠡᠪᠬᠢᠲᠡᠢ ᠪᠥᠭᠡᠳ ᠯᠠᠪᠳᠠᠭᠤᠨ ᠢᠶᠠᠷ  ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠶᠢᠨ ᠥᠷᠢ ᠥᠭᠴᠡᠭᠡ ᠶᠢ ᠳᠠᠬᠢᠨ ᠵᠤᠬᠢᠶᠠᠨ ᠪᠠᠶᠢᠭᠤᠯᠬᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠣᠭᠤᠰ ᠪᠤᠴᠠᠭᠠᠬᠤ ᠲᠥᠯᠥᠪᠯᠡᠭᠡ ᠶᠢ ᠲᠤᠬᠢᠷᠠᠭᠤᠯᠬᠤ᠂ ᠤᠯᠤᠰ ᠠᠴᠠ ᠥᠮᠴᠢᠯᠡᠯᠲᠡ ᠡᠳ᠋ ᠬᠥᠷᠥᠩᠭᠡ ᠶᠢ ᠴᠢᠯᠥᠭᠡᠲᠡᠶ ᠪᠣᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠢᠯ ᠤᠨ ᠥᠷᠢ ᠥᠭᠴᠡᠭᠡ ᠶᠢ ᠠᠷᠢᠯᠭᠠᠬᠤ ᠡᠭᠦᠷᠭᠡ ᠶᠢ 4.67 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠴᠢᠷᠮᠠᠶᠢᠨ᠎ᠠ᠃ ᠰᠢᠨ᠎ᠡ ᠪᠠᠷ ᠨᠡᠮᠡᠭᠳᠡᠭᠰᠡᠨ ᠳᠠᠯᠳᠠ ᠥᠷᠢ ᠰᠢᠷᠢ ᠭᠡᠬᠦ ᠡᠨᠡᠬᠦ ᠤᠯᠠᠭᠠᠨ ᠱᠤᠭᠤᠮ ᠢ ᠭᠢᠰᠬᠢᠬᠦ ᠦᠭᠡᠢ᠂ ᠲᠣᠭᠲᠠᠭᠠᠯ ᠠᠴᠠ ᠵᠥᠷᠢᠴᠡᠨ ᠥᠷᠢ ᠲᠠᠯᠪᠢᠬᠤ ᠡᠨᠡ ᠬᠦ ᠬᠤᠷᠢᠭ᠎ᠠ ᠱᠤᠭᠤᠮ ᠳᠤ ᠭᠠᠷ ᠬᠦᠷᠬᠦ ᠦᠭᠡᠢ᠂ ᠥᠷᠢ ᠲᠠᠯᠪᠢᠬᠤ ᠡᠮᠦᠨ᠎ᠡ ᠡᠭᠦᠳᠡ ᠶᠢ ᠰᠠᠶᠢᠲᠤᠷ ᠨᠡᠭᠡᠭᠡᠨ᠎ᠡ᠃ ᠤᠯᠤᠰ ᠠᠴᠠ ᠭᠤᠣᠯᠳᠠᠯᠭ᠎ᠠ ᠲᠠᠢ ᠪᠡᠯᠡ ᠣᠷᠣᠭᠤᠯᠤᠯᠲᠠ ᠶᠢᠨ ᠴᠢᠭᠯᠡᠯ ᠪᠠ ᠬᠦᠷᠢᠶ᠎ᠡ ᠬᠡᠪᠴᠢᠶ᠎ᠡ ᠶᠣᠰᠣᠭᠠᠷ᠂ ᠰᠢᠨᠵᠢᠯᠡᠬᠦ ᠤᠬᠠᠭᠠᠨᠴᠢ ᠨᠤᠲᠠᠯᠠᠯᠲᠠ ᠬᠢᠵᠦ᠂ ᠰᠢᠨ᠎ᠡ ᠦᠨᠳᠦᠰᠦᠨ ᠪᠦᠲᠦᠭᠡᠨ ᠪᠠᠶᠢᠭᠤᠯᠤᠯᠲᠠ ᠵᠡᠷᠭᠡ ᠰᠢᠨ᠎ᠡ ᠮᠠᠶ᠋ᠢᠭ ᠤᠨ ᠪᠡᠯᠡ ᠣᠷᠣᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠲᠥᠷᠥᠯ ᠵᠦᠢᠯ ᠢ ᠴᠢᠷᠮᠠᠶᠢᠨ ᠣᠯᠵᠤ᠂ ᠣᠯᠠᠨ ᠲᠦᠮᠡᠨ ᠤ ᠬᠦᠰᠡᠯ ᠡᠷᠡᠮᠡᠯᠵᠡᠯ᠂ ᠡᠷᠲᠡ ᠣᠷᠣᠢ ᠦᠭᠡᠶ ᠬᠢᠬᠦ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠶᠡᠬᠡᠪᠡᠷ ᠲᠦᠯᠬᠢᠨ ᠠᠬᠢᠭᠤᠯᠵᠤ᠂ ᠲᠥᠷᠥᠯ  ᠵᠦᠢᠯ ᠤᠨ ᠪᠤᠯᠪᠠᠰᠤᠷᠠᠯ ᠤᠨ ᠬᠡᠮᠵᠢᠶ᠎ᠡ ᠶᠢ ᠳᠡᠭᠡᠭᠰᠢᠯᠡᠭᠦᠯᠦᠨ᠂ ᠲᠥᠪ ᠤᠨ ᠲᠥᠰᠦᠪ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠡᠩ ᠤᠨ ᠵᠢᠭᠡᠯᠡᠯᠭᠡ ᠶᠢᠨ ᠲᠡᠮᠳᠡᠭᠲᠦ ᠪᠠ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠥᠷᠢ ᠲᠠᠯᠪᠢᠬᠤ ᠠᠷᠤ ᠡᠭᠦᠳᠡ ᠶᠢ ᠡᠷᠡᠰ ᠬᠤᠷᠢᠭᠯᠠᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠦᠨᠡᠨᠬᠦ ᠴᠢᠩᠭᠠᠳᠬᠠᠵᠦ᠂ ᠳᠠᠩ ᠰᠠᠭᠤᠷᠢ ᠲᠥᠰᠦᠪ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠷᠤᠯᠭ᠎ᠠ ᠶᠢᠨ ᠪᠦᠲᠦᠴᠡ ᠳᠤ ᠲᠣᠬᠢᠷᠠᠭᠤᠯᠤᠯᠲᠠ ᠬᠢᠵᠦ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠵᠤ᠂ ᠪᠡᠯᠡ ᠮᠥᠩᠭᠦ ᠶᠢᠨ ᠢᠷᠡᠯᠲᠡ ᠦᠭᠡᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠴᠢᠩᠭ᠎ᠠ ᠬᠢᠵᠠᠭᠠᠷᠯᠠᠵᠦ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠪᠣᠯᠤᠨ ᠪᠡᠯᠡ ᠮᠥᠩᠭᠦ ᠶᠢᠨ ᠬᠡᠷᠡᠭᠯᠡᠯᠲᠡ ᠶᠢᠨ ᠠᠮᠵᠢᠯᠲᠠ ᠪᠦᠲᠦᠮᠵᠢ ᠶᠢ ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠠᠵᠢᠯ ᠲᠥᠷᠥᠯ ᠤᠨ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠵᠦ᠂ ᠮᠥᠩᠭᠦᠨ ᠭᠦᠶ᠋ᠯᠭᠡᠭᠡᠨ ᠤ ᠪᠠᠶᠢᠭᠤᠯᠤᠮᠵᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠴᠢᠩᠭᠠᠳᠬᠠᠵᠤ᠂ ᠡᠷᠡᠭᠦᠯ ᠪᠤᠰᠤ ᠵᠢᠭᠡᠯᠡᠯᠭᠡ ᠶᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠮᠥᠩᠭᠦᠨ ᠭᠦᠢᠯᠭᠡᠭᠡᠨ ᠤ ᠮᠡᠬᠡᠯᠡᠯ ᠬᠢᠬᠦ ᠵᠡᠷᠭᠡ ᠦᠢᠯᠡ ᠠᠵᠢᠯᠯᠠᠭ᠎ᠠ ᠲᠤ ᠴᠢᠩᠭ᠎ᠠ ᠴᠣᠬᠢᠯᠲᠠ ᠥᠭᠴᠦ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠡᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠪᠦᠬᠦ ᠬᠤᠲᠠ ᠶᠢᠨ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ︾ ᠲᠤᠰᠬᠠᠶ ᠠᠵᠢᠯᠯᠠᠭ᠎ᠠ ᠥᠷᠨᠢᠭᠦᠯᠬᠦ ᠪᠠᠷ ᠲᠣᠬᠢᠶᠠᠯ ᠪᠣᠯᠭᠠᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠰᠤᠷᠤᠯᠴᠠᠨ ᠳᠡᠯᠭᠡᠷᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠰᠢᠢᠳᠪᠦᠷᠢᠯᠡᠬᠦ ᠠᠵᠢᠯ ᠢ ᠤᠯᠠᠮ ᠨᠢᠭᠡ ᠠᠯᠬᠤᠮ ᠭᠦᠨᠵᠡᠭᠡᠶ ᠥᠷᠨᠢᠭᠦᠯᠵᠦ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠴᠠᠭ ᠬᠤᠭᠤᠴᠠᠭ᠎ᠠ ᠪᠠ ᠬᠦᠴᠦ ᠪᠠᠨ ᠲᠥᠪᠯᠡᠷᠡᠭᠦᠯᠦᠨ ᠰᠢᠢᠳᠪᠦᠷᠢᠯᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠤ ᠡᠭᠦᠰᠴᠦ ᠳᠡᠯᠭᠡᠷᠡᠬᠦ ᠶᠢ ᠬᠤᠷᠢᠭᠯᠠᠬᠤ ᠣᠷᠳᠣ ᠬᠤᠭᠤᠴᠠᠭᠠᠨ ᠤ ᠪᠦᠳᠦᠮᠵᠢᠳᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠳᠡᠶᠢᠯᠦᠩᠭᠦᠶ ᠢᠯᠠᠯᠲᠠ ᠤᠯᠬᠤ ᠶᠢ ᠦᠨᠡᠨ ᠬᠦ ᠪᠠᠲᠤᠯᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ ᠭᠠᠵᠠᠷ ᠪᠠᠶᠢᠭᠤᠯᠬᠤ ᠵᠠᠷᠤᠳᠠᠯ ᠢ ᠢᠯᠭᠠᠷᠠᠭᠤᠯᠤᠨ ᠲᠤᠰᠢᠶᠠᠬᠤ ᠪᠠ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠬᠦᠷᠢᠶᠡᠨ ᠳᠠᠬᠢ ᠦᠯᠡᠳᠡᠭᠳᠡᠯ ᠠᠰᠠᠭᠤᠳᠠᠯ ᠢ ᠢᠯᠭᠠᠷᠠᠭᠤᠯᠤᠨ ᠴᠡᠭᠴᠡᠯᠡᠬᠦ ᠠᠵᠢᠯ ᠢ ᠬᠤᠭᠤᠴᠠᠭ᠎ᠠ ᠶᠣᠰᠣᠭᠠᠷ ᠪᠡᠶᠡᠯᠡᠭᠦᠯᠪᠡ᠃ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠭᠤᠤᠯᠳᠠᠯᠭ᠎ᠠ ᠲᠠᠢ ᠠᠵᠢᠯ ᠲᠥᠷᠥᠯ ᠤᠨ ᠭᠤᠤᠯᠳᠠᠯᠭ᠎ᠠ ᠲᠠᠢ ᠣᠷᠣᠨ ᠪᠠᠶᠢᠷᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠨ᠎ᠠ᠃ ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠭᠠᠮᠰᠢᠭ ᠤᠨ ᠪᠠᠶᠢᠳᠠᠯ ᠢ ᠬᠢᠨᠠᠨ ᠬᠡᠮᠵᠢᠬᠦ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠣᠢ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠴᠢᠩᠭᠠᠳᠬᠠᠵᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠰᠠᠶᠢᠲᠤᠷ ᠬᠢᠨ᠎ᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠪᠠ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠨ᠎ᠠ᠃     ︵ᠬᠤᠶᠠᠷ︶ ᠲᠥᠷᠥᠯ ᠵᠦᠢᠯ ᠢᠶᠠᠷ ᠬᠥᠲᠥᠯᠥᠨ ᠳᠠᠭᠠᠭᠤᠯᠬᠤ ᠶᠢ ᠳᠣᠪᠤᠶᠢᠯᠭᠠᠵᠤ᠂ ︽ᠭᠤᠷᠪᠠᠨ ᠶᠡᠭᠡ ᠰᠠᠭᠤᠷᠢᠨ ᠭᠠᠵᠠᠷ︾ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ    ᠤᠯᠤᠰ ᠤᠨ ᠣᠷᠣᠨ ᠪᠦᠰᠡ ᠶᠢᠨ ᠴᠢᠨᠠᠷᠲᠠᠶ ᠲᠥᠮᠥᠰᠥ ᠶᠢᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ︵ᠳᠡᠯᠭᠡᠨ ᠦᠵᠡᠭᠦᠯᠵᠦ ᠠᠷᠠᠯᠵᠢᠶᠠᠯᠠᠬᠤ︶ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠮᠠᠨ ᠤ ᠰᠢᠶᠠᠨ ᠤ ᠥᠪᠡᠷᠮᠢᠴᠡ ᠠᠭᠤᠷ ᠠᠮᠢᠰᠬᠤᠯ ᠤᠨ ᠳᠠᠪᠠᠭᠤᠯᠢᠭ ᠲᠠᠭᠠᠨ ᠰᠠᠭᠤᠷᠢᠯᠠᠵᠤ᠂ ᠨᠢᠭᠡᠨᠲᠡ ᠪᠠᠶᠢᠭᠤᠯᠤᠭᠰᠠᠨ ᠤᠯᠤᠰ ᠤᠨ ᠳᠣᠲᠣᠭᠠᠳᠤ ᠶᠢᠨ ᠨᠡᠯᠢᠶᠡᠳ ᠲᠣᠮᠣ ᠣᠳᠣᠬᠢᠴᠢᠯᠠᠭᠰᠠᠨ ᠬᠥᠮᠦᠵᠢᠭᠦᠯᠬᠦ ᠲᠥᠪ ᠰᠢ ᠰᠧᠨ ᠲᠥᠮᠥᠰᠥ ᠶᠢ ᠪᠣᠯᠪᠠᠰᠤᠷᠠᠭᠤᠯᠬᠤ ᠲᠥᠪ ᠲᠤ ᠲᠦᠰᠢᠭᠯᠡᠨ ᠵᠢᠯ ᠳᠤ 1.5 ᠳ᠋ᠦᠩᠰᠢᠭᠤᠷ ᠰᠠᠭᠤᠷᠢ ᠲᠥᠮᠥᠰᠥᠨ ᠤ ᠬᠤᠤᠷ ᠥᠬᠡᠶᠢᠳᠡᠭᠦᠯᠬᠦ ᠴᠢᠬᠢ᠂ 4 ᠳ᠋ᠦᠩᠰᠢᠭᠤᠷ ᠮᠥᠬᠦᠯᠢᠭ ᠤᠨ ᠤᠤᠯ ᠡᠭᠦᠯᠳᠡᠷ ᠢ ᠲᠦᠷᠭᠡᠨ ᠪᠣᠶ ᠪᠤᠯᠭᠠᠨ᠎ᠠ᠃ ᠤᠯᠤᠰ ᠠᠴᠠ ᠳᠣᠲᠣᠭᠠᠳᠤ ᠶᠢᠨ 1500 ᠲᠦᠮᠡᠨ ᠮᠦ ᠲᠠᠸᠠᠷ ᠤᠨ ᠲᠥᠮᠥᠰᠥᠨ ᠤ ᠲᠠᠷᠢᠶᠠᠨ ᠳᠤ ᠬᠡᠷᠡᠭᠯᠡᠬᠦ ᠦᠷ᠎ᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠰᠢ ᠰᠧᠨ ᠲᠥᠮᠥᠰᠥᠨ ᠤ ᠦᠢᠯᠡᠰ᠂ ᠯᠠᠨ ᠸᠧᠶ ᠰᠢ ᠳ᠋ᠦᠨ ᠂ ᠺᠧ ᠳ᠋ᠦ᠋᠂ ᠹᠦ᠋ ᠯᠦᠩ ᠲᠠᠢ ᠾᠧ ᠹᠦ᠋ ᠶᠤᠸᠠᠨ ᠲᠥᠮᠥᠰᠥ ᠶᠢᠨ ᠰᠢᠮ᠎ᠡ ᠲᠡᠵᠢᠭᠡᠯ ᠼᠤᠤ᠂ ᠳ᠋ᠧ ᠢ ᠪᠣᠯᠣᠷ ᠲᠣᠭᠤᠰ ᠵᠡᠷᠭᠡ ᠲᠥᠮᠥᠰᠥ ᠶᠢᠨ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠶᠢ ᠦᠷᠭᠦᠯᠵᠢᠯᠡᠨ ᠠᠬᠢᠭᠤᠯᠤᠨ᠎ᠠ᠃ ︽ᠲᠣᠮᠣ ᠲᠣᠮᠣ ᠲᠥᠮᠥᠰᠥ ᠶᠢᠨ ᠵᠢᠵᠢᠭ ᠪᠠᠯᠭᠠᠰᠤ︾ ᠶᠢᠨ ᠪᠦᠲᠦᠭᠡᠨ ᠪᠠᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠤᠯᠠᠭᠠᠨᠴᠠᠪ ᠬᠤᠲᠠ ᠶᠢᠨ ᠪᠦᠬᠦ ᠤᠯᠤᠰ ᠤᠨ ᠲᠥᠮᠥᠰᠥ ᠶᠢ ᠬᠥᠭᠵᠢᠭᠦᠯᠬᠦ ᠶᠡᠭᠡ ᠬᠤᠷᠠᠯ ᠪᠠ ᠮᠠᠨ ᠤ ᠰᠢᠶᠠᠨ ᠤ ᠳᠦᠷᠪᠡᠳᠦᠭᠡᠷ ᠬᠤᠭᠤᠴᠠᠭᠠᠨ ᠤ ᠲᠥᠮᠥᠰᠥ ᠶᠢ ᠠᠮᠲᠠᠲᠤ ᠢᠳᠡᠭᠡᠨ ᠤ ᠰᠣᠶᠣᠯ ᠤᠨ ᠨᠠᠶᠢᠷ ᠲᠤ ᠲᠦᠰᠢᠭᠯᠡᠨ᠂ ᠲᠥᠮᠥᠰᠥ ᠶᠢᠨ ᠰᠢᠨ᠎ᠡ ᠡᠭᠦᠯᠳᠡᠷ ᠢ ᠴᠠᠭ ᠲᠤᠬᠠᠶ ᠳᠤᠨᠢ ᠨᠡᠶᠢᠲᠡᠯᠡᠵᠦ᠂ ᠠᠷᠠᠯᠵᠢᠶᠠᠯᠠᠬᠤ ᠬᠡᠪᠴᠢᠶ᠎ᠡ ᠪᠠᠨ ᠦᠷᠭᠡᠳᠭᠡᠨ᠂ ᠦᠷ᠎ᠡ ᠴᠤᠭᠯᠠᠭᠤᠯᠬᠤ ᠲᠥᠮᠥᠰᠥ ᠶᠢ ᠰᠤᠳᠤᠯᠤᠨ ᠨᠡᠭᠡᠭᠡᠬᠦ᠂ ᠦᠢᠯᠡᠳᠭᠦᠨ ᠠᠷᠠᠯᠵᠢᠶᠠᠯᠠᠬᠤ ᠪᠠ ᠦᠵᠡᠰᠬᠦᠯᠡᠩ ᠢᠶᠠᠷ ᠳᠡᠯᠭᠡᠨ ᠦᠵᠡᠭᠦᠯᠬᠦ ᠶᠢ ᠨᠢᠭᠡ ᠴᠣᠭᠴᠠᠵᠢᠭᠤᠯᠤᠭᠰᠠᠨ ᠪᠦᠬᠦ ᠤᠯᠤᠰ ᠤᠨ ᠣᠷᠣᠨ ᠪᠦᠰᠡ ᠶᠢᠨ ᠴᠢᠨᠠᠷᠲᠠᠶ ᠲᠥᠮᠥᠰᠥ ᠶᠢᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ︵ᠳᠡᠯᠭᠡᠨ ᠦᠵᠡᠭᠦᠯᠵᠦ ᠠᠷᠠᠯᠵᠢᠶᠠᠯᠠᠬᠤ︶ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠬᠤ ᠬᠡᠷᠡᠭᠲᠡᠶ᠃    ᠨᠡᠶᠢᠰᠯᠡᠯ ᠤᠨ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠰᠠᠭᠤᠷᠢᠨ ᠭᠠᠵᠠᠷ ᠢ ᠪᠦᠬᠦ ᠬᠦᠴᠦ ᠪᠠᠷ ᠢᠶᠠᠨ ᠪᠠᠶᠢᠭᠤᠯᠤᠨ᠎ᠠ᠃ ︽ᠨᠡᠶᠢᠰᠯᠡᠯ ᠢᠶᠠᠷ ᠭᠤᠤᠯᠯᠠᠭᠤᠯᠤᠨ ᠨᠡᠶᠢᠰᠯᠡᠯ ᠳᠤ ᠲᠦᠰᠢᠭᠯᠡᠬᠦ᠂ ᠨᠡᠶᠢᠰᠯᠡᠯ ᠢ ᠪᠠᠲᠤᠯᠠᠬᠤ᠂ ᠨᠡᠶᠢᠰᠯᠡᠯ ᠳᠤ  ᠦᠢᠯᠡᠴᠢᠯᠡᠬᠦ᠂ ᠨᠡᠶᠢᠰᠯᠡᠯ ᠠᠴᠠ ᠠᠰᠢᠭ ᠬᠦᠷᠲᠡᠬᠦ᠂ ᠨᠡᠶᠢᠰᠯᠡᠯ ᠢ ᠬᠦᠯᠢᠶᠡᠨ ᠠᠪᠬᠤ︾ ᠬᠥᠭᠵᠢᠯᠲᠡ ᠶᠢᠨ ᠪᠠᠶᠢᠷᠢ ᠲᠤᠭᠲᠠᠭᠠᠯᠳᠠ ᠶᠣᠰᠣᠭᠠᠷ᠂ ︽ᠲᠥᠪ ᠤᠨ ᠲᠣᠭᠤᠭᠠᠨ ᠭᠡᠷ︾ ᠪᠣᠯᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠵᠤ᠂ ᠮᠠᠨ ᠤ ᠰᠢᠶᠠᠨ ᠤ ᠪᠣᠳᠠᠲᠤ ᠪᠠᠶᠢᠳᠠᠯ ᠳᠤ ᠨᠡᠶᠢᠴᠡᠭᠰᠡᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠶ ᠡᠳ᠋ᠰᠢᠭᠦᠯᠬᠦ‍ ᠨᠢᠭᠡ ᠪᠦᠯᠦᠭ ᠠᠵᠤ ᠠᠬᠤᠶᠢᠯᠠᠯ ᠢ ᠭᠤᠤᠯᠳᠠᠯᠭ᠎ᠠ ᠲᠠᠢ ᠣᠷᠣᠭᠤᠯᠵᠤ ᠢᠷᠡᠬᠦ ᠪᠠ ᠲᠡᠳᠬᠦᠬᠦ ᠬᠡᠷᠡᠭᠲᠡᠶ᠃ ᠺᠠᠩ ᠠᠨ ᠯᠢ ᠹᠧᠩ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠤᠷᠢᠳᠴᠢᠯᠠᠨ ᠬᠥᠯᠳᠡᠭᠡᠵᠦ ᠰᠢᠨ᠎ᠡ ᠰᠣᠷᠭᠤᠭ ᠪᠠᠶᠢᠯᠭᠠᠬᠤ ᠪᠠᠷᠠᠭᠠᠨ ᠤ ᠭᠦᠢᠯᠭᠡᠭᠡᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠵᠤ᠂ ᠳᠡᠭᠡᠷ᠎ᠡ ᠬᠠᠭᠠᠰ ᠵᠢᠯ ᠳᠤ ᠪᠠᠶᠢᠭᠤᠯᠵᠤ ᠳᠠᠭᠤᠰᠬᠠᠨ ᠠᠵᠢᠯᠯᠠᠭᠤᠯᠬᠤ ᠶᠢ ᠦᠨᠡᠨᠬᠦ ᠪᠠᠲᠤᠯᠠᠨ᠎ᠠ᠃ 7 ᠰᠠᠷ᠎ᠠ ᠶᠢᠨ ᠰᠡᠭᠦᠯᠴᠢ ᠠᠴᠠ ᠡᠮᠦᠨ᠎ᠡ ᠲᠥᠮᠥᠰᠥ ᠪᠠ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠭᠤᠤᠯ ᠭᠠᠷᠤᠯᠳᠠ ᠶᠢᠨ ᠣᠷᠣᠨ ᠳᠤ ᠲᠣᠭᠲᠠᠮᠠᠯ ᠳᠤᠯᠠᠭᠠᠨ ᠬᠥᠮᠥᠷᠭᠡ ᠪᠠ ᠲᠠᠷᠢᠶᠠᠯᠠᠩ ᠤᠨ ᠪᠦᠲᠦᠭᠡᠭᠳᠡᠬᠦᠨ ᠢ ᠠᠩᠬ᠎ᠠ ᠡᠳ᠋ᠰᠢᠭᠦᠯᠦᠨ ᠲᠥᠪᠯᠡᠷᠡᠭᠦᠯᠵᠦ ᠲᠠᠷᠬᠠᠭᠠᠬᠤ ᠵᠠᠬ᠎ᠠ ᠳᠡᠯᠭᠡᠭᠦᠷ ᠢ 5 ᠪᠠᠶᠢᠭᠤᠯᠬᠤ ᠪᠠᠷ ᠴᠢᠷᠮᠠᠶᠢᠨ᠎ᠠ᠃ ᠵᠢᠶᠠᠨ ᠺᠦᠨ ᠴᠡᠪᠡᠷ ᠨᠣᠭᠤᠭ᠎ᠠ ᠪᠣᠯᠪᠠᠰᠤᠷᠠᠭᠤᠯᠬᠤ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠵᠢᠯ ᠳᠤ 7 ᠲᠦᠮᠡᠨ ᠲᠣᠨ ᠴᠡᠪᠡᠷ ᠨᠣᠭᠤᠭ᠎ᠠ ᠡᠳ᠋ᠰᠢᠭᠦᠯᠦᠨ ᠬᠦᠷᠭᠡᠬᠦ ᠴᠢᠳᠠᠪᠤᠷᠢ ᠶᠢ ᠪᠦᠷᠢᠯᠳᠦᠭᠦᠯᠪᠡ᠃ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠢᠶᠠᠨ ᠬᠠᠮᠵᠢᠯᠴᠠᠨ ᠲᠡᠳᠬᠦᠬᠦ ᠪᠠ ᠴᠢᠭ ᠲᠣᠭᠲᠠᠭᠠᠨ ᠬᠠᠪᠰᠤᠷᠤᠨ ᠲᠡᠳᠬᠦᠬᠦ ᠳᠠᠪᠠᠭᠤᠯᠢᠭ ᠢ ᠰᠠᠶᠢᠲᠤᠷ ᠠᠰᠢᠭᠯᠠᠵᠤ᠂ ᠪᠦᠬᠦ ᠰᠢᠶᠠᠨ ᠤ ᠡᠯ᠎ᠡ ᠲᠥᠷᠥᠯ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ ᠬᠡᠪᠴᠢᠶ᠎ᠡ ᠶᠢ ᠥᠷᠭᠡᠳᠬᠡᠨ᠎ᠡ᠃ ᠤᠯᠠᠭᠠᠨᠴᠠᠪ ᠬᠤᠲᠠ ᠶᠢᠨ ︽ᠢᠳᠡᠭᠡᠨ ᠤ ᠠᠮᠤᠷ ᠲᠦᠪᠰᠢᠨ ᠤ ᠴᠠᠬᠠᠷ︾ ᠤᠨ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ PPP ᠲᠥᠷᠥᠯ ᠵᠦᠢᠯ ᠢ ᠢᠳᠡᠪᠬᠢᠲᠡᠶ ᠪᠠᠷ ᠠᠬᠢᠭᠤᠯᠤᠨ᠎ᠠ᠃     ᠤᠯᠠᠭᠠᠨᠴᠠᠪ ᠬᠤᠲᠠ ᠶᠢᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ ᠪᠦᠬᠦ ᠬᠦᠴᠦᠨ ᠢᠶᠠᠷ ᠪᠠᠶᠢᠭᠤᠯᠤᠨ᠎ᠠ᠃ ᠨᠠᠪᠴᠢᠨ ᠢᠯᠲᠠᠰᠤ᠂ ᠰᠤᠪᠤᠷᠭᠠᠨ ᠲᠦᠩᠰᠡ᠂ ᠭᠤᠤᠯ ᠮᠠᠰᠢᠨ᠂ ᠨᠢᠰᠬᠡᠯ ᠤᠨ ᠥᠷᠥᠭᠡᠨ ᠤ ᠪᠦᠷᠬᠦᠭᠦᠯ ᠵᠡᠷᠭᠡ ᠦᠢᠯᠡᠳᠬᠦ ᠪᠠᠷ ᠭᠤᠤᠯ ᠪᠣᠯᠭᠠᠭᠰᠠᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠦᠷᠦᠭᠵᠢᠯ ᠢ ᠪᠠᠶᠢᠭᠤᠯᠤᠨ᠎ᠠ᠃ ᠯᠦᠸᠧ ᠶᠠᠩ ᠱᠤᠸᠠᠩ ᠷᠦᠢ ᠺᠣᠮᠫᠠᠨᠢ ᠶᠢᠨ ᠵᠢᠯ ᠳᠤ 400 ᠢᠵᠢ ᠨᠠᠪᠴᠢ  ᠦᠢᠯᠡᠳᠪᠦᠷᠢᠯᠡᠬᠦ ᠲᠥᠷᠥᠯ ᠵᠦᠢᠯ ᠢ ᠡᠨᠡ ᠵᠢᠯ ᠠᠰᠢᠭᠯᠠᠯᠲᠠ ᠳᠤ ᠣᠷᠣᠭᠤᠯᠵᠤ᠂ ᠰᠦᠵᠧᠦ ᠶᠢᠨ ᠲᠢᠶᠠᠨ ᠱᠦᠨ᠂ ᠯᠢᠶᠣᠤᠨᠢᠩ ᠤᠨ ᠳ᠋ᠠᠬᠢᠨ ᠵᠢᠴᠢ ᠴᠢᠩᠳᠣᠤ ᠶᠢᠨ ᠲᠢᠶᠠᠨ ᠨᠤᠩ ᠰᠤᠪᠤᠷᠭᠠᠨ ᠬᠤᠭᠤᠯᠠᠶ ᠦᠢᠯᠡᠳᠬᠦ ᠲᠥᠷᠥᠯ ᠵᠦᠢᠯ ᠢ ᠢᠳᠡᠪᠬᠢᠲᠡᠢ ᠠᠬᠢᠭᠤᠯᠵᠤ᠂ ᠵᠥᠩ ᠴᠧ ᠪᠦᠯᠦᠭᠯᠡᠯ᠂ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠤᠨ ᠭᠤᠤᠯ ᠮᠠᠰᠢᠨ ᠦᠢᠯᠡᠳᠪᠦᠷᠢᠯᠡᠬᠦ ᠲᠥᠷᠥᠯ ᠵᠦᠢᠯ ᠪᠣᠯᠤᠨ ᠾᠧᠨᠠᠨ ᠤ ᠬᠤᠩ ᠢᠦᠶ ᠺᠣᠮᠫᠠᠨᠢ ᠶᠢᠨ ᠨᠢᠰᠬᠡᠯ ᠤᠨ ᠥᠷᠥᠭᠡᠨ ᠤ ᠪᠦᠷᠬᠦᠭᠦᠯ ᠤᠨ ᠲᠥᠷᠥᠯ ᠵᠦᠢᠯ ᠢ ᠲᠦᠷᠭᠡᠳᠬᠡᠨ ᠠᠬᠢᠭᠤᠯᠤᠨ᠎ᠠ᠃ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ᠂ ᠳᠤᠮᠳᠠᠳᠤ ᠤᠯᠤᠰ ᠤᠨ ᠶᠠᠰᠤ ᠴᠢᠨᠠᠷ ᠤᠨ ᠭᠡᠷᠡᠴᠢᠯᠡᠯ ᠤᠨ ᠲᠥᠪ ︵CQC︶ ᠪᠣᠯᠤᠨ ᠤᠯᠠᠭᠠᠨᠴᠠᠪ ᠬᠤᠲᠠ ᠶᠢᠨ ᠡᠨᠧᠷᠭᠢ ᠶᠢᠨ ᠪᠠᠯᠠ ᠣᠷᠣᠭᠤᠯᠤᠯᠲᠠ ᠶᠢᠨ ᠺᠣᠮᠫᠠᠨᠢ ᠶᠢᠨ ᠪᠠᠯᠠ ᠣᠷᠣᠭᠤᠯᠤᠭᠰᠠᠨ ᠰᠢᠨ᠎ᠡ ᠮᠠᠶ᠋ᠢᠭ ᠤᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠶᠢᠨ ᠪᠣᠳᠠᠲᠤ ᠭᠡᠷᠡᠴᠢ ᠶᠢ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠯᠠᠪᠠᠶ ᠶᠢᠨ ᠲᠥᠷᠥᠯ  ᠵᠦᠢᠯ ᠢ ᠲᠦᠷᠭᠡᠬᠡᠨ ᠠᠵᠢᠯ ᠡᠬᠢᠯᠡᠭᠦᠯᠬᠦ ᠶᠢ ᠠᠬᠢᠭᠤᠯᠤᠨ᠎ᠠ᠃    ︵ᠭᠤᠷᠪᠠ︶ ︽ᠭᠤᠷᠪᠠᠨ ᠶᠡᠭᠡ ᠠᠵᠤ ᠦᠢᠯᠡᠰ︾ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠤᠨ᠎ᠠ    ︽ᠵᠢᠷᠭᠤᠭᠠᠨ ᠨᠢᠭᠡ︾ ᠶᠢᠨ ᠪᠣᠬᠢᠷᠲᠤᠯ ᠥᠬᠡᠶ ᠲᠠᠷᠢᠶᠠᠯᠠᠩ ᠤᠨ ᠨᠠᠷᠠᠲᠤ ᠠᠵᠤ ᠦᠢᠯᠡᠰ ᠢ ᠬᠦᠴᠦᠷᠬᠡᠭᠵᠢᠭᠦᠯᠦᠨ᠎ᠡ᠃ ᠤᠷᠲᠤᠳᠬᠠᠨ ᠨᠥᠬᠦᠪᠥᠷᠢᠯᠡᠬᠦ ᠶᠢ ᠵᠡᠷᠭᠡᠪᠡᠷ ᠬᠡᠷᠡᠭᠵᠢᠭᠦᠯᠵᠦ᠂ ᠡᠮᠬᠢᠯᠡᠨ ᠨᠡᠶᠢᠯᠡᠭᠦᠯᠵᠦ ᠥᠭᠡᠷᠡᠴᠢᠯᠡᠨ ᠳᠡᠭᠡᠭᠰᠢᠯᠡᠬᠦᠯᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠮᠠᠨ ᠤ ᠰᠢᠶᠠᠨ ᠤ ᠪᠣᠳᠠᠲᠤ ᠪᠠᠶᠢᠳᠠᠯ ᠳᠤ ᠨᠡᠶᠢᠴᠡᠬᠦ‍ ᠨᠢᠭᠡ ᠪᠦᠯᠦᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠨᠠᠷᠢᠯᠢᠭ ᠭᠦᠨᠵᠡᠭᠡᠶᠢᠨᠰᠢᠭᠦᠯᠬᠦ ᠠᠵᠤ ᠠᠬᠤᠶᠢᠯᠠᠯ ᠢ ᠭᠤᠤᠯᠳᠠᠯᠭ᠎ᠠ ᠲᠠᠢ ᠣᠷᠣᠭᠤᠯᠵᠤ ᠢᠷᠡᠬᠦ ᠪᠠ ᠲᠡᠳᠬᠦᠵᠦ᠂ ︽ᠵᠢᠷᠭᠤᠭᠠᠨ ᠨᠢᠭᠡ︾ ᠶᠢᠨ ᠲᠠᠷᠢᠶᠠᠯᠠᠩ ᠤᠨ ᠨᠡᠷᠡᠲᠦ ᠲᠡᠮᠳᠡᠭ ᠢ ᠤᠷᠲᠤᠳᠬᠠᠭᠰᠠᠨ ᠠᠵᠤ ᠦᠢᠯᠡᠰ ᠤᠨ ᠣᠨᠴᠠᠯᠢᠭ ᠪᠠ ᠳᠠᠪᠠᠭᠤᠯᠢᠭ ᠢ ᠪᠠᠶᠢᠭᠤᠯᠬᠤ ᠬᠡᠷᠡᠭᠲᠡᠶ᠃ ᠵᠢᠶᠠ ᠯᠢ ᠶᠢᠨ ᠲᠦᠮᠡᠨ ᠲᠣᠯᠣᠭᠠᠶ ᠠᠦ᠋ᠰᠲᠷᠠᠯᠢᠶ᠎ᠠ ᠶᠢᠨ ᠠᠩᠭᠦᠰ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠮᠧᠩ ᠳ᠋ᠧ ᠶᠤᠸᠠᠨ ᠤ 10 ᠲᠦᠮᠡᠨ ᠲᠣᠯᠣᠭᠠᠶ ᠢᠳᠡᠰᠢᠨ ᠬᠤᠨᠢ ᠢᠮᠠᠭ᠎ᠠ ᠨᠢᠲᠤᠯᠬᠤ ᠵᠢᠴᠢ ᠭᠦᠨᠵᠡ ᠭᠡᠶ ᠡᠳ᠋ᠰᠢᠭᠦᠯᠬᠦ᠂ ᠪᠠᠶ ᠬᠤᠢ ᠱᠧᠩ ᠰᠢᠬᠢᠷ ᠤᠨ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ᠂ ᠵᠦᠩ ᠳ᠋ᠢ ᠶᠢᠨ ᠬᠤᠶᠠᠳᠤᠭᠠᠷ ᠬᠤᠭᠤᠴᠠᠭᠠᠨ ᠤ 2 ᠲᠦᠮᠡᠨ ᠲᠣᠯᠣᠭᠠᠶ ᠰᠠᠭᠠᠯᠢ ᠶᠢᠨ ᠦᠨᠢᠶ᠎ᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠵᠢᠶᠠ ᠷᠦᠩ ᠯᠢ ᠳ᠋ᠡ ᠶᠢᠨ ᠬᠠᠩᠭᠠᠷᠢ ᠶᠢᠨ ᠡᠭᠦᠯᠳᠡᠷ ᠤᠨ ᠭᠠᠯᠠᠭᠤ ᠲᠡᠵᠢᠭᠡᠨ ᠦᠷᠡᠵᠢᠭᠦᠯᠬᠦ 30 ᠲᠦᠮᠡᠨ ᠲᠥᠷᠥᠯ ᠵᠦᠢᠯ ᠤᠨ ᠭᠠᠷᠤᠯᠲᠠ ᠪᠠ ᠦᠷ᠎ᠡ ᠪᠦᠲᠦᠮᠵᠢ᠂ ᠵᠢᠶᠠᠩᠰᠦ ᠶᠢᠨ ᠵᠦᠩ ᠶᠢᠨ ᠨᠠᠷᠢᠨ ᠨᠣᠣᠰᠣᠲᠤ ᠬᠤᠨᠢᠨ ᠤ ᠲᠥᠷᠥᠯ ᠵᠦᠢᠯ ᠪᠠ ᠲᠤᠮᠤ ᠤᠯᠠᠭᠠᠨ ᠵᠢᠯ ᠳᠤ 5000 ᠲᠣᠨ ᠡᠩᠬᠦᠷᠡᠶ ᠠᠮᠢᠲᠠᠨ ᠤ ᠢᠳᠡᠭᠡᠨ ᠤ ᠲᠥᠷᠥᠯ ᠵᠦᠢᠯ ᠢ ᠰᠠᠭᠤᠷᠢᠰᠢᠭᠤᠯᠬᠤ ᠶᠢ ᠶᠡᠬᠡᠪᠡᠷ ᠠᠬᠢᠭᠤᠯᠤᠨ᠎ᠠ᠃    ᠰᠢᠨ᠎ᠡ ᠮᠠᠲ᠋ᠧᠷᠢᠶᠠᠯ ᠤᠨ ᠰᠢᠨ᠎ᠡ ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠤᠨ᠎ᠠ᠃ ᠰᠢᠨ᠎ᠡ ᠮᠠᠲ᠋ᠧᠷᠢᠶᠠᠯ ᠨᠢ ᠺᠠᠢ ᠶᠢᠨ ᠤ ᠵᠠᠯᠭᠠᠮᠵᠢ ᠠᠵᠤ ᠦᠢᠯᠡᠰ᠂ ᠾᠧᠩ ᠺᠧ ᠬᠤᠶᠠᠳᠤᠭᠠᠷ ᠬᠤᠭᠤᠴᠠᠭ᠎ᠠ᠂ ᠾᠧᠩ ᠱᠧᠩ ᠬᠤᠶᠠᠳᠤᠭᠠᠷ ᠬᠤᠭᠤᠴᠠᠭ᠎ᠠ᠂ ᠹᠧᠩ ᠶᠠᠨ ᠵᠢᠶᠤᠤ ᠵᠡᠷᠭᠡ ᠯᠢᠲ᠋ᠢ ᠳ᠋ᠢᠶᠠᠨ ᡂᠢ ᠶᠢᠨ ᠪᠢᠯᠢᠭ  ᠲᠦᠢᠯ ᠤᠨ ᠮᠠᠲ᠋ᠧᠷᠢᠶᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠢᠯ ᠤᠨ ᠦᠢᠯᠡᠳᠪᠦᠷᠢᠯᠡᠬᠦ  ᠴᠢᠳᠠᠪᠤᠷᠢ ᠶᠢ 8 ᠲᠦᠮᠡᠨ ᠲᠣᠨ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠮᠠᠨ ᠤ ᠬᠤᠲᠠ ᠶᠢᠨ ᠪᠠᠯ ᠴᠢᠯᠠᠭᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠭᠠᠷᠴᠠᠭ ᠲᠠᠢ  ᠴᠢᠬᠢᠯᠭᠠᠨ ᠤ ᠦᠨ᠎ᠡ ᠲᠠᠢ ᠬᠤᠯᠪᠣᠭᠳᠠᠭᠤᠯᠤᠨ᠂ ᠴᠤᠯᠭᠤᠶ ᠪᠠᠯ ᠴᠢᠯᠠᠭᠤᠵᠢᠭᠤᠯᠤᠨ ᠡᠳ᠋ᠰᠢᠭᠦᠯᠬᠦ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠴᠠᠭ ᠲᠤᠨᠢ ᠤᠷᠲᠤᠳᠬᠠᠨ ᠥᠭᠡᠷᠡᠴᠢᠯᠡᠬᠦ ᠶᠢ ᠬᠥᠲᠥᠯᠥᠨ ᠵᠢᠯᠣᠭᠤᠳᠴᠤ᠂ ᠯᠢᠲ᠋ᠢ ᠳ᠋ᠢᠶᠠᠨ ᡂᠢ ᠶᠢᠨ ᠪᠢᠯᠢᠭ  ᠲᠦᠢᠯ ᠤᠨ ᠮᠠᠲ᠋ᠧᠷᠢᠶᠠᠯ ᠤᠨ ᠪᠦᠬᠦ ᠠᠵᠢᠯ ᠤᠨ ᠳᠠᠷᠠᠭᠠᠯᠠᠯ ᠤᠨ ᠦᠢᠯᠡᠳᠪᠦᠷᠢᠯᠡᠯ ᠢ ᠪᠡᠶᠡᠯᠡᠭᠦᠯᠦᠨ᠎ᠡ᠃ ᠾᠧᠩ ᠳ᠋ᠧ ᠺᠠᠩ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠤᠷᠣᠭᠳᠠᠯ ᠮᠠᠲ᠋ᠧᠷᠢᠶᠠᠯ ᠵᠢᠴᠢ ᠪᠠᠭᠠᠵᠢ ᠬᠡᠷᠡᠭᠰᠡᠯ ᠤᠨ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ ᠠᠬᠢᠭᠤᠯᠤᠨ᠎ᠠ᠃ ᠳ᠋ᠧ ᠶᠠᠩ ᠤᠨ ᠳ᠋ᠦᠩ ᠱᠧᠨ ᠵᠢᠯ ᠳᠤ 10 ᠲᠦᠮᠡᠨ ᠲᠣᠨ ᠲᠦᠯᠡᠰᠢ ᠬᠥᠩᠭᠡᠨ ᠴᠠᠭᠠᠨ ᠦᠢᠯᠡᠳᠪᠦᠷᠢᠯᠡᠬᠦ ᠡᠨᠧᠷᠭᠢ ᠬᠠᠳᠠᠭᠠᠯᠠᠬᠤ ᠲᠥᠷᠥᠯ ᠵᠦᠢᠯ ᠪᠣᠯᠤᠨ ᠴᠤᠯᠤ ᠴᠠᠬᠢᠯᠭᠠᠨ ᠬᠥᠳᠡᠯᠭᠡᠭᠦᠷᠲᠦ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ᠲᠡᠷᠭᠡ ᠶᠢᠨ ᠲᠥᠷᠥᠯ ᠵᠦᠢᠯ᠂ ᠶᠢᠨ ᠴᠧᠩ ᠲᠢᠲ᠋ᠠᠨ ᠦᠢᠯᠡᠰ ᠤᠨ ᠥᠨᠳᠥᠷ ᠲᠢᠲ᠋ᠠᠨ ᠰᠢᠭᠠᠷᠤ᠂ ᠬᠤᠷᠴᠠ ᠴᠧᠩ ᠰᠢᠨ᠎ᠡ ᠬᠡᠯᠪᠡᠷᠢ ᠶᠢᠨ ᠭᠠᠯ ᠳᠠᠭᠠᠭᠠᠮᠠᠭᠠᠶ ᠮᠠᠲ᠋ᠧᠷᠢᠶᠠᠯ᠂ ᠵᠢᠤᠢ ᠴᠧᠨ ᠰᠢᠨᠵᠢᠯᠡᠬᠦ ᠤᠬᠠᠭᠠᠨ ᠮᠡᠷᠭᠡᠵᠢᠯ ᠤᠨ ᠦᠨᠳᠦᠷ ᠴᠡᠪᠡᠷ ᠴᠠᠬᠢᠭᠤᠷ ᠤᠨ ᠲᠥᠷᠥᠯ ᠵᠦᠢᠯ ᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠾᠧᠩ ᠺᠧ ᠲᠧ ᠲᠤᠤ ᠴᠡᠷᠢᠭ ᠠᠷᠠᠳ ᠤᠨ ᠬᠤᠶᠠᠷ ᠬᠡᠷᠡᠭᠴᠡᠭᠡᠲᠦ ᠣᠨᠴᠠ ᠲᠥᠷᠥᠯ ᠤᠨ ᠸᠠᠭᠠᠷ ᠱᠠᠭᠠᠵᠠᠩ ᠤᠨ ᠲᠥᠷᠥᠯ ᠵᠦᠢᠯ᠂ ᠵᠥᠩ ᠾᠦᠢ ᠸᠠᠭᠠᠷ ᠱᠠᠭᠠᠵᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠲᠥᠷᠥᠯ ᠵᠦᠢᠯ ᠢ ᠰᠢᠮᠳᠠᠭᠤᠯᠵᠤ ᠪᠠᠶᠢᠭᠠᠳ ᠳᠠᠷᠦ᠋ᠢᠬᠠᠨ ᠠᠰᠢᠭᠯᠠᠯᠲᠠ ᠳᠤ ᠣᠷᠣᠭᠤᠯᠤᠨ᠎ᠠ᠃ ᠰᠢᠨ᠎ᠡ ᠡᠨᠧᠷᠭᠢ ᠨᠢ ᠤᠯᠠᠭᠠᠨᠴᠠᠪ ᠤᠨ ᠰᠠᠯᠬᠢᠨ ᠬᠦᠴᠦᠨ ᠤ ᠴᠠᠬᠢᠯᠭᠠᠨ ᠤ ᠬᠤᠲᠠ ᠶᠢᠨ ᠳᠠᠪᠠᠭᠤᠯᠢᠭ ᠪᠣᠯᠤᠨ ᠬᠤᠲᠠ ᠶᠢᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠬᠤᠸᠠ ᠨᠧᠩ ᠪᠦᠯᠦᠭᠯᠡᠯ ᠤᠨ ᠲᠣᠭᠲᠠᠭᠰᠠᠨ ᠲᠦᠯᠦᠪᠵᠢᠭᠦᠯᠭᠡ ᠶᠢᠨ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ ᠮᠢᠩᠭᠠᠨ ᠲᠦᠮᠡᠨ ᠺᠢᠯᠣᠸᠠᠲ ᠤᠨ ᠲᠠᠰ ᠤᠨ ᠰᠠᠯᠬᠢᠨ ᠡᠨᠧᠷᠭᠢ ᠶᠢᠨ ᠡᠬᠢ ᠪᠠᠶᠠᠯᠢᠭ ᠪᠣᠯᠤᠨ ᠵᠠᠭᠤᠨ ᠲᠦᠮᠡᠨ ᠺᠢᠯᠣᠸᠠᠲ ᠤᠨ ᠲᠠᠰ ᠤᠨ ᠭᠡᠷᠡᠯ ᠤᠨ   ᠡᠨᠧᠷᠬᠢ ᠶᠢᠨ ᠡᠬᠢ ᠪᠠᠶᠠᠯᠢᠭ ᠤᠨ ᠪᠣᠷᠣ ᠲᠥᠯᠥᠪ ᠤᠨ ᠵᠥᠪᠯᠡᠯᠴᠡᠭᠡᠷ ᠲᠤ ᠲᠦᠰᠢᠭᠯᠡᠨ᠎ᠡ᠃ ᠰᠠᠯᠬᠢᠨ ᠡᠨᠧᠷᠭᠢᠲᠦ ᠭᠡᠷᠡᠯ ᠤᠨ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠰᠠᠶᠢᠲᠤᠷ ᠵᠠᠯᠭᠠᠨ ᠠᠪᠴᠢᠷᠠᠨ᠎ᠠ᠃    ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ ᠢ ᠰᠢᠯᠢᠳᠡᠭᠵᠢᠭᠦᠯᠦᠨ᠎ᠡ᠃ ᠰᠣᠶᠣᠯ᠂ ᠵᠢᠭᠤᠯᠴᠢᠯᠠᠯ ᠬᠢᠭᠡᠳ ᠲᠠᠷᠢᠶᠠᠯᠠᠩ ᠵᠡᠷᠭᠡ ᠬᠠᠮᠢᠶ᠎ᠠ ᠪᠦᠬᠦᠢ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠳᠥᠷᠪᠡᠳᠦᠭᠡᠷ ᠬᠤᠭᠤᠴᠠᠭᠠᠨ ᠤ ᠲᠥᠮᠥᠰᠥ ᠶᠢᠨ ᠠᠮᠲᠠᠲᠤ ᠢᠳᠡᠭᠡᠨ ᠤ ᠰᠣᠶᠣᠯ ᠤᠨ ᠨᠠᠶᠢᠷ ᠤᠨ ᠠᠵᠢᠯᠯᠠᠭ᠎ᠠ ᠶᠢ ᠰᠠᠶᠢᠲᠤᠷ ᠡᠷᠬᠢᠯᠡᠨ᠎ᠡ᠃ ᠰᠣᠶᠣᠯ ᠵᠢᠭᠤᠯᠴᠢᠯᠠᠯ ᠤᠨ ᠣᠨᠴᠠᠯᠢᠭᠲᠤ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠪᠠᠶᠢᠷᠢ ᠶᠢᠨ ᠪᠦᠲᠦᠭᠡᠭᠳᠡᠬᠦᠨ ᠤ ᠨᠡᠭᠡᠭᠡᠯᠲᠡ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠢ ᠶᠡᠬᠡᠪᠡᠷ ᠬᠥᠭᠵᠢᠭᠦᠯᠦᠨ᠎ᠡ᠃ ᠶᠡᠭᠡ ᠴᠢᠯᠠᠭᠤᠨ ᠬᠤᠷᠮᠣᠶ ᠶᠢᠨ ᠵᠢᠭᠤᠯᠴᠢᠯᠠᠯ ᠤᠨ ᠲᠥᠷᠥᠯ ᠵᠦᠢᠯ ᠤᠨ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠳᠠ‌‍ᠶᠢ ᠭᠤᠤᠯᠳᠠᠯᠭ᠎ᠠ ᠲᠠᠢ ᠠᠬᠢᠭᠤᠯᠵᠤ᠂ ᠬᠥᠯᠳᠡᠭᠦᠤ ᠭᠤᠤᠯ ᠤᠨ ᠰᠢ ᠶᠤᠸᠠᠨ ᠤᠯᠤᠰ ᠠᠴᠠ 3A ᠲᠡᠰ ᠤᠨ ᠦᠵᠡᠮᠵᠢ  ᠶᠢᠨ ᠣᠷᠣᠨ ᠢ 4A ᠳᠡᠰ ᠪᠣᠯᠭᠠᠨ ᠳᠡᠪᠰᠢᠭᠦᠯᠬᠦ᠂ ᠨᠠᠨ ᠬᠡᠦ ᠨᠠᠭᠤᠷ ᠤᠨ ᠠᠮᠢ ᠠᠬᠤᠢ ᠶᠢᠨ ᠬᠦᠷᠢᠶᠡᠯᠡᠩ ᠢ ᠤᠯᠤᠰ ᠠᠴᠠ 3A ᠲᠡᠰ ᠤᠨ ᠦᠵᠡᠮᠵᠢ ᠶᠢᠨ ᠣᠷᠣᠨ ᠢ ᠪᠤᠢ ᠪᠣᠯᠭᠠᠬᠤ ᠶᠢ ᠪᠥᠬᠦ ᠬᠦᠴᠦᠨ ᠢᠶᠠᠷ ᠢᠶᠠᠨ ᠳᠠᠮᠵᠢᠨ᠎ᠠ᠃ ᠵᠢᠤᠢ ᠬᠤᠩ ᠪᠣᠯᠤᠨ ᠽᠢ ᠢᠦᠶ ᠬᠤᠶᠠᠷ ᠳᠥᠷᠪᠡᠨ ᠣᠳᠣᠨ ᠲᠡᠰ ᠤᠨ ᠪᠠᠷᠢᠮᠵᠢᠶᠠᠲᠤ ᠵᠣᠴᠢᠳ ᠤᠨ ᠪᠠᠭᠤᠳᠠᠯ ᠢ ᠡᠷᠲᠡᠬᠡᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠵᠢᠭᠤᠯᠴᠢᠯᠠᠯ ᠤᠨ ᠦᠢᠯᠡᠴᠢᠯᠡᠭᠡᠨ ᠤ ᠬᠦᠯᠢᠶᠡᠨ ᠠᠪᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠢᠵᠢᠭ ᠤᠨ ᠪᠠᠶᠢᠳᠠᠯ ᠢ ᠡᠭᠦᠰᠭᠡᠬᠦ ︽ᠠᠭᠤᠯᠵᠠᠬᠤ ᠦᠭᠡᠢ᠂ ᠬᠠᠷᠢᠯᠴᠠᠬᠤ ᠦᠭᠡᠢ︾ ᠵᠡᠷᠭᠡ ᠰᠢᠨ᠎ᠡ ᠱᠠᠭᠠᠷᠳᠠᠯᠭ᠎ᠠ ᠳᠤ ᠨᠡᠶᠢᠴᠡᠭᠦᠯᠵᠦ᠂ ᠾᠦᠳᠦ᠋᠂ ᠮᠧᠩ ᠾᠦᠢ᠂ ᠲᠦᠳᠧᠯᠢ ᠵᠡᠷᠭᠡ ᠲᠣᠮᠣ ᠬᠡᠯᠪᠡᠷᠢ ᠶᠢᠨ ᠬᠡᠲᠦ ᠳᠡᠯᠭᠡᠭᠦᠷ ᠪᠣᠯᠤᠨ ᠱᠠᠩᠳᠦ ︽ ᠦᠯᠦᠰᠴᠦ ᠪᠠᠶᠢᠨ᠎ᠠ ᠤᠤ︾ ︽ᠮᠧᠶ ᠲᠤᠸᠠᠨ︾ ᠲᠠᠪᠴᠠᠩ ᠤᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠠᠬᠢᠭᠤᠯᠵᠤ᠂ ᠨᠢᠭᠡ ᠬᠤᠲᠠ ᠶᠢᠨ ᠲᠤᠬᠢᠷᠠᠭᠤᠯᠤᠨ ᠬᠦᠷᠭᠡᠬᠦ ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ᠃ ᠵᠢᠶᠠ ᠵᠢᠶᠠ ᠶᠤᠸᠠᠢ ᠬᠡᠲᠦ ᠳᠡᠯᠭᠡᠭᠦᠷ ᠤᠨ 10 ᠭᠠᠵᠠᠷ ᠥᠪᠡᠷᠲᠡᠭᠡᠨ ᠦᠢᠯᠡᠴᠢᠯᠡᠬᠦ ᠮᠠᠶ᠋ᠢᠭ ᠤᠨ 30 ︽ᠪᠢᠴᠢᠯ ᠨᠤᠭᠤᠭ᠎ᠠ ᠶᠢᠨ ᠳᠡᠯᠭᠡᠭᠦᠷ︾ ᠤᠨ ᠲᠥᠷᠥᠯ ᠵᠦᠢᠯ ᠢ ᠲᠣᠰ ᠵᠢᠯ ᠳᠤ ᠪᠠᠶᠢᠭᠤᠯᠵᠤ ᠳᠠᠭᠤᠰᠬᠠᠨ ᠠᠵᠢᠯᠯᠠᠭᠤᠯᠬᠤ ᠶᠢ ᠬᠦᠴᠦᠯᠡᠨ ᠠᠬᠢᠭᠤᠯᠤᠨ᠎ᠠ᠃ ᠠᠯᠲᠠᠨ ᠲᠦᠷᠦᠭᠦᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ᠨᠠᠶᠢᠳᠠᠨ ᠬᠠᠮᠢᠶᠠᠷᠤᠭᠤᠯᠵᠤ ᠡᠵᠡᠩᠨ ᠡᠭᠦᠯᠬᠦ ᠮᠠᠨ ᠤ ᠰᠢᠶᠠᠨ ᠤ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠦᠶ᠋ᠯᠡᠴᠢᠯᠡᠭᠡᠨ ᠤ ᠲᠥᠪ ᠢ ᠢᠳᠡᠪ ᠬᠢᠲᠡᠶ ᠪᠠᠷ ᠠᠬᠢᠭᠤᠯᠤᠨ᠎ᠠ᠃ ᠯᠧ ᠼᠦᠨ ᠲᠤᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨ ᠯᠸᠢ ᠵᠡᠷᠭᠡ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠬᠢᠭᠡᠳ ᠡᠯ᠎ᠡ ᠰᠢᠶᠠᠩ ᠪᠠᠯᠭᠠᠰᠤ ᠲᠣᠰᠬᠤᠨ ᠤ ᠱᠠᠲᠤᠨ ᠤ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡᠨ ᠤ ᠬᠡᠲᠦ ᠳᠡᠯᠭᠡᠭᠦᠷ᠂ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠥᠷᠲᠡᠭᠡ ᠯᠦᠭᠡ ᠬᠤᠲᠠ ᠬᠥᠳᠡᠭᠡ ᠶᠢᠨ ᠥᠨᠳᠥᠷ ᠪᠦᠲᠦᠮᠵᠢᠲᠡᠶ ᠳᠣᠭᠢᠷᠠᠭᠤᠯᠤᠨ ᠬᠦᠷᠭᠡᠬᠦ ᠶᠢ ᠭᠦᠨᠵᠡᠭᠡᠶ ᠥᠷᠨᠢᠭᠦᠯᠬᠦ ᠶᠢ ᠳᠡᠮᠵᠢᠨ᠎ᠡ︔ ᠱᠦᠨ ᠹᠧᠩ᠂ ᠶᠤᠸᠠᠨ ᠲᠦᠩ᠂  ᠱᠧᠨ ᠲᠦᠩ᠂ ᠶᠦᠨ ᠳ᠋ᠡ ᠵᠡᠷᠭᠡ 12 ᠲᠦᠷᠭᠡᠨ ᠬᠦᠷᠭᠡᠬᠦ ᠬᠤᠳᠠᠯᠳᠤᠭᠠᠨ ᠤ ᠪᠦᠷ ᠪᠤᠷᠤᠯᠠᠭᠤᠯᠬᠤ ᠬᠤᠳᠠᠯᠳᠤᠭᠠᠴᠢᠨ ᠵᠢᠴᠢ 700 ᠭᠠᠷᠤᠶ ᠪᠢᠴᠢᠯ ᠬᠤᠳᠠᠯᠳᠤᠭᠠᠴᠢᠨ ᠤ ᠡᠵᠡᠩᠨᠡᠯᠲᠡ ᠶᠢᠨ ᠬᠡᠯᠪᠡᠷᠢ ᠶᠢᠨ ᠰᠢᠨ᠎ᠡ ᠶᠢ ᠡᠭᠦᠳᠬᠦ ᠬᠡᠯᠪᠡᠷᠢ ᠶᠢ ᠵᠣᠷᠢᠭᠵᠢᠭᠤᠯᠵᠤ᠂ ᠰᠦᠯᠵᠢᠶᠡᠨ ᠤ ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃    ︵ᠲᠦᠷᠪᠡ︶ ᠨᠢᠭᠡᠳᠦᠯᠲᠡᠶ ᠲᠥᠯᠥᠪᠯᠡᠨ ᠵᠣᠬᠢᠴᠠᠩᠭᠤᠶ ᠬᠥᠭᠵᠢᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤᠲᠠᠭᠤᠳᠠᠯ ᠢ ᠨᠦᠬᠦᠪᠦᠷᠢᠯᠡᠨ᠎ᠡ    ᠰᠠᠭᠤᠷᠢᠰᠢᠬᠤ ᠳᠤ ᠲᠣᠬᠢᠷᠠᠮᠵᠢᠲᠠᠶ ᠠᠵᠢᠯᠯᠠᠬᠤ ᠳᠤ ᠲᠣᠬᠢᠷᠠᠮᠵᠢᠲᠠᠶ ᠵᠤᠭᠠᠴᠠᠬᠤ ᠳᠤ ᠲᠣᠬᠢᠷᠠᠮᠵᠢᠲᠠᠶ ᠰᠢᠶᠠᠨ ᠤ ᠬᠤᠳᠠ ᠶᠢ ᠬᠦᠴᠦᠯᠡᠨ ᠪᠠᠶᠢᠭᠤᠯᠤᠨ᠎ᠠ᠃ ᠪᠦᠬᠦ ᠰᠢᠶᠠᠨ ᠤ ᠤᠯᠤᠰ ᠠᠴᠠ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠪᠡ ᠪᠠ ᠡᠯ᠎ᠡ ᠲᠦᠷᠦᠯ ᠤᠨ ᠲᠤᠰᠬᠠᠶ ᠲᠥᠯᠥᠪᠵᠢᠭᠦᠯᠭᠡ ᠶᠢ ᠡᠬᠢᠯᠡᠨ ᠨᠠᠶᠢᠷᠠᠭᠤᠯᠵᠤ᠂ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠶᠢ ᠠᠬᠢᠭᠤᠯᠵᠤ᠂ ᠬᠤᠲᠠ ᠪᠠᠯᠭᠠᠰᠤᠨ ᠤ ᠲᠥᠯᠥᠪᠵᠢᠭᠦᠯᠭᠡ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠬᠠᠤᠯᠢ ᠲᠣᠭᠲᠠᠭᠠᠯ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠥᠯᠥᠪᠵᠢᠭᠦᠯᠭᠡ ᠶᠢᠨ ᠲᠥᠪ ᠴᠢᠩᠭ᠎ᠠ ᠴᠢᠨᠠᠷ ᠪᠠ ᠡᠷᠬᠡ ᠰᠦᠷᠲᠦ ᠴᠢᠨᠠᠷ ᠢ ᠬᠠᠮᠠᠭᠠᠯᠠᠨ᠎ᠠ᠃ ᠡᠮᠦᠨ᠎ᠡ ᠨᠣᠭᠤᠭ᠎ᠠ ᠶᠢᠨ ᠬᠦᠷᠢᠶᠡᠯᠡᠩ᠂ ᠵᠠᠩ ᠺᠧ ᠲᠣᠰᠬᠤᠨ ᠤ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠪᠠ 6 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠵᠠᠮ ᠱᠤᠭᠤᠮ᠂ ᠢᠯᠴᠢ ᠬᠠᠩᠭᠠᠬᠤ᠂ ᠤᠰᠤ ᠬᠠᠩᠭᠠᠬᠤ ᠬᠤᠭᠤᠯᠠᠶ ᠶᠢᠨ ᠲᠣᠣᠷ ᠢ ᠥᠭᠡᠷᠡᠴᠢᠯᠡᠬᠦ ᠵᠡᠷᠭᠡ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ ᠠᠳᠬᠤᠵᠤ᠂ ᠬᠤᠲᠠ ᠶᠢᠨ ᠶᠠᠪᠤᠳᠠᠯ ᠤᠨ ᠰᠠᠭᠤᠷᠢ ᠲᠥᠬᠦᠷ ᠪᠡᠯᠡᠳᠬᠡᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠭᠠᠯᠲᠤ ᠲᠡᠷᠭᠡᠨ ᠥᠷᠲᠡᠭᠡ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠡᠷᠲᠡᠬᠡᠨ ᠲᠦᠯᠦᠪᠵᠢᠭᠦᠯᠦᠨ ᠬᠡᠷᠡᠭᠵᠢᠭᠦᠯᠦᠨ᠎ᠡ᠃ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢ ᠨᠡᠮᠡᠭᠳᠡᠭᠦᠯᠵᠦ ᠨᠣᠭᠤᠭᠠᠷᠠᠭᠤᠯᠬᠤ ᠡᠷᠴᠢᠮ ᠢᠶᠠᠨ ᠴᠢᠩᠭᠠᠷᠠᠭᠤᠯᠵᠦ᠂ ᠬᠤᠲᠠ ᠶᠢᠨ ᠣᠢ ᠰᠢᠭᠤᠶ ᠳᠤ  ᠪᠠᠶᠢᠬᠤ᠂ ᠬᠥᠮᠦᠨ ᠦᠵᠡᠮᠵᠢ ᠳᠤᠮᠳᠠ ᠪᠠᠶᠢᠬᠤ ᠠᠮᠢ ᠠᠬᠤᠢ ᠶᠢᠨ ᠣᠷᠴᠢᠨ ᠲᠣᠭᠤᠷᠢᠨ ᠢ ᠴᠢᠷᠮᠠᠶᠢᠨ ᠪᠠᠶᠢᠭᠤᠯᠤᠨ᠎ᠠ᠃ ᠬᠤᠲᠠ ᠶᠢᠨ ᠬᠠᠮᠢᠶᠠᠷᠤᠯᠲᠠ ᠶᠢ ᠨᠠᠷᠢᠯᠢᠭᠵᠢᠭᠤᠯᠬᠤ ᠲᠣᠭᠠᠴᠢᠯᠠᠭᠰᠠᠨ ᠣᠶᠤᠨ ᠤᠬᠠᠭᠠᠨᠴᠢᠯᠠᠬᠤ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠬᠤᠲᠠ ᠶᠢᠨ ᠬᠠᠮᠢᠶᠠᠷᠤᠯᠲᠠ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯ ᠢ ᠲᠡᠭᠦᠯᠳᠡᠷᠵᠢᠭᠦᠯᠬᠦ ᠬᠡᠷᠡᠭᠲᠡᠶ᠃ ᠪᠠᠯᠭᠠᠰᠤᠨ ᠤ ᠳᠦᠷᠢ ᠲᠥᠷᠬᠦ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠬᠦᠴᠦ ᠲᠠᠯᠪᠢᠨ ᠰᠠᠶᠢᠲᠤᠷ ᠠᠳᠬᠤᠵᠦ᠂ ᠬᠤᠲᠠ ᠪᠠᠯᠭᠠᠰᠤᠨ ᠤ ︽ᠠᠷᠪᠠᠨ ᠳᠤᠷ᠎ᠠ ᠪᠠᠷ ᠢᠶᠠᠨ︾ ᠪᠠᠶᠢᠬᠤ ᠦᠵᠡᠭᠳᠡᠯ ᠢ ᠲᠦᠢᠯᠪᠤᠷᠢᠲᠠᠶ ᠰᠢᠢᠳᠪᠦᠷᠢᠯᠡᠵᠦ᠂ ᠬᠤᠲᠠ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠶᠢ ᠠᠬᠢᠭᠤᠯᠵᠤ᠂ ᠴᠡᠪᠡᠷ ᠴᠡᠮᠴᠡᠭᠡᠷ᠂ ᠪᠣᠯᠪᠠᠰᠤᠨ ᠡᠮᠬᠢ ᠵᠢᠷᠤᠮ ᠲᠠᠢ ᠪᠠᠶᠢᠬᠤ ᠶᠢ ᠬᠡᠪ ᠤᠨ  ᠪᠠᠶᠢᠳᠠᠯ ᠪᠣᠯᠭᠠᠨ᠎ᠠ᠃ ᠪᠠᠭ᠎ᠠ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ᠂ ᠰᠠᠭᠤᠭᠠᠯᠢ ᠠᠷᠠᠳ᠂ ᠠᠳᠠᠯ ᠠᠬᠤᠶ ᠶᠢᠨ ᠠᠵᠤ ᠠᠬᠤᠶᠢᠯᠠᠯ ᠵᠡᠷᠭᠡ ᠭᠤᠷᠪᠠᠨ ᠲᠠᠯ᠎ᠠ ᠪᠠᠷ ᠢᠶᠠᠨ ᠬᠠᠮᠲᠤᠪᠠᠷ ᠵᠠᠰᠠᠬᠤ ᠲᠣᠭᠲᠠᠴᠠ ᠶᠢ ᠪᠠᠶᠢᠭᠤᠯᠵᠤ᠂ ᠥᠮᠴᠢᠲᠡᠨ ᠤ ᠬᠠᠤᠯᠢ ᠶᠣᠰᠣᠭᠠᠷ᠂ ᠡᠮᠬᠢ ᠵᠢᠷᠤᠮ ᠲᠠᠢ ᠪᠠᠷ ᠨᠡᠶᠢᠭᠡᠮ ᠲᠣᠭᠤᠷᠢᠭ ᠤᠨ ᠬᠠᠮᠢᠶᠠᠷᠤᠯᠲᠠ ᠳᠤ ᠣᠷᠣᠯᠴᠠᠬᠤ ᠶᠢ ᠪᠠᠲᠤᠯᠠᠵᠤ᠂ ᠠᠳᠠᠯ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠪᠣᠬᠢᠷᠲᠤᠯ ᠦᠭᠡᠢ ᠲᠠᠷᠢᠶᠠᠯᠠᠩ᠂ ᠨᠡᠷᠡᠲᠦ ᠲᠡᠮᠳᠡᠭᠲᠦ ᠲᠠᠷᠢᠶᠠᠯᠠᠩ᠂ ᠪᠠᠷᠢᠮᠵᠢᠶᠠᠲᠤ ᠲᠠᠷᠢᠶᠠᠯᠠᠩ᠂ ᠶᠠᠰᠤ ᠴᠢᠨᠠᠷᠳᠠᠢ ᠲᠠᠷᠢᠶᠠᠯᠠᠩ ᠢ ᠶᠡᠬᠡᠪᠡᠷ ᠬᠥᠭᠵᠢᠭᠦᠯᠦᠨ᠎ᠡ᠃ ᠤᠰᠤᠨ ᠤ ᠬᠡᠮᠵᠢᠶ᠎ᠡ ᠪᠠᠷ ᠶᠠᠪᠤᠬᠤ᠂ ᠤᠰᠤᠨ ᠤ ᠬᠡᠮᠵᠢᠶ᠎ᠡ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠲᠠᠷᠢᠮᠠᠯ ᠤᠨ ᠪᠦᠲᠦᠴᠡ ᠶᠢ ᠶᠡᠬᠡᠪᠡᠷ ᠲᠤᠬᠢᠷᠠᠭᠤᠯᠤᠨ ᠰᠢᠯᠢᠳᠡᠭᠵᠢᠭᠦᠯᠵᠦ᠂ ᠬᠠᠪᠤᠷ ᠲᠠᠷᠢᠶᠠᠯᠠᠭ᠎ᠠ ᠶᠢᠨ ᠪᠡᠯᠡᠳᠭᠡᠯ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠶᠢ 107 ᠲᠦᠮᠡᠨ ᠮᠦ ᠠᠴᠠ ᠳᠡᠭᠡᠭᠰᠢ ᠳᠤ ᠬᠦᠷᠭᠡᠵᠦ᠂ 10% ᠪᠠᠷ ᠨᠡᠮᠡᠭᠳᠡᠭᠦᠯᠦᠨ᠎ᠡ︔ ᠰᠢᠨ᠎ᠡ ᠪᠠᠷ ᠭᠡᠷᠡᠴᠢᠯᠡᠭᠰᠡᠨ ᠣᠷᠭᠠᠨᠢᠭ ᠬᠠᠭᠤᠷᠠᠶ ᠲᠠᠷᠢᠶᠠᠯᠠᠩ 3.5 ᠲᠦᠮᠡᠨ ᠮᠥ ᠪᠠᠶᠢᠵᠤ᠂ 8 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠬᠤᠭᠤᠴᠠᠭ᠎ᠠ ᠶᠣᠰᠣᠭᠠᠷ ᠥᠭᠡᠷᠡᠴᠢᠯᠡᠨ ᠰᠢᠨᠡᠳᠬᠡᠪᠡ᠃ ᠠᠵᠤ ᠦᠢᠯᠡᠰ ᠤᠨ ᠪᠠᠶᠢᠷᠢᠰᠢᠭᠤᠯᠤᠯᠲᠠ ᠪᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠬᠦᠢᠲᠡᠨ ᠰᠡᠷᠢᠭᠦᠨ ᠢᠳᠡᠰᠢᠨ ᠨᠣᠭᠤᠭ᠎ᠠ᠂ ᠰᠢᠬᠢᠷ ᠯᠤᠤᠪᠠᠩ᠂ ᠨᠣᠬᠠᠶ ᠶᠢᠨ ᠬᠤᠰᠢᠭᠤ ᠶᠢᠨ ᠠᠵᠤ ᠦᠢᠯᠡᠰ ᠢ ᠵᠡᠷᠭᠡᠪᠡᠷ ᠬᠥᠭᠵᠢᠭᠦᠯᠬᠦ ᠶᠢ ᠠᠬᠢᠭᠤᠯᠤᠨ᠎ᠠ᠃ ᠲᠡᠵᠢᠭᠡᠵᠦ ᠦᠷᠡᠵᠢᠭᠦᠯᠬᠦ ᠪᠠ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠤᠶᠠᠯᠳᠤᠭᠤᠯᠬᠤ ᠶᠢ ᠪᠠᠷᠢᠮᠳᠠᠯᠠᠵᠦ᠂ ᠠᠮᠢᠳᠤ ᠭᠠᠭ᠋ᠠᠶ ᠶᠢ ᠪᠠᠷᠢᠮᠵᠢᠶᠠᠵᠢᠭᠤᠯᠤᠨ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠠᠬᠢᠭᠤᠯᠤᠨ᠎ᠠ︔ ᠦᠬᠡᠷ ᠬᠤᠨᠢ᠂ ᠰᠠᠭᠠᠯᠢ ᠶᠢᠨ ᠦᠢᠯᠡᠰ ᠵᠡᠷᠭᠡ ᠦᠢᠯᠡᠳᠪᠦᠷᠢᠯᠡᠯ ᠢ ᠳᠠᠮᠵᠢᠵᠤ᠂ ᠪᠣᠬᠢᠷᠲᠤᠯ ᠦᠭᠡᠢ ᠥᠨᠳᠥᠷ ᠦᠷ᠎ᠡ ᠪᠦᠳᠦᠮᠵᠢᠳᠡᠢ ᠮᠠᠯ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ ᠤᠨ ᠡᠷᠴᠢᠮ ᠢ ᠴᠢᠩᠭᠠᠷᠠᠭᠤᠯᠵᠤ᠂ ᠭᠡᠷᠡᠴᠢᠯᠡᠯ ᠤᠨ ᠲᠠᠯᠠᠪᠠᠶ ᠶᠢ ᠥᠷᠭᠡᠳᠬᠡᠨ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ︔ ︽ᠬᠤᠳᠠᠯᠳᠤᠭᠠᠨ ᠤ ᠲᠥᠪ +︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠬᠥᠲᠥᠴᠢ ᠠᠵᠤ ᠠᠬᠤᠶᠢᠯᠠᠯ᠂ ᠬᠤᠷᠰᠢᠶ᠎ᠠ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠳᠡᠮᠵᠢᠨ᠎ᠡ᠃ ᠤᠯᠤᠰ ᠠᠴᠠ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠰᠢᠶᠠᠨ ᠤ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠪᠡᠭᠡᠵᠢᠩ ᠤᠨ ᠨᠢᠭᠡ ᠮᠦ ᠲᠠᠷᠢᠶᠠᠨ ᠭᠠᠵᠠᠷ ᠤᠨ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠰᠦᠯᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯᠤᠨ ᠲᠤᠩ ᠰᠢᠶᠦ᠋ᠨ ᠺᠣᠮᠫᠠᠨᠢ ᠶᠢᠨ ᠬᠠᠮᠲᠤ ᠪᠠᠷ ᠰᠠᠨᠠᠭᠠᠴᠢᠯᠠᠭᠰᠠᠨ ᠶᠠᠰᠤ ᠴᠢᠨᠠᠷ ᠤᠨ ᠠᠮᠤᠷ ᠲᠦᠪᠰᠢᠨ ᠤ ᠲᠦᠮᠡᠨ ᠭᠠᠵᠠᠷ ᠤᠨ ᠠᠶᠠᠯᠠᠯ — ︽ᠵᠠᠭᠤᠨ ᠰᠢᠶᠠᠨ ᠢ ᠰᠢᠭᠤᠳ ᠨᠡᠪᠳᠡᠷᠡᠭᠦᠯᠵᠦ ᠲᠠᠷᠢᠶᠠᠯᠠᠩ ᠢ ᠲᠤᠰᠠᠯᠠᠬᠤ ᠲᠥᠯᠥᠪᠯᠡᠭᠡ︾ ᠳᠤ ᠢᠳᠡᠪᠬᠢᠲᠡᠶ ᠣᠷᠣᠯᠴᠠᠵᠤ᠂ ︽ᠰᠠᠶᠢᠨ ᠪᠦᠳᠦᠭᠡᠭᠳᠡᠭᠦᠨ ᠢ ᠦᠨᠡᠨ ᠬᠦ ᠰᠠᠶᠢᠨ ᠦᠨ᠎ᠡ ᠬᠠᠩᠰᠢ ᠭᠠᠷᠭᠠᠨ᠎ᠠ︾᠃ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ︽ᠣᠯᠠᠨ ᠲᠥᠯᠥᠪᠵᠢᠭᠦᠯᠭᠡ ᠶᠢ ᠨᠢᠭᠡ ᠪᠣᠯᠭᠠᠬᠤ︾ ᠬᠡᠷᠡᠭᠯᠡᠭᠡᠨ ᠤ ᠴᠢᠨᠠᠷᠲᠠᠶ ᠠᠶᠢᠯ ᠲᠣᠰᠬᠤᠨ ᠤ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠰᠢᠶᠠᠨ ᠤ ᠬᠡᠪᠴᠢᠶᠡᠨ ᠤ ᠠᠶᠢᠯ ᠲᠣᠰᠬᠤᠨ ᠤ ᠪᠠᠶᠢᠷᠢᠰᠢᠭᠤᠯᠤᠯᠲᠠ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠢᠳᠡᠪᠬᠢᠲᠡᠢ ᠰᠦᠪᠡᠭᠴᠢᠯᠡᠨ ᠲᠥᠷᠥᠯ ᠬᠤᠪᠢᠶᠠᠨ ᠠᠬᠢᠭᠤᠯᠵᠤ᠂ ᠡᠯ᠎ᠡ ᠭᠠᠵᠠᠷ ᠤᠨ ᠤᠰᠤᠨ ᠵᠣᠷᠯᠣᠩ᠂ ᠬᠠᠭᠤᠷᠠᠶ ᠵᠣᠷᠯᠣᠩ᠂ ᠤᠰᠤ ᠬᠠᠭᠤᠷᠠᠶ ᠶᠢ ᠤᠶᠠᠯᠳᠤᠭᠤᠯᠤᠭᠰᠠᠨ ᠵᠣᠷᠯᠣᠩ ᠵᠡᠷᠭᠡ ᠶᠢ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ᠂ ᠣᠯᠠᠨ ᠲᠦᠮᠡᠨ ᠮᠡᠳᠡᠷᠡᠭᠰᠡᠨ ᠵᠣᠷᠯᠣᠩ ᠦᠭᠡᠷᠡᠴᠢᠯᠡᠨ ᠪᠠᠶᠢᠭᠤᠯᠬᠤ ᠵᠠᠭᠪᠤᠷ ᠢᠶᠠᠷ ᠲᠣᠯᠢ ᠪᠣᠯᠭᠠᠵᠤ᠂ ᠲᠤᠰ ᠵᠢᠯ ᠤᠨ ᠵᠣᠷᠯᠣᠩ ᠥᠭᠡᠷᠡᠴᠢᠯᠡᠬᠦ ᠪᠠ ᠰᠢᠨ᠎ᠡ ᠪᠠᠷ ᠪᠠᠶᠢᠭᠤᠯᠵᠦ ᠢᠰᠦᠯᠳᠦᠭᠦᠯᠬᠦ ᠡᠭᠦᠷᠭᠡ ᠶᠢ ᠴᠢᠷᠮᠠᠶᠢᠨ ᠪᠡᠶᠡᠯᠡᠭᠦᠯᠦᠨ᠎ᠡ᠃ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠠᠵᠢᠯ ᠢ ᠶᠡᠬᠡᠪᠡᠷ ᠠᠬᠢᠭᠤᠯᠵᠤ᠂ 10 ᠰᠢᠶᠠᠩ ᠪᠠᠯᠭᠠᠰᠤᠨ ᠳᠤ 146 ᠬᠤᠭ ᠨᠣᠪᠰᠢ ᠶᠢᠨ ᠴᠥᠭᠦᠷᠥᠮ ᠪᠠᠶᠢᠭᠤᠯᠵᠤ᠂ 1175 ᠬᠤᠭ ᠨᠣᠪᠰᠢ ᠶᠢᠨ ᠬᠠᠶᠢᠷᠴᠠᠭ ᠲᠤᠬᠢᠷᠠᠭᠤᠯᠤᠨ᠎ᠠ᠃ ᠰᠢᠶᠣᠤ ᠬᠠᠢ ᠽᠢ ᠪᠠᠯᠭᠠᠰᠤ᠂  ᠲᠦᠨ ᠺᠧᠨ ᠳ᠋ᠦᠢ ᠪᠠᠯᠭᠠᠰᠤᠨ ᠳᠤ 10 ᠲᠦᠮᠡᠨ ᠪᠣᠰᠤᠭ᠎ᠠ ᠳᠥᠷᠪᠡᠯᠵᠢᠨ ᠪᠠ 15 ᠲᠦᠮᠡᠨ ᠪᠣᠰᠤᠭ᠎ᠠ ᠳᠥᠷᠪᠡᠯᠵᠢᠨ ᠬᠤᠭ ᠨᠣᠪᠰᠢ ᠪᠤᠯᠠᠬᠤ ᠦᠢᠯᠡᠳᠪᠦᠷᠢ ᠲᠤᠰ ᠪᠦᠷᠢ ᠨᠢᠭᠡ ᠭᠠᠵᠠᠷ ᠪᠠᠶᠢᠭᠤᠯᠵᠤ᠂ ᠰᠢᠶᠠᠩ ᠪᠠᠯᠭᠠᠰᠤ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠢᠵᠢᠭ ᠬᠡᠯᠪᠡᠷᠢ ᠶᠢᠨ ᠬᠤᠭ ᠨᠣᠪᠰᠢ ᠶᠢ ᠰᠢᠳᠠᠭᠠᠬᠤ ᠲᠥᠷᠥᠯ ᠵᠦᠢᠯ ᠢ ᠰᠦᠪᠡᠭᠴᠢᠯᠡᠨ ᠠᠬᠢᠭᠤᠯᠤᠨ᠎ᠠ᠃ ᠡᠬᠡ ᠣᠷᠣᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ︽ᠪᠤᠵᠠᠷ ᠪᠤᠷᠲᠠᠭ ᠰᠠᠮᠠᠭᠤᠨ ᠮᠠᠭᠤ︾ ᠪᠠᠶᠢᠬᠤ ᠣᠷᠴᠢᠨ ᠨᠥᠬᠦᠴᠡᠯ ᠢ ᠴᠢᠷᠮᠠᠶᠢᠨ ᠰᠠᠶᠢᠵᠢᠷᠠᠭᠤᠯᠤᠨ᠎ᠠ᠃ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠥᠳᠡᠭᠡ ᠲᠣᠰᠬᠤᠨ ᠤ 1212 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠰᠢᠨᠡᠳᠬᠡᠨ ᠵᠠᠰᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ 2220 ᠡᠷᠦᠬᠡ ᠶᠢᠨ ᠬᠥᠳᠡᠭᠡ ᠲᠣᠰᠬᠤᠨ ᠤ ᠭᠠᠳᠠᠭᠰᠢ ᠭᠠᠷᠤᠭᠰᠠᠨ ᠡᠷᠦᠬᠡ ᠶᠢᠨ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠢ ᠪᠦᠬᠦᠨ ᠢ ᠨᠤᠷᠠᠭᠠᠨ᠎ᠠ᠃  33 ᠵᠠᠰᠠᠭ ᠵᠠᠬᠢᠷᠭᠠᠨ ᠤ ᠲᠣᠰᠬᠤᠨ ᠤ ᠤᠰᠤ ᠤᠮᠳᠠ ᠶᠢᠨ ᠠᠮᠤᠷ ᠲᠦᠪᠰᠢᠨ ᠢ ᠵᠠᠰᠠᠨ ᠰᠢᠨᠡᠳᠬᠡᠵᠦ ᠳᠡᠭᠡᠭᠰᠢᠯᠡᠭᠦᠯᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠨᠢᠭᠡ ᠡᠷᠦᠬᠡ ᠶᠢᠨ ᠤᠰᠤ ᠴᠡᠪᠡᠷᠰᠢᠭᠦᠯᠬᠦ ᠮᠠᠰᠢᠨ ᠢ 3000 ᠰᠠᠤᠷᠢ ᠤᠭᠰᠠᠷᠠᠨ᠂ 54 ᠤᠰᠤᠨ ᠬᠤᠳᠳᠤᠭ ᠰᠡᠯᠪᠢᠨ ᠵᠠᠰᠠᠵᠤ ᠰᠢᠨᠡᠳᠬᠡᠪᠡ᠃ ᠲᠢᠶᠠᠨ ᠱᠢ ᠭᠧᠦ ᠭᠤᠣᠯ ᠤᠨ ᠵᠠᠮ ᠢ ᠵᠠᠰᠠᠬᠤ ᠢᠨᠵᠧᠨᠧᠷᠢᠩ ᠪᠠ ᠦᠵᠡᠮᠵᠢ ᠶᠢᠨ ᠢᠨᠵᠧᠨᠧᠷᠢᠩ ᠢ ᠪᠡᠶᠡᠯᠡᠭᠦᠯᠵᠦ᠂ ᠡᠮᠦᠨᠡᠳᠦ ᠨᠣᠭᠤᠭ᠎ᠠ ᠶᠢᠨ ᠬᠦᠷᠢᠶᠡᠯᠡᠩ ᠤᠨ ᠠᠮᠢ ᠠᠬᠤᠢ ᠶᠢᠨ ᠠᠷᠢᠭᠤᠨ ᠴᠡᠪᠡᠷ ᠵᠢᠵᠢᠭ ᠰᠠᠪᠠ ᠭᠠᠵᠠᠷ ᠢ ᠵᠠᠰᠠᠬᠤ ᠢᠨᠵᠧᠨᠧᠷᠢᠩ᠂ ᠵᠢᠵᠢᠭ ᠰᠦᠮ᠎ᠡ ᠤᠰᠤᠨ ᠠᠰᠢᠭᠯᠠᠯᠲᠠ ᠶᠢᠨ ᠬᠦᠢᠰᠦ ᠠᠶᠤᠯ ᠢ ᠠᠷᠢᠯᠭᠠᠨ ᠪᠠᠬᠢᠵᠢᠭᠦᠯᠬᠦ ᠢᠨᠵᠧᠨᠧᠷᠢᠩ ᠪᠠ 12 ᠲᠡᠭᠰᠢ ᠳᠥᠷᠪᠡᠯᠵᠢᠨ ᠺᠢᠯᠣᠮᠧᠲᠷ ᠪᠦᠬᠦᠢ ᠵᠢᠵᠢᠭ ᠰᠠᠪᠠ ᠭᠠᠵᠠᠷ ᠢ ᠵᠠᠰᠠᠬᠤ ᠢᠨᠵᠧᠨᠧᠷᠢᠩ ᠢ ᠬᠡᠷᠡᠭᠵᠢᠭᠦᠯᠦᠨ᠎ᠡ᠃ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠰᠢᠯᠭᠠᠨ ᠠᠪᠬᠤ ᠠᠵᠢᠯ ᠢ ᠰᠠᠶᠢᠲᠤᠷ ᠬᠢᠵᠦ᠂ ︽ᠵᠠᠮ ᠤᠨ ᠳᠠᠷᠤᠭ᠎ᠠ ᠶᠢᠨ ᠳᠦᠷᠢᠮ︾ ᠢ ᠴᠢᠩᠭ᠎ᠠ  ᠬᠡᠷᠡᠭᠵᠢᠭᠦᠯᠦᠨ᠎ᠡ᠃ ᠱᠠᠩᠳᠤ — ᠳ᠋ᠠ ᠾᠧ ᠶᠢᠨ ᠡᠯᠡᠰᠦᠷᠬᠡᠭ ᠰᠢᠷᠣᠶ ᠪᠠ ᠱᠠᠩᠳᠤ — ᠤᠯᠠᠭᠠᠨᠬᠠᠳᠠ ᠭᠤᠷᠪᠠᠨ ᠱᠠᠲᠤᠨ ᠤ ᠵᠠᠰᠠᠮᠠᠯ ᠵᠠᠮ᠂ ᠱᠠᠩᠳᠤ — ᠡᠤ ᠲᠠᠢ ᠾᠧ ᠬᠤᠶᠠᠳᠤᠭᠠᠷ ᠳᠡᠰ ᠤᠨ ᠵᠠᠰᠠᠮᠠᠯ ᠵᠠᠮ ᠢ ᠥᠭᠡᠷᠡᠴᠢᠯᠡᠬᠦ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠬᠤᠳᠠᠯᠳᠤᠭᠠᠨ ᠤ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠷᠢᠯᠭ᠎ᠠ ᠡᠬᠢᠯᠡᠬᠦ ᠶᠢ ᠠᠬᠢᠭᠤᠯᠵᠤ᠂ ᠱᠠᠩᠳᠤ ᠠᠴᠠ ᠱᠠᠩ ᠢ ᠬᠦᠷᠬᠦ ᠲᠦᠷᠭᠡᠨ ᠳᠠᠪᠬᠢᠬᠤ ᠵᠠᠰᠠᠮᠠᠯ ᠵᠠᠮ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠳᠤᠷ ᠬᠢᠨ᠎ᠡ᠃ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠵᠤ ᠰᠡᠭᠦᠯ ᠬᠤᠷᠢᠶᠠᠬᠤ ᠠᠵᠢᠯ ᠪᠠ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢ 6 ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠬᠤ ᠪᠠᠷ ᠴᠢᠷᠮᠠᠶᠢᠵᠤ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃    ︵ᠲᠠᠪᠤ︶ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠦᠨ᠎ᠡ᠃ ᠰᠠᠶᠢᠨ ᠰᠠᠶᠢᠬᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠣᠯ ᠳᠠᠷᠤᠢ ᠦᠷᠢᠰᠦᠯᠳᠦᠬᠦ ᠬᠦᠴᠦᠨ ᠮᠥᠨ᠃ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾ ᠢ ᠬᠡᠷᠡᠭᠵᠢᠭᠦᠯᠬᠦ ᠪᠠᠷ ᠲᠣᠬᠢᠶᠠᠯ ᠪᠣᠯᠭᠠᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠡᠯᠡ ᠣᠷᠣᠭᠤᠯᠤᠨ ᠦᠢᠯᠡᠰ ᠪᠤᠰᠬᠠᠬᠤ ᠳᠤ ︽ᠲᠦᠭᠵᠢᠷᠡᠯ︾ ᠢ ᠨᠡᠪᠲᠡᠷᠡᠭᠦᠯᠵᠦ᠂ ︽ᠬᠦᠴᠢᠷ ᠠᠰᠠᠭᠤᠳᠠᠯ︾ ᠢ ᠰᠢᠢᠳᠪᠦᠷᠢᠯᠡᠵᠦ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ᠂ ᠠᠷᠠᠳ ᠤᠨ ᠠᠮᠢᠳᠤᠷᠠᠯ ᠤᠨ ᠶᠠᠪᠤᠳᠠᠯ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠭᠤᠤᠯᠳᠠᠯᠭ᠎ᠠ ᠲᠠᠢ ᠵᠦᠢᠯᠡᠰ ᠲᠤ ᠠᠩᠬᠠᠷᠤᠯ ᠢᠶᠠᠨ ᠲᠦᠪᠯᠡᠷᠡᠭᠦᠯᠵᠦ᠂ ︽ᠭᠤᠭᠴᠤᠭ᠎ᠠ ᠶᠢ ᠬᠠᠰᠤᠬᠤ᠂ ᠮᠠᠲ᠋ᠧᠷᠢᠶᠠᠯ ᠢ ᠬᠠᠰᠤᠬᠤ᠂ ᠴᠠᠭ ᠤᠨ ᠬᠢᠵᠠᠭᠠᠷ ᠢ ᠬᠠᠰᠤᠬᠤ᠂ ᠵᠠᠷᠤᠳᠠᠯ ᠢ ᠬᠠᠰᠤᠬᠤ︾ ᠱᠠᠭᠠᠷᠳᠠᠯᠭ᠎ᠠ ᠶᠣᠰᠣᠭᠠᠷ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠠᠭ ᠬᠢᠵᠠᠭᠠᠷᠯᠠᠨ ᠭᠦᠢᠴᠡᠳᠭᠡᠨ ᠳᠠᠭᠤᠰᠬᠠᠬᠤ᠂ ᠳᠤᠲᠠᠭᠳᠠᠵᠤ ᠪᠠᠶ᠋ᠭ᠎ᠠ ᠵᠦᠢᠯ ᠢ ᠬᠦᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡ ᠶᠢ ᠥᠷᠨᠢᠭᠦᠯᠵᠦ᠂ ᠠᠵᠤ ᠠᠬᠤᠶᠢᠯᠠᠯ ᠡᠷᠬᠢᠯᠡᠬᠦ ᠴᠠᠭ ᠢ 3 ᠠᠵᠢᠯᠯᠠᠬᠤ ᠡᠳᠦᠷ ᠤᠨ ᠳᠣᠲᠣᠷ᠎ᠠ ᠪᠠᠭᠠᠰᠬᠠᠵᠦ᠂ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠴᠠᠭ ᠢ 5 ᠠᠵᠢᠯᠯᠠᠬᠤ ᠡᠳᠦᠷ ᠤᠨ ᠳᠣᠲᠣᠷ᠎ᠠ ᠪᠣᠭᠤᠨᠢᠰᠬᠠᠨ᠎ᠠ᠃ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠤᠯᠪᠣᠭᠠᠯᠠᠨ ᠨᠡᠪᠲᠡᠷᠡᠭᠦᠯᠵᠦ ᠬᠠᠮᠲᠤ ᠪᠠᠷ ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ᠵᠢᠯ ᠤᠨ ᠳᠣᠲᠣᠷ᠎ᠠ ᠵᠠᠰᠠᠭ ᠤᠨ ᠶᠠᠪᠤᠳᠠᠯ ᠤᠨ ᠶᠡᠭᠡ ᠲᠢᠩᠬᠢᠮ ᠪᠠ ᠰᠢᠶᠠᠩ ᠪᠠᠯᠭᠠᠰᠤ ᠶᠢᠨ ᠠᠷᠠᠳ ᠲᠤ ᠲᠥᠬᠦᠮ ᠦᠵᠡᠭᠦᠯᠬᠦ ᠲᠥᠪ ᠤᠨ ᠡᠯ᠎ᠡ ᠦᠢᠯᠡᠴᠢᠯᠡᠭᠡᠨ ᠤ ᠴᠣᠩᠬᠤᠪᠴᠢ ᠶᠢᠨ ᠡᠯᠧᠺᠲᠷᠦᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠪᠠ ᠢᠨᠲ᠋ᠤᠷ ᠰᠦᠯᠵᠢᠶ᠎ᠡ ᠶᠢ ᠴᠢᠯᠥᠭᠡᠲᠡᠶ ᠰᠣᠯᠢᠬᠤ ᠶᠢ ᠪᠡᠶᠡᠯᠡᠭᠦᠯᠦᠨ᠎ᠡ᠃ ᠰᠢᠶᠠᠩ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠪᠠ ᠲᠣᠰᠬᠤᠨ ︵ᠨᠡᠶᠢᠭᠡᠮ ᠲᠣᠭᠤᠷᠢᠭ︶ ᠤ ᠲᠡᠰ ᠤᠨ ᠠᠷᠠᠳ ᠲᠤ ᠳᠥᠭᠦᠮ ᠦᠵᠡᠭᠦᠯᠬᠦ ᠣᠷᠣᠯᠠᠨ ᠭᠦᠢᠴᠡᠳᠬᠡᠬᠦ ᠴᠡᠭ ᠤᠨ ᠴᠢᠳᠠᠮᠵᠢ ᠶᠢ ᠲᠡᠭᠦᠯᠳᠡᠷᠵᠢᠭᠦᠯᠵᠦ᠂ ᠦᠷ᠎ᠡ ᠬᠠᠪᠢ ᠳᠤᠨᠢ ᠬᠢᠵᠦ ᠴᠢᠳᠠᠬᠤ᠂ ᠤᠯᠠᠨ ᠴᠡᠭ ᠲᠤ ᠬᠢᠵᠦ ᠪᠣᠯᠬᠤ᠂ ᠳᠤᠲᠠᠭᠤ ᠭᠦᠶᠦᠵᠦ ᠲᠦᠷᠭᠡᠨ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠶ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠤᠨ ᠵᠢᠵᠢᠭ ᠪᠢᠴᠢᠯ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠲᠠᠢ ᠣᠨᠣᠪᠴᠢᠲᠠᠢ ᠵᠣᠯᠭᠠᠭᠤᠯᠵᠤ᠂ ᠬᠠᠷᠠᠯᠲᠠ ᠲᠠᠢ ᠪᠠᠷ ᠠᠵᠤ ᠠᠬᠤᠶᠢᠯᠠᠯ ᠢ ᠬᠠᠪᠰᠤᠷᠤᠨ ᠪᠡᠯᠡ ᠲᠤᠬᠢᠷᠠᠭᠤᠯᠬᠤ᠂ ᠭᠠᠵᠠᠷ ᠬᠡᠷᠡᠭᠯᠡᠬᠦ᠂ ᠴᠢᠳᠠᠪᠤᠷᠢᠲᠠᠨ᠂ ᠮᠡᠷᠭᠡᠵᠢᠯ᠂ ᠠᠵᠢᠯᠴᠢᠨ ᠡᠯᠰᠡᠬᠦ ᠵᠡᠷᠭᠡ ᠲᠠᠯ᠎ᠠ ᠶᠢᠨ ᠠᠰᠠᠭᠤᠳᠠᠯ ᠢ ᠰᠠᠶᠢᠳᠤᠷ ᠰᠢᠢᠳᠪᠦᠷᠢᠯᠡᠬᠦ ᠬᠡᠷᠡᠭᠲᠡᠢ᠃ ᠠᠵᠤ ᠠᠬᠤᠶᠢᠯᠠᠯ ᠪᠣᠯᠤᠨ ᠣᠯᠠᠨ ᠲᠦᠮᠡᠨ ︽ᠨᠢᠭᠡ ᠤᠴᠢᠷ ᠢ ᠰᠠᠶᠢᠲᠤᠷ ᠬᠢᠬᠦ︾ ᠪᠠᠷ ᠪᠠᠷᠢᠮᠵᠢᠶ᠎ᠠ ᠪᠣᠯᠭᠠᠵᠤ᠂ ᠠᠵᠢᠯ ᠶᠠᠪᠤᠳᠠᠯ ᠭᠦᠢᠴᠡᠳᠭᠡᠬᠦ  ᠦᠢᠯᠡᠴᠢᠯᠡᠭᠡᠨ ᠤ ᠮᠡᠳᠡᠭᠡ ᠵᠠᠩᠭᠢ ᠶᠢ ᠬᠤᠷᠠᠮᠳᠤᠭᠤᠯᠤᠨ᠂ ᠰᠢᠯᠢᠳᠡᠭᠵᠢᠭᠦᠯᠦᠨ᠂ ᠳᠥᠭᠦᠮᠴᠢᠯᠡᠵᠦ᠂ ᠠᠵᠢᠯ ᠶᠠᠪᠤᠳᠠᠯ ᠭᠦᠢᠴᠡᠳᠬᠡᠭᠦ‍ ᠨᠢᠭᠡ ᠳᠡᠪᠲᠡᠷ ᠢ ᠬᠤᠷᠢᠶᠠᠩᠭᠤᠶᠢᠯᠠᠨ ᠨᠠᠶᠢᠷᠠᠭᠤᠯᠵᠤ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠲᠦᠬᠦᠮ ᠦᠵᠡᠭᠦᠯᠦᠨ᠎ᠡ᠃    ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠬᠢᠨ᠎ᠡ᠃ ᠪᠣᠬᠢᠷᠲᠤᠯ ᠦᠭᠡᠢ᠂ ᠡᠬᠢ ᠪᠠᠶᠠᠯᠢᠭ᠂ ᠣᠷᠣᠨ ᠪᠠᠶᠢᠷᠢ ᠶᠢᠨ ︽ᠭᠤᠷᠪᠠᠨ ᠫᠠᠶᠢᠰᠠ︾ ᠶᠢ ᠭᠦᠢᠴᠡᠳ ᠰᠠᠶᠢᠨ ᠬᠢᠵᠦ᠂ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ︾ ᠶᠢ ︽ᠬᠤᠳᠠᠯᠳᠤᠭᠠᠴᠢᠨ ᠤᠷᠢᠵᠤ ᠪᠡᠯᠡ ᠮᠥᠩᠭᠦ ᠰᠣᠩᠭᠤᠬᠤ︾ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠨᠡᠭᠡᠭᠡᠯᠲᠡ ᠬᠢᠵᠦ ᠬᠥᠭᠵᠢᠭᠦᠯᠬᠦ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠬᠢ ᠪᠠᠶᠠᠯᠢᠭ ᠤᠨ ᠳᠠᠪᠠᠭᠤᠯᠢᠭ᠂ ᠴᠠᠬᠢᠯᠭᠠᠨ ᠤ ᠦᠨ᠎ᠡ ᠳᠣᠣᠷ᠎ᠠ ᠥᠪᠡᠷ ᠤᠨ ᠦᠷᠳᠡᠭ ᠤᠨ ᠳᠠᠪᠠᠭᠤᠯᠢᠭ ᠢ ᠮᠡᠷᠭᠡᠵᠢᠯ ᠤᠨ ᠳᠠᠪᠠᠭᠤᠯᠢᠭ᠂ ᠦᠢᠯᠡᠳᠬᠦᠨ ᠤ ᠦᠷᠢᠰᠦᠯᠳᠦᠬᠦ ᠬᠦᠴᠦᠨ ᠤ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ ᠨᠢᠭᠡ ᠳᠤ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠳᠠᠯᠳᠤᠭᠠᠴᠢᠨ ᠤᠷᠢᠬᠤ ᠬᠡᠷᠡᠭᠲᠡᠶ᠃ ᠬᠤᠳᠠᠯᠳᠤᠭᠠᠴᠢᠨ ᠤᠷᠢᠬᠤ ᠰᠠᠯᠪᠤᠷᠢ ᠪᠠᠭ᠎ᠠ ᠠᠩᠭᠢ ᠶᠢᠨ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠭᠠᠳᠠᠭᠰᠢ ᠭᠠᠷᠬᠤ︾ ᠪᠠ ︽ᠤᠷᠢᠵᠤ ᠠᠪᠴᠢᠷᠠᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠬᠤ ᠪᠠ ᠪᠡᠭᠡᠵᠢᠩ ᠲᠢᠶᠠᠨᠵᠢᠨ ᠾᠧᠪᠧᠢ ᠶᠢᠨ ᠠᠵᠤ  ᠦᠢᠯᠡᠰ ᠤᠨ ᠰᠢᠯᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠦᠷᠭᠦᠯᠵᠢᠯᠡᠨ ᠠᠳᠬᠤᠵᠤ᠂ ᠤᠯᠠᠭᠠᠨᠴᠠᠪ ᠤᠨ ᠥᠪᠡᠷᠲᠡᠭᠡᠨ ᠵᠠᠰᠠᠬᠤ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠰᠢᠨ᠎ᠡ ᠥᠨᠳᠦᠷᠯᠢᠭ ᠭᠠᠵᠠᠷ ᠪᠠᠶᠢᠭᠤᠯᠬᠤ ᠪᠠᠶᠢᠯᠳᠤᠬᠤ ᠪᠣᠳᠣᠯᠭ᠎ᠠ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠠᠵᠤ ᠦᠢᠯᠡᠰ ᠤᠨ ᠰᠢᠯᠵᠢᠯᠲᠡ ᠶᠢ ᠵᠣᠯᠭᠠᠭᠤᠯᠬᠤ ᠶᠢ ᠴᠢᠩᠭᠠᠳᠬᠠᠵᠤ᠂ ᠨᠠᠩ ᠣᠯᠠᠨ ᠰᠢᠯᠢᠳᠡᠭ ᠠᠵᠤ ᠠᠬᠤᠶᠢᠯᠠᠯ ᠢ ᠲᠡᠳᠡᠨ ᠠᠪᠴᠢᠷᠠᠵᠤ ᠪᠡᠯᠡ ᠣᠷᠣᠭᠤᠯᠤᠨ᠎ᠠ᠃ ᠬᠤᠶᠠᠷ ᠲᠤ ᠠᠵᠤ ᠦᠢᠯᠡᠰ ᠢᠶᠠᠷ ᠬᠤᠳᠠᠯᠳᠤᠭᠠᠴᠢᠨ ᠤᠷᠢᠬᠤ ᠶᠢ ᠴᠢᠩᠭᠠᠳᠬᠠᠬᠤ ᠬᠡᠷᠡᠭᠲᠡᠶ᠃ ︽ᠵᠢᠷᠭᠤᠭᠠᠨ ᠨᠢᠭᠡ︾ ᠶᠢᠨ ᠪᠣᠬᠢᠷᠲᠤᠯ ᠦᠭᠡᠢ ᠲᠠᠷᠢᠶᠠᠯᠠᠩ ᠤᠨ ᠨᠡᠷᠡᠲᠦ ᠲᠡᠮᠳᠡᠭᠲᠦ ᠠᠵᠤ ᠦᠢᠯᠡᠰ ᠪᠠ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ ᠤᠨ ︽ᠭᠤᠷᠪᠠᠨ ᠶᠡᠭᠡ ᠠᠵᠤ ᠦᠢᠯᠡᠰ︾ ᠵᠢᠴᠢ ︽ᠭᠤᠷᠪᠠᠨ ᠶᠡᠭᠡ ᠰᠠᠭᠤᠷᠢᠨ ᠭᠠᠵᠠᠷ︾ ᠤᠨ ᠲᠣᠭᠤᠷᠢᠨ ᠳᠤ᠂ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠪᠦᠬᠦ ᠲᠠᠯ᠎ᠠ ᠪᠠᠷ ᠣᠯᠠᠨ ᠲᠠᠯ᠎ᠠ ᠠᠴᠠ ᠥᠷᠨᠢᠭᠦᠯᠵᠦ᠂ ᠨᠢᠭᠡ ᠪᠦᠯᠦᠭ ᠠᠵᠢᠯ ᠲᠥᠷᠥᠯ ᠤᠨ ᠬᠥᠭᠵᠢᠯᠲᠡ ᠶᠢ ᠳᠠᠶᠢᠴᠢᠯᠠᠬᠤ᠂ ᠠᠵᠤ ᠦᠢᠯᠡᠰ ᠤᠨ ᠳᠡᠰ ᠳᠡᠪᠰᠢᠬᠦ ᠶᠢ ᠬᠥᠲᠥᠯᠥᠨ ᠳᠠᠭᠠᠭᠤᠯᠬᠤ᠂ ᠬᠦᠭᠵᠢᠯᠳᠡ ᠶᠢᠨ ᠳᠤᠲᠠᠭᠤᠳᠠᠯ ᠢ ᠨᠥᠬᠦᠪᠥᠷᠢᠯᠡᠬᠦ ᠰᠢᠯᠢᠳᠡᠭ ᠲᠥᠷᠥᠯ ᠵᠦᠢᠯ ᠢ ᠣᠷᠣᠭᠤᠯᠤᠨ ᠠᠪᠴᠢᠷᠠᠨ᠎ᠠ᠃ ᠨᠢᠭᠡᠨᠲᠡ ᠭᠡᠷ᠎ᠡ ᠲᠣᠭᠲᠠᠭᠰᠠᠨ 18 ᠲᠥᠷᠥᠯ ᠵᠦᠢᠯ ᠳᠤ ᠪᠥᠬᠦ ᠶᠠᠪᠤᠴᠠ ᠪᠠᠷ ᠦᠢᠯᠡᠴᠢᠯᠡᠵᠦ᠂ ᠡᠷᠲᠡᠬᠡᠨ ᠪᠠᠷᠢᠯᠭ᠎ᠠ ᠡᠬᠢᠯᠡᠭᠦᠯᠵᠦ ᠪᠥᠲᠥᠭᠡᠨ ᠪᠠᠶᠢᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠶ︔ ᠶᠠᠷᠢᠯᠴᠠᠵᠤ ᠪᠠᠶᠢᠭ᠎ᠠ 21 ᠲᠥᠷᠥᠯ ᠵᠦᠢᠯ ᠢ ᠳᠠᠭᠠᠵᠤ᠂ ᠭᠡᠷ᠎ᠡ ᠲᠣᠭᠲᠠᠨ ᠪᠣᠳᠠᠲᠠᠶᠢᠵᠢᠭᠤᠯᠤᠨ ᠪᠥᠲᠥᠭᠡᠨ ᠪᠠᠶᠢᠭᠤᠯᠬᠤ ᠶᠢ ᠦᠨᠡᠨᠬᠦ ᠪᠠᠲᠤᠯᠠᠵᠤ᠂ ᠲᠥᠷᠥᠯ ᠵᠦᠢᠯ ᠤᠨ ᠭᠡᠷ᠎ᠡ ᠲᠣᠭᠲᠠᠬᠤ ᠨᠣᠷᠮ᠎ᠠ ᠪᠠ ᠭᠡᠷ᠎ᠡ ᠭᠦᠢᠴᠡᠳᠭᠡᠬᠦ ᠨᠣᠷᠮ᠎ᠠ ᠶᠢ ᠦᠨᠡᠨᠬᠦ ᠳᠡᠭᠡᠭᠰᠢᠯᠡᠭᠦᠯᠦᠨ᠎ᠡ᠃ ᠭᠤᠷᠪᠠ ᠳᠤ ᠲᠠᠪᠴᠠᠩ ᠲᠥᠪᠯᠡᠷᠡᠭᠰᠡᠨ ᠲᠥᠷᠥᠯ ᠵᠦᠢᠯ ᠢ ᠪᠠᠶᠢᠭᠤᠯᠬᠤ ᠬᠡᠷᠡᠭᠲᠡᠶ᠃ ᠴᠠᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠦᠷᠢᠶᠡᠯᠡᠩ ᠲᠣᠭᠤᠷᠢᠭ ᠤᠨ ᠬᠢᠵᠠᠭᠠᠷᠯᠠᠬᠤ ᠲᠦᠷᠢᠮ ᠳᠤ ᠲᠣᠬᠢᠷᠠᠭᠤᠯᠤᠯᠲᠠ ᠬᠢᠵᠦ᠂ ᠠᠵᠤ ᠦᠢᠯᠡᠰ ᠤᠨ ᠪᠠᠶᠢᠷᠢᠯᠠᠭᠤᠯᠤᠯᠳᠠ ᠶᠢ ᠰᠢᠯᠢᠳᠡᠭᠵᠢᠭᠦᠯᠦᠨ᠎ᠡ︔ ᠬᠦᠷᠢᠶᠡᠯᠡᠩ ᠲᠣᠭᠤᠷᠢᠭ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠪᠠ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠢᠯᠴᠢ ᠬᠠᠩᠭᠠᠬᠤ᠂ ᠴᠠᠬᠢᠯᠭᠠᠨ ᠬᠠᠩᠭᠠᠬᠤ᠂ ᠵᠠᠮ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠭ ᠨᠣᠪᠰᠢ ᠶᠢ ᠬᠤᠤᠷ ᠦᠭᠡᠶᠢᠳᠡᠭᠦᠯᠦᠨ ᠶᠡᠷᠦᠩᠬᠡᠶᠢᠯᠡᠨ ᠰᠢᠢᠳᠪᠦᠷᠢᠯᠡᠬᠦ — ᠣᠷᠴᠢᠨ ᠲᠣᠭᠤᠷᠢᠨ ᠤ ᠬᠠᠮᠠᠭᠠᠯᠠᠯᠳᠠ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃     ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠥᠨᠳᠥᠷ ᠲᠦᠪᠰᠢᠨ ᠢᠶᠠᠷ ᠰᠠᠶᠢᠲᠤᠷ ᠨᠠᠶᠢᠷᠠᠭᠤᠯᠤᠨ ᠵᠤᠬᠢᠶᠠᠨ᠎ᠠ᠃ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ  ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠠᠮᠢ ᠠᠬᠤᠶ ᠶᠢ ᠲᠡᠷᠢᠭᠦᠨ ᠳᠤ ᠲᠠᠯᠪᠢᠬᠤ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠦ᠂ ᠬᠤᠳᠠᠯᠳᠤᠭᠠᠨ ᠤ ᠬᠤᠲᠠ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠬᠥᠭᠵᠢᠭᠦᠯᠬᠦ ᠬᠠᠷᠠᠯᠲᠠ᠂ ᠠᠵᠢᠯ ᠤᠨ ᠰᠡᠳᠬᠢᠴᠡ᠂ ᠭᠤᠣᠯᠳᠠᠯᠭ᠎ᠠ ᠲᠠᠢ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠳᠤᠷᠠᠳᠴᠤ᠂ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠪᠠ ᠵᠣᠯᠭᠠᠭᠤᠯᠵᠤ᠂ ᠲᠥᠯᠥᠪᠵᠢᠭᠦᠯᠭᠡ ᠶᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠲᠠᠢ ᠨᠡᠶᠢᠴᠡᠭᠦᠯᠬᠦ ᠶᠢ ᠪᠠᠲᠤᠯᠠᠵᠤ᠂ ᠠᠷᠠᠳ ᠲᠦᠮᠡᠨ ᠤ ᠬᠦᠰᠡᠯ ᠰᠠᠨᠠᠭ᠎ᠠ ᠶᠢ ᠢᠯᠡᠷᠡᠭᠦᠯᠦᠨ᠎ᠡ᠃    ︵ᠵᠢᠷᠭᠤᠭ᠎ᠠ︶ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠣᠯᠠᠨ ᠲᠦᠮᠡᠨ ᠤ  ᠵᠤᠯ ᠵᠢᠷᠭᠠᠯ ᠤᠨ ᠵᠢᠭᠠᠯᠲᠠ ᠲᠤᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ    ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠢᠳᠡᠪᠬᠢᠲᠡᠶ ᠰᠠᠶᠢᠲᠤᠷ ᠬᠢᠨ᠎ᠠ᠃ ᠣᠯᠠᠨ ᠨᠡᠶᠢᠲᠡ ᠶᠢᠨ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠢ ᠳᠡᠮᠵᠢᠬᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠦᠷᠭᠡᠳᠬᠡᠬᠦ ︽ᠭᠤᠷᠪᠠ ᠶᠢ ᠵᠡᠷᠭᠡ ᠪᠠᠷ ᠬᠠᠮᠢᠶᠠᠷᠬᠤ︾ ᠶᠢ ᠪᠠᠷᠢᠮᠲᠠᠯᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ 5 ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠦᠷᠢᠵᠢᠭᠤᠯᠬᠤ᠂ ᠬᠢᠵᠢᠭ ᠤᠨ ᠪᠠᠶᠢᠳᠠᠯ ᠤᠨ ᠠᠵᠢᠯ ᠣᠯᠭᠤᠯᠲᠠ ᠳᠤ ᠦᠵᠡᠭᠦᠯᠬᠦ ᠨᠥᠯᠥᠭᠡ ᠶᠢ ᠴᠢᠷᠮᠠᠶᠢᠨ ᠪᠠᠭᠤᠷᠠᠭᠤᠯᠵᠤ᠂ ᠬᠦᠳᠡᠯᠮᠦᠷᠢᠴᠢᠳ‌‍ᠤᠨ ᠣᠯᠠᠨ ᠠᠷᠭ᠎ᠠ ᠵᠠᠮ ᠢᠶᠠᠷ ᠠᠵᠢᠯ ᠣᠯᠵᠤ ᠦᠢᠯᠡᠰ ᠪᠣᠰᠬᠠᠬᠤ ᠶᠢ ᠵᠣᠷᠢᠭᠵᠢᠭᠤᠯᠵᠤ᠂ ᠪᠡᠭᠡᠵᠢᠩ ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠬᠠᠮᠵᠢᠯᠴᠠᠭ᠎ᠠ ᠶᠢ ᠭᠦᠨᠵᠡᠭᠡᠶ ᠠᠬᠢᠭᠤᠯᠵᠤ᠂ ᠠᠵᠢᠯ ᠤᠨ ᠪᠠᠶᠢᠷᠢ ᠶᠢᠨ ᠵᠠᠯᠭᠠᠯᠲᠠ ᠪᠠ ᠪᠣᠯᠪᠠᠰᠤᠷᠠᠯ ᠤᠨ ᠬᠡᠷᠡᠭᠴᠡᠭᠡ ᠶᠢ ᠵᠣᠯᠭᠠᠭᠤᠯᠬᠤ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠳᠡᠭᠡ ᠲᠣᠰᠬᠤᠨ ᠤ ᠬᠥᠳᠡᠯᠮᠦᠷᠢ ᠬᠦᠴᠦ᠂ ᠬᠥᠯᠥᠰᠥᠨ ᠠᠵᠢᠯᠴᠢᠨ  ᠤ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ᠂ ᠴᠡᠷᠢᠭ ᠤᠨ ᠠᠯᠪᠠᠨ ᠠᠴᠠ ᠪᠠᠭᠤᠭᠰᠠᠳ᠂ ᠠᠵᠢᠯ ᠣᠯᠬᠤ ᠳᠤ ᠬᠦᠴᠢᠷᠲᠡᠶ ᠬᠥᠮᠦᠰ ᠢ ᠬᠠᠪᠰᠤᠷᠤᠨ ᠲᠡᠳᠬᠦᠬᠦ ᠵᠡᠷᠭᠡ ᠠᠵᠢᠯ ᠢ ᠰᠠᠶᠢᠲᠤᠷ ᠬᠢᠵᠦ᠂ ᠵᠢᠯ ᠤᠨ ᠳᠣᠲᠣᠷ᠎ᠠ 1300 ᠬᠥᠮᠦᠨ ᠳᠤ ᠰᠢᠨ᠎ᠡ ᠪᠠᠷ ᠠᠵᠢᠯ ᠣᠯᠭᠤᠬᠤ ᠶᠢ ᠦᠨᠡᠨᠬᠦ ᠪᠠᠲᠤᠯᠠᠵᠤ᠂ ᠬᠤᠲᠠ ᠪᠠᠯᠭᠠᠰᠤᠨ ᠤ ᠠᠵᠢᠯ ᠠᠯᠳᠠᠯᠲᠠ ᠶᠢᠨ ᠳᠠᠩᠰᠠᠯᠠᠯ ᠤᠨ ᠨᠣᠷᠮ᠎ᠠ ᠶᠢᠨ 4.1% ᠶᠢᠨ ᠳᠣᠲᠣᠷ᠎ᠠ ᠬᠢᠵᠠᠭᠠᠷᠯᠠᠨ᠎ᠠ᠃ ᠨᠡᠶᠢᠭᠡᠮ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ᠂ ᠡᠳᠦᠷ ᠲᠤᠲᠤᠮ ᠬᠠᠷᠠᠭᠠᠯᠵᠠᠬᠤ ᠪᠠ ᠬᠤᠲᠠ ᠪᠠᠯᠭᠠᠰᠤ ᠶᠢᠨ ᠭᠡᠷ ᠪᠦᠯᠢ᠂ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠪᠣᠯᠤᠨ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠢ ᠤᠶᠠᠯᠳᠤᠭᠤᠯᠤᠭᠰᠠᠨ ᠨᠠᠰᠤᠵᠢᠯ ᠤᠨ ᠦᠢᠯᠡᠴᠢᠡᠯᠭᠡᠪᠨ ᠢ ᠠᠬᠢᠭᠤᠯᠵᠤ᠂ ᠨᠠᠰᠤᠲᠠᠨ ᠠᠰᠠᠷᠠᠬᠤ ᠬᠦᠷᠢᠶᠡᠯᠡᠩ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠲᠥᠷᠥᠯ ᠵᠦᠢᠯ ᠢ ᠢᠳᠡᠪᠬᠢᠯᠡᠨ ᠣᠯᠵᠤ᠂ ᠬᠡᠤᠬᠡᠳ ᠤᠨ ᠠᠰᠠᠷᠠᠮᠵᠢ ᠶᠢᠨ ᠬᠦᠷᠢᠶᠡᠯᠡᠩ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠲᠦᠷᠦᠯ ᠵᠦᠢᠯ ᠢ ᠪᠦᠬᠦ ᠲᠠᠯ᠎ᠠ ᠪᠠᠷ ᠡᠬᠢᠯᠡᠭᠦᠯᠬᠦ ᠬᠡᠷᠡᠭᠲᠡᠶ᠃ ᠣᠷᠣᠰᠢᠭᠤᠯᠭ᠎ᠠ ᠶᠢᠨ ᠦᠢᠯᠡᠰ ᠤᠨ ᠬᠥᠭᠵᠢᠯᠲᠡ ᠶᠢ ᠢᠳᠡᠪᠬᠢᠲᠡᠢ ᠠᠬᠢᠭᠤᠯᠵᠤ᠂ ᠣᠷᠣᠰᠢᠭᠤᠯᠭ᠎ᠠ ᠶᠢᠨ ᠭᠠᠵᠠᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠤᠯᠠᠨ ᠲᠦᠮᠡᠨ ᠢ ᠬᠥᠮᠦᠵᠢᠭᠦᠯᠵᠦ ᠬᠥᠲᠥᠯᠥᠨ ᠵᠢᠯᠣᠭᠤᠳᠴᠤ ᠪᠠᠶᠢᠭᠠᠳ ᠬᠠᠭᠤᠴᠢᠨ ᠶᠣᠰᠣ ᠪᠦᠳᠦᠭᠦᠯᠢᠭ ᠵᠠᠩᠰᠢᠯ ᠢ ᠨᠢ ᠠᠷᠢᠯᠭᠠᠵᠤ᠂ ᠪᠣᠬᠢᠷᠲᠤᠯ ᠦᠭᠡᠢ ᠲᠠᠬᠢᠯᠭ᠎ᠠ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠲᠠᠬᠢᠯᠭ᠎ᠠ ᠶᠢ  ᠰᠠᠨᠠᠭᠠᠴᠢᠯᠠᠨ᠎ᠠ᠃    ᠰᠤᠷᠭᠠᠨ ᠬᠥᠮᠦᠵᠢᠯ ᠡᠮ ᠡᠮᠨᠡᠯᠭᠡ ᠶᠢᠨ ᠦᠢᠯᠡᠰ ᠢ ᠨᠢᠭᠡᠳᠦᠯᠲᠡᠶ ᠲᠥᠯᠥᠪᠯᠡᠨ ᠬᠥᠭᠵᠢᠭᠦᠯᠦᠨ᠎ᠡ᠃ ᠰᠤᠷᠭᠠᠨ ᠬᠥᠮᠦᠵᠢᠯ ᠤᠨ ᠬᠥᠭᠵᠢᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠪᠠᠶᠢᠭᠤᠯᠤᠯᠲᠠ ᠶᠢ ᠲᠦᠷᠭᠡᠳᠬᠡᠵᠦ᠂ ᠨᠠᠢᠮᠠᠳᠤᠭᠠᠷ ᠬᠤᠬᠡᠳ ᠤᠨ ᠴᠡᠴᠡᠷᠯᠢᠭ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ  ᠪᠠᠳᠤᠯᠠᠬᠤ ᠬᠡᠷᠡᠭᠲᠡᠶ᠃ ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠠᠮᠤᠷ ᠲᠦᠪᠰᠢᠨ ᠪᠠᠭ᠎ᠠ ᠰᠤᠷᠭᠠᠭᠤᠯᠢ ᠶᠢᠨ ᠬᠥᠳᠡᠯᠭᠡᠭᠡᠨ ᠤ ᠲᠠᠰᠤᠭ ᠵᠢᠴᠢ ᠤᠰᠤ ᠪᠠᠷ ᠤᠬᠢᠶᠠᠬᠤ ᠵᠣᠷᠯᠣᠩ᠂ ᠲᠤᠷᠰᠢᠯᠲᠠ ᠶᠢᠨ ᠪᠠᠭ᠎ᠠ ᠰᠤᠷᠭᠠᠭᠤᠯᠢ ᠪᠠ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠤᠰᠤ ᠪᠠᠷ ᠤᠬᠢᠶᠠᠬᠤ ᠵᠣᠷᠯᠣᠩ ᠵᠡᠷᠭᠡ ᠲᠥᠷᠥᠯ ᠵᠦᠢᠯ ᠢ ᠬᠡᠷᠡᠭᠵᠢᠭᠦᠯᠦᠨ᠎ᠡ ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠰᠢᠨ᠎ᠡ ᠳᠡᠭᠡᠭᠰᠢᠯᠡᠯᠲᠡ ᠶᠢ ᠠᠬᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠰᠢᠶᠠᠨ ᠠᠴᠠ ᠬᠠᠮᠢᠶᠠᠷᠬᠤ ᠰᠤᠷᠭᠠᠭᠤᠯᠢ ᠶᠢᠨ ᠤᠷᠢᠯᠭ᠎ᠠ ᠶᠢᠨ ᠬᠠᠮᠢᠶᠠᠷᠤᠯᠳᠠ ᠶᠢᠨ ᠥᠭᠡᠷᠡᠴᠢᠯᠡᠯᠲᠡ ᠶᠢ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠴᠢᠩᠭᠠᠳᠬᠠᠵᠤ᠂ ᠠᠵᠤ ᠦᠢᠯᠡᠰ ᠪᠠ ᠰᠤᠷᠭᠠᠨ ᠬᠥᠮᠦᠵᠢᠯ ᠤᠨ ᠤᠶᠠᠯᠳᠤᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠤᠨ᠎ᠠ᠃ ᠤᠯᠤᠰ ᠤᠨ ᠲᠡᠰ ᠤᠨ᠂ ᠥᠪᠡᠷᠲᠡᠭᠡᠨ ᠵᠠᠰᠠᠬᠤ ᠣᠷᠣᠨ ᠤ ᠲᠡᠰ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠠᠳᠬᠤᠨ᠎ᠠ᠃ ᠡᠷᠡᠭᠦᠯ ᠮᠡᠨᠳᠦ ᠶᠢᠨ ᠬᠤᠳᠠᠯᠳᠤᠭᠠᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠱᠠᠲᠤ ᠬᠤᠪᠢᠶᠠᠨ ᠣᠨᠣᠰᠢᠯᠠᠨ ᠡᠮᠨᠡᠬᠦ᠂ ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠰᠦᠢᠳᠭᠡᠯ ᠬᠢᠵᠠᠭᠠᠷᠯᠠᠬᠤ ᠠᠵᠢᠯ ᠢ ᠰᠠᠶᠢᠲᠤᠷ ᠬᠢᠨ᠎ᠠ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠯᠳᠠᠪᠦᠷᠢᠳᠦ ᠡᠪᠡᠳᠴᠢᠨ ᠤ ᠡᠮᠨᠡᠯᠭᠡ ᠶᠢᠨ ᠬᠤᠷᠢᠶ᠎ᠠ ᠵᠡᠷᠭᠡ  ᠵᠦᠢᠯᠡᠰ ᠢ ᠤᠯᠬᠤ ᠪᠠᠷ ᠢᠳᠡᠪᠬᠢᠲᠡᠶ ᠴᠢᠷᠮᠠᠶᠢᠨ᠎ᠠ︔ ᠬᠤᠯᠤᠭᠠᠨ᠎ᠠ ᠶᠢᠨ ᠬᠤᠭᠤᠷᠣᠨᠳᠣᠬᠢ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠂ ᠬᠤᠯᠤᠭᠠᠨ᠎ᠠ ᠨᠣᠬᠠᠶ ᠶᠢᠨ ᠪᠥᠭᠡᠰᠦ ᠶᠢ ᠤᠰᠠᠳᠬᠠᠬᠤ ᠵᠡᠷᠭᠡ ᠠᠵᠢᠯ ᠢ ᠴᠢᠩᠭᠠᠳᠬᠠᠵᠤ᠂ ︽ᠭᠤᠷᠪᠠ ᠦᠭᠡᠶ ᠭᠤᠷᠪᠠ ᠮᠡᠳᠡᠭᠦᠯᠬᠦ︾ ᠤᠬᠠᠭᠤᠯᠭ᠎ᠠ ᠶᠢᠨ ᠡᠷᠴᠢᠮ ᠢ ᠨᠡᠮᠡᠭᠳᠡᠭᠦᠯᠵᠦ᠂ ᠦᠬᠦᠵᠤ ᠰᠠᠬᠢᠬᠤ ᠶᠢ ᠴᠢᠩᠭ᠎ᠠ ᠰᠡᠷᠭᠡᠶᠢᠯᠡᠵᠦ᠂ ᠬᠥᠮᠦᠨ ᠳᠤ ᠳᠠᠮᠵᠢᠭᠳᠠᠬᠤ ᠬᠤᠯᠤᠭᠠᠨ᠎ᠠ ᠬᠢᠵᠢᠭ ᠳᠡᠯᠭᠡᠷᠡᠬᠦ ᠶᠢ ᠡᠷᠡᠰ ᠰᠡᠷᠭᠡᠶᠢᠯᠡᠬᠦ ᠬᠡᠷᠡᠭᠲᠡᠶ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢ ᠭᠦᠨᠵᠡᠭᠡᠶ ᠠᠭᠤᠰᠤᠯᠴᠠᠭᠤᠯᠵᠦ᠂ ᠯᠦ ᠸᠠᠩ ᠨᠡᠶᠢᠭᠡᠮ ᠲᠣᠭᠤᠷᠢᠭ ᠤᠨ ᠣᠯᠠᠨ ᠴᠢᠳᠠᠮᠵᠢᠲᠤ ᠪᠡᠶ᠎ᠡ ᠴᠢᠭᠢᠷᠠᠭᠵᠢᠭᠤᠯᠬᠤ ᠣᠷᠳᠣᠨ ᠪᠠ ᠰᠢᠩᠭᠡᠯᠢᠭ ᠮᠠᠶ᠋ᠢᠭ ᠤᠨ ᠬᠥᠯ ᠪᠥᠮᠪᠦᠭᠡ ᠶᠢᠨ ᠲᠠᠯᠠᠪᠠᠢ ᠶᠢᠨ ᠲᠥᠷᠥᠯ ᠵᠦᠢᠯ ᠢ ᠬᠡᠷᠡᠭᠵᠢᠭᠦᠯᠵᠦ᠂ ᠬᠡᠯᠪᠡᠷᠢ ᠮᠠᠶ᠋ᠢᠭ ᠨᠢ ᠣᠯᠠᠨ ᠶᠠᠩᠵᠤ᠂ ᠠᠭᠤᠯᠠᠨ᠎ᠠ ᠨᠢ ᠪᠠᠶᠠᠯᠢᠭ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠡᠯᠪᠡᠭ ᠪᠠᠶᠠᠯᠢᠭ ᠠᠭᠤᠯᠭ᠎ᠠ ᠲᠠᠢ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠡᠷᠡᠭᠦᠯ ᠮᠡᠨᠳᠦ ᠶᠢᠨ ᠠᠵᠢᠯᠯᠠᠭ᠎ᠠ ᠬᠢᠵᠦ᠂ ᠪᠦᠬᠦ ᠰᠢᠶᠠᠨ ᠤ ᠠᠷᠠᠳ ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃    ᠰᠣᠶᠣᠯ ᠵᠡᠷᠭᠡ ᠠᠵᠢᠯ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠶᠢᠨ ᠬᠥᠮᠦᠵᠢᠯ ᠢ ᠭᠦᠨᠵᠡᠭᠡᠶ ᠲᠦᠯᠬᠢᠨ ᠠᠬᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠣᠤᠷᠵᠢᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ᠂ ᠰᠠᠨᠠᠭᠠᠴᠢᠯᠠᠭᠠᠲᠤ ᠡᠷᠬᠡ᠂ ᠦᠭᠡ ᠬᠡᠯᠡᠬᠦ ᠡᠷᠬᠡ ᠶᠢ ᠪᠠᠲᠤ ᠡᠵᠡᠮᠰᠢᠨ᠎ᠡ᠃ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠠᠭᠠᠨᠮᠥ᠋ᠴᠢᠷ ᠤᠨ ᠰᠠᠭᠤᠷᠢ ᠲᠥᠬᠦᠭᠡᠷᠦᠮᠵᠢ ᠶᠢᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠵᠢᠴᠢ ᠣᠯᠠᠨ ᠴᠢᠳᠠᠪᠬᠢᠲᠤ ᠲᠢᠩᠬᠢᠮ ᠤᠨ ᠳᠣᠯᠣᠭᠠᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠱᠠᠩᠳᠦ ᠶᠢᠨ ᠬᠤᠲᠠ ᠶᠢᠨ ᠬᠥᠭᠵᠢᠯᠲᠡ ᠪᠠ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠢ ᠲᠤᠰᠬᠠᠭᠰᠠᠨ ᠨᠢᠭᠡ ᠪᠦᠯᠦᠭ ᠤᠳᠬ᠎ᠠ ᠤᠷᠠᠯᠢᠭ ᠤᠨ ᠪᠦᠲᠦᠭᠡᠯ ᠢ ᠴᠢᠷᠮᠠᠶᠢᠨ ᠵᠣᠬᠢᠶᠠᠨ ᠪᠦᠲᠦᠭᠡᠵᠦ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠪᠠ ᠰᠢ ᠵᠦᠴᠦᠭᠡ ᠬᠦᠷᠭᠡᠵᠦ ᠬᠥᠳᠡᠭᠡ ᠪᠠᠭᠤᠵᠤ ᠲᠣᠭᠯᠠᠯᠲᠠ ᠭᠠᠷᠭᠠᠬᠤ ᠶᠢ 160 ᠤᠳᠠᠭ᠎ᠠ ᠠᠴᠠ ᠳᠤᠲᠠᠭᠤ ᠦᠭᠡᠢ ᠪᠠᠶᠢᠯᠭᠠᠨ᠎ᠠ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠶ ᠰᠠᠶᠢᠲᠤᠷ ᠬᠢᠨ᠎ᠡ᠃ ᠤᠯᠠᠭᠠᠨ ᠵᠠᠭᠠᠯᠮᠠᠢᠲᠠᠨ᠂ ᠨᠢᠭᠦᠯᠡᠰᠦᠩᠭᠦᠶ᠂ ᠵᠡᠮᠳᠡᠭᠴᠦᠳ᠂ ᠤᠨ ᠦᠢᠯᠡᠰ ᠢ ᠶᠡᠬᠡᠪᠡᠷ ᠬᠥᠭᠵᠢᠭᠦᠯᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠪᠣᠯᠤᠨ ᠡᠮᠡᠭᠲᠡᠶᠢᠴᠦᠳ ᠬᠡᠤᠬᠡᠳ ᠤᠨ ᠠᠵᠢᠯ ᠢ ᠴᠢᠬᠤᠯᠠᠴᠢᠯᠠᠵᠦ᠂ ᠤᠯᠤᠰ ᠤᠨ ᠪᠠᠲᠤᠯᠠᠨ ᠬᠠᠮᠠᠭᠠᠯᠠᠯᠲᠠ᠂ ᠬᠤᠶᠠᠷ ᠢ ᠬᠦᠷᠢᠶᠡᠯᠡᠬᠦ᠂ ᠭᠠᠳᠠᠭᠠᠳᠤ ᠶᠠᠪᠤᠳᠠᠯ ᠬᠠᠷᠢᠶᠠᠳᠦ ᠶᠢᠨ ᠶᠠᠪᠤᠳᠠᠯ᠂ ᠣᠷᠣᠨ ᠨᠤᠲᠤᠭ ᠤᠨ ᠣᠶᠢᠯᠠᠯᠭ᠎ᠠ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃    ᠭᠤᠷᠪᠠ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ    ᠲᠡᠮᠦᠷ ᠢ ᠳᠠᠪᠲᠠᠬᠤ ᠳᠤ ᠡᠷᠬᠡᠪᠰᠢ ᠥᠪᠡᠷ ᠢᠶᠠᠨ ᠬᠠᠲᠠᠭᠤ ᠪᠠᠶᠢᠬᠤ ᠬᠡᠷᠡᠭᠲᠡᠢ᠃ ᠰᠢᠨ᠎ᠡ ᠴᠠᠭ ᠦᠶ᠎ᠡ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠪᠦᠬᠦ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠨᠢ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠪᠠᠶᠢᠭᠤᠯᠤᠨ᠎ᠠ᠃    ᠨᠢᠭᠡ ᠳᠤ᠂ ᠰᠤᠷᠤᠯᠴᠠᠬᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠦ᠂ ︽ᠳᠥᠷᠪᠡᠨ ᠤᠬᠠᠮᠰᠠᠷ︾ ᠢᠶᠠᠨ ᠦᠨᠡᠨᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠮᠥᠩᠬᠡ ᠶᠢᠨ ᠰᠡᠳᠦᠪ ᠪᠣᠯᠭᠠᠬᠤ ᠶᠢ ᠪᠠᠷᠢᠮᠲᠠᠯᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠵᠤ ᠭᠦᠨᠵᠡᠭᠡᠶ ᠪᠥᠭᠡᠳ ᠪᠣᠳᠠᠲᠠᠶ ᠬᠢᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠦᠷᠢ ᠶᠢᠨ ᠵᠣᠷᠢᠭ ᠰᠠᠨᠠᠭ᠎ᠠ ᠶᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠦᠷᠢᠵᠢᠭᠤᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠲᠣᠭᠤᠷᠢᠭ ᠬᠤᠲᠠ ᠶᠢᠨ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠤᠷᠤᠯᠴᠠᠨ‌‍ᠲ᠋ᠤᠭᠤᠰᠢᠯᠠᠭᠤᠯᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠦᠪᠡᠭᠴᠢᠯᠡᠵᠦ᠂ ᠠᠵᠢᠯ ᠤᠨ ᠠᠷᠭ᠎ᠠ ᠬᠡᠮᠵᠢᠶ᠎ᠡ ᠶᠢ ᠪᠤᠳᠠᠳᠠᠶᠢᠵᠢᠭᠤᠯᠤᠨ᠂ ᠪᠦᠲᠦᠭᠡᠯᠴᠢ ᠴᠢᠨᠠᠷᠲᠠᠶ ᠪᠠᠷ ᠲᠤᠭᠤᠰᠢᠯᠠᠭᠤᠯᠵᠦ ᠨᠠᠢᠳᠠᠪᠤᠷᠢᠵᠢᠭᠤᠯᠬᠤ᠂ ᠵᠠᠰᠠᠭ ᠤᠨ ᠵᠠᠷᠯᠢᠭ ᠤᠨ ᠰᠠᠭᠠᠳ ᠦᠭᠡᠢ ᠨᠡᠪᠲᠡᠷᠡᠬᠦ᠂ ᠵᠠᠷᠯᠢᠭ ᠴᠠᠭᠠᠵᠠ ᠶᠢ ᠳᠠᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃    ᠬᠤᠶᠠᠷ ᠲᠤ ᠬᠠᠤᠯᠢ ᠪᠠᠷ ᠵᠠᠰᠠᠬᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ ᠬᠠᠤᠯᠢ ᠲᠣᠭᠲᠠᠭᠠᠯ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠡᠷᠬᠡ ᠪᠠᠨ ᠬᠡᠷᠡᠭᠵᠢᠭᠦᠯᠦᠨ᠂ ᠠᠵᠢᠯ ᠢᠶᠠᠨ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠤᠯᠤᠰ ᠲᠥᠷᠥ ᠶᠢᠨ ᠵᠥᠪᠯᠡᠯᠭᠡᠨ᠂ ᠨᠡᠶᠢᠭᠡᠮ ᠪᠣᠯᠤᠨ ᠶᠡᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠡᠯ᠎ᠡ ᠡᠲᠡᠭᠡᠳ ᠤᠨ ᠬᠥᠮᠦᠰ ᠤᠨ ᠰᠠᠨᠠᠯ ᠢ ᠬᠢᠨᠠᠮᠠᠭᠠᠶ ᠰᠤᠨᠤᠰᠤᠨ᠎ᠠ᠃ ᠵᠠᠰᠠᠭ ᠤᠨ ᠣᠷᠳᠣᠨ ᠤ ᠰᠢᠢᠳᠪᠦᠷᠢᠳᠦ ᠪᠤᠳᠤᠯᠭ᠎ᠠ ᠶᠢ ᠠᠷᠠᠳᠴᠢᠯᠠᠬᠤ᠂ ᠰᠢᠨᠵᠢᠯᠡᠬᠦ ᠤᠬᠠᠭᠠᠨᠴᠢᠯᠠᠬᠤ ᠪᠠ ᠬᠠᠤᠯᠢᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠠᠷᠢᠮᠵᠢᠶᠠᠵᠢᠭᠤᠯᠬᠤ ᠳᠦᠷᠢᠮᠵᠢᠭᠦᠯᠬᠦ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠰᠢᠢᠳᠪᠦᠷᠢᠳᠦ ᠪᠣᠳᠣᠯᠭ᠎ᠠ ᠶᠢ ᠢᠯᠡ ᠪᠣᠯᠭᠠᠬᠤ᠂ ᠬᠡᠷᠡᠭᠵᠢᠭᠦᠯᠬᠦ ᠶᠢ ᠢᠯᠡ ᠪᠤᠯᠭᠠᠬᠤ᠂ ᠬᠠᠮᠢᠶᠠᠷᠤᠯᠲᠠ ᠶᠢ ᠢᠯᠡ ᠪᠣᠯᠭᠠᠬᠤ᠂ ᠦᠢᠯᠡᠴᠢᠯᠡᠭᠡ ᠶᠢ ᠢᠯᠡ ᠪᠣᠯᠭᠠᠬᠤ᠂ ᠦᠷ᠎ᠡ ᠳ᠋ᠦᠩ ᠢ ᠢᠯᠡ ᠪᠤᠯᠭᠠᠬᠤ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠣᠯᠠᠨ ᠤ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠬᠠᠤᠯᠢ ᠶᠣᠰᠣᠭᠠᠷ ᠪᠠᠲᠤᠯᠠᠵᠤ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ᠂ ᠭᠦᠢᠴᠡᠳᠭᠡᠬᠦ ᠬᠦᠴᠦᠨ ᠢ ᠲᠠᠰᠤᠷᠠᠯᠳᠠ ᠦᠭᠡᠢ ᠴᠢᠩᠭᠠᠳᠬᠠᠨ᠎ᠠ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠠᠬᠢᠭᠤᠯᠵᠤ᠂ ᠬᠤᠲᠠ ᠬᠥᠳᠡᠭᠡ ᠶᠢ ᠬᠠᠮᠤᠷᠤᠭᠰᠠᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠪᠠᠶᠢᠭᠤᠯᠵᠤ᠂ ᠰᠢᠶᠠᠩ ᠪᠠᠯᠭᠠᠰᠤ ᠶᠢᠨ ᠨᠢᠭᠡ ᠰᠠᠯᠠᠭ᠎ᠠ ᠡᠩᠨᠡᠭᠡ ᠶᠢᠨ ᠬᠠᠤᠯᠢ ᠬᠡᠷᠡᠭᠵᠢᠭᠦᠯᠬᠦ ᠶᠢ ᠠᠯᠬᠤᠮ ᠠᠯᠬᠤᠮ ᠢᠶᠠᠷ ᠬᠠᠮᠢᠶᠠᠷᠬᠤ ᠬᠡᠷᠡᠭᠲᠡᠶ᠃ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠦᠴᠦᠨ ᠢᠶᠠᠨ ᠲᠡᠭᠦᠯᠳᠡᠷᠵᠢᠭᠦᠯᠬᠦ᠂ ᠡᠩᠨᠡᠭᠡᠨ ᠤ ᠪᠠᠶᠢᠭᠤᠯᠤᠯᠲᠠ᠂ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠵᠡᠷᠭᠡ ᠲᠠᠯ᠎ᠠ ᠠᠴᠠ ᠲᠣᠤᠷᠵᠢᠭᠤᠯᠤᠭᠰᠠᠨ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠵᠠᠰᠠᠯᠲᠠ ᠪᠠ ᠨᠡᠶᠢᠭᠡᠮ ᠤᠨ ᠲᠣᠬᠢᠷᠠᠭᠤᠯᠤᠯᠲᠠ᠂ ᠰᠠᠭᠤᠭᠠᠯᠢ ᠠᠷᠠᠳ ᠤᠨ ᠦᠪᠡᠷᠳᠡᠭᠡᠨ ᠵᠠᠰᠠᠬᠤ ᠰᠠᠶᠢᠨ  ᠦᠢᠯᠡᠳᠦᠯᠴᠡᠯ ᠢ ᠪᠡᠶᠡᠯᠡᠭᠦᠯᠦᠨ᠎ᠡ᠃    ᠭᠤᠷᠪᠠ ᠳᠤ᠂ ᠦᠷ᠎ᠡ ᠠᠰᠢᠭᠲᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ ᠦᠨᠡᠨ ᠪᠣᠳᠠᠲᠠᠶ ᠠᠵᠢᠯᠯᠠᠬᠤ ᠶᠢ ᠡᠷᠬᠢᠮᠯᠡᠵᠦ᠂ ᠬᠤᠭᠤᠰᠣᠨ ᠶᠠᠷᠢᠬᠤ ᠶᠢ ᠴᠢᠩᠭ᠎ᠠ ᠴᠡᠭᠡᠷᠯᠡᠵᠦ᠂ ︽ᠠᠭᠤᠯᠠ ᠳᠠᠭᠠᠷᠠᠪᠠᠯ ᠵᠠᠮ ᠨᠡᠭᠡᠭᠡᠵᠦ ᠂ ᠤᠰᠤ ᠳᠠᠭᠠᠷᠠᠪᠠᠯ ᠬᠥᠭᠦᠷᠭᠡ ᠲᠠᠯᠪᠢᠵᠤ᠂ ᠳᠠᠷᠤᠶ ᠲᠦᠷᠭᠡᠨ ᠭᠦᠢᠴᠡᠳᠭᠡᠬᠦ︾ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠨᠢ ᠵᠠᠰᠠᠭ ᠤᠨ ᠣᠷᠳᠣᠨ ᠤ ᠰᠢᠰᠲ᠋ᠧᠮ ᠳᠤ ᠦᠨᠡᠨ ᠦᠭᠡ ᠬᠡᠯᠡᠬᠦ᠂ ᠪᠣᠳᠠᠲᠤ ᠶᠠᠪᠤᠳᠠᠯ ᠬᠢᠬᠦ᠂ ᠪᠣᠳᠠᠲᠤ ᠦᠷ᠎ᠡ ᠪᠦᠲᠦᠮᠵᠢ ᠣᠯᠬᠤ ᠰᠠᠶᠢᠨ ᠰᠠᠶᠢᠬᠠᠨ ᠠᠵᠢᠯ ᠤᠨ ᠠᠭᠤᠷ ᠠᠮᠢᠰᠬᠤᠯ ᠢ ᠪᠣᠢ ᠪᠣᠯᠭᠠᠵᠤ᠂ ᠬᠤᠶᠢᠷᠭᠤ ᠵᠠᠰᠠᠭ ᠶᠠᠪᠤᠭᠤᠯᠬᠤ᠂ ᠬᠠᠷᠢᠯᠴᠠᠨ ᠲᠦᠯᠬᠢᠯᠴᠡᠬᠦ᠂ ᠨᠠᠶᠢᠳᠠᠪᠤᠷᠢᠵᠢᠭᠤᠯᠤᠯᠲᠠ ᠰᠤᠯᠠ ᠪᠠᠶᠢᠬᠤ ᠵᠡᠷᠭᠡ ᠦᠢᠯᠡ ᠠᠵᠢᠯᠯᠠᠭ᠎ᠠ ᠶᠢ ᠡᠷᠡᠰ ᠵᠠᠯᠠᠷᠠᠭᠤᠯᠬᠤ ᠪᠠ ᠵᠠᠯᠬᠠᠭᠠᠨ ᠰᠢᠳᠬᠡᠨ᠎ᠡ᠃ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠶᠢ ᠶᠡᠬᠡᠪᠡᠷ ᠶᠠᠪᠤᠭᠤᠯᠵᠤ᠂ ᠪᠠᠶᠢᠴᠠᠭᠠᠨ ᠰᠤᠳᠤᠯᠤᠯᠲᠠ ᠬᠢᠬᠦ ᠰᠤᠷᠳᠠᠯ ᠢ ᠶᠡᠬᠡᠪᠡᠷ ᠳᠡᠯᠭᠡᠷᠡᠭᠦᠯᠦᠨ᠎ᠡ᠃ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠣᠯᠠᠨ ᠲᠦᠮᠡᠨ ᠤ ᠲᠥᠯᠥᠭᠡ ᠵᠣᠷᠢᠭᠲᠠᠶ ᠪᠠᠷ ᠦᠭᠡ ᠬᠡᠯᠡᠬᠦ᠂ ᠣᠯᠠᠨ ᠲᠦᠮᠡᠨ ᠤ ᠲᠥᠯᠥᠭᠡ ᠠᠵᠢᠯ ᠶᠠᠪᠤᠳᠠᠯ ᠬᠢᠵᠦ ᠴᠢᠳᠠᠬᠤ᠂ ᠣᠯᠠᠨ ᠲᠦᠮᠡᠨ ᠤ ᠲᠥᠯᠥᠭᠡ ᠵᠣᠪᠠᠭᠤᠷᠢ ᠵᠦᠳᠡᠭᠦᠷᠢ ᠶᠢ ᠠᠷᠢᠯᠭᠠᠬᠤ ᠳᠠᠭᠠᠨ ᠴᠢᠳᠠᠮᠠᠭᠠᠶ ᠪᠠᠶᠢᠵᠦ᠂ ᠶᠠᠭᠠᠬᠢᠭᠰᠠᠨ ᠴᠤ ᠥᠪᠡᠷ ᠤᠨ ᠤᠳᠤᠷᠢᠳᠤᠯᠭ᠎ᠠ ᠳᠠᠭᠠᠨ ᠬᠠᠨᠤᠮᠵᠢᠲᠠᠶ ᠭᠡᠵᠦ ᠦᠵᠡᠭᠡᠳ ᠣᠯᠠᠨ ᠲᠦᠮᠡᠨ ᠢ ᠬᠦᠰᠡᠷᠦᠭᠦᠯᠬᠦ ᠶᠠᠪᠤᠳᠠᠯ ᠢ ᠬᠢᠵᠦ ᠪᠣᠯᠬᠤ ᠥᠬᠡᠶ᠃ ᠴᠢᠩᠭ᠎ᠠ ᠬᠠᠮᠢᠶᠠᠷᠴᠤ ᠭᠦᠨ ᠬᠠᠶᠢᠷᠠᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠵᠤ᠂ ᠠᠵᠢᠯ ᠢᠶᠠᠨ ᠪᠦᠲᠦᠭᠡᠯᠴᠢ ᠪᠠᠷ ᠥᠷᠨᠢᠭᠦᠯᠬᠦ ᠶᠢ ᠵᠣᠷᠢᠭᠵᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃    ᠲᠦᠷᠪᠡ ᠳᠤ ᠠᠷᠢᠭᠤᠨ ᠴᠢᠬᠡᠴᠢ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠳᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠢᠳᠠᠪᠤᠷᠢᠵᠢᠭᠤᠯᠬᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠠᠬᠢᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷᠠᠭ᠎ᠠ ᠶᠢᠨ  ᠬᠠᠤᠯᠢ ᠠᠴᠠ ᠵᠥᠷᠢᠴᠡᠭᠰᠡᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠵᠦ᠂ ᠭᠤᠤᠯᠳᠠᠯᠭ᠎ᠠ ᠲᠠᠢ ᠬᠦᠷᠢᠶᠡᠨ ᠳᠠᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠢᠩᠭ᠎ᠠ ᠰᠢᠢᠳᠭᠡᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠭᠡ ᠭᠤᠤᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠣᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠦ ᠨᠠᠢᠳᠠᠪᠤᠷᠢᠵᠢᠭᠤᠯᠬᠤ᠂ ︽ᠳᠥᠷᠪᠡᠨ ᠰᠤᠷᠲᠠᠯ︾ ᠢ ᠴᠡᠭᠴᠡᠯᠡᠨ ᠵᠠᠰᠠᠬᠤ ᠳᠠᠬᠢᠨ ᠡᠭᠦᠰᠬᠦ ᠶᠢ ᠰᠡᠷᠭᠡᠶᠢᠯᠡᠬᠦ ᠣᠷᠳᠣ ᠬᠤᠭᠤᠴᠠᠭᠠᠨ ᠤ  ᠪᠦᠳᠦᠮᠵᠢᠳᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠵᠡᠷᠭᠡ ᠠᠰᠠᠭᠤᠳᠠᠯ ᠢ ᠳᠣᠪᠤᠶᠢᠯᠭᠠᠨ ᠴᠡᠭᠴᠡᠯᠡᠨ ᠵᠠᠰᠠᠨ᠎ᠠ᠃ ᠬᠢᠨᠠᠨ ᠪᠤᠳᠤᠵᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠬᠢᠨᠠᠨ ᠪᠤᠳᠤᠬᠤ ︽ᠠᠵᠤ ᠠᠬᠤᠶ ᠶᠢᠨ ᠪᠡᠶ ᠎ᠡ ᠶᠢᠨ ᠪᠠᠶᠢᠴᠠᠭᠠᠯᠲᠠ︾ ᠶᠢᠨ ᠴᠢᠳᠠᠮᠵᠢ ᠶᠢ ᠨᠠᠩ ᠰᠠᠶᠢᠲᠤᠷ ᠪᠠᠳᠠᠷᠠᠭᠤᠯᠤᠨ᠎ᠠ᠃ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠢᠯᠢᠳᠡᠭ ᠰᠤᠷᠲᠠᠯ ᠢ ᠢᠮᠠᠭᠲᠠ ᠪᠠᠷᠢᠮᠲᠠᠯᠠᠵᠤ᠂ ᠰᠢᠶᠠᠨ ᠤ ᠵᠠᠰᠠᠭ ᠤᠨ ᠣᠷᠳᠣᠨ ᠪᠣᠯᠤᠨ ᠰᠠᠯᠠᠭ᠎ᠠ ᠮᠥᠴᠢᠷ ᠲᠦᠷᠦᠭᠦᠯᠡᠨ ᠠᠷᠪᠢᠯᠠᠨ ᠭᠠᠮᠨᠠᠵᠤ᠂ ᠵᠠᠰᠠᠭ ᠵᠠᠬᠢᠷᠭᠠᠨ ᠤ ᠥᠪᠡᠷ ᠤᠨ ᠥᠷᠲᠡᠭ ᠢ ᠦᠷᠭᠦᠯᠵᠢᠯᠡᠨ ᠪᠠᠭᠠᠰᠬᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠵᠡᠷᠭᠡ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠬᠢᠵᠠᠭᠠᠷ ᠲᠠᠢ ᠡᠳ᠋ ᠤᠨ ᠬᠦᠴᠦᠨ ᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠨᠡᠩ ᠢᠯᠡᠭᠦᠤ ᠬᠡᠷᠡᠭᠯᠡᠨ᠎ᠡ᠃    ᠲᠥᠯᠥᠭᠡᠯᠡᠭᠴᠢᠳ ᠡ︕ ᠴᠢᠷᠮᠠᠶᠢᠨ ᠲᠡᠮᠡᠴᠡᠵᠦ ᠲᠡᠦᠬᠡ ᠶᠢ ᠡᠭᠦᠳᠴᠦ᠂ ᠪᠣᠳᠠᠲᠠᠢ ᠠᠵᠢᠯᠯᠠᠵᠤ ᠢᠷᠡᠭᠡᠳᠦᠢ ᠪᠠᠨ ᠴᠤᠭᠴᠠᠯᠠᠶ᠎ᠠ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠡᠵᠢᠶᠡᠳᠡ ᠬᠤᠶᠢᠷᠭᠤᠰᠢᠬᠤ ᠦᠭᠡᠢ ᠲᠡᠮᠡᠴᠡᠬᠦ ᠳᠦᠷᠢ  ᠪᠠᠶᠢᠳᠠᠯ ᠪᠠ ᠴᠤᠴᠠᠯᠲᠠ ᠦᠭᠡᠢ ᠤᠷᠤᠭᠰᠢᠯᠠᠬᠤ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ᠂ ᠥᠷᠯᠥᠭᠡ ᠦᠳᠡᠰᠢ ᠶᠢ ᠲᠡᠮᠡᠴᠡᠨ ᠵᠠᠯᠠᠭᠤ ᠨᠠᠰᠤ ᠪᠠᠨ ᠬᠥᠰᠡᠷᠳᠡᠭᠦᠯᠬᠦ ᠦᠭᠡᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕                                                                ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2