ᠨᠢᠭᠡ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠠᠴᠠ | ᠬᠥᠳᠡᠯᠮᠦᠷᠢᠯᠡᠭᠴᠢᠳ ᠲᠤ ᠦᠨ᠎ᠡ ᠲᠥᠯᠥᠪᠦᠷᠢ ᠦᠭᠡᠢ ᠪᠠᠷ ᠶᠠᠮᠠᠷ ᠶᠠᠮᠠᠷ ᠦᠢᠯᠡᠴᠢᠯᠡᠭᠡ ᠬᠠᠩᠭᠠᠵᠤ ᠪᠣᠯᠬᠤ ᠪᠣᠢ︖ | ᠬᠠᠷᠢᠭᠤᠯᠲᠠ᠄ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠠᠴᠠ | ᠬᠥᠳᠡᠯᠮᠦᠷᠢᠯᠡᠭᠴᠢᠳ ᠲᠤ ᠳᠣᠣᠷᠠᠬᠢ ᠮᠡᠲᠦ ᠶᠢᠨ ᠦᠢᠯᠡᠴᠢᠯᠡᠭᠡ ᠬᠠᠩᠭᠠᠬᠤ ᠬᠡᠷᠡᠭᠲᠡᠢ᠄ | 1. ᠠᠵᠢᠯ ᠣᠯᠭᠤᠵᠤ ᠠᠳᠠᠯ ᠦᠢᠯᠡᠰ ᠪᠣᠰᠬᠠᠬᠤ᠂ ᠴᠢᠳᠠᠪᠤᠷᠢᠲᠠᠨ ᠤ ᠦᠢᠯᠡᠴᠢᠯᠡᠭᠡ ᠪᠠ ᠬᠥᠳᠡᠯᠮᠦᠷᠢ | ᠬᠦᠴᠦᠨ ᠢ ᠬᠡᠷᠡᠭᠯᠡᠬᠦ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠠᠰᠠᠭᠤᠨ ᠯᠠᠪᠯᠠᠯᠲᠠ ᠬᠠᠩᠭᠠᠬᠤ᠂ ᠲᠡᠳᠬᠦᠨ | ᠳᠡᠮᠵᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠯᠢᠶᠡᠨ ᠠᠪᠴᠤ ᠭᠦᠢᠴᠡᠳᠬᠡᠬᠦ︔ | 2. ᠬᠥᠮᠥᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ᠂ ᠵᠠᠬ᠎ᠠ ᠳᠡᠯᠭᠡᠭᠦᠷ ᠤᠨ ᠴᠠᠯᠢᠩ | ᠬᠥᠯᠥᠰᠦᠨ ᠤ ᠵᠢᠭᠠᠨ ᠵᠢᠯᠣᠭᠤᠳᠬᠤ ᠦᠨ᠎ᠡ ᠶᠢᠨ ᠲᠦᠪᠰᠢᠨ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ | ᠳᠠᠳᠤᠯᠭ᠎ᠠ ᠬᠢᠬᠦ ᠠᠵᠢᠯ ᠤᠨ ᠪᠠᠶᠢᠷᠢ ᠵᠡᠷᠭᠡ ᠮᠡᠳᠡᠭᠡ ᠵᠠᠩᠭᠢ ᠶᠢ ᠨᠡᠶᠢᠲᠡᠯᠡᠬᠦ︔ | 3. ᠲᠤᠬᠠᠶᠢᠯᠠᠭᠰᠠᠨ ᠠᠵᠢᠯ ᠤᠨ ᠲᠠᠨᠢᠯᠴᠠᠭᠤᠯᠭ᠎ᠠ᠂ ᠲᠤᠬᠠᠶᠢᠯᠠᠭᠰᠠᠨ ᠠᠵᠢᠯ ᠤᠨ ᠵᠢᠭᠠᠨ ᠵᠢᠯᠣᠭᠤᠳᠤᠯᠭ᠎ᠠ ᠪᠠ | ᠠᠳᠠᠯ ᠦᠢᠯᠡᠰ ᠪᠣᠰᠬᠠᠵᠤ ᠠᠵᠢᠯ ᠦᠢᠯᠡᠰ ᠡᠷᠬᠢᠯᠡᠬᠦ ᠵᠢᠭᠠᠨ ᠵᠢᠯᠣᠭᠤᠳᠤᠯᠭ᠎ᠠ᠂ ᠠᠳᠠᠯ ᠦᠢᠯᠡᠰ ᠪᠣᠰᠬᠠᠬᠤ | ᠦᠢᠯᠡᠴᠢᠯᠡᠭᠡᠨ ᠤ ᠠᠵᠢᠯᠯᠠᠭ᠎ᠠ︔ | 4. ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠤᠰᠬᠠᠢ ᠵᠦᠢᠯ ᠤᠨ ᠠᠵᠢᠯᠯᠠᠭ᠎ᠠ︔ | 5. ᠠᠵᠢᠯ ᠣᠯᠬᠤ ᠳᠤ ᠬᠦᠴᠢᠷᠲᠡᠢ ᠬᠥᠮᠥᠰ ᠲᠤ ᠠᠵᠢᠯ ᠣᠯᠭᠤᠬᠤ ᠲᠤᠰᠠᠯᠠᠮᠵᠢ ᠶᠢ ᠬᠡᠷᠡᠭᠵᠢᠭᠦᠯᠬᠦ︔ | 6. ᠠᠵᠢᠯ ᠣᠯᠭᠤᠬᠤ ᠳᠠᠩᠰᠠᠯᠠᠭᠤᠯᠤᠯᠲᠠ ᠶᠢ ᠭᠦᠢᠴᠡᠳᠬᠡᠬᠦ ︵ᠬᠥᠳᠡᠯᠮᠦᠷᠢ ᠬᠦᠴᠦᠨ ᠢ ᠪᠦᠷᠢᠳᠬᠡᠨ | ᠳᠠᠩᠰᠠᠯᠠᠬᠤ︶︔ | 7. ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠬᠦ ᠵᠡᠷᠭᠡ ᠠᠵᠢᠯ ᠬᠡᠷᠡᠭ︔ | 8. ᠶᠠᠪᠤᠭᠤᠯ ᠬᠥᠮᠥᠨ ᠠᠮᠠ ᠶᠢᠨ ᠠᠵᠢᠯᠲᠠᠨ ᠤ ᠳᠠᠩᠰᠠ ᠡᠪᠬᠡᠮᠡᠯ ᠢ ᠬᠠᠮᠢᠶᠠᠷᠬᠤ ᠦᠢᠯᠡᠴᠢᠯᠡᠭᠡ︔ | 9. ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠪᠠ ᠬᠥᠳᠡᠯᠮᠦᠷᠢ ᠶᠢᠨ ᠡᠷᠬᠡ ᠠᠰᠢᠭ ᠢ ᠬᠠᠮᠠᠭᠠᠯᠠᠬᠤ︔ | | 10. ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ | ᠲᠣᠭᠲᠠᠭᠠᠭᠰᠠᠨ ᠪᠤᠰᠤᠳ ᠦᠢᠯᠡᠴᠢᠯᠡᠭᠡ᠃ | ᠬᠤᠶᠠᠷ᠂ ᠠᠵᠢᠯ ᠣᠯᠭᠤᠬᠤ ᠶᠢ ᠳᠠᠩᠰᠠᠯᠠᠨ ᠲᠡᠮᠳᠡᠭᠯᠡᠬᠦ ᠭᠡᠵᠦ ᠶᠠᠭᠤ ᠪᠣᠢ︖ | ᠬᠠᠷᠢᠭᠤᠯᠲᠠ᠄ ᠬᠥᠳᠡᠯᠮᠦᠷᠢᠯᠡᠭᠴᠢᠳ ᠠᠴᠠ ᠨᠢᠭᠡᠴᠢ ᠳᠤ ᠠᠵᠢᠯ ᠣᠯᠬᠤ᠂ ᠪᠡᠶ᠎ᠡ ᠪᠠᠨ ᠳᠠᠭᠠᠭᠠᠵᠤ ᠠᠳᠠᠯ | ᠦᠢᠯᠡᠰ ᠪᠣᠰᠬᠠᠬᠤ᠂ ᠠᠮᠢᠳᠤᠯᠢᠭ ᠢᠶᠠᠷ ᠠᠵᠢᠯ ᠣᠯᠬᠤ ᠪᠤᠶᠤ ᠴᠢᠯᠦᠭᠡᠲᠡᠢ ᠠᠵᠢᠯ ᠮᠡᠷᠭᠡᠵᠢᠯ ᠤᠨ ᠬᠡᠯᠪᠡᠷᠢ ᠪᠠᠷ ᠠᠵᠢᠯ | ᠣᠯᠭᠤᠯᠲᠠ ᠶᠢ ᠪᠡᠶᠡᠯᠡᠭᠦᠯᠦᠭᠰᠡᠨ ᠪᠣᠯ᠂ ᠠᠵᠢᠯ ᠣᠯᠣᠭᠰᠠᠨ ᠤ ᠳᠠᠷᠠᠭ᠎ᠠ 30 ᠡᠳᠦᠷ ᠤᠨ ᠳᠣᠲᠣᠷ᠎ᠠ ᠠᠵᠢᠯ | ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠬᠦᠷᠴᠦ ᠠᠵᠢᠯ ᠣᠯᠣᠭᠰᠠᠨ ᠢᠶᠠᠨ ᠳᠠᠩᠰᠠᠯᠠᠭᠤᠯᠤᠨ ᠲᠡᠮᠳᠡᠭᠯᠡᠭᠦᠯᠬᠦ | ᠬᠡᠷᠡᠭᠲᠡᠢ᠃ ᠠᠵᠢᠯ ᠣᠯᠣᠭᠰᠠᠨ ᠢ ᠳᠠᠩᠰᠠᠯᠠᠨ ᠲᠡᠮᠳᠡᠭᠯᠡᠬᠦ ᠪᠣᠳᠠᠲᠠᠢ ᠠᠭᠤᠯᠭ᠎ᠠ ᠨᠢ ᠳᠣᠣᠷᠠᠬᠢ ᠮᠡᠲᠦ᠄ | 1. ᠬᠥᠳᠡᠯᠮᠦᠷᠢᠯᠡᠭᠴᠢ ᠶᠢᠨ ᠬᠤᠪᠢ ᠬᠥᠮᠥᠨ ᠤ ᠮᠡᠳᠡᠭᠡ ᠵᠠᠩᠭᠢ ᠶᠢᠨ ᠪᠠᠶᠢᠳᠠᠯ ︵ᠪᠡᠶ᠎ᠡ ᠶᠢᠨ ᠭᠡᠷᠡᠴᠢ | ᠦᠨᠡᠮᠯᠡᠯ︶︔ | 2. ᠠᠵᠢᠯ ᠣᠯᠣᠭᠰᠠᠨ ᠨᠢᠭᠡᠴᠢ ᠶᠢᠨ ᠦᠨᠳᠦᠰᠦᠨ ᠪᠠᠶᠢᠳᠠᠯ︔ | 3. ᠠᠵᠢᠯ ᠣᠯᠣᠭᠰᠠᠨ ᠲᠥᠷᠥᠯ ᠬᠡᠯᠪᠡᠷᠢ᠂ ᠠᠵᠢᠯ ᠣᠯᠣᠭᠰᠠᠨ ᠴᠠᠭ ᠤᠨ ᠪᠠᠶᠢᠳᠠᠯ︔ | 4. ᠠᠵᠢᠯ ᠣᠯᠣᠭᠰᠠᠨ ᠨᠢᠭᠡᠴᠢ ᠶᠢᠨ ᠬᠥᠳᠡᠯᠮᠦᠷᠢ ᠶᠢᠨ ᠭᠡᠷ᠎ᠡ ᠶᠢ ᠲᠣᠭᠲᠠᠭᠠᠭᠰᠠᠨ᠂ ᠵᠣᠭᠰᠣᠭᠠᠭᠰᠠᠨ ᠪᠤᠶᠤ | ᠲᠠᠶᠢᠯᠤᠭᠰᠠᠨ ᠪᠠᠶᠢᠳᠠᠯ ᠵᠡᠷᠭᠡ︔ | 5. ᠪᠤᠳᠠᠭᠠᠯᠢ ᠪᠡᠶ᠎ᠡ ᠶᠢᠨ ᠡᠵᠡᠩᠨᠡᠯᠲᠡ ᠬᠢᠵᠦ ᠪᠠᠶᠢᠪᠠᠯ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ | ᠪᠠᠶᠢᠬᠤ︔ | 6. ︽ᠠᠵᠢᠯ ᠣᠯᠵᠤ ᠠᠳᠠᠯ ᠦᠢᠯᠡᠰ ᠪᠣᠰᠬᠠᠬᠤ ᠦᠨᠡᠮᠯᠡᠯ︾ ᠳᠤ ᠲᠣᠬᠢᠷᠠᠭᠤᠯᠤᠭᠰᠠᠨ ᠪᠤᠰᠤᠳ ᠠᠭᠤᠯᠭ᠎ᠠ | ᠃ | | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | | ᠰᠠᠷᠠᠭᠤᠯ ᠪᠠᠭᠤᠯᠭᠠᠪᠠ |