ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠦᠨ᠎ᠡ ᠲᠥᠯᠥᠪᠦᠷᠢ ᠦᠭᠡᠢ  ᠪᠠᠷ ᠴᠢᠰᠤ ᠬᠠᠨᠳᠢᠪᠯᠠᠬᠤ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2020/4/16
ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯᠯᠠᠭ᠎ᠠ ᠶᠢ ᠥᠷᠨᠢᠭᠦᠯᠬᠦ ᠲᠤᠬᠠᠶ ᠮᠡᠳᠡᠭᠳᠡᠯ                   ᠱᠠᠩᠳᠤ ᠶᠢᠨ ᠵᠠᠰᠠᠭ ᠤᠨ ᠤᠷᠳᠤᠨ ᠤ ᠠᠯᠪᠠᠨ ᠭᠡᠷ                   ᠥᠰᠥᠭ ﹇2020﹈ 1 ᠳ᠋ᠦ᠋ᠭᠡᠷ ᠲᠣᠭᠠᠲᠤ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠡ ᠳᠤ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠰᠤ ᠬᠠᠨᠳᠢᠪᠯᠠᠬᠤ ᠬᠠᠤᠯᠢ︾ ᠶᠢ ᠬᠢᠨᠠᠮᠠᠭᠠᠶ ᠲᠤᠭᠤᠰᠢᠯᠠᠭᠤᠯᠵᠤ᠂ ᠴᠢᠰᠤᠨ ᠤ ᠨᠥᠭᠡᠴᠡ ᠪᠠᠨ ᠴᠢᠩᠭᠠᠳᠬᠠᠵᠤ᠂ ᠬᠦᠨᠳᠦ ᠲᠦᠭᠰᠢᠭᠦᠷᠢᠲᠡᠶ ᠡᠪᠡᠳᠴᠢᠲᠡᠨ ᠴᠠᠭ ᠲᠤᠬᠠᠶ ᠳᠤᠨᠢ ᠴᠢᠰᠤ ᠬᠡᠷᠡᠭᠯᠡᠬᠦ ᠶᠢ ᠪᠠᠲᠤᠯᠠᠬᠤ ᠶᠢᠨ ᠲᠤᠰᠠᠳᠠ᠂ ᠰᠢᠶᠠᠨ ᠤ ᠵᠠᠰᠠᠭ ᠤᠨ ᠣᠷᠳᠣᠨ ᠠᠴᠠ ᠪᠦᠬᠦ ᠰᠢᠶᠠᠨ ᠤ ᠬᠡᠪᠴᠢᠶᠡᠨ ᠳᠤ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠴᠢᠰᠤ ᠬᠠᠨᠳᠢᠪᠯᠠᠬᠤ ᠴᠠᠭ᠄ 2020 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ ︵ᠭᠠᠷᠠᠭ ᠤᠨ ᠬᠤᠶᠠᠷ︶ ᠤᠨ ᠦᠳᠡ ᠶᠢᠨ ᠡᠮᠦᠨᠡᠬᠢ 8᠄ 30 — 12᠄ 00      ᠬᠤᠶᠠᠷ᠂ ᠴᠢᠰᠤ ᠬᠠᠨᠳᠢᠪᠯᠠᠬᠤ ᠭᠠᠵᠠᠷ᠄ ᠰᠢᠶᠠᠨ ᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠳᠥᠷᠪᠡᠳᠦᠭᠡᠷ ᠳᠠᠪᠬᠤᠷᠭ᠎ᠠ ᠶᠢᠨ ᠪᠡᠶ᠎ᠡ ᠶᠢᠨ ᠪᠠᠶᠢᠴᠠᠭᠠᠯᠲᠠ ᠶᠢᠨ ᠲᠥᠪ      ᠭᠤᠷᠪᠠ᠂ ᠪᠣᠳᠠᠲᠠᠶ ᠱᠠᠭᠠᠷᠳᠠᠯᠭ᠎ᠠ᠄      1. ᠡᠯ᠎ᠡ ᠨᠢᠭᠡᠴᠡ ᠶᠢᠨ ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯ ᠢ ᠠᠷᠠᠳ ᠤᠨ ᠠᠮᠢᠳᠤᠷᠠᠯ ᠤᠨ ᠨᠢᠭᠡ ᠵᠦᠶᠯ ᠤᠨ ᠢᠨᠵᠧᠨᠧᠷᠢᠩ ᠪᠣᠯᠭᠠᠵᠤ᠂ ᠤᠬᠠᠭᠤᠯᠭ᠎ᠠ ᠳᠠᠶᠢᠴᠢᠯᠠᠯᠲᠠ ᠶᠢ ᠬᠢᠨᠠᠮᠠᠭᠠᠶ ᠥᠷᠨᠢᠭᠦᠯᠦᠨ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠥᠷᠭᠡᠨ ᠣᠯᠠᠨ ᠺᠠᠳ᠋ᠷ᠂ ᠠᠵᠢᠯᠲᠠᠨ ᠠᠵᠢᠯᠴᠢᠨ ᠤ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠦᠨᠡᠨᠬᠦ ᠪᠠᠲᠤᠯᠠᠬᠤ ᠬᠡᠷᠡᠭᠲᠡᠶ᠃      2. ᠴᠢᠰᠤ ᠬᠠᠨᠳᠢᠪᠯᠠᠬᠤ ᠳᠤ ᠣᠷᠣᠯᠴᠠᠭᠰᠠᠨ ᠬᠥᠮᠦᠰ ᠬᠤᠪᠢ ᠬᠥᠮᠦᠨ ᠤ ᠰᠠᠭᠤᠭᠠᠯᠢ ᠠᠷᠠᠳ ᠤᠨ ᠪᠡᠶ᠎ᠡ  ᠶᠢᠨ ᠦᠨᠡᠮᠯᠡᠯ ︵ᠪᠤᠶᠤ ᠵᠢᠯᠣᠭᠤᠴᠢ ᠶᠢᠨ ᠦᠨᠡᠮᠯᠡᠯ︶  ᠪᠠᠨ ᠠᠪᠴᠤ ᠶᠠᠪᠤᠬᠤ ᠬᠡᠷᠡᠭᠲᠡᠶ᠂ ᠴᠢᠰᠤ ᠬᠠᠨᠳᠢᠪᠯᠠᠭᠰᠠᠨ ᠦᠨᠡᠮᠯᠡᠯ ᠲᠠᠢ ᠪᠣᠯ ᠴᠢᠰᠤ ᠬᠠᠨᠳᠢᠪᠯᠠᠭᠰᠠᠨ ᠦᠨᠡᠮᠯᠡᠯ ᠢᠶᠠᠨ ᠠᠪᠴᠤ ᠶᠠᠪᠤᠬᠤ ᠬᠡᠷᠡᠭᠲᠡᠶ᠃      3. ᠴᠢᠰᠤ ᠬᠠᠨᠳᠢᠪᠯᠠᠬᠤ ᠳᠤ ᠣᠷᠣᠯᠴᠠᠭᠰᠠᠨ ᠬᠥᠮᠦᠰ ᠡᠷᠬᠡᠪᠰᠢ ︽ᠴᠢᠰᠤ ᠬᠠᠨᠳᠢᠪᠯᠠᠬᠤ ᠬᠠᠤᠯᠢ︾ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠂ 18 — 55 ᠨᠠᠰᠤ ᠬᠦᠷᠴᠦ᠂ ᠴᠢᠰᠤ ᠥᠭᠬᠦ ᠶᠢ ᠴᠡᠭᠡᠷᠯᠡᠬᠦ ᠡᠪᠡᠳᠴᠢᠨ ᠥᠬᠡᠶ᠃      4. ᠡᠯ᠎ᠡ ᠨᠢᠭᠡᠴᠡ ᠨᠦᠭᠦᠳ ᠴᠢᠰᠤ ᠬᠠᠨᠳᠢᠪᠯᠠᠬᠤ ᠳᠤ ᠣᠷᠣᠯᠴᠠᠭᠰᠠᠨ ᠬᠥᠮᠦᠰ ᠤᠨ ᠠᠵᠢᠯᠯᠠᠵᠤ ᠠᠮᠠᠷᠠᠬᠤ ᠴᠠᠭ ᠢ ᠲᠣᠬᠢᠲᠠᠶ ᠲᠣᠬᠢᠷᠠᠭᠤᠯᠬᠤ ᠬᠡᠷᠡᠭᠲᠡᠶ᠃      5. ᠡᠯ᠎ᠡ ᠨᠢᠭᠡᠴᠡ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠤᠭᠳᠠᠭᠰᠠᠨ ᠨᠢᠭᠡ ᠤᠳᠤᠷᠢᠳᠤᠯᠭ᠎ᠠ ᠲᠣᠭᠲᠠᠭᠰᠠᠨ ᠴᠠᠭ ᠪᠠ ᠭᠠᠵᠠᠷ ᠲᠤ  ᠲᠤᠭᠤᠶᠢᠯᠠᠩ ᠢᠶᠠᠨ ᠲᠠᠭᠠᠭᠤᠯᠤᠨ ᠨᠢᠭᠡᠳᠦᠯᠲᠡᠶ ᠴᠢᠰᠤ ᠬᠠᠨᠳᠢᠪᠯᠠᠬᠤ ᠬᠡᠷᠡᠭᠲᠡᠶ᠃      6. ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠴᠢᠰᠤ ᠬᠠᠨᠳᠢᠪᠯᠠᠬᠤ ᠠᠴᠠ ᠡᠮᠦᠨᠡᠬᠢ ᠡᠯ᠎ᠡ ᠵᠦᠶᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂ ᠴᠢᠰᠤ ᠬᠠᠨᠳᠢᠪᠯᠠᠬᠤ ᠪᠦᠬᠦᠶᠢᠯᠡ ᠶᠠᠪᠤᠴᠠ ᠶᠢᠨ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      7. ᠴᠢᠰᠤ ᠬᠠᠨᠳᠢᠪᠯᠠᠬᠤ ᠠᠵᠢᠯᠯᠠᠭ᠎ᠠ ᠳᠤ ᠰᠠᠶᠢᠨ ᠳᠤᠷ᠎ᠠ ᠠᠴᠠ ᠪᠠᠨ ᠴᠢᠰᠤ ᠬᠠᠨᠳᠢᠪᠯᠠᠬᠤ ᠵᠠᠷᠴᠢᠮ ᠢ ᠵᠢᠷᠤᠮᠯᠠᠨ᠂ ᠴᠢᠰᠤ ᠬᠠᠨᠳᠢᠪᠯᠠᠬᠤ ᠬᠡᠮᠵᠢᠶ᠎ᠡ ᠶᠢ ᠬᠤᠪᠢ ᠬᠥᠮᠦᠨ ᠤ ᠪᠡᠶ᠎ᠡ ᠶᠢᠨ ᠪᠠᠶᠢᠳᠠᠯ ᠵᠢᠴᠢ ᠬᠦᠰᠡᠯ ᠰᠠᠨᠠᠭ᠎ᠠ ᠶᠢ ᠦᠨᠳᠦᠰᠦᠯᠡᠨ ᠲᠣᠭᠲᠠᠭᠠᠵᠤ᠂ ᠶᠡᠷᠦ ᠳᠡᠭᠡᠨ 200ml ᠳᠤ ᠬᠢᠵᠠᠭᠠᠷᠯᠠᠨ᠎ᠠ᠃ ᠠᠵᠢᠯᠯᠠᠭ᠎ᠠ ᠶᠢᠨ ᠬᠤᠭᠤᠴᠠᠭᠠᠨ ᠳᠤ᠂ ᠴᠢᠰᠤᠨ ᠤ ᠥᠷᠲᠡᠭᠡ ᠨᠢ ︽ᠴᠢᠰᠤ ᠬᠠᠨᠳᠢᠪᠯᠠᠬᠤ ᠬᠠᠤᠯᠢ︾ ᠶᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠦᠨ᠎ᠡ᠃ ᠣᠨᠴᠠᠭᠠᠶᠢᠯᠠᠨ ᠮᠡᠳᠡᠭᠳᠡᠪᠡ          ᠳᠠᠭᠠᠯᠳᠤᠭᠤᠯᠤᠯ᠄ ᠱᠠᠩᠳᠤ ᠰᠢᠶᠠᠨ ᠤ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠪᠣᠳᠠᠲᠠᠢ ᠴᠠᠭ ᠢ ᠲᠤᠬᠢᠷᠠᠭᠤᠯᠬᠤ ᠪᠠ ᠴᠢᠰᠤ ᠬᠠᠨᠳᠢᠪᠯᠠᠬᠤ ᠬᠥᠮᠦᠨ ᠤ ᠲᠤᠭ᠎ᠠ ᠶᠢᠨ ᠰᠠᠨᠠᠭᠤᠯᠭ᠎ᠠ                                 2020 ᠣᠨ ᠤ 1 ᠳ᠋ᠦ᠋ᠭᠡᠷ ᠰᠠᠷ᠎ᠠ ᠶᠢᠨ 8 ᠤ ᠡᠳᠦᠷ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2