ᠭᠤᠷᠪᠠ᠂ ᠶᠠᠮᠠᠷ ᠶᠠᠮᠠᠷ ᠬᠥᠮᠥᠨ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠵᠦ ᠪᠣᠯᠬᠤ ᠪᠣᠢ︖ | ᠬᠠᠷᠢᠭᠤᠯᠲᠠ᠄ ᠬᠠᠤᠯᠢ ᠪᠠᠷ ᠲᠣᠭᠲᠠᠭᠠᠭᠰᠠᠨ ᠬᠥᠳᠡᠯᠮᠦᠷᠢ ᠶᠢᠨ ᠨᠠᠰᠤᠨ ᠳᠤ᠂ ᠬᠥᠳᠡᠯᠮᠦᠷᠢᠯᠡᠬᠦ | ᠴᠢᠳᠠᠪᠤᠷᠢ ᠲᠠᠢ ᠮᠥᠷᠲᠡᠭᠡᠨ ᠠᠵᠢᠯ ᠣᠯᠬᠤ ᠱᠠᠭᠠᠷᠳᠠᠯᠭ᠎ᠠ ᠲᠠᠢ ᠪᠣᠯ᠂ ᠳᠣᠣᠷᠠᠬᠢ ᠨᠥᠬᠦᠴᠡᠯ ᠤᠳ ᠤᠨ ᠨᠢᠭᠡ ᠳᠤ | ᠨᠡᠶᠢᠴᠡᠪᠡᠯ᠂ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠵᠦ ᠪᠣᠯᠣᠨ᠎ᠠ᠄ | 1. ᠪᠦᠬᠦᠯᠢ 16 ᠨᠠᠰᠤᠨ ᠳᠤ ᠬᠦᠷᠴᠦ᠂ ᠡᠯ᠎ᠡ ᠲᠥᠷᠥᠯ ᠤᠨ ᠰᠤᠷᠭᠠᠭᠤᠯᠢ ᠠᠴᠠ ᠲᠡᠭᠦᠰᠦᠨ᠂ | ᠰᠤᠷᠤᠯᠭ᠎ᠠ ᠶᠢᠨ ᠬᠤᠭᠤᠴᠠᠭᠠᠨ ᠤ ᠰᠡᠭᠦᠯᠴᠢ ᠶᠢᠨ ᠦᠶ᠎ᠡ ᠳᠤ ᠠᠵᠢᠯ ᠣᠯᠬᠤ ᠱᠠᠭᠠᠷᠳᠠᠯᠭ᠎ᠠ ᠲᠠᠢ ᠬᠥᠮᠥᠰ︔ | 2. ᠠᠵᠢᠯᠲᠠᠨ ᠬᠡᠷᠡᠭᠯᠡᠬᠦ ᠨᠢᠭᠡᠴᠢ ᠳᠤ ᠠᠵᠢᠯ ᠣᠯᠣᠭᠠᠳ ᠠᠵᠢᠯ ᠠᠯᠳᠠᠭᠰᠠᠳ︔ | 3. ᠪᠤᠳᠠᠭᠠᠯᠢ ᠪᠡᠶ᠎ᠡ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠥᠮᠴᠢᠲᠡᠨ ᠪᠤᠶᠤ | ᠬᠤᠪᠢ ᠪᠠᠷ ᠢᠶᠠᠨ ᠡᠵᠡᠩᠨᠡᠭᠰᠡᠨ ᠠᠵᠤ ᠠᠬᠤᠶᠢᠯᠠᠯ ᠤᠨ ᠥᠮᠴᠢᠲᠡᠨ ᠤ ᠡᠭᠦᠳᠡ ᠪᠠᠨ ᠬᠠᠭᠠᠭᠰᠠᠳ᠂ ᠲᠠᠮᠫᠤᠷᠠᠵᠤ | ᠡᠵᠡᠩᠨᠡᠯᠲᠡ ᠨᠢ ᠵᠣᠭᠰᠣᠭᠰᠠᠳ︔ | 4. ᠮᠠᠯᠵᠢᠬᠤ ᠲᠠᠷᠢᠶᠠᠯᠠᠬᠤ ᠣᠷᠣᠨ ᠠᠴᠠ ᠬᠤᠲᠠ ᠪᠠᠯᠭᠠᠰᠤ ᠳᠤ ᠰᠢᠯᠵᠢᠨ ᠢᠷᠡᠵᠦ ᠠᠵᠢᠯ ᠠᠯᠳᠠᠭᠰᠠᠳ︔ | 5. ᠳᠠᠭᠠᠭᠠᠴᠢᠯᠠᠭᠰᠠᠨ ᠭᠠᠵᠠᠷ ᠰᠢᠷᠣᠢ ᠨᠢ ᠡᠯᠰᠡᠭᠳᠡᠨ ᠬᠡᠷᠡᠭᠯᠡᠭᠳᠡᠭᠰᠡᠨ ᠤ ᠬᠠᠮᠲᠤ ᠲᠣᠭᠲᠠᠭᠠᠭᠰᠠᠨ | ᠨᠥᠬᠦᠴᠡᠯ ᠳᠤ ᠨᠡᠶᠢᠴᠡᠭᠰᠡᠳ︔ | 6. ᠵᠢᠩᠬᠢᠨᠢ ᠠᠯᠪᠠᠨ ᠠᠴᠠ ᠬᠠᠯᠠᠭᠳᠠᠭᠰᠠᠨ ᠴᠡᠷᠢᠭ ᠮᠥᠷᠲᠡᠭᠡᠨ ᠤᠯᠤᠰ ᠤᠨ ᠨᠢᠭᠡᠳᠦᠯᠲᠡᠢ ᠠᠵᠢᠯ | ᠲᠣᠬᠢᠷᠠᠭᠤᠯᠤᠯᠲᠠ ᠳᠤ ᠣᠷᠣᠭᠠᠳᠤᠢ ᠬᠥᠮᠥᠰ︔ | 7. ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠳ᠂ ᠪᠠᠲᠤᠯᠠᠨ ᠳᠠᠭᠠᠭᠠᠵᠤ | ᠰᠤᠯᠠᠯᠠᠭᠳᠠᠭᠰᠠᠳ᠂ ᠭᠢᠨᠳᠠᠨ ᠤ ᠭᠠᠳᠠᠨ᠎ᠠ ᠡᠷᠡᠭᠦᠦ ᠪᠠᠷ ᠰᠢᠢᠳᠬᠡᠭᠳᠡᠭᠰᠡᠳ︔ | 8. ᠪᠤᠰᠤᠳ ᠠᠵᠢᠯ ᠠᠯᠳᠠᠭᠰᠠᠳ᠃ | ᠳᠥᠷᠪᠡ᠂ ᠠᠵᠢᠯ ᠠᠯᠳᠠᠭᠰᠠᠳ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠬᠦ ᠶᠢ ᠬᠡᠷᠬᠢᠨ ᠭᠦᠢᠴᠡᠳᠬᠡᠬᠦ | ᠪᠣᠢ︖ | ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠬᠦ ᠳᠤ ᠨᠡᠶᠢᠴᠡᠭᠰᠡᠨ ᠬᠡᠪᠴᠢᠶᠡᠨ ᠳᠤ᠂ ᠠᠵᠢᠯ ᠦᠭᠡᠢ | ᠪᠠᠶᠢᠳᠠᠯ ᠳᠤ ᠣᠷᠣᠰᠢᠵᠤ ᠪᠠᠶᠢᠭ᠎ᠠ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠬᠥᠮᠥᠰ᠂ ᠪᠠᠶᠢᠩᠭᠤ ᠰᠠᠭᠤᠭ᠎ᠠ | ᠭᠠᠵᠠᠷ ᠤᠨ ᠢᠶᠠᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠬᠦᠷᠴᠦ ᠠᠵᠢᠯ | ᠠᠯᠳᠠᠭᠰᠠᠨ ᠢ ᠳᠠᠩᠰᠠᠯᠠᠨ ᠲᠡᠮᠳᠡᠭᠯᠡᠭᠦᠯᠵᠦ ᠪᠣᠯᠣᠨ᠎ᠠ᠃ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠬᠦ ᠳᠤ | ᠭᠤᠶᠤᠴᠢᠯᠠᠬᠤ ᠡᠯ᠎ᠡ ᠲᠥᠷᠥᠯ ᠤᠨ ᠬᠥᠮᠥᠰ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠴᠢᠬᠤᠯᠠᠲᠠᠢ᠄ | 1. ᠠᠵᠢᠯ ᠣᠯᠣᠭᠰᠠᠨ ᠥᠩᠭᠡᠷᠡᠯᠲᠡ ᠦᠭᠡᠢ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠬᠥᠮᠥᠰ᠂ ᠬᠤᠪᠢ | ᠬᠥᠮᠥᠨ ᠤ ᠪᠡᠶ᠎ᠡ ᠶᠢᠨ ᠬᠦᠴᠦᠨ ᠪᠦᠬᠦᠢ ᠭᠡᠷᠡᠴᠢ ᠦᠨᠡᠮᠯᠡᠯ ᠢᠶᠠᠨ ᠲᠤᠰᠢᠶᠠᠬᠤ ᠬᠡᠷᠡᠭᠲᠡᠢ︔ | 2. ᠮᠠᠯᠵᠢᠬᠤ ᠲᠠᠷᠢᠶᠠᠯᠠᠬᠤ ᠣᠷᠣᠨ ᠠᠴᠠ ᠬᠤᠲᠠ ᠳᠤ ᠣᠷᠣᠵᠤ ᠠᠵᠢᠯ ᠬᠢᠭᠰᠡᠳ ᠪᠠ ᠲᠤᠰ ᠭᠠᠵᠠᠷ ᠤᠨ | ᠡᠷᠦᠬᠡ ᠠᠮᠠ ᠶᠢᠨ ᠬᠠᠷᠢᠶᠠᠯᠠᠯ ᠪᠤᠰᠤ ᠪᠤᠰᠤᠳ ᠬᠥᠮᠥᠰ ᠠᠵᠢᠯ ᠠᠯᠳᠠᠭᠰᠠᠨ ᠤ ᠳᠠᠷᠠᠭ᠎ᠠ ᠬᠤᠪᠢ ᠬᠥᠮᠥᠨ ᠤ | ᠪᠡᠶ᠎ᠡ ᠶᠢᠨ ᠬᠦᠴᠦᠨ ᠪᠦᠬᠦᠢ ᠭᠡᠷᠡᠴᠢ ᠦᠨᠡᠮᠯᠡᠯ᠂ ᠠᠵᠢᠯᠲᠠᠨ ᠬᠡᠷᠡᠭᠯᠡᠬᠦ ᠨᠢᠭᠡᠴᠢ ︵ᠪᠤᠶᠤ ᠬᠤᠯᠪᠣᠭᠳᠠᠯ ᠪᠦᠬᠦᠢ | ᠰᠠᠯᠠᠭ᠎ᠠ ᠮᠥᠴᠢᠷ︶ ᠠᠴᠠ ᠭᠠᠷᠭᠠᠵᠤ ᠥᠭᠭᠦᠭᠰᠡᠨ ᠬᠥᠳᠡᠯᠮᠦᠷᠢ ᠶᠢᠨ ᠬᠠᠷᠢᠴᠠᠭ᠎ᠠ ᠶᠢ ᠨᠢ ᠵᠣᠭᠰᠣᠭᠠᠭᠰᠠᠨ ᠪᠤᠶᠤ | ᠴᠤᠴᠠᠯᠤᠭᠰᠠᠨ ᠭᠡᠷᠡᠴᠢ ᠪᠢᠴᠢᠭ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ ᠢ ᠲᠤᠰᠢᠶᠠᠬᠤ ᠬᠡᠷᠡᠭᠲᠡᠢ︔ | 3. ᠬᠤᠲᠠ ᠪᠠᠯᠭᠠᠰᠤ ᠶᠢᠨ ᠬᠥᠳᠡᠯᠮᠦᠷᠢᠯᠡᠭᠴᠢᠳ ᠠᠵᠢᠯ ᠣᠯᠣᠭᠰᠠᠨ ᠥᠩᠭᠡᠷᠡᠯᠲᠡ ᠲᠠᠢ ᠪᠣᠯ᠂ ᠬᠤᠪᠢ | ᠬᠥᠮᠥᠨ ᠤ ᠪᠡᠶ᠎ᠡ ᠶᠢᠨ ᠬᠦᠴᠦᠨ ᠪᠦᠬᠦᠢ ᠭᠡᠷᠡᠴᠢ ᠦᠨᠡᠮᠯᠡᠯ᠂ ︽ᠠᠵᠢᠯ ᠣᠯᠭᠤᠵᠤ ᠠᠳᠠᠯ ᠦᠢᠯᠡᠰ ᠪᠣᠰᠬᠠᠬᠤ | ᠦᠨᠡᠮᠯᠡᠯ︾᠂ ᠤᠤᠯ ᠤᠨ ᠨᠢᠭᠡᠴᠢ ᠶᠢᠨ ᠬᠢᠨᠢ ᠬᠥᠳᠡᠯᠮᠦᠷᠢ ᠶᠢᠨ ᠬᠠᠷᠢᠴᠠᠭ᠎ᠠ ᠶᠢ ᠨᠢ ᠵᠣᠭᠰᠣᠭᠠᠭᠰᠠᠨ᠂ | ᠴᠤᠴᠠᠯᠤᠭᠰᠠᠨ ᠪᠤᠶᠤ ᠤᠷᠢᠵᠤ ᠬᠡᠷᠡᠭᠯᠡᠬᠦ ᠪᠠᠨ ᠪᠣᠯᠢᠭᠰᠠᠨ ᠭᠡᠷᠡᠴᠢᠯᠡᠭᠡ ᠶᠢ ᠲᠤᠰᠢᠶᠠᠬᠤ ᠬᠡᠷᠡᠭᠲᠡᠢ︔ | 4. ᠪᠤᠳᠠᠭᠠᠯᠢ ᠪᠡᠶ᠎ᠡ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠥᠮᠴᠢᠲᠡᠨ ᠪᠤᠶᠤ | ᠬᠤᠪᠢ ᠪᠠᠷ ᠢᠶᠠᠨ ᠡᠵᠡᠩᠨᠡᠭᠰᠡᠨ ᠠᠵᠤ ᠠᠬᠤᠶᠢᠯᠠᠯ ᠤᠨ ᠥᠮᠴᠢᠲᠡᠨ ᠠᠴᠠ ᠠᠵᠢᠯ ᠢᠶᠠᠨ ᠵᠣᠭᠰᠣᠭᠠᠭᠰᠠᠨ᠂ | ᠲᠠᠮᠫᠤᠷᠠᠭᠰᠠᠨ᠂ ᠡᠵᠡᠩᠨᠡᠯᠲᠡ ᠪᠠᠨ ᠵᠣᠭᠰᠣᠭᠠᠭᠰᠠᠨ ᠪᠣᠯ᠂ ᠬᠤᠪᠢ ᠬᠥᠮᠥᠨ ᠤ ᠪᠡᠶ᠎ᠡ ᠶᠢᠨ ᠬᠦᠴᠦᠨ ᠪᠦᠬᠦᠢ ᠭᠡᠷᠡᠴᠢ | ᠦᠨᠡᠮᠯᠡᠯ᠂ ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠠᠴᠠ ᠣᠯᠭᠤᠭᠰᠠᠨ ᠠᠵᠢᠯ ᠨᠢ ᠵᠣᠭᠰᠣᠭᠰᠠᠨ᠂ ᠲᠠᠮᠫᠤᠷᠠᠭᠰᠠᠨ᠂ ᠡᠵᠡᠩᠨᠡᠯᠲᠡ ᠨᠢ ᠵᠣᠭᠰᠣᠭᠰᠠᠨ | ᠭᠡᠷᠡᠴᠢᠯᠡᠭᠡ ᠶᠢ ᠲᠤᠰᠢᠶᠠᠬᠤ ᠬᠡᠷᠡᠭᠲᠡᠢ︔ | 5. ᠪᠤᠰᠤᠳ ᠠᠵᠢᠯ ᠠᠯᠳᠠᠭᠰᠠᠳ᠂ ᠬᠤᠪᠢ ᠬᠥᠮᠥᠨ ᠤ ᠪᠡᠶ᠎ᠡ ᠶᠢᠨ ᠬᠦᠴᠦᠨ ᠪᠦᠬᠦᠢ ᠭᠡᠷᠡᠴᠢ ᠦᠨᠡᠮᠯᠡᠯ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠣᠯᠭᠤᠭᠰᠠᠨ ᠬᠠᠮᠢᠶ᠎ᠠ ᠪᠦᠬᠦᠢ ᠭᠡᠷᠡᠴᠢᠯᠡᠭᠡ ᠪᠠᠶᠢᠬᠤ ᠬᠡᠷᠡᠭᠲᠡᠢ᠃ | | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | ᠰᠠᠷᠠᠭᠤᠯ ᠪᠠᠭᠤᠯᠭᠠᠪᠠ |