ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠪᠣᠯᠤᠨ ᠨᠠᠰᠤᠵᠢᠯ ᠤᠨ ᠦᠶᠯᠡᠴᠢᠯᠡᠭᠡᠨ ᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠪᠠᠴᠢᠮ ᠮᠡᠳᠡᠭᠳᠡᠯ
ᠨᠡᠶᠢᠲᠡᠯᠡᠭᠰᠡᠨ ᠴᠠᠭ᠄
2020-04-17
ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠪᠣᠯᠤᠨ ᠨᠠᠰᠤᠵᠢᠯ ᠤᠨ ᠦᠶᠯᠡᠴᠢᠯᠡᠭᠡᠨ ᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠪᠠᠴᠢᠮ ᠮᠡᠳᠡᠭᠳᠡᠯ          ᠱᠠᠩᠳᠤ ᠶᠢᠨ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ          ᠲᠠᠷᠬᠠᠭᠠᠭᠰᠠᠨ ﹇2020﹈ 19 ᠳ᠋ᠦ᠋ᠭᠡᠷ ᠲᠣᠭᠠᠲᠤ   ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠪᠣᠯᠤᠨ ᠨᠠᠰᠤᠵᠢᠯ ᠤᠨ ᠦᠶᠯᠡᠴᠢᠯᠡᠭᠡᠨ ᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠪᠠᠴᠢᠮ ᠮᠡᠳᠡᠭᠳᠡᠯ     ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ᠄      ᠤᠯᠠᠭᠠᠨᠴᠠᠪ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ︽ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠴᠢᠩᠭᠠᠳᠬᠠᠬᠤ ᠲᠤᠬᠠᠶ ᠮᠡᠳᠡᠭᠳᠡᠯ︾ ︽ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠪᠠᠴᠢᠮ ᠮᠡᠳᠡᠭᠳᠡᠯ︾ ᠵᠢᠴᠢ ᠬᠤᠲᠠ  ᠶᠢᠨ ᠤᠳᠤᠷᠢᠳᠤᠯᠭ᠎ᠠ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠣᠰᠣᠭᠠᠷ᠂ ᠮᠠᠨ ᠤ ᠰᠢᠶᠠᠨ ᠠᠵᠢᠯ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠱᠠᠭᠠᠷᠳᠠᠯᠭ᠎ᠠ ᠶᠣᠰᠣᠭᠠᠷ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠪᠣᠯᠤᠨ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠱᠠᠭᠠᠷᠳᠠᠯᠭ᠎ᠠ ᠶᠣᠰᠣᠭᠠᠷ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠣᠯᠪᠠᠴᠤ ᠬᠢᠨᠠᠨ ᠵᠢᠯᠣᠭᠤᠳᠴᠤ ᠪᠠᠶᠢᠴᠠᠭᠠᠬᠤ ᠪᠠᠷ ᠲᠠᠮᠵᠢᠭᠤᠯᠤᠨ ᠮᠥᠨ ᠬᠦ ᠴᠥᠭᠡᠨ ᠪᠤᠰᠤ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠪᠣᠯᠤᠨ ᠨᠠᠰᠤᠵᠢᠯ ᠤᠨ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠬᠢᠨᠠᠨ ᠵᠢᠯᠣᠭᠤᠳᠴᠤ ᠪᠠᠶᠢᠴᠠᠭᠠᠬᠤ ᠳᠤ ᠢᠯᠡᠷᠡᠭᠦᠯᠦᠭᠰᠡᠨ ᠠᠰᠠᠭᠤᠳᠠᠯ      1 ᠬᠡᠰᠡᠭ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠨᠢ ᠪᠦᠷᠢᠮᠦᠰᠦᠨ ᠪᠢᠲᠡᠭᠦᠮᠵᠢᠯᠡᠭᠰᠡᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠦᠭᠡᠢ᠂ ᠬᠥᠮᠦᠰ ᠳᠤᠷ᠎ᠠ ᠪᠠᠷ ᠢᠶᠠᠨ ᠣᠷᠣᠵᠤ ᠭᠠᠷᠬᠤ ᠪᠠ ᠬᠦᠷᠢᠶᠡᠯᠡᠩ ᠤᠨ ᠠᠷᠠᠳ ᠬᠠᠷᠢᠯᠴᠠᠨ  ᠠᠶᠢᠯᠴᠢᠯᠠᠵᠤ᠂ ᠬᠥᠮᠦᠰ ᠴᠤᠭᠯᠠᠷᠠᠭᠰᠠᠨ ᠪᠠᠶᠢᠳᠠᠯ ᠣᠷᠣᠰᠢᠵᠤ ᠪᠠᠶᠢᠨ᠎ᠠ᠃      2 ᠬᠡᠰᠡᠭ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠵᠢᠯᠲᠠᠨ ᠪᠣᠯᠤᠨ ᠭᠦᠷᠢᠶᠡᠯᠡᠩ ᠤᠨ ᠠᠷᠠᠳ ᠤᠨ ᠰᠡᠷᠭᠡᠶᠢᠯᠡᠬᠦ ᠤᠬᠠᠮᠰᠠᠷ ᠥᠨᠳᠥᠷ ᠪᠤᠰᠤ᠂ ᠠᠮᠠᠪᠴᠢ ᠵᠡᠭᠦᠬᠦ ᠦᠭᠡᠶ᠂ ᠪᠡᠶ᠎ᠡ  ᠶᠢᠨ ᠳᠤᠯᠠᠭᠠᠨ ᠢ ᠬᠡᠮᠵᠢᠬᠦ ᠨᠢ ᠵᠢᠷᠤᠮᠵᠢᠯ ᠦᠭᠡᠶ᠃      3 ᠬᠡᠰᠡᠭ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ᠠᠷᠢᠭᠤᠳᠬᠠᠬᠤ ᠠᠷᠭ᠎ᠠ ᠬᠡᠮᠵᠢᠶ᠎ᠡ ᠨᠢ ᠪᠣᠳᠠᠲᠠᠶᠢᠵᠢᠭᠰᠠᠨ ᠦᠭᠡᠶ᠂ ᠴᠢᠨᠠᠭᠰᠢᠯᠠᠪᠠᠯ ᠠᠷᠢᠭᠤᠳᠬᠠᠭᠰᠠᠨ ᠦᠭᠡᠶ᠃      4 ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠲᠤᠳᠠᠮᠠᠭ᠂ ᠪᠡᠶ᠎ᠡ ᠶᠢᠨ ᠬᠠᠯᠠᠭᠤᠨ ᠢ ᠬᠡᠮᠵᠢᠬᠦ ᠪᠠᠭᠠᠵᠢ᠂ ᠠᠷᠢᠭᠤᠳᠬᠠᠬᠤ ᠰᠢᠩᠭᠡᠨ᠂ ᠰᠫᠢᠷᠲ᠂ ᠠᠮᠠᠪᠴᠢ ᠵᠡᠷᠭᠡ ᠴᠢᠬᠤᠯᠠ ᠪᠥᠬᠦᠶ ᠰᠡᠷᠭᠡᠶᠢᠯᠡᠨ ᠡᠵᠡᠮᠳᠡᠬᠦ ᠪᠠᠭᠠᠵᠢ ᠭᠡᠷᠡᠭᠰᠡᠯ ᠳᠤᠲᠠᠮᠠᠭ ᠪᠠᠶᠢᠨ᠎ᠠ᠃      ᠬᠤᠶᠠᠷ᠂ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ      ᠵᠢᠭᠰᠠᠭᠠᠨ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ᠂ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠨᠢᠭᠡᠴᠡ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ ᠲᠥᠷᠥᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠪᠤᠳᠠᠳᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠨᠢᠭᠡ ᠳᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ ᠤᠨ ᠦᠶᠯᠡᠴᠢᠯᠡᠭᠡᠨ  ᠤ ᠪᠠᠶᠢᠭᠤᠯᠤᠮᠵᠢ ᠶᠢᠨ ᠪᠢᠲᠡᠭᠦᠮᠵᠢᠯᠡᠨ ᠬᠠᠮᠢᠶᠠᠷᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ᠂ ᠭᠠᠳᠠᠨᠠᠬᠢ ᠬᠥᠮᠦᠰ ᠶᠠᠮᠠᠷᠪᠠ ᠰᠢᠯᠲᠠᠭᠠᠨ ᠢᠶᠠᠷ ᠴᠦ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠪᠠ ᠨᠠᠰᠤᠵᠢᠯ  ᠤᠨ ᠦᠶᠯᠡᠴᠢᠯᠡᠭᠡᠨ ᠤ ᠪᠠᠶᠢᠭᠤᠯᠤᠮᠵᠢ ᠳᠤ ᠣᠷᠣᠵᠤ ᠪᠣᠯᠬᠤ ᠦᠭᠡᠢ᠂ ᠳᠣᠲᠣᠷᠠᠬᠢ ᠬᠥᠮᠦᠰ ᠨᠢ ᠴᠥᠮ ᠵᠣᠯ ᠵᠢᠷᠭᠠᠯ  ᠤᠨ ᠬᠦᠷᠢᠶᠡᠯᠡᠩ ᠪᠠ ᠨᠠᠰᠤᠵᠢᠯ ᠤᠨ ᠦᠶᠯᠡᠴᠢᠯᠡᠭᠡᠨ ᠤ ᠪᠠᠶᠢᠭᠤᠯᠤᠮᠵᠢ ᠠᠴᠠ ᠰᠠᠯᠵᠤ ᠪᠣᠯᠬᠤ ᠦᠭᠡᠢ᠂ ᠬᠡᠷᠪᠡ ᠢᠳᠡᠭᠡᠨ᠂ ᠡᠮ ᠤᠨ ᠵᠦᠶᠯ ᠵᠡᠷᠭᠡ ᠡᠳ᠋ ᠪᠣᠳᠠᠰ ᠬᠤᠳᠠᠯᠳᠤᠨ ᠠᠪᠬᠤ ᠴᠢᠬᠤᠯᠠ ᠲᠠᠢ ᠪᠣᠯ᠂ ᠣᠯᠠᠨ ᠨᠡᠶᠢᠲᠡ ᠶᠢᠨ ᠬᠦᠮᠦᠰ ᠭᠡᠷ ᠲᠤᠨᠢ ᠬᠦᠷᠴᠦ ᠳᠠᠩᠰᠠᠯᠠᠭᠤᠯᠤᠭᠰᠠᠨ ᠤ ᠳᠠᠷᠠᠭ᠎ᠠ᠂ ᠵᠢᠭᠠᠨ ᠲᠣᠭᠲᠠᠭᠠᠭᠰᠠᠨ ᠠᠵᠢᠯᠲᠠᠨ ᠨᠢᠭᠡᠳᠦᠯᠲᠡᠶ  ᠪᠠᠷ ᠬᠤᠳᠠᠯᠳᠤᠨ ᠠᠪᠬᠤ ᠬᠡᠷᠡᠭᠲᠡᠶ᠃        ᠬᠤᠶᠠᠷ ᠲᠤ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ᠂ ᠨᠠᠰᠤᠵᠢᠯ ᠤᠨ ᠪᠠᠶᠢᠭᠤᠯᠤᠮᠵᠢ  ᠶᠢᠨ ᠠᠵᠢᠯᠳᠡᠳ ᠪᠠ ᠦᠶᠯᠡᠴᠢᠯᠡᠬᠦ ᠡᠲᠡᠭᠡᠳ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠦᠷᠢᠵᠢᠭᠤᠯᠵᠦ᠂ ᠪᠣᠶ ᠪᠥᠬᠦᠶ ᠬᠥᠮᠦᠰ ᠡᠷᠬᠡᠪᠰᠢ ᠠᠮᠠᠪᠴᠢ ᠵᠡᠭᠦᠵᠦ᠂ ᠡᠳᠦᠷ ᠪᠦᠷᠢ ᠨᠠᠭᠠᠳᠤ ᠵᠠᠬ᠎ᠠ ᠳᠠᠭᠠᠨ 2 ᠤᠳᠠᠭ᠎ᠠ ᠪᠡᠶ᠎ᠡ ᠶᠢᠨ ᠳᠤᠯᠠᠭᠠᠨ ᠢᠶᠠᠨ ᠬᠡᠮᠵᠢᠬᠦ ᠶᠢᠨ ᠬᠠᠮᠲᠤ ᠲᠠᠯᠠᠪᠤᠷ ᠭᠠᠵᠠᠷ ᠢ ᠠᠷᠢᠭᠤᠳᠬᠠᠬᠤ ᠬᠡᠷᠡᠭᠲᠡᠶ᠃ ᠬᠠᠯᠠᠭᠤᠷᠠᠬᠤ᠂ ᠬᠠᠨᠢᠶᠠᠬᠤ ᠵᠡᠷᠭᠡ ᠢᠯᠡᠷᠡᠯ ᠲᠠᠢ ᠪᠠᠶᠢᠬᠤ ᠶᠢ ᠣᠯᠵᠤ ᠮᠡᠳᠡᠪᠡᠯ᠂ ᠳᠠᠷᠤᠶᠢᠬᠠᠨ ᠬᠠᠷᠢᠶ᠎ᠠ ᠰᠢᠶᠠᠨ ᠪᠠᠯᠭᠠᠰᠤ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠪᠠᠶᠢᠳᠠᠯ ᠢᠶᠠᠨ ᠮᠡᠳᠡᠭᠦᠯᠬᠦ ᠶᠢᠨ ᠬᠠᠮᠲᠤ᠂ ᠪᠠᠶᠢᠳᠠᠯ ᠢᠶᠠᠨ ᠦᠨᠳᠦᠰᠦᠯᠡᠨ ᠴᠠᠭ ᠲᠤᠬᠠᠶ ᠳᠤᠨᠢ ᠵᠣᠬᠢᠴᠠᠩᠭᠤᠶ ᠠᠷᠭ᠎ᠠ ᠬᠡᠮᠵᠢᠶ᠎ᠡ ᠠᠪᠴᠤ ᠡᠮᠨᠡᠭᠦᠯᠦᠨ᠎ᠡ᠃      ᠭᠤᠷᠪᠠ ᠳᠤ ᠵᠣᠯ ᠵᠢᠷᠭᠠᠯ ᠤᠨ ᠬᠦᠷᠢᠶᠡᠯᠡᠩ ᠪᠣᠯᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠪᠠᠶᠢᠭᠤᠯᠤᠮᠵᠢ ᠳᠤ ᠴᠠᠭᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠶᠢᠯ ᠬᠡᠰᠦᠬᠦ᠂ ᠬᠠᠮᠲᠤ ᠬᠤᠭᠤᠯᠠᠯᠠᠬᠤ ᠂ ᠬᠥᠵᠥᠷ ᠨᠠᠭᠠᠳᠬᠤ᠂ ᠮᠠᠵᠢᠶᠠᠩ ᠨᠠᠭᠠᠳᠬᠤ ᠵᠡᠷᠭᠡ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠡᠷᠡᠰ ᠬᠤᠷᠢᠭᠯᠠᠨ ᠵᠤᠭᠰᠤᠭᠠᠵᠤ᠂ ᠢᠳᠬᠠᠨ ᠬᠤᠷᠢᠭᠯᠠᠬᠤ ᠶᠢ ᠰᠣᠨᠣᠰᠬᠤ ᠥᠬᠡᠶ ᠪᠣᠯ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ  ᠠᠴᠠ ︽ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠶᠳᠬᠡᠯ ᠤᠨ ᠬᠠᠤᠯᠢ︾ ᠶᠢ ᠦᠨᠳᠦᠰᠦᠯᠡᠨ ᠰᠢᠶᠳᠬᠡᠨ ᠲᠣᠷᠭᠠᠬᠤ ᠬᠡᠷᠡᠭᠲᠡᠶ᠃      ᠳᠥᠷᠪᠡ ᠳᠤ ᠡᠯ᠎ᠡ ᠰᠢᠶᠠᠩ ᠪᠠᠯᠭᠠᠰᠤ ᠨᠤᠭᠤᠳ ᠡᠬᠢ ᠪᠠᠶᠠᠯᠢᠭ ᠢ ᠵᠦᠶ ᠵᠣᠬᠢᠰᠲᠠᠶ ᠲᠣᠬᠢᠷᠠᠭᠤᠯᠵᠤ᠂ ᠵᠣᠯ ᠵᠢᠷᠭᠠᠯ ᠤᠨ ᠬᠦᠷᠢᠶᠡᠯᠡᠩ ᠪᠣᠯᠤᠨ ᠨᠠᠰᠤᠵᠢᠯ ᠤᠨ ᠪᠠᠶᠢᠭᠤᠯᠤᠮᠵᠢ ᠶᠢᠨ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠶᠢᠨ ᠪᠠᠳᠤᠯᠭ᠎ᠠ ᠶᠢ ᠴᠢᠩᠭᠠᠷᠠᠭᠤᠯᠤᠨ᠂ ᠵᠣᠯ ᠵᠢᠷᠭᠠᠯ ᠤᠨ ᠬᠦᠷᠢᠶᠡᠯᠡᠩ ᠪᠣᠯᠤᠨ ᠨᠠᠰᠤᠵᠢᠯ ᠤᠨ ᠪᠠᠶᠢᠭᠤᠯᠤᠮᠵᠢ ᠡᠷᠬᠡᠪᠰᠢ ᠪᠡᠯᠡᠳᠬᠡᠬᠦ ᠴᠢᠬᠤᠯᠠ ᠲᠠᠢ ᠠᠷᠢᠭᠤᠳᠬᠠᠬᠤ ᠰᠢᠩᠭᠡᠨ᠂ ᠰᠫᠢᠷᠲ᠂ ᠠᠮᠠᠪᠴᠢ ᠵᠡᠷᠭᠡ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠢ ᠲᠣᠬᠢᠷᠠᠭᠤᠯᠬᠤ ᠬᠡᠷᠡᠭᠲᠡᠶ᠃      ᠭᠤᠷᠪᠠ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠴᠢᠩᠭᠠᠷᠠᠭᠤᠯᠤᠨ᠎ᠠ      ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ ᠠᠴᠠ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠪᠠᠷ ᠲᠦᠷᠦᠭᠦᠯᠡᠭᠦᠯᠦᠨ᠂ ᠡᠯ᠎ᠡ ᠰᠢᠶᠠᠩ ᠪᠠᠯᠭᠠᠰᠤ ᠶᠢᠨ ᠵᠣᠯ ᠵᠢᠷᠭᠠᠯ ᠤᠨ ᠬᠦᠷᠢᠶᠡᠯᠡᠩ ᠪᠣᠯᠤᠨ ᠪᠦᠬᠦ ᠰᠢᠶᠠᠨ ᠤ ᠨᠠᠰᠤᠵᠢᠯ ᠤᠨ ᠪᠠᠶᠢᠭᠤᠯᠤᠮᠵᠢ ᠳᠤ ᠲᠠᠰᠤᠷᠠᠯᠲᠠ ᠤᠢᠭᠡᠢ ᠬᠢᠨᠠᠨ ᠪᠠᠶᠢᠴᠠᠭᠠᠯᠲᠠ ᠬᠢᠬᠦ ᠬᠡᠷᠡᠭᠲᠡᠶ᠃ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠨᠢ ᠬᠦᠴᠦᠨ ᠦᠭᠡᠢ᠂ ᠠᠵᠢᠯ ᠢ ᠬᠠᠰᠢ ᠶᠠᠰᠢ ᠪᠠᠷ ᠠᠯᠪᠠ ᠬᠠᠰᠢᠬᠤ᠂ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠬᠠᠷᠢᠯᠴᠠᠨ ᠲᠦᠯᠬᠢᠯᠴᠡᠵᠦ᠂ ᠨᠠᠵᠠᠭᠠᠶ ᠪᠠᠷ ᠠᠷᠭᠠᠴᠠᠭᠰᠠᠨ ᠪᠠᠶᠢᠳᠠᠯ ᠢ ᠣᠯᠵᠤ ᠮᠡᠳᠡᠪᠡᠯ᠂ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠲᠤᠭᠤᠶᠢᠯᠠᠩ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ  ᠤᠨ ᠳᠤᠮᠳᠠ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠲᠤᠭᠠᠭᠰᠠᠨ ᠵᠡᠷᠭᠡ ᠰᠠᠬᠢᠯᠭ᠎ᠠ ᠪᠠᠲᠤ ᠬᠠᠤᠯᠢ ᠴᠠᠭᠠᠵᠠ  ᠶᠢ ᠵᠥᠷᠢᠴᠡᠭᠰᠡᠨ ᠠᠰᠠᠭᠤᠳᠠᠯ ᠢ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠰᠢᠶᠳᠪᠦᠷᠢᠯᠡᠨ᠎ᠡ᠃      ᠡᠯ᠎ᠡ ᠰᠢᠶᠠᠩ ᠪᠠᠯᠭᠠᠰᠤ ᠨᠢ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠰᠡᠷᠭᠡᠶᠢᠯᠡᠨ ᠡᠵᠡᠮᠳᠡᠬᠦ ᠠᠵᠢᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠣᠯᠤᠨ ᠭᠠᠴᠠᠭ᠎ᠠ ᠲᠣᠰᠬᠤᠨ ᠤ ᠵᠥᠪᠯᠡᠯ᠂ ᠵᠣᠯ ᠵᠢᠷᠭᠠᠯ ᠤᠨ ᠬᠦᠷᠢᠶᠡᠯᠡᠩ ᠤᠨ ᠳᠠᠷᠤᠭ᠎ᠠ ᠶᠢᠨ ᠪᠣᠳᠠᠲᠠᠶ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠵᠤᠬᠢᠴᠠᠩᠭᠤᠢ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ ᠪᠠᠶᠢᠭᠤᠯᠬᠤ ᠬᠡᠷᠡᠭᠲᠡᠶ᠃    ᠬᠠᠷᠢᠯᠴᠠᠬᠤ ᠬᠥᠮᠦᠨ᠄ ᠼᠤᠤ ᠰᠢᠤᠸᠠᠢ ᠹᠸᠢ    6917324     14747428461              ᠱᠠᠩᠳᠤ ᠰᠢᠶᠠᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ    ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ    2020 ᠣᠨ ᠤ 2 ᠰᠠᠷ᠎ᠠ ᠶᠢᠨ 7 ᠤ ᠡᠳᠦᠷ                                          ᠤᠷᠴᠢᠭᠤᠯᠤᠭᠴᠢ᠄ ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2