ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠦᠢᠯ ᠤᠨ ᠲᠣᠪᠴᠢ ᠬᠡᠪᠯᠡᠯ
ᠨᠡᠶᠢᠲᠡᠯᠡᠭᠰᠡᠨ ᠴᠠᠭ᠄
2020-05-22
5 ᠰᠠᠷ᠎ᠠ ᠶᠢᠨ 22 ᠤᠨ ᠡᠳᠦᠷ᠂ ᠶᠡᠷᠦᠩᠬᠡᠶ ᠰᠠᠶᠢᠳ ᠯᠢ ᠺᠧ ᠴᠢᠶᠠᠩ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠬᠦ ᠳᠡᠭᠡᠨ ᠳᠣᠤᠷᠠᠬᠢ ᠮᠡᠲᠦ᠄    ᠨᠢᠭᠡ᠂ ᠨᠢᠳᠤᠨᠤᠨ ᠪᠠ ᠲᠤᠰ ᠵᠢᠯ ᠠᠴᠠ ᠨᠠᠰᠢᠬᠢ ᠠᠵᠢᠯ ᠤᠨ ᠡᠷᠭᠢᠴᠡᠭᠦᠯᠦᠯ    ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠥᠬᠦ ᠥᠷᠲᠡᠭ 99.1 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 6.1% ᠪᠠᠷ ᠨᠡᠮᠡᠭᠳᠡᠪᠡ    ᠨᠡᠯᠢᠶᠡᠳ ᠣᠬᠤᠷᠬᠠᠨ ᠬᠤᠭᠤᠴᠠᠭᠠᠨ ᠳᠣᠲᠣᠷ᠎ᠠ ᠬᠢᠵᠢᠭ ᠤᠨ ᠪᠠᠶᠢᠳᠠᠯ ᠢ ᠪᠦᠲᠦᠮᠵᠢᠲᠡᠶ ᠬᠢᠵᠠᠭᠠᠷᠯᠠᠵᠤ᠂ ᠠᠷᠠᠳ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠪᠠ    ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠲᠠᠯ᠎ᠠ ᠪᠠᠷ ᠴᠥᠭᠡᠨ ᠪᠤᠰᠤ ᠪᠠᠭᠤᠷᠠᠶ ᠲᠠᠯ᠎ᠠ ᠢᠯᠡᠷᠡᠪᠡ    ᠬᠤᠶᠠᠷ᠂ ᠡᠨᠡ ᠵᠢᠯ ᠤᠨ ᠴᠢᠬᠤᠯᠠ ᠬᠠᠷᠠᠯᠲᠠ    ᠪᠦᠬᠦ ᠵᠢᠯ ᠤᠨ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠶᠢᠨ ᠪᠣᠳᠠᠲᠠᠶ ᠬᠠᠷᠠᠯᠲᠠ ᠶᠢ ᠳᠤᠷᠠᠳᠤᠭᠰᠠᠨ ᠦᠭᠡᠢ    ᠬᠤᠲᠠ ᠪᠠᠯᠭᠠᠰᠤᠨ ᠤ 900 ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ 6% ᠣᠷᠴᠢᠮ    ᠣᠳᠣ ᠶᠢᠨ ᠬᠡᠷᠡᠭᠵᠢᠭᠦᠯᠵᠦ  ᠪᠠᠶᠢᠭ᠎ᠠ ᠪᠠᠷᠢᠮᠵᠢᠶ᠎ᠠ ᠳᠣᠤᠷ᠎ᠠ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠶ ᠰᠢᠶᠠᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠤᠨ᠎ᠠ    ᠭᠤᠷᠪᠠ᠂ ᠡᠨᠡ ᠵᠢᠯ ᠤᠨ ᠬᠡᠰᠡᠭ ᠭᠤᠣᠯᠳᠠᠯᠭ᠎ᠠ ᠲᠠᠢ ᠠᠵᠢᠯ    ᠡᠳ᠋ ᠤᠨ ᠵᠠᠰᠠᠭ ᠤᠨ ᠢᠳᠡᠪᠬᠢᠲᠡᠶ ᠲᠥᠷᠥ ᠶᠢᠨ ᠪᠣᠳᠣᠯᠭ᠎ᠠ ᠶᠢ ᠨᠠᠩ ᠢᠳᠡᠪᠬᠢᠲᠡᠶ ᠪᠥᠭᠡᠳ ᠠᠮᠵᠢᠯᠲᠠ ᠪᠦᠲᠦᠮᠵᠢ ᠭᠠᠷᠭᠠᠬᠤ ᠬᠡᠷᠡᠭᠲᠡᠶ    ᠵᠣᠭᠤᠰᠣᠨ ᠤ ᠯᠠᠪᠳᠠᠭᠤᠨ ᠲᠥᠷᠥ ᠶᠢᠨ ᠪᠣᠳᠣᠯᠭ᠎ᠠ ᠶᠢ ᠨᠠᠩ ᠠᠮᠢᠳᠤᠯᠢᠭ ᠲᠣᠬᠢᠷᠠᠮᠵᠢᠲᠠᠶ ᠪᠠᠶᠢᠯᠭᠠᠬᠤ ᠬᠡᠷᠡᠭᠲᠡᠶ    ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠬᠤ ᠬᠡᠷᠡᠭᠲᠡᠶ    ᠬᠢᠵᠢᠭ ᠢ ᠡᠰᠡᠷᠭᠦᠴᠡᠬᠦ᠄ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ ᠬᠢᠵᠢᠭ ᠳᠠᠬᠢᠨ ᠳᠡᠯᠭᠡᠷᠡᠬᠦ ᠶᠢ ᠡᠷᠡᠰ ᠰᠡᠷᠭᠡᠶᠢᠯᠡᠨ᠎ᠡ᠃ ᠬᠤᠪᠧᠶ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠦᠨ᠎ᠡ᠃   ᠡᠳ᠋ ᠤᠨ ᠵᠠᠰᠠᠭ᠄ ᠡᠳ᠋ ᠤᠨ ᠵᠠᠰᠠᠭ ᠤᠨ ᠤᠯᠠᠭᠠᠨ ᠲᠤᠭ᠎ᠠ ᠶᠢᠨ ᠬᠡᠪᠴᠢᠶ᠎ᠡ ᠨᠢᠳᠤᠨᠤᠨ ᠤ ᠬᠢ ᠠᠴᠠ 1 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠵᠦ᠂ 1 ᠲᠦᠮᠡᠨ ᠳ᠋ᠦᠩᠰᠢᠭᠤᠷ ᠲᠥᠭᠦᠷᠢᠭ ᠤᠨ ᠬᠢᠵᠢᠭ ᠢ ᠡᠰᠡᠷᠭᠦᠴᠡᠬᠦ ᠣᠨᠴᠠᠭᠠᠶ ᠤᠯᠤᠰ ᠤᠨ ᠵᠢᠭᠡᠯᠡᠯᠭᠡ   ᠲᠠᠷᠬᠠᠭᠠᠪᠠ    ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ᠄ ᠵᠢᠱᠢᠯᠲᠡ ᠪᠠᠷ ᠪᠥᠬᠦ ᠵᠢᠯ ᠳᠤ ᠠᠵᠤ ᠠᠬᠤᠶᠢᠯᠠᠯ ‍ᠨ ᠰᠢᠨ᠎ᠡ ᠪᠠᠷ ᠨᠡᠮᠡᠭᠳᠡᠭᠰᠡᠨ ᠳᠠᠷᠤᠭᠠᠰᠤ 2.5 ᠲᠦᠮᠡᠨ ᠳ᠋ᠦᠩᠰᠢᠭᠤᠷ ᠲᠥᠭᠦᠷᠢᠭ ᠢ ᠳᠠᠪᠠᠨ᠎ᠠ    ᠠᠵᠢᠯ ᠣᠯᠭᠤᠯᠲᠠ᠄ ᠠᠵᠢᠯ ᠣᠯᠭᠤᠯᠲᠠ ᠳᠠᠬᠢ ᠵᠦᠶ ᠵᠣᠬᠢᠰ ᠥᠬᠡᠶ ᠬᠢᠵᠠᠭᠠᠷᠯᠠᠯ ᠢ ᠢᠯᠭᠠᠷᠠᠭᠤᠯᠤᠨ ᠦᠭᠡᠶᠢᠰᠬᠡᠵᠦ᠂ ᠠᠵᠢᠯ ᠣᠯᠭᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠶᠢ  ᠭᠠᠷᠭᠠᠬᠤ ᠶᠣᠰᠣᠲᠠᠶ ᠪᠦᠬᠦᠨ ᠢ ᠭᠠᠷᠭᠠᠬᠤ ᠬᠡᠷᠡᠭᠲᠡᠶ    ᠰᠢᠨ᠎ᠡ ᠶᠢ ᠡᠭᠦᠳᠬᠦ᠄ ᠰᠢᠨ᠎ᠡ ᠨᠢᠭᠡ ᠡᠭᠡᠯᠵᠢ ᠶᠢᠨ ᠪᠥᠬᠦ ᠲᠠᠯ᠎ᠠ ᠪᠠᠷ ᠰᠢᠨ᠎ᠡ ᠶᠢ ᠡᠭᠦᠳᠬᠦ ᠥᠭᠡᠷᠡᠴᠢᠯᠡᠯᠲᠡ ᠶᠢᠨ ᠲᠤᠷᠰᠢᠯᠲᠠ ᠶᠢ ᠭᠦᠨᠵᠡᠭᠡᠶᠢᠷᠡᠭᠦᠯᠦᠨ᠎ᠡ    ᠬᠡᠷᠡᠭᠯᠡᠭᠡ᠄ ᠡᠯᠧᠺᠲᠷᠣᠨ ᠬᠤᠳᠠᠯᠳᠤᠭ᠎ᠠ᠂ ᠲᠦᠷᠭᠡᠨ ᠬᠦᠷᠭᠡᠯᠲᠡ ᠶᠢᠨ ᠬᠥᠳᠡᠭᠡ ᠲᠣᠰᠬᠤᠨ ᠳᠤ ᠣᠷᠣᠬᠤ ᠶᠢ ᠳᠡᠮᠵᠢᠨ᠎ᠡ᠃ 5G ᠶᠢᠨ ᠬᠡᠷᠡᠭᠯᠡᠯᠲᠡ ᠶᠢ ᠥᠷᠭᠡᠳᠬᠡᠨ᠎ᠡ    ᠪᠡᠯᠡ ᠣᠷᠣᠭᠤᠯᠤᠯᠲᠠ᠄ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 3.75 ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ6000 ᠳ᠋ᠦᠩᠰᠢᠭᠤᠷ ᠲᠥᠭᠦᠷᠢᠭ ᠲᠣᠬᠢᠷᠠᠭᠤᠯᠬᠤ ᠪᠠᠷ ᠲᠥᠯᠥᠪᠯᠡᠵᠦ ᠪᠠᠶᠢᠨ᠎ᠠ᠃    ᠮᠥᠩᠭᠦᠨ ᠭᠦᠢᠯᠭᠡᠭᠡ᠄ ᠲᠣᠮᠣ ᠬᠡᠯᠪᠡᠷᠢ ᠶᠢᠨ ᠬᠤᠳᠠᠯᠳᠤᠭᠠᠨ ᠤ ᠪᠠᠩᠬᠢ ᠶᠢᠨ ᠲᠦᠭᠡᠮᠡᠯ ᠬᠠᠷᠠᠭᠠᠯᠵᠠᠯ ᠦᠵᠡᠭᠦᠯᠬᠦ ᠬᠡᠯᠪᠡᠷᠢ ᠶᠢᠨ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠶᠢ 40%   ᠠᠴᠠ ᠥᠨᠳᠥᠷ ᠪᠠᠶᠢᠯᠭᠠᠬᠤ ᠬᠡᠷᠡᠭᠲᠡᠶ    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠄ ᠦᠯᠡᠳᠡᠵᠦ ᠪᠠᠶᠢᠭ᠎ᠠ ᠶᠠᠳᠠᠭᠤ ᠬᠦᠴᠢᠷᠳᠡᠯᠲᠡᠢ ᠰᠢᠶᠠᠨ ᠪᠠ ᠶᠠᠳᠠᠭᠤ ᠬᠦᠴᠢᠷᠳᠡᠯᠲᠡᠢ ᠲᠣᠰᠬᠤᠨ ᠤ ᠪᠣᠭᠤᠮᠲᠠ ᠰᠢᠪᠲᠤᠯᠬᠤ ᠡᠷᠴᠢᠮ ᠢ ᠴᠢᠩᠭᠠᠷᠠᠭᠤᠯᠤᠨ᠎ᠠ    ᠲᠠᠷᠢᠶᠠᠯᠠᠩ᠄ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 8000 ᠲᠦᠮᠡᠨ ᠮᠥ ᠰᠢᠨ᠎ᠡ ᠪᠠᠷ ᠪᠠᠶᠢᠭᠤᠯᠤᠨ᠎ᠠ    ᠰᠤᠷᠭᠠᠨ ᠬᠥᠮᠦᠵᠢᠯ᠄ ᠳᠡᠭᠡᠳᠦ ᠰᠤᠷᠭᠠᠭᠤᠯᠢ ᠶᠢᠨ ᠬᠥᠳᠡᠭᠡ ᠲᠣᠰᠬᠤᠨ ᠪᠠ ᠶᠠᠳᠠᠭᠤ ᠬᠦᠴᠢᠷᠳᠡᠯᠲᠡᠶ ᠭᠠᠵᠠᠷ ᠣᠷᠣᠨ ᠠᠴᠠ ᠰᠣᠷᠣᠭᠴᠢ ᠡᠯᠰᠡᠬᠦ ᠬᠡᠪᠴᠢᠶ᠎ᠡ ᠶᠢ ᠥᠷᠭᠡᠳᠬᠡᠨ᠎ᠡ    ᠨᠡᠶᠢᠭᠡᠮ ᠤᠨ ᠪᠠᠲᠤᠯᠠᠭ᠎ᠠ᠄ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠡᠪᠴᠢᠶ᠎ᠡ ᠶᠢ ᠦᠷᠭᠡᠳᠭᠡᠵᠦ᠂ ᠬᠤᠲᠠ ᠬᠥᠳᠡᠭᠡ ᠶᠢᠨ ᠬᠦᠴᠢᠷᠳᠡᠯᠲᠡᠶ ᠬᠡᠷ ᠪᠦᠯᠢ ᠶᠢᠨ ᠪᠠᠲᠤᠯᠠᠪᠠᠰᠤ ᠵᠣᠬᠢᠬᠤ ᠪᠦᠬᠦᠨ ᠢ ᠪᠠᠲᠤᠯᠠᠨ᠎ᠠ   ᠨᠡᠭᠡᠭᠡᠯᠲᠡ ᠬᠢᠬᠦ᠄ ᠭᠤᠷᠪᠠᠳᠤᠭᠠᠷ ᠬᠤᠭᠤᠴᠠᠭᠠᠨ ᠤ ᠭᠠᠳᠠᠭᠠᠳᠤ ᠣᠷᠣᠭᠤᠯᠤᠯᠲᠠ ᠶᠢᠨ ᠦᠵᠡᠰᠬᠦᠯᠡᠩ ᠤᠨ ᠴᠤᠭᠯᠠᠭᠠᠨ ᠢ ᠰᠠᠶᠢᠲᠤᠷ ᠪᠡᠯᠡᠳᠬᠡᠬᠦ ᠬᠡᠷᠡᠭᠲᠡᠶ᠃ ᠳᠤᠮᠳᠠᠳᠤ ᠠᠮᠧᠷᠢᠺᠠ ᠶᠢᠨ ᠨᠢᠭᠡᠳᠦᠭᠡᠷ ᠱᠠᠲᠤᠨ ᠤ ᠠᠵᠤ ᠠᠬᠤᠶ ᠠᠷᠠᠯᠵᠢᠶᠠᠨ ᠤ ᠬᠡᠯᠡᠯᠴᠡᠭᠡᠷ ᠢ ᠬᠠᠮᠲᠤ ᠪᠠᠷ  ᠨᠠᠶᠢᠳᠠᠪᠦᠷᠢᠵᠢᠭᠤᠯᠤᠨ᠎ᠠ᠃    ᠰᠢᠶᠠᠩᠭᠠᠩ ᠣᠣᠮᠧᠨ ᠲᠠᠶᠢᠸᠠᠨ᠄ ᠵᠠᠰᠠᠭ ᠵᠠᠬᠢᠷᠭᠠᠨ ᠤ ᠣᠨᠴᠠᠭᠠᠶ ᠣᠷᠣᠨ ᠤ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠤᠯᠢ ᠴᠠᠭᠠᠵᠠ ᠶᠢᠨ ᠲᠦᠷᠢᠮ ᠪᠠ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃                                                          ᠤᠷᠴᠢᠭᠤᠯᠤᠭᠴᠢ᠄  ᠰᠠᠷᠠᠭᠤᠯ    
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2