ᠰᠢ ᠶᠢᠨ ᠫᠢᠩ ᠦᠪᠤᠷ ᠮᠤᠩᠭᠤᠯ ᠤᠨ ᠲᠦᠯᠥᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠳᠠᠭᠠᠨ ᠴᠢᠬᠤᠯᠠᠴᠢᠯᠠᠬᠰᠠᠠ ᠨᠢ ᠠᠷᠠᠳ ᠲᠦᠮᠡᠨ ᠢ ᠲᠡᠬᠡᠳᠤᠯᠡᠬᠦ ᠶᠢ ᠪᠠᠷᠢᠮᠳᠠᠯᠠᠨ ᠠᠷᠠᠳ ᠲᠦᠮᠡᠨ ᠳᠤ ᠲᠠᠰᠤᠷᠠᠯᠳᠡ ᠦᠬᠡᠢ ᠪᠤᠶᠠᠨ ᠦᠢᠯᠡᠳᠴᠦ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠡᠯ᠎ᠡ ᠵᠦᠢᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠪᠤᠯᠤᠨ ᠪᠤᠳᠠᠳᠠᠢ ᠠᠵᠢᠯ ᠳᠠᠭᠠᠨ ᠨᠠᠶᠢᠳᠠᠪᠤᠷᠢᠵᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2020-05-28
     5 ᠰᠠᠷ᠎ᠠ ᠶᠢᠨ 22 ᠤᠨ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 22 ᠤᠨ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠭᠤᠷᠢ ᠨᠢ ᠠᠷᠠᠳ ᠲᠦᠮᠡᠨ ᠳᠤ ᠪᠠᠶᠢᠨ᠎ᠠ᠂ ᠠᠮᠢᠨ ᠰᠤᠳᠠᠰᠤ ᠨᠢ ᠠᠷᠠᠳ ᠲᠦᠮᠡᠨ ᠳᠤ ᠪᠠᠶᠢᠨ᠎ᠠ᠃ ᠨᠠᠮ ᠠᠴᠠ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠬᠢᠭᠰᠡᠨ ᠤ ᠦᠨᠳᠦᠰᠦᠨ ᠵᠣᠷᠢᠯᠭ᠎ᠠ ᠨᠢ ᠠᠷᠠᠳ ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠶᠢᠨ ᠲᠥᠯᠥᠭᠡ ᠶᠤᠮ᠂ ᠬᠡᠳᠦᠶ ᠶᠡᠭᠡ ᠥᠷᠢᠰᠥᠯᠳᠦᠭᠡᠨ ᠪᠣᠯᠤᠨ ᠳᠠᠷᠤᠯᠲᠠ ᠳᠤ ᠲᠤᠯᠭᠠᠷᠠᠭᠰᠠᠨ ᠴᠤ᠂ ᠬᠡᠳᠦᠶ ᠶᠡᠭᠡ ᠦᠷᠡᠭᠳᠡᠯ ᠪᠣᠯᠤᠨ ᠦᠨ᠎ᠡ ᠥᠷᠲᠡᠭ ᠭᠠᠷᠭᠠᠭᠰᠠᠨ ᠴᠤ᠂ ᠡᠨᠡ ᠲᠠᠯ᠎ᠠ ᠪᠠᠷ ᠪᠦᠷ ᠢᠮᠠᠭᠲᠠ ᠬᠤᠪᠢᠷᠠᠰᠢ ᠦᠭᠡᠶ᠂ ᠥᠴᠦᠬᠡᠨ ᠴᠦ ᠭᠤᠶᠢᠪᠢᠰᠢ ᠦᠭᠡᠶ ᠶᠤᠮ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ ᠨᠢ ᠨᠠᠮ ᠤᠨ ᠬᠦᠰᠡᠯᠡᠩ ᠢᠲᠡᠭᠡᠯ ᠪᠢᠰᠢᠷᠡᠯ᠂ ᠮᠥᠨ ᠴᠢᠨᠠᠷ ᠵᠣᠷᠢᠯᠲᠠ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠵᠦ ᠪᠠᠶᠢᠬᠤ ᠪᠠᠷ ᠪᠠᠷᠠᠬᠤ ᠦᠭᠡᠶ ᠪᠠᠰᠠ ᠴᠤ ᠨᠠᠮ ᠤᠨ ᠲᠡᠮᠡᠴᠡᠯ ᠤᠨ ᠥᠩᠭᠡᠷᠡᠯᠲᠡ ᠪᠣᠯᠤᠨ ᠦᠢᠯᠡᠳᠦᠯᠭᠡ ᠶᠢᠨ ᠲᠤᠷᠰᠢᠯᠭ᠎ᠠ ᠶᠢᠨ ᠭᠦᠨᠵᠡᠭᠡᠶ ᠳ᠋ᠦᠩᠨᠡᠯᠲᠡ ᠪᠣᠯᠤᠨ᠎ᠠ᠃ ᠠᠷᠠᠳ ᠲᠦᠮᠡᠨ ᠢ ᠳᠡᠭᠡᠳᠦᠯᠡᠬᠦ᠂ ᠠᠷᠠᠳ ᠲᠦᠮᠡᠨ ᠳᠤ ᠨᠢᠭᠲᠠ ᠲᠦᠰᠢᠭᠯᠡᠬᠦ᠂ ᠠᠷᠠᠳ ᠲᠦᠮᠡᠨ ᠳᠤ ᠲᠠᠰᠤᠷᠠᠯᠲᠠ ᠤᠢᠭᠡᠢ ᠪᠤᠶᠠᠨ ᠦᠢᠯᠡᠳᠬᠦ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠬᠦ ᠶᠢ ᠡᠷᠬᠡᠪᠰᠢ ᠪᠠᠷᠢᠮᠲᠠᠯᠠᠬᠤ ᠶᠢᠨ ᠬᠠᠮᠲᠤ ᠡᠯ᠎ᠡ ᠵᠦᠢᠯ ᠤᠨ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠪᠣᠳᠠᠲᠠᠶ ᠠᠵᠢᠯ ᠳᠠᠭᠠᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ ᠠᠵᠢᠯ ᠢ ᠰᠠᠶᠢᠲᠤᠷ ᠬᠢᠬᠦ ᠳᠤᠮᠳᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨ ᠬᠥᠷ ᠬᠥᠭᠵᠢᠶᠡᠨᠲᠡᠶ ᠶᠠᠷᠢᠯᠴᠠᠵᠠᠭᠠᠨ᠎ᠠ᠃ ᠹᠸᠢ ᠳ᠋ᠦᠩ ᠪᠢᠨ᠂ ᠡᡁᠦ᠋ᠸᠧ ᠵᠣᠣ ᠯᠢᠶᠠᠩ᠂ ᠰᠢᠤᠸᠠᠢ ᡁᠢ ᠭᠦᠸᠧ᠂ ᠬᠦᠬᠡᠪᠠᠭᠠᠳᠤᠷ᠂ ᠮᠧᠶ ᠬᠤᠸᠠ ᠵᠡᠷᠭᠡ 5 ᠲᠥᠯᠥᠭᠡᠯᠡᠭᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠵᠤ ᠪᠦᠲᠦᠭᠡᠨ ᠪᠠᠶᠢᠭᠤᠯᠬᠤ ᠡᠷᠴᠢᠮ ᠢ ᠴᠢᠩᠭᠠᠷᠠᠭᠤᠯᠬᠤ᠂ ᠨᠡᠭᠦᠳᠡᠯ ᠨᠠᠮ ᠤᠨ ᠡᠭᠦᠷ ᠤᠨ ᠦᠢᠯᠡᠳᠦᠯ ᠢ ᠪᠠᠳᠠᠷᠠᠭᠤᠯᠬᠤ᠂ ᠠᠮᠢᠲᠠᠨ ᠤ ᠭᠡᠮ ᠬᠢᠵᠢᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠰᠠᠶᠢᠲᠤᠷ ᠬᠢᠬᠦ ᠵᠡᠷᠭᠡ ᠠᠰᠠᠭᠤᠳᠠᠯ ᠤᠨ ᠲᠣᠭᠤᠷᠢᠨ ᠳᠤ ᠦᠭᠡ ᠬᠡᠯᠡᠪᠡ᠃ ᠰᠢ ᠶᠢᠨ ᠫᠢᠩ ᠪᠠᠶᠢᠨ ᠪᠠᠶᠢᠨ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠨ᠎ᠠ᠃
    5 ᠰᠠᠷ᠎ᠠ ᠶᠢᠨ 22 ᠤᠨ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤ ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠤᠨᠤᠰᠤᠬᠰᠠᠨ ᠤ ᠳᠠᠷᠠᠭ᠎ᠠ ᠰᠢ ᠶᠢᠨ ᠫᠢᠩ ᠦᠬᠡ ᠬᠡᠯᠡᠪᠡ᠃ ᠳᠡᠷᠡ ᠡᠩ ᠳᠡᠷᠢᠬᠦᠨ ᠳᠤ ᠵᠠᠰᠠᠬ ᠤᠨ ᠤᠷᠳᠤᠨ ᠤ ᠠᠵᠢᠯ ᠤᠨ ᠢᠯᠡᠳᠬᠡᠯ ᠢ ᠪᠦᠷᠢᠮᠦᠰᠦᠨ ᠵᠦᠪᠰᠢᠶᠡᠷᠡᠵᠥ ᠪᠠᠶᠢᠬᠤ᠂ ᠦᠪᠦᠷ ᠮᠤᠩᠭᠤᠯ ᠤᠨ ᠨᠢᠬᠡ ᠵᠢᠯ ᠤᠨ ᠳᠤᠷᠰᠢᠬᠢ ᠠᠵᠢᠯ ᠢ ᠬᠦᠢᠴᠡᠳ ᠨᠤᠳᠠᠯᠠᠵᠥ ᠪᠠᠶᠢᠬᠤ ᠪᠠᠨ ᠢᠯᠡᠳᠬᠡᠵᠥ᠂ ᠦᠪᠦᠷ ᠮᠤᠩᠭᠤᠯ ᠤᠨ ᠨᠦᠬᠦᠳ ︽ᠮᠤᠩᠭᠤᠯ ᠮᠤᠷᠢᠨ ᠤ ᠵᠤᠷᠢᠬ ᠰᠠᠨᠠᠭ᠎ᠠ︾ ᠶᠢ ᠶᠡᠭᠡ ᠪᠠᠷ ᠪᠠᠳᠠᠷᠠᠭᠤᠯᠤᠨ᠂ ᠨᠠᠮ  ᠤᠨ ᠳᠦᠪ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠳᠤᠭᠤᠰᠢᠯᠠᠭᠤᠯᠵᠥ᠂ ᠠᠷᠠᠳ ᠳᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠳᠤᠬᠳᠠᠭᠤᠨ ᠤ ᠳᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠡ ᠬᠦᠭᠵᠢᠯᠳᠡ ᠶᠢᠨ ᠦᠢᠯᠠᠭᠠᠬᠳᠠᠬᠤᠨ ᠢ ᠪᠠᠷᠢᠮᠳᠠᠯᠠᠵᠥ᠂ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠡᠷᠡᠰ ᠰᠠᠶᠢᠳᠤᠷ ᠬᠢᠵᠥ᠂ ︽ᠵᠢᠷᠭᠤᠭ᠎ᠠ ᠶᠢ ᠳᠤᠬᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠥ᠂ ︽ᠵᠢᠷᠭᠤᠭ᠎ᠠ ᠶᠢ ᠪᠠᠳᠤᠯᠠᠬᠤ︾ ᠡᠬᠦᠷᠬᠡ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠠᠴᠠ ᠪᠤᠯᠤᠭᠰᠠᠨ ᠠᠰᠢᠬ ᠦᠬᠡᠢ ᠨᠦᠯᠦᠬᠡ ᠶᠢ ᠡᠷᠡᠰ ᠢᠯᠠᠨ ᠳᠠᠪᠠᠵᠥ ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠤᠷᠢᠳᠦ ᠢᠯᠠᠯᠳᠠ ᠶᠢ ᠤᠯᠬᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠳᠤ ᠳᠠᠶᠢᠯᠠᠯᠳᠤᠭᠠᠨ ᠬᠢᠬᠦ ᠬᠠᠷᠠᠯᠳᠠ ᠡᠬᠦᠷᠬᠡ ᠪᠠᠨ ᠪᠡᠶᠡᠯᠡᠬᠦᠯᠬᠦ ᠶᠢ ᠦᠨᠡᠨ ᠬᠦ ᠪᠠᠳᠤᠯᠠᠵᠥ᠂ ᠰᠢᠨ᠎ᠡ ᠴᠠᠬ ᠦᠶ᠎ᠡ ᠳᠤ ᠨᠡᠶᠢᠭᠡᠮ ᠵᠢᠷᠦᠮ ᠤᠨ ᠤᠳᠤᠬᠢᠴᠢᠯᠠᠬᠰᠠᠨ ᠤᠯᠤᠰ ᠢ ᠪᠦᠬᠦ ᠳᠠᠯ᠎ᠠ ᠪᠠᠷ ᠪᠦᠲᠦᠭᠡᠨ ᠪᠠᠶᠢᠭᠤᠯᠬᠤ ᠠᠶᠠᠨ ᠳᠤ ᠦᠪᠦᠷ ᠮᠤᠩᠭᠤᠯ ᠤᠨ ᠬᠦᠭᠵᠢᠯᠳᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠦᠰᠡᠵᠠᠢ᠃
    ᠰᠢ ᠶᠢᠨ ᠫᠢᠩ᠂ ᠮᠠᠨ ᠤ ᠨᠠᠮ ᠳᠤ ᠦᠪᠡᠷ ᠤᠨ ᠬᠡᠰᠡᠨ ᠤᠨᠴᠠᠭᠠᠢ ᠠᠰᠢᠬ ᠳᠤᠰᠠ ᠬᠡᠵᠥ ᠪᠠᠶᠢᠬᠤ ᠦᠬᠡᠢ᠂ ᠮᠠᠨ ᠤ ᠨᠠᠮ ᠶᠠᠮᠠᠷᠪᠠ ᠴᠠᠬ ᠦᠶ᠎ᠡ ᠳᠤ ᠬᠡᠳ ᠪᠦᠷ ᠠᠷᠠᠳ ᠳᠦᠮᠡᠨ ᠤ ᠠᠰᠢᠬ ᠳᠤᠰᠠ ᠶᠢ ᠳᠡᠷᠢᠬᠦᠨ ᠳᠤ ᠳᠠᠯᠪᠢᠳᠠᠭ ᠃ ᠡᠨᠡ ᠪᠤᠯ ᠮᠠᠨ ᠤ ᠨᠠᠮ ᠤᠨ ᠮᠠᠷᠺᠰ ᠤᠨ ᠦᠵᠡᠯ ᠤᠨ ᠳᠦᠷᠦ ᠶᠢᠨ ᠨᠠᠮ ᠪᠤᠯᠤᠬᠰᠠᠨ ᠤ ᠬᠤᠪᠢ ᠳᠤ ᠪᠤᠰᠤᠳ ᠳᠦᠷᠦ ᠶᠢᠨ ᠨᠠᠮ ᠠᠴᠠ ᠢᠯᠭᠠᠬᠳᠠᠬᠤ ᠳᠤᠪᠤᠶᠢᠮ᠎ᠠ ᠰᠢᠨᠵᠢ ᠳᠡᠮᠳᠡᠭ ᠪᠤᠯᠤᠨ᠎ᠠ᠃ ᠬᠦᠨᠳᠤ ᠶᠡᠭᠡ ᠬᠢᠵᠢᠭ ᠤᠨ ᠪᠠᠶᠢᠳᠠᠯ ᠤᠨ ᠡᠮᠤᠨ᠎ᠡ ᠪᠢᠳᠡ ᠡᠬᠢᠯᠠᠩᠭᠦᠳᠡ ᠪᠠᠨ ᠳᠠᠷᠤᠢ ᠠᠷᠠᠳ ᠳᠦᠮᠡᠨ ᠤ ᠠᠮᠢ ᠨᠠᠰᠤᠨ ᠤ ᠠᠮᠤᠷ ᠳᠦᠪᠰᠢᠨ ᠪᠠ ᠪᠡᠶ᠎ᠡ ᠮᠡᠬᠠᠪᠤᠳ ᠤᠨ ᠡᠷᠡᠬᠦᠯ ᠮᠡᠨᠳᠤ ᠶᠢ ᠳᠡᠷᠢᠬᠦᠨ ᠳᠤ ᠳᠠᠯᠪᠢᠬᠤ ᠬᠡᠷᠡᠭᠳᠡᠢ ᠬᠡᠵᠥ ᠳᠤᠳᠤᠷᠬᠠᠢ ᠳᠤᠷᠠᠳᠴᠠᠢ᠃ ᠪᠦᠬᠦ ᠤᠯᠤᠰ ᠤᠨ ᠬᠡᠪᠴᠢᠶᠠᠨ ᠳᠤ ᠬᠠᠮᠤᠭ ᠤᠨ ᠰᠢᠯᠢᠳᠡᠭ ᠡᠮᠴᠢ᠂ ᠬᠠᠮᠤᠭ ᠤᠨ ᠲᠡᠷᠢᠬᠦᠨ ᠤ ᠲᠤᠨᠤᠭ ᠲᠦᠬᠦᠭᠡᠷᠤᠮᠵᠢ᠂ ᠬᠠᠮᠤᠭ ᠤᠨ ᠪᠡᠴᠢᠮ ᠭᠡᠷᠡᠭᠰᠡᠬᠦ ᠡᠬᠢ ᠪᠠᠶᠠᠯᠢᠭ ᠢ ᠰᠢᠯᠵᠢᠬᠦᠯᠤᠨ ᠲᠦᠪᠯᠡᠷᠡᠬᠦᠯᠵᠤ᠂ ᠬᠢᠵᠢᠭ ᠡᠪᠡᠳᠴᠢᠨ ᠢ ᠡᠮᠨᠡᠨ ᠵᠠᠰᠠᠬᠤ ᠳᠤ ᠪᠦᠬᠦ ᠬᠦᠴᠤ ᠪᠠᠷ ᠢᠶᠠᠨ ᠤᠷᠤᠯᠴᠠᠨ᠂ ᠡᠮᠨᠡᠨ ᠵᠠᠰᠠᠬᠤ ᠵᠠᠷᠤᠳᠠᠯ ᠢ ᠪᠦᠬᠦᠨ ᠢ ᠤᠯᠤᠰ ᠠᠴᠠ ᠬᠠᠷᠢᠭᠤᠴᠠᠨ ᠡᠬᠦᠷᠭᠡᠯᠡᠪᠠ᠃ ᠠᠷᠠᠳ ᠲᠦᠮᠡᠨ ᠢ ᠳᠡᠭᠡᠳᠦᠯᠡᠨ ᠠᠮᠢ ᠨᠠᠰᠤ ᠶᠢ ᠳᠡᠭᠡᠳᠦᠯᠡᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠠᠶ᠎ᠡ ᠮᠠᠬᠠᠪᠤᠳ ᠤᠨ ᠡᠷᠡᠬᠦᠯ ᠮᠠᠨᠳᠤ ᠶᠢ ᠬᠠᠮᠠᠭᠠᠯᠠᠬᠤ ᠳᠤ ᠶᠠᠮᠠᠷᠪᠠ ᠦᠷᠡᠭᠳᠡᠯ ᠭᠠᠷᠭᠠᠬᠤ ᠠᠴᠠ ᠴᠦ ᠪᠤᠴᠠᠬᠰᠠᠨ ᠦᠭᠡᠢ ᠶᠤᠮ᠃ ᠭᠠᠳᠠᠨ᠎ᠡ ᠠᠴᠠ ᠬᠠᠯᠳᠠᠪᠤᠷᠢᠯᠡᠨ ᠤᠷᠤᠵᠤ ᠢᠷᠠᠬᠦ ᠶᠢ ᠰᠡᠷᠭᠡᠶᠢᠯᠡᠬᠦ᠂ ᠲᠤᠳᠤᠭᠠᠳᠤ ᠳᠠᠭᠠᠨ ᠲᠠᠬᠢᠨ ᠬᠡᠴᠡᠭᠦᠳᠡᠬᠦ ᠶᠢ ᠰᠡᠷᠭᠡᠶᠢᠯᠡᠬᠦ ᠱᠠᠭᠠᠷᠳᠠᠯᠭ᠎ᠠ ᠶᠢ ᠦᠷᠬᠦᠯᠵᠢᠯᠡᠨ ᠪᠠᠷᠢᠮᠳᠠᠯᠠᠵᠤ᠂ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠤᠨ᠂ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠬᠤ ᠲᠤᠬᠳᠠᠴᠠ ᠪᠠᠨ ᠲᠡᠬᠦᠯᠳᠡᠷᠵᠢᠬᠦᠯᠵᠤ᠂ ᠬᠢᠵᠢᠭ ᠤᠨ ᠲᠠᠬᠢᠨ ᠬᠡᠴᠡᠭᠦᠳᠡᠬᠦ ᠪᠠᠶᠢᠳᠠᠯ ᠡᠬᠦᠰᠬᠦ ᠦᠭᠡᠢ ᠪᠠᠶᠢᠬᠤ ᠶᠢ ᠦᠨᠡᠨ ᠬᠦ ᠪᠠᠳᠤᠯᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃
    ᠰᠢ ᠶᠢᠨ ᠫᠢᠩ᠂ ᠠᠷᠠᠳ ᠲᠦᠮᠡᠨ ᠪᠤᠯ ᠮᠠᠨ ᠤ ᠨᠠᠮ ᠤᠨ ᠲᠦᠷᠦ ᠪᠠᠷᠢᠬᠤ ᠬᠠᠮᠤᠭ ᠤᠨ ᠶᠡᠭᠡ ᠦᠮᠦᠭ ᠲᠦᠰᠢᠭ ᠮᠦᠨ᠃ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠮᠠᠴᠡᠯ ᠲᠤᠮᠳᠠ᠂ ᠨᠠᠮ  ᠤᠨ ᠲᠦᠪ ᠬᠤᠷᠢᠶᠠᠨ ᠤ ᠲᠦᠪᠯᠡᠷᠡᠩᠭᠦᠢ ᠨᠢᠭᠡᠳᠦᠯᠳᠠᠢ ᠤᠳᠤᠷᠢᠳᠤᠯᠭ᠎ᠠ ᠲᠤᠤᠷ᠎ᠡ᠂ ᠤᠯᠤᠰ ᠳᠠᠶᠠᠭᠠᠷ ᠢᠶᠠᠨ ᠬᠦᠳᠡᠯᠦᠯᠴᠡᠨ ᠪᠦᠬᠦ ᠠᠷᠠᠳ ᠢᠶᠠᠷ ᠢᠶᠠᠨ ᠤᠷᠤᠯᠴᠠᠵᠤ᠂ ᠬᠤᠯᠪᠤᠭᠠᠯᠠᠨ ᠰᠡᠷᠭᠡᠶᠢᠯᠡᠵᠤ ᠬᠤᠯᠪᠤᠭᠠᠯᠠᠨ ᠡᠵᠡᠮᠳᠡᠵᠤ᠂ ᠤᠯᠠᠨ ᠢᠶᠠᠷ ᠢᠶᠠᠨ ᠰᠡᠷᠭᠡᠶᠢᠯᠡᠨ ᠤᠯᠠᠨ ᠢᠶᠠᠷ ᠢᠶᠠᠨ ᠵᠠᠰᠠᠵᠤ᠂ ᠬᠠᠮᠤᠭ ᠤᠨ ᠨᠢᠬᠳᠠ ᠴᠢᠩᠭ᠎ᠠ ᠰᠡᠷᠭᠡᠶᠢᠯᠡᠨ ᠡᠵᠡᠮᠳᠡᠬᠦ ᠰᠢᠰᠲ᠋ᠧᠮ ᠢ ᠴᠤᠬᠴᠠᠯᠠᠨ᠂ ᠡᠪᠳᠡᠷᠡᠰᠢ ᠦᠭᠡᠢ ᠪᠠᠳᠤ ᠴᠢᠩᠭ᠎ᠠ ᠬᠦᠴᠦᠷᠭᠡᠭ ᠶᠡᠭᠡ ᠬᠦᠴᠤᠨ ᠢ ᠨᠢᠬᠳᠠᠷᠠᠭᠤᠯᠵᠠᠢ᠃ ᠦᠷᠭᠡᠨ ᠤᠯᠠᠨ ᠠᠷᠠᠳ ᠲᠦᠮᠡᠨ ᠶᠡᠭᠡ ᠶᠤᠰᠤ ᠶᠢ ᠮᠡᠳᠡᠵᠤ᠂ ᠶᠡᠭᠡ ᠲᠠᠯ᠎ᠡ ᠶᠢ ᠬᠠᠷᠠᠭᠠᠯᠵᠠᠨ᠂ ᠤᠬᠠᠮᠰᠠᠷ ᠠᠴᠠ ᠪᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠮᠠᠴᠡᠯ ᠤᠨ ᠶᠡᠭᠡ ᠲᠠᠯ᠎ᠡ ᠳᠤ ᠬᠠᠮᠵᠢᠯᠴᠠᠵᠤ᠂ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ ᠰᠠᠭᠤᠷᠢ ᠬᠦᠴᠤᠨ ᠢ ᠪᠦᠷᠢᠯᠳᠦᠬᠦᠯᠪᠡ᠃ ᠮᠠᠨ ᠤ ᠤᠯᠤᠰ ᠤᠨ ᠨᠡᠶᠢᠭᠡᠮ ᠵᠢᠷᠤᠮ ᠤᠨ ᠠᠷᠠᠳᠴᠢᠯᠠᠯ ᠪᠤᠯ ᠠᠷᠠᠳ ᠲᠦᠮᠡᠨ ᠤ ᠦᠨᠳᠤᠰᠤᠨ ᠠᠰᠢᠭ ᠲᠤᠰᠠ ᠶᠢ ᠬᠠᠮᠠᠭᠠᠯᠠᠬᠤ ᠬᠠᠮᠤᠭ ᠤᠨ ᠦᠷᠭᠡᠨ ᠲᠠᠯᠭᠡᠷ᠂ ᠬᠠᠮᠤᠭ ᠤᠨ ᠦᠨᠡᠨ ᠪᠤᠳᠠᠳᠠᠢ᠂ ᠬᠠᠮᠤᠭ ᠤᠨ ᠲᠤᠰᠠ ᠨᠠᠮᠠᠷᠢ ᠲᠠᠢ ᠠᠷᠠᠳᠴᠢᠯᠡᠯ ᠮᠦᠨ᠃ ᠪᠢᠳᠠ ᠠᠷᠠᠳ ᠤᠨ ᠠᠷᠠᠳᠴᠢᠯᠠᠯ ᠢ ᠪᠠᠷᠢᠮᠳᠠᠯᠠᠵᠤ᠂ ᠠᠷᠠᠳ ᠲᠦᠮᠡᠨ ᠤ ᠤᠶᠤᠨ ᠤᠬᠠᠭᠠᠨ ᠪᠠ ᠬᠦᠴᠤᠨ ᠴᠢᠳᠠᠯ ᠢ ᠨᠠᠮ ᠪᠤᠯᠤᠨ ᠠᠷᠠᠳ ᠲᠦᠮᠡᠨ ᠤ ᠠᠵᠢᠯ ᠦᠢᠯᠡᠰ ᠲᠡᠭᠡᠷ᠎ᠡ ᠲᠦᠪᠯᠡᠷᠡᠬᠦᠯᠬᠦ ᠭᠡᠷᠡᠭᠳᠠᠢ᠃ ᠦᠪᠤᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠪᠤᠯ ᠮᠠᠨ ᠤ ᠤᠯᠤᠰ ᠤᠨ ᠬᠠᠮᠤᠭ ᠤᠨ ᠡᠷᠳᠡ ᠪᠠᠶᠢᠭᠤᠯᠤᠬᠳᠠᠬᠰᠡᠨ ᠦᠨᠳᠤᠰᠤᠳᠡᠨ ᠤ ᠦᠪᠡᠷᠳᠡᠭᠡᠨ ᠵᠠᠰᠬᠠᠤ ᠤᠷᠤᠨ ᠪᠤᠯᠤᠨ᠎ᠡ᠂ ᠦᠨᠳᠤᠰᠤᠳᠡᠨ ᠤ ᠤᠷᠤᠨ ᠤ ᠦᠪᠡᠷᠳᠡᠭᠡᠨ ᠵᠠᠰᠬᠠᠤ ᠪᠠᠶᠢᠭᠤᠯᠤᠯ ᠢ ᠪᠠᠷᠢᠮᠳᠠᠯᠡᠨ ᠲᠡᠬᠦᠯᠳᠡᠷᠵᠢᠬᠦᠯᠵᠤ᠂ ᠦᠨᠳᠤᠰᠤᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠴᠢᠩᠭᠠᠳᠬᠠᠨ᠂ ᠦᠨᠳᠤᠰᠤᠳᠡᠨ ᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠠᠯᠬᠤᠭ᠎ᠠ ᠶᠢ ᠲᠦᠷᠭᠡᠳᠭᠡᠵᠤ᠂ ᠡᠯ᠎ᠡ ᠦᠨᠳᠤᠰᠤᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠠᠯ᠎ᠡ ᠪᠠᠷ ᠦᠷᠭᠦᠯᠵᠢᠯᠡᠨ ᠡᠮᠤᠨ᠎ᠡ ᠡᠩᠨᠡᠭᠡᠨ ᠳᠤ ᠬᠤᠰᠢᠭᠤᠷᠠᠬᠤ ᠭᠡᠷᠡᠭᠳᠠᠢ ᠭᠡᠵᠤ ᠴᠢᠬᠤᠯᠠᠴᠢᠯᠠᠪᠠ᠃ ᠰᠢ ᠶᠢᠨ ᠫᠢᠩ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢ ᠨᠢᠭᠡᠳᠦᠯᠳᠠᠢ ᠲᠦᠯᠦᠪᠵᠢᠬᠦᠯᠬᠦ ᠠᠵᠢᠯ ᠢ ᠰᠠᠶᠢᠳᠤᠷ ᠬᠢᠬᠦ ᠳᠡᠭᠡᠨ ᠠᠷᠠᠳ ᠲᠦᠮᠡᠨ ᠳᠤ ᠨᠢᠬᠳᠠ ᠲᠦᠰᠢᠭᠯᠡᠬᠦ ᠭᠡᠷᠡᠭᠳᠠᠢ᠃ ᠡᠨᠡ ᠤᠳᠠᠭ᠎ᠠ ᠶᠢᠨ ᠬᠢᠵᠢᠭ ᠤᠨ ᠪᠠᠶᠢᠳᠠᠯ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠦᠭᠵᠢᠯᠳᠠ ᠳᠤ ᠨᠡᠯᠢᠶᠡᠳ ᠶᠡᠭᠡ ᠲᠠᠭᠠᠷᠢᠯᠳᠠ ᠪᠠ ᠨᠦᠯᠦᠭᠡ ᠤᠴᠠᠷᠠᠭᠤᠯᠤᠬᠰᠡᠨ ᠪᠤᠯᠪᠠᠴᠤ ᠵᠤᠬᠢᠬᠤ ᠬᠡᠮᠵᠢᠶᠠᠨ ᠲᠡᠭᠡᠷ᠎ᠡ ᠪᠠᠰᠠ ᠰᠢᠨ᠎ᠡ ᠠᠵᠠ ᠲᠤᠬᠢᠶᠠᠯ ᠢ ᠠᠪᠴᠢᠷᠠᠵᠠᠢ᠃ ᠮᠠᠨ ᠤ ᠤᠯᠤᠰ ᠤᠨ ᠠᠵᠤ ᠠᠬᠤᠢ ᠶᠢᠨ ᠲᠤᠭᠳᠠᠭᠤᠨ ᠤ ᠳᠤᠮᠳᠠ ᠰᠠᠶᠢᠵᠢᠷᠠᠬᠤ᠂ ᠤᠷᠳᠤ ᠬᠤᠭᠤᠴᠠᠭᠠᠨ᠎ᠠ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠭᠰᠠᠨ ᠦᠭᠡᠢ᠃ ᠢᠳᠡᠪᠬᠢᠳᠠᠢ ᠮᠦᠷᠳᠡᠬᠡᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠳᠤᠬᠠᠨ ᠳᠤ ᠰᠠᠭᠤᠷᠢᠯᠠᠬᠤ ᠪᠠᠷ ᠪᠠᠷᠠᠬᠤ ᠦᠭᠡᠢ ᠠᠯᠤᠰ ᠬᠡᠳᠦ ᠶᠢ ᠪᠤᠳᠤᠯᠬᠢᠯᠠᠨ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠬᠤ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠬᠦᠭᠵᠢᠯᠳᠡ ᠶᠢ ᠳᠡᠮᠵᠢᠬᠦ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠲᠦᠷᠭᠡᠳᠭᠡᠬᠦ᠂ ᠦᠨᠳᠦᠰᠦᠨ ᠱᠠᠳᠤᠨ ᠤ ᠵᠠᠰᠠᠯᠳᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠲᠤᠰᠠ ᠨᠠᠮᠠᠷᠢ ᠲᠠᠢ ᠠᠷᠭ᠎ᠠ ᠬᠡᠮᠵᠢᠶ᠎ᠠ ᠭᠠᠷᠭᠠᠵᠤ᠂ ᠤᠨᠴᠠᠭᠠᠢᠢᠯᠠᠨ ᠳᠤᠮᠳᠠ ᠤᠷᠳᠤ ᠬᠤᠭᠤᠴᠠᠭᠠᠨ ᠤ ᠪᠠᠶᠢᠯᠳᠤᠬᠤ ᠪᠤᠳᠤᠯᠭ᠎ᠠ ᠶᠢᠨ ᠡᠭᠦᠷᠭᠡ ᠪᠤᠯᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠰᠤᠳᠤᠯᠤᠨ ᠲᠦᠯᠦᠪᠯᠡᠵᠦ᠂ ᠴᠢᠨᠠᠷ ᠰᠠᠶᠢᠳᠠᠢ ᠬᠦᠭᠵᠢᠯᠳᠡ᠂ ᠦᠨᠳᠦᠷ ᠪᠦᠲᠦᠮᠵᠢᠳᠠᠢ ᠵᠠᠰᠠᠯᠳᠠ ᠶᠢ ᠬᠦᠲᠦᠯᠦᠨ ᠳᠠᠭᠠᠭᠤᠯᠬᠤ ᠴᠢᠨᠠᠷᠳᠠᠢ ᠴᠢᠬᠤᠯᠠ ᠶᠡᠭᠡ ᠲᠦᠯᠦᠪᠵᠢᠭᠦᠯᠭᠡ᠂ ᠴᠢᠬᠤᠯᠠ ᠶᠡᠭᠡ ᠦᠭᠡᠷᠡᠴᠢᠯᠡᠯᠳᠡ᠂ ᠴᠢᠬᠤᠯᠠ ᠶᠡᠭᠡ ᠲᠦᠷᠦ ᠶᠢᠨ ᠪᠤᠳᠤᠯᠭ᠎ᠠ ᠶᠢ ᠬᠠᠨᠳᠤᠯᠭᠠᠳᠤ ᠴᠢᠨᠠᠷᠲᠠᠢ ᠪᠠᠷ ᠪᠠᠶᠢᠷᠢᠯᠠᠭᠤᠯᠵᠤ᠂ ᠬᠢᠮᠤᠷᠠᠯ ᠢ ᠠᠷᠭᠠᠴᠠᠭᠠᠬᠤ ᠳᠤᠮᠳᠠ ᠠᠵᠢᠯ ᠤᠨ ᠰᠠᠨᠠᠭᠠᠴᠢᠯᠠᠭᠠᠳᠤ ᠡᠷᠬᠡ ᠶᠢ ᠠᠳᠬᠤᠨ ᠬᠦᠭᠵᠢᠯᠳᠡ ᠶᠢᠨ ᠰᠠᠨᠠᠭᠠᠴᠢᠯᠠᠭᠠᠳᠤ ᠳᠠᠶᠢᠨ ᠢ ᠰᠠᠶᠢᠳᠤᠷ ᠬᠢᠬᠦ ᠬᠡᠷᠡᠭᠳᠠᠢ ᠭᠡᠵᠤ ᠵᠢᠭᠠᠵᠤ ᠭᠠᠷᠭᠠᠪᠠ᠃ ᠰᠢ ᠶᠢᠨ ᠫᠢᠩ ᠂ ᠡᠷᠬᠡᠪᠰᠢ ᠠᠷᠠᠳ ᠲᠦᠮᠡᠨ ᠳᠤ ᠪᠤᠶᠠᠨ ᠦᠢᠯᠡᠳᠬᠦ ᠪᠠᠷ ᠬᠠᠮᠤᠭ ᠤᠨ ᠴᠢᠬᠤᠯᠠ ᠠᠵᠢᠯ ᠤᠨ ᠪᠦᠳᠦᠮᠵᠢ ᠪᠠᠨ ᠪᠤᠯᠭᠠᠬᠤ ᠬᠡᠷᠡᠭᠳᠠᠢ᠃ ᠪᠢᠳᠡ ᠠᠵᠤ ᠠᠬᠤᠢ ᠨᠡᠶᠢᠭᠡᠮ ᠤᠨ ᠬᠦᠭᠵᠢᠯᠳᠡ ᠶᠢ ᠠᠬᠢᠭᠤᠯᠵᠤ ᠪᠠᠶᠢᠬᠤ ᠨᠢ ᠡᠴᠦᠰ ᠤᠨ ᠡᠴᠦᠰ ᠲᠡᠭᠡᠨ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠬᠤ ᠶᠢᠨ ᠲᠦᠯᠦᠭᠡ ᠶᠤᠮ᠃ ᠠᠷᠠᠳ ᠲᠦᠮᠡᠨ ᠤ ᠠᠮᠤᠷ ᠵᠢᠮᠦᠷ ᠠᠵᠤ ᠲᠦᠷᠦᠬᠦ᠂ ᠠᠮᠤᠷ ᠲᠦᠪᠰᠢᠨ ᠬᠠᠯᠠᠭᠤᠨ ᠲᠤᠯᠠᠭᠠᠨ ᠪᠠᠶᠢᠬᠤ ᠠᠰᠠᠭᠤᠳᠠᠯ ᠢ ᠢᠮᠠᠭᠳᠠ ᠰᠡᠳᠭᠢᠯ ᠳᠡᠭᠡᠨ ᠪᠤᠳᠤᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠵᠢᠯ ᠤᠯᠭᠤᠯᠳᠠ᠂ ᠰᠤᠷᠭᠠᠨ ᠬᠦᠮᠦᠵᠢᠯ᠂ ᠨᠡᠶᠢᠭᠡᠮ ᠤᠨ ᠪᠠᠳᠤᠯᠠᠭ᠎ᠠ᠂ ᠡᠮᠴᠢᠯᠡᠭᠡᠨ᠂ ᠤᠷᠤᠨ ᠰᠠᠭᠤᠴᠠ᠂ ᠨᠠᠰᠤᠵᠢᠯ᠂ ᠢᠳᠡᠭᠡᠨ ᠤ ᠠᠮᠤᠷ ᠲᠦᠪᠰᠢᠨ᠂ ᠨᠡᠶᠢᠭᠡᠮ ᠤᠨ ᠠᠮᠤᠷ ᠢ ᠬᠠᠮᠠᠭᠠᠯᠠᠬᠤ ᠵᠡᠷᠭᠡ ᠪᠤᠳᠠᠳᠠᠢ ᠠᠰᠠᠭᠤᠳᠠᠯ ᠢ ᠰᠡᠳᠭᠢᠯ ᠲᠠᠯᠪᠢᠵᠤ ᠬᠦᠴᠦ ᠤᠷᠤᠭᠤᠯᠤᠨ ᠰᠢᠢᠳᠪᠦᠷᠢᠯᠡᠵᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠤᠨ᠂ ᠵᠢᠯ ᠳᠠᠷᠠᠭᠠᠯᠠᠨ ᠬᠢᠵᠤ᠂ ᠤᠯᠠᠨ ᠲᠦᠮᠡᠨ ᠳᠤ ᠬᠤᠪᠢᠷᠠᠯᠳᠠ ᠶᠢ ᠦᠵᠡᠬᠦᠯᠬᠦ᠂ ᠪᠤᠳᠠᠳᠤ ᠠᠰᠢᠭ ᠬᠦᠷᠳᠡᠭᠡᠬᠦ ᠪᠠᠷ ᠴᠢᠷᠮᠠᠶᠢᠬᠤ ᠬᠡᠷᠡᠭᠳᠠᠢ᠃ ᠠᠵᠤ ᠦᠢᠯᠡᠰ ᠠᠵᠢᠯ ᠤᠯᠭᠤᠯᠳᠠ ᠪᠠᠷ ᠶᠠᠳᠠᠭᠤ ᠶᠢ ᠳᠡᠳᠬᠦᠬᠦ ᠦᠷ᠎ᠠ ᠪᠦᠲᠦᠭᠡᠯ ᠢ ᠪᠠᠬᠢᠵᠢᠭᠦᠯᠦᠨ ᠦᠷᠭᠡᠳᠭᠡᠵᠤ᠂ ᠶᠠᠳᠠᠭᠤ ᠶᠢ ᠳᠡᠳᠬᠦᠬᠦ ᠪᠠᠷ ᠤᠨᠳᠤᠤ ᠭᠠᠵᠠᠷ ᠲᠤ ᠨᠡᠭᠦᠯᠭᠡᠭᠰᠡᠨ ᠤ ᠳᠠᠷᠠᠭᠠᠬᠢ ᠳᠡᠮᠵᠢᠯᠭᠡ ᠶᠢ ᠰᠠᠶᠢᠳᠤᠷ ᠬᠢᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠪᠤᠯᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠤᠷᠭᠠᠨᠢᠭ ᠢᠶᠠᠷ ᠵᠤᠯᠭᠠᠭᠤᠯᠬᠤ ᠶᠢ ᠠᠬᠢᠭᠤᠯᠬᠤ ᠬᠡᠷᠡᠭᠳᠠᠢ᠃ ᠶᠡᠭᠡ ᠳᠡᠭᠡᠳᠤ ᠰᠤᠷᠭᠠᠭᠤᠯᠢ ᠶᠢᠨ ᠲᠡᠭᠦᠰᠬᠦ ᠤᠶᠤᠳᠠᠳ᠂ ᠬᠦᠯᠦᠰᠦᠨ ᠲᠠᠷᠢᠶᠠᠴᠢᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠦᠮᠦᠰ ᠤᠨ ᠠᠵᠢᠯ ᠤᠯᠭᠤᠯᠳᠠ ᠶᠢᠨ ᠠᠵᠢᠯ ᠢ ᠰᠠᠶᠢᠳᠤᠷ ᠬᠢᠬᠦ ᠬᠡᠷᠡᠭᠳᠠᠢ᠃ ᠬᠦᠨᠲᠦ ᠶᠡᠭᠡ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠵᠦ ᠠᠪᠤᠷᠠᠠ ᠡᠮᠨᠡᠬᠦ ᠰᠢᠰᠲ᠋ᠧᠮ ᠪᠠ ᠤᠯᠠᠠ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠱᠠᠯᠠᠪᠲᠠᠠ ᠲᠡᠭᠦᠯᠲᠡᠷᠵᠢᠭᠦᠯᠵᠦ᠂ ᠬᠤᠲᠠ ᠬᠦᠲᠡᠭᠡ ᠨᠡᠶᠢᠭᠡᠮ ᠲᠤᠭᠤᠷᠢᠭ ᠵᠡᠷᠭᠡ ᠦᠨᠲᠦᠰᠦᠨ ᠱᠠᠲᠤᠨ ᠤ ᠰᠡᠷᠭᠡᠶᠢᠯᠡᠡ ᠡᠵᠡᠮᠲᠡᠬᠦ ᠴᠢᠲᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠠ᠂ ᠡᠭᠡ ᠤᠷᠤᠠᠴᠢ ᠡᠷᠡᠭᠦᠯ ᠬᠠᠮᠠᠭᠠᠯᠠᠯ ᠤᠨ ᠬᠦᠲᠡᠯᠭᠡᠭᠡᠡ ᠢ ᠦᠷᠭᠡᠡ ᠲᠠᠯᠬᠡᠷ ᠦᠷᠨᠢᠭᠦᠯᠵᠦ᠂ ᠠᠷᠠᠳ ᠲᠦᠮᠠᠠ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠠ ᠮᠠᠬᠠᠪᠤᠳ ᠤᠨ ᠡᠷᠡᠭᠦᠯ ᠮᠡᠨᠳᠦ ᠶᠢ ᠨᠡᠩ ᠰᠠᠶᠢᠳᠦᠷ ᠪᠠᠲᠤᠯᠠᠬᠤ ᠭᠡᠷᠡᠭᠲᠡᠢ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠲᠤᠬᠤ ᠪᠤᠲᠤᠯᠭ᠎ᠠ ᠶᠢᠨ ᠲᠤᠭᠲᠠᠯ ᠬᠦᠴᠦᠨ ᠢᠶᠠᠨ ᠪᠠᠳᠤᠯᠠᠵᠤ᠂ ᠠᠮᠢ ᠠᠬᠤᠢ ᠶᠢ ᠤᠷᠢᠳ ᠢᠶᠠᠷ ᠪᠤᠲᠤᠯᠬᠢᠯᠠᠬᠤ᠂ ᠪᠤᠬᠢᠷᠲᠤᠯ ᠦᠭᠡᠢ ᠪᠠᠷ ᠬᠦᠭᠵᠢᠭᠦᠯᠬᠦ ᠤᠲᠤᠷᠢᠲᠤᠮᠵᠢ ᠶᠢ ᠪᠠᠲᠤ ᠪᠤᠢ ᠪᠤᠯᠭᠠᠨ᠂ ᠬᠦᠭᠡ ᠤᠭᠳᠠᠷᠭᠤᠢ᠂ ᠬᠦᠭᠡᠮᠲᠦᠭ ᠤᠰᠤ᠂ ᠠᠷᠢᠭᠤᠨ ᠬᠦᠷᠦᠰᠦ ᠶᠢᠨ ᠬᠠᠮᠠᠭᠠᠯᠠᠯᠲᠠ ᠶᠢᠨ ᠲᠠᠶᠢᠯᠠᠯᠲᠤᠭᠠᠠ ᠢ ᠦᠷᠬᠦᠯᠵᠢᠯᠠᠠ ᠰᠠᠶᠢᠳᠦᠷ ᠬᠢᠵᠦ᠂ ᠡᠭᠡ ᠤᠯᠤᠰ ᠤᠨ ᠤᠮᠠᠷᠠᠲᠦ ᠶᠢᠨ ᠡᠨᠡ ᠬᠦ ᠲᠦᠮᠡᠡ ᠭᠠᠵᠠᠷ ᠤᠨ ᠨᠤᠮᠢᠨ ᠨᠤᠭᠤᠭᠠᠠ ᠤᠷᠲᠤ ᠴᠠᠭᠠᠠ ᠭᠡᠷᠡᠮ ᠢ ᠨᠡᠩ ᠪᠠᠳᠤ ᠪᠠᠬᠢ ᠴᠤᠭᠴᠠᠯᠠᠬᠤ ᠭᠡᠷᠡᠭᠲᠡᠢ᠃ ᠨᠠᠮ  ᠤᠨ ᠭᠡᠰᠢᠭᠦᠨ ᠺᠠᠳ᠋ᠷᠴᠤᠳ ᠢᠯᠠᠩᠭᠤᠶ᠎ᠠ ᠤᠲᠤᠷᠢᠳᠬᠤ ᠺᠠᠳ᠋ᠷᠴᠤᠳ᠂ ᠦᠪᠡᠷ ᠤᠨ ᠭᠠᠷ ᠲᠠᠬᠢ ᠡᠷᠭᠡ᠂ ᠪᠠᠶᠢᠭ᠎ᠠ ᠠᠵᠢᠯ ᠤᠨ ᠪᠠᠶᠢᠷᠢ ᠶᠢ ᠴᠦᠮ ᠨᠠᠮ ᠪᠠ ᠠᠷᠠᠳ ᠲᠦᠮᠠᠠ ᠠᠴᠠ ᠤᠯᠭᠤᠭᠰᠠᠨ᠂ ᠨᠠᠮ ᠪᠠ ᠠᠷᠠᠳ ᠲᠦᠮᠠᠠ ᠤ ᠲᠦᠯᠦᠭᠡ ᠤᠴᠢᠷ ᠶᠠᠪᠤᠲᠠᠯ ᠭᠦᠢᠴᠡᠳᠭᠡᠬᠦ ᠳᠤ ᠭᠡᠷᠡᠭᠯᠡᠵᠤ᠂ ᠠᠷᠠᠳ ᠲᠤ ᠠᠰᠢᠭ ᠬᠦᠷᠲᠡᠭᠡᠬᠦ ᠶᠢᠨ ᠲᠦᠯᠦᠭᠡ ᠬᠡᠷᠡᠭᠯᠡᠬᠦ ᠬᠡᠷᠡᠭᠳᠠᠢ ᠭᠡᠳᠡᠭ ᠢ ᠰᠡᠷᠭᠡᠭ ᠢᠶᠠᠷ ᠤᠯᠵᠤ ᠲᠠᠨᠢᠬᠤ ᠭᠡᠷᠡᠭᠲᠡᠢ᠃ ᠡᠯ᠎ᠠ ᠱᠠᠲᠤᠨ ᠤ ᠤᠲᠤᠷᠢᠳᠬᠤ ᠺᠠᠳ᠋ᠷᠴᠤᠳ ᠵᠦᠪ ᠡᠷᠭᠡ ᠶᠢᠨ ᠦᠵᠡᠯᠲᠡ᠂ ᠠᠵᠢᠯ ᠤᠨ ᠪᠦᠳᠦᠮᠵᠢ ᠶᠢᠨ ᠦᠵᠡᠯᠲᠡ᠂ ᠠᠵᠢᠯ ᠦᠢᠯᠡᠰ ᠤᠨ ᠦᠵᠡᠯᠲᠡ ᠶᠢ ᠪᠤᠢ ᠪᠤᠯᠭᠠᠵᠦ᠂ ᠬᠤᠭᠤᠰᠤᠨ ᠨᠡᠷ᠎ᠠ ᠠᠯᠳᠠᠷ ᠭᠠᠪᠢᠶ᠎ᠠ ᠵᠢᠳᠭᠦᠯ ᠢ ᠬᠦᠭᠡᠭᠡᠴᠡᠯᠲᠦᠬᠦ ᠦᠭᠡᠢ ᠪᠠᠶᠢᠵᠤ᠂ ᠤᠷᠤᠨ ᠨᠤᠳᠤᠭ ᠲᠠᠭᠠᠨ ᠪᠤᠶᠠᠨ ᠦᠢᠯᠡᠳᠬᠦ ᠳᠠᠷᠤᠭ᠎ᠠ ᠪᠤᠯᠬᠤ ᠪᠠᠷ ᠦᠨᠡᠨ ᠬᠦ ᠴᠢᠷᠮᠠᠶᠢᠬᠤ ᠬᠡᠷᠡᠭᠳᠠᠢ ᠬᠡᠵᠦ ᠴᠢᠬᠤᠯᠠᠴᠢᠯᠠᠪᠠ᠃ ᠰᠢ ᠶᠢᠨ ᠫᠢᠩ᠂ ᠮᠠᠠ ᠤ ᠨᠠᠮ ᠤᠷᠲᠤ ᠬᠤᠭᠤᠴᠠᠭ᠎ᠠ ᠪᠠᠷ ᠲᠦᠷᠦ ᠪᠠᠷᠢᠬᠤ ᠭᠡᠪᠡᠯ ᠡᠷᠭᠡᠪᠰᠢ ᠠᠷᠠᠳ ᠤᠯᠠᠠ ᠯᠤᠭ᠎ᠠ ᠶᠢᠨ ᠴᠢᠰᠦ ᠮᠢᠬᠠᠨ ᠤ ᠬᠠᠷᠢᠴᠠᠭ᠎ᠠ ᠶᠢ ᠡᠬᠦᠷᠢᠲᠡ ᠪᠠᠳᠤᠯᠠᠵᠤ᠂ ᠢᠮᠠᠭᠲᠠ ᠠᠷᠠᠳ ᠤᠯᠠᠠ ᠯᠤᠭ᠎ᠠ ᠪᠤᠳᠤᠯ ᠢᠶᠠᠨ ᠨᠢᠭᠡᠳᠭᠡᠨ ᠬᠦᠴᠦ ᠪᠠᠨ ᠬᠠᠮᠳᠤᠳᠬᠠᠵᠤ᠂ ᠬᠠᠳᠠᠭᠤ ᠪᠡᠷᠬᠡᠰᠢᠶᠡᠯ ᠢ ᠬᠠᠮᠳᠤ ᠪᠠᠷ ᠲᠤᠭᠤᠯᠵᠤ ᠵᠢᠷᠭᠠᠯ ᠵᠤᠪᠠᠯᠠᠩ ᠢᠶᠠᠨ ᠬᠠᠮᠲᠤᠳᠬᠠᠬᠤ ᠭᠡᠷᠡᠭᠲᠡᠢ᠃ ᠨᠠᠮ ᠤᠨ ᠠᠷᠪᠠᠠ ᠨᠠᠢᠮᠠᠲᠤᠭᠠᠷ ᠶᠡᠭᠡ ᠬᠤᠷᠠᠯ ᠠᠴᠠ ᠨᠠᠭᠠᠰᠢ᠂ ᠪᠢᠲᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠢᠮᠠᠭᠳᠠ ᠲᠤᠭᠤᠰᠢᠯᠠᠭᠤᠯᠵᠦ᠂ ᠢᠯᠵᠠᠷᠠᠯ ᠢ ᠡᠷᠡᠰ ᠭᠤᠶᠢᠪᠢᠰᠢ ᠦᠭᠡᠢ ᠪᠠᠷ ᠡᠰᠡᠷᠭᠦᠴᠡᠠ ᠵᠠᠯᠬᠠᠭᠠᠵᠤ᠂ ︽ᠲᠦᠷᠪᠡᠡ ᠰᠤᠷᠲᠠᠯ︾ ᠤᠨ ᠠᠰᠠᠭᠤᠳᠠᠯ ᠢ ᠡᠷᠡᠰ ᠭᠤᠶᠢᠪᠢᠰᠢ ᠦᠭᠡᠢ ᠪᠠᠷ ᠴᠡᠭᠴᠡᠯᠡᠡ ᠵᠠᠰᠠᠵᠦ᠂ ᠨᠠᠮ ᠤᠨ ᠤᠯᠠᠠ ᠲᠦᠮᠡᠡᠴᠢ ᠱᠤᠭᠤᠮ ᠤᠨ ᠬᠦᠮᠦᠵᠢᠯ ᠦᠢᠯᠡᠲᠦᠯᠭᠡ ᠶᠢᠨ ᠠᠵᠢᠯᠯᠠᠭ᠎ᠠ᠂ ︽ᠤᠭ ᠰᠠᠨᠠᠭ᠎ᠠ ᠪᠠᠨ ᠦᠯᠦ ᠮᠠᠷᠲᠠᠵᠦ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠲᠦᠪᠲᠦ ᠬᠦᠮᠦᠵᠢᠯ ᠬᠢᠭᠰᠡᠨ ᠨᠢ ᠲᠠᠷᠤᠢ ᠦᠷᠭᠡᠡ ᠤᠯᠠᠠ ᠨᠠᠮ ᠤᠨ ᠭᠡᠰᠢᠭᠦᠨ ᠺᠠᠳ᠋ᠷ ᠢ ᠬᠦᠮᠦᠵᠢᠭᠦᠯᠦᠨ ᠵᠢᠯᠤᠭᠤᠳᠴᠤ ᠪᠠᠶᠢᠭᠠᠳ ᠢᠮᠠᠭᠲᠠ ᠠᠷᠠᠳ ᠤᠯᠠᠠ ᠲᠠᠢ ᠠᠮᠢᠰᠬᠤᠭ᠎ᠠ ᠪᠠᠨ ᠨᠢᠭᠡᠳᠭᠡᠡ᠂ ᠬᠤᠪᠢ ᠵᠠᠶᠠᠭ᠎ᠠ ᠪᠠᠨ ᠬᠠᠮᠲᠤᠳᠬᠠᠵᠦ᠂ ᠰᠡᠳᠭᠢᠯ ᠵᠢᠷᠦᠭᠡ ᠪᠠᠨ ᠬᠤᠯᠪᠤᠬᠤ ᠶᠢᠨ ᠲᠦᠯᠦᠭᠡ ᠶᠤᠮ᠃ ᠢᠯᠵᠠᠷᠠᠯ ᠢ ᠡᠷᠡᠰ ᠭᠤᠶᠢᠪᠢᠰᠢ ᠦᠭᠡᠢ ᠪᠠᠷ ᠡᠰᠡᠷᠭᠦᠴᠠᠵᠤ᠂ ᠬᠡᠯᠪᠡᠷᠢᠴᠢ ᠦᠵᠡᠯ ᠨᠤᠶᠠᠠᠴᠢ ᠰᠤᠷᠲᠠᠯ ᠢ ᠴᠦᠬᠦᠷᠡᠰᠢ ᠦᠭᠡᠢ ᠪᠠᠷ ᠡᠰᠡᠷᠭᠦᠴᠡᠬᠦ ᠪᠠ ᠢᠯᠠᠠ ᠲᠠᠪᠠᠭ᠋ᠤ ᠭᠡᠷᠡᠭᠲᠡᠢ ᠭᠡᠵᠦ ᠵᠢᠭᠠᠵᠦ ᠭᠠᠷᠭᠠᠪᠠ᠃    
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2