ᠶᠢᠰᠦ᠂ ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ︵ᠪᠤᠶᠤ ︽ᠠᠵᠢᠯ ᠣᠯᠣᠭᠰᠠᠨ ᠪᠤᠶᠤ | ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾︶ ᠢ ᠬᠡᠷᠬᠢᠨ ᠨᠥᠬᠦᠨ ᠣᠯᠭᠤᠬᠤ ᠪᠠ ᠰᠣᠯᠢᠬᠤ ᠪᠣᠢ︖ | | ᠬᠠᠷᠢᠭᠤᠯᠲᠠ᠄ ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ︵ᠪᠤᠶᠤ ︽ᠠᠵᠢᠯ ᠣᠯᠣᠭᠰᠠᠨ | ᠪᠤᠶᠤ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾︶ ᠳᠠᠬᠢ ᠬᠠᠮᠢᠶ᠎ᠠ ᠪᠦᠬᠦᠢ ᠲᠡᠮᠳᠡᠭᠯᠡᠯ ᠤᠨ | ᠨᠢᠭᠤᠷ ᠲᠤ ᠲᠡᠮᠳᠡᠭᠯᠡᠭᠰᠡᠨ ᠠᠭᠤᠯᠭ᠎ᠠ ᠨᠢ ᠨᠢᠭᠡᠨᠲᠡ ᠳᠦᠭᠦᠷᠦᠭᠰᠡᠨ ᠪᠣᠯ᠂ ᠤᠤᠯ ᠦᠨᠡᠮᠯᠡᠯ ᠢᠶᠠᠨ ᠠᠪᠴᠤ | ᠬᠠᠷᠭᠤᠭᠤᠯᠤᠨ ᠣᠯᠭᠤᠭᠰᠠᠨ ᠤᠤᠯ ᠤᠨ ᠪᠠᠶᠢᠭᠤᠯᠤᠮᠵᠢ ᠳᠤ ᠬᠦᠷᠴᠦ ᠦᠨᠡᠮᠯᠡᠯ ᠰᠣᠯᠢᠬᠤ ᠭᠠᠷᠳᠠᠮ ᠬᠢᠨ᠎ᠡ᠃ ︽ | ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ︵ᠪᠤᠶᠤ ︽ᠠᠵᠢᠯ ᠣᠯᠣᠭᠰᠠᠨ ᠪᠤᠶᠤ ᠠᠵᠢᠯ | ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾︶ ᠢᠶᠠᠨ ᠭᠡᠭᠡᠭᠰᠡᠨ ᠪᠤᠶᠤ ᠦᠨᠡᠮᠯᠡᠯ ᠨᠢ ᠡᠪᠳᠡᠭᠳᠡᠭᠰᠡᠨ ᠪᠣᠯ᠂ | ᠴᠠᠭ ᠲᠤᠬᠠᠢ ᠳᠤ ᠨᠢ ᠬᠠᠷᠭᠤᠭᠤᠯᠤᠨ ᠣᠯᠭᠤᠭᠰᠠᠨ ᠤᠤᠯ ᠤᠨ ᠪᠠᠶᠢᠭᠤᠯᠤᠮᠵᠢ ᠳᠤ ᠬᠦᠷᠴᠦ ᠭᠡᠭᠡᠭᠰᠡᠨ ᠢᠶᠠᠨ | ᠮᠡᠳᠡᠭᠦᠯᠬᠦ ᠶᠢᠨ ᠬᠠᠮᠲᠤ᠂ ᠵᠣᠬᠢᠬᠤ ᠠᠷᠭ᠎ᠠ ᠬᠡᠯᠪᠡᠷᠢ ᠪᠠᠷ ᠨᠡᠶᠢᠲᠡ ᠳᠤ ᠵᠠᠷᠯᠠᠵᠤ᠂ ᠤᠤᠯ ᠤᠨ ᠣᠯᠭᠤᠭᠰᠠᠨ | ᠪᠠᠶᠢᠭᠤᠯᠤᠮᠵᠢ ᠠᠴᠠ ᠬᠠᠷᠭᠤᠭᠤᠯᠤᠨ ᠨᠤᠲᠠᠯᠠᠭᠰᠠᠨ ᠤ ᠳᠠᠷᠠᠭ᠎ᠠ ᠨᠥᠬᠦᠨ ᠣᠯᠭᠤᠬᠤ ᠬᠡᠷᠡᠭᠲᠡᠢ᠃ | ᠠᠷᠪᠠ᠂ ᠠᠵᠢᠯ ᠣᠯᠬᠤ ᠳᠤ ᠬᠦᠴᠢᠷᠳᠡᠯᠲᠡᠢ ᠬᠥᠮᠥᠰ ᠤᠨ ᠬᠡᠪᠴᠢᠶ᠎ᠡ ᠨᠢ ᠶᠠᠭᠤ ᠪᠣᠢ︖ | ᠬᠠᠷᠢᠭᠤᠯᠲᠠ᠄ ᠠᠵᠢᠯ ᠣᠯᠬᠤ ᠳᠤ ᠬᠦᠴᠢᠷᠳᠡᠯᠲᠡᠢ ᠬᠥᠮᠥᠰ ᠭᠡᠳᠡᠭ ᠪᠣᠯ ᠬᠠᠤᠯᠢ ᠪᠠᠷ ᠲᠣᠭᠲᠠᠭᠠᠭᠰᠠᠨ | ᠬᠥᠳᠡᠯᠮᠦᠷᠢᠯᠡᠬᠦ ᠨᠠᠰᠤᠨ ᠳᠤ ᠬᠦᠷᠴᠦ᠂ ᠬᠥᠳᠡᠯᠮᠦᠷᠢᠯᠡᠬᠦ ᠴᠢᠳᠠᠪᠤᠷᠢ ᠲᠠᠢ ᠮᠥᠷᠲᠡᠭᠡᠨ ᠠᠵᠢᠯ ᠣᠯᠬᠤ ᠬᠦᠰᠡᠯ | ᠱᠠᠭᠠᠷᠳᠠᠯᠭ᠎ᠠ ᠲᠠᠢ ᠪᠠᠷ ᠪᠠᠷᠠᠬᠤ ᠦᠭᠡᠢ ᠨᠢᠭᠡᠨᠲᠡ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠦᠯᠦᠭᠰᠡᠨ ᠳᠣᠣᠷᠠᠬᠢ | ᠬᠡᠳᠦᠨ ᠲᠥᠷᠥᠯ ᠤᠨ ᠬᠥᠮᠥᠰ ᠢ ᠵᠢᠭᠠᠵᠤ ᠪᠠᠶᠢᠨ᠎ᠠ᠄ | 1. ᠬᠤᠲᠠ ᠪᠠᠯᠭᠠᠰᠤ ᠳᠤ ᠳᠠᠩᠰᠠᠯᠠᠨ ᠲᠡᠮᠳᠡᠭᠯᠡᠭᠦᠯᠦᠭᠰᠡᠨ ︽4050︾ ᠠᠵᠢᠯ ᠠᠯᠳᠠᠭᠰᠠᠳ ︵ᠡᠮᠡᠭᠲᠡᠢ ᠪᠦᠬᠦᠯᠢ | 40 ᠨᠠᠰᠤ᠂ ᠡᠷᠡᠭᠲᠡᠢ ᠪᠦᠬᠦᠯᠢ 50 ᠨᠠᠰᠤ︶᠂ ᠳᠣᠷᠣᠭᠰᠢ ︽4050︾ ᠬᠥᠮᠥᠰ ᠭᠡᠵᠦ ᠲᠣᠪᠴᠢᠯᠠᠨ᠎ᠠ︔ | 2. ︽ᠵᠡᠮᠳᠡᠭᠴᠦᠳ ᠤᠨ ᠭᠡᠷᠡᠴᠢ︾ ᠲᠠᠢ ᠮᠥᠷᠲᠡᠭᠡᠨ ᠬᠥᠳᠡᠯᠮᠦᠷᠢᠯᠡᠬᠦ ᠴᠢᠳᠠᠪᠤᠷᠢ ᠲᠠᠢ᠂ ᠠᠵᠢᠯ ᠣᠯᠬᠤ ᠬᠦᠰᠡᠯ | ᠱᠠᠭᠠᠷᠳᠠᠯᠭ᠎ᠠ ᠲᠠᠢ ᠬᠤᠲᠠ ᠪᠠᠯᠭᠠᠰᠤ ᠶᠢᠨ ᠵᠡᠮᠳᠡᠭᠴᠦᠳ︔ | 3. ᠭᠤᠶᠤᠴᠢᠯᠠᠨ ᠮᠡᠳᠡᠭᠦᠯᠬᠦ ᠪᠠᠷ ᠳᠠᠮᠵᠢᠨ ᠨᠤᠲᠠᠯᠠᠨ ᠲᠣᠭᠲᠠᠭᠠᠭᠰᠠᠨ ᠬᠤᠲᠠ ᠪᠠᠯᠭᠠᠰᠤ ᠶᠢᠨ ᠠᠵᠢᠯ ᠲᠠᠢ ᠬᠥᠮᠥᠨ | ᠦᠭᠡᠢ ᠭᠡᠷ ᠪᠦᠯᠢ ᠶᠢᠨ ᠭᠡᠰᠢᠭᠦᠳ︔ | 4. ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠠᠮᠤᠭ ᠤᠨ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ | ᠬᠠᠷᠠᠭᠠᠯᠵᠠᠯ ᠬᠦᠷᠲᠡᠵᠦ ᠪᠠᠶᠢᠭ᠎ᠠ ᠬᠤᠭᠤᠴᠠᠭᠠᠨ ᠳᠠᠬᠢ ᠬᠤᠲᠠ ᠪᠠᠯᠭᠠᠰᠤ ᠶᠢᠨ ᠪᠦᠬᠦᠯᠢ 35 ᠨᠠᠰᠤᠲᠠᠢ ᠡᠮᠡᠭᠲᠡᠢ | ᠠᠵᠢᠯ ᠠᠯᠳᠠᠭᠰᠠᠳ ᠪᠠ ᠪᠦᠬᠦᠯᠢ 45 ᠨᠠᠰᠤᠲᠠᠢ ᠡᠷᠡᠭᠲᠡᠢ ᠠᠵᠢᠯ ᠠᠯᠳᠠᠭᠰᠠᠳ︔ | 5. ᠬᠤᠲᠠ ᠪᠠᠯᠭᠠᠰᠤ ᠶᠢᠨ ᠲᠥᠯᠥᠪᠵᠢᠭᠦᠯᠭᠡ ᠶᠢᠨ ᠲᠣᠭᠤᠷᠢᠭ ᠲᠤ᠂ ᠭᠠᠵᠠᠷ ᠰᠢᠷᠣᠢ ᠪᠠᠨ ᠪᠦᠷᠢᠮᠦᠰᠦᠨ ᠠᠯᠳᠠᠭᠰᠠᠨ | ᠪᠦᠬᠦᠯᠢ 40 ᠨᠠᠰᠤᠲᠠᠢ ᠡᠮᠡᠭᠲᠡᠢ᠂ ᠪᠦᠬᠦᠯᠢ 50 ᠨᠠᠰᠤᠲᠠᠢ ᠡᠷᠡᠭᠲᠡᠢ ᠭᠠᠵᠠᠷ ᠰᠢᠷᠣᠢ ᠪᠠᠨ ᠠᠯᠳᠠᠭᠰᠠᠳ︔ | 6. ᠳᠠᠷᠠᠭᠠᠯᠠᠨ ᠨᠢᠭᠡ ᠵᠢᠯ ᠠᠴᠠ ᠳᠡᠭᠡᠭᠰᠢ ᠠᠵᠢᠯ ᠠᠯᠳᠠᠭᠰᠠᠨ ᠪᠦᠬᠦᠯᠢ 35 ᠨᠠᠰᠤᠲᠠᠢ ᠡᠮᠡᠭᠲᠡᠢ ᠪᠠ ᠪᠦᠬᠦᠯᠢ 45 | ᠨᠠᠰᠤᠲᠠᠢ ᠡᠷᠡᠭᠲᠡᠢ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠠᠴᠠ ᠠᠵᠢᠯ | ᠲᠥᠷᠥᠯ ᠲᠠᠨᠢᠯᠴᠠᠭᠤᠯᠬᠤ ᠦᠢᠯᠡᠴᠢᠯᠡᠭᠡ 3 ᠤᠳᠠᠭ᠎ᠠ ᠬᠠᠩᠭᠠᠭᠰᠠᠨ ᠪᠣᠯᠪᠠᠴᠤ᠂ ᠬᠤᠪᠢ ᠬᠥᠮᠥᠨ ᠤ ᠪᠤᠰᠤ | ᠰᠢᠯᠲᠠᠭᠠᠨ ᠠᠴᠠ ᠪᠣᠯᠵᠤ ᠮᠥᠨ ᠬᠦ ᠠᠵᠢᠯ ᠣᠯᠣᠭᠠᠳᠤᠢ ᠬᠤᠲᠠ ᠪᠠᠯᠭᠠᠰᠤ ᠶᠢᠨ ᠠᠵᠢᠯ ᠠᠯᠳᠠᠭᠰᠠᠳ︔ | 7. ᠥᠪᠥᠷ ᠮᠣᠩᠭᠤᠯ ᠤᠨ ᠡᠷᠦᠬᠡ ᠠᠮᠠ ᠶᠢᠨ ᠬᠠᠷᠢᠶᠠᠯᠠᠯ ᠲᠠᠢ 3 ᠵᠢᠯ ᠠᠴᠠ ᠳᠡᠭᠡᠭᠰᠢ ᠠᠵᠢᠯ ᠣᠯᠣᠭᠠᠳᠤᠢ | ᠮᠣᠩᠭᠤᠯ ᠬᠡᠯᠡ ᠪᠠᠷ ᠬᠢᠴᠢᠶᠡᠯᠯᠡᠭᠰᠡᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠣᠶᠤᠲᠠᠳ ᠪᠠ ᠶᠡᠭᠡ | ᠳᠡᠭᠡᠳᠦ ᠰᠤᠷᠭᠠᠭᠤᠯᠢ ᠠᠴᠠ ᠲᠡᠭᠦᠰᠦᠭᠰᠡᠨ ᠶᠠᠳᠠᠭᠤ ᠬᠦᠴᠢᠷᠳᠡᠯᠲᠡᠢ ᠭᠡᠷ ᠪᠦᠯᠢ ᠶᠢᠨ ᠣᠶᠤᠲᠠᠳ᠃ | | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | ᠰᠠᠷᠠᠭᠤᠯ ᠪᠠᠭᠤᠯᠭᠠᠪᠠ |