ᠠᠷᠪᠠᠨ ᠨᠢᠭᠡ᠂ ᠠᠵᠢᠯ ᠣᠯᠬᠤ ᠳᠤ ᠬᠦᠴᠢᠷᠳᠡᠯᠲᠡᠢ ᠬᠥᠮᠥᠰ ᠬᠡᠷᠬᠢᠨ ᠭᠤᠶᠤᠴᠢᠯᠠᠯ ᠲᠤᠰᠢᠶᠠᠬᠤ ᠪᠣᠢ︖ | ᠬᠠᠷᠢᠭᠤᠯᠲᠠ᠄ ᠬᠤᠲᠠ ᠪᠠᠯᠭᠠᠰᠤ ᠶᠢᠨ ᠠᠵᠢᠯ ᠣᠯᠬᠤ ᠳᠤ ᠬᠦᠴᠢᠷᠳᠡᠯᠲᠡᠢ ᠬᠥᠮᠥᠰ ᠤᠨ ᠳᠤᠷ᠎ᠠ ᠶᠢᠨ ᠨᠢᠭᠡ | ᠨᠥᠬᠦᠴᠡᠯ ᠳᠤ ᠨᠡᠶᠢᠴᠡᠭᠰᠡᠨ ᠠᠵᠢᠯ ᠣᠯᠬᠤ ᠳᠤ ᠬᠦᠴᠢᠷᠳᠡᠯᠲᠡᠢ ᠬᠥᠮᠥᠰ ᠪᠦᠷ ᠬᠤᠪᠢ ᠬᠥᠮᠥᠨ ᠤ ᠪᠡᠶ᠎ᠡ ᠶᠢᠨ | ᠦᠨᠡᠮᠯᠡᠯ᠂ ᠡᠷᠦᠬᠡ ᠠᠮᠠ ᠶᠢᠨ ᠳᠡᠪᠲᠡᠷ᠂ ︽ᠠᠵᠢᠯ ᠣᠯᠭᠤᠵᠤ ᠠᠳᠠᠯ ᠦᠢᠯᠡᠰ ᠪᠣᠰᠬᠠᠬᠤ ᠦᠨᠡᠮᠯᠡᠯ︾ ︵︽ᠠᠵᠢᠯ | ᠣᠯᠵᠤ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾︶ ᠢᠶᠠᠨ ᠠᠪᠴᠤ ᠪᠠᠶᠢᠩᠭᠤ ᠰᠠᠭᠤᠭ᠎ᠠ | ᠭᠠᠵᠠᠷ ᠤᠨ ᠨᠡᠶᠢᠭᠡᠮ ᠲᠣᠭᠤᠷᠢᠭ ᠤᠨ ᠬᠥᠳᠡᠯᠮᠦᠷᠢ ᠪᠠᠲᠤᠯᠠᠭ᠎ᠠ ᠶᠢᠨ ᠠᠵᠢᠯ ᠤᠨ ᠥᠷᠲᠡᠭᠡ ︵ᠨᠡᠶᠢᠭᠡᠮ ᠲᠣᠭᠤᠷᠢᠭ | ᠲᠣᠬᠢᠷᠠᠭᠤᠯᠤᠭᠰᠠᠨ ᠦᠭᠡᠢ ᠪᠣᠯ ᠵᠡᠭᠡᠯᠢ ᠭᠤᠳᠤᠮᠵᠢ ᠪᠤᠶᠤ ᠰᠤᠮᠤ᠂ ᠰᠢᠶᠠᠩ᠂ ᠪᠠᠯᠭᠠᠰᠤ ᠶᠢᠨ ᠬᠥᠳᠡᠯᠮᠦᠷᠢ | ᠪᠠᠲᠤᠯᠠᠭ᠎ᠠ ᠶᠢᠨ ᠶᠠᠪᠤᠳᠠᠯ ᠤᠨ ᠭᠠᠵᠠᠷ︶ ᠳᠤ ᠬᠦᠷᠴᠦ ᠭᠤᠶᠤᠴᠢᠯᠠᠯ ᠲᠤᠰᠢᠶᠠᠬᠤ ᠶᠢᠨ ᠬᠠᠮᠲᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠬᠤ ᠳᠤ ᠬᠦᠴᠢᠷᠳᠡᠯᠲᠡᠢ ᠬᠥᠮᠥᠰ ᠤᠨ ᠭᠤᠶᠤᠴᠢᠯᠠᠯ ᠢ | ᠮᠠᠭᠠᠳᠯᠠᠨ ᠲᠣᠭᠲᠠᠭᠠᠵᠤ ᠬᠢᠨᠠᠨ ᠵᠥᠪᠰᠢᠶᠡᠷᠡᠬᠦ ᠬᠦᠰᠦᠨᠦᠭ︾ ᠢ ᠲᠠᠭᠯᠠᠬᠤ ᠬᠡᠷᠡᠭᠲᠡᠢ᠃ ᠡᠭᠦᠨ ᠤ ᠬᠠᠮᠲᠤ᠂ ᠠᠵᠢᠯ | ᠣᠯᠬᠤ ᠳᠤ ᠬᠦᠴᠢᠷᠳᠡᠯᠲᠡᠢ ᠬᠥᠮᠥᠰ ᠢᠶᠠᠷ ᠮᠠᠭᠠᠳᠯᠠᠨ ᠲᠣᠭᠲᠠᠭᠠᠯᠭᠠᠬᠤ ᠪᠠᠷ ᠭᠤᠶᠤᠴᠢᠯᠠᠬᠤ ᠡᠯ᠎ᠡ ᠲᠥᠷᠥᠯ ᠤᠨ | ᠬᠥᠮᠥᠰ ᠡᠷᠬᠡᠪᠰᠢ ᠳᠣᠣᠷᠠᠬᠢ ᠮᠠᠲ᠋ᠧᠷᠢᠶᠠᠯ ᠤᠳ ᠢ ᠬᠠᠩᠭᠠᠬᠤ ᠬᠡᠷᠡᠭᠲᠡᠢ᠄ | 1. ᠵᠡᠮᠳᠡᠭᠴᠦᠳ ᠠᠴᠠ ᠵᠡᠮᠳᠡᠭᠴᠦᠳ ᠤᠨ ᠬᠤᠯᠪᠣᠭᠠᠲᠤ ᠬᠤᠷᠠᠯ ᠠᠴᠠ ᠣᠯᠭᠤᠭᠰᠠᠨ ︽ᠵᠡᠮᠳᠡᠭᠴᠦᠳ ᠤᠨ ᠭᠡᠷᠡᠴᠢ︾ | ᠪᠠ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠣᠯᠭᠤᠭᠰᠠᠨ | ᠬᠥᠳᠡᠯᠮᠦᠷᠢᠯᠡᠬᠦ ᠴᠢᠳᠠᠪᠤᠷᠢ ᠶᠢ ᠨᠤᠲᠠᠯᠠᠨ ᠲᠣᠭᠲᠠᠭᠠᠭᠰᠠᠨ ᠭᠡᠷᠡᠴᠢᠯᠡᠭᠡ ᠶᠢ ᠬᠠᠩᠭᠠᠨ᠎ᠠ︔ | 2. ᠬᠠᠮᠤᠭ ᠤᠨ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠬᠠᠷᠠᠭᠠᠯᠵᠠᠯ ᠢ ᠬᠦᠷᠲᠡᠵᠦ ᠪᠠᠶᠢᠭ᠎ᠠ ᠬᠤᠭᠤᠴᠠᠭᠠᠨ ᠳᠠᠬᠢ | ᠬᠤᠲᠠ ᠪᠠᠯᠭᠠᠰᠤ ᠶᠢᠨ ᠪᠦᠬᠦᠯᠢ 35 ᠨᠠᠰᠤᠲᠠᠢ ᠡᠮᠡᠭᠲᠡᠢ᠂ ᠪᠦᠬᠦᠯᠢ 45 ᠨᠠᠰᠤᠲᠠᠢ ᠡᠷᠡᠭᠲᠡᠢ ᠠᠵᠢᠯ | ᠠᠯᠳᠠᠭᠰᠠᠳ ᠠᠴᠠ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠣᠯᠭᠤᠭᠰᠠᠨ ᠠᠮᠢᠳᠤᠷᠠᠯ ᠤᠨ ᠳᠣᠣᠷ᠎ᠠ | ᠪᠠᠲᠤᠯᠠᠭ᠎ᠠ ᠶᠢᠨ ᠬᠡᠷᠴᠢᠯᠡᠭᠡ ᠶᠢ ᠬᠠᠩᠭᠠᠨ᠎ᠠ︔ | 3. ᠭᠠᠵᠠᠷ ᠰᠢᠷᠣᠢ ᠪᠠᠨ ᠪᠦᠷᠢᠮᠦᠰᠦᠨ ᠠᠯᠳᠠᠭᠰᠠᠨ ᠠᠵᠢᠯ ᠠᠯᠳᠠᠭᠰᠠᠳ ᠡᠷᠬᠡᠪᠰᠢ ᠭᠠᠵᠠᠷ ᠰᠢᠷᠣᠢ ᠶᠢ ᠨᠢ ᠡᠯᠰᠡᠨ | ᠬᠡᠷᠡᠭᠯᠡᠭᠰᠡᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠢ︔ | 4. ᠠᠵᠢᠯ ᠲᠠᠢ ᠬᠥᠮᠥᠨ ᠦᠭᠡᠢ ᠭᠡᠷ ᠪᠦᠯᠢ ᠶᠢᠨ ᠭᠡᠰᠢᠭᠦᠳ ᠡᠷᠬᠡᠪᠰᠢ ᠠᠵᠢᠯ ᠲᠠᠢ ᠬᠥᠮᠥᠨ ᠦᠭᠡᠢ ᠭᠡᠷ ᠪᠦᠯᠢ ᠪᠠᠷ | ᠮᠠᠭᠠᠳᠯᠠᠨ ᠲᠣᠭᠲᠠᠭᠠᠵᠤ ᠬᠢᠨᠠᠨ ᠵᠥᠪᠰᠢᠶᠡᠷᠡᠭᠰᠡᠨ ᠮᠠᠲ᠋ᠧᠷᠢᠶᠠᠯ ᠢ ᠬᠠᠩᠭᠠᠬᠤ ᠬᠡᠷᠡᠭᠲᠡᠢ︔ | 5. ᠳᠠᠷᠠᠭᠠᠯᠠᠨ ᠨᠢᠭᠡ ᠵᠢᠯ ᠠᠴᠠ ᠳᠡᠭᠡᠭᠰᠢ ᠠᠵᠢᠯ ᠠᠯᠳᠠᠭᠰᠠᠨ ᠪᠦᠬᠦᠯᠢ 35 ᠨᠠᠰᠤᠲᠠᠢ ᠡᠮᠡᠭᠲᠡᠢ᠂ ᠪᠦᠬᠦᠯᠢ 45 | ᠨᠠᠰᠤᠲᠠᠢ ᠡᠷᠡᠭᠲᠡᠢ ᠠᠵᠢᠯ ᠠᠯᠳᠠᠭᠰᠠᠳ ᠡᠷᠬᠡᠪᠰᠢ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ | ᠰᠠᠯᠠᠭ᠎ᠠ ᠮᠥᠴᠢᠷ ᠠᠴᠠ ᠣᠯᠭᠤᠭᠰᠠᠨ 3 ᠤᠳᠠᠭ᠎ᠠ ᠠᠴᠠ ᠳᠡᠭᠡᠭᠰᠢ ᠠᠵᠢᠯ ᠮᠡᠷᠭᠡᠵᠢᠯ ᠤᠨ ᠲᠠᠨᠢᠯᠴᠠᠭᠤᠯᠭ᠎ᠠ ᠪᠠᠷ | ᠳᠠᠮᠵᠢᠨ ᠮᠥᠨ ᠬᠦ ᠠᠵᠢᠯ ᠣᠯᠤᠭ᠎ᠠ ᠦᠭᠡᠢ ᠭᠡᠷᠡᠴᠢᠯᠡᠭᠡ ᠶᠢ ᠬᠠᠩᠭᠠᠬᠤ ᠬᠡᠷᠡᠭᠲᠡᠢ︔ | 6. ᠥᠪᠥᠷ ᠮᠣᠩᠭᠤᠯ ᠤᠨ ᠡᠷᠦᠬᠡ ᠠᠮᠠ ᠶᠢᠨ ᠬᠠᠷᠢᠶᠠᠯᠠᠯ ᠲᠠᠢ ᠮᠥᠷᠲᠡᠭᠡᠨ ᠶᠡᠭᠡ ᠳᠡᠭᠡᠳᠦ ᠰᠤᠷᠭᠠᠭᠤᠯᠢ ᠠᠴᠠ | ᠲᠡᠭᠦᠰᠦᠭᠡᠳ 3 ᠵᠢᠯ ᠠᠵᠢᠯ ᠣᠯᠤᠭ᠎ᠠ ᠦᠭᠡᠢ ᠮᠣᠩᠭᠤᠯ ᠬᠡᠯᠡ ᠪᠠᠷ ᠬᠢᠴᠢᠶᠡᠯᠯᠡᠭᠰᠡᠨ ᠪᠠ ᠶᠠᠳᠠᠭᠤ ᠬᠦᠴᠢᠷᠳᠡᠯᠲᠡᠢ | ᠭᠡᠷ ᠪᠦᠯᠢ ᠶᠢᠨ ᠣᠶᠤᠲᠠᠳ ᠪᠦᠷ ᠲᠡᠭᠦᠰᠬᠦ ᠦᠨᠡᠮᠯᠡᠯ᠂ ᠰᠤᠷᠤᠯᠭ᠎ᠠ ᠶᠢᠨ ᠨᠠᠮᠲᠠᠷ ᠤᠨ ᠦᠨᠡᠮᠯᠡᠯ ᠵᠡᠷᠭᠡ ᠭᠡᠷᠡᠴᠢ | ᠮᠠᠲ᠋ᠧᠷᠢᠶᠠᠯ ᠢᠶᠠᠨ ᠬᠠᠩᠭᠠᠵᠤ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠶᠠᠳᠠᠭᠤ ᠬᠦᠴᠢᠷᠳᠡᠯᠲᠡᠢ ᠭᠡᠷ | ᠪᠦᠯᠢ ᠶᠢᠨ ᠣᠶᠤᠲᠠᠨ ᠪᠠᠰᠠ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠶᠠᠳᠠᠭᠤ ᠬᠦᠴᠢᠷᠲᠡᠢ ᠭᠡᠷ ᠪᠦᠯᠢ ᠶᠢᠨ | ᠣᠶᠤᠲᠠᠳ ᠢᠶᠠᠷ ᠮᠠᠭᠠᠳᠯᠠᠨ ᠲᠣᠭᠲᠠᠭᠠᠭᠰᠠᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠬᠠᠩᠭᠠᠨ᠎ᠠ᠃ | ᠠᠷᠪᠠᠨ ᠬᠤᠶᠠᠷ᠂ ᠠᠵᠢᠯ ᠣᠯᠬᠤ ᠳᠤ ᠬᠦᠴᠢᠷᠳᠡᠯᠲᠡᠢ ᠬᠥᠮᠥᠰ ᠢᠶᠠᠷ ᠨᠤᠲᠠᠯᠠᠭᠳᠠᠭᠰᠠᠳ ᠠᠵᠢᠯ ᠣᠯᠭᠤᠵᠤ | ᠲᠤᠰᠠᠯᠠᠨ ᠳᠡᠮᠵᠢᠬᠦ ᠶᠠᠮᠠᠷ ᠶᠠᠮᠠᠷ ᠲᠥᠷᠥ ᠶᠢᠨ ᠪᠣᠳᠣᠯᠭ᠎ᠠ ᠶᠢ ᠬᠦᠷᠲᠡᠬᠦ ᠪᠣᠢ︖ | ᠬᠠᠷᠢᠭᠤᠯᠲᠠ᠄ ᠨᠢᠭᠡᠨᠲᠡ ᠠᠵᠢᠯ ᠣᠯᠬᠤ ᠳᠤ ᠬᠦᠴᠢᠷᠳᠡᠯᠲᠡᠢ ᠬᠥᠮᠥᠰ ᠢᠶᠠᠷ ᠮᠠᠭᠠᠳᠯᠠᠨ ᠲᠣᠭᠲᠠᠭᠠᠭᠰᠠᠳ ᠲᠤ | ᠬᠠᠩᠭᠠᠵᠤ ᠪᠣᠯᠬᠤ ᠲᠤᠰᠠᠯᠠᠨ ᠳᠡᠮᠵᠢᠬᠦ ᠲᠥᠷᠥᠯ ᠵᠦᠢᠯ ᠳᠤ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠯᠲᠠ ᠪᠠ | ᠠᠵᠢᠯ ᠣᠯᠭᠤᠯᠲᠠ ᠶᠢᠨ ᠮᠡᠳᠡᠭᠡ ᠵᠠᠩᠭᠢ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠲᠤᠬᠠᠶᠢᠯᠠᠭᠰᠠᠨ | ᠠᠵᠢᠯ ᠤᠨ ᠲᠠᠨᠢᠯᠴᠠᠭᠤᠯᠭ᠎ᠠ᠂ ᠣᠯᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠥᠬᠦᠪᠦᠷᠢ᠂ | ᠠᠵᠢᠯ ᠣᠯᠭᠤᠬᠤ ᠠᠵᠢᠯ ᠤᠨ ᠪᠠᠶᠢᠷᠢ ᠶᠢᠨ ᠲᠤᠰᠠᠯᠠᠮᠵᠢ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ᠂ | ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠪᠠ ᠠᠳᠠᠯ ᠦᠢᠯᠡᠰ ᠪᠣᠰᠬᠠᠬᠤ | ᠪᠣᠯᠪᠠᠰᠤᠷᠠᠭᠤᠯᠤᠯ ᠬᠠᠩᠭᠠᠬᠤ ᠵᠡᠷᠭᠡ ᠪᠠᠭᠲᠠᠨ᠎ᠠ᠃ ᠠᠵᠢᠯ ᠣᠯᠬᠤ ᠳᠤ ᠬᠦᠴᠢᠷᠳᠡᠯᠲᠡᠢ ᠬᠥᠮᠥᠰ ᠢ ᠡᠯᠰᠡᠨ | ᠬᠡᠷᠡᠭᠯᠡᠭᠰᠡᠨ ᠤ ᠬᠠᠮᠲᠤ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠵᠤ ᠥᠭᠭᠦᠭᠰᠡᠨ ᠨᠢᠭᠡᠴᠢ᠂ ᠵᠢᠴᠢ ᠣᠯᠠᠨ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠪᠠᠷ ᠳᠠᠮᠵᠢᠭᠤᠯᠤᠨ ᠠᠵᠢᠯ ᠣᠯᠬᠤ ᠳᠤ ᠬᠦᠴᠢᠷᠳᠡᠯᠲᠡᠢ | ᠬᠥᠮᠥᠰ ᠢ ᠲᠣᠬᠢᠷᠠᠭᠤᠯᠤᠨ ᠲᠥᠪᠬᠢᠨᠡᠭᠦᠯᠦᠭᠰᠡᠨ ᠤ ᠬᠠᠮᠲᠤ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠵᠤ | ᠥᠭᠭᠦᠭᠰᠡᠨ ᠨᠢᠭᠡᠴᠢ ᠳᠤ᠂ ᠠᠵᠢᠯ ᠣᠯᠬᠤ ᠳᠤ ᠬᠦᠴᠢᠷᠳᠡᠯᠲᠡᠢ ᠬᠥᠮᠥᠰ ᠲᠤ ᠪᠣᠳᠠᠲᠠᠢ ᠪᠠᠷ ᠲᠤᠰᠢᠶᠠᠵᠤ ᠥᠭᠭᠦᠭᠰᠡᠨ | ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ | ᠰᠦᠢᠳᠬᠡᠯ ᠪᠠ ᠠᠵᠢᠯ ᠠᠯᠳᠠᠭᠰᠠᠨ ᠳᠠᠭᠠᠳᠬᠠᠯ ᠤᠨ ᠰᠦᠢᠳᠬᠡᠯ ᠶᠣᠰᠣᠭᠠᠷ ᠨᠥᠬᠦᠪᠦᠷᠢ ᠣᠯᠭᠤᠨ᠎ᠠ᠂ ᠡᠭᠦᠨ ᠳᠤ | ᠠᠵᠢᠯ ᠣᠯᠬᠤ ᠳᠤ ᠬᠦᠴᠢᠷᠳᠡᠯᠲᠡᠢ ᠬᠥᠮᠥᠰ ᠤᠨ ᠬᠤᠪᠢ ᠬᠥᠮᠥᠨ ᠤ ᠲᠤᠰᠢᠶᠠᠪᠠᠰᠤ ᠵᠣᠬᠢᠬᠤ ᠬᠡᠰᠡᠭ ᠢ ᠪᠠᠭᠲᠠᠭᠠᠬᠤ | ᠦᠭᠡᠢ᠃ ᠨᠥᠬᠦᠪᠦᠷᠢ ᠥᠭᠬᠦ ᠬᠤᠭᠤᠴᠠᠭᠠᠨ ᠤ ᠬᠢᠵᠠᠭᠠᠷ ᠨᠢ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ | ᠠᠮᠠᠷᠠᠬᠤ ᠨᠠᠰᠤ ᠠᠴᠠ 5 ᠵᠢᠯ ᠬᠦᠷᠬᠦ ᠦᠭᠡᠢ ᠠᠵᠢᠯ ᠣᠯᠬᠤ ᠳᠤ ᠬᠦᠴᠢᠷᠳᠡᠯᠲᠡᠢ ᠬᠥᠮᠥᠰ ᠢ ᠠᠵᠢᠯ ᠠᠴᠠ ᠪᠠᠨ | ᠠᠮᠠᠷᠠᠬᠤ ᠪᠣᠯᠲᠠᠯ᠎ᠠ ᠤᠷᠲᠤᠳᠬᠠᠵᠤ ᠪᠣᠯᠬᠤ ᠠᠴᠠ ᠭᠠᠳᠠᠨ᠎ᠠ᠂ ᠪᠤᠰᠤᠳ ᠬᠥᠮᠥᠰ ᠢ ᠬᠠᠮᠤᠭ ᠤᠨ ᠤᠷᠲᠤ ᠳᠤ ᠪᠠᠨ 3 | ᠵᠢᠯ ᠠᠴᠠ ᠬᠡᠲᠦᠷᠡᠭᠦᠯᠵᠦ ᠪᠣᠯᠬᠤ ᠦᠭᠡᠢ᠃ | | | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ | ᠰᠠᠷᠠᠭᠤᠯ ᠪᠠᠭᠤᠯᠭᠠᠪᠠ |