ᠲᠥᠪ ᠤᠨ ᠤᠬᠠᠭᠤᠯᠬᠤ ᠬᠡᠯᠲᠡᠰ ᠤᠨ ︽ᠪᠢᠳᠡᠨ ᠤ ᠴᠢᠨᠡᠭᠡᠯᠢᠭ ᠠᠮᠢᠳᠤᠷᠠᠯ ᠵᠦᠭ ᠢᠶᠠᠨ ᠤᠷᠤᠭᠰᠢᠯᠠᠶ᠎ᠠ︾ ᠭᠡᠬᠦ ᠭᠤᠤᠯ ᠰᠡᠳᠦᠪᠳᠦ ᠰᠤᠷᠪᠤᠯᠵᠢᠯᠠᠬᠤ ᠪᠦᠯᠬᠦᠮ ᠮᠠᠨ ᠤ ᠰᠢᠶᠠᠨ ᠳᠤ ᠭᠦᠨᠵᠡᠭᠡᠶᠢᠷᠡᠨ ᠰᠤᠷᠪᠤᠯᠵᠢᠯᠠᠪᠠ
ᠨᠡᠶᠢᠲᠡᠯᠡᠭᠰᠡᠨ ᠴᠠᠭ᠄
2020/7/18
     ︽ᠴᠢᠨᠡᠭᠡᠯᠢᠭ ᠵᠠᠮ ᠢ ᠬᠠᠶᠢᠨ ᠰᠤᠷᠪᠤᠯᠵᠢᠯᠠᠵᠦ᠂ ᠰᠠᠶᠢᠬᠠᠨ ᠦᠯᠢᠭᠡᠷ ᠢ ᠲᠤᠭᠠᠴᠢᠨ ᠶᠠᠷᠢᠨ᠎ᠠ᠃︾ 7 ᠰᠠᠷ᠎ᠠ ᠶᠢᠨ 15 ᠤ ᠡᠳᠦᠷ᠂ ᠲᠥᠪ ᠤᠨ ᠤᠬᠠᠭᠤᠯᠬᠤ ᠬᠡᠯᠲᠡᠰ ᠤᠨ ︽ᠪᠢᠳᠡᠨ ᠤ ᠴᠢᠨᠡᠭᠡᠯᠢᠭ ᠠᠮᠢᠳᠤᠷᠠᠯ ᠵᠦᠭ ᠢᠶᠠᠨ ᠤᠷᠤᠭᠰᠢᠯᠠᠶ᠎ᠠ︾  ᠭᠡᠬᠦ ᠭᠤᠤᠯ ᠰᠡᠳᠦᠪᠳᠦ ᠰᠤᠷᠪᠤᠯᠵᠢᠯᠠᠬᠤ ᠪᠦᠯᠬᠦᠮ ᠮᠠᠨ ᠤ ᠰᠢᠶᠠᠨ ᠳᠤ ᠭᠦᠨᠵᠡᠭᠡᠶᠢᠷᠡᠨ ᠠᠵᠤ ᠦᠢᠯᠡᠰ ᠤᠨ ᠠᠵᠤ ᠠᠬᠤᠶ ᠶᠢᠨ ᠬᠦᠭᠵᠢᠯᠳᠡ ᠶᠢᠨ ᠪᠠᠶᠢᠳᠠᠯ ᠢ ᠣᠶᠢᠯᠭᠠᠨ ᠲᠤᠬᠠᠶ ᠶᠢᠨ ᠭᠠᠵᠠᠷ ᠤᠨ ᠠᠷᠠᠳ ᠣᠯᠠᠨ ᠤ ᠴᠢᠨᠡᠭᠡᠯᠢᠭ ᠠᠮᠢᠳᠤᠷᠠᠯ ᠢ ᠬᠠᠶᠢᠨ ᠰᠤᠷᠪᠤᠯᠵᠢᠯᠠᠬᠤ ᠶᠢᠨ ᠬᠠᠮᠳᠦ ᠡᠯ᠎ᠡ ᠵᠠᠭᠤᠴᠢᠯᠠᠭᠤᠷ ᠤᠨ ᠲᠠᠪᠴᠠᠩ ᠢᠶᠠᠷ ᠳᠠᠮᠵᠢᠭᠤᠯᠤᠨ ᠠᠷᠠᠳ ᠤᠯᠠᠨ ᠤ ᠭᠤᠶᠢᠳᠠ ᠰᠠᠶᠢᠬᠠᠨ ᠦᠯᠢᠬᠡᠷ ᠢ ᠴᠠᠭ ᠲᠤᠬᠠᠢ ᠳᠤᠨᠢ ᠭᠦᠨ ᠰᠡᠳᠬᠢᠯᠭᠡ ᠲᠠᠢ ᠶᠠᠷᠢᠵᠤ ᠪᠠᠶᠢᠯ᠎ᠠ᠃
 
     
         ︽ᠪᠢᠳᠡᠨ ᠤ ᠴᠢᠨᠡᠭᠡᠯᠢᠭ ᠠᠮᠢᠳᠤᠷᠠᠯ ᠵᠦᠭ ᠢᠶᠠᠨ ᠤᠷᠤᠭᠰᠢᠯᠠᠶ᠎ᠠ︾ ᠭᠤᠤᠯ ᠰᠡᠳᠦᠪᠳᠦ ᠰᠤᠷᠪᠤᠯᠵᠢᠯᠠᠭ᠎ᠠ ᠮᠡᠳᠡᠭᠦᠯᠦᠯᠳᠡ ᠪᠤᠯ ᠲᠥᠪ ᠤᠨ ᠤᠬᠠᠭᠤᠯᠬᠤ ᠬᠡᠯᠲᠡᠰ ᠤᠨ ᠵᠣᠬᠢᠶᠠᠨ ᠪᠠᠶᠢᠭᠤᠯᠤᠭᠰᠠᠨ ᠲᠣᠮᠣ ᠬᠡᠯᠪᠡᠷᠢ ᠶᠢᠨ ᠰᠤᠷᠪᠤᠯᠵᠢᠯᠠᠭ᠎ᠠ ᠶᠢᠨ ᠠᠵᠢᠯᠯᠠᠭ᠎ᠠ ᠪᠤᠯᠤᠨ᠎ᠠ᠃ ᠲᠡᠷᠡ ᠨᠢ ᠰᠤᠷᠪᠤᠯᠵᠢᠯᠠᠭᠴᠢ ᠶᠢᠨ ᠭᠦᠨᠵᠡᠭᠡᠶ ᠰᠤᠷᠪᠤᠯᠵᠢᠯᠠᠭ᠎ᠠ ᠪᠠᠷ ᠳᠠᠮᠵᠢᠨ᠂ ᠡᠩ ᠤᠨ ᠠᠷᠠᠳ ᠲᠦᠮᠡᠨ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠰᠠᠶᠢᠨ ᠰᠠᠶᠢᠬᠠᠨ ᠠᠮᠢᠳᠤᠷᠠᠯ ᠢ ᠴᠤᠭᠴᠠᠯᠠᠭᠰᠠᠨ ᠴᠢᠨᠡᠭᠡᠯᠢᠭ ᠦᠯᠢᠬᠡᠷ ᠢ ᠶᠠᠷᠢᠵᠤ᠂ ᠦᠨᠳᠦᠰᠦᠨ ᠱᠠᠲᠤᠨ ᠤ ᠠᠷᠠᠳ ᠲᠦᠮᠡᠨ ᠤ ᠦᠨᠡᠨ ᠪᠣᠳᠠᠲᠠᠢ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠠᠮᠢᠳᠤᠯᠢᠭ ᠢᠶᠠᠷ ᠢᠯᠡᠷᠡᠭᠦᠯᠵᠡᠢ᠃      ᠰᠤᠷᠪᠤᠯᠵᠢᠯᠠᠬᠤ ᠪᠦᠯᠬᠦᠮ ᠡᠩ ᠲᠡᠷᠢᠭᠦᠨ ᠳᠤ ᠱᠠᠩᠳᠤ ᠰᠢᠶᠠᠨ ᠤ ᠥᠪᠥᠷ ᠮᠣᠩᠭᠤᠯ ᠤᠨ ᠰᠢ ᠰᠧᠨ ᠲᠥᠮᠥᠰᠥᠨ ᠤ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠲᠥᠮᠥᠰᠥ ᠶᠢ ᠵᠣᠬᠢᠶᠠᠨ ᠪᠠᠶᠢᠭᠤᠯᠵᠤ ᠪᠤᠯᠪᠠᠰᠤᠷᠠᠭᠤᠯᠬᠤ ᠲᠥᠪ ᠲᠤ ᠬᠦᠷᠴᠦ᠂ ᠠᠷᠠᠳ ᠤᠨ ᠡᠳᠦᠷ ᠤᠨ ᠰᠣᠨᠢᠨ᠂ ᠰᠢᠨᠬᠤᠸᠠ ᠬᠤᠷᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ ᠵᠡᠷᠭᠡ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠭᠤᠤᠯ ᠵᠠᠭᠤᠴᠢᠯᠠᠭᠤᠷ ᠤᠨ 14 ᠰᠤᠷᠪᠤᠯᠵᠢᠯᠠᠭᠴᠢᠳ ᠠᠵᠢᠯᠳᠠᠨ ᠤ ᠲᠠᠶᠢᠯᠤᠮᠵᠢ ᠶᠢ ᠬᠢᠨᠠᠮᠠᠭᠠᠶ ᠰᠤᠨᠤᠰᠬᠤ ᠶᠢᠨ ᠬᠠᠮᠳᠦ ᠪᠠᠰᠠ ᠦᠷᠬᠦᠯᠵᠢ ᠠᠩᠬᠠᠷᠴᠤ ᠪᠠᠶᠢᠭ᠎ᠠ ᠠᠰᠠᠭᠤᠳᠠᠯ ᠢ ᠲᠤᠷᠠᠳᠤᠨ᠎ᠠ᠃ ᠰᠤᠷᠪᠤᠯᠵᠢᠯᠠᠭᠴᠢᠳ ᠪᠠᠰᠠ ᠯᠠᠮᠠ ᠶᠢᠨ ᠪᠠᠶᠢᠰᠢᠩ ᠲᠣᠰᠬᠤᠨ ᠤ ᠪᠡᠭᠡᠵᠢᠩ ᠤᠨ ᠰᠠᠨ ᠾᠧ ᠰᠢ ᠰᠧᠨ ᠲᠥᠮᠥᠰᠥ ᠶᠢᠨ ᠦᠢᠯᠡᠰ ᠤᠨ ᠰᠠᠭᠤᠷᠢᠨ ᠳᠤ ᠤᠷᠤᠨ ᠢᠷᠡᠵᠦ · ᠲᠠᠷᠢᠮᠠᠯ ᠤᠨ ᠬᠦᠯᠡᠮᠵᠢ ᠳᠣᠲᠣᠷ᠎ᠠ᠂ ᠰᠠᠭᠤᠷᠢᠨ ᠭᠠᠵᠠᠷ ᠤᠨ ᠠᠵᠢᠯᠲᠠᠨ ᠲᠠᠢ ᠲᠠᠷᠢᠮᠠᠯ ᠤᠨ ᠪᠠᠶᠢᠳᠠᠯ ᠢ ᠦᠢᠯᠠᠭᠠᠬᠤ ᠶᠢᠨ ᠬᠠᠮᠳᠦ ᠮᠠᠨ ᠤ ᠰᠢᠶᠠᠨ ᠤ ᠴᠢ ᠲᠠᠢ ᠪᠠᠯᠭᠠᠰᠤᠨ ᠤ ᠯᠠᠮᠠ ᠶᠢᠨ ᠪᠠᠶᠢᠰᠢᠩ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠶᠠᠩ ᠬᠤᠩ ᠵᠢᠤᠸᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠨᠢᠭᠡᠨ ᠶᠠᠳᠠᠭᠤ ᠬᠦᠴᠢᠷᠳᠡᠯᠲᠡᠢ ᠡᠷᠦᠬᠡ ᠬᠡᠷᠬᠢᠨ ᠶᠠᠳᠠᠭᠤ ᠠᠴᠠ ᠴᠢᠨᠡᠭᠡᠯᠢᠭ ᠲᠡᠰᠢ ᠤᠷᠤᠭᠰᠢᠯᠠᠭᠰᠠᠨ ᠦᠨᠡᠨ ᠪᠣᠳᠠᠲᠠᠢ ᠶᠠᠳᠠᠭᠤ ᠠᠴᠠ ᠠᠩᠭᠢᠵᠢᠷᠠᠭᠰᠠᠨ ᠦᠯᠢᠬᠡᠷ ᠢ ᠰᠤᠷᠪᠤᠯᠵᠢᠯᠠᠪᠠ᠃      ᠨᠢᠭᠡ ᠡᠳᠦᠷ ᠤᠨ ᠰᠤᠷᠪᠤᠯᠵᠢᠯᠠᠭ᠎ᠠ ᠳᠤᠮᠳᠠ᠂ ᠰᠤᠷᠪᠤᠯᠵᠢᠯᠠᠭᠴᠢᠳ ᠪᠣᠯᠪᠠᠰᠤᠷᠠᠭᠤᠯᠬᠤ ᠲᠥᠪ᠂ ᠬᠦᠯᠡᠮᠵᠢ ᠶᠢᠨ ᠶᠡᠭᠡ ᠫᠧᠩ᠂ ᠲᠠᠷᠢᠮᠠᠯ ᠤᠨ ᠰᠠᠭᠤᠷᠢᠨ ᠭᠠᠵᠠᠷ ᠢ ᠲᠣᠭᠤᠷᠢᠨ ᠦᠵᠡᠵᠦ᠂ ᠦᠨᠳᠦᠰᠦᠨ ᠱᠠᠲᠤᠨ ᠤ ᠰᠢᠨ᠎ᠡ ᠰᠣᠷᠭᠤᠭ ᠦᠯᠢᠭᠡᠷ ᠢ ᠨᠠᠷᠢᠨ ᠠᠭᠤᠳᠠᠯᠵᠤ᠂ ᠡᠯᠪᠡᠭ ᠬᠤᠷᠢᠶᠠᠯᠲᠠ ᠣᠯᠤᠯ᠎ᠠ ᠬᠡᠰᠡᠨ ᠪᠠᠶᠢᠯ᠎ᠠ᠃                                                                                                                                                                                                     ᠤᠷᠴᠢᠭᠤᠯᠤᠭᠴᠢ᠄ ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2