ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠱᠠᠩᠳᠤ ᠰᠢᠶᠠᠨ ᠳᠤ ᠬᠦᠷᠴᠦ ᠶᠠᠳᠠᠭᠤ ᠶᠢ ᠲᠡᠳᠬᠦᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-07-18
    7 ᠰᠠᠷ᠎ᠠ ᠶᠢᠨ 15 — 16 ᠤ ᠡᠳᠦᠷ᠂ ᠳᠤᠮᠳᠠᠳᠤ ᠤᠯᠤᠰ ᠤᠨ ᠨᠡᠶᠢᠳᠡᠮ ᠬᠡᠷᠡᠭᠯᠡᠭᠡᠨ ᠤ ᠮᠡᠷᠭᠡᠵᠢᠯ ᠤᠨ ᠪᠦᠯᠦᠭᠯᠡᠯ ᠤᠨ ᠬᠡᠷᠡᠭ ᠮᠡᠳᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠲᠠᠨ ᠰᠢᠩ ᠾᠦᠢ ᠨᠠᠷ ᠱᠠᠩᠳᠤ ᠰᠢᠶᠠᠨ ᠳᠤ ᠬᠦᠷᠴᠦ ᠶᠠᠳᠠᠭᠤ ᠶᠢ ᠲᠡᠳᠬᠦᠬᠦ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠱᠠᠩᠳᠤ ᠰᠢᠶᠠᠨ ᠤ ᠨᠠᠮ ᠤᠨ ᠬᠤᠷᠢᠶᠠᠨ ᠤ ᠱᠦᠵᠢ ᠶᠢᠨ ᠴᠢᠶᠠᠨ ᠪᠢᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠴᠧᠨ ᠶᠣᠣ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠠᠨ ᠷᠦᠢ ᠰᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     ᠲᠠᠨ ᠰᠢᠩ ᠾᠦᠢ ᠨᠠᠷ ᠤᠷᠢᠳ ᠬᠤᠵᠢᠳ ᠥᠪᠥᠷ ᠮᠣᠩᠭᠤᠯ ᠤᠨ ᠾᠧᠩ ᠳ᠋ᠧ ᠺᠠᠩ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠺᠣᠮᠫᠠᠨᠢ᠂ ᠱᠠᠩᠳᠤ ᠰᠢᠶᠠᠨ ᠤ ᠲᠢᠶᠠᠨ ᠱᠦᠸᠧ ᠹᠧᠩ ᠰᠠᠯᠬᠢᠨ ᠴᠠᠬᠢᠯᠭᠠᠨ ᠤ ᠲᠣᠨᠤᠭ ᠲᠦᠬᠦᠭᠡᠷᠦᠮᠵᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ᠂ ᠥᠪᠥᠷ ᠮᠣᠩᠭᠤᠯ ᠤᠨ ᠾᠧᠩ ᠺᠧ ᠲᠧ ᠲᠤᠤ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠱᠠᠩᠳᠤ ᠰᠢᠶᠠᠨ ᠤ ᠡᠯᠧᠺᠲᠷᠦᠨ ᠬᠤᠳᠠᠯᠳᠤᠭᠠᠨ ᠤ ᠶᠠᠪᠤᠳᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠲᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠶ᠃ ᠮᠠᠨ ᠤ ᠰᠢᠶᠠᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠣᠯᠤᠨ ᠡᠯᠧᠺᠲᠷᠣᠨ  ᠬᠤᠳᠠᠯᠳᠤᠭᠠᠨ ᠤ ᠶᠠᠪᠤᠳᠠᠯ ᠤᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠴᠢᠳᠠᠪᠤᠷᠢᠲᠠᠨ ᠤ ᠪᠤᠯᠪᠠᠰᠦᠷᠠᠭᠤᠯᠤᠯ᠂ ᠦᠵᠡᠭᠦᠯᠦᠯᠭᠡ ᠶᠢᠨ ᠲᠢᠩᠬᠢᠮ ᠤᠨ ᠴᠢᠳᠠᠮᠵᠢ ᠶᠢ ᠥᠷᠭᠡᠳᠬᠡᠬᠦ ᠵᠢᠴᠢ ᠦᠢᠯᠡᠴᠢᠯᠡᠭᠡᠨ ᠤ ᠴᠢᠳᠠᠮᠵᠢ ᠶᠢ ᠤᠷᠲᠤᠳᠬᠠᠬᠤ ᠵᠡᠷᠭᠡ ᠲᠠᠯ᠎ᠠ ᠪᠠᠷ ᠡᠯᠧᠺᠲᠷᠣᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠬᠠᠮᠲᠤᠷᠠᠯᠴᠠᠭ᠎ᠠ ᠶᠢ ᠳᠥᠯᠭᠢᠨ ᠠᠬᠢᠭᠤᠯᠬᠤ ᠲᠤᠬᠠᠶ ᠰᠣᠯᠢᠯᠴᠠᠨ ᠶᠠᠷᠢᠯᠴᠠᠪᠠ᠃    
           ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠳᠡᠭᠡᠷ᠎ᠡ᠂ ᠶᠢᠨ ᠴᠢᠶᠠᠨ ᠪᠢᠨ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠤᠨ ᠮᠠᠨ ᠤ ᠰᠢᠶᠠᠨ ᠢ ᠬᠠᠪᠰᠤᠷᠤᠨ ᠲᠡᠳᠬᠦᠭᠰᠡᠨ ᠶᠡᠷᠦᠩᠬᠡᠶ ᠪᠠᠶᠢᠳᠠᠯ ᠢ ᠲᠠᠨᠢᠯᠴᠠᠭᠤᠯᠪᠠ᠃     ᠦᠢᠷ᠎ᠠ ᠶᠢᠨ ᠵᠢᠯ ᠠᠴᠠ ᠨᠠᠰᠢ᠂ ᠮᠠᠨ ᠤ ᠰᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠶᠢ ᠶᠡᠷᠦᠩᠬᠡᠶᠢᠯᠡᠨ ᠠᠳᠬᠤᠬᠤ ᠶᠢ ᠪᠠᠷᠢᠮᠲᠠᠯᠠᠵᠤ᠂ ︽ᠵᠢᠷᠭᠤᠭᠠᠨ ᠨᠠᠷᠢᠯᠢᠭ ᠣᠨᠣᠴᠠᠲᠠᠶ᠂ ᠲᠠᠪᠤᠨ ᠨᠢᠭᠡ ᠪᠦᠯᠦᠭ︾ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠨᠠᠷᠢᠨ ᠣᠨᠣᠴᠠᠲᠠᠶ ᠴᠢᠬᠤᠯᠠ ᠠᠭᠤᠯᠭ᠎ᠠ ᠶᠢ ᠪᠠᠲᠤ ᠡᠵᠡᠮᠰᠢᠵᠦ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠠᠷᠭ᠎ᠠ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠴᠢᠬᠤᠯᠠ ᠶᠡᠭᠡ ᠠᠬᠢᠴᠠ ᠲᠠᠢ ᠪᠣᠯᠪᠠ᠃ ᠪᠦᠬᠦ ᠰᠢᠶᠠᠨ ᠤ ᠶᠠᠳᠠᠭᠤ ᠬᠦᠴᠢᠷᠳᠡᠯᠲᠡᠶ ᠬᠥᠮᠦᠨ ᠠᠮᠠ 2013 ᠤᠨ ᠤ 19434 ᠡᠷᠦᠬᠡ 42613 ᠬᠥᠮᠦᠨ  ᠪᠠᠶᠢᠭᠰᠠᠨ ᠠᠴᠠ ᠬᠠᠰᠤᠭᠳᠠᠭᠠᠳ ᠣᠳᠣ 221ᠡᠷᠦᠬᠡ 445 ᠬᠥᠮᠦᠨ ᠪᠣᠯᠵᠠᠶ᠃ 2019 ᠣᠨ ᠤ 11 ᠳ᠋ᠤᠭᠡᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠭᠤᠷᠪᠠᠳᠠᠬᠢ ᠡᠲᠡᠭᠡᠳ ᠤᠨ ᠦᠨᠡᠯᠡᠨ ᠵᠢᠱᠢᠵᠦ ᠰᠢᠯᠭᠠᠨ ᠠᠪᠬᠤ ᠠᠵᠢᠯ ᠢ ᠤᠷᠤᠭᠰᠢᠲᠠᠶ ᠬᠢᠵᠦ᠂ ᠡᠨᠡ ᠵᠢᠯ ᠤᠨ 3 ᠰᠠᠷ᠎ᠠ ᠶᠢᠨ 4 ᠤ ᠡᠳᠦᠷ ᠮᠠᠨ ᠤ ᠰᠢᠶᠠᠨ ᠨᠢᠭᠡᠨᠲᠡ ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠡᠩᠨᠡᠭᠡ ᠠᠴᠠ ᠵᠢᠩᠬᠢᠨᠢ ᠪᠠᠷ ᠤᠬᠤᠷᠢᠨ ᠭᠠᠷᠴᠤ᠂ ᠡᠨᠡ ᠵᠢᠯ ᠤᠨ 9 ᠰᠠᠷ᠎ᠠ ᠶᠢᠨ ᠰᠡᠭᠦᠯᠴᠢ ᠪᠠᠷ ᠮᠠᠨ ᠤ ᠰᠢᠶᠠᠨ ︽ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ︾ ᠪᠦᠬᠦᠨ ᠢ ᠶᠠᠳᠠᠭᠤ ᠠᠴᠠ ᠠᠩᠭᠢᠵᠢᠷᠠᠭᠤᠯᠤᠨ᠎ᠠ᠃ 2013 ᠣᠨ ᠳᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠭᠰᠡᠨ ᠠᠴᠠ ᠨᠠᠰᠢ᠂ ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠱᠠᠭᠠᠷᠳᠠᠯᠭ᠎ᠠ ᠳᠤ ᠰᠠᠭᠤᠷᠢᠯᠠᠵᠤ᠂ ᠵᠢᠯ ᠳᠠᠷᠠᠭᠠᠯᠠᠨ ᠬᠠᠪᠰᠤᠷᠤᠨ ᠲᠡᠳᠬᠦᠬᠦ ᠡᠷᠴᠢᠮ ᠢᠶᠠᠨ ᠨᠡᠮᠡᠭᠳᠡᠭᠦᠯᠵᠦ ᠬᠠᠪᠰᠤᠷᠤᠨ ᠲᠡᠳᠬᠦᠬᠦ ᠪᠡᠯᠡ ᠮᠥᠩᠭᠦ 5115 ᠲᠦᠮᠡᠨ ᠲᠥᠭᠦᠷᠢᠭ ᠣᠷᠣᠭᠤᠯᠵᠠᠶ᠃     ᠲᠠᠨ ᠰᠢᠩ ᠾᠦᠢ ᠢᠯᠡᠷᠬᠡᠶᠢᠯᠡᠬᠦ ᠳᠡᠭᠡᠨ᠂ ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ︽ᠲᠦᠷᠪᠡ ᠶᠢ ᠦᠯᠦ ᠰᠠᠯᠭᠠᠬᠤ︾ ᠡᠭᠦᠷᠭᠡ ᠶᠢᠨ ᠱᠠᠭᠠᠷᠳᠠᠯᠭ᠎ᠠ ᠶᠣᠰᠣᠭᠠᠷ᠂  ᠡᠯᠧᠺᠲᠷᠦᠨ ᠬᠤᠳᠠᠯᠳᠤᠭᠠᠨ ᠤ ᠶᠠᠪᠤᠳᠠᠯ᠂ ᠡᠮᠴᠢᠯᠡᠭᠡ ᠰᠤᠪᠢᠯᠠᠯᠲᠠ ᠶᠢᠨ ᠬᠠᠮᠲᠤᠷᠠᠯᠴᠠᠭ᠎ᠠ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠰᠡᠷᠭᠡᠶᠢᠯᠡᠨ ᠬᠠᠮᠠᠭᠠᠯᠠᠬᠤ ᠶᠢ ᠳᠡᠮᠵᠢᠬᠦ ᠵᠡᠷᠭᠡ ᠲᠠᠯ᠎ᠠ ᠪᠠᠷ ᠶᠠᠳᠠᠭᠤ ᠶᠢ ᠲᠡᠳᠬᠦᠬᠦ ᠠᠵᠢᠯ ᠢ ᠦᠷᠭᠦᠯᠵᠢᠯᠡᠨ ᠠᠬᠢᠭᠤᠯᠬᠤ ᠪᠠᠷ ᠴᠢᠷᠮᠠᠶᠢᠨ᠎ᠠ ᠭᠡᠵᠡᠢ᠃     ᠭᠤᠣᠯ ᠰᠡᠳᠦᠪ ᠨᠢ ︽ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠳᠤ ᠦᠨᠡᠨ ᠰᠡᠳᠬᠢᠯ ᠬᠡᠷᠡᠭᠯᠡᠵᠦ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠳᠤ ᠰᠡᠳᠬᠢᠯ ᠵᠢᠷᠦᠬᠡ ᠪᠠᠨ ᠬᠤᠯᠪᠣᠬᠤ︾ ᠪᠠᠷᠠᠭᠤᠨ ᠣᠷᠣᠨ ᠤ ᠲᠦᠯᠦᠪᠯᠡᠭᠡ ᠶᠢᠨ ᠰᠠᠶᠢᠨ ᠳᠤᠷ᠎ᠠ ᠶᠢᠨ ᠪᠠᠭᠰᠢ ᠶᠢᠨ ᠵᠠᠯᠠᠭᠤ ᠨᠠᠰᠤ ᠪᠠᠷ ᠶᠠᠳᠠᠭᠤ ᠶᠢ ᠲᠡᠳᠬᠦᠬᠦ ᠶᠠᠷᠢᠯᠴᠠᠬᠤ ᠬᠤᠷᠠᠯ ᠲᠡᠭᠡᠷ᠎ᠡ᠂ ᠬᠤᠷᠠᠯ ᠳᠤ ᠣᠷᠣᠯᠴᠠᠭᠰᠠᠳ ︽ᠰᠡᠳᠬᠢᠯ ᠢᠶᠠᠨ ᠨᠢᠭᠡᠳᠬᠡᠵᠦ ᠬᠦᠰᠡᠯ ᠵᠡᠭᠦᠳᠦ ᠪᠠᠨ ᠲᠡᠷᠭᠡᠯᠰᠢᠯᠡᠭᠦᠯᠵᠦ ᠬᠠᠮᠲᠤ ᠪᠠᠷ ᠢᠷᠡᠭᠡᠳᠦᠶ ᠪᠠᠨ ᠵᠣᠷᠢᠶ᠎ᠠ︾ ᠭᠡᠬᠦ ᠵᠠᠯᠠᠭᠤ ᠨᠠᠰᠤᠨ ᠪᠠᠷ ᠶᠠᠳᠠᠭᠤ ᠶᠢ ᠲᠡᠳᠬᠦᠬᠦ ᠭᠤᠤᠯ ᠰᠡᠳᠦᠪᠲᠦ ᠤᠬ ᠠᠭᠤᠯᠭ᠎ᠠ ᠶᠢᠨ ᠹᠢᠯᠢᠮ ᠢ ᠬᠠᠮᠲᠤ ᠪᠠᠷ ᠦᠵᠡᠵᠦ · ᠰᠠᠶᠢᠨ ᠳᠤᠷ᠎ᠠ ᠶᠢᠨ ᠪᠠᠭᠰᠢ ᠶᠢᠨ ᠲᠥᠯᠥᠭᠡᠯᠡᠭᠴᠢᠳ ᠰᠠᠶᠢᠨ ᠳᠤᠷ᠎ᠠ ᠶᠢᠨ ᠦᠢᠯᠡᠴᠢᠯᠡᠭᠡᠨ ᠤ ᠬᠤᠭᠤᠴᠠᠭᠠᠨ ᠳᠠᠬᠢ ᠠᠵᠢᠯ ᠤᠨ ᠥᠩᠭᠡᠷᠡᠯᠲᠡ ᠪᠣᠯᠤᠨ ᠲᠥᠷᠥᠭᠳᠡᠯ ᠢᠶᠠᠨ ᠶᠠᠷᠢᠵᠠᠶ᠃ ᠰᠤᠷᠭᠠᠭᠤᠯᠢ ᠶᠢᠨ ᠵᠠᠬᠢᠷᠤᠯ ᠤᠨ ᠲᠥᠯᠥᠭᠡᠯᠡᠭᠴᠢ᠂ ᠮᠠᠨ ᠤ ᠰᠢᠶᠠᠨ ᠤ ᠡᠪᠯᠡᠯ ᠤᠨ ᠲᠥᠪ ᠬᠤᠷᠢᠶᠠᠨ ᠳᠤ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ ᠵᠢᠴᠢ ᠡᠪᠯᠡᠯ ᠤᠨ ᠰᠢᠶᠠᠨ ᠤ ᠨᠠᠮ ᠤᠨ ᠬᠤᠷᠢᠶ᠎ᠠ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠪᠣᠯᠤᠨ ᠨᠡᠶᠢᠳᠡᠮ ᠬᠡᠷᠡᠭᠯᠡᠬᠦ ᠪᠦᠯᠦᠭᠯᠡᠯ ᠤᠨ ᠬᠠᠮᠢᠶ᠎ᠠ ᠪᠦᠬᠦᠢ ᠤᠳᠤᠷᠢᠳᠤᠯᠭ᠎ᠠ ᠥᠪᠡᠷ ᠥᠪᠡᠷ ᠤᠨ ᠠᠵᠢᠯ ᠲᠠᠢ ᠪᠠᠨ ᠤᠶᠠᠯᠳᠤᠭᠤᠯᠤᠨ ᠳᠡᠰ ᠳᠠᠷᠠᠭᠠᠯᠠᠨ ᠶᠠᠷᠢᠶ᠎ᠠ ᠲᠠᠯᠪᠢᠵᠠᠶ᠃ ᠣᠯᠠᠨ ᠢᠶᠠᠷ ᠢᠶᠠᠨ ᠲᠥᠷᠥᠭᠳᠡᠯ ᠢᠶᠠᠨ ᠶᠠᠷᠢᠵᠤ᠂ ᠤᠷᠤᠭᠰᠢᠲᠠᠶ ᠬᠥᠭᠵᠢᠵᠦ᠂ ᠮᠠᠨ ᠤ ᠰᠢᠶᠠᠨ ᠤ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠠᠵᠢᠯ ᠢ ᠳᠥᠯᠭᠢᠨ ᠠᠬᠢᠭᠤᠯᠬᠤ ᠲᠤᠬᠠᠶ ᠰᠠᠨᠠᠭᠤᠯᠭ᠎ᠠ ᠳᠤᠷᠠᠳᠪᠠ︔ ᠳᠤᠮᠳᠠᠳᠤ ᠤᠯᠤᠰ ᠤᠨ ᠨᠡᠶᠢᠳᠡᠮ ᠬᠡᠷᠡᠭᠯᠡᠭᠡᠨ ᠤ ᠮᠡᠷᠭᠡᠵᠢᠯ ᠤᠨ ᠪᠦᠯᠦᠭᠯᠡᠯ 23 ᠰᠠᠶᠢᠨ ᠳᠤᠷ᠎ᠠ ᠶᠢᠨ ᠰᠤᠷᠭᠠᠨ ᠬᠦᠮᠦᠵᠢᠯ ᠢ ᠳᠡᠮᠵᠢᠬᠦ ᠪᠠᠭᠰᠢ ᠳᠤ ᠳᠤᠷᠠᠰᠬᠠᠯ ᠤᠨ ᠪᠣᠳᠠᠰ ᠲᠠᠷᠬᠠᠭᠠᠪᠠ᠃     2018 ᠤᠨ᠂ ᠳᠤᠮᠳᠠᠳᠤ ᠤᠯᠤᠰ ᠤᠨ ᠨᠡᠶᠢᠳᠡᠮ ᠬᠡᠷᠡᠭᠯᠡᠭᠡᠨ ᠤ ᠮᠡᠷᠭᠡᠵᠢᠯ ᠤᠨ ᠪᠦᠯᠦᠭᠯᠡᠯ ᠤᠨ ᠡᠪᠯᠡᠯ ᠤᠨ ᠬᠤᠷᠢᠶ᠎ᠠ ᠪᠠᠶᠢᠴᠠᠭᠠᠨ ᠰᠤᠳᠤᠯᠤᠯᠲᠠ ᠬᠢᠬᠦ ᠳᠤᠮᠳᠠ ᠮᠠᠨ ᠤ ᠰᠢᠶᠠᠨ ᠤ ᠪᠠᠭᠰᠢ ᠶᠢᠨ ᠡᠩᠨᠡᠭᠡ ᠶᠢᠨ ᠪᠦᠲᠦᠴᠡ ᠶᠢᠨ ᠴᠢᠨᠠᠷᠳᠠᠢ ᠳᠤᠲᠠᠭᠳᠠᠵᠤ ᠪᠠᠶᠢᠭ᠎ᠠ ᠪᠣᠳᠠᠲᠠᠶ ᠬᠦᠴᠢᠷᠳᠡᠯ ᠢ ᠣᠶᠢᠯᠠᠭᠠᠵᠤ᠂ ᠰᠠᠨᠠᠭᠠᠴᠢᠯᠭ᠎ᠠ ᠲᠠᠢ ᠪᠠᠷ ᠪᠦᠯᠬᠦᠮ ᠤᠨ ᠲᠥᠪ ᠬᠤᠷᠢᠶ᠎ᠠ ᠲᠠᠢ ᠵᠤᠯᠭᠠᠭᠤᠯᠵᠦ · ᠤᠶᠤᠲᠠᠳ ᠤᠨ ᠰᠠᠶᠢᠨ ᠳᠤᠷ᠎ᠠ ᠠᠴᠠ ᠪᠠᠨ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ ᠶᠢᠨ ᠲᠥᠷᠥᠯ ᠵᠦᠢᠯ ᠢ ᠱᠠᠩᠳᠦ ᠳᠤ ᠪᠠᠭᠤᠯᠭᠠᠨ ᠲᠤᠭᠳᠠᠭᠤᠯᠵᠠᠢ᠃ ᠰᠠᠶᠢᠨ ᠳᠤᠷ᠎ᠠ  ᠠᠴᠠ ᠪᠠᠨ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ ᠶᠢᠨ 30 ᠨᠡᠷᠡᠰ ᠶᠡᠭᠡ ᠰᠤᠷᠭᠠᠭᠤᠯᠢ ᠶᠢᠨ ᠣᠶᠤᠲᠠᠨ ᠰᠠᠶᠢᠨ ᠳᠤᠷ᠎ᠠ ᠶᠢᠨ ᠠᠵᠢᠯᠯᠠᠭᠴᠢ ᠮᠠᠨ ᠤ ᠰᠢᠶᠠᠨ ᠳᠤ ᠢᠷᠡᠵᠦ ᠬᠥᠳᠡᠭᠡ ᠲᠣᠰᠬᠤᠨ ᠤ ᠰᠤᠷᠭᠠᠭᠤᠯᠢ ᠳᠤ ᠠᠮᠢᠵᠢᠷᠠᠯ ᠤᠨ ᠬᠦᠴᠦᠨ ᠬᠠᠩᠭᠠᠵᠦ ᠱᠠᠩᠳᠤ ᠶᠢᠨ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠳᠤ ᠬᠤᠪᠢ ᠨᠡᠮᠡᠷᠢ ᠦᠵᠡᠭᠦᠯᠪᠡ᠃     ᠶᠢᠨ ᠴᠢᠶᠠᠨ ᠪᠢᠨ ᠶᠠᠷᠢᠶ᠎ᠠ ᠲᠠᠯᠪᠢᠬᠤ ᠳᠠᠭᠠᠨ ᠵᠢᠭᠠᠵᠤ ᠭᠠᠷᠭᠠᠭᠰᠠᠨ ᠨᠢ᠂ ᠤᠶᠤᠲᠠᠳ ᠤᠨ ᠰᠠᠶᠢᠨ ᠳᠤᠷ᠎ᠠ ᠠᠴᠠ ᠪᠠᠨ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ ᠶᠢ ᠬᠡᠷᠡᠭᠵᠢᠭᠦᠯᠦᠭᠰᠡᠨ ᠠᠴᠠ ᠨᠠᠰᠢ᠂ ᠨᠡᠶᠢᠳᠡᠮ ᠬᠡᠷᠡᠭᠯᠡᠬᠦ ᠪᠦᠯᠦᠭᠯᠡᠯ ᠤᠨ ᠬᠦᠴᠦᠲᠡᠶ ᠳᠡᠮᠵᠢᠯᠭᠡ ᠳᠣᠣᠷ᠎ᠠ᠂ ᠰᠠᠶᠢᠨ ᠳᠤᠷ᠎ᠠ ᠠᠴᠠ ᠪᠠᠨ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ ᠶᠢᠨ 30 ᠨᠡᠷᠡᠰ ᠶᠡᠭᠡ ᠰᠤᠷᠭᠠᠭᠤᠯᠢ ᠶᠢᠨ ᠣᠶᠤᠲᠠᠨ ᠰᠠᠶᠢᠨ ᠳᠤᠷ᠎ᠠ ᠶᠢᠨ ᠠᠵᠢᠯᠯᠠᠭᠴᠢ ᠮᠠᠨ ᠤ ᠰᠢᠶᠠᠨ ᠳᠤ ᠢᠷᠡᠵᠦ᠂ ᠦᠨᠳᠦᠰᠦᠨ ᠱᠠᠲᠤᠨ ᠤ ᠰᠤᠷᠭᠠᠨ ᠬᠥᠮᠦᠵᠢᠯ ᠤᠨ ᠨᠢᠭᠡᠳᠦᠭᠡᠷ ᠹᠷᠣᠨᠲ ᠲᠤ ᠲᠡᠭᠦᠯᠳᠡᠷᠵᠢᠵᠦ᠂  ᠰᠠᠶᠢᠨ ᠳᠤᠷ᠎ᠠ ᠶᠢᠨ ᠪᠠᠭᠰᠢ ᠨᠠᠷ ᠡᠪᠯᠡᠯ ᠤᠨ ᠲᠥᠪ ᠬᠤᠷᠢᠶᠠᠨ ᠤ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠦᠷᠢᠵᠢᠭᠤᠯᠵᠦ᠂ ᠬᠦᠴᠢᠷ ᠪᠡᠷᠬᠡᠰᠢᠶᠡᠯ ᠢ ᠢᠳᠡᠪᠬᠢᠲᠡᠢ ᠢᠯᠠᠨ ᠳᠠᠪᠠᠵᠤ᠂ ᠦᠨᠳᠦᠰᠦᠨ ᠱᠠᠲᠤᠨ ᠤ ᠰᠤᠷᠭᠠᠨ ᠬᠥᠮᠦᠵᠢᠯ ᠳᠤ ᠦᠢᠯᠡᠴᠢᠯᠡᠵᠦ᠂ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠴᠢᠷᠮᠠᠶᠢᠨ ᠠᠵᠢᠯᠯᠠᠵᠤ᠂ ᠰᠢᠯᠢᠳᠡᠭ ᠠᠮᠵᠢᠯᠲᠠ ᠤᠯᠪᠠ᠃ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠤᠷᠭᠠᠨ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠦᠵᠡᠯᠲᠡ ᠶᠢ ᠨᠠᠷᠢᠨ ᠬᠢᠨᠠᠮᠠᠭᠠᠢ ᠲᠤᠤᠱᠯᠠᠭᠤᠯᠵᠠᠶ᠃ ᠣᠶᠢᠷ᠎ᠠ ᠶᠢᠨ ᠬᠡᠳᠦᠨ ᠵᠢᠯ ᠤᠨ ᠬᠥᠭᠵᠢᠯᠲᠡ ᠪᠠᠷ ᠳᠠᠮᠵᠢᠨ ᠮᠠᠨ ᠤ ᠰᠢᠶᠠᠨ ᠤ ᠰᠤᠷᠭᠠᠨ ᠬᠥᠮᠦᠵᠢᠯ ᠤᠨ ᠵᠢᠭᠠᠨ ᠰᠤᠷᠭᠠᠬᠤ ᠨᠥᠬᠦᠴᠡᠯ ᠪᠣᠯᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠢᠯᠡᠳᠲᠡ ᠰᠠᠶᠢᠵᠢᠷᠠᠵᠤ᠂ ᠪᠠᠷᠠᠭᠤᠨ ᠣᠷᠣᠨ ᠤ ᠲᠥᠯᠥᠪᠯᠡᠭᠡ ᠪᠠᠷ ᠳᠠᠮᠵᠢᠨ᠂ ᠵᠢᠭᠠᠨ ᠰᠤᠷᠭᠠᠬᠤ ᠴᠢᠭ ᠢ ᠨᠡᠶᠢᠳᠭᠡᠬᠦ᠂ ᠪᠠᠭᠰᠢ ᠡᠯᠰᠡᠬᠦ᠂ ᠣᠨᠴᠠᠭᠠᠶ ᠠᠵᠢᠯ ᠤᠨ ᠪᠠᠶᠢᠷᠢ ᠶᠢᠨ ᠪᠠᠭᠰᠢ ᠶᠢ ᠲᠡᠳᠡᠨ ᠣᠷᠣᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠪᠠᠭᠰᠢ ᠶᠢᠨ ᠡᠩᠨᠡᠭᠡᠨ ᠤ ᠪᠦᠲᠦᠴᠡ ᠶᠢᠨ ᠴᠢᠨᠠᠷᠲᠠᠶ ᠳᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠡᠢ᠃ ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠨᠢ ᠰᠤᠷᠭᠠᠨ ᠬᠥᠮᠦᠵᠢᠯ ᠤᠨ ᠲᠠᠯ᠎ᠠ ᠪᠠᠷ ᠱᠠᠩᠳᠦ ᠳᠤ ᠨᠡᠩ ᠤᠯᠠᠨ ᠠᠩᠬᠠᠷᠤᠯ ᠪᠠ ᠳᠡᠮᠵᠢᠯᠭᠡ ᠦᠵᠡᠭᠦᠯᠵᠦ᠂  ᠮᠦᠨ ᠴᠦ ᠰᠠᠶᠢᠨ ᠳᠤᠷᠠᠴᠤᠳ ᠤᠨ ᠰᠢᠨ᠎ᠡ ᠠᠵᠢᠯ ᠤᠨ ᠪᠠᠶᠢᠷᠢᠨ ᠳᠡᠭᠡᠷ᠎ᠡ ᠪᠠᠨ ᠨᠡᠩ ᠰᠠᠶᠢᠨ ᠠᠮᠵᠢᠯᠲᠠ ᠤᠯᠬᠤ ᠶᠢ ᠬᠦᠰᠡᠨ ᠢᠯᠡᠷᠬᠡᠶᠢᠯᠡᠪᠡ᠃     ᠲᠠᠨ ᠰᠢᠩ ᠾᠦᠢ ᠡᠩ ᠲᠡᠷᠢᠭᠦᠨ ᠳᠤ ᠰᠤᠷᠭᠠᠨ ᠬᠥᠮᠦᠵᠢᠯ ᠢ ᠳᠡᠮᠵᠢᠭᠰᠡᠨ 23 ᠰᠠᠶᠢᠨ ᠳᠤᠷ᠎ᠠ ᠶᠢᠨ ᠪᠠᠭᠰᠢ ᠰᠤᠷᠭᠠᠨ ᠬᠦᠮᠦᠵᠢᠯ ᠢ ᠳᠡᠮᠵᠢᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠵᠡᠢ᠃ ᠡᠭᠦᠨ ᠤ ᠬᠠᠮᠲᠤ᠂ ᠰᠠᠶᠢᠨ ᠳᠤᠷ᠎ᠠ ᠶᠢᠨ ᠠᠵᠢᠯᠯᠠᠭᠴᠢᠳ ᠰᠤᠷᠭᠠᠨ ᠬᠥᠮᠦᠵᠢᠯ ᠢ ᠳᠡᠮᠵᠢᠬᠦ ᠶᠠᠪᠤᠴᠠ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠡᠨᠡ ᠬᠦ ᠠᠭᠤᠤ ᠶᠡᠭᠡ ᠦᠢᠯᠡᠳᠦᠯᠭᠡ ᠶᠢ ᠪᠡᠶ᠎ᠡ ᠪᠠᠷ ᠢᠶᠠᠨ ᠥᠩᠭᠡᠷᠡᠭᠡᠵᠦ᠂ ᠤᠯᠠᠨ ᠢᠶᠠᠷ ᠢᠶᠠᠨ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠡᠭᠦᠷᠭᠡᠯᠡᠵᠦ ᠪᠠᠶᠢᠭ᠎ᠠ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠪᠠᠲᠤ ᠴᠡᠭᠡᠵᠢᠯᠡᠵᠦ ︽ᠵᠠᠯᠠᠭᠤ ᠨᠠᠰᠤ ᠪᠠᠨ ᠨᠠᠮ ᠪᠠ ᠠᠷᠠᠳ ᠲᠦᠮᠡᠨ ᠤ ᠬᠠᠮᠤᠭ ᠤᠨ ᠬᠡᠷᠡᠭᠴᠡᠭᠡ ᠲᠠᠢ ᠭᠠᠵᠠᠷ ᠲᠤ ᠭᠡᠷᠡᠯ ᠰᠠᠴᠤᠷᠠᠩᠭᠤᠢ ᠴᠡᠴᠡᠭ ᠢ ᠳᠡᠯᠭᠡᠷᠡᠬᠦᠯᠵᠦ︾᠂ ᠬᠤᠶᠢᠰᠢᠳᠠ ᠶᠢᠨ ᠠᠵᠢᠯ ᠤᠨ ᠳᠤᠮᠳᠠ ᠪᠠᠨ ᠬᠦᠰᠡᠯᠡᠩ ᠲᠠᠢ᠂ ᠡᠷᠳᠡᠮ ᠴᠢᠳᠠᠪᠤᠷᠢ ᠲᠠᠢ᠂ ᠬᠠᠷᠢᠭᠤᠴᠠᠯᠭ᠎ᠠ ᠲᠠᠢ ᠵᠠᠯᠠᠭᠤᠴᠤᠳ ᠪᠤᠯᠵᠦ᠂ ᠨᠠᠩ ᠭᠤᠶᠢᠳᠠ ᠰᠠᠶᠢᠬᠠᠨ ᠠᠮᠢᠳᠤᠷᠠᠯ ᠢ ᠨᠠᠭᠡᠭᠡᠬᠦ ᠶᠢ ᠬᠦᠰᠡᠨ ᠳᠤᠷᠠᠳᠴᠠᠢ᠃     ᠴᠧᠨ ᠶᠣᠣ ᠶᠠᠷᠢᠯᠴᠠᠬᠤ ᠬᠤᠷᠠᠯ ᠢ ᠡᠷᠬᠢᠯᠡᠭᠰᠡᠨ ᠪᠥᠭᠡᠳ ᠵᠢᠭᠠᠵᠤ ᠭᠠᠷᠭᠠᠭᠰᠠᠨ ᠨᠢ᠂ ᠳᠤᠮᠳᠠᠳᠤ ᠤᠯᠤᠰ ᠤᠨ ᠨᠡᠶᠢᠳᠡᠮ ᠬᠡᠷᠡᠭᠯᠡᠭᠡᠨ ᠤ ᠮᠡᠷᠭᠡᠵᠢᠯ ᠤᠨ ᠪᠦᠯᠦᠭᠯᠡᠯ ᠤᠨ ᠡᠪᠯᠡᠯ ᠤᠨ ᠬᠤᠷᠢᠶ᠎ᠠ ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠪᠠᠳᠠᠷᠠᠭᠤᠯᠵᠠᠶ᠃ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠠᠵᠢᠯ ᠣᠯᠭᠤᠯᠲᠠ ᠦᠢᠯᠡᠰ ᠪᠣᠰᠬᠠᠯᠲᠠ᠂ ᠣᠶᠤᠨ ᠤᠬᠠᠭᠠᠨ ᠬᠤᠶᠠᠷ ᠲᠠᠯ᠎ᠠ ᠪᠠᠷ ᠲᠡᠳᠬᠦᠬᠦ᠂ ᠥᠴᠦᠬᠡᠨ ᠬᠦᠰᠡᠯ ᠲᠠᠢ ᠠᠵᠢᠯᠯᠠᠭ᠎ᠠ᠂ ᠨᠣᠮ ᠪᠢᠴᠢᠭ ᠬᠠᠨᠳᠢᠪᠯᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠱᠠᠩᠳᠤ ᠰᠢᠶᠠᠨ ᠤ ᠦᠨᠳᠦᠰᠦᠨ ᠱᠠᠲᠤᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠯᠤᠭ᠎ᠠ ᠬᠤᠤᠰᠯᠠᠯ ᠪᠠᠶᠢᠭᠤᠯᠤᠨ ᠬᠠᠮᠲᠤᠪᠠᠷ ᠪᠠᠶᠢᠭᠤᠯᠬᠤ ᠬᠠᠷᠢᠴᠠᠭ᠎ᠠ ᠪᠠᠶᠢᠭᠤᠯᠵᠠᠶ᠃ ᠪᠦᠯᠦᠭᠯᠡᠯ ᠤᠨ ᠡᠪᠯᠡᠯ ᠤᠨ ᠭᠡᠰᠢᠭᠦᠨ ᠵᠠᠯᠠᠭᠤᠴᠤᠳ ᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠳᠤ ᠣᠷᠣᠯᠴᠠᠭᠤᠯᠵᠤ᠂ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠳᠤ ᠴᠢᠳᠠᠪᠤᠷᠢᠲᠠᠨ ᠤ ᠳᠡᠮᠵᠢᠯᠭᠡ ᠬᠠᠩᠭᠠᠭᠰᠠᠨ ᠭᠡᠵᠡᠢ᠃     ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠪᠠᠰᠠ ᠠᠷᠪᠠᠨ ᠨᠠᠢᠮᠠᠳᠤᠭᠠᠷ ᠴᠢᠩ ᠪᠠᠯᠭᠠᠰᠤᠨ ᠤ ᠴᠢᠤᠸᠠᠨ ᠨᠤᠤ ᠽᠢ ᠲᠣᠰᠬᠤᠨ ᠤ ᠭᠠᠭ᠋ᠠᠢ ᠲᠡᠵᠢᠭᠡᠬᠦ ᠦᠢᠯᠡᠳᠪᠦᠷᠢ ᠪᠠ ᠲᠤᠰᠠᠯᠠᠨ ᠪᠠᠶᠢᠭᠤᠯᠤᠭᠰᠠᠨ ᠶᠠᠳᠠᠭᠤ ᠶᠢ ᠲᠡᠳᠬᠦᠬᠦ ᠲᠡᠷᠬᠡᠨ ᠲᠠᠰᠤᠭ ᠲᠤ ᠭᠦᠨᠵᠡᠭᠡᠶᠢᠷᠡᠨ ᠲᠣᠭᠤᠷᠢᠨ ᠦᠵᠡᠭᠰᠡᠨ ᠪᠥᠭᠡᠳ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠬᠠᠷᠠᠨ ᠲᠣᠬᠤᠨᠢᠭᠤᠯᠵᠠᠢ︔ ᠴᠢᠤᠸᠠᠨ ᠨᠤᠤ ᠽᠢ ᠲᠣᠰᠬᠤᠨ ᠤ ᠵᠥᠪᠯᠡᠯ ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠲᠤ ᠬᠡᠮᠡᠷᠯᠢᠭ ᠲᠤᠭ ᠬᠦᠷᠭᠡᠵᠡᠶ᠃                                                                                          ᠤᠷᠴᠢᠭᠤᠯᠤᠭᠴᠢ᠄  ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2