ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠢᠦᠢ ᠱᠢ ᠯᠢᠨ ᠨᠡᠷ ᠮᠠᠨ ᠤ ᠰᠢᠶᠠᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020/7/18
    7 ᠰᠠᠷ᠎ᠠ ᠶᠢᠨ 16 ᠤ ᠡᠳᠦᠷ᠂ ᠤᠯᠠᠭᠠᠨᠴᠠᠪ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠢᠦᠢ ᠱᠢ ᠯᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠰᠢᠶᠠᠨ ᠳᠤ ᠢᠷᠡᠵᠦ 2020 ᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠦᠢᠴᠡᠳᠭᠡᠭᠰᠡᠨ ᠪᠠᠶᠢᠳᠠᠯ᠂ 2019 ᠣᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ ᠬᠦᠢᠴᠡᠳᠭᠡᠯ ᠪᠠ 2020 ᠣᠨ ᠤ ᠲᠥᠰᠦᠪ ᠤᠨ ᠳᠡᠭᠡᠷ᠎ᠡ ᠬᠠᠭᠠᠰ ᠵᠢᠯ ᠤᠨ ᠬᠦᠢᠴᠡᠳᠭᠡᠭᠰᠡᠨ ᠪᠠᠶᠢᠳᠠᠯ᠂ 2019 ᠣᠨ ᠤ ᠲᠣᠰ ᠱᠠᠲᠤᠨ ᠤ ᠲᠥᠰᠦᠪ ᠢ ᠬᠦᠢᠴᠡᠳᠭᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠢᠨᠠᠨ ᠪᠤᠳᠤᠭᠰᠠᠨ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠠᠯ ᠤᠨ ᠡᠷᠬᠢᠯᠡᠭᠴᠢ ᠭᠦᠸᠧ ᠱᠸᠦ ᠢᠦᠶ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠶᠠᠩ ᠸᠧᠨ ᠾᠦᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠢᠩ ᠰᠢ ᠵᠢᠴᠢ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠬᠤ ᠪᠠ ᠶᠠᠷᠢᠯᠴᠠᠬᠤ ᠬᠤᠷᠠᠯ ᠳᠤ ᠣᠷᠣᠯᠴᠠᠪᠠ᠃     ᠢᠦᠢ ᠱᠢ ᠯᠢᠨ ᠨᠡᠷ ᠤᠷᠢᠳ ᠬᠤᠵᠢᠳ ᠥᠪᠥᠷ ᠮᠣᠩᠭᠤᠯ ᠤᠨ ᠳ᠋ᠧ ᠢ ᠢᠳᠡᠭᠡᠨ ᠤ ᠬᠢᠵᠠᠭᠠᠷᠲᠤ ᠺᠣᠮᠫᠠᠨᠢ᠂ ᠥᠪᠥᠷ ᠮᠤᠩᠭᠤᠯ ᠤᠨ ᠡᡁᠧᠩ ᠳ᠋ᠧ ᠺᠠᠩ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠺᠣᠮᠫᠠᠨᠢ᠂ ᠥᠪᠥᠷ ᠮᠣᠩᠭᠤᠯ ᠤᠨ ᠲᠢᠶᠠᠨ ᠱᠦᠸᠧ ᠹᠧᠩ ᠴᠠᠬᠢᠯᠭᠠᠨ ᠤ ᠲᠣᠨᠣᠭᠯᠠᠯ ᠤᠨ ᠠᠵᠤ ᠦᠢᠯᠡᠰ ᠤᠨ ᠬᠦᠷᠢᠶᠡᠯᠡᠩ᠂ ᠰᠢ ᠰᠧᠨ ᠲᠥᠮᠥᠰᠥ ᠶᠢᠨ ᠤᠤᠯ ᠡᠭᠦᠯᠳᠡᠷ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ᠂ ᠵᠢᠤᠢ ᠬᠤᠩ ᠲᠥᠮᠥᠰᠥ ᠶᠢᠨ ᠵᠢᠵᠢᠭ ᠪᠠᠯᠭᠠᠰᠤᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃     ᠶᠠᠷᠢᠯᠴᠠᠬᠤ ᠬᠤᠷᠠᠯ ᠳᠡᠭᠡᠷ᠎ᠡ᠂ ᠶᠠᠩ ᠸᠧᠨ ᠾᠦᠢ ᠮᠠᠨ ᠤ ᠰᠢᠶᠠᠨ ᠤ ᠳᠡᠭᠡᠷ᠎ᠡ ᠬᠠᠭᠠᠰ ᠵᠢᠯ ᠤᠨ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠭᠤᠤᠯ ᠭᠦᠢᠴᠡᠳᠭᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠵᠢᠴᠢ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠵᠢᠯᠯᠠᠭ᠎ᠠ ·  ᠳᠡᠭᠡᠷ᠎ᠡ ᠬᠠᠭᠠᠰ ᠵᠢᠯ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠨᠠᠶᠢᠳᠠᠪᠦᠷᠢᠵᠢᠭᠤᠯᠤᠯᠳᠠ᠂ ᠳ᠋ᠦᠩᠰᠢᠭᠤᠷ ᠲᠥᠭᠦᠷᠢᠭ ᠠᠴᠠ ᠳᠡᠭᠡᠭᠰᠢ ᠰᠢᠨ᠎ᠠ ᠪᠠᠷ ᠪᠠᠶᠢᠭᠤᠯᠬᠤ ᠵᠠᠯᠭᠠᠨ ᠪᠠᠶᠢᠭᠤᠯᠬᠤ  ᠴᠢᠬᠤᠯᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ · ︽ᠭᠤᠷᠪᠠ ᠶᠢ ᠬᠠᠰᠤᠵᠦ ᠨᠢᠭᠡ ᠶᠢ ᠪᠠᠭᠤᠷᠠᠭᠤᠯᠵᠦ ᠨᠢᠭᠡ ᠶᠢ ᠨᠥᠬᠦᠪᠥᠷᠢᠯᠡᠬᠦ ︾ ᠵᠢᠴᠢ ᠬᠡᠷ ᠪᠠᠶᠢᠰᠢᠩ ᠭᠠᠵᠠᠷ ᠬᠦᠷᠦᠩᠬᠡ ᠶᠢᠨ ᠵᠠᠬ᠎ᠠ ᠳᠡᠯᠭᠡᠭᠦᠷ ᠤᠨ ᠠᠵᠢᠯᠯᠠᠭᠠᠨ᠂ ᠰᠢᠨ᠎ᠡ ᠲᠢᠲᠢᠮ ᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠮᠠᠨ ᠤ ᠰᠢᠶᠠᠨ ᠤ 2020 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠬᠠᠭᠠᠰ ᠵᠢᠯ ᠤᠨ ᠬᠡᠷᠡᠭᠵᠢᠭᠦᠯᠦᠭᠰᠡᠨ ᠪᠠᠶᠢᠳᠠᠯ ᠳᠤ ᠬᠠᠷᠢᠭᠤ ᠮᠡᠳᠡᠭᠦᠯᠦᠯᠲᠡ ᠬᠢᠪᠠ︔ ᠮᠡᠳᠡᠭᠦᠯᠦᠯᠲᠡ ᠳᠤ 2019 ᠣᠨ ᠤ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ ᠭᠦᠶ᠋ᠴᠡᠳᠬᠡᠯ ᠪᠠ 2020 ᠣᠨ ᠤ ᠲᠥᠰᠦᠪ ᠤᠨ ᠲᠦᠷᠦᠭᠦᠤ ᠬᠠᠭᠠᠰ ᠵᠢᠯ ᠳᠤ ᠭᠦᠶ᠋ᠴᠡᠳᠬᠡᠭᠰᠡᠨ ᠪᠠᠶᠢᠳᠠᠯ · 2019 ᠣᠨ ᠤ ᠲᠣᠰ ᠱᠠᠲᠤᠨ ᠤ ᠲᠥᠰᠦᠪ ᠢ ᠬᠦᠢᠴᠡᠳᠭᠡᠭᠰᠡᠨ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠭᠰᠠᠨ ᠠᠵᠢᠯ ᠤᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠪᠠ ᠰᠢᠢᠳᠪᠦᠷᠢᠯᠡᠭᠰᠡᠨ ᠠᠷᠭ᠎ᠠ ᠬᠡᠮᠵᠢᠶ᠎ᠡ ᠶᠢᠨ ᠲᠤᠬᠠᠢ ᠬᠠᠷᠢᠭᠤ ᠮᠡᠳᠡᠭᠦᠯᠦᠯᠳᠡ ᠬᠢᠪᠡ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠬᠦᠨ ᠨᠡᠷ ᠬᠠᠷᠢᠭᠤ ᠮᠡᠳᠡᠭᠦᠯᠦᠯᠲᠡ ᠶᠢᠨ ᠮᠠᠲ᠋ᠧᠷᠢᠶᠠᠯ ᠳᠠᠬᠢ ᠲᠤᠭ᠎ᠠ ᠪᠠᠷᠢᠮᠲᠠ ᠶᠢ ᠨᠠᠷᠢᠨ ᠨᠢᠮᠪᠠᠶ ᠯᠠᠪᠯᠠᠨ ᠬᠠᠷᠭᠤᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠰᠠᠨᠠᠯ ᠰᠠᠨᠠᠭᠤᠯᠭ᠎ᠠ ᠳᠤᠷᠠᠳᠪᠠ᠃ ᠢᠦᠢ ᠱᠢ ᠯᠢᠨ ᠮᠠᠲ᠋ᠧᠷᠢᠶᠠᠯ ᠤᠨ ᠳ᠋ᠦᠩᠨᠡᠯᠲᠡ ᠶᠢ ᠪᠠᠰᠠ ᠤᠯᠠᠮ ᠨᠢᠭᠡ ᠠᠯᠬᠤᠮ ᠴᠢᠬᠤᠯᠠᠴᠢᠯᠠᠨ ᠲᠡᠭᠦᠯᠳᠡᠷᠵᠢᠬᠦᠯᠵᠦ · ᠡᠯ᠎ᠡ ᠵᠦᠢᠯ ᠤᠨ ᠲᠤᠭ᠎ᠠ ᠪᠠᠷᠢᠮᠲᠠ ᠶᠢ ᠨᠠᠩ ᠨᠠᠷᠢᠯᠢᠭᠵᠢᠭᠤᠯᠵᠤ᠂ ᠨᠠᠩ ᠲᠣᠳᠣᠷᠬᠠᠶ ᠪᠣᠯᠭᠠᠵᠤ᠂ ᠡᠯ᠎ᠡ ᠵᠦᠢᠯ ᠤᠨ ᠠᠵᠤ ᠠᠬᠤᠢ ᠶᠢᠨ ᠬᠦᠢᠴᠡᠳᠭᠡᠯ ᠲᠤᠭ᠎ᠠ ᠶᠢᠨ ᠬᠤᠪᠢᠷᠠᠯᠲᠠ ᠶᠢᠨ ᠬᠦᠴᠦᠨ ᠵᠦᠢᠯ ᠢ ᠪᠦᠬᠦ ᠲᠠᠯ᠎ᠠ ᠪᠠᠷ ᠵᠠᠳᠠᠯᠤᠨ ᠭᠠᠷᠭᠠᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠵᠣᠬᠢᠴᠠᠩᠭᠤᠶ ᠬᠦᠴᠦᠲᠡᠶ ᠠᠷᠭ᠎ᠠ ᠬᠡᠮᠵᠢᠶ᠎ᠡ ᠠᠪᠴᠤ᠂ ᠱᠠᠩᠳᠤ ᠰᠢᠶᠠᠨ ᠤ ᠠᠵᠤ ᠠᠬᠤᠶ ᠨᠡᠶᠢᠭᠡᠮ ᠤᠨ ᠨᠠᠩ ᠰᠠᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠢᠯᠡᠷᠬᠡᠶᠢᠯᠡᠪᠡ᠃                                                   ᠤᠷᠴᠢᠭᠤᠯᠤᠭᠴᠢ᠄  ᠰᠠᠷᠠᠭᠤᠯ    
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2