ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠥᠬᠦ ᠰᠢᠶᠠᠨ ᠤ ᠲᠠᠷᠢᠶᠠᠯᠠᠩ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2020-07-22
    ︽ᠱᠠᠩᠳᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2020 ᠤᠨ ᠤ ᠠᠵᠢᠯ ᠤᠨ ᠭᠤᠣᠯᠳᠠᠯᠭ᠎ᠠ︾ ᠶᠢ ᠦᠨᠳᠦᠰᠦᠯᠡᠨ᠂ ᠮᠠᠨ ᠤ ᠰᠢᠶᠠᠨ ᠤ ᠬᠥᠷᠥᠰᠥ ᠰᠢᠷᠣᠶ ᠶᠢᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠢ ᠲᠤᠤᠱᠯᠠᠭᠤᠯᠤᠨ ᠬᠡᠷᠡᠭᠵᠢᠬᠦᠯᠵᠦ · ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠨᠡᠨᠬᠦ ᠲᠦᠯᠬᠢᠨ ᠠᠬᠢᠭᠤᠯᠵᠤ᠂ ᠬᠥᠷᠥᠰᠥ ᠰᠢᠷᠤᠢ ᠶᠢᠨ ᠣᠷᠴᠢᠨ ᠲᠣᠭᠤᠷᠢᠨ ᠢ ᠴᠢᠷᠮᠠᠶᠢᠨ ᠰᠠᠶᠢᠵᠢᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠢ ᠶᠢ ᠪᠠᠲᠤᠯᠠᠬᠤ ᠶᠢᠨ ᠲᠥᠯᠥᠭᠡ · 7 ᠰᠠᠷ᠎ᠠ ᠶᠢᠨ 21 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠪᠥᠬᠦ ᠰᠢᠶᠠᠨ ᠤ ᠲᠠᠷᠢᠶᠠᠯᠠᠩ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠪᠠᠶᠢᠳᠠᠯ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠪᠠ᠃      ᠲᠣᠰ ᠤᠳᠠᠭᠠᠨ ᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠭᠤᠤᠯ ᠠᠭᠤᠯᠭ᠎ᠠ ᠪᠣᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ᠤᠬᠠᠭᠤᠯᠵᠤ ᠲᠦᠭᠡᠮᠡᠯᠵᠢᠭᠦᠯᠬᠦ ᠶᠠᠪᠤᠳᠠᠯ ᠪᠣᠯᠤᠨ᠎ᠠ︔ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ᠂ ᠪᠠᠷᠢᠮᠵᠢᠶ᠎ᠠ᠂ ᠨᠡᠶᠢᠳᠡᠮ ᠪᠠᠶᠢᠴᠠᠭᠠᠯᠳᠠ ᠂ ᠪᠠᠶᠢᠴᠠᠭᠠᠨ ᠬᠡᠮᠵᠢᠯᠲᠡ︔ ᠬᠥᠷᠥᠰᠥ ᠰᠢᠷᠣᠶ ᠶᠢᠨ ᠪᠣᠬᠢᠷᠲᠤᠯ ᠢ ᠤᠷᠢᠳᠴᠢᠯᠠᠨ ᠰᠡᠷᠭᠡᠶᠢᠯᠡᠬᠦ︔ ᠬᠥᠷᠥᠰᠥ ᠰᠢᠷᠣᠶ ᠶᠢᠨ ᠪᠣᠬᠢᠷᠲᠤᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠵᠡᠷᠭᠡ ᠪᠠᠶᠢᠳᠠᠯ᠃ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠳᠤᠭᠤᠶᠢᠯᠠᠩ ᠤᠷᠢᠳ ᠬᠤᠵᠢᠳ ᠴᠢ ᠲᠠᠢ ᠪᠠᠯᠭᠠᠰᠤᠨ ᠤ ᠯᠦᠸᠧ ᠫᠢᠩ ᠳ᠋ᠢᠶᠠᠨ ᠲᠣᠰᠬᠤᠨ᠂ ᠳᠦᠨ ᠺᠧᠨ ᠳ᠋ᠦᠢ ᠪᠠᠯᠭᠠᠰᠤᠨ ᠤ ᠬᠤᠶᠠᠳᠤᠭᠠᠷ ᠭᠠᠵᠠᠷ ᠤᠨ ᠲᠣᠰᠬᠤᠨ ᠤ ᠲᠥᠮᠥᠰᠥ ᠲᠠᠷᠢᠬᠤ ᠰᠠᠭᠤᠷᠢᠨ ᠭᠠᠵᠠᠷ ᠲᠤ ᠭᠦᠨᠵᠡᠭᠡᠶᠢᠷᠡᠨ ᠲᠣᠭᠤᠷᠢᠨ ᠦᠵᠡᠪᠡ᠃ ᠳᠠᠷᠠᠭ᠎ᠠ ᠨᠢ᠂ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠳᠤ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶᠠᠨ ᠤ ᠬᠠᠷᠢᠭᠤᠴᠠᠯᠭᠠᠲᠠᠨ ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠠᠭᠤᠯᠭ᠎ᠠ ᠶᠢ ᠦᠨᠳᠦᠰᠦᠯᠡᠨ ᠲᠠᠷᠢᠶᠠᠨ ᠡᠮ ᠬᠢᠮᠢ ᠶᠢᠨ ᠪᠣᠷᠲᠣᠭᠤᠷ ᠢ ᠵᠦᠶ ᠵᠣᠬᠢᠰᠲᠠᠶ ᠬᠡᠷᠡᠭᠯᠡᠭᠰᠡᠨ᠂ ᠬᠠᠶᠠᠭᠳᠠᠮᠠᠯ ᠬᠠᠭᠤᠴᠢᠨ ᠲᠠᠷᠢᠶᠠᠯᠠᠩ ᠤᠨ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠶᠢ ᠠᠬᠢᠭᠤᠯᠤᠭᠰᠠᠨ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠶᠢᠨ ᠪᠤᠬᠢᠷᠳᠤᠯ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠲᠥᠷᠥᠯ ᠬᠤᠪᠢᠶᠠᠨ ᠬᠠᠮᠢᠶᠠᠷᠬᠤ ᠵᠡᠷᠭᠡ ᠬᠤᠯᠪᠣᠭᠳᠠᠯ ᠪᠥᠬᠦᠶ ᠲᠠᠷᠢᠶᠠᠯᠠᠩ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠪᠦᠷᠢᠯᠳᠦᠬᠦᠨ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠶᠢᠨ ᠠᠭᠤᠯᠭ ᠎ᠠ ᠳᠤ ᠴᠢᠭᠯᠡᠭᠦᠯᠦᠨ ᠰᠠᠨᠠᠭᠤᠯᠭ᠎ᠠ ᠪᠠ ᠰᠠᠨᠠᠯ ᠳᠤᠷᠠᠳᠪᠠ᠃      ᠡᠨᠡ ᠤᠳᠠᠭ᠎ᠠ ᠶᠢᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠨ ᠵᠥᠪᠯᠡᠭᠰᠡᠨ ᠰᠠᠨᠠᠯ ᠢ ᠪᠦᠷᠢᠯᠳᠦᠭᠦᠯᠬᠦ ᠳᠤ ᠰᠠᠭᠤᠷᠢ ᠲᠠᠯᠪᠢᠵᠤ ᠦᠭᠬᠦᠭᠰᠡᠨ ᠪᠠᠶᠢᠨ᠎ᠠ᠃                                                                           ᠤᠷᠴᠢᠭᠤᠯᠤᠭᠴᠢ᠄  ᠰᠠᠷᠠᠭᠤᠯ    
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2