ᠱᠠᠩᠳᠤ ᠰᠢᠶᠠᠨ ᠳᠥᠷᠪᠡᠨ ᠠᠷᠭ᠎ᠠ ᠬᠡᠮᠵᠢᠶ᠎ᠡ ᠠᠪᠴᠤ ᠦᠨᠳᠦᠰᠦᠨ ᠱᠠᠲᠤᠨ ᠤ ᠡᠵᠡᠩᠨᠡᠯᠲᠡ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠠ ᠰᠦᠯᠵᠢᠶᠡᠨ ᠤ ᠰᠢᠰᠲ᠋ᠧᠮ ᠢ ᠬᠦᠴᠦᠯᠡᠨ ᠪᠠᠶᠢᠭᠤᠯᠪᠠ
ᠨᠡᠶᠢᠲᠡᠯᠡᠭᠰᠡᠨ ᠴᠠᠭ᠄
2020-07-27
     ᠨᠢᠭᠡ ᠳᠤ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠨ᠎ᠡ᠃ ᠮᠠᠨ ᠤ ᠰᠢᠶᠠᠨ ᠤ ᠠᠵᠤ ᠠᠬᠤᠶ ᠪᠣᠯᠤᠨ ᠰᠢᠨ᠎ᠡ ᠬᠥᠳᠡᠭᠡ ᠲᠣᠰᠬᠤᠨ᠂ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠳᠠ ᠶᠢᠨ ᠲᠣᠭᠤᠷᠢᠨ ᠳᠤ᠂ ᠪᠦᠷᠬᠦᠴᠡ ᠶᠢ ᠥᠷᠭᠡᠳᠬᠡᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠵᠡᠷᠭᠡᠪᠡᠷ ᠴᠢᠬᠤᠯᠠᠴᠢᠯᠠᠵᠤ᠂ ᠦᠭᠡᠷᠡᠴᠢᠯᠡᠯᠳᠡ ᠪᠠ ᠰᠢᠨ᠎ᠡ ᠶᠢ ᠡᠭᠦᠳᠬᠦ ᠬᠥᠭᠵᠢᠯᠲᠡ ᠶᠢ ᠵᠡᠷᠭᠡᠪᠡᠷ ᠴᠢᠬᠤᠯᠠᠴᠢᠯᠠᠵᠤ᠂ ᠪᠠᠶᠢᠷᠢᠯᠠᠭᠤᠯᠤᠯᠲᠠ ᠨᠢ ᠵᠦᠶ ᠵᠣᠬᠢᠰᠲᠠᠶ᠂ ᠥᠮᠴᠢᠯᠡᠬᠦ ᠡᠷᠬᠡ ᠨᠢ ᠲᠣᠳᠣᠷᠬᠠᠶ᠂ ᠬᠤᠷᠴᠠ ᠰᠡᠷᠭᠡᠭ ᠪᠥᠭᠡᠳ ᠠᠮᠢᠳᠤᠯᠢᠭ᠂ ᠴᠢᠳᠠᠮᠵᠢ ᠨᠢ ᠪᠦᠷᠢᠨ ᠬᠦᠢᠴᠡᠳ᠂ ᠠᠵᠢᠯᠯᠠᠭᠠᠨ ᠨᠢ ᠵᠢᠷᠤᠮᠵᠢᠭᠰᠠᠨ ᠰᠢᠨ᠎ᠡ ᠬᠡᠯᠪᠡᠷᠢ ᠶᠢᠨ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢ ᠪᠦᠬᠦ ᠲᠠᠯ᠎ᠠ ᠪᠠᠷ ᠪᠣᠢ ᠪᠣᠯᠭᠠᠵᠤ᠂ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠥᠭᠵᠢᠯᠲᠡ ᠶᠢ ᠲᠡᠳᠬᠦᠨ ᠳᠡᠮᠵᠢᠬᠦ ᠪᠠᠨ ᠨᠡᠮᠡᠭᠳᠡᠭᠦᠯᠦᠨ᠎ᠡ᠃ ᠡᠬᠢ ᠪᠠᠶᠠᠯᠢᠭ ᠢ ᠦᠨᠳᠦᠰᠦᠨ ᠱᠠᠲᠤᠨ ᠤ ᠬᠤᠷᠰᠢᠶ᠎ᠠ ᠶᠢᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ ᠳᠤ ᠨᠠᠩ ᠢᠯᠡᠭᠦᠤ  ᠤᠷᠤᠭᠤᠯᠤᠨ᠎ᠠ᠃     ᠬᠤᠶᠠᠷ ᠲᠤ᠂ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠳᠠ ᠶᠢᠨ ᠬᠠᠷᠢᠶᠠᠲᠤ ᠴᠢᠨᠠᠷ ᠢ ᠴᠢᠩᠭᠠᠷᠠᠭᠤᠯᠤᠨ᠎ᠠ᠃ ᠬᠤᠷᠰᠢᠬᠤ ᠳᠦᠷᠢᠮ ᠤᠨ ᠵᠠᠷᠴᠢᠮ ᠶᠣᠰᠣᠭᠠᠷ ᠬᠠᠤᠯᠢ ᠶᠣᠰᠣᠭᠠᠷ ︽ᠳᠦᠷᠢᠮ︾ ᠢ ᠲᠣᠭᠲᠠᠭᠠᠵᠤ᠂ ᠵᠠᠰᠠᠯᠲᠠ ᠶᠢᠨ ᠪᠦᠳᠦᠴᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠡᠷᠡᠭ ᠡᠷᠬᠢᠯᠡᠭᠴᠢᠳ ᠤᠨ ᠬᠤᠷᠠᠯ᠂ ᠬᠢᠨᠠᠭᠴᠢᠳ ᠤᠨ ᠵᠦᠪᠯᠡᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠷᠠᠳᠴᠢᠯᠠᠯ ᠢᠶᠠᠷ ᠬᠠᠮᠢᠶᠠᠷᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠵᠤ᠂ ᠲᠠᠷᠢᠶᠠᠴᠢᠨ ᠮᠠᠯᠴᠢᠨ ᠭᠡᠰᠢᠭᠦᠳ ᠤᠨ ᠡᠵᠡᠩᠨᠡᠨ ᠬᠠᠮᠢᠶᠠᠷᠬᠤ ᠬᠡᠷᠡᠭ ᠶᠠᠪᠤᠳᠠᠯ ᠤᠨ ᠳᠤᠮᠳᠠᠬᠢ ᠣᠷᠣᠯᠴᠠᠬᠤ ᠬᠡᠮᠵᠢᠶ ᠎ᠡ ᠪᠣᠯᠤᠨ ᠦᠭᠡ ᠬᠡᠯᠡᠬᠦ ᠡᠷᠬᠡ ᠶᠢ  ᠲᠡᠭᠡᠭᠰᠢᠯᠡᠭᠦᠯᠵᠦ · ᠬᠤᠪᠢ ᠣᠷᠣᠭᠤᠯᠵᠤ ᠠᠰᠢᠭ ᠬᠤᠪᠢᠶᠠᠬᠤ᠂ ᠠᠰᠢᠭ ᠬᠤᠨᠵᠢᠪᠣᠷᠢ ᠶᠢ ᠪᠤᠴᠠᠭᠠᠬᠤ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ᠃     ᠭᠤᠷᠪᠠ ᠳᠤ ᠲᠣᠰᠬᠤᠨ ᠤ ᠱᠠᠲᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠬᠤᠷᠰᠢᠶ᠎ᠠ ᠶᠢ ᠶᠡᠬᠡᠪᠡᠷ ᠬᠦᠭᠵᠢᠬᠦᠯᠦᠨ᠎ᠡ᠃ ᠮᠠᠨ ᠤ ᠬᠤᠷᠢᠶ᠎ᠠ ᠰᠢᠨ᠎ᠡ ᠬᠥᠳᠡᠭᠡ ᠲᠣᠰᠬᠤᠨ᠂ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠣᠯᠤᠨ ᠮᠠᠯᠴᠢᠨ ᠲᠠᠷᠢᠶᠠᠴᠢᠳ ᠤᠨ ᠠᠮᠢᠳᠤᠷᠠᠯ ᠤᠨ ᠨᠡᠶᠢᠭᠡᠮ ᠲᠤᠭᠤᠷᠢᠭᠴᠢᠯᠠᠬᠤ ᠬᠠᠨᠳᠤᠰᠢ ᠶᠢ ᠲᠠᠭᠠᠬᠤ ᠶᠢᠨ ᠲᠥᠯᠥᠭᠡ ︽ᠶᠡᠷᠦᠩᠬᠡᠶᠢᠯᠡᠭᠰᠡᠨ ᠦᠢᠯᠡᠴᠢᠯᠡᠭᠡᠨ ᠤ ᠬᠤᠷᠰᠢᠶ᠎ᠠ ᠶᠢᠨ ᠶᠠᠰᠤ ᠴᠢᠨᠠᠷ ᠢ ᠲᠡᠭᠡᠭᠰᠢᠯᠡᠭᠦᠯᠬᠦ ᠢᠨᠵᠧᠨᠧᠷᠢᠩ ︾ ᠢ ᠬᠡᠷᠡᠭᠵᠢᠭᠦᠯᠵᠡᠶ᠃ ᠵᠠᠰᠠᠭ ᠤᠨ ᠣᠷᠳᠣᠨ ᠠᠴᠠ ᠲᠡᠳᠬᠦᠨ ᠳᠠᠮᠵᠢᠵᠤ᠂ ᠬᠠᠩᠭᠠᠨ ᠪᠣᠷᠣᠯᠠᠭᠤᠯᠬᠤ ᠬᠤᠷᠰᠢᠶᠠᠵᠢᠯ ᠨᠢ ᠰᠢᠶᠠᠩ ᠪᠠᠯᠭᠠᠰᠤ ᠪᠣᠯᠤᠨ ᠲᠣᠰᠬᠤᠨ ᠤ ︽ᠬᠤᠶᠠᠷ ᠵᠥᠪᠯᠡᠯ︾ ᠲᠠᠢ ᠬᠠᠮᠳᠤᠷᠠᠨ ᠡᠷᠬᠢᠯᠡᠵᠦ᠂ ᠨᠡᠶᠢᠭᠡᠮ ᠤᠨ ᠡᠵᠡᠩᠨᠡᠯᠲᠡ ᠶᠢᠨ ᠡᠷᠦᠬᠡ ᠶᠢ ᠵᠣᠬᠢᠶᠠᠨ ᠪᠠᠶᠢᠭᠤᠯᠤᠨ ᠬᠤᠯᠪᠣᠭᠠᠯᠠᠵᠤ ᠬᠠᠮᠳᠦ ᠪᠠᠷ ᠪᠠᠶᠢᠭᠤᠯᠬᠤ ᠠᠷᠭ᠎ᠠ ᠮᠠᠶ᠋ᠢᠭ ᠢ ᠲᠡᠭᠦᠯᠳᠡᠷᠵᠢᠬᠦᠯᠦᠨ᠎ᠡ᠃     ᠳᠥᠷᠪᠡ ᠳᠤ ᠲᠠᠷᠢᠶᠠᠴᠢᠨ ᠮᠠᠯᠴᠢᠳ ᠤᠨ ᠲᠤᠰᠬᠠᠶ ᠠᠵᠢᠯ ᠤᠨ ᠬᠤᠷᠰᠢᠶ᠎ᠠ ᠶᠢ ᠳᠠᠭᠠᠭᠤᠯᠤᠨ ᠡᠷᠬᠢᠯᠡᠬᠦ ᠪᠠ ᠡᠭᠦᠳᠦᠨ ᠪᠠᠶᠢᠭᠤᠯᠤᠨ᠎ᠠ᠃ ᠮᠠᠨ ᠤ ᠰᠢᠶᠠᠨ ᠤ ᠭᠤᠣᠯᠯᠠᠬᠤ ᠠᠵᠤ ᠦᠢᠯᠡᠰ ᠪᠠ ᠣᠨᠴᠠᠯᠢᠭᠲᠤ ᠦᠢᠯᠡᠳᠬᠦᠨ ᠳᠤ ᠲᠦᠰᠢᠭᠯᠡᠨ᠂ ᠬᠠᠮᠲᠤ ᠪᠠᠷ ᠪᠡᠯᠡ  ᠭᠠᠷᠭᠠᠬᠤ ᠪᠠᠷ ᠳᠠᠮᠵᠢᠭᠤᠯᠤᠨ᠂ ᠨᠡᠷᠡᠲᠦ ᠲᠥᠷᠥᠯ ᠲᠡᠮᠳᠡᠭᠲᠦ ᠶᠢ ᠬᠠᠮᠲᠤᠪᠠᠷ ᠡᠭᠦᠳᠴᠦ᠂ ᠠᠰᠢᠭ ᠲᠤᠰᠠ ᠶᠢ ᠬᠠᠮᠲᠤᠪᠠᠷ ᠡᠳ᠋ᠯᠡᠬᠦ ᠠᠷᠭ᠎ᠠ ᠮᠠᠶ᠋ᠢᠭ ᠢᠶᠠᠷ ᠨᠢᠭᠡ ᠪᠦᠯᠦᠭ ᠬᠠᠮᠢᠶᠠᠷᠤᠯᠲᠠ ᠨᠢ ᠠᠷᠠᠳᠴᠢᠯᠠᠯ ᠲᠠᠢ᠂ ᠳᠦᠷᠢᠮ ᠨᠢ ᠪᠦᠷᠢᠨ ᠲᠡᠭᠦᠯᠳᠡᠷ᠂ ᠥᠮᠴᠢᠯᠡᠬᠦ ᠡᠷᠬᠡ ᠨᠢ ᠲᠣᠳᠣᠷᠬᠠᠶ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠲᠤᠰᠬᠠᠶ ᠬᠤᠷᠰᠢᠶ᠎ᠠ ᠶᠢ ᠳᠠᠭᠠᠭᠤᠯᠤᠨ ᠡᠷᠬᠢᠯᠡᠬᠦ ᠪᠠ ᠡᠭᠦᠳᠦᠨ ᠪᠠᠶᠢᠭᠤᠯᠪᠠ᠃                                                                                                                                  ᠤᠷᠴᠢᠭᠤᠯᠤᠭᠴᠢ᠄  ᠰᠠᠷᠠᠭᠤᠯ    
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2