ᠱᠠᠩᠳᠤ ᠰᠢᠶᠠᠨ ︽ᠭᠤᠷᠪᠠᠨ ᠡᠮᠨᠡᠯᠭᠡ︾ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠪᠡ
ᠨᠡᠶᠢᠲᠡᠯᠡᠭᠰᠡᠨ ᠴᠠᠭ᠄
2020-07-27
         ᠨᠢᠭᠡ ᠳᠤ᠂ ︽ᠶᠡᠷᠦᠩᠬᠡᠶ ᠬᠡᠮᠵᠢᠶ᠎ᠡ ᠶᠢ ᠡᠵᠡᠮᠳᠡᠬᠦ᠂ ᠪᠦᠲᠦᠴᠡ ᠶᠢ ᠳᠣᠭᠢᠷᠠᠭᠤᠯᠬᠤ᠂ ᠳᠡᠭᠡᠭᠰᠢᠯᠡᠯᠲᠡ ᠲᠠᠢ ᠪᠠᠭᠤᠷᠠᠯᠲᠠ ᠲᠠᠢ᠂ ᠠᠯᠬᠤᠮ ᠠᠯᠬᠤᠮ ᠢᠶᠠᠷ ᠪᠣᠳᠠᠲᠠᠶᠢᠵᠢᠭᠤᠯᠬᠤ︾ ᠵᠠᠷᠴᠢᠮ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠢᠯᠡᠴᠢᠯᠡᠬᠡᠨ ᠤ ᠲᠥᠷᠥᠯ ᠵᠦᠢᠯ ᠤᠨ ᠦᠨ᠎ᠡ ᠬᠠᠩᠰᠢ ᠶᠢᠨ 2012 ᠣᠨ ᠤ ᠬᠡᠪᠯᠡᠯ ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ ᠪᠤᠶ ᠪᠦᠬᠦᠢ ᠡᠮᠴᠢᠯᠡᠭᠡᠨ ᠤ ᠪᠠᠶᠢᠭᠤᠯᠤᠮᠵᠢ ᠴᠥᠮ ᠡᠮ ᠤᠨ ᠵᠦᠢᠯ ᠤᠨ ᠲᠡᠭ ᠵᠥᠷᠢᠶ᠎ᠡ ᠶᠢᠨ ᠪᠤᠷᠤᠯᠠᠭᠤᠯᠤᠯᠳᠠ ᠶᠢ ᠶᠠᠪᠤᠭᠳᠠᠭᠤᠯᠵᠠᠢ᠃      ᠬᠤᠶᠠᠷ ᠲᠤ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢ ᠲᠦᠯᠬᠢᠨ ᠠᠬᠢᠭᠤᠯᠤᠨ᠎ᠠ᠃ ᠣᠳᠣᠬᠠᠨ ᠳᠤ ᠰᠢᠶᠠᠨ ᠤ ᠱᠠᠲᠤᠨ ᠤ ᠬᠤᠶᠠᠷ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠦᠷ ᠥᠪᠡᠷ ᠤᠨ ᠥᠷᠲᠡᠭ ᠤᠨ ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠷᠭ᠎ᠠ ︵ᠬᠠᠮᠢᠶᠠᠷᠤᠯᠲᠠ᠂ ᠠᠵᠢᠯᠯᠠᠭᠠᠨ ᠤ ᠵᠡᠷᠭᠡ ᠥᠪᠡᠷ ᠤᠨ ᠥᠷᠲᠡᠭ ᠢ ᠬᠠᠰᠤᠭᠰᠠᠨ ᠤ ᠳᠠᠷᠠᠭᠠᠬᠢ ᠦᠯᠡᠳᠡᠪᠦᠷᠢ︶ ᠶᠣᠰᠣᠭᠠᠷ ᠠᠮᠵᠢᠯᠲᠠ ᠪᠦᠲᠦᠮᠵᠢ ᠶᠢᠨ ᠴᠠᠯᠢᠩ ᠤᠯᠭᠤᠵᠦ ᠪᠠᠶᠢᠨ᠎ᠠ᠃     ᠭᠤᠷᠪᠠ ᠳᠤ ᠠᠮᠵᠢᠯᠲᠠ ᠪᠦᠲᠦᠮᠵᠢ ᠶᠢ ᠦᠨᠡᠯᠡᠵᠦ ᠬᠢᠨᠠᠨ ᠰᠢᠯᠭᠠᠬᠤ ᠠᠵᠢᠯ ᠢ ᠲᠦᠯᠬᠢᠨ ᠠᠬᠢᠭᠤᠯᠤᠨ᠎ᠠ᠃ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠢ ᠥᠷᠨᠢᠭᠦᠯᠵᠦ᠂ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ᠂ ᠠᠵᠢᠯᠯᠠᠭᠠᠨ ᠤ ᠦᠷ᠎ᠡ ᠪᠦᠲᠦᠮᠵᠢ᠂ ᠨᠡᠶᠢᠭᠡᠮ ᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠵᠡᠷᠭᠡ ᠶᠢ ᠬᠢᠨᠠᠨ ᠰᠢᠯᠭᠠᠬᠤ ᠬᠦᠢᠴᠡᠳᠭᠡᠬᠦ ᠲᠤᠭ᠎ᠠ ᠪᠣᠯᠭᠠᠵᠤ᠂ ᠰᠢᠶᠠᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠵᠥᠪᠯᠡᠯ ᠨᠢ ᠨᠢᠭᠡᠨᠲᠡ ᠬᠡᠮᠵᠢᠭᠰᠡᠨ ᠬᠤᠪᠢ ᠲᠣᠭᠲᠠᠭᠠᠬᠤ ᠪᠠᠷᠢᠮᠵᠢᠶ᠎ᠠ ᠶᠣᠰᠣᠭᠠᠷ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠮᠵᠢᠯᠲᠠ ᠪᠦᠲᠦᠮᠵᠢ ᠳᠤ ᠬᠢᠨᠠᠨ ᠰᠢᠯᠭᠠᠯᠲᠠ ᠬᠢᠨ᠎ᠡ᠃     ᠳᠥᠷᠪᠡ ᠳᠤ ᠡᠮᠨᠡᠯᠭᠡ ᠶᠢᠨ ᠬᠤᠷᠢᠶᠠᠨ ᠤ ᠡᠳ᠋ ᠤᠨ ᠶᠠᠪᠤᠳᠠᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠬᠦᠯᠦᠨ᠎ᠡ᠃ ᠥᠪᠡᠷ ᠤᠨ ᠥᠷᠲᠡᠭ ᠤᠨ ᠲᠣᠭᠠᠴᠠᠭ᠎ᠠ ᠬᠢᠬᠦ ᠶᠢ ᠴᠢᠩᠭᠠᠳᠬᠠᠵᠤ᠂ ᠡᠮᠨᠡᠯᠭᠡ ᠶᠢᠨ ᠬᠤᠷᠢᠶᠠᠨ ᠤ ᠡᠳ᠋ ᠤᠨ ᠶᠠᠪᠤᠳᠠᠯ ᠡᠳ᠋ ᠬᠥᠷᠥᠩᠭᠡ ᠶᠢᠨ ᠬᠠᠮᠢᠶᠠᠷᠤᠯᠲᠠ ᠶᠢ ᠲᠡᠬᠦᠯᠳᠡᠷᠵᠢᠬᠦᠯᠵᠦ ᠠᠯᠪᠠᠨ ᠠᠴᠠ ᠪᠠᠶᠢᠭᠤᠯᠤᠭᠰᠠᠨ ᠬᠤᠶᠠᠷ ᠡᠮᠨᠡᠯᠭᠡ ᠶᠢᠨ ᠬᠤᠷᠢᠶ᠎ᠠ ᠳᠤ ᠪᠦᠬᠦ ᠲᠠᠯ᠎ᠠ ᠶᠢᠨ ᠲᠥᠰᠦᠪ ᠤᠨ ᠬᠠᠮᠢᠶᠠᠷᠤᠯᠲᠠ᠂ ᠥᠪᠡᠷ ᠤᠨ ᠥᠷᠲᠡᠭ ᠤᠨ ᠲᠣᠭᠠᠴᠠᠭ᠎ᠠ᠂ ᠡᠳ᠋ ᠤᠨ ᠶᠠᠪᠤᠳᠠᠯ ᠤᠨ ᠮᠡᠳᠡᠭᠦᠯᠦᠯᠲᠡ᠂ ᠭᠤᠷᠪᠠᠳᠠᠬᠢ ᠡᠲᠡᠭᠡᠳ ᠤᠨ ᠬᠢᠨᠠᠨ ᠪᠣᠳᠣᠯᠲᠠ ᠪᠠ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠬᠠᠮᠢᠶᠠᠷᠤᠯᠲᠠ ᠶᠢᠨ ᠳᠦᠷᠢᠮ ᠢ ᠬᠡᠷᠡᠭᠵᠢᠬᠦᠯᠬᠦ ᠶᠢ ᠠᠬᠢᠭᠤᠯᠬᠤ ᠶᠢᠨ ᠲᠥᠯᠥᠭᠡ᠂ ᠠᠯᠪᠠᠨ ᠠᠴᠠ ᠪᠠᠶᠢᠭᠤᠯᠤᠭᠰᠠᠨ ᠬᠤᠶᠠᠷ ᠡᠮᠨᠡᠯᠭᠡ ᠶᠢᠨ ᠬᠤᠷᠢᠶ᠎ᠠ ᠴᠥᠮ ᠶᠡᠷᠦᠩᠬᠡᠶ ᠨᠢᠭᠲᠠᠯᠠᠨ ᠪᠣᠳᠣᠭᠴᠢ ᠶᠢᠨ ᠠᠵᠢᠯ ᠤᠨ ᠪᠠᠶᠢᠷᠢ ᠲᠣᠬᠢᠷᠠᠭᠤᠯᠪᠠ᠃                                                                                                                                                                           ᠤᠷᠴᠢᠭᠤᠯᠤᠭᠴᠢ᠄  ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2