ᠱᠠᠩᠳᠦ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠭᠠᠳᠠᠭᠰᠢ ᠬᠤᠳᠠᠯᠳᠤᠬᠤ ᠠᠵᠤ ᠠᠬᠤᠢᠯᠠᠯ ᠳᠤ ᠬᠦᠷᠴᠦ ᠲᠤᠭᠤᠯᠭ᠎ᠠ ᠵᠡᠭᠦᠬᠦ ᠵᠢᠱᠢᠶ᠎ᠡ ᠦᠵᠡᠭᠦᠯᠬᠦ ᠨᠢᠭᠡᠴᠢ ᠶᠢ ᠰᠢᠯᠭᠠᠷᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-07-28
     ᠣᠶᠢᠷ᠎ᠠ ᠳᠤ᠂ ᠱᠠᠩᠳᠤ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠰᠠᠯᠪᠤᠷᠢ ᠠᠩᠭᠢ ᠶᠢᠨ ︽ᠬᠡᠮᠵᠢᠶ᠎ᠡ ᠶᠢ ᠪᠠᠭᠠᠰᠬᠠᠵᠤ ᠶᠡᠭᠡ ᠶᠢ ᠬᠢᠵᠠᠭᠠᠷᠯᠠᠬᠤ︾ ᠬᠢᠨᠠᠨ ᠰᠢᠯᠭᠠᠬᠤ ᠱᠠᠭᠠᠷᠳᠠᠯᠭ᠎ᠠ ᠶᠣᠰᠣᠭᠠᠷ᠂ ᠪᠦᠬᠦ ᠰᠢᠶᠠᠨ ᠤ ᠬᠡᠪᠴᠢᠶᠡᠨ ᠳᠤ ᠭᠠᠳᠠᠨ᠎ᠠ ᠠᠴᠠ ᠬᠤᠭᠤᠯᠠ ᠬᠦᠷᠭᠡᠬᠦ ᠠᠵᠢᠯ ᠲᠥᠷᠥᠯ ᠤᠨ ᠲᠤᠭᠤᠯᠭ᠎ᠠ ᠵᠡᠭᠦᠬᠦ ᠵᠢᠱᠢᠶ᠎ᠡ ᠦᠵᠡᠬᠦᠯᠬᠦ ᠨᠢᠭᠡᠴᠡ ᠶᠢᠨ ᠰᠢᠯᠭᠠᠷᠠᠭᠤᠯᠤᠯᠲᠠ ᠵᠢᠴᠢ ︽ᠨᠢᠭᠡ ᠳᠤᠭᠤᠯᠠᠭ᠎ᠠ ᠣᠷᠴᠢᠮ︾ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ᠃     ᠠᠵᠢᠯᠯᠠᠭᠠᠨ ᠤ ᠳᠤᠮᠳᠠ ᠶᠡᠭᠡ ᠠᠩᠭᠢ ᠨᠢ ᠬᠠᠷᠢᠶ᠎ᠠ ᠣᠷᠣᠨ ᠤ ᠭᠠᠳᠠᠨ᠎ᠠ ᠬᠤᠭᠤᠯᠠ ᠬᠦᠷᠭᠡᠭᠴᠢ ᠶᠢᠨ ᠵᠢᠯᠣᠭᠤᠴᠢ ᠶᠢᠨ ᠠᠵᠢᠯ ᠤᠨ ᠤᠨᠴᠠᠯᠢᠭ ᠪᠣᠯᠤᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠨᠢ ᠭᠤᠤᠯᠳᠠᠭᠤ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠭᠲᠠᠭᠠᠯ ᠶᠣᠰᠣᠭᠠᠷ ᠲᠤᠭᠤᠯᠭ᠎ᠠ ᠵᠡᠭᠦᠬᠦ᠂ ᠤᠯᠠᠭᠠᠨ ᠳ᠋ᠧᠩ ᠢ ᠰᠢᠪᠲᠤᠯᠬᠤ᠂ ᠲᠡᠷᠭᠡᠨ ᠵᠠᠮ ᠢ ᠳᠤᠷ᠎ᠠ ᠪᠠᠷ ᠢᠶᠠᠨ ᠬᠤᠪᠢᠷᠠᠭᠤᠯᠬᠤ᠂ ᠵᠠᠮ ᠢ ᠰᠥᠷᠴᠦ ᠶᠠᠪᠤᠬᠤ᠂ ᠬᠡᠳᠦ ᠲᠦᠷᠭᠡᠨ ᠢᠶᠠᠷ ᠶᠠᠪᠤᠬᠤ᠂ ᠲᠡᠷᠭᠡ ᠤᠨᠤᠵᠤ ᠤᠲᠠᠰᠤ ᠲᠣᠰᠬᠤ᠂ ᠭᠠᠷ ᠤᠲᠠᠰᠤ ᠵᠡᠷᠭᠡ ᠭᠡᠮ ᠰᠣᠭᠤᠭ ᠤᠨ ᠠᠰᠠᠭᠤᠳᠠᠯ ᠤᠨ ᠬᠤᠤᠷ ᠬᠥᠨᠥᠭᠡᠯ ᠢ ᠪᠠᠶᠢᠴᠠᠭᠠᠨ ᠦᠵᠡᠬᠦ ᠵᠡᠷᠭᠡ ᠠᠰᠠᠭᠤᠳᠠᠯ ᠢ ᠭᠦᠨᠵᠡᠭᠡᠶ ᠵᠠᠳᠠᠯᠤᠨ ᠲᠠᠶᠢᠯᠪᠦᠷᠢᠯᠠᠵᠦ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠬᠦ ᠶᠢ ᠰᠡᠷᠭᠡᠶᠢᠯᠡᠬᠦ ᠪᠠ ᠪᠠᠭᠠᠰᠬᠠᠬᠤ ᠵᠢᠴᠢ ᠵᠠᠮ ᠬᠠᠷᠢᠯᠴᠠᠭᠠᠨ ᠤ ᠠᠳᠡᠯ ᠤᠨ ᠠᠷᠭᠠᠴᠠᠬᠤ ᠪᠣᠳᠣᠯᠭ᠎ᠠ ᠪᠣᠯᠤᠨ ᠰᠠᠨᠠᠭᠤᠯᠭ᠎ᠠ ᠶᠢ ᠲᠤᠳᠤᠷᠬᠠᠶᠢᠯᠠᠪᠠ᠃ ᠠᠷᠠᠳ ᠤᠨ ᠴᠠᠭᠳᠠᠭ᠎ᠠ ᠪᠠᠰᠠ ᠵᠢᠱᠢᠶ᠎ᠡ ᠲᠠᠲᠠᠵᠤ ᠣᠶᠢᠷ᠎ᠠ ᠶᠢᠨ ᠬᠤᠭᠤᠴᠠᠭᠠᠨ ᠤ ᠪᠦᠬᠦ ᠤᠯᠤᠰ ᠤᠨ ᠡᠯ᠎ᠡ ᠭᠠᠵᠠᠷ ᠤᠨ ᠬᠦᠷᠭᠡᠳᠡᠭ ᠬᠤᠭᠤᠯᠠ ᠬᠦᠷᠭᠡᠭᠴᠢ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠵᠠᠶ᠃ ᠭᠠᠳᠠᠨ᠎ᠠ ᠠᠴᠠ ᠬᠤᠭᠤᠯᠠ ᠬᠦᠷᠭᠡᠭᠴᠢ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠴᠢᠬᠤᠯᠠ ᠴᠢᠨᠠᠷ ᠢ ᠤᠯᠠᠮ ᠨᠢᠭᠡ ᠠᠯᠬᠤᠮ ᠲᠠᠶᠢᠯᠪᠤᠷᠢᠯᠠᠬᠤ ᠶᠢᠨ ᠬᠠᠮᠲᠤ ᠬᠤᠪᠢ ᠬᠥᠮᠦᠨ᠂ ᠭᠡᠷ ᠪᠦᠯᠢ᠂ ᠨᠡᠶᠢᠭᠡᠮ ᠵᠡᠷᠭᠡ ᠭᠤᠷᠪᠠᠨ ᠲᠠᠯ᠎ᠠ ᠠᠴᠠ ᠵᠠᠮ ᠬᠠᠷᠢᠯᠴᠠᠭᠠᠨ ᠤ ᠬᠠᠤᠯᠢ ᠴᠠᠭᠠᠵᠠ᠂ ᠬᠠᠤᠯᠢ ᠲᠣᠭᠲᠠᠭᠠᠯ ᠢ ᠵᠢᠷᠤᠮᠯᠠᠨ ᠰᠠᠬᠢᠬᠤ ᠶᠢᠨ ᠴᠢᠬᠤᠯᠠ ᠠᠴᠢ ᠬᠤᠯᠪᠣᠭᠳᠠᠯ ᠢ ᠵᠠᠳᠠᠯᠤᠨ ᠰᠢᠨᠵᠢᠵᠡᠢ᠃     ᠡᠴᠦᠰ ᠲᠤ᠂ ᠠᠷᠠᠳ ᠤᠨ ᠴᠠᠭᠳᠠᠭ᠎ᠠ ᠭᠠᠳᠠᠨ᠎ᠠ ᠠᠴᠠ ᠬᠤᠭᠤᠯᠠ ᠬᠦᠷᠭᠡᠭᠴᠢ ᠬᠤᠳᠠᠯᠳᠤᠨ ᠠᠪᠤᠭᠴᠢ ᠳᠤ ᠠᠶᠤᠯᠭᠦᠶ ᠳᠤᠭᠤᠯᠠᠭ᠎ᠠ ᠵᠡᠬᠦᠬᠦ ᠵᠢᠱᠢᠶ᠎ᠡ ᠦᠵᠡᠭᠦᠯᠬᠦ ᠠᠵᠢᠯᠯᠠᠭ᠎ᠠ ᠥᠷᠨᠢᠭᠦᠯᠵᠦ᠂ ︽ᠨᠢᠭᠡ ᠳᠤᠭᠤᠯᠠᠭ᠎ᠠ ᠣᠷᠴᠢᠮ︾ ᠤᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠪᠠ᠃  ᠡ ᠯᠧ ᠮᠠ ᠭᠠᠳᠠᠭᠰᠢ ᠬᠤᠳᠠᠯᠳᠤᠭ᠎ᠠ ᠶᠢᠨ ᠮᠣᠷᠢᠲᠠᠨ ᠪᠡᠶ᠎ᠡ ᠪᠠᠷ ᠢᠶᠠᠨ ᠬᠡᠪ ᠳᠦᠷᠢᠮ ᠪᠤᠯᠵᠦ᠂ ᠲᠦᠷᠦᠭᠦᠯᠡᠨ ᠬᠠᠤᠯᠢ ᠳᠦᠷᠢᠮ ᠢ ᠵᠢᠷᠤᠮᠯᠠᠨ ᠰᠠᠬᠢᠵᠤ᠂ ᠤᠬᠠᠮᠰᠠᠷ ᠠᠴᠠ ᠪᠠᠨ ᠠᠮᠤᠷ ᠲᠦᠪᠰᠢᠨ ᠤ ᠲᠤᠭᠤᠯᠭ᠎ᠠ ᠵᠡᠬᠦᠵᠦ᠂ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠭᠡᠷ ᠤᠨ ᠬᠥᠮᠦᠰ᠂ ᠨᠠᠶᠢᠵᠠ ᠨᠥᠬᠦᠳ ᠵᠢᠴᠢ ᠪᠤᠰᠤᠳ ᠠᠵᠢᠯ ᠲᠥᠷᠥᠯ ᠪᠣᠯᠤᠨ ᠥᠷᠭᠡᠨ ᠣᠯᠠᠨ ᠲᠦᠮᠡᠨ ᠳᠤ ᠵᠢᠱᠢᠶᠡᠴᠢ ᠳᠠᠭᠤᠷᠢᠶᠠᠯ ᠪᠣᠯᠬᠤ ᠶᠢ ᠤᠷᠢᠶᠠᠯᠠᠵᠠᠢ᠃ ᠪᠠᠰᠠ ᠭᠠᠳᠠᠨ᠎ᠠ ᠠᠴᠠ ᠬᠤᠭᠤᠯᠠ ᠬᠦᠷᠭᠡᠳᠡᠭ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠡᠨᠡ ᠬᠦ ᠤᠬᠠᠭᠤᠯᠭ᠎ᠠ ᠶᠢᠨ ᠠᠵᠢᠯᠯᠠᠭ᠎ᠠ ᠪᠠᠷ ᠲᠦᠰᠢᠭ ᠪᠣᠯᠭᠠᠵᠤ᠂ ᠠᠵᠢᠯᠲᠠᠨ ᠠᠵᠢᠯᠴᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠴᠥᠬᠦᠷᠡᠰᠢ ᠦᠭᠡᠶ ᠠᠳᠬᠤᠵᠤ᠂ ᠥᠷᠭᠡᠨ ᠣᠯᠠᠨ ᠬᠤᠭᠤᠯᠠ ᠬᠦᠷᠭᠡᠭᠴᠢ ᠶᠢᠨ ᠠᠮᠤᠷ ᠲᠦᠪᠰᠢᠨ ᠤ ᠤᠬᠠᠮᠰᠠᠷ ᠢ ᠲᠠᠰᠤᠷᠠᠯᠲᠠ ᠤᠢᠭᠡᠢ ᠲᠡᠭᠡᠭᠰᠢᠯᠡᠬᠦᠯᠵᠦ · ᠠᠮᠤᠷ ᠲᠦᠪᠰᠢᠨ ᠢᠶᠠᠷ ᠬᠤᠭᠤᠯᠠ ᠬᠦᠷᠭᠡᠬᠦ ᠶᠢ ᠪᠠᠲᠤᠯᠠᠵᠤ᠂ ᠠᠮᠤᠷ ᠲᠦᠪᠰᠢᠨ ᠢᠶᠠᠷ ᠭᠡᠷ ᠲᠡᠭᠡᠨ ᠬᠠᠷᠢᠨ᠎ᠠ᠃
                                                                                      ᠤᠷᠴᠢᠭᠤᠯᠤᠭᠴᠢ᠄  ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2