ᠱᠠᠩᠳᠤ ᠰᠢᠶᠠᠨ ᠤ ᠭᠤᠷᠪᠠᠨ ᠠᠷᠭ᠎ᠠ ᠬᠡᠮᠵᠢᠶ᠎ᠡ ᠨᠣᠮᠢᠨ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠦᠷᠬᠦᠯᠵᠢᠯᠡᠨ ᠰᠠᠶᠢᠲᠤᠷ ᠬᠢᠪᠡ
ᠨᠡᠶᠢᠲᠡᠯᠡᠭᠰᠡᠨ ᠴᠠᠭ᠄
2020-08-01
     ᠨᠢᠭᠡ ᠳᠤ ᠤᠤᠭᠤᠬᠤ ᠤᠰᠤᠨ ᠤ ᠠᠮᠤᠷ ᠲᠦᠪᠰᠢᠨ ᠢ ᠴᠢᠩᠭᠠᠳᠬᠠᠵᠤ ᠪᠠᠶᠢᠨ᠎ᠠ᠃ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠡᠭᠡᠷ᠎ᠡ ᠬᠠᠭᠠᠰ ᠵᠢᠯ ᠳᠤ ᠬᠤᠲᠠ ᠪᠠᠯᠭᠠᠰᠤ ᠪᠣᠯᠤᠨ ᠰᠢᠶᠠᠩ ᠪᠠᠯᠭᠠᠰᠤ ᠶᠢᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠢ ᠣᠯᠠᠨ ᠤᠳᠠᠭ᠎ᠠ ᠲᠣᠭᠤᠷᠢᠨ ᠪᠠᠶᠢᠴᠠᠭᠠᠵᠤ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠲᠤ ᠤᠰᠤ ᠬᠠᠩᠭᠠᠬᠤ ᠲᠠᠢ ᠬᠠᠮᠢᠶ᠎ᠠ ᠦᠭᠡᠢ ᠲᠥᠷᠥᠯ ᠵᠦᠢᠯ ᠪᠠᠶᠢᠭᠤᠯᠬᠤ ᠶᠢ ᠴᠠᠭᠠᠵᠠᠯᠠᠨ᠎ᠠ᠃ ᠡᠭᠦᠨ ᠤ ᠬᠠᠮᠲᠤ᠂ ᠬᠤᠲᠠ ᠪᠠᠯᠭᠠᠰᠤᠨ ᠤ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠤ ᠢᠯᠡᠷᠬᠡᠶ ᠭᠠᠵᠠᠷ ᠵᠦᠶ ᠶᠢᠨ ᠵᠠᠭᠠᠭ ᠲᠡᠮᠳᠡᠭ᠂ ᠠᠯᠪᠠᠨ ᠵᠠᠷᠯᠠᠯ ᠤᠨ ᠫᠠᠶᠢᠰᠠ · ᠰᠡᠷᠡᠮᠵᠢ ᠶᠢᠨ ᠫᠠᠶᠢᠰᠠ ᠪᠠ ᠤᠬᠠᠭᠤᠯᠭ᠎ᠠ ᠶᠢᠨ ᠫᠠᠶᠢᠰᠠ 10 ᠭᠠᠷᠤᠶ ᠨᠡᠮᠡᠵᠡᠶ᠃ ᠰᠦᠸᠧ ᠢᠦᠢ ᠮᠢᠩ ᠭᠠᠵᠠᠷ ᠤᠨ ᠤᠰᠤᠨ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠤᠨ ᠠᠵᠢᠯ ᠳᠠᠭᠤᠰᠴᠤ ᠠᠰᠢᠭᠯᠠᠯᠲᠠ ᠳᠤ ᠤᠷᠤᠵᠦ ᠤᠰᠤᠨ ᠤ ᠴᠢᠨᠠᠷ ᠤᠨ ᠳᠡᠪᠢᠰᠬᠡᠷ ᠹᠯᠣᠷ ᠤᠨ ᠪᠠᠷᠢᠮᠵᠢᠶ᠎ᠠ ᠠᠴᠠ ᠬᠡᠲᠦᠷᠡᠭᠰᠡᠨ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠵᠦ᠂ ᠤᠤᠭᠤᠬᠤ ᠤᠰᠤᠨ ᠤ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢᠨ ᠲᠡᠭᠡᠭᠰᠢᠯᠡᠭᠦᠯᠪᠡ᠃     ᠬᠤᠶᠠᠷ ᠲᠤ ᠤᠰᠤᠨ ᠳᠤ ᠬᠤᠯᠪᠣᠭᠳᠠᠬᠤ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠮᠠᠨ ᠤ ᠰᠢᠶᠠᠨ ᠤ ᠲᠥᠮᠥᠰᠥ ᠪᠣᠯᠪᠠᠰᠤᠷᠠᠭᠤᠯᠬᠤ ᠠᠵᠤ ᠠᠬᠤᠶᠢᠯᠠᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠦᠭᠵᠢᠯᠳᠡ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠤᠬᠠᠶ ᠶᠢᠨ ᠭᠠᠵᠠᠷ ᠤᠨ ᠲᠠᠷᠢᠶᠠᠴᠢᠳ ᠤᠨ ᠶᠠᠳᠠᠭᠤ ᠠᠴᠠ ᠠᠩᠬᠢᠵᠢᠷᠠᠵᠦ ᠪᠠᠶᠠᠵᠢᠬᠤ ᠶᠢ ᠠᠬᠢᠭᠤᠯᠬᠤ ᠶᠢᠨ ᠲᠥᠯᠥᠭᠡ · ᠡᠨᠡ ᠵᠢᠯ ᠤᠨ 4 ᠰᠠᠷ᠎ᠠ ᠳᠤ ᠲᠥᠮᠥᠰᠥ ᠡᠳ᠋ᠰᠢᠭᠦᠯᠬᠦ ᠲᠠᠪᠤᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠶᠠᠷᠢᠯᠴᠠᠬᠤ ᠬᠤᠷᠠᠯ ᠬᠢᠵᠡᠶ᠃ ᠲᠥᠮᠥᠰᠥ ᠪᠣᠯᠪᠠᠰᠤᠷᠠᠭᠤᠯᠬᠤ ᠰᠢᠭᠦᠰᠦ ᠶᠢ ᠲᠠᠷᠢᠶᠠᠨ ᠳᠤ ᠪᠤᠴᠠᠭᠠᠬᠤ ᠮᠡᠷᠭᠡᠵᠢᠯ ᠤᠨ ᠪᠠᠷᠢᠮᠵᠢᠶ᠎ᠠ ᠶᠢ ᠤᠷᠢᠳᠴᠢᠯᠠᠨ ᠪᠡᠯᠡᠳᠬᠡᠵᠦ᠂ ᠠᠽᠣᠲ ᠥᠬᠡᠶᠢᠳᠡᠭᠦᠯᠬᠦ ᠲᠥᠬᠦᠭᠡᠷᠦᠮᠵᠢ ᠪᠠᠶᠢᠭᠤᠯᠤᠨ ᠰᠢᠩᠭᠡᠨ ᠤᠰᠤ ᠶᠢ ᠲᠠᠷᠢᠶᠠᠨ ᠳᠤ ᠪᠤᠴᠠᠭᠠᠬᠤ ᠬᠤᠭᠤᠯᠠᠶ ᠳᠡᠪᠢᠰᠴᠦ᠂ ᠰᠢᠭᠦᠰᠦ ᠤᠰᠤ ᠶᠢ ᠲᠠᠷᠢᠶᠠᠨ ᠳᠤ ᠪᠤᠴᠠᠭᠠᠬᠤ ᠭᠠᠵᠠᠷ ᠰᠢᠷᠣᠶ ᠶᠢ ᠦᠢᠯᠡᠳᠪᠦᠷᠢᠯᠡᠬᠦ ᠴᠢᠳᠠᠪᠤᠷᠢ ᠯᠤᠭ᠎ᠠ ᠬᠠᠷᠢᠯᠴᠠᠨ ᠵᠤᠬᠢᠴᠠᠭᠤᠯᠬᠤ ᠶᠢ ᠱᠠᠭᠠᠷᠳᠠᠵᠠᠢ᠃ ᠬᠠᠮᠢᠶ᠎ᠠ ᠪᠦᠬᠦᠢ ᠠᠵᠢᠯ ᠲᠥᠷᠥᠯ ᠤᠨ ᠪᠠᠷᠢᠮᠵᠢᠶ᠎ᠠ ᠶᠣᠰᠣᠭᠠᠷ ᠬᠠᠤᠯᠢ ᠲᠣᠭᠲᠠᠭᠠᠯ ᠶᠣᠰᠣᠭᠠᠷ ᠦᠢᠯᠡᠳᠪᠦᠷᠢᠯᠡᠵᠦ᠂  ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠵᠤ ᠲᠡᠶᠢᠯᠬᠦ ᠦᠭᠡᠢ ᠶᠢ ᠨᠢ ᠴᠥᠮ ᠦᠢᠯᠡᠳᠪᠦᠷᠢᠯᠡᠵᠦ ᠪᠣᠯᠬᠤ ᠦᠭᠡᠢ᠃ ᠬᠤᠷᠠᠯ ᠳᠡᠭᠡᠷ᠎ᠡ᠂ ᠥᠩ ᠰᠢᠮᠡᠯᠢᠭ ᠤᠰᠤ ᠶᠢ ᠲᠠᠷᠢᠶᠠᠨ ᠭᠠᠵᠠᠷ ᠲᠤ ᠪᠤᠴᠠᠭᠠᠬᠤ ᠬᠢᠨᠠᠨ ᠬᠡᠮᠵᠢᠬᠦ ᠠᠵᠢᠯ ᠢ ᠬᠠᠷᠢᠭᠤᠴᠠᠵᠦ ᠪᠠᠶᠢᠭ᠎ᠠ ᠭᠤᠷᠪᠠᠳᠤᠭᠠᠷ ᠡᠲᠡᠭᠡᠳ ᠱᠠᠩᠳᠤ ᠰᠢᠶᠠᠨ ᠤ ᠲᠥᠮᠥᠰᠥ ᠶᠢᠨ ᠴᠠᠷᠳᠠᠭᠤᠯ ᠤᠨ ᠲᠥᠷᠥᠯ ᠵᠦᠢᠯ ᠤᠨ ᠥᠩ ᠰᠢᠮᠡᠯᠢᠭ ᠤᠰᠤ ᠶᠢ ᠲᠠᠷᠢᠶᠠᠨ ᠭᠠᠵᠠᠷ ᠲᠤ ᠪᠤᠴᠠᠭᠠᠬᠤ ᠣᠷᠴᠢᠨ ᠲᠣᠭᠤᠷᠢᠨ ᠢ ᠬᠢᠨᠠᠨ ᠬᠡᠮᠵᠢᠬᠦ ᠲᠥᠰᠦᠯ ᠢ ᠨᠠᠷᠢᠨ ᠲᠠᠶᠢᠯᠪᠤᠷᠢᠯᠠᠪᠠ᠃     ᠭᠤᠷᠪᠠ ᠳᠤ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠪᠣᠬᠢᠷ ᠤᠰᠤ ᠰᠢᠢᠳᠪᠦᠷᠢᠯᠡᠬᠦ ᠲᠥᠬᠦᠭᠡᠷᠦᠮᠵᠢ ᠶᠢᠨ ᠠᠵᠢᠯᠯᠠᠭᠠᠨ ᠤ ᠮᠡᠷᠭᠡᠵᠢᠯ ᠤᠨ ᠵᠢᠯᠣᠭᠤᠳᠣᠯᠭ᠎ᠠ ᠶᠢ ᠴᠢᠩᠭᠠᠳᠬᠠᠵᠦ᠂ ᠪᠣᠬᠢᠷ ᠤᠰᠤ ᠰᠢᠢᠳᠪᠦᠷᠢᠯᠡᠬᠦ ᠶᠢ ᠲᠣᠭᠲᠠᠭᠤᠨ ᠪᠠᠷᠢᠮᠵᠢᠶ᠎ᠠ ᠳᠤ ᠬᠦᠷᠦᠬᠦᠯᠦᠨ ᠭᠠᠳᠠᠭᠰᠢᠯᠠᠭᠤᠯᠬᠤ ᠶᠢ ᠦᠨᠡᠨᠬᠦ ᠪᠠᠲᠤᠯᠠᠨ᠎ᠠ᠃ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠢ ᠲᠠᠢ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠭᠡᠷᠡᠴᠢᠯᠡᠬᠦ ᠢᠨᠵᠧᠨᠧᠷᠢᠩ ᠢ 6 ᠰᠠᠷ᠎ᠠ ᠶᠢᠨ ᠰᠡᠭᠦᠯᠴᠢ ᠪᠠᠷ ᠨᠢᠭᠡᠨᠲᠡ ᠦᠨᠳᠦᠰᠦᠨ ᠳᠡᠭᠡᠨ ᠪᠡᠶᠡᠯᠡᠭᠦᠯᠵᠦ᠂ ᠲᠤᠷᠰᠢᠨ ᠠᠰᠢᠭᠯᠠᠯᠲᠠ ᠳᠤ ᠣᠷᠣᠭᠤᠯᠪᠠ᠃ ᠡᠨᠡ ᠤᠳᠠᠭᠠᠨ ᠤ ᠪᠠᠷᠢᠮᠵᠢᠶ᠎ᠠ ᠪᠠᠨ ᠳᠡᠭᠡᠭᠰᠢᠯᠡᠭᠦᠯᠬᠦ ᠥᠭᠡᠷᠡᠴᠢᠯᠡᠯᠲᠡ ᠨᠢ ᠬᠦᠴᠢᠯᠲᠥ᠋ᠷᠥᠭᠴᠢ ᠵᠢᠭᠰᠢᠬᠦ ᠲᠠᠲᠠᠭᠠᠯ ᠪᠠ P ᠲᠠᠲᠠᠭᠠᠯ ᠬᠤᠪᠢᠶᠠᠬᠤ ᠲᠥᠬᠦᠭᠡᠷᠦᠮᠵᠢ ᠶᠢ ᠨᠡᠮᠡᠭᠳᠡᠭᠦᠯᠦᠭᠰᠡᠨ ᠵᠢᠴᠢ ᠵᠥᠩ ᠱᠦᠶ ᠦᠢᠯᠡᠳᠪᠦᠷᠢ ᠶᠢᠨ ᠪᠡᠯᠡᠳᠬᠡᠮᠵᠢ ᠶᠢ ᠥᠭᠡᠷᠡᠴᠢᠯᠡᠵᠦ ᠳᠠᠭᠤᠰᠤᠭᠰᠠᠨ ᠤ ᠳᠠᠷᠠᠭ᠎ᠠ ᠬᠤᠲᠠ ᠪᠠᠯᠭᠠᠰᠤ ᠶᠢᠨ ᠪᠣᠬᠢᠷ ᠤᠰᠤᠨ ᠤ ᠦᠢᠯᠡᠳᠪᠦᠷᠢ ᠶᠢᠨ ᠤᠰᠤ ᠭᠠᠷᠭᠠᠬᠤ ᠤᠰᠤᠨ ᠤ ᠴᠢᠨᠠᠷ ᠢ ︽ᠬᠤᠲᠠ ᠪᠠᠯᠭᠠᠰᠤ ᠶᠢᠨ ᠪᠣᠬᠢᠷ ᠤᠰᠤ ᠶᠢᠨ ᠭᠠᠳᠠᠭᠰᠢᠯᠠᠭᠤᠯᠬᠤ ᠪᠠᠷᠢᠮᠵᠢᠶ᠎ᠠ︾ ᠶᠢᠨ ᠨᠢᠭᠡᠳᠦᠭᠡᠷ ᠲᠡᠰ ᠤᠨ B ᠪᠠᠷᠢᠮᠵᠢᠶ᠎ᠠ ᠶᠢ ᠨᠢᠭᠡᠳᠦᠭᠡᠷ ᠲᠡᠰ ᠤᠨ A ᠪᠠᠷᠢᠮᠵᠢᠶ᠎ᠠ ᠳᠤ ᠬᠦᠷᠲᠡᠯ᠎ᠡ ᠳᠡᠭᠡᠭᠰᠢᠯᠡᠭᠦᠯᠦᠨ᠎ᠡ᠃                                                         ᠤᠷᠴᠢᠭᠤᠯᠤᠭᠴᠢ᠄  ᠰᠠᠷᠠᠭᠤᠯ    
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2