ᠥᠪᠡᠷᠲᠡᠭᠡᠨ ᠵᠠᠰᠠᠬᠤ ᠣᠷᠣᠨ ᠤ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠮᠠᠨ ᠤ ᠰᠢᠶᠠᠨ ᠳᠤ ᠢᠷᠡᠵᠦ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2020-08-01
    7 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠳᠠᠮᠵᠢᠭᠤᠯᠤᠨ ᠰᠡᠷᠭᠡᠶᠢᠯᠡᠬᠦ ᠨᠢᠭᠡᠳᠦᠬᠡᠷ ᠲᠤᠪᠴᠢᠶ᠎ᠠ ᠶᠢᠨ ᠳᠡᠳ᠋ ᠳᠠᠷᠤᠭ᠎ᠠ ᠭᠤᠤ ᠢᠦᠶ ᠯᠦᠩ ᠨᠠᠷ ᠮᠠᠨ ᠤ ᠰᠢᠶᠠᠨ ᠳᠤ ᠢᠷᠡᠵᠦ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠥᠷᠨᠢᠭᠦᠯᠦᠭᠰᠡᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠼᠤᠤ ᠺᠠᠶ ᠬᠤᠩ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠰᠢᠶᠤᠤ ᠯᠢᠩ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠭᠠᠵᠠᠷ ᠣᠷᠣᠨ ᠤ ᠡᠪᠡᠳᠴᠢᠨ ᠤ ᠲᠥᠪ᠂ ᠲᠠᠯ᠎ᠠ ᠨᠤᠳᠤᠭ ᠤᠨ ᠥᠷᠲᠡᠭᠡ ᠵᠢᠴᠢ ᠰᠢᠶᠠᠨ ᠤ ᠬᠠᠮᠢᠶ᠎ᠠ ᠪᠥᠬᠦᠶ ᠨᠢᠬᠡᠴᠢ ᠶᠢᠨ ᠬᠠᠷᠢᠭᠤᠴᠠᠯᠭᠠᠲᠠᠨ ᠬᠢᠨᠠᠨ ᠵᠢᠯᠣᠭᠤᠳᠬᠤ ᠳᠤ ᠣᠷᠣᠯᠴᠠᠭᠰᠠᠨ ᠪᠥᠭᠡᠳ ᠶᠠᠷᠢᠯᠴᠠᠬᠤ ᠬᠤᠷᠠᠯ ᠬᠢᠪᠠ᠃     ᠬᠢᠨᠠᠨ ᠵᠢᠯᠣᠭᠤᠳᠴᠤ ᠪᠠᠶᠢᠴᠠᠭᠠᠬᠤ ᠳᠤᠭᠤᠶᠢᠯᠠᠩ ᠤᠨ ᠬᠢᠨ ᠬᠠᠷᠢᠭᠤ ᠮᠡᠳᠡᠭᠦᠯᠦᠯᠲᠡ ᠰᠣᠨᠣᠰᠬᠤ᠂ ᠲᠤᠬᠠᠶ ᠶᠢᠨ ᠲᠠᠯᠠᠪᠤᠷ ᠲᠤ ᠬᠢᠨᠠᠨ ᠵᠢᠯᠣᠭᠤᠳᠴᠤ ᠪᠠᠶᠢᠴᠠᠭᠠᠬᠤ᠂ ᠮᠠᠲ᠋ᠧᠷᠢᠶᠠᠯ ᠲᠠᠩᠰᠠ ᠡᠪᠬᠡᠮᠡᠯ ᠢ ᠪᠠᠶᠢᠴᠠᠭᠠᠨ ᠦᠵᠡᠬᠦ ᠬᠡᠯᠪᠡᠷᠢ ᠪᠠᠷ ᠳᠠᠮᠵᠢᠭᠤᠯᠤᠨ ᠮᠠᠨ ᠤ ᠰᠢᠶᠠᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃     ᠶᠠᠷᠢᠯᠴᠠᠬᠤ ᠬᠤᠷᠠᠯ ᠳᠡᠭᠡᠷ᠎ᠡ᠂ ᠵᠠᠩ ᠰᠢᠶᠤᠤ ᠯᠢᠩ ᠮᠠᠨ ᠤ ᠰᠢᠶᠠᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃ ᠬᠤᠯᠤᠭᠠᠨ᠎ᠠ ᠶᠢᠨ ᠬᠢᠵᠢᠭ ᠤᠨ ᠪᠠᠶᠢᠳᠠᠯ ᠭᠠᠷᠤᠭᠰᠠᠨ ᠤ ᠳᠠᠷᠠᠭ᠎ᠠ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠨᠠᠮ ᠵᠠᠰᠠᠭ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠤᠨ ᠬᠢᠨ ᠣᠷᠣᠯᠴᠠᠬᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠵᠠᠷᠴᠢᠮ ᠢ ᠴᠢᠩᠭ᠎ᠠ ᠵᠢᠷᠤᠮᠯᠠᠵᠤ᠂ ᠰᠡᠷᠭᠡᠶᠢᠯᠡᠬᠦ ᠪᠠᠷ ᠭᠤᠤᠯ ᠪᠣᠯᠭᠠᠬᠤ ᠴᠢᠭᠯᠡᠯᠲᠡ ᠶᠢ ᠬᠢᠨᠠᠮᠠᠭᠠᠶ ᠲᠤᠤᠱᠯᠠᠭᠤᠯᠵᠦ ᠬᠥᠮᠦᠰ ᠢ ᠬᠠᠮᠠᠭᠠᠯᠠᠵᠤ᠂ ᠬᠥᠮᠦᠨ ᠤ ᠣᠷᠴᠢᠯᠠᠩ ᠤᠨ ᠬᠤᠯᠤᠭᠠᠨ᠎ᠠ ᠶᠢᠨ ᠬᠢᠵᠢᠭ ᠡᠭᠦᠰᠬᠦ ᠶᠢ ᠰᠡᠷᠭᠡᠶᠢᠯᠡᠬᠦ ᠪᠠᠷ ᠭᠤᠤᠯ ᠬᠠᠷᠠᠯᠲᠠ ᠪᠣᠯᠭᠠᠵᠤ᠂ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ᠂ ᠪᠣᠯᠪᠠᠰᠤᠷᠠᠯ ᠢ ᠴᠢᠩᠭᠠᠳᠬᠠᠬᠤ᠂ ᠬᠤᠯᠤᠭᠠᠨ᠎ᠠ ᠪᠠ ᠨᠤᠬᠠᠢ ᠶᠢᠨ ᠪᠥᠭᠡᠰᠦ ᠶᠢ ᠤᠰᠠᠳᠬᠠᠬᠤ᠂ ᠤᠬᠠᠭᠤᠯᠭ᠎ᠠ ᠬᠥᠮᠦᠵᠢᠯ ᠢᠶᠠᠷ ᠭᠤᠤᠯ ᠠᠭᠤᠯᠭ᠎ᠠ ᠪᠣᠯᠭᠠᠭᠰᠠᠨ ᠶᠡᠷᠦᠩᠬᠡᠶᠢᠯᠡᠭᠰᠡᠨ ᠴᠢᠨᠠᠷᠳᠠᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠠᠪᠴᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠤᠳᠠᠳᠠᠢ ᠪᠤᠯᠭᠠᠵᠠᠢ᠃ ᠡᠷᠲᠡ ᠠᠴᠠ ᠤᠬᠠᠭᠠᠯᠠᠵᠤ᠂ ᠡᠷᠲᠡ ᠠᠴᠠ ᠲᠣᠬᠢᠷᠠᠭᠤᠯᠵᠤ᠂ ᠡᠷᠲᠡ ᠠᠴᠠ ᠨᠠᠢᠳᠠᠪᠤᠷᠢᠵᠢᠭᠤᠯᠬᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ ᠠᠬᠢᠭᠤᠯᠤᠨ᠎ᠠ᠃     ᠭᠤᠤ ᠢᠦᠶ ᠯᠦᠩ ᠪᠦᠬᠦ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠰᠢᠶᠠᠨ ᠤ ᠬᠤᠯᠤᠭᠠᠨ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠳᠠᠷᠠᠭ᠎ᠠ ᠠᠯᠬᠤᠮ ᠤᠨ ᠠᠵᠢᠯ ᠤᠨ ᠲᠥᠯᠥᠪᠯᠡᠭᠡ ᠶᠢ ᠰᠣᠨᠣᠰᠴᠤ᠂ ᠮᠠᠨ ᠤ ᠰᠢᠶᠠᠨ ᠤ ᠣᠳᠣᠬᠢ ᠱᠠᠲᠤᠨ ᠤ ᠬᠤᠯᠤᠭᠠᠨ᠎ᠠ ᠬᠢᠵᠢᠭ ᠢ ᠰᠡᠷᠭᠡᠶᠢᠯᠡᠨ ᠬᠢᠵᠠᠭᠠᠷᠯᠠᠬᠤ ᠤᠷᠢᠳᠴᠢᠯᠠᠨ ᠰᠡᠷᠡᠮᠵᠢᠯᠡᠭᠦᠯᠬᠦ ᠪᠠᠶᠢᠳᠠᠯ ᠢ ᠵᠠᠳᠠᠯᠤᠨ ᠮᠠᠭᠠᠳᠯᠠᠵᠤ᠂ ᠳᠠᠷᠠᠭ᠎ᠠ ᠠᠯᠬᠤᠮ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠭᠤᠤᠯᠳᠠᠯᠭ᠎ᠠ ᠵᠢᠴᠢ ᠠᠷᠭ᠎ᠠ ᠬᠡᠮᠵᠢᠶ᠎ᠡ ᠶᠢ ᠭᠦᠨᠵᠡᠭᠡᠶ ᠰᠤᠳᠤᠯᠤᠨ ᠶᠠᠷᠢᠯᠴᠠᠪᠠ᠃ ᠰᠢᠮᠳᠠᠭᠤᠯᠤᠨ ᠵᠢᠯᠣᠭᠤᠳᠬᠤ ᠳᠤᠭᠤᠶᠢᠯᠠᠩ ᠨᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠦᠷᠢᠨ ᠪᠠᠶᠢᠭᠤᠯᠬᠤ᠂ ᠬᠤᠯᠤᠭᠠᠨ᠎ᠠ ᠪᠠ ᠨᠤᠬᠠᠢ ᠶᠢᠨ ᠪᠥᠭᠡᠰᠦ ᠶᠢ ᠪᠥᠬᠦ ᠲᠠᠯ᠎ᠠ ᠪᠠᠷ ᠤᠰᠠᠳᠬᠠᠬᠤ᠂ ᠡᠮᠴᠢᠯᠡᠭᠡᠨ ᠤ ᠠᠪᠤᠷᠠᠨ ᠵᠠᠰᠠᠬᠤ ᠶᠢ ᠵᠢᠷᠤᠮᠵᠢᠭᠤᠯᠬᠤ᠂ ᠡᠮᠨᠡᠯᠭᠡ ᠶᠢᠨ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ᠂ ᠤᠬᠠᠭᠤᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠵᠡᠷᠭᠡ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠪᠠ ᠵᠢᠯᠣᠭᠤᠳᠬᠤ ᠴᠢᠨᠠᠷᠲᠠᠶ ᠰᠠᠨᠠᠯ ᠳᠤᠷᠠᠳᠪᠠ᠃ ᠡᠭᠦᠨ ᠤ ᠬᠠᠮᠲᠤ ᠬᠤᠷᠠᠯ ᠳᠤ ᠣᠷᠣᠯᠴᠠᠭᠰᠠᠳ ᠢ ᠵᠣᠬᠢᠶᠠᠨ ᠪᠠᠶᠢᠭᠤᠯᠤᠨ ᠬᠤᠯᠤᠭᠠᠨ᠎ᠠ ᠶᠢᠨ ᠬᠢᠵᠢᠭ ᠤᠨ ᠮᠡᠳᠡᠯᠭᠡ ᠶᠢᠨ ᠪᠠᠶᠢᠴᠠᠭᠠᠯᠲᠠ  ᠶᠢᠨ ᠠᠰᠠᠭᠤᠯᠲᠠ ᠶᠢᠨ ᠬᠠᠭᠤᠳᠠᠰᠤ ᠶᠢ ᠲᠠᠭᠯᠠᠪᠠ᠃                                                                       ᠤᠷᠴᠢᠭᠤᠯᠤᠭᠴᠢ᠄  ᠰᠠᠷᠠᠭᠤᠯ    
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2