ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠤᠢ ᡁᠢ ᠮᠢᠩ · ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠶ ᠴᠠᠩ ᠴᠢᠩ ᠮᠠᠨ ᠤ ᠰᠢᠶᠠᠨ ᠳᠤ ᠢᠷᠡᠵᠦ ᠠᠯᠪᠠᠨ ᠠᠴᠠ ᠪᠠᠭᠤᠭᠰᠠᠨ ᠴᠡᠷᠢᠭ ᠢ ᠠᠰᠠᠭᠤᠨ ᠲᠣᠬᠤᠨᠢᠭᠤᠯᠪᠠ
ᠨᠡᠶᠢᠲᠡᠯᠡᠭᠰᠡᠨ ᠴᠠᠭ᠄
2020-08-01
    ︽ᠨᠠᠢᠮᠠᠨ ᠰᠠᠷ᠎ᠠ ᠶᠢᠨ ᠨᠢᠭᠡᠨ︾ ᠤ ᠴᠡᠷᠢᠭ ᠪᠠᠶᠢᠭᠤᠯᠤᠭᠳᠠᠭᠰᠠᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 7 ᠰᠠᠷ᠎ᠠ ᠶᠢᠨ 30 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠤᠢ ᡁᠢ ᠮᠢᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠧᠢ ᠴᠠᠩ ᠴᠢᠩ ᠮᠠᠨ ᠤ ᠰᠢᠶᠠᠨ ᠳᠤ ᠢᠷᠡᠵᠦ ᠴᠡᠷᠢᠭ ᠠᠴᠠ ᠬᠠᠯᠠᠭᠳᠠᠭᠰᠠᠳ ᠢ ᠪᠣᠯᠭᠤᠭᠠᠨ ᠲᠣᠬᠤᠨᠢᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠱᠠᠩᠳᠤ ᠰᠢᠶᠠᠨ ᠤ ᠨᠠᠮ ᠤᠨ ᠬᠤᠷᠢᠶᠠᠨ ᠤ ᠱᠦᠵᠢ ᠶᠢᠨ ᠴᠢᠶᠠᠨ ᠪᠢᠨ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠼᠤᠤ ᠺᠠᠶ ᠬᠤᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠦᠸᠧ ᠱᠸᠤ ᠢᠦᠶ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠶᠠᠩ ᠸᠧᠨ ᠾᠦᠢ ᠵᠢᠴᠢ ᠬᠤᠯᠪᠣᠭᠳᠠᠯ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠳᠠᠭᠠᠵᠤ ᠲᠤᠬᠤᠨᠢᠭᠤᠯᠪᠠ᠃
    ᠰᠢᠤᠢ ᡁᠢ ᠮᠢᠩ ᠤᠷᠢᠳ ᠬᠤᠵᠢᠳ ᠱᠠᠩᠳᠤ ᠰᠢᠶᠠᠨ ᠤ ᠢᠷᠠᠭᠤ ᠠᠯᠳᠠᠷ ᠤᠨ ᠬᠦᠷᠢᠶᠡᠯᠡᠩ᠂ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠭᠰᠠᠨ ᠠᠬᠠᠮᠠᠳ ᠪᠠᠶᠢᠯᠳᠤᠭᠴᠢ ᠯᠢᠦ ᠶᠢᠨ ᠫᠢᠩ᠂ ︽ᠪᠥᠬᠦ ᠣᠷᠣᠨ ᠤ ᠴᠡᠷᠢᠭ ᠠᠴᠠ ᠬᠠᠯᠠᠭᠳᠠᠭᠰᠠᠨ ᠰᠢᠯᠢᠳᠡᠭ ᠴᠡᠷᠢᠭ︾ ᠸᠠᠩ ᠼᠦᠨ ᠰᠢ᠂ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ ᠮᠠ ᠱᠧᠩ᠂ ᠠᠵᠢᠯ ᠠᠴᠠ ᠪᠠᠨ ᠠᠮᠠᠷᠠᠭᠰᠠᠨ ᠠᠬᠠᠮᠠᠳ ᠴᠡᠷᠢᠭ ᠯᠢ ᠱᠤᠸᠠᠩ ᠴᠢᠦᠸᠠᠨ ᠢ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠪᠠ ᠲᠣᠬᠤᠨᠢᠭᠤᠯᠬᠤ ᠮᠥᠩᠭᠦ  ᠬᠦᠷᠭᠡᠪᠡ᠃     ᠱᠠᠩᠳᠤ ᠰᠢᠶᠠᠨ ᠤ ᠢᠷᠠᠭᠤ ᠠᠯᠳᠠᠷ ᠤᠨ ᠬᠦᠷᠢᠶᠡᠯᠡᠩ ᠳᠤ · ᠰᠢᠤᠶ ᡁᠢ ᠮᠢᠩ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠵᠧᠩ ᠢᠦᠶ ᠶᠢᠩ ᠪᠣᠯᠤᠨ ᠵᠡᠮᠳᠡᠭ ᠴᠡᠷᠢᠭ ᠰᠦᠸᠧ ᠶᠦᠨ ᠤ ᠪᠠᠶᠢᠷᠢ ᠳᠤ ᠬᠦᠷᠴᠦ᠂ ᠠᠮᠢᠳᠤᠷᠠᠯ ᠤᠨ ᠣᠷᠴᠢᠨ ᠲᠣᠭᠤᠷᠢᠨ ᠪᠣᠯᠤᠨ ᠪᠡᠶ᠎ᠡ ᠮᠠᠬᠠᠪᠣᠳ ᠤᠨ ᠪᠠᠶᠢᠳᠠᠯ ᠢ ᠨᠢ ᠤᠶᠢᠯᠠᠭᠠᠵᠦ ᠲᠣᠬᠤᠨᠢᠭᠤᠯᠬᠤ ᠮᠥᠩᠭᠦ ᠶᠢ ᠲᠡᠳᠡᠨ ᠤ ᠭᠠᠷ ᠲᠤ ᠬᠦᠷᠭᠡᠬᠦ ᠶᠢᠨ ᠬᠠᠮᠳᠦ ᠲᠡᠳᠡᠨ ᠢ ᠪᠡᠶ᠎ᠡ ᠪᠠᠨ ᠭᠠᠮᠨᠠᠵᠤ᠂ ᠨᠠᠮ ᠪᠠ ᠵᠠᠰᠠᠭ ᠤᠨ ᠣᠷᠳᠣᠨ ᠠᠴᠠ ᠲᠡᠳᠡᠨ ᠤ ᠠᠮᠢᠳᠤᠷᠠᠯ ᠤᠨ ᠲᠤᠮᠳᠠ ᠲᠤᠯᠭᠠᠷᠠᠭᠰᠠᠨ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠵᠦ ᠦᠭᠬᠦᠨ᠎ᠡ ᠭᠡᠵᠦ ᠵᠠᠬᠢᠪᠠ᠃ ᠰᠢᠤᠢ ᡁᠢ ᠮᠢᠩ ᠨᠠᠷ ᠪᠠᠰᠠ ᠱᠠᠩᠳᠤ ᠰᠢᠶᠠᠨ ᠤ ᠢᠷᠠᠭᠤ ᠠᠯᠳᠠᠷ ᠤᠨ ᠬᠦᠷᠢᠶᠡᠯᠡᠩ ᠳᠤ 20000 ᠲᠥᠭᠦᠷᠢᠭ ᠤᠨ ᠲᠣᠬᠤᠨᠢᠭᠤᠯᠬᠤ ᠮᠥᠩᠭᠦ ᠬᠦᠷᠭᠡᠵᠡᠢ᠃     93 ᠨᠠᠰᠤᠲᠠᠶ ᠶᠠᠫᠣᠨ ᠢ ᠡᠰᠡᠷᠭᠦᠴᠡᠭᠰᠡᠨ ᠠᠬᠠᠮᠠᠳ ᠪᠠᠶᠢᠯᠳᠤᠭᠴᠢ ᠯᠢᠦ ᠶᠢᠨ ᠫᠢᠩ ᠪᠣᠯᠤᠨ 99 ᠨᠠᠰᠤᠲᠠᠶ ᠠᠵᠢᠯ ᠠᠴᠠ ᠪᠠᠨ ᠠᠮᠠᠷᠠᠭᠰᠠᠨ ᠠᠬᠠᠮᠠᠳ ᠴᠡᠷᠢᠭ ᠯᠢ ᠱᠤᠸᠠᠩ ᠶᠢᠨ ᠤ ᠭᠡᠷ ᠲᠤ ᠣᠷᠣᠵᠤ᠂ ᠰᠢᠤᠢ ᡁᠢ ᠮᠢᠩ ᠲᠡᠳᠡᠨ ᠲᠠᠢ ᠥᠩᠭᠡᠷᠡᠭᠰᠡᠨ ᠢᠶᠠᠨ ᠶᠠᠷᠢᠯᠴᠠᠵᠤ ᠤᠳᠤ ᠪᠠᠨ ᠬᠡᠯᠡᠯᠴᠡᠵᠦ ᠨᠠᠰᠤᠲᠠᠨ ᠤ ᠳᠠᠶᠢᠨ ᠤ ᠦᠶ᠎ᠡ ᠶᠢᠨ ᠥᠩᠭᠡᠷᠡᠭᠰᠡᠨ ᠬᠡᠷᠡᠭ ᠢ ᠰᠣᠨᠣᠰᠴᠤ᠂ ᠯᠢᠦ ᠶᠢᠨ ᠫᠢᠩ ᠠᠬᠠᠮᠠᠳ ᠪᠠᠶᠢᠯᠳᠤᠭᠴᠢᠳ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠳᠠᠷᠦ᠋ᠢᠬᠠᠨ ᠬᠢᠵᠢᠭ ᠤᠨ ᠣᠷᠣᠨ ᠳᠤ 1000 ᠲᠥᠭᠦᠷᠢᠭ ᠬᠠᠨᠳᠢᠪᠯᠠᠭᠰᠠᠨ ᠢ ᠰᠤᠨᠤᠰᠤᠭᠠᠳ ᠰᠢᠤᠢ ᡁᠢ ᠮᠢᠩ ᠰᠡᠳᠬᠢᠯ ᠬᠥᠳᠡᠯᠦᠨ᠄ ᠠᠬᠠᠮᠠᠳ ᠦᠶ᠎ᠡ ᠶᠢᠨ ᠬᠢᠨ ᠤ ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠬᠤᠪᠢᠰᠬᠠᠯᠲᠤ ᠵᠣᠷᠢᠭ ᠰᠠᠨᠠᠭ᠎ᠠ ᠪᠣᠯ ᠴᠢᠰᠤᠨ ᠳᠤ ᠠᠭᠤᠰᠤᠨ ᠤᠷᠤᠭᠰᠠᠨ ᠶᠤᠮ᠂ ᠡᠨᠡ ᠪᠣᠯ ᠮᠠᠨ ᠤ ᠳᠤᠮᠳᠠᠳᠤ ᠶᠢᠨ ᠦᠨᠳᠦᠰᠦᠲᠡᠨ ᠤ ᠡᠷᠬᠢᠮ ᠨᠠᠨᠳᠢᠨ ᠡᠳ᠋ ᠪᠠᠶᠠᠯᠢᠭ ᠪᠤᠯᠤᠨ᠎ᠠ ·  ᠪᠢᠳᠡ ᠲᠡᠬᠦᠨ ᠢ ᠦᠶ᠎ᠡ ᠶᠢᠨ ᠦᠶ᠎ᠡ ᠳᠡᠭᠡᠨ ᠰᠤᠷᠤᠯᠴᠠᠨ ᠵᠠᠯᠭᠠᠮᠵᠢᠯᠠᠵᠤ᠂ ᠨᠠᠮ ᠪᠠ ᠤᠯᠤᠰ ᠤᠨ ᠠᠵᠢᠯ ᠦᠢᠯᠡᠰ ᠲᠤ ᠢᠳᠡᠪᠬᠢᠳᠡᠢ ᠬᠤᠪᠢ ᠨᠡᠮᠡᠷᠢ ᠦᠵᠡᠭᠦᠯᠬᠦ ᠶᠤᠰᠤᠳᠠᠢ ᠭᠡᠵᠡᠢ᠃    ︽ᠪᠦᠬᠦ ᠣᠷᠣᠨ ᠤ ᠰᠢᠯᠢᠳᠡᠭ ᠴᠡᠷᠢᠭ ᠠᠴᠠ ᠬᠠᠯᠠᠭᠳᠠᠭᠰᠠᠳ︾ ᠸᠠᠩ ᠼᠦᠨ ᠰᠢ ᠶᠢᠨ ᠰᠢ ᠶᠤᠸᠠᠨ ᠢᠳᠡᠭᠡᠨ ᠤᠮᠳᠠᠭᠠᠨ ᠤ ᠺᠣᠮᠫᠠᠨᠢ ᠳᠤ᠂ ᠰᠢᠤᠢ ᡁᠢ ᠮᠢᠩ ᠬᠢᠵᠢᠭ ᠤᠨ ᠪᠠᠶᠢᠳᠠᠯ ᠤᠨ ᠠᠵᠤ ᠠᠬᠤᠶᠢᠯᠠᠯ ᠳᠤ ᠦᠵᠡᠭᠦᠯᠦᠭᠰᠡᠨ ᠨᠥᠯᠥᠭᠡ᠂ ᠣᠳᠣᠬᠠᠨ ᠳᠤ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠬᠦ ᠬᠠᠮᠢᠶ᠎ᠠ ᠪᠦᠬᠦᠢ ᠪᠠᠶᠢᠳᠠᠯ ᠵᠢᠴᠢ ᠨᠡᠭᠡᠭᠡᠨ ᠡᠵᠡᠩᠨᠡᠭᠰᠡᠨ ᠤ ᠳᠠᠷᠠᠭᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠠᠰᠠᠭᠤᠵᠠᠢ᠃ ᠰᠢᠤᠢ ᡁᠢ ᠮᠢᠩ᠂ ᠡᠯ᠎ᠡ ᠰᠠᠯᠠᠭ᠎ᠠ ᠮᠥᠴᠢᠷ ᠴᠡᠷᠢᠭ ᠢ ᠬᠦᠷᠢᠶᠡᠯᠡᠨ ᠬᠠᠷᠠᠭᠠᠯᠵᠠᠨ ᠲᠥᠪᠬᠢᠨᠡᠭᠦᠯᠬᠦ ᠪᠠ ᠦᠢᠯᠡᠰ ᠪᠣᠰᠬᠠᠬᠤ ᠶᠢ ᠲᠳᠬᠦᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠲᠡᠳᠡᠨ ᠤ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ ᠥᠭᠬᠦ ᠬᠡᠷᠡᠭᠲᠡᠶ ᠭᠡᠵᠦ ᠵᠢᠭᠠᠨ ᠭᠠᠷᠭᠠᠪᠠ᠃                                                   ᠤᠷᠴᠢᠭᠤᠯᠤᠭᠴᠢ᠄  ᠰᠠᠷᠠᠭᠤᠯ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2