ᠱᠠᠩᠳᠤ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ︽ᠭᠠᠷᠠᠭ ᠤᠨ ᠰᠡᠭᠦᠯᠴᠢ ᠴᠡᠭᠴᠡᠯᠡᠨ ᠵᠠᠰᠠᠬᠤ ᠠᠵᠢᠯᠯᠠᠭ᠎ᠠ︾ ᠥᠷᠨᠢᠭᠦᠯᠵᠦ᠂ ᠡᠯ᠎ᠡ ᠲᠥᠷᠥᠯ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠭ᠎ᠠ ᠳᠤ ᠬᠦᠴᠦᠲᠡᠶ ᠴᠣᠬᠢᠯᠲᠠ ᠥᠭᠪᠡ
ᠨᠡᠶᠢᠲᠡᠯᠡᠭᠰᠡᠨ ᠴᠠᠭ᠄
2020-08-10
    ᠣᠶᠢᠷ᠎ᠠ ᠳᠤ᠂ ᠱᠠᠩᠳᠤ ᠶᠡᠭᠡ ᠠᠩᠭᠢ ᠶᠢᠨ ᠪᠦᠬᠦ ᠠᠷᠠᠳ ᠤᠨ ᠴᠠᠭᠳᠠᠭ᠎ᠠ ᠪᠠ ᠲᠤᠰᠠᠯᠠᠬᠤ ᠴᠠᠭᠳᠠᠭ᠎ᠠ ᠠᠮᠠᠷᠠᠬᠤ ᠪᠠᠨ ᠪᠣᠯᠢᠵᠤ᠂ ︽ᠭᠠᠷᠠᠭ ᠤᠨ ᠰᠡᠭᠦᠯᠴᠢ ᠳᠤ ᠴᠡᠭᠴᠡᠯᠡᠨ ᠵᠠᠰᠠᠬᠤ ᠠᠵᠢᠯᠯᠠᠭ᠎ᠠ︾ ᠶᠢ ᠬᠦᠴᠦᠲᠡᠶ ᠥᠷᠨᠢᠭᠦᠯᠵᠦ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠳᠤ ᠬᠦᠴᠦᠲᠡᠶ ᠴᠣᠬᠢᠯᠲᠠ ᠥᠭᠴᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠦᠨᠡᠨᠬᠦ  ᠴᠢᠩᠭᠠᠳᠬᠠᠪᠠ᠃
    ᠠᠵᠢᠯᠯᠠᠭ᠎ᠠ ᠶᠢᠨ ᠳᠤᠮᠳᠠ᠂ ᠶᠡᠭᠡ ᠠᠩᠭᠢ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠴᠡᠭᠴᠡᠯᠡᠨ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠪᠡ᠃ ᠨᠢᠭᠡ ᠳᠤ ᠶᠡᠭᠡ ᠠᠩᠭᠢ ᠶᠢᠨ ᠪᠠᠶᠢᠭᠤᠯᠭ᠎ᠠ ᠶᠢᠨ ᠠᠷᠠᠳ ᠤᠨ ᠴᠠᠭᠳᠠᠭ᠎ᠠ ᠡᠮᠦᠨ᠎ᠡ ᠹᠷᠣᠨᠲ ᠲᠤ ᠲᠤᠰᠠᠯᠠᠵᠤ᠂ ᠴᠠᠭᠳᠠᠭ᠎ᠠ ᠶᠢᠨ ᠬᠦᠴᠦᠨ ᠢᠶᠠᠨ ᠡᠷᠭᠦᠵᠦ᠂ ᠬᠠᠤᠯᠢ ᠵᠦᠷᠢᠴᠡᠭᠰᠡᠨ ᠠᠵᠢᠯᠯᠭ᠎ᠠ  ᠶᠢ ᠴᠢᠩᠭ᠎ᠠ ᠪᠠᠶᠢᠴᠠᠭᠠᠪᠠ᠃ ᠶᠡᠭᠡ ᠠᠩᠭᠢ ᠨᠢ ᠣᠶᠢᠷ᠎ᠠ ᠶᠢᠨ ᠬᠤᠭᠤᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠡᠭᠦᠰᠬᠦ ᠣᠨᠴᠠᠯᠢᠭ ᠪᠠ ᠵᠢᠮ᠎ᠡ ᠶᠣᠰᠣ ᠲᠠᠢ ᠤᠶᠠᠯᠳᠤᠭᠤᠯᠵᠤ᠂ ᠬᠠᠷᠢᠶ᠎ᠠ ᠣᠷᠣᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠠᠵᠢᠯ ᠤᠨ ᠰᠡᠳᠬᠢᠮᠵᠢ ᠪᠠᠨ ᠴᠠᠭ ᠲᠤᠬᠠᠶ ᠳᠤᠨᠢ ᠲᠣᠬᠢᠷᠠᠭᠤᠯᠵᠤ᠂ ᠭᠤᠤᠯᠳᠠᠯᠭ᠎ᠠ ᠲᠠᠢ ᠵᠠᠮ ᠤᠨ ᠬᠡᠰᠡᠭ ᠪᠠ ᠬᠤᠲᠠ ᠶᠢᠨ ᠠᠭᠤᠯᠵᠠᠷ ᠲᠤ ᠪᠠᠶᠢᠴᠠᠭᠠᠯᠲᠠ ᠶᠢᠨ ᠴᠢᠭ ᠭᠠᠷᠭᠠᠵᠤ᠂ ᠨᠠᠰᠢ ᠴᠠᠰᠢ ᠶᠠᠪᠤᠬᠤ ᠲᠡᠷᠭᠡ ᠶᠢ ᠨᠢᠭᠡᠳ ᠨᠢᠭᠡ ᠪᠠᠷ ᠪᠠᠶᠢᠴᠠᠭᠠᠪᠠ᠃ ᠠᠷᠢᠬᠢ ᠤᠤᠭᠤᠵᠤ ᠲᠡᠷᠭᠡ ᠵᠢᠯᠣᠭᠤᠳᠬᠤ᠂ ᠰᠣᠭᠲᠣᠭᠤ ᠪᠠᠷ ᠲᠡᠷᠭᠡ ᠵᠢᠯᠣᠭᠤᠳᠬᠤ᠂ ᠦᠨᠡᠮᠯᠡᠯ ᠦᠭᠡᠢ ᠪᠠᠷ ᠲᠡᠷᠭᠡ ᠵᠢᠯᠣᠭᠤᠳᠬᠤ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠵᠡᠷᠭᠡ ᠬᠦᠨᠳᠦ ᠨᠣᠴᠢᠲᠠᠶ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ᠡᠯ᠎ᠡ ᠲᠥᠷᠥᠯ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠤᠨᠴᠠᠭᠠᠶᠢᠯᠠᠨ ᠠᠷᠢᠬᠢ ᠤᠤᠭᠤᠭᠰᠠᠨ ᠤ ᠳᠠᠷᠠᠭ᠎ᠠ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠳ ᠲᠤ ᠦᠨᠳᠦᠷ ᠲᠠᠷᠤᠯᠳᠠᠳᠦ ᠴᠢᠩᠭ᠎ᠠ ᠬᠠᠮᠢᠶᠠᠷᠤᠯᠳᠠ ᠶᠢᠨ ᠤᠪᠤᠷ ᠬᠦᠴᠦᠨ ᠢ ᠦᠨᠡᠨᠬᠦ ᠪᠣᠶ ᠪᠤᠯᠭᠠᠵᠠᠢ᠃ ᠬᠤᠶᠠᠷ ᠲᠤ᠂ ᠰᠢᠢᠳᠭᠡᠨ ᠲᠤᠷᠭᠤᠬᠤ ᠪᠠ ᠰᠤᠷᠭᠠᠨ ᠬᠥᠮᠦᠵᠢᠭᠦᠯᠬᠦ ᠶᠢ ᠬᠠᠷᠢᠯᠴᠠᠨ ᠤᠶᠠᠯᠳᠤᠭᠤᠯᠪᠠ᠃ ᠰᠫᠢᠷᠲ ᠰᠢᠯᠭᠠᠭᠤᠷ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠦᠢᠴᠡᠳ ᠠᠰᠢᠭᠯᠠᠵᠤ ᠨᠠᠷᠢᠨ ᠬᠢᠨᠠᠮᠠᠭᠠᠶ ᠪᠠᠶᠢᠴᠠᠭᠠᠬᠤ ᠶᠢᠨ ᠬᠠᠮᠲᠤ᠂ ᠠᠷᠠᠳ ᠤᠨ ᠴᠠᠭᠳᠠᠭ᠎ᠠ ᠪᠠᠰᠠ ᠨᠠᠰᠢ ᠴᠠᠰᠢ ᠥᠩᠭᠡᠷᠡᠬᠦ ᠲᠡᠷᠭᠡᠨ ᠤ ᠵᠢᠯᠤᠭᠤᠴᠢ ᠵᠢᠴᠢ ᠵᠠᠮ ᠬᠠᠷᠢᠯᠴᠠᠭᠠᠨ ᠤ ᠣᠷᠣᠯᠴᠠᠭᠴᠢ ᠳᠤ᠂ ︽ᠨᠢᠭᠡ ᠳᠤᠭᠤᠯᠠᠭ᠎ᠠ ᠣᠷᠴᠢᠮ︾ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠬᠢᠵᠦ᠂ ᠥᠷᠭᠡᠨ ᠣᠯᠠᠨ ᠲᠦᠮᠡᠨ ᠢ ᠵᠢᠯᠣᠭᠤᠳᠤᠨ ᠲᠡᠷᠭᠡ ᠤᠨᠤᠵᠤ ᠠᠮᠤᠷ ᠲᠦᠪᠰᠢᠨ ᠲᠤᠭᠤᠯᠭ᠎ᠠ ᠶᠢ ᠰᠠᠶᠢᠲᠤᠷ ᠵᠡᠭᠦᠯᠭᠡᠵᠦ᠂ ᠲᠡᠷᠭᠡ ᠵᠢᠯᠣᠭᠤᠳᠬᠤ ᠳᠠᠭᠠᠨ ᠠᠮᠤᠷ ᠲᠦᠪᠰᠢᠨ ᠪᠦᠰᠡ ᠶᠢ ᠰᠠᠶᠢᠲᠤᠷ ᠪᠦᠰᠡᠯᠡᠵᠦ᠂ ᠲᠡᠷᠡ ᠮᠥᠷᠲᠡᠭᠡᠨ ᠠᠷᠢᠬᠢ ᠤᠤᠭᠤᠭᠰᠠᠨ ᠤ ᠳᠠᠷᠠᠭ᠎ᠠ ᠲᠡᠷᠭᠡ ᠵᠢᠯᠣᠭᠤᠳᠬᠤ᠂ ᠦᠨᠡᠮᠯᠡᠯ ᠦᠭᠡᠢ ᠪᠠᠷ ᠲᠡᠷᠭᠡ ᠵᠢᠯᠤᠭᠤᠳᠬᠤ ᠪᠠ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢᠨ ᠬᠥᠨᠥᠭᠡᠯᠲᠦ ᠴᠢᠨᠠᠷ ᠢ ᠲᠡᠳᠡᠨ ᠳᠤ ᠬᠡᠯᠡᠵᠦ ᠥᠭᠴᠦ᠂ ᠲᠡᠳᠡᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠠᠮᠤᠷ ᠲᠦᠪᠰᠢᠨ᠂ ᠪᠣᠯᠪᠠᠰᠤᠨ ᠢᠶᠠᠷ ᠵᠢᠯᠣᠭᠤᠳᠬᠤ ᠦᠵᠡᠯ ᠤᠬᠠᠮᠰᠠᠷ ᠲᠠᠢ ᠪᠣᠯᠭᠠᠵᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠵᠠᠮ ᠬᠠᠷᠢᠯᠴᠠᠭᠠᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠬᠤ ᠶᠢ ᠬᠡᠯᠡᠨ ᠦᠭᠪᠡ᠃                                                        ᠤᠷᠴᠢᠭᠤᠯᠤᠭᠴᠢ᠄  ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2