ᠮᠠᠨ ᠤ ᠰᠢᠶᠠᠨ ᠬᠠᠤᠯᠢ ᠪᠤᠰᠤ ᠪᠠᠷ ᠡᠵᠡᠩᠨᠡᠵᠦ ᠨᠣᠬᠠᠶ ᠶᠢ ᠠᠩᠨᠠᠵᠤ ᠫᠠᠨᠽᠠᠯᠠᠬᠤ ᠳᠤ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-08-13
    ᠮᠠᠨ ᠤ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠡᠮᠬᠢ ᠳᠢᠭᠯᠢᠮ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ 2020 ᠣᠨ ᠤ 8 ᠰᠠᠷ᠎ᠠ ᠶᠢᠨ 11 ᠤ ᠡᠳᠦᠷ᠂ ᠵᠠᠰᠠᠭ ᠤᠨ ᠣᠷᠳᠣᠨ ᠤ ᠠᠯᠪᠠᠨ ᠬᠡᠷ ᠠᠴᠠ ᠲᠦᠷᠦᠭᠦᠯᠡᠨ᠂ ᠬᠤᠲᠠ ᠪᠠᠯᠭᠠᠰᠤᠨ ᠤ ᠬᠠᠮᠢᠶᠠᠷᠤᠯᠲᠠ ᠶᠢᠨ ᠲᠣᠪᠴᠢᠶ᠎ᠠ ᠂ ᠡᠯ᠎ᠡ ᠰᠢᠶᠠᠩ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠳᠠᠷᠤᠪᠴᠢ ᠶᠢᠨ ᠵᠥᠪᠯᠡᠯ᠂ ᠵᠠᠬ᠎ᠠ ᠲᠡᠯᠬᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠ ᠰᠣᠨᠢᠨ ᠮᠡᠳᠡᠭᠡᠨ ᠤ ᠵᠠᠭᠤᠴᠢ ᠶᠢ ᠵᠣᠬᠢᠶᠠᠨ ᠪᠠᠶᠢᠭᠤᠯᠤᠨ ᠮᠠᠨ ᠤ ᠰᠢᠶᠠᠨ ᠤ ᠬᠡᠪᠴᠢᠶᠡᠨ ᠳᠤ ᠬᠠᠤᠯᠢ ᠪᠤᠰᠤ ᠪᠠᠷ ᠡᠵᠡᠩᠨᠡᠵᠦ ᠨᠤᠬᠠᠢ ᠠᠩᠨᠠᠬᠤ ᠫᠠᠨᠽᠠᠯᠠᠬᠤ  ᠠᠵᠢᠯ ᠳᠤ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠬᠦᠯᠪᠡ᠃     ᠠᠵᠢᠯᠯᠠᠭᠠᠨ ᠤ ᠶᠠᠪᠤᠴᠠ ᠳᠤ᠂ ᠬᠠᠤᠯᠢ ᠬᠡᠷᠡᠭᠵᠢᠭᠦᠯᠦᠭᠴᠢ ᠤᠷᠢᠳ ᠬᠤᠵᠢᠳ ᠮᠠᠨ ᠤ ᠰᠢᠶᠠᠨ ᠤ ᠨᠣᠬᠠᠶ ᠶᠢᠨ ᠲᠥᠷᠥᠯ ᠤᠨ ᠬᠠᠤᠯᠢ ᠪᠤᠰᠤ ᠡᠵᠡᠩᠨᠡᠯᠳᠡ ᠶᠢᠨ ᠬᠡᠳᠦᠨ ᠲᠠᠯᠠᠪᠤᠷ ᠭᠠᠵᠠᠷ ᠲᠤ ᠴᠢᠩᠭ᠎ᠠ ᠴᠣᠬᠢᠯᠲᠠ ᠥᠭᠴᠦ᠂ ᠬᠠᠤᠯᠢ ᠪᠤᠰᠤ ᠡᠵᠡᠩᠨᠡᠯᠲᠡ ᠶᠢᠨ ᠨᠣᠬᠠᠶ ᠶᠢᠨ ᠲᠥᠷᠥᠯ ᠵᠦᠢᠯ ᠢ ᠪᠠᠶᠢᠴᠠᠭᠠᠨ ᠤᠶᠢᠯᠠᠭᠠᠵᠦ · ᠬᠠᠤᠯᠢ ᠪᠤᠰᠤ ᠨᠣᠬᠠᠢ ᠶᠢᠨ ᠲᠥᠷᠥᠯ ᠤᠨ ᠲᠡᠵᠢᠭᠡᠨ ᠦᠷᠡᠵᠢᠭᠦᠯᠬᠦ ᠲᠠᠯᠠᠪᠠᠢ ᠪᠠ ᠨᠣᠬᠠᠢ ᠶᠢᠨ ᠲᠥᠷᠥᠯ ᠤᠨ ᠠᠷᠠᠯᠵᠢᠶᠠᠨ ᠤ ᠬᠠᠤᠯᠢ ᠠᠴᠠ ᠵᠥᠷᠢᠴᠡᠭᠰᠡᠨ ᠲᠠᠯᠠᠪᠤᠷ ᠭᠠᠵᠠᠷ ᠢ ᠡᠷᠡᠰ ᠴᠠᠭᠠᠵᠠᠯᠠᠵᠤ᠂ ᠡᠵᠡᠩᠨᠡᠭᠴᠢ ᠶᠢ ᠵᠠᠷᠯᠢᠭᠳᠠᠵᠤ ᠪᠠᠶᠢᠭᠠᠳ ᠬᠠᠤᠯᠢ ᠪᠤᠰᠤ ᠪᠠᠷ ᠡᠵᠡᠩᠨᠡᠬᠦ ᠦᠢᠯᠡ ᠠᠵᠢᠯᠯᠠᠭ᠎ᠠ ᠶᠢ ᠨᠢ ᠲᠡᠷᠡ ᠳᠠᠷᠤᠢ  ᠳᠤᠨᠢ ᠵᠣᠭᠰᠣᠭᠠᠬᠤ ᠶᠢᠨ ᠬᠠᠮᠲᠤ ᠬᠠᠤᠯᠢ ᠪᠤᠰᠤ ᠪᠠᠷ ᠡᠵᠡᠩᠨᠡᠬᠦ ᠭᠠᠵᠠᠷ ᠲᠤ ᠠᠷᠢᠭᠤᠨ ᠴᠡᠪᠡᠷ ᠠᠷᠢᠭᠤᠳᠬᠠᠯ ᠬᠢᠯᠭᠡᠵᠡᠢ᠃                                                       ᠤᠷᠴᠢᠭᠤᠯᠤᠭᠴᠢ᠄  ᠰᠠᠷᠠᠭᠤᠯ    
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2