ᠮᠠᠨ ᠤ ᠰᠢᠶᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠵᠢᠴᠢ ︽12345︾ ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-08-05
    ᠮᠠᠨ ᠤ ᠰᠢᠶᠠᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠵᠢᠴᠢ ︽12345︾ ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠠᠵᠢᠯᠲᠠᠨ ᠤ ᠠᠵᠢᠯᠯᠠᠬᠤ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠣᠭᠢᠷᠠᠭᠤᠯᠤᠨ ᠪᠠᠶᠢᠷᠢᠯᠠᠭᠤᠯᠬᠤ ᠶᠢᠨ ᠲᠦᠯᠦᠬᠡ · 7 ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ 2020 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠵᠢᠴᠢ ︽12345︾ ᠵᠠᠰᠠᠭ ᠤᠨ ᠣᠷᠳᠣᠨ ᠤ ᠦᠢᠯᠡᠴᠢᠯᠡᠬᠡᠨ ᠤ ᠬᠠᠯᠠᠮᠰᠢᠯ ᠤᠲᠠᠰᠤᠨ ᠤ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ ᠃ ᠲᠣᠰ ᠤᠳᠠᠭᠠᠨ ᠤ ᠪᠣᠯᠪᠠᠰᠤᠷᠠᠯ ᠤᠨ ᠬᠤᠷᠠᠯ ᠳᠤ ᠪᠠᠰᠠ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠶᠦᠨ ᠬᠤᠩ ᠵᠧᠨ ᠪᠠᠭᠰᠢ ᠪᠣᠯᠤᠨ ᠪᠥᠸᠧ ᠶᠤᠸᠠᠢ ᠺᠣᠮᠫᠠᠨᠢ ᠶᠢᠨ ᠵᠠᠰᠠᠭ ᠤᠨ ᠣᠷᠳᠣᠨ ᠤ ᠬᠠᠯᠠᠮᠰᠢᠯ ᠤᠲᠠᠰᠤ ᠶᠢᠨ ᠮᠡᠷᠭᠡᠵᠢᠯᠲᠡᠨ ᠶᠠᠩ ᠵᠢᠩ ᠪᠠᠭᠰᠢ ᠶᠢ ᠣᠨᠴᠠᠭᠠᠶᠢᠯᠠᠨ ᠤᠷᠢᠵᠠᠶ᠃
    ᠪᠣᠯᠪᠠᠰᠤᠷᠠᠯ ᠤᠨ ᠬᠤᠷᠠᠯ ᠳᠡᠭᠡᠷ᠎ᠡ᠂ ᠶᠦᠨ ᠬᠤᠩ ᠵᠧᠨ ᠪᠠᠭᠰᠢ ︽ᠵᠠᠰᠠᠭ ᠤᠨ ᠶᠠᠪᠤᠳᠠᠯ ᠢ ᠢᠯᠡ ᠪᠣᠯᠭᠠᠬᠤ ᠲᠦᠷᠢᠮ︾ ᠤᠨ ᠲᠣᠭᠤᠷᠢᠨ ᠳᠤ ᠬᠦᠨᠵᠡᠭᠡᠢ ᠵᠠᠳᠠᠯᠤᠯᠳᠠ ᠪᠠ ᠲᠠᠶᠢᠯᠤᠮᠵᠢ ᠬᠢᠵᠦ᠂ ᠶᠠᠩ ᠵᠢᠩ ᠪᠠᠭᠰᠢ ︽12345 ︾ ᠵᠠᠰᠠᠭ ᠤᠨ ᠣᠷᠳᠣᠨ ᠤ  ᠦᠢᠯᠡᠴᠢᠯᠡᠬᠡᠨ ᠤ ᠬᠠᠯᠠᠭᠤᠨ ᠤᠲᠠᠰᠤ ᠶᠢᠨ ᠲᠠᠪᠴᠠᠩ ᠤᠨ ᠠᠵᠢᠯᠯᠠᠭᠠᠨ ᠤ ᠶᠠᠪᠤᠴᠠ ᠶᠢᠨ ᠲᠤᠬᠠᠶ ᠪᠣᠯᠪᠠᠰᠤᠷᠠᠯ ᠬᠢᠪᠠ᠃ ᠪᠣᠯᠪᠠᠰᠤᠷᠠᠯ ᠢᠶᠠᠷ ᠳᠠᠮᠵᠢᠨ ᠡᠯ᠎ᠡ ᠲᠤᠬᠠᠶᠢᠯᠠᠭᠰᠠᠨ ᠠᠵᠢᠯ ᠢ ᠳᠠᠭᠠᠭᠠᠨ ᠬᠦᠢᠴᠡᠳᠭᠡᠬᠦ ᠨᠢᠭᠡᠴᠡ ︽12345︾ ᠵᠠᠰᠠᠭ ᠤᠨ ᠣᠷᠳᠣᠨ ᠤ  ᠦᠢᠯᠡᠴᠢᠯᠡᠬᠡᠨ ᠤ ᠬᠠᠯᠠᠮᠰᠢᠯ ᠤᠲᠠᠰᠤ ᠶᠢᠨ ᠠᠵᠢᠯ ᠤᠨ ᠠᠭᠤᠯᠭ᠎ᠠ᠂ ᠠᠵᠢᠯ ᠤᠨ ᠠᠷᠭ᠎ᠠ ᠪᠣᠯᠤᠨ ᠠᠵᠢᠯ ᠤᠨ ᠭᠤᠤᠯᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ︽12345︾ ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠭᠤᠨ ᠤᠲᠠᠰᠤ ᠶᠢ  ᠬᠦᠢᠴᠡᠳᠭᠡᠬᠦ ᠶᠠᠪᠤᠴᠠ ᠶᠢ ᠪᠣᠯᠪᠠᠰᠤᠷᠠᠩᠭᠤᠶ ᠡᠵᠡᠮᠰᠢᠵᠡᠶ᠃ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠮᠠᠨ ᠤ ᠰᠢᠶᠠᠨ ᠤ ︽12345︾ ᠵᠠᠰᠠᠭ ᠤᠨ ᠤᠷᠳᠤᠨ ᠤ ᠬᠠᠯᠠᠮᠰᠢᠯ ᠤᠲᠠᠰᠤᠨ ᠤ ᠲᠠᠪᠴᠠᠩ ᠤᠨ ᠪᠠᠶᠢᠭᠤᠯᠤᠯᠲᠠ ᠳᠤ ᠰᠠᠭᠤᠷᠢ ᠲᠠᠯᠪᠢᠪᠠ᠃
    ᠬᠤᠷᠠᠯ ᠠᠴᠠ ᠵᠢᠭᠠᠵᠤ ᠭᠠᠷᠭᠠᠭᠰᠠᠨ ᠨᠢ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ︽12345︾ ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠭᠤᠨ ᠤᠲᠠᠰᠤ ᠶᠢᠨ ᠠᠵᠢᠯ ᠪᠣᠯ ᠠᠷᠠᠳ ᠣᠯᠠᠨ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠬᠤ ᠴᠢᠬᠤᠯᠠ ᠠᠷᠭ᠎ᠠ ᠵᠠᠮ ᠪᠣᠯᠤᠨ᠎ᠠ᠂ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠨᠢᠭᠡ ᠳᠤ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠤᠬᠠᠮᠰᠠᠷᠲᠤ ᠴᠢᠨᠠᠷ ᠢᠶᠠᠷ ᠂ ᠪᠣᠳᠠᠲᠤ ᠠᠵᠢᠯᠯᠠᠭ᠎ᠠ ᠶᠢ ᠡᠷᠬᠢᠮᠯᠡᠬᠦ ᠣᠪᠣᠷ ᠰᠤᠷᠲᠠᠯ ᠪᠠ ᠣᠪᠣᠷ ᠢᠶᠠᠷ᠂ ᠠᠵᠢᠯ ᠤᠨ ᠴᠢᠳᠠᠪᠤᠷᠢ ᠪᠣᠯᠤᠨ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠢᠯᠡᠴᠢᠯᠡᠭᠡᠨ ᠤ ᠦᠵᠡᠯ ᠤᠬᠠᠮᠰᠠᠷ ᠢ ᠦᠨᠡᠨᠬᠦ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠨ᠎ᠠ᠃ ᠬᠤᠶᠠᠷ ᠲᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠦ᠂ ᠤᠯᠠᠨ ᠲᠦᠮᠡᠨ ᠤ ᠪᠠᠴᠢᠮᠳᠠᠵᠤ ᠪᠠᠶᠢᠭ᠎ᠠ ᠵᠦᠢᠯ ᠢ ᠪᠠᠴᠢᠮᠳᠠᠵᠤ᠂ ᠤᠯᠠᠨ ᠲᠦᠮᠡᠨ ᠤ ᠬᠦᠰᠡᠵᠦ  ᠪᠠᠶᠢᠭ᠎ᠠ ᠵᠦᠢᠯ ᠢ ᠬᠦᠰᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠬᠠᠨᠤᠮᠵᠢ ᠶᠢᠨ ᠨᠤᠷᠮ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃     ᠱᠠᠩᠳᠤ ᠰᠢᠶᠠᠨ ᠤ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠪᠣᠯᠤᠨ ᠪᠣᠳᠠᠲᠠᠶ ᠬᠠᠷᠢᠭᠤᠴᠠᠯᠭᠠᠲᠠᠨ ᠨᠡᠶᠢᠲᠡ 80 ᠭᠠᠷᠤᠶ ᠬᠥᠮᠦᠨ ᠪᠤᠯᠪᠠᠰᠤᠷᠠᠯ ᠳᠤ ᠣᠷᠣᠯᠴᠠᠵᠠᠶ᠃                                                     ᠤᠷᠴᠢᠭᠤᠯᠤᠭᠴᠢ᠄  ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2