ᠱᠠᠩᠳᠤ ᠰᠢᠶᠠᠨ ᠣᠯᠠᠨ ᠠᠷᠭ᠎ᠠ ᠬᠡᠮᠵᠢᠶ᠎ᠡ ᠠᠪᠴᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠪᠡ
ᠨᠡᠶᠢᠲᠡᠯᠡᠭᠰᠡᠨ ᠴᠠᠭ᠄
2020-08-05
    ᠣᠳᠣᠬᠠᠨ ᠤ ᠦᠶᠡᠷ ᠢ ᠰᠡᠷᠭᠡᠶᠢᠯᠡᠬᠦ ᠪᠠᠶᠢᠳᠠᠯ ᠳᠤ ᠰᠠᠭᠤᠷᠢᠯᠠᠨ᠂ ︽ᠠᠶᠤᠯ ᠦᠭᠡᠶ ᠶᠢ ᠲᠡᠷᠢᠭᠦᠨ ᠳᠤ ᠲᠠᠯᠪᠢᠬᠤ᠂ ᠪᠠᠶᠢᠩᠭᠤ ᠶᠢᠨ ᠪᠡᠯᠡᠳᠬᠡᠯ ᠬᠢᠬᠦ᠂ ᠰᠡᠷᠭᠡᠶᠢᠯᠡᠬᠦ ᠪᠠᠷ ᠭᠤᠤᠯ ᠪᠣᠯᠭᠠᠬᠤ᠂ ᠪᠦᠬᠦ ᠬᠦᠴᠦᠨ ᠢᠶᠠᠷ ᠢᠶᠠᠨ ᠠᠶᠤᠯ ᠠᠴᠠ ᠠᠪᠤᠷᠠᠬᠤ︾ ᠵᠠᠷᠴᠢᠮ ᠤᠨ ᠶᠣᠰᠣᠭᠠᠷ᠂ ᠰᠢᠶᠠᠨ ᠤ ᠦᠶᠡᠷ ᠢ ᠰᠡᠷᠭᠡᠶᠢᠯᠡᠬᠦ ᠵᠢᠯᠣᠭᠤᠳᠬᠤ ᠭᠠᠵᠠᠷ ᠤᠨ ᠬᠢᠨ ᠬᠤᠯᠪᠣᠭᠳᠠᠯ ᠪᠦᠬᠦᠢ ᠬᠥᠮᠦᠰ ᠢ ᠵᠣᠬᠢᠶᠠᠨ ᠪᠠᠶᠢᠭᠤᠯᠤᠨ ᠪᠦᠬᠦ ᠰᠢᠶᠠᠨ ᠤ ᠡᠯ᠎ᠡ ᠬᠥᠮᠥᠷᠭᠡ ᠶᠢᠨ ᠤᠰᠤᠯᠠᠯᠲᠠ ᠶᠢᠨ ᠣᠷᠣᠨ᠂ ᠭᠤᠤᠯ ᠤᠨ ᠵᠠᠮ ᠤᠨ ᠠᠶᠤᠯ ᠲᠠᠢ ᠠᠵᠢᠯ ᠤᠨ ᠬᠡᠰᠡᠭ ᠵᠢᠴᠢ ᠬᠤᠲᠠ ᠶᠢᠨ ᠰᠡᠷᠭᠡᠶᠢᠯᠡᠯᠲᠡ ᠶᠢᠨ ᠪᠠᠷᠢᠯᠭ᠎ᠠ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠪᠡ᠃     ᠨᠢᠭᠡ ᠳᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠰᠢᠶᠠᠨ᠂ ᠰᠢᠶᠠᠩ ︵ᠪᠠᠯᠭᠠᠰᠤ︶᠂ ᠲᠣᠰᠬᠤᠨ᠂ ᠠᠶᠢᠯ ᠲᠣᠰᠬᠤᠨ ᠳᠥᠷᠪᠡᠨ ᠱᠠᠲᠤᠨ ᠤ ᠦᠶᠡᠷ ᠢ ᠰᠡᠷᠭᠡᠶᠢᠯᠡᠬᠦ ᠬᠤᠯᠪᠤᠭ᠎ᠠ ᠪᠦᠬᠦᠢ ᠬᠥᠮᠦᠰ ᠢ ᠳᠠᠬᠢᠨ ᠬᠢᠨᠠᠨ ᠲᠣᠭᠲᠠᠭᠠᠵᠤ᠂ 6 ᠤᠰᠤᠨ ᠴᠥᠭᠦᠷᠥᠮ ᠤᠨ ᠦᠶᠡᠷ ᠢ ᠰᠡᠷᠭᠡᠶᠢᠯᠡᠬᠦ ᠵᠠᠰᠠᠭ ᠵᠠᠬᠢᠷᠭᠠᠨ ᠤ ᠬᠠᠷᠢᠭᠤᠴᠠᠯᠭ᠎ᠠ ᠡᠭᠦᠷᠭᠡᠯᠡᠭᠴᠢ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠡᠭᠦᠷᠭᠡᠯᠡᠭᠴᠢ᠂ ᠮᠡᠷᠭᠡᠵᠢᠯ ᠤᠨ ᠬᠠᠷᠢᠭᠤᠴᠠᠯᠭ᠎ᠠ ᠡᠬᠦᠷᠭᠡᠯᠡᠭᠴᠢ ᠵᠢᠴᠢ ᠲᠣᠭᠤᠷᠢᠨ ᠪᠠᠶᠢᠴᠠᠭᠠᠬᠤ ᠬᠠᠷᠢᠭᠤᠴᠠᠯᠭ᠎ᠠ ᠡᠭᠦᠷᠭᠡᠯᠡᠭᠴᠢ ᠶᠢ ᠲᠣᠳᠣᠷᠬᠠᠶᠢᠯᠠᠨ᠎ᠠ᠃     ᠬᠤᠶᠠᠷ ᠲᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠎ᠡ᠃ ︽ᠤᠷᠢᠳᠴᠢᠯᠠᠨ ᠰᠡᠷᠡᠮᠵᠢᠯᠡᠭᠦᠯᠵᠦ ᠰᠢᠶᠠᠩ ᠳᠤ ᠬᠦᠷᠭᠡᠬᠦ᠂ ᠪᠡᠯᠡᠳᠬᠡᠯ ᠲᠥᠰᠦᠯ ᠢ ᠲᠣᠰᠬᠤᠨ ᠳᠤ ᠬᠦᠷᠭᠡᠬᠦ᠂ ᠬᠠᠷᠢᠭᠤᠴᠠᠯᠭ᠎ᠠ ᠶᠢ ᠬᠥᠮᠦᠨ ᠳᠤᠨᠢ ᠬᠦᠷᠭᠡᠬᠦ︾ ᠠᠵᠢᠯ ᠤᠨ ᠲᠣᠭᠲᠠᠴᠠ ᠶᠢ  ᠴᠢᠩᠭᠠᠳᠬᠠᠵᠠᠢ᠃ ᠦᠶᠡᠷ ᠢ ᠰᠡᠷᠭᠡᠶᠢᠯᠡᠬᠦ᠂ ᠠᠶᠤᠯ ᠠᠴᠠ ᠠᠪᠤᠷᠠᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠪᠡᠯᠡᠳᠬᠡᠯ ᠲᠥᠰᠦᠯ ᠤᠨ ᠴᠢᠭᠯᠡᠭᠦᠯᠦᠯᠲᠦ ᠴᠢᠨᠠᠷ᠂ ᠪᠣᠳᠠᠲᠤ ᠪᠦᠳᠦᠮᠵᠢᠳᠦ ᠴᠢᠨᠠᠷ ᠪᠣᠯᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠳᠡᠭᠡᠭᠰᠢᠯᠡᠭᠦᠯᠦᠨ᠎ᠡ᠃     ᠭᠤᠷᠪᠠ ᠳᠤ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠡᠳ᠋ ᠪᠣᠳᠠᠰ ᠤᠨ ᠨᠥᠭᠡᠴᠡ ᠶᠢ ᠰᠠᠶᠢᠲᠤᠷ ᠬᠢᠨ᠎ᠡ ᠃ ᠣᠳᠣᠬᠠᠨ ᠳᠤ ᠪᠦᠬᠦ ᠰᠢᠶᠠᠨ ᠤ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠡᠳ᠋ ᠪᠣᠳᠠᠰ ᠤᠨ ᠨᠥᠭᠡᠴᠡ 6 ᠪᠠᠶᠢᠨ᠎ᠠ᠃ ᠡᠯ᠎ᠡ ᠨᠥᠭᠡᠴᠡ ᠶᠢᠨ ᠴᠡᠭ ᠢ ᠦᠶᠡᠷ ᠢ ᠰᠡᠷᠭᠡᠶᠢᠯᠡᠬᠦ ᠡᠳ᠋ ᠪᠠᠷᠠᠭ᠎ᠠ ᠶᠢ ᠨᠥᠭᠡᠴᠡᠯᠡᠬᠦ ᠠᠵᠢᠯ ᠢ ᠤᠷᠢᠳᠴᠢᠯᠠᠨ ᠰᠠᠶᠢᠲᠤᠷ ᠬᠢᠬᠦ ᠶᠢ ᠱᠠᠭᠠᠷᠳᠠᠵᠠᠶ᠃ ᠴᠠᠭ ᠲᠤᠬᠠᠶ ᠳᠤᠨᠢ ᠨᠥᠬᠦᠵᠦ ᠰᠣᠯᠢᠵᠤ᠂ ᠲᠤᠭ᠎ᠠ ᠬᠡᠮᠵᠢᠶ᠎ᠡ ᠨᠢ ᠬᠦᠢᠴᠡᠳ᠂ ᠲᠥᠷᠥᠯ ᠵᠦᠢᠯ ᠨᠢ ᠪᠦᠷᠢᠨ ᠬᠦᠢᠴᠡᠳ᠂ ᠶᠠᠰᠤ ᠴᠢᠨᠠᠷ ᠨᠢ ᠨᠠᠶᠢᠳᠠᠪᠤᠷᠢᠲᠠᠶ ᠪᠠᠶᠢᠬᠤ ᠶᠢ ᠪᠡᠶᠡᠯᠡᠬᠦᠯᠦᠨ᠎ᠡ     ᠳᠥᠷᠪᠡ ᠳᠤ ᠵᠢᠵᠢᠭᠦᠷᠯᠡᠬᠦ ᠲᠦᠷᠢᠮ ᠢ ᠴᠢᠩᠭᠠᠳᠬᠠᠨ᠎ᠠ᠃ ᠦᠶᠡᠷ ᠤᠨ ᠬᠤᠭᠤᠴᠠᠭᠠᠨ ᠤ 24 ᠴᠠᠭ ᠤᠨ ᠦᠶᠡᠷ ᠢ ᠰᠡᠷᠭᠡᠶᠢᠯᠡᠬᠦ ᠵᠢᠵᠢᠭᠦᠷ ᠪᠣᠯᠤᠨ ᠤᠳᠤᠷᠢᠳᠤᠯᠭ᠎ᠠ ᠡᠭᠡᠯᠵᠢ ᠳᠠᠭᠠᠭᠤᠯᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠲᠤᠰ ᠡᠳᠦᠷ ᠤᠨ ᠬᠤᠷ᠎ᠠ ᠲᠣᠨᠣᠳᠠᠰᠤ ᠶᠢᠨ ᠬᠡᠮᠵᠢᠶ᠎ᠡ ᠨᠢ 100 ᠮᠢᠯᠢᠮᠧᠲᠷ ᠲᠤ ᠬᠦᠷᠦᠭᠰᠡᠨ ᠪᠤᠶᠤ ᠬᠡᠲᠦᠷᠡᠭᠰᠡᠨ ᠦᠶ᠎ᠡ ᠳᠤ ᠭᠠᠮᠰᠢᠭ ᠤᠨ ᠪᠠᠶᠢᠳᠠᠯ᠂ ᠲᠦᠭᠰᠢᠭᠦᠷᠢ ᠶᠢᠨ ᠪᠠᠶᠢᠳᠠᠯ ᠢ ᠮᠡᠳᠡᠭᠦᠯᠬᠦ ᠦᠭᠡᠶ ᠪᠠᠶᠢᠬᠤ ᠶᠢ ᠬᠡᠷᠡᠭᠵᠢᠬᠦᠯᠦᠨ᠎ᠡ᠃     ᠲᠠᠪᠤ ᠳᠤ ᠤᠷᠢᠳᠴᠢᠯᠠᠨ ᠰᠡᠷᠡᠮᠵᠢᠯᠡᠭᠦᠯᠬᠦ ᠶᠢ ᠴᠠᠭ ᠲᠤᠬᠠᠶ ᠳᠤᠨᠢ ᠨᠡᠶᠢᠳᠡᠯᠡᠨ᠎ᠡ᠃ ᠬᠦᠯᠢᠶᠡᠨ ᠠᠪᠤᠭᠰᠠᠨ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠴᠠᠭ ᠠᠭᠤᠷ ᠤᠨ ᠰᠡᠷᠡᠮᠵᠢ ᠶᠢᠨ ᠮᠡᠳᠡᠬᠦᠯᠦᠯᠳᠡ ᠶᠢ ᠹᠠᠺᠰ ᠤᠨ ᠦᠢᠯᠡᠴᠢᠯᠡᠭᠡᠨ ᠤ ᠮᠠᠰᠢᠨ ᠢᠶᠠᠷ ᠳᠠᠮᠵᠢᠭᠤᠯᠤᠨ ᠡᠯ᠎ᠡ ᠰᠢᠶᠠᠩ ᠪᠠᠯᠭᠠᠰᠤ ᠪᠣᠯᠤᠨ ᠰᠡᠷᠭᠡᠶᠢᠯᠡᠯᠳᠡ ᠶᠢᠨ ᠵᠢᠭᠠᠯᠲᠠ ᠶᠢᠨ ᠪᠦᠷᠢᠯᠳᠦᠬᠦᠨ ᠨᠢᠭᠡᠴᠡ ᠳᠤ ᠴᠠᠭ ᠲᠤᠬᠠᠶ ᠳᠤᠨᠢ ᠪᠠᠭᠤᠯᠭᠠᠨ᠎ᠠ᠃ ᠡᠭᠦᠨ ᠤ ᠬᠠᠮᠲᠤ ᠣᠬᠤᠷ ᠮᠡᠳᠡᠭᠡ ᠶᠢ ᠨᠠᠶᠢᠷᠠᠭᠤᠯᠵᠤ᠂ ᠳᠥᠷᠪᠡᠳᠦᠭᠡᠷ ᠳᠡᠰ ᠤᠨ ᠦᠶᠡᠷ ᠢ ᠰᠡᠷᠭᠡᠶᠢᠯᠡᠬᠦ ᠰᠡᠷᠡᠮᠵᠢᠯᠡᠬᠦᠯᠬᠦ ᠣᠬᠤᠷ ᠮᠡᠳᠡᠭᠡ ᠶᠢᠨ ᠲᠠᠪᠴᠠᠩ ᠢ ᠠᠰᠢᠭᠯᠠᠵᠤ ᠬᠠᠮᠢᠶ᠎ᠠ ᠪᠦᠬᠦᠢ ᠬᠥᠮᠦᠰ ᠲᠤ ᠨᠡᠶᠢᠳᠡᠯᠡᠬᠦ ᠶᠢᠨ ᠬᠠᠮᠲᠤ ᠴᠢᠬᠤᠯᠠ ᠮᠡᠳᠡᠭᠡ ᠵᠠᠩᠭᠢ ᠶᠢ ᠲᠡᠷᠡ ᠳᠠᠷᠤᠶ ᠳᠤᠨᠢ ᠤᠳᠤᠷᠢᠳᠤᠯᠭ᠎ᠠ ᠳᠤ ᠮᠡᠳᠡᠭᠦᠯᠦᠨ᠎ᠡ᠃ ᠣᠳᠣᠬᠠᠨ ᠳᠤ ᠮᠠᠨ ᠤ ᠰᠢᠶᠠᠨ ᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠷᠥᠯ ᠵᠦᠢᠯ ᠵᠢᠴᠢ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠵᠢᠯᠣᠭᠤᠳᠬᠤ ᠰᠢᠰᠲ᠋ᠧᠮ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠦᠬᠦᠨ ᠢ ᠪᠠᠶᠢᠭᠤᠯᠵᠤ ᠳᠠᠭᠤᠰᠴᠠᠶ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠥᠭᠡᠯᠡᠨ ᠲᠣᠨᠤᠭ ᠲᠥᠬᠦᠭᠡᠷᠦᠮᠵᠢ ᠶᠢ ᠨᠢᠭᠡᠨᠲᠡ ᠳᠡᠰ ᠲᠡᠪᠰᠢᠬᠦᠯᠵᠦ ᠠᠮᠵᠢᠯᠲᠠ ᠣᠯᠤᠭᠰᠠᠨ ᠪᠥᠭᠡᠳ ᠠᠵᠢᠯᠯᠠᠭᠤᠯᠵᠤ᠂ ᠣᠯᠠᠨ ᠤᠳᠠᠭ᠎ᠠ ᠪᠠᠶᠢᠴᠠᠭᠠᠯᠲᠠ᠂ ᠬᠠᠮᠠᠭᠠᠯᠠᠯᠲᠠ ᠪᠠᠷ ᠳᠠᠮᠵᠢᠨ᠂ ᠡᠪᠳᠡᠭᠳᠡᠭᠰᠡᠨ ᠪᠣᠷᠣᠭᠠᠨ ᠤ ᠬᠡᠮᠵᠢᠶᠡᠨ ᠤ ᠦᠷᠳᠡᠭᠡ᠂ ᠤᠰᠤᠨ ᠲᠦᠪᠰᠢᠨ ᠤ ᠥᠷᠲᠡᠭᠡᠨ ᠤ ᠲᠥᠬᠦᠭᠡᠷᠦᠮᠵᠢ ᠶᠢ ᠰᠡᠯᠪᠢᠨ ᠵᠠᠰᠠᠵᠤ ᠳᠠᠭᠤᠰᠴᠠᠶ᠂ ᠪᠦᠷᠢᠨ ᠪᠦᠲᠦᠨ ᠪᠣᠷᠣᠭᠠᠨ ᠤ ᠬᠡᠮᠵᠢᠶ᠎ᠡ ᠶᠢᠨ ᠥᠷᠲᠡᠭᠡ ᠤᠰᠤᠨ ᠲᠦᠪᠰᠢᠨ ᠤ ᠥᠷᠲᠡᠭᠡᠨ ᠤ ᠲᠥᠬᠦᠭᠡᠷᠦᠮᠵᠢ ᠶᠢ ᠬᠡᠪ ᠤᠨ ᠬᠠᠮᠠᠭᠠᠯᠠᠯᠲᠠ ᠬᠢᠵᠡᠶ᠃ ᠰᠦᠯᠵᠢᠶᠡᠨ ᠳᠤ ᠭᠠᠷᠬᠤ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ ᠤᠰᠤᠨ ᠠᠰᠢᠭᠯᠠᠯᠲᠠ ᠶᠢᠨ ᠶᠠᠮᠤᠨ ᠤ ᠠᠭᠤᠯᠠᠨ ᠦᠶᠡᠷ ᠢ ᠬᠢᠨᠠᠨ ᠬᠡᠮᠵᠢᠵᠦ ᠰᠡᠷᠡᠮᠵᠢᠯᠡᠭᠦᠯᠬᠦ ᠲᠤᠭ᠎ᠠ ᠪᠠᠷᠢᠮᠲᠠ ᠶᠢᠨ ᠬᠡᠮᠵᠢᠨ ᠮᠡᠳᠡᠭᠦᠯᠬᠦ ᠱᠠᠭᠠᠷᠳᠠᠯᠭ᠎ᠠ ᠳᠤ ᠨᠡᠶᠢᠴᠡᠭᠦᠯᠵᠡᠢ᠃                                                           ᠤᠷᠴᠢᠭᠤᠯᠤᠭᠴᠢ᠄  ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2