ᠱᠠᠩᠳᠤ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ︽ᠨᠢᠭᠡ ᠲᠤᠭᠤᠯᠭ᠎ᠠ ᠶᠢᠨ ᠣᠷᠴᠢᠮ︾ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2020-08-06
    ᠣᠶᠢᠷ᠎ᠠ ᠳᠤ᠂ ᠱᠠᠩᠳᠤ ᠶᠡᠭᠡ ᠪᠠᠷᠢᠭᠠᠳᠠ ᠶᠢᠨ ᠠᠷᠠᠳ ᠤᠨ ᠴᠠᠭᠳᠠᠭ᠎ᠠ ᠬᠠᠷᠢᠶᠠᠲᠤ ᠣᠷᠣᠨ ᠳᠤ ︽ᠨᠢᠭᠡ ᠳᠤᠭᠤᠯᠠᠭ᠎ᠠ ᠣᠷᠴᠢᠮ︾ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ᠃ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ︽ᠨᠢᠭᠡ ᠳᠤᠭᠤᠯᠠᠭ᠎ᠠ ᠣᠷᠴᠢᠮ︾ ᠤᠨ ᠠᠮᠤᠷ ᠲᠦᠪᠰᠢᠨ ᠢ ᠰᠠᠬᠢᠨ ᠬᠠᠮᠠᠭᠠᠯᠠᠬᠤ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠵᠢᠯᠣᠭᠤᠴᠢ ᠪᠠ ᠲᠡᠷᠭᠡᠨ ᠳᠤ ᠰᠠᠭᠤᠭᠴᠢ ᠠᠮᠤᠷ ᠲᠦᠪᠰᠢᠨ ᠤ ᠪᠦᠰᠡ ᠪᠦᠰᠡᠯᠡᠬᠦ ᠥᠬᠡᠶ᠂ ᠠᠮᠤᠷ ᠲᠦᠪᠰᠢᠨ ᠤ ᠲᠤᠭᠤᠯᠭ᠎ᠠ ᠵᠡᠭᠦᠬᠦ ᠥᠬᠡᠶ ᠠᠴᠠ ᠪᠣᠯᠤᠭᠰᠠᠨ ᠬᠦᠨᠳᠦ ᠨᠣᠴᠢᠲᠠᠶ ᠠᠳᠡᠯ ᠤᠨ ᠦᠷ᠎ᠡ ᠳ᠋ᠦᠩ ᠢ ᠪᠦᠲᠦᠮᠵᠢᠲᠡᠶ ᠪᠠᠷ ᠬᠤᠷᠢᠭᠯᠠᠨ ᠰᠡᠷᠭᠡᠶᠢᠯᠡᠨ᠎ᠡ᠃     ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ ᠳᠤᠮᠳᠠ᠂ ᠶᠡᠭᠡ ᠠᠩᠭᠢ ᠶᠢᠨ ᠴᠠᠭᠳᠠᠭ᠎ᠠ ᠮᠠᠰᠢᠨ ᠲᠡᠷᠭᠡᠨ ᠤ ᠵᠢᠯᠣᠭᠤᠴᠢ ᠪᠣᠯᠤᠨ ᠲᠡᠷᠭᠡᠨ ᠳᠤ ᠰᠠᠭᠤᠭᠴᠢ ᠳᠤ ᠴᠢᠭᠯᠡᠬᠦᠯᠦᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠶ᠃ ᠥᠷᠭᠡᠨ ᠣᠯᠠᠨ ᠵᠢᠯᠣᠭᠤᠴᠢ᠂ ᠠᠶᠠᠨᠴᠢᠳ ᠢ ᠤᠬᠠᠮᠰᠠᠷ ᠠᠴᠠ ᠪᠠᠨ ᠠᠮᠤᠷ ᠲᠦᠪᠰᠢᠨ ᠤ ᠪᠦᠰᠡ ᠪᠠᠨ ᠪᠦᠰᠡᠯᠡᠵᠦ᠂ ᠤᠬᠠᠭᠤᠯᠬᠤ ᠶᠠᠪᠤᠴᠠ ᠳᠤ ᠣᠯᠵᠤ ᠮᠡᠳᠡᠭᠰᠡᠨ ᠵᠢᠯᠣᠭᠤᠴᠢ᠂ ᠲᠡᠷᠭᠡᠨ ᠳᠤ ᠰᠠᠭᠤᠭᠴᠢ ᠠᠶᠤᠯ ᠦᠭᠡᠶ ᠶᠢᠨ ᠪᠦᠰᠡ ᠶᠢ ᠪᠦᠰᠡᠯᠡᠬᠦ ᠦᠭᠡᠶ ᠦᠢᠯᠡ ᠠᠵᠢᠯᠯᠠᠭ᠎ᠠ ᠶᠢ ᠬᠦᠯᠢᠴᠡᠩᠭᠦᠶ ᠪᠠᠷ ᠢᠳᠬᠠᠨ ᠰᠤᠷᠭᠠᠵᠦ ᠴᠠᠭ ᠲᠤᠬᠠᠶ ᠳᠤᠨᠢ ᠵᠠᠯᠠᠷᠠᠭᠤᠯᠬᠤ ᠶᠢᠨ ᠬᠠᠮᠲᠤ᠂ ᠶᠡᠭᠡ ᠠᠩᠭᠢ ᠵᠠᠮ ᠳᠡᠭᠡᠷ᠎ᠡ ᠬᠠᠮᠢᠶᠠᠷᠤᠨ ᠡᠵᠡᠮᠳᠡᠬᠦ ᠪᠠ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠳᠤ ᠠᠵᠠ ᠵᠠᠪᠰᠢᠶᠠᠨ ᠢ ᠪᠣᠳᠣᠵᠤ ᠪᠣᠯᠬᠤ ᠦᠭᠡᠢ᠂ ᠰᠡᠳᠬᠢᠯ ᠳᠡᠭᠡᠨ ᠬᠠᠤᠯᠢ ᠲᠠᠢ ᠪᠠᠶᠢᠵᠦ᠂ ᠬᠠᠤᠯᠢ ᠶᠢ ᠮᠡᠳᠡᠬᠦ᠂ ᠬᠠᠤᠯᠢ ᠶᠢ ᠵᠢᠷᠤᠮᠯᠠᠬᠤ᠂ ᠬᠠᠤᠯᠢ ᠶᠢ ᠰᠠᠬᠢᠬᠤ ᠶᠢ ᠪᠡᠶᠡᠯᠡᠭᠦᠯᠵᠦ᠂ ᠠᠶᠤᠯᠲᠠᠶ ᠪᠠᠷ ᠵᠢᠯᠤᠭᠤᠳᠬᠤ ᠪᠠ ᠪᠣᠯᠪᠠᠰᠤᠨ ᠪᠤᠰᠤ ᠪᠠᠷ ᠵᠢᠯᠣᠭᠤᠳᠬᠤ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠬᠡᠷᠡᠭᠳᠡᠢ ᠭᠡᠵᠦ ᠰᠡᠷᠡᠮᠵᠢᠯᠡᠭᠦᠯᠪᠡ᠃ ᠡᠭᠦᠨ ᠤ ᠬᠠᠮᠲᠤ᠂ ᠠᠷᠠᠳ ᠤᠨ ᠴᠠᠭᠳᠠᠭ᠎ᠠ ᠤᠶᠢᠷ᠎ᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠥᠷᠭᠡᠨ ᠣᠯᠠᠨ ᠲᠦᠮᠡᠨ ᠳᠤ ᠳᠡᠷᠭᠡᠳᠡᠬᠢ ᠠᠳᠡᠯ ᠤᠨ ᠬᠡᠷᠡᠭ ᠤᠨ ᠵᠢᠱᠢᠶ᠎ᠡ ᠪᠠᠨ ᠶᠠᠷᠢᠵᠤ᠂ ᠬᠡᠷᠡᠭ ᠢᠶᠠᠷ ᠬᠡᠯᠡᠯᠴᠡᠵᠦ᠂ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠳᠤ ᠠᠶᠤᠯᠭᠦᠶ ᠪᠦᠰᠡ ᠶᠢ ᠪᠦᠰᠡᠯᠡᠬᠦ ᠦᠭᠡᠶ᠂ ᠠᠶᠤᠯᠭᠦᠶ ᠲᠤᠭᠤᠯᠭ᠎ᠠ ᠶᠢ ᠳᠦᠷᠢᠮᠵᠢᠭᠦᠯᠦᠨ ᠬᠡᠷᠡᠭᠯᠡᠬᠦ ᠦᠭᠡᠢ ᠪᠣᠯᠤᠨ ᠳᠤᠭᠤᠯᠠᠭ᠎ᠠ ᠵᠡᠭᠦᠬᠦ ᠦᠭᠡᠶ ᠠᠴᠠ ᠪᠣᠯᠤᠭᠰᠠᠨ ᠠᠳᠠᠯᠢ ᠪᠤᠰᠤ ᠦᠷ᠎ᠡ ᠳ᠋ᠦᠩ ᠢ ᠲᠠᠨᠢᠭᠤᠯᠵᠦ ᠶᠠᠮᠠᠷᠪᠠ ᠨᠢᠭᠡᠨ ᠪᠤᠷᠤᠭᠤ ᠵᠠᠮ ᠬᠠᠷᠢᠯᠴᠠᠭᠠᠨ ᠤ ᠠᠵᠢᠯᠯᠠᠭ᠎ᠠ ᠨᠢ ᠴᠥᠮ ᠨᠢᠭᠡ ᠤᠳᠠᠭᠠᠨ ᠤ ᠠᠳᠡᠯ ᠭᠠᠷᠤᠭᠰᠠᠨ ᠤ ᠰᠢᠯᠲᠠᠭᠠᠨ ᠪᠠᠶᠢᠵᠤ ᠮᠡᠳᠡᠬᠦ ᠶᠢ ᠲᠠᠨᠢᠭᠤᠯᠵᠠᠢ᠃     ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠨ ᠥᠷᠭᠡᠨ ᠣᠯᠠᠨ ᠵᠠᠮ ᠬᠠᠷᠢᠯᠴᠠᠭ᠎ᠠ ᠳᠤ ᠤᠷᠤᠯᠴᠠᠭᠰᠠᠳ ᠤᠨ ᠠᠮᠤᠷ ᠲᠦᠪᠰᠢᠨ ᠤ ᠤᠬᠠᠮᠰᠠᠷ ᠪᠣᠯᠤᠨ ᠥᠪᠡᠷ ᠢ ᠪᠠᠨ ᠬᠠᠮᠠᠭᠠᠯᠠᠬᠤ ᠤᠬᠠᠮᠰᠠᠷ ᠢ ᠴᠢᠩᠭᠠᠷᠠᠭᠤᠯᠵᠦ ᠥᠷᠭᠡᠨ ᠣᠯᠠᠨ ᠲᠦᠮᠡᠨ ᠢ ᠵᠠᠮ ᠬᠠᠷᠢᠯᠴᠠᠭᠠᠨ ᠤ ᠠᠮᠤᠷ ᠲᠦᠪᠰᠢᠨ ᠳᠤ ᠨᠡᠩ ᠭᠦᠨᠵᠡᠭᠡᠶ ᠤᠶᠢᠯᠠᠭᠠᠯᠳᠠ ᠲᠠᠢ ᠪᠤᠯᠭᠠᠪᠠ᠃                                                               ᠤᠷᠴᠢᠭᠤᠯᠤᠭᠴᠢ᠄  ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2