ᠱᠠᠩᠳᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠭᠤᠤᠯᠳᠠᠯᠭ᠎ᠠ ᠲᠠᠢ ᠨᠢᠭᠡᠴᠡ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2020-08-06
    ᠬᠠᠷᠢᠶ᠎ᠠ ᠣᠷᠣᠨ ᠤ ᠭᠤᠣᠯᠳᠠᠯᠭ᠎ᠠ ᠲᠠᠢ ᠨᠢᠭᠡᠴᠡ ᠶᠢᠨ ᠠᠮᠤᠷ ᠲᠦᠪᠰᠢᠨ ᠤ ᠰᠡᠷᠭᠡᠶᠢᠯᠡᠯᠲᠡ ᠳᠤ ᠠᠰᠠᠭᠤᠳᠠᠯ ᠭᠠᠷᠬᠤ ᠦᠭᠡᠢ ᠪᠠᠶᠢᠬᠤ ᠶᠢ ᠤᠯᠠᠮ ᠨᠢᠭᠡ ᠠᠯᠬᠤᠮ ᠪᠠᠳᠤᠯᠠᠵᠦ᠂ ᠡᠯ᠎ᠡ ᠲᠦᠷᠦᠯ ᠤᠨ ᠡ᠊ᠨᠳᠡᠯ᠂ ᠬᠡᠷᠡᠭ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠳᠤᠯᠠᠬᠤ ᠶᠢᠨ ᠲᠥᠯᠥᠭᠡ · ᠣᠶᠢᠷ᠎ᠠ ᠳᠤ᠂ ᠱᠠᠩᠳᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠮᠤᠷ ᠢ ᠬᠠᠮᠠᠭᠠᠯᠠᠬᠤ ᠶᠡᠭᠡ ᠠᠩᠭᠢ ᠲᠦᠷᠦᠭᠦᠯᠡᠨ ᠲᠣᠮᠢᠯᠠᠭᠰᠠᠨ ᠰᠠᠯᠪᠤᠷᠢ ᠲᠠᠢ ᠬᠠᠮᠳᠤᠷᠠᠨ ᠬᠠᠷᠢᠶᠠᠲᠤ ᠣᠷᠣᠨ ᠤ ᠪᠠᠨ ᠭᠤᠤᠯᠳᠠᠯᠭ᠎ᠠ ᠲᠠᠢ ᠨᠢᠭᠡᠴᠡ ᠳᠤ ᠠᠮᠤᠷ ᠲᠦᠪᠰᠢᠨ ᠤ ᠪᠠᠶᠢᠴᠠᠭᠠᠯᠲᠠ ᠬᠢᠪᠠ᠃     ᠲᠣᠰ ᠤᠳᠠᠭᠠᠨ ᠤ ᠪᠠᠶᠢᠴᠠᠭᠠᠯᠲᠠ ᠳᠤ᠂ ᠪᠥᠬᠦ ᠰᠢᠶᠠᠨ ᠤ ᠤᠰᠤ᠂ ᠴᠠᠬᠢᠯᠭᠠᠨ᠂ ᠲᠣᠰᠣᠨ ᠤ ᠠᠵᠢᠯ ᠡᠷᠭᠢᠯᠡᠬᠦ ᠨᠢᠭᠡᠴᠡ ᠳᠤ ᠪᠥᠬᠦ ᠲᠠᠯ᠎ᠠ ᠶᠢᠨ ᠠᠮᠤᠷ ᠲᠦᠪᠰᠢᠨ ᠤ ᠪᠠᠶᠢᠴᠠᠭᠠᠯᠲᠠ ᠬᠢᠪᠡ᠃ ᠲᠣᠰᠣ ᠨᠡᠮᠡᠬᠦ ᠥᠷᠲᠡᠭᠡ ᠶᠢᠨ ᠪᠠᠶᠢᠴᠠᠭᠠᠯᠲᠠ ᠳᠤᠮᠳᠠ᠂ ᠠᠷᠠᠳ ᠤᠨ ᠴᠠᠭᠳᠠᠭ᠎ᠠ ᠵᠠᠳᠠᠭᠠᠶ ᠲᠣᠰᠣ ᠬᠤᠳᠠᠯᠳᠤᠨ ᠠᠪᠤᠭᠰᠠᠨ ᠲᠡᠮᠳᠡᠭᠯᠡᠯ ᠢ ᠨᠠᠷᠢᠨ ᠪᠠᠶᠢᠴᠠᠭᠠᠵᠤ᠂ ᠦᠨᠡᠨ ᠨᠡᠷ᠎ᠡ ᠪᠠᠷ ᠳᠠᠩᠰᠠᠯᠠᠬᠤ ᠳᠦᠷᠢᠮ ᠤᠨ ᠴᠢᠬᠤᠯᠠ ᠴᠢᠨᠠᠷ ᠢ ᠴᠢᠩᠭᠠᠳᠬᠠᠵᠦ᠂ ᠲᠣᠰᠣ ᠨᠡᠮᠡᠬᠦ ᠥᠷᠲᠡᠭᠡ ᠶᠢ ᠲᠣᠭᠲᠠᠭᠠᠯ ᠪᠤᠰᠤ ᠪᠠᠷ ᠬᠤᠳᠠᠯ ᠬᠠᠭᠤᠷᠮᠠᠭ ᠮᠡᠳᠡᠭᠡ ᠵᠠᠩᠭᠢ ᠶᠢ ᠠᠰᠢᠭᠯᠠ ᠬᠤᠳᠠᠯᠳᠤᠨ ᠠᠪᠬᠤ ᠪᠠᠢᠳᠠᠯ ᠢᠯᠡᠷᠡᠬᠦ ᠶᠢ ᠡᠷᠡᠰ ᠬᠤᠷᠢᠭᠯᠠᠬᠤ ᠬᠡᠷᠡᠭᠲᠡᠶ ᠭᠡᠵᠦ ᠱᠠᠭᠠᠷᠳᠠᠪᠠ᠃ ᠳᠠᠷᠠᠭ᠎ᠠ ᠨᠢ ᠲᠣᠰᠣ ᠨᠡᠮᠡᠬᠦ ᠥᠷᠲᠡᠭᠡᠨ ᠤ ᠴᠠᠬᠢᠯᠭᠠᠨ ᠬᠡᠷᠡᠭᠯᠡᠬᠦ ᠲᠥᠬᠦᠭᠡᠷᠦᠮᠵᠢ᠂ ᠭᠠᠯ ᠤᠨᠲᠠᠷᠠᠭᠠᠬᠤ ᠲᠦᠬᠦᠭᠡᠷᠦᠮᠵᠢ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠪᠦᠷᠢᠨ ᠪᠦᠲᠦᠨ ᠪᠠᠶᠢᠬᠤ ᠡᠰᠡᠬᠦ ᠶᠢ ᠪᠠᠶᠢᠴᠠᠭᠠᠵᠤ᠂ ᠠᠵᠢᠯᠲᠠᠨ ᠢ ᠭᠠᠯ ᠤᠨᠲᠠᠷᠠᠭᠠᠬᠤ ᠲᠥᠬᠦᠭᠡᠷᠦᠮᠵᠢ ᠶᠢ ᠪᠠᠶᠢᠩᠭᠤ ᠪᠠᠶᠢᠴᠠᠭᠠᠵᠤ᠂ ᠭᠠᠯ ᠤᠨᠳᠠᠷᠭᠠᠬᠤ ᠬᠠᠮᠢᠶᠠᠷᠤᠯᠲᠠ ᠶᠢᠨ ᠲᠣᠭᠲᠠᠭᠠᠯ ᠢ ᠴᠢᠩᠳᠠᠯᠠᠬᠤ ᠬᠡᠷᠡᠭᠲᠡᠶ ᠭᠡᠵᠦ ᠬᠠᠮᠳᠦ ᠳᠤ ᠨᠢ ᠱᠠᠭᠠᠷᠳᠠᠵᠠᠶ᠃ ᠲᠦᠭᠡᠭᠡᠯ ᠤᠰᠤᠨ ᠤ ᠺᠣᠮᠫᠠᠨᠢ ᠳᠤ ᠠᠷᠠᠳ ᠤᠨ ᠴᠠᠭᠳᠠᠭ᠎ᠠ ᠠᠵᠢᠯᠲᠠᠨ ᠤ ᠵᠢᠵᠢᠭᠦᠷᠯᠡᠨ ᠰᠠᠬᠢᠬᠤ ᠲᠦᠷᠢᠮ᠂ ᠠᠮᠤᠷ ᠲᠦᠪᠰᠢᠨ ᠤ ᠲᠦᠷᠢᠮ ᠢ ᠨᠠᠶᠢᠳᠠᠪᠦᠷᠢᠵᠢᠭᠤᠯᠬᠤ ᠵᠢᠴᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠬᠡᠪ ᠤᠨ ᠠᠵᠢᠯᠯᠠᠭ᠎ᠠ ᠵᠡᠷᠭᠡ ᠪᠠᠶᠢᠳᠠᠯ ᠳᠤ ᠨᠠᠷᠢᠨ ᠪᠠᠶᠢᠴᠠᠭᠠᠯᠲᠠ ᠬᠢᠭᠰᠡᠨ ᠪᠥᠭᠡᠳ ᠣᠷᠣᠰᠢᠵᠤ ᠮᠡᠳᠡᠬᠦ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠳᠤ ᠰᠠᠨᠠᠯ ᠰᠠᠨᠠᠭᠤᠯᠭ᠎ᠠ ᠳᠤᠷᠠᠳᠪᠠ᠃ ᠬᠦᠴᠦᠳᠡᠯ ᠥᠭᠡᠷᠡᠴᠢᠯᠡᠬᠦ ᠥᠷᠲᠡᠭᠡᠨ ᠳᠤ · ᠠᠷᠠᠳ ᠤᠨ ᠴᠠᠭᠳᠠᠭ᠎ᠠ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠵᠦ ᠬᠠᠳᠠᠭᠠᠯᠠᠬᠤ᠂ ᠬᠠᠮᠢᠶᠠᠷᠬᠤ᠂ ᠠᠵᠢᠯᠯᠠᠬᠤ ᠵᠡᠷᠭᠡ ᠡᠯ᠎ᠡ ᠭᠤᠭᠴᠤᠭ᠎ᠠ ᠵᠢᠴᠢ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢᠨ ᠲᠠᠯ᠎ᠠ  ᠪᠠᠷ ᠪᠦᠬᠦ ᠲᠠᠯ᠎ᠠ ᠶᠢᠨ ᠨᠠᠷᠢᠨ ᠪᠠᠶᠢᠴᠠᠭᠠᠯᠲᠠ ᠬᠢᠵᠦ᠂ ᠨᠢᠭᠡᠴᠡ ᠶᠢᠨ ᠬᠠᠷᠢᠭᠤᠴᠠᠯᠭᠠᠲᠠᠨ ᠢ ᠡᠳᠦᠷ ᠲᠤᠲᠤᠮ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠳᠬᠠᠵᠦ ᠠᠮᠤᠷ ᠲᠦᠪᠰᠢᠨ ᠤ ᠬᠠᠮᠠᠭᠠᠯᠠᠯᠲᠠ ᠶᠢᠨ ᠤᠬᠠᠮᠰᠠᠷ ᠢᠶᠠᠨ ᠪᠦᠬᠦ ᠲᠠᠯ᠎ᠠ ᠪᠠᠷ ᠲᠡᠭᠡᠭᠰᠢᠯᠡᠬᠦᠯᠬᠦ  ᠬᠡᠷᠡᠭᠳᠡᠢ ᠭᠡᠵᠦ ᠱᠠᠭᠠᠷᠳᠠᠪᠠ᠃      ᠲᠤᠰ ᠤᠳᠠᠭᠠᠨ ᠤ ᠠᠮᠤᠷ ᠲᠦᠪᠰᠢᠨ ᠤ ᠪᠠᠶᠢᠴᠠᠭᠠᠯᠲᠠ ᠪᠠ ᠳᠠᠯᠳᠠ ᠭᠡᠮ ᠢ ᠪᠠᠶᠢᠴᠠᠭᠠᠬᠤ ᠪᠠᠷ ᠳᠠᠮᠵᠢᠭᠤᠯᠤᠨ ᠂ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠬᠤᠷᠢᠭᠯᠠᠵᠠᠢ᠃ ᠪᠠᠰᠠ ᠪᠠᠶᠢᠭᠤᠯᠤᠯᠭ᠎ᠠ ᠨᠢᠭᠡᠴᠡ ᠶᠢᠨ ᠬᠠᠮᠢᠶᠠᠷᠤᠭᠴᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠲᠤᠳᠤᠷᠬᠠᠶᠢᠯᠠᠵᠦ ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠪᠠᠢᠳᠠᠯ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃
                                                                                         ᠤᠷᠴᠢᠭᠤᠯᠤᠭᠴᠢ᠄  ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2