ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠥᠷᠪᠡᠨ ᠶᠡᠭᠡ ᠠᠷᠭ᠎ᠠ ᠬᠡᠮᠵᠢᠶ᠎ᠡ᠂ ᠨᠠᠢᠮᠠᠨ ᠠᠩᠬᠠᠷᠤᠯ ᠢ ᠪᠠᠲᠤ ᠴᠡᠭᠡᠵᠢᠯᠡᠶ᠎ᠡ
ᠨᠡᠶᠢᠲᠡᠯᠡᠭᠰᠡᠨ ᠴᠠᠭ᠄
2021/1/12
   ᠬᠥᠮᠦᠨ ᠨᠢᠭᠡᠪᠦᠷᠢ ᠥᠪᠡᠷ ᠤᠨ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠤ ᠬᠥᠮᠦᠨ ᠪᠣᠯᠬᠤ ᠤᠴᠢᠷ ᠡᠴᠡ᠂ ᠤᠬᠠᠮᠰᠠᠷ ᠢᠶᠠᠨ ᠴᠢᠩᠭᠠᠳᠬᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠨᠡᠶᠢᠭᠡᠮ ᠨᠡᠶᠢᠲᠡ ᠶᠢᠨ ᠬᠢᠨ ᠢᠯᠠᠩᠭᠤᠶ᠎ᠠ ᠭᠤᠣᠯᠳᠠᠯᠭ᠎ᠠ ᠲᠠᠢ ᠬᠥᠮᠦᠰ ᠲᠤ ᠲᠦᠭᠡᠮᠡᠯᠵᠢᠭᠦᠯᠦᠨ᠂ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠬᠡᠯᠪᠡᠷᠢ ᠶᠢ ᠬᠡᠷᠡᠭᠵᠢᠭᠦᠯᠵᠦ᠂ ᠬᠥᠮᠦᠨ ᠪᠦᠬᠦᠨ ᠬᠠᠷᠢᠭᠤᠴᠠᠯᠭ᠎ᠠ‌‍ᠲ᠋ᠠᠢ᠂ ᠬᠥᠮᠦᠨ ᠪᠦᠬᠦᠨ ᠬᠠᠷᠢᠭᠤᠴᠠᠬᠤ᠂ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠡᠵᠡᠮᠳᠡᠬᠦ ᠶᠢ ᠪᠦᠷᠢᠯᠳᠦᠭᠦᠯᠵᠦ᠂ ᠵᠠᠩ ᠳᠠᠳᠬᠠᠯ ᠤᠨ ᠰᠠᠶᠢᠨ ᠰᠠᠶᠢᠬᠠᠨ ᠠᠭᠤᠷ ᠠᠮᠢᠰᠬᠤᠯ ᠪᠣᠯᠭᠠᠵᠤ᠂ ᠣᠯᠠᠨ ᠨᠡᠶᠢᠲᠡ ᠶᠢᠨ ᠬᠢᠵᠢᠭ ᠢ ᠰᠡᠷᠭᠡᠶᠢᠯᠡᠬᠦ ᠴᠢᠳᠠᠪᠤᠷᠢ ᠪᠣᠯᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ᠃ᠳᠥᠷᠪᠡᠨ ᠶᠡᠭᠡ ᠠᠷᠭ᠎ᠠ ᠬᠡᠮᠵᠢᠶ᠎ᠡ᠄︵ᠨᠢᠭᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠥᠷᠪᠡᠨ ᠶᠡᠭᠡ ᠠᠷᠭ᠎ᠠ ᠬᠡᠮᠵᠢᠶ᠎ᠡ ᠶᠢ ᠪᠠᠲᠤ ᠴᠡᠭᠡᠵᠢᠯᠡᠵᠦ᠂ ᠪᠣᠶ ᠪᠥᠬᠦᠶ ᠠᠬᠤᠶ ᠪᠠᠶᠢᠳᠠᠯ ᠢ ᠲᠤᠭᠤᠰᠢᠯᠠᠭᠤᠯᠤᠨ᠂ ᠪᠣᠶ ᠪᠥᠬᠦᠶ ᠬᠥᠮᠦᠰ ᠢ ᠬᠠᠮᠤᠷᠤᠨ᠎ᠠ ᠄  ᠠᠮᠠᠪᠴᠢ ᠵᠡᠭᠦᠵᠦ᠂ ᠭᠠᠷ ᠢᠶᠠᠨ ᠦᠷᠭᠦᠯᠵᠢ ᠤᠬᠢᠶᠠᠵᠤ᠂ ᠰᠠᠯᠬᠢ ᠵᠢᠪᠠᠷ ᠨᠡᠪᠲᠡᠷᠡᠭᠦᠯᠦᠨ᠂ ᠴᠥᠭᠡᠨ ᠴᠤᠭᠯᠠᠷᠠᠨ᠎ᠠ᠃︵ᠬᠤᠶᠠᠷ︶ ᠳᠡᠭᠡᠷᠡᠬᠢ ᠳᠥᠷᠪᠡᠨ ᠶᠡᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠣᠨᠴᠣᠭᠤᠶ ᠲᠣᠭᠲᠠᠭᠠᠭᠰᠠᠨ ᠣᠨᠴᠣᠭᠤᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠣᠨᠴᠣᠭᠤᠶ ᠠᠩᠬᠠᠷᠬᠤ ᠬᠡᠷᠡᠭᠲᠡᠶ᠄ ᠨᠠᠢᠮᠠᠨ ᠠᠩᠬᠠᠷᠤᠯ᠄1 . ᠠᠮᠠᠷᠠᠯᠲᠠ ᠶᠢᠨ ᠬᠤᠭᠤᠴᠠᠭᠠᠨ ᠤ ᠲᠣᠬᠢᠷᠠᠭᠤᠯᠤᠯᠲᠠ ᠶᠢ ᠠᠩᠬᠠᠷᠬᠤ ᠬᠡᠷᠡᠭᠲᠡᠶ᠄ ᠬᠥᠮᠦᠰ ᠤᠨ ᠰᠢᠯᠵᠢᠬᠦ ᠶᠢ ᠪᠠᠭᠠᠰᠬᠠᠵᠤ ᠂ ᠵᠢᠭᠤᠯᠴᠢᠯᠠᠯ ᠤᠨ ᠠᠶᠤᠯ ᠲᠦᠭᠰᠢᠭᠦᠷᠢ ᠶᠢ ᠪᠠᠭᠠᠰᠬᠠᠵᠤ᠂ ᠬᠥᠮᠦᠰ ᠤᠨ ᠴᠤᠭᠯᠠᠷᠠᠬᠤ ᠶᠢ ᠪᠠᠭᠠᠰᠬᠠᠵᠤ᠂ ᠬᠤᠪᠢ ᠬᠥᠮᠦᠨ ᠤ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠶ᠃2 . ᠵᠠᠮ ᠬᠠᠷᠢᠯᠴᠠᠭ᠎ᠠ ᠶᠠᠪᠤᠵᠤ ᠰᠠᠭᠤᠬᠤ ᠳᠤ ᠠᠩᠬᠠᠷᠬᠤ ᠬᠡᠷᠡᠭᠲᠡᠶ᠄ ᠬᠢᠯᠢ ᠠᠴᠠ ᠭᠠᠷᠴᠤ ᠪᠣᠯᠬᠤ ᠥᠬᠡᠶ᠂ ᠣᠪᠣᠭᠠᠷᠠᠵᠤ ᠪᠣᠯᠬᠤ ᠥᠬᠡᠶ᠂ ᠳᠤᠮᠳᠠ ᠥᠨᠳᠥᠷ ᠠᠶᠤᠯ ᠲᠦᠭᠰᠢᠭᠦᠷᠢᠲᠦ ᠣᠷᠣᠨ ᠳᠤ ᠣᠴᠢᠬᠤ ᠥᠬᠡᠶ᠃3 . ᠪᠠᠷᠠᠭ᠎ᠠ ᠬᠤᠳᠠᠯᠳᠤᠨ ᠠᠪᠬᠤ ᠵᠤᠭ᠎ᠠ ᠴᠡᠩᠭᠡᠯ ᠳᠤ ᠠᠩᠬᠠᠷᠬᠤ ᠬᠡᠷᠡᠭᠲᠡᠶ᠄ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠭᠠᠳᠠᠭᠰᠢ ᠪᠠᠭ᠎ᠠ ᠭᠠᠷᠴᠤ᠂ ᠨᠢᠭᠡ ᠮᠧᠲᠷ ᠤᠨ ᠵᠠᠶ ᠶᠢ ᠪᠠᠲᠤ ᠰᠠᠬᠢᠵᠤ᠂ ᠬᠥᠯᠳᠡᠭᠡᠭᠰᠡᠨ ᠢᠳᠡᠭᠡᠨ ᠳ᠋ᠤᠷ ᠭᠠᠷ ᠬᠦᠷᠬᠦ ᠦᠭᠡᠢ᠃4 . ᠲᠥᠷᠥᠯ ᠰᠠᠳᠤᠨ ᠢᠶᠠᠨ ᠡᠷᠭᠢᠵᠦ ᠦᠵᠡᠬᠦ ᠳᠡᠭᠡᠨ ᠠᠩᠬᠠᠷᠬᠤ ᠬᠡᠷᠡᠭᠲᠡᠢ᠄ ᠲᠥᠷᠥᠯ ᠰᠠᠳᠤᠨ ᠳ᠋ᠥ ᠪᠠᠨ ᠳᠤᠲᠠᠭᠤ ᠶᠠᠪᠤᠵᠤ ᠨᠠᠶᠢᠵᠠ ᠨᠥᠬᠦᠳ ᠢᠶᠠᠨ ᠳᠤᠲᠠᠭᠤ ᠡᠷᠭᠢᠵᠦ᠂ ᠲᠡᠪᠡᠷᠢᠬᠦ ᠦᠭᠡᠢ ᠭᠠᠷ ᠠᠳᠬᠤᠬᠤ ᠦᠭᠡᠢ᠂ ᠬᠤᠷᠳᠤᠨ ᠠᠭᠤᠯᠵᠠᠵᠤ ᠬᠤᠷᠳᠤᠨ ᠪᠤᠴᠠᠵᠤ ᠶᠠᠪᠤᠨ᠎ᠠ᠃5 . ᠭᠠᠳᠠᠭᠰᠢ ᠭᠠᠷᠴᠤ ᠬᠤᠭᠤᠯᠠᠯᠠᠬᠤ ᠳᠤ ᠠᠩᠬᠠᠷᠬᠤ ᠬᠡᠷᠡᠭᠲᠡᠶ᠄ ᠭᠡᠷ ᠪᠦᠯᠢ ᠶᠢᠨ ᠬᠠᠮᠲᠤ ᠶᠢᠨ ᠬᠤᠭᠤᠯᠠ ᠶᠢ ᠪᠠᠭᠠᠰᠬᠠᠬᠤ ᠬᠡᠷᠡᠭᠲᠡᠶ᠂ ᠭᠠᠳᠠᠭᠰᠢ ᠭᠠᠷᠴᠤ ᠬᠤᠭᠤᠯᠠᠯᠠᠬᠤ ᠳᠤ ᠨᠡᠶᠢᠲᠡ ᠶᠢᠨ ᠰᠠᠪᠬ᠎ᠠ ᠬᠡᠷᠡᠭᠯᠡᠬᠦ ᠬᠡᠷᠡᠭᠲᠡᠶ᠃6 . ᠦᠵᠡᠮᠵᠢ ᠶᠢᠨ ᠣᠷᠣᠨ ᠤ ᠵᠢᠭᠤᠯᠴᠢᠯᠠᠯ ᠳᠤ ᠠᠩᠬᠠᠷᠬᠤ ᠴᠢᠬᠤᠯᠠᠲᠠᠶ᠄ ᠬᠠᠯᠠᠭᠤᠨ ᠴᠡᠭ ᠤᠨ ᠦᠵᠡᠮᠵᠢ ᠶᠢᠨ ᠭᠠᠵᠠᠷ ᠢ ᠪᠣᠯᠭᠤᠮᠵᠢᠲᠠᠶ ᠰᠣᠩᠭᠤᠵᠤ᠂ ᠰᠦᠯᠵᠢᠶᠡᠨ ᠳᠡᠭᠡᠷ᠎ᠡ ᠪᠢᠯᠧᠲ ᠬᠤᠳᠠᠯᠳᠤᠨ ᠠᠪᠬᠤ‌ᠨᠢ ᠨᠡᠯᠢᠶᠡᠳ ᠰᠠᠶᠢᠨ᠂ ᠬᠥᠮᠦᠨ ᠬᠠᠷ᠎ᠠ ᠬᠤᠷᠠᠨ ᠴᠤᠭᠯᠠᠷᠠᠪᠠᠯ ᠲᠣᠭᠤᠷᠢᠤ ᠵᠠᠮ ᠢᠶᠠᠷ ᠶᠠᠪᠤᠵᠤ᠂ ᠠᠮᠤᠷ ᠲᠦᠪᠰᠢᠨ ᠤ ᠵᠠᠶ ᠶᠢ ᠪᠠᠭᠠᠰᠬᠠᠵᠤ ᠪᠣᠯᠬᠤ ᠥᠬᠡᠶ᠃7 . ᠡᠪᠡᠳᠴᠢᠨ ᠦᠵᠡᠭᠦᠯᠬᠦ ᠳᠤ ᠠᠩᠬᠠᠷᠬᠤ ᠵᠦᠢᠯ᠄ ᠪᠡᠶ᠎ᠡ ᠡᠪ ᠦᠭᠡᠶ ᠪᠣᠯ ᠡᠷᠲᠡ ᠡᠮᠨᠡᠭᠦᠯᠵᠦ᠂ ᠪᠣᠯᠵᠣᠨ ᠳ᠋ᠤᠭᠠᠷᠯᠠᠬᠤ ᠨᠢ ᠬᠠᠮᠤᠭ ᠤᠨ ᠳᠥᠭᠦᠮ ᠪᠠᠶᠢᠵᠤ᠂ ᠬᠤᠪᠢ ᠶᠢᠨ ᠲᠡᠷᠭᠡ ᠪᠠᠨ ᠡᠮᠨᠡᠯᠭᠡ ᠳᠤ ᠣᠷᠣᠭᠤᠯᠪᠠᠯ ᠰᠠᠶ᠋ᠢ ᠠᠮᠤᠷ ᠲᠦᠪᠰᠢᠨ ᠪᠠᠶᠢᠳᠠᠭ︔ ᠡᠮᠨᠡᠯᠭᠡ ᠳᠤ ᠣᠷᠣᠭᠰᠠᠨ ᠤ ᠳᠠᠷᠠᠭ᠎ᠠ ᠤᠷᠢᠳᠴᠢᠯᠠᠨ ᠪᠠᠶᠢᠴᠠᠭᠠᠵᠦ᠂ ᠬᠠᠯᠠᠭᠤᠷᠠᠭᠰᠠᠨ ᠡᠪᠡᠳᠴᠢᠲᠡᠨ ᠮᠠᠰᠢ ᠴᠢᠬᠤᠯᠠ᠂ ᠲᠤᠰᠬᠠᠶ ᠡᠭᠦᠳᠡᠨ ᠡᠮᠨᠡᠯᠭᠡ ᠳᠤ ᠡᠪᠡᠳᠴᠢᠨ ᠢᠶᠠᠨ ᠦᠵᠡᠭᠦᠯᠦᠨ᠎ᠡ᠃8 . ᠭᠡᠷ ᠲᠡᠭᠡᠨ ᠰᠠᠭᠤᠵᠤ ᠬᠢᠵᠢᠭ ᠢ ᠰᠡᠷᠭᠡᠶᠢᠯᠡᠬᠦ ᠳᠤ ᠠᠩᠬᠠᠷᠬᠤ᠄ ᠰᠠᠯᠬᠢ ᠨᠡᠪᠲᠡᠷᠡᠭᠦᠯᠦᠨ ᠦᠷᠭᠦᠯᠵᠢ ᠴᠡᠪᠡᠷᠯᠡᠬᠦ᠂ ᠪᠡᠶ᠎ᠡ ᠶᠢᠨ ᠬᠠᠯᠠᠭᠤᠨ ᠢᠶᠠᠨ ᠥᠪᠡᠷ ᠢᠶᠠᠨ ᠬᠡᠮᠵᠢᠬᠦ ᠶᠢ ᠤᠷᠢᠳ ᠢᠶᠠᠷ ᠰᠠᠶᠢᠲᠤᠷ ᠬᠢᠵᠦ᠂ ᠭᠡᠷ ᠪᠦᠯᠢ ᠶᠢᠨ ᠵᠣᠴᠢᠨ ᠢ ᠴᠥᠭᠡᠳᠬᠡᠵᠦ᠂ ᠠᠶᠤᠯ ᠲᠦᠭᠰᠢᠭᠦᠷᠢ ᠲᠠᠢ ᠬᠥᠮᠦᠰ ᠢ ᠡᠷᠲᠡ ᠮᠡᠳᠡᠭᠦᠯᠦᠨ᠎ᠡ᠃                                                                                            
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2