ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠳᠤ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠤᠳᠠᠭ᠎ᠠ ᠶᠢᠨ ᠪᠦᠬᠦ ᠭᠡᠰᠢᠭᠦᠳ ᠤᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/1/27
  1 ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠳᠤ ᠰᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠤᠳᠠᠭ᠎ᠠ ᠶᠢᠨ ᠪᠦᠬᠦ ᠭᠡᠰᠢᠭᠦᠳ ᠤᠨ ︵ᠥᠷᠭᠡᠳᠬᠡᠭᠰᠡᠨ︶ ᠬᠤᠷᠠᠯ ᠬᠤᠷᠠᠯᠳᠤᠪᠠ᠃  
   ᠬᠤᠷᠠᠯ ᠳᠤ ᠣᠷᠣᠯᠴᠠᠬᠤ ᠶᠣᠰᠣᠲᠠᠢ ᠰᠢᠶᠠᠨ ᠤ ᠨᠠᠮ ᠤᠨ ᠬᠤᠷᠢᠶᠠᠨ ᠤ ᠭᠡᠰᠢᠭᠦᠨ 44 ᠬᠥᠮᠦᠨ᠂ ᠣᠷᠣᠯᠠᠭᠴᠢ ᠭᠡᠰᠢᠭᠦᠨ 8 ᠬᠥᠮᠦᠨ᠃ ᠬᠤᠷᠠᠯ ᠳᠤ ᠣᠷᠣᠯᠴᠠᠭᠰᠠᠨ ᠰᠢᠶᠠᠨ ᠤ ᠨᠠᠮ ᠤᠨ ᠬᠤᠷᠢᠶᠠᠨ ᠤ ᠭᠡᠰᠢᠭᠦᠨ 39 ᠬᠥᠮᠦᠨ᠂ ᠣᠷᠣᠯᠠᠭᠴᠢ ᠭᠡᠰᠢᠭᠦᠨ 7 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠦ ᠪᠠᠶᠢᠨ᠎ᠠ᠃    ᠰᠢᠶᠠᠨ ᠤ ᠨᠠᠮ ᠤᠨ ᠬᠤᠷᠢᠶᠠᠨ ᠤ ᠭᠡᠰᠢᠭᠦᠨ᠂ ᠣᠷᠣᠯᠠᠭᠴᠢ ᠭᠡᠰᠢᠭᠦᠨ ᠪᠢᠰᠢ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠤᠯᠭ᠎ᠠ︔ ᠰᠢᠭᠦᠬᠦ ᠬᠤᠷᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠦᠷᠦ ᠶᠢᠨ ᠭᠡᠰᠢᠭᠦᠨ︔ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ᠂ ᠭᠡᠰᠢᠭᠦᠨ︔ ᠰᠢᠶᠠᠨ ᠤ ᠰᠢᠭᠤᠳ ᠬᠠᠷᠢᠶ᠎ᠠ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠦᠭᠦᠳ︔ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠰᠢᠶᠠᠩ ᠪᠠᠯᠭᠠᠰᠤᠨ ᠤ ᠳᠠᠷᠤᠭ᠎ᠠ᠂ ᠨᠠᠮ ᠤᠨ ᠬᠤᠷᠢᠶᠠᠨ ᠤ ᠳᠡᠳ᠋ ᠱᠦᠵᠢ︔ ᠡᠯ᠎ᠡ ᠵᠠᠰᠠᠭ ᠵᠠᠬᠢᠷᠭᠠᠨ ᠤ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠡᠭᠦᠷ ᠤᠨ ᠱᠦᠵᠢ︔ ᠰᠢᠶᠠᠨ ᠤ ᠱᠠᠲᠤᠨ ᠤ ᠤᠳᠤᠷᠢᠳᠬᠤ ᠲᠤᠰᠢᠶᠠᠯ ᠡᠭᠦᠷᠭᠡᠯᠡᠵᠦ ᠪᠠᠶᠢᠭᠰᠠᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠨᠠᠰᠤᠨ ᠤ ᠠᠮᠠᠷᠠᠯᠲᠠ ᠠᠪᠤᠭᠰᠠᠨ ᠠᠬᠠᠮᠠᠳ ᠺᠠᠳ᠋ᠷ ᠤᠨ ᠲᠥᠯᠥᠭᠡᠯᠡᠭᠴᠢ︔ ᠱᠠᠩᠳᠤ ᠰᠢᠶᠠᠨ ᠳᠤ ᠠᠵᠢᠯᠯᠠᠵᠤ ᠪᠠᠶᠢᠭ᠎ᠠ ᠲᠣᠭᠤᠷᠢᠭ᠂ ᠬᠤᠲᠠ ᠶᠢᠨ ᠨᠠᠮ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃
   ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠱᠠᠩᠳᠤ ᠰᠢᠶᠠᠨ ᠤ ᠨᠠᠮ ᠤᠨ ᠬᠤᠷᠢᠶᠠᠨ ᠤ ᠱᠦᠵᠢ ᠶᠢᠨ ᠴᠢᠶᠠᠨ ᠪᠢᠨ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠭᠰᠡᠨ ᠪᠥᠭᠡᠳ ︽ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠡᠷᠡᠰ ᠰᠠᠶᠢᠲᠤᠷ ᠵᠠᠮᠨᠠᠵᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠴᠢᠷᠮᠠᠶᠢᠨ ᠡᠬᠢᠯᠡᠭᠦᠯᠦᠶ᠎ᠡ︾ ᠭᠡᠬᠦ ᠰᠡᠳᠦᠪ ᠢᠶᠠᠷ ᠶᠠᠷᠢᠶ᠎ᠠ ᠲᠠᠯᠪᠢᠪᠠ᠃    ᠶᠢᠨ ᠴᠢᠶᠠᠨ ᠪᠢᠨ ᠮᠡᠳᠡᠭᠦᠯᠦᠯᠲᠡ ᠳᠡᠭᠡᠨ᠂ 2020 ᠣᠨ ᠪᠣᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠪᠡᠶᠡᠯᠡᠭᠦᠯᠬᠦ ᠰᠡᠬᠦᠯ ᠬᠤᠷᠢᠶᠠᠬᠤ ᠵᠢᠯ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠨᠢᠭᠡᠳᠦᠭᠡᠷ ᠵᠠᠭᠤᠨ ᠵᠢᠯ ᠤᠨ ᠬᠠᠷᠠᠯᠲᠠ ᠶᠢ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠵᠢᠯ᠂ ᠨᠡᠩ ᠴᠤ ᠱᠠᠩᠳᠤ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠵᠠᠩᠭᠢᠯᠠᠭ᠎ᠠ ᠶᠢᠨ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠪᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ᠎ᠠ᠂ ᠨᠠᠮ ᠤᠨ ᠲᠥᠪ ᠬᠤᠷᠢᠶ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠢᠷᠢᠯᠠᠭᠤᠯᠤᠯᠲᠠ ᠪᠠ ᠬᠤᠲᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠪᠠᠢᠷᠢᠯᠠᠭᠤᠯᠤᠯᠲᠠ ᠶᠢᠨ ᠱᠠᠭᠠᠷᠳᠠᠯᠭ᠎ᠠ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠡᠷᠡᠰ ᠭᠤᠶᠢᠪᠢᠰᠢ ᠥᠬᠡᠶ ᠦᠢᠯᠡᠳᠦᠯᠭᠡᠵᠢᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠨ᠎ᠠ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠦᠷᠢᠭᠤᠯᠵᠦ᠂ ᠪᠦᠬᠦ ᠰᠢᠶᠠᠨ ᠤ ᠠᠵᠤ ᠠᠬᠤᠶ ᠨᠡᠶᠢᠭᠡᠮ ᠪᠠ ᠨᠠᠮ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ ᠭᠤᠤᠯ ᠢᠯᠡᠷᠡᠯ ᠨᠢ᠄ ᠤᠯᠤᠰ ᠲᠥᠷᠥ ᠶᠢ ᠡᠷᠬᠢᠮᠯᠡᠬᠦ ᠶᠢ ᠪᠠᠷᠢᠮᠲᠠᠯᠠᠵᠤ᠂ ︽ᠬᠤᠶᠠᠷ ᠢ ᠬᠠᠮᠠᠭᠠᠯᠠᠬᠤ︾ ᠶᠢ ᠨᠠᠩ ᠡᠷᠡᠰ ᠰᠢᠭᠤᠷᠬᠠᠶ ᠪᠣᠯᠭᠠᠪᠠ︔ ᠬᠤᠷᠢᠭ᠎ᠠ ᠱᠤᠭᠤᠮ ᠢ ᠪᠠᠲᠤ ᠰᠠᠬᠢᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠰᠢᠢᠳᠪᠦᠷᠢᠲᠦ ᠴᠢᠨᠠᠷᠲᠠᠢ ᠦᠷ᠎ᠡ ᠪᠦᠲᠦᠭᠡᠯ ᠤᠯᠪᠠ︔ ᠴᠢᠨᠠᠷ ᠰᠠᠶᠢᠲᠠᠢ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠠᠵᠢᠯᠯᠠᠭᠠᠨ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠪᠠ︔ ᠪᠦᠬᠦ ᠬᠦᠴᠦᠨ ᠢᠶᠠᠷ ᠢᠶᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠵᠣᠯ ᠵᠢᠷᠭᠠᠯ ᠤᠨ ᠵᠢᠭᠠᠯᠲᠠ ᠲᠤᠭ᠎ᠠ ᠦᠷᠭᠦᠯᠵᠢᠯᠡᠨ ᠳᠡᠭᠡᠭᠰᠢᠯᠡᠪᠡ︔ ᠨᠡᠩ ᠢᠯᠡᠭᠦᠦ ᠶᠡᠷᠦᠩᠬᠡᠶᠢᠯᠡᠨ ᠵᠢᠯᠣᠭᠤᠳᠴᠤ᠂ ᠨᠠᠮ ᠤᠨ ᠤᠳᠤᠷᠢᠳᠤᠯᠭ᠎ᠠ ᠪᠠᠲᠤ ᠴᠢᠩᠭ᠎ᠠ ᠬᠦᠴᠦᠨ ᠲᠠᠢ ᠪᠣᠯᠪᠠ᠃
   ᠶᠢᠨ ᠴᠢᠶᠠᠨ ᠪᠢᠨ᠂ 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ ᠪᠣᠯᠬᠤ ᠪᠥᠭᠡᠳ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠡᠬᠢᠯᠡᠯᠲᠡ ᠶᠢᠨ ᠵᠢᠯ ᠪᠣᠯᠤᠨ᠎ᠠ᠂ ᠪᠠᠰᠠ ᠴᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠃ ᠡᠨᠡ ᠵᠢᠯ ᠤᠨ ᠠᠵᠢᠯ ᠤᠨ ᠶᠡᠷᠦᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ ᠪᠥᠬᠦᠳᠡ ᠬᠤᠷᠠᠯ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯᠳᠤᠭᠠᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠂ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ᠂ ᠪᠣᠬᠢᠷᠲᠤᠯ ᠦᠭᠡᠢ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ᠂ ᠤᠰᠤ ᠠᠷᠪᠢᠯᠠᠬᠤ ᠤᠰᠤ ᠶᠢ ᠬᠢᠵᠠᠭᠠᠷᠯᠠᠬᠤ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ᠂ ᠨᠠᠮ ᠤᠨ ᠪᠠᠶᠢᠭᠤᠯᠤᠯᠲᠠ ᠶᠢᠨ ︽ᠵᠢᠷᠭᠤᠭᠠᠨ ᠵᠣᠬᠢᠶᠠᠯ︾᠂ ᠴᠠᠭᠠᠨᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠪᠠ ᠵᠠᠰᠠᠯᠲᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠂ ︽ᠭᠤᠷᠪᠠᠨ ᠫᠠᠶᠢᠰᠠ︾ ᠶᠢ ᠭᠦᠨᠵᠡᠭᠡᠢ ᠬᠡᠷᠡᠭᠵᠢᠭᠦᠯᠦᠨ᠎ᠡ᠂ ᠭᠤᠷᠪᠠᠨ ᠶᠡᠭᠡ ᠠᠵᠤ ᠦᠢᠯᠡᠰ᠂ ᠭᠤᠷᠪᠠᠨ ᠶᠡᠭᠡ ᠰᠠᠭᠤᠷᠢᠨ ᠭᠠᠵᠠᠷ︾ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠶᠢ ᠰᠠᠶᠢᠲᠤᠷ ᠠᠳᠬᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠠᠲᠤᠯᠠᠬᠤ ᠬᠡᠷᠡᠭᠲᠡᠢ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠢ ᠰᠠᠶᠢᠲᠤᠷ  ᠡᠬᠢᠯᠡᠭᠦᠯᠦᠨ᠎ᠡ᠃ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠡᠩ ᠤᠨ ᠣᠯᠠᠨ ᠨᠡᠢᠲᠡ ᠶᠢᠨ ᠲᠥᠰᠦᠪ ᠤᠨ ᠣᠷᠣᠯᠭ᠎ᠠ ᠵᠡᠷᠭᠡ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠣᠨ ᠬᠤᠷᠳᠤᠴᠠ ᠶᠢ ᠪᠦᠬᠦ ᠬᠤᠲᠠ ᠶᠢᠨ ᠳᠤᠮᠳᠠᠴᠢ ᠲᠦᠪᠰᠢᠨ ᠠᠴᠠ ᠥᠨᠳᠥᠷ ᠪᠠᠶᠢᠯᠭᠠᠵᠦ᠂ ᠬᠤᠲᠠ ᠶᠢᠨ ᠪᠠᠭᠤᠯᠭᠠᠭᠰᠠᠨ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠬᠠᠷᠠᠯᠲᠠ ᠶᠢ ᠪᠡᠶᠡᠯᠡᠭᠦᠯᠦᠨ᠎ᠡ᠃ ᠳᠡᠭᠡᠷ᠎ᠡ ᠳᠤᠷᠠᠳᠤᠭᠰᠠᠨ ᠰᠡᠳᠬᠢᠴᠡ ᠪᠣᠯᠤᠨ ᠬᠠᠷᠠᠯᠲᠠ ᠶᠢᠨ ᠲᠣᠭᠤᠷᠢᠨ ᠳᠤ᠂ ᠭᠤᠣᠯᠳᠠᠯᠭ᠎ᠠ ᠪᠠᠨ ᠲᠣᠪᠤᠶᠢᠯᠭᠠᠨ᠂ ᠵᠠᠩᠭᠢᠯᠠᠭ᠎ᠠ ᠶᠢ ᠡᠵᠡᠮᠳᠡᠵᠦ᠂ ᠳᠣᠣᠷᠠᠬᠢ ᠠᠵᠢᠯ ᠤᠳ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠄    ᠨᠢᠭᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨ ᠬᠦ ᠪᠠᠲᠤᠯᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠬᠡᠷᠡᠭᠲᠡᠢ᠂ ᠲᠥᠪ ᠪᠠ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠂ ᠬᠤᠲᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ᠂ ᠠᠮᠢ ᠨᠠᠰᠤ ᠶᠢ ᠳᠡᠭᠡᠳᠦᠯᠡᠬᠦ᠂ ᠰᠡᠷᠭᠡᠶᠢᠯᠡᠨ ᠬᠠᠮᠠᠭᠠᠯᠠᠬᠤ ᠤᠬᠠᠮᠰᠠᠷ ᠰᠤᠯᠠᠷᠠᠬᠤ ᠪᠠ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠰᠡᠷᠭᠡᠶᠢᠯᠡᠬᠦ ᠬᠡᠷᠡᠭᠲᠡᠶ᠂ ᠪᠣᠳᠠᠲᠠᠶ ᠬᠠᠷᠢᠶ᠎ᠠ ᠭᠠᠵᠠᠷ᠂ ᠰᠠᠯᠠᠭ᠎ᠠ ᠮᠥᠴᠢᠷ᠂ ᠨᠢᠭᠡᠴᠢ᠂ ᠬᠤᠪᠢ ᠬᠥᠮᠦᠨ ᠤ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ᠂ ᠡᠷᠲᠡ ᠢᠯᠡᠷᠡᠭᠦᠯᠬᠦ ᠶᠢ ᠨᠠᠶᠢᠳᠠᠪᠤᠷᠢᠵᠢᠭᠤᠯᠬᠤ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠴᠢᠯᠡᠬᠦ ︽ᠳᠥᠷᠪᠡᠨ ᠡᠷᠲᠡ︾ ᠶᠢᠨ ᠱᠠᠭᠠᠷᠳᠠᠯᠭ᠎ᠠ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠡᠯ᠎ᠡ ᠵᠦᠢᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠨ᠎ᠠ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠂ ᠡᠪᠦᠯ ᠬᠠᠪᠤᠷ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠠᠷᠢᠯᠭᠠᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠯᠤᠳ ᠬᠡᠷᠡᠮ ᠪᠤᠯᠤᠳ ᠬᠠᠨ᠎ᠠ ᠶᠢ ᠪᠦᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ᠃    ᠬᠤᠶᠠᠷ ᠲᠤ᠂ ᠤᠰᠤ ᠠᠷᠪᠢᠯᠠᠬᠤ ᠡᠵᠡᠮᠳᠡᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠴᠠᠭᠠᠨᠨᠠᠭᠤᠷ ᠤᠨ ᠬᠠᠮᠠᠭᠠᠯᠠᠯᠲᠠ ᠪᠠ ᠵᠠᠰᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠵᠡᠷᠭᠡ ᠲᠥᠪ ᠤᠨ ᠤᠳᠤᠷᠢᠳᠬᠤ ᠨᠦᠭᠦᠳ ᠤᠨ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠠᠭᠠᠨᠨᠠᠭᠤᠷ ᠤᠨ ᠠᠮᠢ ᠠᠬᠤᠶ ᠶᠢ ᠬᠠᠮᠠᠭᠠᠯᠠᠨ ᠵᠠᠰᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠠᠲᠠᠭᠤ ᠬᠢᠵᠠᠭᠠᠷᠯᠠᠯ ᠪᠣᠯᠭᠠᠵᠤ᠂ ᠰᠠᠪᠠ ᠭᠠᠵᠠᠷ ᠤᠨ ᠳᠣᠲᠣᠷᠠᠬᠢ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠨᠢᠭᠡ ᠴᠣᠭᠴᠠᠵᠢᠭᠤᠯᠤᠨ ᠬᠠᠮᠠᠭᠠᠯᠠᠨ ᠵᠠᠰᠠᠬᠤ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠳᠠᠷᠤᠮᠠᠯᠯᠠᠨ ᠲᠠᠷᠬᠠᠭᠠᠭᠰᠠᠨ ᠲᠥᠰᠦᠯ ᠢᠶᠠᠷ ᠵᠢᠯᠣᠭᠤᠳᠣᠯᠭ᠎ᠠ ᠪᠣᠯᠭᠠᠵᠤ᠂ ᠨᠤᠭᠤ ᠭᠠᠵᠠᠷ ᠤᠨ ᠭᠤᠤᠯ ᠣᠷᠣᠨ ᠨᠤᠭᠤ ᠭᠠᠵᠠᠷ ᠤᠨ ᠡᠷᠬᠢᠨ ᠲᠣᠭᠤᠷᠢᠨ ᠪᠥᠬᠦ ᠰᠠᠪᠠ ᠭᠠᠵᠠᠷ ᠤᠨ ᠢᠳᠡᠭ ᠢᠳᠡᠭ ᠢᠶᠠᠷ ᠠᠬᠢᠭᠤᠯᠬᠤ ᠠᠷᠭ᠎ᠠ ᠮᠠᠶ᠋ᠢᠭ ᠢ ᠠᠪᠴᠤ᠂ ︽ᠡᠵᠡᠮᠳᠡᠬᠦ᠂ ᠵᠠᠰᠠᠬᠤ᠂ ᠪᠠᠶᠢᠭᠤᠯᠬᠤ︾ ᠬᠠᠮ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ᠪᠣᠳᠠᠲᠤ ᠠᠵᠢᠯᠯᠠᠭ᠎ᠠ ᠪᠠ ᠠᠵᠢᠯ ᠤᠨ ᠦᠷ᠎ᠡ ᠪᠦᠲᠦᠮᠵᠢ ᠪᠠᠷ ︽ᠬᠤᠶᠠᠷ ᠲᠠᠯ᠎ᠠ ᠶᠢᠨ ᠣᠨᠣᠯ︾ ᠢ ᠦᠶ᠋ᠯᠡᠳᠦᠯᠭᠡᠵᠢᠭᠦᠯᠬᠦ ᠬᠡᠷᠡᠭᠲᠡᠶ᠃    ᠭᠤᠷᠪᠠ ᠳᠤ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠱᠠᠲᠤᠨ ᠳᠤ ᠲᠦᠷᠭᠡᠪᠴᠢᠯᠡᠨ ᠵᠣᠬᠢᠴᠠᠨ᠎ᠠ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠤᠶ᠎ᠠ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠠᠭᠤᠰᠤᠯᠴᠠᠨ᠎ᠠ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠢ ᠬᠥᠭᠵᠢᠯᠲᠡ ᠶᠢᠨ ᠠᠷᠭ᠎ᠠ ᠮᠠᠶ᠋ᠢᠭ ᠤᠨ ᠬᠤᠪᠢᠷᠠᠭᠤᠯᠤᠯᠲᠠ ᠶᠢ ᠠᠬᠢᠭᠤᠯᠬᠤ ᠰᠢᠪᠲᠤᠯᠤᠯᠲᠠ ᠶᠢᠨ ᠴᠡᠭ ᠪᠣᠯᠭᠠᠨ᠎ᠠ᠂ ᠪᠦᠬᠦ ᠬᠤᠲᠠ ᠶᠢᠨ ︽ᠲᠠᠪᠤᠨ ᠶᠡᠭᠡ ᠠᠵᠤ ᠠᠬᠤᠢ︾ ᠶᠢᠨ ᠬᠥᠭᠵᠢᠯᠲᠡ ᠶᠢᠨ ᠰᠡᠳᠬᠢᠴᠡ ᠲᠠᠢ ᠨᠢᠭᠲᠠ ᠤᠶᠠᠯᠳᠤᠭᠤᠯᠤᠨ᠂ ᠪᠣᠬᠢᠷᠲᠤᠯ ᠦᠭᠡᠢ ᠲᠡᠮᠳᠡᠭ ᠢ ᠰᠠᠶᠢᠲᠤᠷ ᠬᠢᠨ᠎ᠡ᠂ ᠡᠬᠢ ᠪᠠᠶᠠᠯᠢᠭ ᠤᠨ ᠫᠠᠶᠢᠰᠠ᠂ ᠣᠷᠣᠨ ᠪᠠᠶᠢᠷᠢ ᠶᠢᠨ ᠫᠠᠶᠢᠰᠠ᠂ ᠰᠢᠨ᠎ᠡ ᠡᠨᠧᠷᠭᠢ ᠶᠢ ᠪᠤᠶᠢᠵᠢᠭᠤᠯᠤᠨ ᠬᠥᠭᠵᠢᠭᠦᠯᠦᠨ᠎ᠡ ᠂ ᠰᠢᠨ᠎ᠡ ᠮᠠᠲ᠋ᠧᠷᠢᠶᠠᠯ᠂ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ︽ᠭᠤᠷᠪᠠᠨ ᠶᠡᠭᠡ ᠠᠵᠤ ᠦᠢᠯᠡᠰ ︾᠂ ᠤᠯᠠᠭᠠᠨᠴᠠᠪ ᠬᠤᠲᠠ ᠶᠢᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠂ ᠤᠯᠤᠰ ᠤᠨ ᠲᠥᠮᠥᠰᠥᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠨᠡᠶᠢᠰᠯᠡᠯ ᠤᠨ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠰᠠᠭᠤᠷᠢᠨ ᠭᠠᠵᠠᠷ ᠤᠨ ︽ᠭᠤᠷᠪᠠᠨ ᠶᠡᠭᠡ ᠰᠠᠭᠤᠷᠢᠨ ᠭᠠᠵᠠᠷ︾᠂ ᠦᠢᠯᠡᠳᠪᠦᠷᠢᠯᠡᠯ ᠤᠨ ᠠᠷᠭ᠎ᠠ ᠮᠠᠶ᠋ᠢᠭ ᠤᠨ ᠪᠣᠬᠢᠷᠲᠤᠯ ᠦᠭᠡᠢ ᠪᠠᠶᠢᠬᠤ ᠶᠢ ᠲᠦᠷᠭᠡᠯᠡᠨ ᠠᠬᠢᠭᠤᠯᠤᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠥᠨᠳᠥᠷ᠂ ᠡᠬᠢ ᠪᠠᠶᠠᠯᠢᠭ ᠤᠨ ᠬᠤᠷᠣᠭᠳᠠᠯ ᠪᠠᠭ᠎ᠠ᠂ ᠣᠷᠴᠢᠨ ᠲᠣᠭᠤᠷᠢᠨ ᠤ ᠪᠣᠬᠢᠷᠲᠤᠯ ᠪᠠᠭ᠎ᠠ ᠪᠦᠬᠦᠢ ᠣᠳᠣ ᠦᠶ᠎ᠡ ᠶᠢᠨ ᠠᠵᠤ ᠦᠢᠯᠡᠰ ᠤᠨ ᠪᠦᠲᠦᠴᠡ ᠪᠣᠯᠤᠨ ᠪᠣᠬᠢᠷᠲᠤᠯ ᠦᠭᠡᠶ ᠦᠢᠯᠡᠳᠪᠦᠷᠢᠯᠡᠯ ᠤᠨ ᠪᠦᠳᠦᠴᠡ ᠶᠢ ᠬᠦᠴᠦᠯᠡᠨ ᠪᠠᠶᠢᠭᠤᠯᠤᠨ᠎ᠠ᠃    ᠳᠥᠷᠪᠡ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠲᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠪᠥᠬᠦ ᠰᠢᠶᠠᠨ ᠤ ᠠᠵᠢᠯ ᠤᠨ ᠴᠢᠬᠤᠯᠠ ᠠᠴᠠ ᠴᠢᠬᠤᠯᠠ ᠵᠦᠢᠯ ᠪᠣᠯᠭᠠᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠮᠢ ᠠᠬᠤᠶ ᠨᠢ ᠲᠠᠭᠠᠯᠠᠮᠵᠢᠲᠠᠶ ᠦᠵᠡᠰᠬᠦᠯᠡᠩᠲᠦ ᠰᠠᠶᠢᠬᠠᠨ ᠰᠢᠨ᠎ᠡ ᠬᠡᠷ ᠣᠷᠣᠨ ᠢ ᠴᠢᠷᠮᠠᠶᠢᠨ ᠪᠠᠶᠢᠭᠤᠯᠬᠤ ᠬᠡᠷᠡᠭᠲᠡᠶ᠃    ᠲᠠᠪᠤ ᠳᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠴᠢᠨᠠᠷ ᠰᠠᠶᠢᠲᠠᠢ ᠰᠠᠶᠢᠵᠢᠷᠠᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ ᠪᠣᠯᠤᠨ ᠲᠦᠪᠡᠭᠳᠡᠵᠦ ᠪᠠᠶᠢᠭ᠎ᠠ ᠶᠠᠪᠤᠳᠠᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠢᠢᠳᠪᠦᠷᠢᠯᠡᠵᠦ᠂ ᠨᠡᠩ ᠲᠡᠩᠴᠡᠭᠦᠷᠢᠲᠡᠢ ᠨᠡᠶᠢᠭᠡᠮ ᠤᠨ ᠪᠠᠲᠤᠯᠠᠭ᠎ᠠ ᠶᠢᠨ ᠲᠣᠣᠷ ᠢ ᠪᠠᠶᠢᠭᠤᠯᠵᠤ᠂ ᠨᠡᠩ ᠰᠢᠯᠢᠳᠡᠭ ᠤᠯᠠᠨ ᠨᠡᠶᠢᠲᠡ ᠶᠢᠨ ᠦᠢᠯᠡᠴᠢᠯᠡᠭᠡᠨ ᠤ ᠲᠣᠣᠷ ᠢ ᠪᠠᠶᠢᠭᠤᠯᠵᠤ᠂ ᠠᠮᠤᠷ ᠲᠦᠪᠰᠢᠨ ᠲᠣᠭᠲᠠᠭᠤᠨ ᠤ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠪᠣᠯᠭᠠᠬᠤ ᠬᠡᠷᠡᠭᠲᠡᠢ᠃    ᠵᠢᠷᠭᠤᠭ᠎ᠠ ᠳᠤ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠬᠤ ᠶᠢ ᠪᠥᠬᠦ ᠬᠦᠴᠦᠨ ᠢᠶᠠᠷ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠨᠠᠮ ᠨᠢ ᠨᠠᠮ ᠢᠶᠠᠨ ᠬᠠᠮᠢᠶᠠᠷᠬᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ︽ᠨᠢᠭᠡ ᠭᠤᠤᠯ ᠰᠢᠵᠢᠮ︾ ᠢ ᠲᠤᠭᠤᠰᠢᠯᠠᠭᠤᠯᠵᠤ᠂ ᠨᠠᠮ ᠤᠨ ᠬᠤᠷᠢᠶᠠᠨ ᠤ ᠭᠤᠤᠯ ᠴᠣᠭᠴᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠯᠲᠠ ᠲᠠᠯᠪᠢᠬᠤ ︽ᠬᠤᠶᠠᠷ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ᠬᠡᠨ ᠠᠳᠬᠤᠬᠤ᠂ ᠶᠠᠭᠤ ᠶᠢ ᠠᠳᠬᠤᠬᠤ᠂ ︽ᠭᠤᠷᠪᠠᠨ ᠵᠠᠩᠭᠢᠯᠠᠭ᠎ᠠ︾ ᠶᠢ ᠬᠡᠷᠬᠢᠨ ᠠᠳᠬᠤᠬᠤ ᠶᠢ ᠳᠣᠪᠤᠶᠢᠯᠭᠠᠵᠤ᠂ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠪᠠᠶᠢᠭᠤᠯᠭ᠎ᠠ ᠠᠵᠢᠯ ᠦᠶ᠋ᠯᠡᠰ ᠤᠨ ᠨᠢᠭᠡᠴᠢ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ︽ᠳᠥᠷᠪᠡᠨ ᠭᠤᠣᠯᠳᠠᠯᠭ᠎ᠠ︾ ᠶᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ᠂ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠲᠠᠰᠤᠷᠠᠯᠲᠠ ᠥᠬᠡᠶ ᠴᠢᠩᠭᠠᠳᠬᠠᠵᠤ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠳᠤᠯᠠᠭ᠎ᠠ ᠬᠠᠩᠭᠠᠨ᠎ᠠ᠃
   ᠬᠤᠷᠠᠯ ᠳᠡᠭᠡᠷ᠎ᠡ᠂ ᠶᠢᠨ ᠴᠢᠶᠠᠨ ᠪᠢᠨ ︽ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠳᠤ ᠰᠢᠶᠠᠨ ᠤ ᠬᠤᠷᠢ᠊ ᠡᠶ᠎ᠡ ᠶᠢᠨ ᠰᠠᠨᠠᠭᠤᠯᠭ᠎ᠠ ︵ᠶᠠᠷᠢᠯᠴᠠᠬᠤ ᠨᠤᠤᠷᠠᠭ︶︾ ᠶᠢ ᠲᠤᠭᠤᠷᠪᠢᠭᠰᠠᠨ ᠪᠠᠶᠢᠳᠠᠯ ᠤᠨ ᠲᠤᠬᠠᠢ ᠪᠦᠭᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃    ᠶᠢᠨ ᠴᠢᠶᠠᠨ ᠪᠢᠨ ᠬᠤᠷᠠᠯ ᠢ ᠡᠷᠭᠢᠯᠡᠭᠰᠡᠨ ᠪᠥᠭᠡᠳ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠦᠨᠡᠨ ᠬᠦ ᠪᠠᠷᠢᠮᠵᠢᠶᠠᠯᠠᠨ ᠬᠠᠷᠭᠤᠭᠤᠯᠵᠤ᠂ ᠰᠡᠳᠬᠢᠯ ᠨᠢᠭᠡᠳᠦᠨ ᠥᠭᠡᠳᠡᠯᠡᠨ ᠳᠠᠪᠰᠢᠬᠤ ᠳᠡᠭᠡᠷ᠎ᠡ ᠢᠯᠡᠷᠡᠭᠦᠯᠬᠦ ᠬᠡᠷᠡᠭᠲᠡᠶ︔ ᠣᠳᠣᠬᠠᠨ ᠤ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠠᠩᠬᠠᠷᠤᠯ ᠪᠠ ᠬᠦᠴᠦᠨ ᠢᠶᠠᠨ ᠲᠥᠪᠯᠡᠷᠡᠭᠦᠯᠬᠦ᠂ ᠦᠨᠡᠨ ᠬᠦ ᠠᠳᠬᠤᠵᠤ ᠪᠣᠳᠠᠲᠠᠢ ᠠᠵᠢᠯᠯᠠᠬᠤ ᠳᠡᠭᠡᠷ᠎ᠡ ᠢᠯᠡᠷᠡᠭᠦᠯᠬᠦ ᠬᠡᠷᠡᠭᠲᠡᠢ︔ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠦᠨᠡᠨ ᠬᠦ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠬᠤ ᠳᠡᠭᠡᠷ᠎ᠡ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃                                                                                                                                                                                         ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2