ᠱᠠᠩᠳᠤ ᠰᠢᠶᠠᠨ 2021 ᠣᠨ ᠤ ᠴᠡᠷᠢᠭ ᠡᠯᠰᠡᠬᠦ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/29
    1ᠰᠠᠷ᠎ᠠ ᠶᠢᠨ 21 ᠤ ᠡᠳᠦᠷ᠂ ᠱᠠᠩᠳᠤ ᠰᠢᠶᠠᠨ 2021 ᠣᠨ ᠤ ᠴᠡᠷᠢᠭ ᠡᠯᠰᠡᠬᠦ ᠠᠵᠢᠯ ᠤᠨ ᠬᠤᠷᠠᠯ ᠬᠤᠷᠠᠯᠳᠤᠭᠤᠯᠵᠤ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠴᠡᠷᠢᠭ ᠡᠯᠰᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠱᠠᠩᠳᠤ ᠰᠢᠶᠠᠨ ᠤ 2021 ᠣᠨ ᠤ ᠴᠡᠷᠢᠭ ᠡᠯᠰᠡᠬᠦ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃
   ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠭᠦᠸᠧ ᠢᠦᠢ ᠭᠤᠸᠠᠩᠰᠢᠶᠠᠨ ᠤ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠫᠧᠩ  ᠰᠢᠤᠸᠢ ᠺᠦᠢ᠂ ᠰᠢᠶᠠᠨ ᠤ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠦ᠋ ᠴᠠᠩ ᠵᠢᠶᠦ᠋ᠨ ᠴᠡᠷᠢᠭ ᠡᠯᠰᠡᠬᠦ ᠬᠤᠷᠠᠯ ᠳᠤ ᠣᠷᠣᠯᠴᠠᠵᠤ᠂ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠪᠣᠯᠤᠨ ᠴᠡᠷᠢᠭ ᠡᠯᠰᠡᠬᠦ ᠠᠯᠪᠠᠨ ᠭᠡᠷ ᠤᠨ ᠪᠦᠬᠦ ᠪᠦᠷᠢᠯᠳᠦᠬᠦᠨ᠂ ᠡᠯ᠎ᠡ ᠰᠢᠶᠠᠩ ᠪᠠᠯᠭᠠᠰᠤ᠂ ᠳᠣᠲᠣᠭᠠᠳᠤ ᠶᠢ ᠬᠠᠮᠠᠭᠠᠯᠠᠬᠤ  ᠲᠤᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠤᠪᠴᠢᠶ᠎ᠠ᠂ ᠰᠢᠶᠠᠨ ᠤ ᠡᠮᠨᠡᠯᠭᠡ ᠶᠢᠨ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    ᠦ᠋ ᠴᠠᠩ ᠵᠢᠶᠦ᠋ᠨ ᠬᠤᠷᠠᠯ ᠳᠡᠭᠡᠷ᠎ᠡ ᠠᠷᠢᠭᠤᠨ ᠴᠢᠬᠡᠴᠢ ᠪᠠᠷ ᠴᠡᠷᠢᠭ ᠡᠯᠰᠡᠬᠦ ︽ᠠᠷᠪᠠ ᠶᠢ ᠥᠯᠥ ᠵᠥᠪᠰᠢᠶᠡᠷᠡᠬᠦ︾ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    ᠫᠧᠩ ᠰᠢᠤᠸᠢ ᠺᠦᠢ ᠬᠤᠷᠠᠯ ᠳᠡᠭᠡᠷ᠎ᠡ 2020 ᠣᠨ ᠤ ᠴᠡᠷᠢᠭ ᠡᠯᠰᠡᠬᠦ ᠠᠵᠢᠯ ᠢ ᠳ᠋ᠦᠩᠨᠡᠵᠦ᠂ 2021 ᠣᠨ ᠤ ᠴᠡᠷᠢᠭ ᠡᠯᠰᠡᠬᠦ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ 2021 ᠣᠨ ᠳᠤ ︽ᠨᠢᠭᠡ ᠵᠢᠯ ᠳᠤ ᠬᠤᠶᠠᠷᠲᠠ ᠲᠠᠲᠠᠪᠤᠷᠢᠯᠠᠬᠤ︾ ᠥᠭᠡᠷᠡᠴᠢᠯᠡᠯᠲᠡ ᠶᠢᠨ ᠮᠥᠨ ᠴᠢᠨᠠᠷ ᠢ ᠳᠡᠯᠭᠡᠷᠡᠭᠦᠯᠵᠦ᠂ ᠴᠡᠷᠢᠭ ᠡᠯᠰᠡᠬᠦ ᠠᠵᠢᠯ ᠢ ᠲᠣᠰ ᠲᠣᠰ 2 ᠰᠠᠷ᠎ᠠ ᠶᠢᠨ ᠡᠬᠢ᠂ 8 ᠰᠠᠷ᠎ᠠ ᠶᠢᠨ ᠡᠬᠢ ᠪᠠᠷ ᠥᠷᠨᠢᠭᠦᠯᠦᠨ᠎ᠡ᠂ ᠤᠯᠤᠰ ᠤᠨ ᠵᠢᠭᠠᠨ ᠰᠤᠷᠭᠠᠯᠲᠠ ᠶᠢᠨ ᠪᠠᠶᠢᠭᠤᠯᠤᠯ ᠤᠨ ᠣᠨᠴᠠᠯᠢᠭ ᠪᠠ ᠴᠡᠷᠢᠭ ᠡᠯᠰᠡᠬᠦ ᠠᠵᠢᠯ ᠤᠨ ᠪᠣᠳᠠᠲᠤ ᠪᠠᠶᠢᠳᠠᠯ ᠢ ᠦᠨᠳᠦᠰᠦᠯᠡᠨ᠂ ᠲᠦᠷᠦᠭᠦᠤ ᠬᠠᠭᠠᠰ ᠵᠢᠯ ᠳᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠥᠩᠭᠡᠷᠡᠭᠰᠡᠨ ᠵᠢᠯ ᠤᠳ ᠤᠨ ᠲᠡᠭᠦᠰᠬᠦ ᠰᠣᠷᠣᠭᠴᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠪᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠲᠡᠭᠦᠰᠬᠦ ᠠᠩᠭᠢ ᠶᠢᠨ ᠰᠣᠷᠣᠭᠴᠢ ᠪᠠ ᠨᠡᠶᠢᠭᠡᠮ ᠤᠨ ᠡᠯ᠎ᠡ ᠲᠥᠷᠥᠯ ᠤᠨ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠭᠤᠣᠯᠳᠠᠯᠭ᠎ᠠ ᠲᠠᠢ ᠡᠯᠰᠡᠵᠦ᠂ ᠳᠣᠤᠷ᠎ᠠ ᠬᠠᠭᠠᠰ ᠵᠢᠯ ᠳᠤ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠲᠡᠭᠦᠰᠬᠦ ᠰᠣᠷᠣᠭᠴᠢ ᠶᠢ ᠭᠤᠣᠯᠳᠠᠯᠭ᠎ᠠ ᠲᠠᠢ ᠡᠯᠰᠡᠨ᠎ᠡ᠃ ᠡᠨᠡ ᠵᠢᠯ ᠤᠨ ᠬᠠᠪᠤᠷ ᠤᠨ ᠤᠯᠠᠷᠢᠯ ᠤᠨ ᠴᠡᠷᠢᠭ ᠡᠯᠰᠡᠬᠦ ᠳᠤ᠂ ᠪᠡᠶ᠎ᠡ ᠶᠢᠨ ᠪᠠᠶᠢᠴᠠᠭᠠᠯᠲᠠ ᠬᠢᠬᠦ ᠴᠠᠭ ᠨᠢ 2 ᠰᠠᠷ᠎ᠠ ᠶᠢᠨ ᠰᠢᠨᠡᠳ᠂ ᠤᠯᠤᠰ ᠲᠥᠷᠥ ᠶᠢᠨ ᠬᠢᠨᠠᠯᠲᠠ ᠬᠢᠬᠦ ᠴᠠᠭ ᠨᠢ 2 ᠰᠠᠷ᠎ᠠ ᠶᠢᠨ ᠳᠤᠮᠳᠠᠴᠢ᠂ ᠳᠠᠶᠢᠯᠠᠯᠳᠤᠭᠠᠨ ᠠᠴᠠ ᠡᠮᠦᠨᠡᠬᠢ ᠪᠣᠯᠪᠠᠰᠤᠷᠠᠯ ᠬᠢᠬᠦ ᠨᠢ 3 ᠰᠠᠷ᠎ᠠ ᠶᠢᠨ ᠡᠬᠢ᠂ ᠴᠡᠷᠢᠭ ᠲᠣᠭᠲᠠᠭᠠᠬᠤ ᠴᠠᠭ ᠨᠢ 3 ᠰᠠᠷ᠎ᠠ ᠶᠢᠨ ᠰᠢᠨᠡᠳ᠂ ᠡᠬᠢᠯᠡᠵᠦ ᠲᠡᠭᠡᠭᠡᠪᠦᠷᠢᠯᠡᠬᠦ ᠴᠠᠭ ᠨᠢ 3 ᠰᠠᠷ᠎ᠠ ᠶᠢᠨ ᠳᠤᠮᠳᠠᠴᠢ ᠪᠣᠯᠤᠨ᠎ᠠ᠃ ᠡᠨᠡ ᠵᠢᠯ ᠤᠨ ᠨᠠᠮᠤᠷ ᠤᠨ ᠤᠯᠠᠷᠢᠯ ᠤᠨ ᠴᠡᠷᠢᠭ ᠡᠯᠰᠡᠬᠦ ᠳᠤ᠂ ᠪᠡᠶ᠎ᠡ ᠶᠢᠨ ᠪᠠᠶᠢᠴᠠᠭᠠᠯᠲᠠ ᠬᠢᠬᠦ ᠴᠠᠭ ᠨᠢ 8 ᠰᠠᠷ᠎ᠠ ᠶᠢᠨ ᠡᠬᠢᠨ᠂ ᠤᠯᠤᠰ ᠲᠥᠷᠥ ᠶᠢᠨ ᠬᠢᠨᠠᠨ ᠪᠠᠶᠢᠴᠠᠭᠠᠯᠲᠠ ᠬᠢᠬᠦ ᠴᠠᠭ ᠨᠢ 8 ᠰᠠᠷ᠎ᠠ ᠶᠢᠨ ᠳᠤᠮᠳᠠᠴᠢ᠂ ᠳᠠᠶᠢᠯᠠᠯᠳᠤᠭᠠᠨ ᠠᠴᠠ ᠡᠮᠦᠨᠡᠬᠢ ᠪᠣᠯᠪᠠᠰᠤᠷᠠᠯ ᠬᠢᠬᠦ ᠨᠢ 9 ᠰᠠᠷ᠎ᠠ ᠶᠢᠨ ᠡᠬᠢ᠂ ᠴᠡᠷᠢᠭ ᠲᠣᠭᠲᠠᠭᠠᠬᠤ ᠴᠠᠭ ᠨᠢ 9 ᠰᠠᠷ᠎ᠠ ᠶᠢᠨ ᠡᠬᠢ᠂ ᠡᠬᠢᠯᠡᠵᠦ ᠲᠡᠭᠡᠭᠡᠪᠦᠷᠢᠯᠡᠬᠦ ᠴᠠᠭ ᠨᠢ 9 ᠰᠠᠷ᠎ᠠ ᠶᠢᠨ ᠳᠤᠮᠳᠠᠴᠢ ᠪᠣᠯᠤᠨ᠎ᠠ᠃
   ᠬᠤᠷᠠᠯ ᠳᠡᠭᠡᠷ᠎ᠡ ᠰᠢᠶᠠᠨ ᠤ ᠠᠷᠢᠭᠤᠨ ᠴᠢᠬᠡᠴᠢ ᠪᠠᠷ ᠴᠡᠷᠢᠭ ᠡᠯᠰᠡᠬᠦ ᠬᠢᠨᠠᠯᠲᠠ ᠲᠠᠯᠪᠢᠭᠴᠢ ᠶᠢᠨ ᠤᠷᠢᠯᠭ᠎ᠠ ᠶᠢᠨ ᠪᠢᠴᠢᠭ ᠢ ᠨᠡᠶᠢᠲᠡᠯᠡᠵᠦ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠭᠦᠸᠧ ᠢᠦᠶ ᠭᠤᠸᠠᠩ ᠰᠢᠶᠠᠨ ᠤ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠢ ᠲᠥᠯᠥᠭᠡᠯᠡᠨ ᠡᠯ᠎ᠡ ᠰᠢᠶᠠᠩ ᠪᠠᠯᠭᠠᠰᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠶᠠᠨ ᠤ ᠡᠮᠨᠡᠯᠭᠡ ᠶᠢᠨ ᠬᠤᠷᠢᠶᠠᠨ ᠤ ᠬᠠᠷᠢᠭᠤᠴᠠᠯᠭᠠᠲᠠᠨ ᠲᠠᠢ ᠲᠤᠰ ᠲᠤᠰ ᠴᠡᠷᠢᠭ ᠡᠯᠰᠡᠬᠦ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃    ᠭᠦᠸᠧ ᠢᠦᠢ ᠭᠤᠸᠠᠩ ᠬᠤᠷᠠᠯ ᠳᠡᠭᠡᠷ᠎ᠡ᠂ ᠡᠯ᠎ᠡ ᠰᠢᠶᠠᠩ ᠪᠠᠯᠭᠠᠰᠤ᠂ ᠡᠯ᠎ᠡ ᠨᠢᠭᠡᠴᠢ ᠶᠢᠨ ᠬᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠴᠡᠷᠢᠭ ᠡᠯᠰᠡᠬᠦ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ︔ ᠲᠦᠷᠦ ᠶᠢᠨ ᠪᠤᠳᠤᠯᠭ᠎ᠠ ᠰᠠᠬᠢᠯᠭ᠎ᠠ ᠪᠠᠲᠤ ᠶᠢ ᠴᠢᠩᠳᠠᠯᠠᠨ᠂ ᠪᠣᠭᠤᠮᠲᠠ ᠶᠢ ᠴᠢᠩᠭ᠎ᠠ ᠰᠠᠬᠢᠵᠤ᠂ ᠴᠡᠷᠢᠭ ᠤᠨ ᠬᠡᠪ ᠴᠢᠨᠠᠷ ᠢ ᠦᠨᠡᠨ ᠬᠦ ᠪᠠᠲᠤᠯᠠᠨ᠂ ᠬᠠᠮᠤᠭ ᠤᠨ ᠰᠢᠯᠢᠳᠡᠭ ᠵᠠᠯᠠᠭᠤᠴᠤᠳ ᠢ ᠴᠡᠷᠢᠭ ᠠᠩᠬᠢ ᠳᠤ ᠬᠦᠷᠭᠡᠨ᠎ᠡ︔ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠤᠬᠠᠭᠤᠯᠬᠤ ᠡᠷᠴᠢᠮ ᠢᠶᠠᠨ ᠨᠡᠮᠡᠭᠳᠡᠭᠦᠯᠵᠦ᠂ ᠤᠷᠢᠳᠠᠪᠠᠷ ᠬᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠪᠠᠶᠢᠴᠠᠭᠠᠵᠤ ᠬᠢᠨᠠᠨ ᠵᠢᠯᠣᠭᠤᠳᠬᠤ ᠪᠠᠨ ᠴᠢᠩᠭᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠬᠢᠵᠦ᠂ ᠴᠡᠷᠢᠭ ᠡᠯᠰᠡᠬᠦ ᠠᠵᠢᠯ ᠤᠨ ᠤᠷᠤᠭᠰᠢᠲᠠᠶ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃                                                  ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2