ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠪᠣᠯᠤᠨ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ | ᠬᠠᠷᠢᠶ᠎ᠠ ᠬᠤᠯᠪᠣᠭᠳᠠᠯ ᠪᠦᠬᠦᠢ ᠨᠢᠭᠡᠴᠢ ᠳᠤ᠄ | ︽ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠷᠪᠠᠨ ᠬᠤᠶᠠᠳᠤᠭᠠᠷ ᠲᠤᠭ᠎ᠠ ᠪᠦᠷᠢᠳᠬᠡᠯ ᠤᠨ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠳᠤ ᠬᠢᠭᠰᠡᠨ ᠲᠤᠭ᠎ᠠ ᠪᠦᠷᠢᠳᠬᠡᠯ ᠤᠨ | ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠲᠤᠬᠠᠶ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠰᠢᠶᠠᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ | ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠳᠤ ᠰᠢᠶᠠᠨ ᠤ | ᠬᠤᠷᠢᠶᠠᠨ ᠤ ᠠᠯᠪᠠᠨ ᠭᠡᠷ᠂ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ 2021 | ᠣᠨ ᠤ 5 ᠳ᠋ᠤᠭᠠᠷ ᠰᠠᠷ᠎ᠠ ᠶᠢᠨ 17 ᠤ ᠡᠳᠦᠷ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠠᠷᠪᠠᠨ | ᠬᠤᠶᠠᠳᠤᠭᠠᠷ ᠲᠤᠭ᠎ᠠ ᠪᠦᠷᠢᠳᠬᠡᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ᠃ ᠱᠠᠯᠠᠪᠳᠠᠭᠤᠯᠤᠨ | ᠪᠠᠶᠢᠴᠠᠭᠠᠬᠤ ᠳᠤᠭᠤᠶᠢᠯᠠᠩ ᠥᠪᠥᠷ ᠮᠣᠩᠭᠤᠯ ᠳᠤ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ | ᠥᠷᠨᠢᠭᠦᠯᠪᠡ᠃ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ᠄ ᠤᠯᠠᠭᠠᠨᠴᠠᠪ ᠬᠤᠲᠠ ᠶᠢᠨ | ᠨᠠᠮ ᠤᠨ ᠬᠤᠷᠢᠶᠠᠨ ᠤ ᠠᠯᠪᠠᠨ ᠭᠡᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ | ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠷᠪᠠᠨ ᠬᠤᠶᠠᠳᠤᠭᠠᠷ ᠲᠤᠭ᠎ᠠ ᠪᠦᠷᠢᠳᠬᠡᠯ ᠤᠨ ᠰᠢᠮᠳᠠᠭᠤᠯᠤᠨ | ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠳᠤ ᠬᠢᠭᠰᠡᠨ ᠲᠤᠭ᠎ᠠ ᠪᠦᠷᠢᠳᠬᠡᠯ ᠤᠨ ᠰᠢᠮᠳᠠᠭᠤᠯᠤᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠴᠡᠭᠴᠡᠯᠡᠨ | ᠰᠠᠶᠢᠵᠢᠷᠠᠭᠤᠯᠬᠤ ᠲᠥᠰᠦᠯ︾ ᠢ ᠳᠠᠷᠤᠮᠠᠯᠯᠠᠨ ᠶᠠᠪᠤᠭᠤᠯᠬᠤ ᠮᠡᠳᠡᠭᠳᠡᠯ ᠤᠨ ᠵᠣᠷᠢᠭ ᠰᠠᠨᠠᠭ᠎ᠠ ᠶᠣᠰᠣᠭᠠᠷ᠂ ᠲᠤᠭ᠎ᠠ | ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠬᠤ ᠶᠢᠨ ᠲᠤᠰᠠᠳᠠ᠂ ᠮᠠᠨ ᠤ ᠰᠢᠶᠠᠨ ᠤ | ᠪᠣᠳᠠᠲᠠᠶ ᠲᠠᠢ ᠤᠶᠠᠯᠳᠤᠭᠤᠯᠤᠨ᠂ ᠳᠣᠣᠷᠠᠬᠢ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠬᠤᠶᠠᠳᠤᠭᠠᠷ ᠬᠤᠷᠠᠯ ᠢ ᠪᠥᠬᠦ ᠲᠠᠯ᠎ᠠ ᠪᠠᠷ | ᠲᠤᠭᠤᠰᠢᠯᠠᠭᠤᠯᠵᠦ᠂ ᠭᠤᠷᠪᠠᠳᠤᠭᠠᠷ᠂ ᠳᠥᠷᠪᠡᠳᠦᠭᠡᠷ᠂ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ | ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ | ᠥᠭᠦᠯᠡᠯᠲᠡ ᠪᠣᠯᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠵᠢᠴᠢ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠬᠡᠷᠡᠭᠲᠡᠢ᠂ ︽ᠳᠥᠷᠪᠡᠨ ᠤᠬᠠᠮᠰᠠᠷ︾ ᠢ ᠴᠢᠩᠭᠠᠳᠬᠠᠵᠦ᠂ ︽ᠳᠥᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠂ ᠬᠠᠷᠠᠯᠲᠠ ᠶᠢᠨ ᠤᠳᠤᠷᠢᠳᠤᠮᠵᠢ᠂ ᠦᠷ᠎ᠡ ᠳ᠋ᠦᠩ ᠤᠨ ᠤᠳᠤᠷᠢᠳᠤᠮᠵᠢ᠂ | ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢ ᠪᠠᠷᠢᠮᠲᠠᠯᠠᠨ᠎ᠠ᠂ ᠦᠨᠡᠨᠬᠦ ᠠᠳᠬᠤᠨ ᠪᠣᠳᠠᠲᠠᠶ ᠥᠭᠡᠷᠡᠴᠢᠯᠡᠵᠦ᠂ | ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠥᠨᠳᠥᠷ | ᠪᠠᠷᠢᠮᠵᠢᠶ᠎ᠠ ᠪᠠᠷ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ᠂ ᠮᠠᠨ ᠤ ᠰᠢᠶᠠᠨ ᠤ ᠲᠤᠭ᠎ᠠ ᠪᠦᠷᠢᠳᠬᠡᠯ ᠤᠨ ᠠᠵᠢᠯ ᠳᠤ | ᠣᠷᠣᠰᠢᠵᠤ ᠪᠠᠢᠭ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠂ ᠲᠤᠭ᠎ᠠ ᠪᠦᠷᠢᠳᠬᠡᠯ ᠤᠨ ᠥᠭᠡᠷᠡᠴᠢᠯᠡᠯᠲᠡ | ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠤᠶᠠᠷ᠂ ᠠᠵᠢᠯ ᠤᠨ | ᠵᠠᠷᠴᠢᠮ ︵ᠨᠢᠭᠡ︶ ᠤᠯᠤᠰ ᠲᠥᠷᠥ ᠪᠠᠷ ᠬᠥᠲᠥᠯᠥᠨ ᠵᠢᠯᠣᠭᠤᠳᠬᠤ ᠶᠢ ᠪᠠᠷᠢᠮᠲᠠᠯᠠᠨ᠎ᠠ᠃ ᠲᠤᠭ᠎ᠠ ᠪᠦᠷᠢᠳᠬᠡᠯ ᠢ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ | ᠤᠯᠤᠰ ᠲᠥᠷᠥ ᠶᠢᠨ ᠪᠠᠷᠢᠮᠵᠢᠶ᠎ᠠ ᠶᠢ ᠳᠣᠪᠤᠶᠢᠯᠭᠠᠨ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ | ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠬᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ | ᠦᠨᠡᠨ ᠬᠦ ᠡᠭᠦᠷᠭᠡᠯᠡᠵᠦ᠂ ᠤᠯᠤᠰ ᠲᠥᠷᠥ ᠶᠢᠨ ᠲᠠᠯ᠎ᠠ ᠠᠴᠠ ᠦᠵᠡᠬᠦ᠂ ᠤᠯᠤᠰ ᠲᠥᠷᠥ ᠶᠢᠨ ᠲᠠᠯ᠎ᠠ ᠠᠴᠠ ᠬᠢᠬᠦ ᠶᠢ | ᠪᠠᠷᠢᠮᠲᠠᠯᠠᠨ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠢᠶᠠᠷ ᠵᠣᠬᠢᠶᠠᠬᠤ | ᠠᠵᠢᠯᠯᠠᠭ᠎ᠠ ᠶᠢ ᠡᠷᠡᠰ ᠬᠤᠷᠢᠭᠯᠠᠵᠤ᠂ ᠵᠣᠷᠢᠭᠲᠠᠶ ᠬᠢᠬᠦ ᠥᠬᠡᠶ᠂ ᠬᠢᠵᠦ ᠳᠡᠶᠢᠯᠬᠦ ᠥᠬᠡᠶ᠂ ᠬᠠᠭᠤᠷᠮᠠᠭᠯᠠᠨ ᠵᠣᠬᠢᠶᠠᠬᠤ | ᠰᠠᠨᠠᠭ᠎ᠠ ᠥᠬᠡᠶ ᠲᠤᠭ᠎ᠠ ᠪᠦᠷᠢᠳᠬᠡᠯ ᠤᠨ ᠠᠮᠢ ᠠᠬᠤᠶ ᠶᠢᠨ ᠣᠷᠴᠢᠨ ᠲᠣᠭᠤᠷᠢᠨ ᠢ ᠢᠳᠡᠪᠬᠢᠲᠡᠶ ᠪᠣᠶ ᠪᠣᠯᠭᠠᠨ᠎ᠠ᠃ ︵ | ᠬᠤᠶᠠᠷ︶ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ ᠶᠢ ᠪᠠᠷᠢᠮᠲᠠᠯᠠᠨ᠎ᠠ᠃ ᠴᠡᠭ ᠠᠴᠠ | ᠨᠡᠶᠢᠳᠡᠮ ᠳᠤ ᠬᠦᠷᠬᠦ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠬᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ | ᠲᠤᠪᠤᠶᠢᠯᠭᠠᠬᠤ ᠶᠢ ᠪᠠᠷᠢᠮᠲᠠᠯᠠᠵᠤ᠂ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ | ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠬᠦ ᠪᠠᠷ ᠪᠠᠷᠠᠬᠤ ᠦᠭᠡᠢ ᠪᠠᠰᠠ ᠲᠤᠭ᠎ᠠ ᠪᠦᠷᠢᠳᠬᠡᠯ ᠤᠨ | ᠠᠵᠢᠯ ᠤᠨ ᠳᠤᠮᠳᠠᠬᠢ ᠳᠤᠲᠠᠭᠤᠳᠠᠯ ᠪᠠᠭᠤᠷᠠᠢ ᠲᠠᠯ᠎ᠠ ᠶᠢ ᠪᠦᠬᠦ ᠲᠠᠯ᠎ᠠ ᠪᠠᠷ ᠭᠦᠨᠵᠡᠭᠡᠢ ᠡᠷᠢᠵᠦ᠂ ᠲᠤᠭ᠎ᠠ | ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ | ᠰᠢᠢᠳᠬᠡᠬᠦ ᠠᠵᠢᠯ ᠤᠨ ᠰᠢᠰᠲ᠋ᠧᠮ ᠤᠨ ᠪᠦᠷᠢᠯᠳᠦᠬᠦ ᠶᠢ ᠠᠬᠢᠭᠤᠯᠵᠤ᠂ ᠨᠢᠭᠡ ᠠᠰᠠᠭᠤᠳᠠᠯ ᠢ ᠰᠢᠢᠳᠪᠦᠷᠢᠯᠡᠬᠦ ᠶᠢ | ᠦᠨᠡᠨ ᠬᠦ ᠪᠡᠶᠡᠯᠡᠭᠦᠯᠵᠦ᠂ ᠨᠢᠭᠡ ᠪᠦᠯᠦᠭ ᠳᠤᠲᠠᠭᠳᠠᠯ ᠢ ᠨᠥᠬᠦᠪᠥᠷᠢᠯᠡᠵᠦ᠂ ᠨᠢᠭᠡ ᠢᠵᠢ ᠲᠦᠷᠢᠮ ᠢ | ᠲᠡᠭᠦᠯᠳᠡᠷᠵᠢᠭᠦᠯᠬᠦ ᠬᠡᠷᠡᠭᠲᠡᠢ᠃ ︵ᠭᠤᠷᠪᠠ︶ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠨ᠎ᠠ᠃ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠡᠭᠦᠷᠭᠡ ᠴᠢᠳᠠᠪᠬᠢ ᠬᠠᠷᠢᠭᠤᠴᠠᠯᠭ᠎ᠠ ᠪᠠᠨ ᠭᠦᠢᠴᠡᠳᠬᠡᠬᠦ᠂ | ᠲᠤᠭ᠎ᠠ ᠪᠦᠷᠢᠳᠬᠡᠯ ᠤᠨ ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ | ᠦᠨᠡᠨ ᠬᠦ ᠠᠳᠬᠤᠵᠤ᠂ ᠪᠣᠳᠠᠲᠠᠢ ᠦᠷ᠎ᠡ ᠪᠦᠲᠦᠮᠵᠢ ᠶᠢ ᠡᠷᠬᠢᠮᠯᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ | ᠴᠢᠩᠭ᠎ᠠ ᠴᠡᠭᠡᠷᠯᠡᠵᠦ᠂ ᠡᠮᠦᠨ᠎ᠡ ᠨᠢ ᠴᠢᠩᠭ᠎ᠠ ᠬᠤᠶᠢᠨ᠎ᠠ ᠨᠢ ᠰᠤᠯᠠ᠂ ᠪᠠᠷᠰ ᠤᠨ ᠲᠣᠯᠣᠭᠠᠢ ᠪᠠᠷ ᠡᠬᠢᠯᠡᠭᠡᠳ | ᠮᠣᠭᠠᠢ ᠶᠢᠨ ᠰᠡᠭᠦᠯ ᠢᠶᠠᠷ ᠲᠡᠭᠦᠰᠬᠡᠬᠦ ᠶᠢ ᠡᠷᠡᠰ ᠰᠡᠷᠭᠡᠶᠢᠯᠡᠵᠦ᠂ ᠰᠣᠩᠭᠤᠯᠲᠠ ᠲᠠᠢ ᠴᠡᠭᠴᠡᠯᠡᠨ ᠰᠠᠶᠢᠵᠢᠷᠠᠭᠤᠯᠬᠤ ᠶᠢ | ᠡᠷᠡᠰ ᠰᠡᠷᠭᠡᠶᠢᠯᠡᠵᠦ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠢ ᠲᠤᠭᠤᠰᠢᠲᠠᠢ | ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃ ᠭᠤᠷᠪᠠ᠂ ᠬᠠᠷᠢᠭᠤ ᠲᠤᠰᠬᠠᠭᠰᠠᠨ ᠠᠰᠠᠭᠤᠳᠠᠯ ᠪᠠ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ ︵ᠨᠢᠭᠡ︶ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠰᠤᠷᠤᠯᠴᠠᠨ ᠲᠤᠭᠤᠰᠢᠯᠠᠭᠤᠯᠬᠤ ᠲᠠᠯ᠎ᠠ ᠪᠠᠷ᠄ 1. ᠴᠠᠭ ᠲᠤᠬᠠᠶ ᠳᠤᠨᠢ ᠤᠯᠠᠮᠵᠢᠯᠠᠨ | ᠰᠤᠷᠤᠯᠴᠠᠬᠤ ᠥᠬᠡᠶ᠃ ︵1︶ ᠰᠢᠮᠳᠠᠭᠤᠯᠤᠨ ᠪᠠᠶᠢᠴᠠᠭᠠᠵᠤ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ︽ᠰᠠᠨᠠᠯ︾ ᠢ ᠤᠯᠠᠮᠵᠢᠯᠠᠨ ᠰᠤᠷᠤᠯᠴᠠᠬᠤ ᠠᠵᠢᠯ ᠤᠨ ᠲᠠᠯ᠎ᠠ ᠪᠠᠷ᠄ ᠱᠠᠭᠠᠷᠳᠠᠯᠭ᠎ᠠ | ᠶᠣᠰᠣᠭᠠᠷ ᠴᠠᠭ ᠲᠤᠬᠠᠶ ᠳᠤᠨᠢ ᠵᠣᠬᠢᠶᠠᠨ ᠪᠠᠶᠢᠭᠤᠯᠵᠤ ᠥᠷᠨᠢᠭᠦᠯᠦᠭᠰᠡᠨ ᠥᠬᠡᠶ᠃ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ᠄ ᠰᠢᠶᠠᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠲᠤᠭ᠎ᠠ ᠪᠦᠷᠢᠳᠬᠡᠯ ᠢ ᠬᠠᠭᠤᠷᠮᠠᠭᠯᠠᠨ | ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠬᠡᠬᠦ ᠪᠡᠶᠡᠴᠢ | ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠎ᠠ᠃ ᠰᠢᠶᠠᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠶᠡᠷᠦᠩᠬᠡᠶ | ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠲᠥᠪ ᠤᠨ ︽ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ | ᠳᠡᠭᠡᠭᠰᠢᠯᠡᠭᠦᠯᠬᠦ ᠲᠤᠬᠠᠶ ᠰᠠᠨᠠᠯ︾ ︵ᠲᠥᠪ ᠠᠯᠪᠠᠨ ᠲᠠᠷᠬᠠᠭᠠᠭᠰᠠᠨ 201676 ᠳ᠋ᠤᠭᠠᠷ ᠲᠣᠭᠠᠲᠤ᠂ ᠳᠣᠷᠣᠭᠰᠢ ︽ | ᠰᠠᠨᠠᠯ︾ ᠭᠡᠵᠦ ᠲᠣᠪᠴᠢᠯᠠᠨ᠎ᠠ︶᠂ ︽ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ | ᠵᠥᠷᠢᠴᠡᠭᠰᠡᠨ ᠬᠠᠷᠢᠭᠤᠴᠠᠯᠭ᠎ᠠ ᠲᠠᠢ ᠬᠥᠮᠦᠨ ᠳᠤ ᠰᠢᠳᠬᠡᠯ ᠥᠭᠴᠦ ᠰᠢᠢᠳᠪᠦᠷᠢᠯᠡᠬᠦ ᠰᠠᠨᠠᠭᠤᠯᠭ᠎ᠠ ᠶᠢᠨ ᠠᠷᠭ᠎ᠠ︾ ︵ | ᠲᠢᠩᠬᠢᠮ ᠥᠰᠥᠭ 201737 ᠳ᠋ᠤᠭᠠᠷ ᠲᠣᠭᠠᠲᠤ᠂ ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠵᠢᠴᠢ ︽ | ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠬᠦ ᠪᠠ | ᠵᠠᠯᠬᠠᠭᠠᠨ ᠰᠢᠳᠬᠡᠬᠦ ᠶᠢ ᠰᠢᠮᠳᠠᠭᠤᠯᠤᠨ ᠪᠠᠶᠢᠴᠠᠭᠠᠬᠤ ᠠᠵᠢᠯ ᠤᠨ ᠲᠣᠭᠲᠠᠭᠠᠯ︾ ︵ᠲᠢᠩᠬᠢᠮ ᠥᠰᠥᠭ 201877᠃ | 5 ᠰᠠᠷ᠎ᠠ ᠶᠢᠨ 15 ᠤ ᠡᠳᠦᠷ ᠠᠴᠠ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ᠂ | ᠵᠠᠰᠠᠭ ᠤᠨ ᠣᠷᠳᠣᠨ ᠤ ᠪᠠᠶᠢᠩᠭᠤ ᠶᠢᠨ ᠬᠤᠷᠢᠶ᠎ᠠ ᠪᠤᠶᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ | ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ︽ᠠᠷᠭ᠎ᠠ︾᠂ ︽ᠲᠣᠭᠲᠠᠭᠠᠯ︾ ᠢ | ᠲᠠᠬᠢᠨ ᠰᠤᠷᠤᠯᠴᠠᠵᠤ ᠲᠠᠬᠢᠨ ᠲᠤᠭᠤᠰᠢᠯᠠᠭᠤᠯᠵᠤ ᠲᠠᠬᠢᠨ ᠨᠠᠶᠢᠳᠠᠪᠤᠷᠢᠵᠢᠭᠤᠯᠤᠨ᠎ᠠ᠃ ᠬᠠᠷᠢᠭᠤᠴᠠᠯᠭᠠᠲᠤ ᠨᠢᠭᠡᠴᠡ᠄ | ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠰᠢᠶᠠᠨ ᠤ ᠲᠤᠭ᠎ᠠ | ᠪᠦᠷᠢᠳᠬᠡᠯ ᠤᠨ ᠲᠣᠪᠴᠢᠶ᠎ᠠ ᠪᠡᠶᠡᠯᠡᠭᠦᠯᠬᠦ ᠴᠠᠭ ᠬᠤᠭᠤᠴᠠᠭ᠎ᠠ᠄ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ | 2021 ᠣᠨ ᠤ 5 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠪᠣᠳᠠᠲᠤ ᠦᠷ᠎ᠡ ᠪᠦᠳᠦᠮᠵᠢ ᠶᠢ ᠣᠯᠤᠨ᠎ᠠ᠃ | ︵2︶ ᠰᠢᠪᠠᠳᠠᠨ ᠪᠠᠶᠢᠴᠠᠭᠠᠭᠳᠠᠬᠤ ᠬᠡᠰᠡᠭ ᠬᠤᠲᠠ ᠰᠢᠶᠠᠨ ᠤ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠳᠤ ᠰᠢᠪᠠᠳᠠᠨ ᠪᠠᠶᠢᠴᠠᠭᠠᠬᠤ ᠳᠤᠭᠤᠶᠢᠯᠠᠩ ᠣᠷᠣᠵᠤ ᠰᠠᠭᠤᠬᠤ ᠠᠴᠠ ᠡᠮᠦᠨ᠎ᠡ ᠰᠠᠶ᠋ᠢ ᠵᠣᠬᠢᠶᠠᠨ ᠪᠠᠶᠢᠭᠤᠯᠵᠤ | ᠰᠤᠷᠤᠯᠴᠠᠬᠤ ᠦᠵᠡᠭᠳᠡᠯ ᠣᠷᠣᠰᠢᠵᠤ ᠪᠠᠶᠢᠨ᠎ᠠ᠃ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄ ᠶᠡᠷᠦᠩᠬᠡᠶ ᠱᠦᠵᠢ | ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠤᠭ᠎ᠠ | ᠪᠦᠷᠢᠳᠬᠡᠯ ᠤᠨ ᠠᠵᠢᠯ ᠤᠨ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠠᠭ | ᠲᠤᠬᠠᠶ ᠳᠤᠨᠢ ᠤᠯᠠᠮᠵᠢᠯᠠᠨ ᠰᠤᠷᠤᠯᠴᠠᠵᠤ᠂ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠰᠤᠷᠤᠯᠴᠠᠬᠤ ᠬᠡᠷᠡᠭᠲᠡᠶ᠃ | ᠬᠠᠷᠢᠭᠤᠴᠠᠯᠭᠠᠲᠤ ᠨᠢᠭᠡᠴᠡ᠄ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ | ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠡᠶᠡᠯᠡᠭᠦᠯᠬᠦ ᠴᠠᠭ ᠬᠤᠭᠤᠴᠠᠭ᠎ᠠ᠄ ᠪᠠᠷᠢᠨ ᠬᠡᠷᠡᠭᠵᠢᠭᠦᠯᠵᠦ ᠪᠠᠷᠢᠨ | ᠥᠭᠡᠷᠡᠴᠢᠯᠡᠵᠦ᠂ ᠤᠷᠲᠤ ᠬᠤᠭᠤᠴᠠᠭ᠎ᠠ ᠪᠠᠷ ᠪᠡᠶᠡᠯᠡᠭᠦᠯᠦᠨ᠎ᠡ᠃ 2. ᠰᠤᠷᠤᠯᠭ᠎ᠠ ᠶᠢᠨ ᠦᠷ᠎ᠡ ᠪᠦᠲᠦᠮᠵᠢ ᠢᠯᠡᠷᠬᠡᠢ | ᠪᠢᠰᠢ᠃ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠳᠤ ᠣᠯᠵᠤ ᠮᠡᠳᠡᠭᠰᠡᠨ ᠨᠢ᠂ ᠣᠨᠴᠠ ᠵᠠᠷᠢᠮ ᠰᠢᠪᠠᠳᠠᠨ | ᠪᠠᠶᠢᠴᠠᠭᠠᠭᠳᠠᠬᠤ ᠭᠠᠵᠠᠷ ᠣᠷᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠪᠤᠰᠤ ᠠᠵᠢᠯᠲᠠᠨ ᠤ ᠬᠠᠭᠠᠰ ᠠᠴᠠ | ᠳᠡᠭᠡᠭᠰᠢᠬᠢ ᠲᠣᠭᠠᠨ ᠤ ᠪᠠᠶᠢᠴᠠᠭᠠᠭᠳᠠᠭᠴᠢ ︽ᠰᠠᠨᠠᠯ︾ ᠤᠨ ᠵᠣᠷᠢᠭ ᠰᠠᠨᠠᠭ᠎ᠠ ᠪᠠ ᠭᠤᠤᠯ ᠠᠭᠤᠯᠭ᠎ᠠ ᠶᠢ | ᠣᠨᠣᠪᠴᠢᠲᠠᠶ ᠡᠵᠡᠮᠰᠢᠭᠰᠡᠨ ᠥᠬᠡᠶ᠂ ᠴᠢᠨᠠᠭᠰᠢᠯᠠᠪᠠᠯ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠭᠰᠠᠨ᠂ ᠬᠤᠳᠠᠯ | ᠬᠡᠯᠡᠵᠦ ᠬᠠᠭᠤᠷᠮᠠᠭᠯᠠᠨ ᠵᠣᠬᠢᠶᠠᠭᠰᠠᠨ ᠨᠢ ᠲᠡᠶᠢᠮᠦ ᠬᠦᠨᠳᠦ ᠨᠣᠴᠢᠲᠠᠶ ᠶᠠᠪᠤᠳᠠᠯ ᠪᠢᠰᠢ᠂ ᠡᠭᠦᠨ ᠠᠴᠠ ᠪᠣᠯᠵᠣ | ᠰᠢᠳᠬᠡᠯ ᠤᠯᠬᠤ ᠥᠬᠡᠶ᠃ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄ ᠨᠢᠭᠡ ᠳᠤ ᠪᠦᠬᠦ ᠰᠢᠶᠠᠨ ᠤ ᠲᠤᠭ᠎ᠠ | ᠪᠦᠷᠢᠳᠬᠡᠯ ᠤᠨ ᠬᠠᠤᠯᠢ ᠰᠠᠬᠢᠯᠭ᠎ᠠ ᠠᠴᠠ ᠵᠥᠷᠢᠴᠡᠭᠰᠡᠨ ᠬᠡᠷᠡᠭ ᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢ ᠵᠢᠯ | ᠪᠦᠷᠢ ᠨᠢᠭᠡ ᠤᠳᠠᠭ᠎ᠠ ᠬᠤᠷᠠᠯᠳᠤᠭᠤᠯᠵᠤ᠂ ᠡᠯ᠎ᠡ ᠲᠥᠷᠥᠯ ᠤᠨ ᠲᠤᠭ᠎ᠠ ᠪᠦᠷᠢᠳᠬᠡᠯ ᠤᠨ ᠪᠠᠶᠢᠴᠠᠭᠠᠭᠳᠠᠬᠤ ᠡᠲᠡᠭᠡᠳ᠂ | ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠬᠠᠤᠯᠢ ᠰᠠᠬᠢᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠬᠤ | ᠬᠡᠷᠡᠭᠲᠡᠶ᠃ ᠬᠠᠷᠢᠭᠤᠴᠠᠯᠭᠠᠲᠤ ᠨᠢᠭᠡᠴᠢ᠄ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠡᠶᠡᠯᠡᠭᠦᠯᠬᠦ ᠴᠠᠭ ᠬᠤᠭᠤᠴᠠᠭ᠎ᠠ᠄ ᠪᠠᠷᠢᠨ ᠬᠡᠷᠡᠭᠵᠢᠭᠦᠯᠵᠦ | ᠪᠠᠷᠢᠨ ᠥᠭᠡᠷᠡᠴᠢᠯᠡᠵᠦ᠂ ᠤᠷᠲᠤ ᠬᠤᠭᠤᠴᠠᠭ᠎ᠠ ᠪᠠᠷ ᠬᠢᠨ᠎ᠡ᠃ ᠬᠤᠶᠠᠷ ᠲᠤ ᠰᠢᠶᠠᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠵᠡᠷᠭᠡ ᠬᠤᠯᠪᠣᠭᠳᠠᠯ ᠪᠥᠬᠦᠶ ᠰᠠᠯᠠᠭ᠎ᠠ | ᠮᠥᠴᠢᠷ ᠢ ᠰᠢᠮᠳᠠᠭᠤᠯᠤᠨ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ︽ᠰᠠᠨᠠᠯ︾᠂ ︽ᠠᠷᠭ᠎ᠠ︾᠂ ︽ | ᠲᠣᠭᠲᠠᠭᠠᠯ︾ ᠢᠶᠠᠷ ᠭᠤᠤᠯ ᠠᠭᠤᠯᠭ᠎ᠠ ᠪᠣᠯᠭᠠᠵᠤ᠂ ᠲᠣᠰ ᠰᠠᠯᠠᠭ᠎ᠠ ᠮᠥᠴᠢᠷ ᠤᠨ ᠪᠥᠬᠦ ᠺᠠᠳ᠋ᠷ ᠢ ᠵᠣᠬᠢᠶᠠᠨ | ᠪᠠᠶᠢᠭᠤᠯᠤᠨ 1 ᠤᠳᠠᠭ᠎ᠠ ᠲᠤᠰᠬᠠᠶ ᠰᠡᠳᠦᠪᠲᠦ ᠰᠤᠷᠤᠯᠴᠠᠯᠭ᠎ᠠ ᠥᠷᠨᠢᠭᠦᠯᠦᠨ᠎ᠡ᠃ ᠡᠭᠦᠨ ᠤ ᠬᠠᠮᠲᠤ ᠬᠡᠪᠰᠢᠭᠰᠡᠨ | ᠰᠤᠷᠤᠯᠴᠠᠯᠭ᠎ᠠ ᠶᠢᠨ ᠲᠣᠭᠲᠠᠴᠠ ᠶᠢ ᠪᠠᠶᠢᠭᠤᠯᠵᠤ᠂ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠲᠤᠰᠬᠠᠶ ᠰᠡᠳᠦᠪᠲᠦ | ᠰᠤᠷᠤᠯᠴᠠᠯᠭ᠎ᠠ ᠲᠣᠬᠢᠷᠠᠭᠤᠯᠤᠨ᠎ᠠ᠃ ᠬᠠᠷᠢᠭᠤᠴᠠᠯᠭᠠᠲᠤ ᠨᠢᠭᠡᠴᠡ᠄ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠡᠶᠡᠯᠡᠭᠦᠯᠬᠦ ᠴᠠᠭ ᠬᠤᠭᠤᠴᠠᠭ᠎ᠠ᠄ ᠲᠤᠰᠬᠠᠶ ᠰᠡᠳᠦᠪᠲᠦ | ᠰᠤᠷᠤᠯᠴᠠᠯᠭ᠎ᠠ ᠶᠢᠨ ᠪᠠᠶᠢᠳᠠᠯ᠃ 2021 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠶᠠᠨ ᠤ | ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠠᠯᠪᠠᠨ ᠬᠡᠷ ᠲᠤ | ᠮᠡᠳᠡᠭᠦᠯᠬᠦ ᠶᠢᠨ ᠬᠠᠮᠲᠤ᠂ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ᠃ 3 . ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠡᠷᠴᠢᠮ ᠬᠦᠷᠦᠯᠴᠡᠬᠦ ᠥᠬᠡᠶ᠃ ︵1︶ ᠰᠢᠮᠳᠠᠭᠤᠯᠤᠨ ᠪᠠᠶᠢᠴᠠᠭᠠᠵᠤ ᠵᠢᠭᠠᠵᠤ | ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠠᠷᠭ᠎ᠠ︾ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠱᠠᠭᠠᠷᠳᠠᠯᠭ᠎ᠠ ᠶᠣᠰᠣᠭᠠᠷ ᠰᠤᠳᠤᠯᠤᠨ | ᠲᠣᠭᠲᠠᠭᠠᠭᠰᠠᠨ ᠥᠬᠡᠶ᠃ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄ ᠥᠪᠡᠷᠲᠡᠭᠡᠨ ᠵᠠᠰᠠᠬᠤ ᠣᠷᠣᠨ ︽ | ᠠᠷᠭ᠎ᠠ︾ ᠶᠢᠨ ᠪᠣᠳᠠᠲᠠᠶ ᠠᠷᠭ᠎ᠠ ᠬᠡᠮᠵᠢᠶ᠎ᠡ ᠶᠢ ᠲᠣᠭᠲᠠᠭᠠᠭᠰᠠᠨ ᠤ ᠳᠠᠷᠠᠭ᠎ᠠ᠂ ᠮᠠᠨ ᠤ ᠰᠢᠶᠠᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠪᠠ | ᠃ ᠬᠠᠷᠢᠭᠤᠴᠠᠯᠭᠠᠲᠤ ᠨᠢᠭᠡᠴᠡ᠄ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ | ᠭᠡᠷ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠡᠶᠡᠯᠡᠭᠦᠯᠬᠦ ᠴᠠᠭ ᠬᠤᠭᠤᠴᠠᠭ᠎ᠠ᠄ 2021 ᠣᠨ ᠤ 6 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠣᠳᠠᠲᠤ ᠦᠷ᠎ᠡ ᠪᠦᠲᠦᠮᠵᠢ ᠣᠯᠵᠤ᠂ ᠣᠷᠳᠣ ᠬᠤᠭᠤᠴᠠᠭ᠎ᠠ ᠪᠠᠷ | ᠪᠠᠷᠢᠮᠲᠠᠯᠠᠨ᠎ᠠ᠃ ︵2︶ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠭᠡᠳ ᠣᠯᠵᠤ ᠮᠡᠳᠡᠭᠰᠡᠨ ᠨᠢ᠂ ᠬᠡᠰᠡᠭ | ᠤᠳᠤᠷᠢᠳᠬᠤ ᠺᠠᠳ᠋ᠷ ᠮᠥᠨ ᠯᠡ ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠣᠶ ᠪᠣᠯᠭᠠᠭᠰᠠᠨ ᠥᠬᠡᠶ᠂ | 62 . 7 % ᠶᠢᠨ ᠪᠠᠶᠢᠴᠠᠭᠠᠭᠳᠠᠭᠴᠢ ︽ᠳᠡᠭᠡᠳᠦ ᠱᠠᠲᠤᠨ ᠠᠴᠠ ᠪᠠᠭᠤᠯᠭᠠᠭᠰᠠᠨ ᠠᠵᠤ ᠠᠬᠤᠶ ᠶᠢᠨ ᠬᠠᠷᠠᠯᠲᠠ ᠶᠢ | ᠵᠠᠳᠠᠯᠬᠤ ᠡᠭᠦᠷᠭᠡ ᠨᠢ ᠪᠣᠳᠠᠲᠤ ᠪᠠᠶᠢᠳᠠᠯ ᠲᠠᠢ ᠨᠡᠶᠢᠴᠡᠬᠦ ᠥᠬᠡᠶ᠂ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠴᠢᠩᠭ᠎ᠠ | ᠬᠢᠨᠠᠨ ᠰᠢᠯᠭᠠᠵᠤ᠂ ᠣᠷᠣᠨ ᠨᠤᠲᠤᠭ ᠪᠤᠶᠤ ᠰᠠᠯᠠᠭ᠎ᠠ ᠮᠥᠴᠢᠷ ᠤᠨ ᠬᠢᠨᠠᠨ ᠰᠢᠯᠭᠠᠬᠤ ᠬᠠᠷᠠᠯᠲᠠ ᠡᠭᠦᠷᠭᠡ ᠪᠠᠨ | ᠪᠡᠶᠡᠯᠡᠭᠦᠯᠬᠦ ᠳᠠᠷᠤᠯᠲᠠ ᠶᠡᠭᠡ ᠪᠠᠶᠢᠨ᠎ᠠ︾ ᠭᠡᠵᠦ ᠦᠵᠡᠵᠦ ᠪᠠᠶᠢᠨ᠎ᠠ︔ 57 . 2 % ᠤᠨ ᠪᠠᠶᠢᠴᠠᠭᠠᠭᠳᠠᠭᠴᠢ ᠮᠥᠨ | ᠯᠡ ︽ᠲᠤᠭ᠎ᠠ ᠪᠠᠷᠢᠮᠲᠠ ᠨᠢ ᠨᠣᠶᠠᠨ ᠵᠡᠷᠭᠡ ᠠᠴᠠ ᠭᠠᠷᠬᠤ︾ ᠶᠢ ᠢᠲᠡᠭᠡᠵᠦ᠂ ᠲᠣᠭᠠᠨ ᠤ ᠠᠵᠢᠯ ᠤᠨ ᠪᠦᠲᠦᠮᠵᠢ ᠪᠠᠷ | ᠳᠡᠮᠵᠢᠨ ᠵᠡᠷᠭᠡ ᠳᠡᠪᠰᠢᠵᠦ ᠪᠣᠯᠤᠨ᠎ᠠ ᠭᠡᠵᠦ ᠦᠵᠡᠵᠦ ᠪᠠᠶᠢᠨ᠎ᠠ᠃ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄ | ᠨᠢᠭᠡ ᠳᠤ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ | ᠰᠡᠷᠭᠡᠶᠢᠯᠡᠬᠦ ᠪᠠ ᠵᠠᠯᠬᠠᠭᠠᠨ ᠰᠢᠳᠬᠡᠬᠦ ᠪᠠᠶᠢᠳᠠᠯ ᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠤᠯᠤᠰ ᠲᠥᠷᠥ ᠶᠢᠨ ᠠᠮᠢ | ᠠᠬᠤᠶ ᠶᠢ ᠬᠢᠨᠠᠨ ᠬᠡᠮᠵᠢᠵᠦ ᠦᠨᠡᠯᠡᠨ ᠵᠢᠱᠢᠬᠦ ᠠᠭᠤᠯᠭ᠎ᠠ ᠳᠤ ᠣᠷᠣᠭᠤᠯᠤᠨ᠎ᠠ᠃ ᠬᠠᠷᠢᠭᠤᠴᠠᠯᠭᠠᠲᠤ ᠨᠢᠭᠡᠴᠢ᠄ | ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠡᠶᠡᠯᠡᠭᠦᠯᠬᠦ ᠴᠠᠭ ᠬᠤᠭᠤᠴᠠᠭ᠎ᠠ᠄ | ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠤᠷᠲᠤ ᠬᠤᠭᠤᠴᠠᠭ᠎ᠠ ᠪᠠᠷ ᠪᠠᠷᠢᠮᠳᠠᠯᠠᠨ᠎ᠠ᠃ ᠬᠤᠶᠠᠷ ᠲᠤ ᠵᠠᠰᠠᠭ ᠤᠨ | ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠠᠵᠢᠯ ᠢ ᠰᠠᠶᠢᠵᠢᠷᠠᠭᠤᠯᠤᠨ ᠲᠡᠭᠦᠯᠳᠡᠷᠵᠢᠭᠦᠯᠵᠦ᠂ ᠨᠠᠮ ᠤᠨ ᠭᠡᠰᠢᠭᠦᠨ | ᠤᠳᠤᠷᠢᠳᠬᠤ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠵᠥᠪ ᠬᠥᠭᠵᠢᠯᠲᠡ ᠶᠢᠨ ᠦᠵᠡᠯᠲᠡ᠂ ᠵᠠᠰᠠᠭ ᠤᠨ | ᠠᠵᠢᠯ ᠤᠨ ᠪᠦᠲᠦᠮᠵᠢ ᠶᠢᠨ ᠦᠵᠡᠯᠲᠡ ᠪᠠ ᠬᠤᠷᠳᠤᠴᠠ ᠶᠢᠨ ᠦᠵᠡᠯᠲᠡ ᠶᠢ ᠪᠤᠢ ᠪᠣᠯᠭᠠᠨ᠎ᠠ᠃ ᠬᠠᠷᠢᠭᠤᠴᠠᠯᠭᠠᠲᠤ | ᠨᠢᠭᠡᠴᠢ᠄ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠡᠶᠡᠯᠡᠭᠦᠯᠬᠦ ᠴᠠᠭ ᠬᠤᠭᠤᠴᠠᠭ᠎ᠠ᠄ | ᠨᠠᠶᠢᠳᠠᠪᠤᠷᠢᠵᠢᠭᠤᠯᠬᠤ ᠠᠵᠢᠯ ᠢ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠶᠠᠨ ᠤ ᠲᠤᠭ᠎ᠠ ᠪᠦᠷᠢᠳᠬᠡᠯ ᠤᠨ | ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠯᠪᠠᠨ ᠬᠡᠷ ᠲᠤ ᠮᠡᠳᠡᠭᠦᠯᠦᠨ᠎ᠡ᠃ ᠭᠤᠷᠪᠠ ᠳᠤ | ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠭᠳᠡᠭᠰᠡᠨ ᠪᠠᠶᠢᠳᠠᠯ ᠢ ᠪᠦᠷᠢᠳᠬᠡᠵᠦ ᠣᠨ ᠤ | ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠶᠢ ᠠᠬᠢᠭᠤᠯᠬᠤ ᠭᠦᠶ᠋ᠴᠡᠳᠬᠡᠯ ᠲᠤᠭ᠎ᠠ ᠶᠢᠨ ᠬᠤᠪᠢ | ᠬᠠᠰᠤᠬᠤ ᠵᠦᠢᠯᠡᠰ ᠪᠣᠯᠭᠠᠪᠠ᠃ ᠬᠠᠷᠢᠭᠤᠴᠠᠯᠭᠠᠲᠤ ᠨᠢᠭᠡᠴᠢ᠄ ᠰᠢᠶᠠᠨ ᠤ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ ᠪᠡᠶᠡᠯᠡᠭᠦᠯᠬᠦ ᠴᠠᠭ ᠬᠤᠭᠤᠴᠠᠭ᠎ᠠ᠄ ᠨᠠᠶᠢᠳᠠᠪᠤᠷᠢᠵᠢᠭᠤᠯᠬᠤ ᠠᠵᠢᠯ ᠢ 5 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠰᠢᠶᠠᠨ ᠤ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠯᠪᠠᠨ ᠬᠡᠷ ᠲᠤ ᠮᠡᠳᠡᠭᠦᠯᠦᠨ᠎ᠡ᠃ 4 . ᠲᠤᠭ᠎ᠠ ᠪᠦᠷᠢᠳᠬᠡᠯ ᠤᠨ ᠠᠵᠢᠯ ᠢ ᠴᠢᠬᠤᠯᠠᠴᠢᠯᠠᠭᠰᠠᠨ | ᠬᠡᠮᠵᠢᠶ᠎ᠡ ᠬᠦᠷᠦᠯᠴᠡᠬᠦ ᠦᠭᠡᠶ ᠪᠠᠶᠢᠨ᠎ᠠ᠃ ᠣᠨᠴᠠ ᠵᠠᠷᠢᠮ ᠶᠠᠷᠢᠯᠴᠠᠭ᠎ᠠ ᠠᠴᠠ ᠣᠯᠵᠤ ᠮᠡᠳᠡᠭᠰᠡᠨ ᠨᠢ᠂ ᠬᠡᠰᠡᠭ ᠬᠤᠲᠠ | ᠰᠢᠶᠠᠨ ᠤ ᠨᠠᠮ ᠵᠠᠰᠠᠭ ᠤᠨ ᠤᠳᠤᠷᠢᠳᠤᠯᠭ᠎ᠠ ᠲᠤᠭ᠎ᠠ ᠪᠦᠷᠢᠳᠬᠡᠯ ᠤᠨ ᠠᠵᠢᠯ ᠤᠨ ᠴᠢᠳᠠᠮᠵᠢ ᠶᠢᠨ ᠦᠢᠯᠡᠳᠦᠯ ᠤᠨ | ᠲᠤᠬᠠᠶ ᠲᠠᠨᠢᠯᠲᠠ ᠳᠤᠲᠠᠮᠠᠭ ᠪᠠᠶᠢᠵᠤ᠂ ᠲᠤᠭ᠎ᠠ ᠪᠦᠷᠢᠳᠬᠡᠯ ᠤᠨ ᠠᠵᠢᠯ ᠢ ᠴᠢᠬᠤᠯᠠᠴᠢᠯᠠᠬᠤ ᠬᠡᠮᠵᠢᠶ᠎ᠡ ᠨᠢ ᠣᠷᠴᠢᠨ | ᠠᠬᠤᠶ ᠶᠢᠨ ᠬᠠᠮᠠᠭᠠᠯᠠᠯᠲᠠ ᠳᠤ ᠬᠤᠯᠠ ᠬᠥᠷᠬᠦ ᠥᠬᠡᠶ ᠪᠠᠶᠢᠵᠤ᠂ ᠠᠶᠤᠯ ᠥᠬᠡᠶ ᠦᠢᠯᠡᠳᠪᠦᠷᠢᠯᠡᠯ ᠤᠨ ᠠᠵᠢᠯ ᠳᠤ | ᠲᠤᠰᠬᠠᠶ ᠰᠡᠳᠦᠪ ᠢᠶᠠᠷ ᠲᠤᠭ᠎ᠠ ᠪᠦᠷᠢᠳᠬᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠨᠢ ᠣᠯᠠᠨ | ᠪᠢᠰᠢ ᠪᠠᠶᠢᠨ᠎ᠠ᠃ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄ ᠨᠢᠭᠡ ᠳᠤ ᠲᠤᠭ᠎ᠠ ᠪᠦᠷᠢᠳᠬᠡᠯ ᠤᠨ ᠠᠵᠢᠯ ᠢ | ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠭᠤᠣᠯᠳᠠᠯᠭ᠎ᠠ ᠲᠠᠢ ᠬᠢᠨᠠᠯᠲᠠ ᠲᠠᠯᠪᠢᠬᠤ | ᠠᠭᠤᠯᠭ᠎ᠠ ᠳᠤ ᠣᠷᠣᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠵᠠᠯᠠᠷᠠᠭᠤᠯᠪᠠ᠃ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ | ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ︽ᠠᠷᠭ᠎ᠠ︾ ︽ᠲᠣᠭᠲᠠᠭᠠᠯ︾ | ᠤᠨ ᠪᠠᠶᠢᠳᠠᠯ ᠢ ᠤᠯᠠᠮᠵᠢᠯᠠᠨ ᠰᠤᠷᠤᠯᠴᠠᠵᠦ ᠲᠤᠰᠬᠠᠢ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠪᠡ᠃ | ᠬᠠᠷᠢᠭᠤᠴᠠᠯᠭᠠᠲᠤ ᠨᠢᠭᠡᠴᠢ᠄ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ | ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠭᠡᠷ ᠪᠡᠶᠡᠯᠡᠭᠦᠯᠬᠦ ᠴᠠᠭ ᠬᠤᠭᠤᠴᠠᠭ᠎ᠠ᠄ | 2021 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ᠃ | ᠬᠤᠶᠠᠷ ᠲᠤ ᠰᠢᠶᠠᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠵᠢᠯ ᠪᠦᠷᠢ ᠠᠳᠠᠭ ᠲᠠᠭᠠᠨ ᠨᠢᠭᠡ ᠤᠳᠠᠭ᠎ᠠ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ ᠲᠤᠭ᠎ᠠ ᠪᠦᠷᠢᠳᠬᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠤᠨ᠎ᠠ᠃ ᠬᠠᠷᠢᠭᠤᠴᠠᠯᠭᠠᠲᠤ ᠨᠢᠭᠡᠴᠢ᠄ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ | ᠣᠷᠳᠣᠨ ᠤ ᠠᠯᠪᠠᠨ ᠭᠡᠷ᠃ ᠪᠡᠶᠡᠯᠡᠭᠦᠯᠬᠦ ᠴᠠᠭ ᠬᠤᠭᠤᠴᠠᠭ᠎ᠠ᠄ 2021 ᠣᠨ ᠤ 5 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠭᠤᠷᠪᠠ ᠳᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠵᠦ᠂ ᠲᠤᠭ᠎ᠠ ᠪᠦᠷᠢᠳᠬᠡᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠲᠤᠭ᠎ᠠ | ᠪᠦᠷᠢᠳᠬᠡᠯ ᠳᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠴᠢᠩᠭᠠᠷᠠᠭᠤᠯᠵᠤ᠂ ᠲᠤᠭ᠎ᠠ ᠪᠦᠷᠢᠳᠬᠡᠯ ᠤᠨ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠷᠢᠭᠤᠴᠠᠯᠭᠠᠲᠤ ᠨᠢᠭᠡᠴᠢ᠄ ᠰᠢᠶᠠᠨ ᠤ ᠨᠠᠮ ᠤᠨ | ᠬᠤᠷᠢᠶᠠᠨ ᠤ ᠣᠷᠣᠨ ᠲᠣᠭᠠᠨ ᠤ ᠠᠯᠪᠠᠨ ᠭᠡᠷ᠃ ᠪᠡᠶᠡᠯᠡᠭᠦᠯᠬᠦ ᠴᠠᠭ ᠬᠤᠭᠤᠴᠠᠭ᠎ᠠ᠄ 2021 ᠣᠨ ᠤ 12 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠪᠣᠳᠠᠲᠤ ᠴᠢᠨᠠᠷᠲᠠᠶ ᠠᠬᠢᠴᠠ ᠲᠠᠢ ᠪᠣᠯᠭᠠᠵᠤ᠂ ᠣᠷᠳᠣ ᠬᠤᠭᠤᠴᠠᠭ᠎ᠠ ᠪᠠᠷ | ᠪᠠᠷᠢᠮᠲᠠᠯᠠᠨ᠎ᠠ᠃ 5 . ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ | ︽ᠨᠢᠭᠡ ᠪᠢᠯᠧᠲ ᠢᠶᠠᠷ ᠦᠭᠡᠶᠢᠰᠬᠡᠬᠦ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠤᠭᠰᠠᠨ ᠥᠬᠡᠶ᠃ ᠣᠨᠴᠠ ᠵᠠᠷᠢᠮ | ᠱᠠᠯᠠᠪᠳᠠᠭᠤᠯᠤᠨ ᠪᠠᠶᠢᠴᠠᠭᠠᠭᠳᠠᠵᠤ ᠪᠠᠶᠢᠭ᠎ᠠ ᠭᠠᠵᠠᠷ ᠣᠷᠣᠨ ᠬᠤᠯᠪᠣᠭᠳᠠᠯ ᠪᠦᠬᠦᠢ ᠵᠢᠱᠢᠭᠳᠡᠭᠴᠢ ᠶᠢᠨ ᠬᠤᠳᠠᠯ | ᠬᠠᠭᠤᠷᠮᠠᠭ ᠪᠦᠷᠢᠳᠬᠡᠭᠰᠡᠨ ᠬᠡᠷᠡᠭ ᠲᠠᠬᠢ ᠠᠷᠭᠠᠴᠠᠭᠠᠬᠤ ᠬᠠᠷᠢᠭᠤᠴᠠᠯᠭ᠎ᠠ ᠶᠢ ᠭᠦᠨᠵᠡᠭᠡᠢ ᠤᠢᠢᠯᠠᠭᠠᠭᠰᠠᠨ ᠦᠭᠡᠢ | ᠪᠠᠶᠢᠳᠠᠯ ᠳᠣᠣᠷ᠎ᠠ᠂ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠬᠠᠷᠢᠭᠤᠴᠠᠯᠭ᠎ᠠ ᠲᠠᠢ ᠬᠥᠮᠦᠨ ᠢ | ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠶᠢᠨ ᠵᠢᠱᠢᠭᠳᠡᠭᠴᠢ ᠪᠠᠷ ᠨᠡᠷ᠎ᠡ ᠳᠤᠷᠠᠳᠪᠠ᠃ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ᠄ ᠨᠢᠭᠡ ᠳᠤ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ︽ | ᠰᠠᠨᠠᠯ︾ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠤᠳᠤᠷᠢᠳᠬᠤ ᠺᠠᠳ᠋ᠷ ᠤᠨ ᠲᠤᠭ᠎ᠠ ᠪᠦᠷᠢᠳᠬᠡᠯ ᠤᠨ | ᠠᠵᠢᠯ ᠤᠨ ᠬᠢᠨᠠᠨ ᠰᠢᠯᠭᠠᠬᠤ ᠬᠠᠮᠢᠶᠠᠷᠤᠯᠲᠠ ᠶᠢ ᠴᠢᠩᠭᠠᠳᠬᠠᠵᠤ᠂ ᠲᠤᠰᠢᠶᠠᠯ ᠳᠤ ᠲᠣᠮᠢᠯᠠᠬᠤ ᠬᠢᠨᠠᠨ ᠪᠠᠶᠢᠴᠠᠭᠠᠯᠲᠠ | ᠪᠠ ᠺᠠᠳ᠋ᠷ ᠢ ᠬᠢᠨᠠᠨ ᠰᠢᠯᠭᠠᠬᠤ ᠳᠠᠭᠠᠨ ᠬᠤᠯᠪᠣᠭᠳᠠᠯ ᠪᠦᠬᠦᠢ ᠵᠢᠱᠢᠭᠳᠡᠭᠴᠢ ᠨᠢ ᠲᠤᠭ᠎ᠠ ᠪᠦᠷᠢᠳᠬᠡᠯ ᠤᠨ ᠪᠠᠶᠢᠭᠤᠯᠤᠮᠵᠢ | ᠪᠠ ᠲᠤᠭ᠎ᠠ ᠪᠦᠷᠢᠳᠬᠡᠯ ᠤᠨ ᠠᠵᠢᠯᠲᠠᠨ ᠤ ᠲᠤᠭ᠎ᠠ ᠪᠦᠷᠢᠳᠬᠡᠯ ᠤᠨ ᠠᠵᠢᠯ ᠢ ᠬᠠᠤᠯᠢ ᠶᠣᠰᠣᠭᠠᠷ ᠪᠡᠶ᠎ᠡ ᠪᠠᠨ | ᠳᠠᠭᠠᠭᠠᠵᠤ ᠥᠷᠨᠢᠭᠦᠯᠬᠦ ᠶᠢ ᠳᠡᠮᠵᠢᠵᠦ ᠪᠠᠶᠢᠬᠤ ᠡᠰᠡᠬᠦ᠂ ᠬᠠᠷᠢᠯᠴᠠᠨ ᠮᠥᠴᠡᠭᠡᠷᠬᠡᠬᠦ᠂ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠶᠢ ᠬᠠᠭᠤᠷᠮᠠᠭᠯᠠᠨ ᠵᠣᠬᠢᠶᠠᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ ᠶᠢ ᠬᠥᠮᠦᠨ ᠰᠣᠩᠭᠤᠵᠤ | ᠬᠥᠮᠦᠨ ᠬᠡᠷᠡᠭᠯᠡᠬᠦ ᠳᠤ ᠯᠠᠪᠯᠠᠯᠲᠠ ᠪᠣᠯᠭᠠᠬᠤ ᠦᠨᠳᠦᠰᠦᠯᠡᠯ ᠪᠣᠯᠭᠠᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ | ᠵᠣᠬᠢᠶᠠᠭᠰᠠᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠪᠠᠶᠢᠳᠠᠯ ᠳᠤ ︽ᠨᠢᠭᠡ ᠪᠢᠯᠧᠲ ᠢᠶᠠᠷ ᠦᠭᠡᠶᠢᠰᠬᠡᠬᠦ | ᠳᠦᠷᠢᠮ︾ ᠢ ᠬᠡᠷᠡᠭᠵᠢᠭᠦᠯᠬᠦ ᠬᠡᠷᠡᠭᠲᠡᠶ᠃ ᠬᠠᠷᠢᠭᠤᠴᠠᠯᠭᠠᠲᠤ ᠨᠢᠭᠡᠴᠢ᠄ ᠰᠢᠶᠠᠨ ᠤ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ ᠪᠡᠶᠡᠯᠡᠭᠦᠯᠬᠦ ᠴᠠᠭ ᠬᠤᠭᠤᠴᠠᠭ᠎ᠠ᠄ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠣᠷᠳᠣ | ᠬᠤᠭᠤᠴᠠᠭ᠎ᠠ ᠪᠠᠷ ᠪᠠᠷᠢᠮᠲᠠᠯᠠᠨ᠎ᠠ᠃ ᠬᠤᠶᠠᠷ ᠲᠤ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ | ᠣᠨ ᠤ ᠬᠢᠨᠠᠨ ᠰᠢᠯᠭᠠᠯᠲᠠ ᠳᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠠ ᠲᠤᠭ᠎ᠠ | ᠪᠦᠷᠢᠳᠬᠡᠯ ᠤᠨ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ᠬᠤᠳᠠᠯ ᠬᠠᠭᠤᠷᠮᠠᠭ ᠲᠤᠭ᠎ᠠ ᠪᠦᠷᠢᠳᠬᠡᠯ ᠬᠢᠵᠦ᠂ | ᠬᠤᠳᠠᠯ ᠢᠶᠠᠷ ᠵᠣᠬᠢᠶᠠᠭᠠᠳ ︽ᠨᠢᠭᠡ ᠪᠢᠯᠧᠲ ᠢᠶᠠᠷ ᠦᠭᠡᠶᠢᠰᠬᠡᠭᠳᠡᠭᠰᠡᠨ︾ ᠭᠠᠵᠠᠷ ᠣᠷᠣᠨ ᠤ ᠤᠳᠤᠷᠢᠳᠬᠤ ᠪᠠᠭ ᠤᠨ | ᠣᠨ ᠤ ᠬᠢᠨᠠᠨ ᠰᠢᠯᠭᠠᠯᠲᠠ ᠶᠢ ᠰᠢᠯᠢᠳᠡᠭ ᠲᠠᠰ ᠢᠶᠠᠷ ᠲᠣᠭᠲᠠᠭᠠᠵᠤ ᠪᠣᠯᠬᠤ ᠥᠬᠡᠶ᠃ ᠬᠠᠷᠢᠭᠤᠴᠠᠯᠭᠠᠲᠤ ᠨᠢᠭᠡᠴᠢ᠄ | ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠡᠶᠡᠯᠡᠭᠦᠯᠬᠦ ᠴᠠᠭ ᠬᠤᠭᠤᠴᠠᠭ᠎ᠠ᠄ ᠪᠠᠷᠢᠨ | ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ᠃ 6 . ᠲᠤᠭ᠎ᠠ ᠪᠦᠷᠢᠳᠬᠡᠯ ᠤᠨ | ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠢ ᠲᠣᠮᠢᠯᠠᠬᠤ ᠪᠠᠭᠤᠯᠭᠠᠬᠤ ᠰᠢᠯᠵᠢᠭᠦᠯᠬᠦ ᠳᠠᠪᠬᠤᠷ | ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠦᠭᠰᠡᠨ ᠢᠶᠠᠷ ᠬᠦᠷᠦᠯᠴᠡᠬᠦ ᠦᠭᠡᠶ᠃ ᠬᠡᠰᠡᠭ ᠭᠠᠵᠠᠷ ᠣᠷᠣᠨ ᠤ | ᠲᠤᠭ᠎ᠠ ᠪᠦᠷᠢᠳᠬᠡᠯ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠢ ᠲᠣᠮᠢᠯᠠᠬᠤ ᠪᠠᠭᠤᠯᠭᠠᠬᠤ ᠰᠢᠯᠵᠢᠭᠦᠯᠬᠦ ᠠᠵᠢᠯ | ᠪᠠᠶᠢᠴᠠᠭᠠᠬᠤ ᠳᠠᠭᠠᠨ ᠤᠷᠢᠳᠠᠪᠠᠷ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠵᠥᠪᠰᠢᠶᠡᠷᠡᠯ ᠢ ᠣᠯᠤᠭᠰᠠᠨ ᠦᠭᠡᠶ᠃ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ᠄ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠤ ᠳᠠᠪᠬᠤᠷ | ᠬᠠᠮᠢᠶᠠᠷᠤᠯᠲᠠ ᠶᠢᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠲᠤᠭ᠎ᠠ ᠪᠦᠷᠢᠳᠬᠡᠯ ᠤᠨ | ᠲᠣᠪᠴᠢᠶᠠᠨ ᠤ ᠭᠤᠣᠯ ᠬᠠᠷᠢᠭᠤᠴᠠᠯᠭᠠᠲᠠᠨ ᠢ ᠲᠣᠮᠢᠯᠠᠬᠤ ᠪᠠᠭᠤᠯᠭᠠᠬᠤ᠂ ᠰᠢᠯᠵᠢᠭᠦᠯᠬᠦ᠂ ᠵᠢᠱᠢᠭᠳᠡᠭᠰᠡᠳ ᠢ ᠰᠢᠶᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠶᠠᠷᠢᠯᠴᠠᠭᠤᠯᠵᠤ ᠲᠣᠭᠲᠠᠭᠠᠯᠭᠠᠬᠤ ᠠᠴᠠ ᠡᠮᠦᠨ᠎ᠡ | ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠤᠨ | ᠵᠥᠪᠰᠢᠶᠡᠷᠡᠯ ᠢ ᠣᠯᠬᠤ ᠬᠡᠷᠡᠭᠲᠡᠶ᠃ ᠬᠠᠷᠢᠭᠤᠴᠠᠯᠭᠠᠲᠤ ᠨᠢᠭᠡᠴᠢ᠄ ᠰᠢᠶᠠᠨ ᠤ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ ᠪᠡᠶᠡᠯᠡᠭᠦᠯᠬᠦ ᠴᠠᠭ ᠬᠤᠭᠤᠴᠠᠭ᠎ᠠ᠄ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠣᠷᠳᠣ | ᠬᠤᠭᠤᠴᠠᠭ᠎ᠠ ᠪᠠᠷ ᠪᠠᠷᠢᠮᠲᠠᠯᠠᠨ᠎ᠠ᠃ ︵ᠬᠤᠶᠠᠷ︶ ᠲᠤᠭ᠎ᠠ ᠪᠦᠷᠢᠳᠬᠡᠯ ᠤᠨ ᠬᠠᠤᠯᠢ ᠪᠠᠷ ᠲᠣᠭᠲᠠᠭᠠᠭᠰᠠᠨ ᠡᠭᠦᠷᠭᠡ | ᠬᠠᠷᠢᠭᠤᠴᠠᠯᠭ᠎ᠠ ᠶᠢ ᠭᠦᠢᠴᠡᠳᠭᠡᠬᠦ ᠲᠠᠯ᠎ᠠ ᠪᠠᠷ᠄ 1 . ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠲᠤᠭ᠎ᠠ | ᠪᠦᠷᠢᠳᠬᠡᠯ ᠤᠨ ᠠᠵᠢᠯᠲᠠᠨ ᠤ ᠲᠤᠭ᠎ᠠ ᠪᠦᠷᠢᠳᠬᠡᠯ ᠤᠨ ᠡᠷᠬᠡ ᠲᠤᠰᠢᠶᠠᠯ ᠢᠶᠠᠨ ᠬᠠᠤᠯᠢ ᠶᠣᠰᠣᠭᠠᠷ ᠪᠡᠶ᠎ᠡ ᠪᠠᠨ | ᠳᠠᠭᠠᠭᠠᠵᠤ ᠬᠡᠷᠡᠭᠵᠢᠭᠦᠯᠬᠦ ᠶᠢ ᠪᠠᠲᠤᠯᠠᠬᠤ ᠳᠤ ᠬᠦᠴᠢᠷᠲᠡᠶ ᠪᠠᠶᠢᠨ᠎ᠠ᠃ ︵1︶ ᠣᠨᠴᠠ ᠵᠠᠷᠢᠮ ᠰᠢᠪᠠᠳᠠᠨ | ᠪᠠᠶᠢᠴᠠᠭᠠᠭᠳᠠᠬᠤ ᠭᠠᠵᠠᠷ ᠣᠷᠣᠨ 2017 ᠣᠨ ᠠᠴᠠ ᠨᠠᠰᠢ ᠲᠤᠭ᠎ᠠ ᠪᠦᠷᠢᠳᠬᠡᠯ ᠤᠨ ᠲᠣᠪᠴᠢᠶ᠎ᠠ ᠶᠢ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠤᠨ ᠨᠣᠷᠮ᠎ᠠ ᠵᠡᠷᠭᠡ ᠭᠦᠶ᠋ᠴᠡᠳᠬᠡᠯ ᠲᠤᠭ᠎ᠠ ᠶᠢᠨ | ᠣᠨ ᠤ ᠬᠠᠷᠠᠯᠲᠠᠲᠤ ᠡᠭᠦᠷᠭᠡ ᠶᠢᠨ ᠲᠦᠷᠦᠭᠦᠯᠡᠬᠦ ᠨᠢᠭᠡᠴᠢ ᠪᠤᠶᠤ ᠬᠠᠷᠢᠭᠤᠴᠠᠯᠭᠠᠲᠤ ᠨᠢᠭᠡᠴᠢ ᠪᠣᠯᠭᠠᠵᠤ᠂ ᠲᠤᠭ᠎ᠠ | ᠪᠦᠷᠢᠳᠬᠡᠯ ᠤᠨ ᠪᠠᠶᠢᠭᠤᠯᠤᠮᠵᠢ ᠶᠢᠨ ᠲᠤᠭ᠎ᠠ ᠪᠦᠷᠢᠳᠬᠡᠯ ᠤᠨ ᠡᠷᠬᠡ ᠲᠤᠰᠢᠶᠠᠯ ᠢᠶᠠᠨ ᠬᠠᠤᠯᠢ ᠶᠣᠰᠣᠭᠠᠷ ᠪᠡᠶ᠎ᠡ ᠪᠠᠨ | ᠳᠠᠭᠠᠭᠠᠵᠤ ᠬᠡᠷᠡᠭᠵᠢᠭᠦᠯᠬᠦ ᠶᠢ ᠨᠥᠯᠥᠭᠡᠯᠡᠪᠡ᠃ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄ ᠱᠠᠯᠠᠪᠳᠠᠭᠤᠯᠤᠨ | ᠪᠠᠶᠢᠴᠠᠭᠠᠬᠤ ᠱᠠᠭᠠᠷᠳᠠᠯᠭ᠎ᠠ ᠶᠢ ᠦᠨᠳᠦᠰᠦᠯᠡᠨ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠲᠤᠭ᠎ᠠ | ᠪᠦᠷᠢᠳᠬᠡᠯ ᠤᠨ ᠲᠤᠪᠴᠢᠶ᠎ᠠ ᠶᠢ ᠨᠡᠶᠢᠭᠡᠮ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠬᠠᠷᠠᠯᠲᠠ ᠡᠭᠦᠷᠭᠡ ᠶᠢ | ᠪᠡᠶᠡᠯᠡᠭᠦᠯᠬᠦ ᠬᠠᠷᠢᠭᠤᠴᠠᠯᠭᠠᠲᠤ ᠨᠢᠭᠡᠴᠢ ᠪᠣᠯᠭᠠᠭᠰᠠᠨ ᠢ ᠴᠡᠭᠴᠡᠯᠡᠨ ᠵᠠᠯᠠᠷᠠᠭᠤᠯᠪᠠ᠃ ᠬᠠᠷᠢᠭᠤᠴᠠᠯᠭᠠᠲᠤ ᠨᠢᠭᠡᠴᠢ᠄ | ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ | ᠵᠠᠰᠠᠭ ᠤᠨ ᠣᠷᠳᠣᠨ ᠤ ᠠᠯᠪᠠᠨ ᠭᠡᠷ᠃ ᠪᠡᠶᠡᠯᠡᠭᠦᠯᠬᠦ ᠴᠠᠭ ᠬᠤᠭᠤᠴᠠᠭ᠎ᠠ᠄ ᠪᠠᠷᠢᠨ ᠬᠡᠷᠡᠭᠵᠢᠭᠦᠯᠵᠦ ᠪᠠᠷᠢᠨ | ᠰᠠᠶᠢᠵᠢᠷᠠᠭᠤᠯᠵᠤ᠂ 2021 ᠣᠨ ᠤ 7 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠪᠣᠳᠠᠲᠤ ᠦᠷ᠎ᠡ | ᠪᠦᠲᠦᠮᠵᠢ ᠶᠢ ᠣᠯᠤᠨ᠎ᠠ᠃ ︵2︶ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠭᠡᠳ ᠣᠯᠵᠤ | ᠮᠡᠳᠡᠭᠰᠡᠨ ᠨᠢ᠂ ᠣᠨᠴᠠ ᠵᠠᠷᠢᠮ ᠭᠠᠵᠠᠷ ᠣᠷᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠪᠤᠰᠤ ᠠᠵᠢᠯᠲᠠᠨ ᠤ | 60 % ᠨᠢ ᠲᠤᠭ᠎ᠠ ᠪᠦᠷᠢᠳᠬᠡᠯ ᠤᠨ ᠠᠵᠢᠯ ᠤᠨ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ ᠲᠤᠭ᠎ᠠ ᠪᠦᠷᠢᠳᠬᠡᠯ ᠤᠨ | ᠡᠭᠦᠷᠭᠡ ᠴᠢᠳᠠᠪᠤᠷᠢ ᠪᠠᠨ ᠭᠦᠢᠴᠡᠳᠬᠡᠵᠦ ᠪᠠᠶᠢᠭ᠎ᠠ ᠪᠠᠶᠢᠳᠠᠯ ᠢ ᠣᠶᠢᠯᠠᠭᠠᠵᠤ ᠳᠡᠶᠢᠯᠬᠦ ᠦᠭᠡᠶ ᠪᠠᠶᠢᠵᠤ᠂ ᠬᠡᠷᠡᠭᠴᠡᠭᠡ ᠶᠢ | ᠦᠨᠳᠦᠰᠦᠯᠡᠨ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠲᠤᠭ᠎ᠠ ᠪᠦᠷᠢᠳᠬᠡᠯ ᠤᠨ ᠠᠵᠢᠯᠲᠠᠨ ᠢ ᠲᠤᠭ᠎ᠠ | ᠪᠦᠷᠢᠳᠬᠡᠯ ᠳᠤ ᠵᠠᠰᠠᠪᠤᠷᠢ ᠣᠷᠣᠭᠤᠯᠬᠤ ᠪᠠᠷ ᠱᠠᠭᠠᠷᠳᠠᠵᠤ ᠪᠠᠶᠢᠨ᠎ᠠ᠃ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ | ᠄ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ | ᠬᠠᠮᠢᠶ᠎ᠠ ᠪᠥᠬᠦᠶ ᠠᠵᠢᠯᠲᠠᠨ ᠢ ᠪᠦᠷᠢᠳᠬᠡᠬᠦ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ ᠤᠨ | ᠡᠷᠴᠢᠮ ᠢ ᠴᠢᠩᠭᠠᠷᠠᠭᠤᠯᠬᠤ ᠶᠢᠨ ᠬᠠᠮᠲᠤ᠂ ᠬᠡᠪᠰᠢᠭᠰᠡᠨ ᠲᠣᠭᠲᠠᠴᠠ ᠶᠢ ᠪᠣᠶ ᠪᠣᠯᠭᠠᠵᠤ᠂ ᠵᠢᠯ ᠪᠦᠷᠢ ᠠᠳᠠᠭ ᠲᠠᠭᠠᠨ | 1 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠠᠷᠢᠭᠤᠴᠠᠯᠭᠠᠲᠤ ᠨᠢᠭᠡᠴᠡ᠄ ᠰᠢᠶᠠᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠡᠶᠡᠯᠡᠭᠦᠯᠬᠦ ᠴᠠᠭ ᠬᠤᠭᠤᠴᠠᠭ᠎ᠠ᠄ | ᠣᠷᠳᠣ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ 2021 ᠣᠨ ᠤ 5 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠶᠠᠨ ᠤ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠯᠪᠠᠨ ᠬᠡᠷ ᠲᠤ ᠮᠡᠳᠡᠭᠦᠯᠦᠨ᠎ᠡ᠃ ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ︵ | ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ 2020 ᠣᠨ ᠤ 9 ᠳ᠋ᠦᠭᠡᠷ ᠰᠠᠷ᠎ᠠ ᠶᠢᠨ | 16 ᠤ ᠡᠳᠦᠷ ᠠᠴᠠ 29 ᠤ ᠡᠳᠦᠷ ᠪᠣᠯᠲᠠᠯᠠᠬᠢ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠪᠣᠯ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠤᠯᠤᠰ ᠤᠨ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠥᠷᠨᠢᠭᠦᠯᠬᠦ ᠪᠠᠷ ᠡᠷᠬᠡ ᠣᠯᠭᠤᠭᠰᠠᠨ ᠪᠠ ᠵᠥᠪᠰᠢᠶᠡᠷᠡᠭᠰᠡᠨ ᠲᠤᠭ᠎ᠠ ᠪᠦᠷᠢᠳᠬᠡᠯ ᠤᠨ ᠬᠤᠳᠠᠯ | ᠬᠠᠭᠤᠷᠮᠠᠭ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠨᠢᠭᠡ ᠵᠦᠶ᠋ᠯ ᠤᠨ ᠴᠢᠬᠤᠯᠠ ᠶᠡᠭᠡ ᠤᠯᠤᠰ | ᠲᠥᠷᠥ ᠶᠢᠨ ᠡᠭᠦᠷᠭᠡ ᠪᠣᠯᠤᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠶᠢ ︽ᠳᠥᠷᠪᠡᠨ ᠤᠬᠠᠮᠰᠠᠷ︾ ᠢᠶᠠᠨ | ᠴᠢᠩᠭᠠᠳᠬᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ | ᠪᠣᠳᠠᠲᠠᠶ ᠠᠵᠢᠯᠯᠠᠭ᠎ᠠ ᠪᠣᠯᠭᠠᠵᠤ᠂ ᠲᠣᠰ ᠲᠥᠰᠦᠯ ᠳᠤ ᠲᠣᠭᠲᠠᠭᠠᠭᠰᠠᠨ ᠠᠷᠭ᠎ᠠ ᠬᠡᠮᠵᠢᠶ᠎ᠡ ᠪᠣᠯᠤᠨ ᠱᠠᠭᠠᠷᠳᠠᠯᠭ᠎ᠠ | ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ᠂ ᠲᠡᠷᠡ | ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠥᠭᠡᠷᠡᠴᠢᠯᠡᠯᠲᠡ | ᠬᠥᠭᠵᠢᠯᠲᠡ ᠶᠢᠨ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ | ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠮᠠᠨ ᠤ ᠰᠢᠶᠠᠨ ᠳᠤ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ︵ᠬᠤᠶᠠᠷ︶ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠰᠢᠶᠠᠨ ᠤ ᠨᠠᠮ ᠤᠨ ᠬᠤᠷᠢᠶ᠎ᠠ ᠴᠡᠭᠴᠡᠯᠡᠨ ᠥᠭᠡᠷᠡᠴᠢᠯᠡᠵᠦ | ᠨᠠᠶᠢᠳᠠᠪᠤᠷᠢᠵᠢᠭᠤᠯᠬᠤ ᠲᠤᠭ᠎ᠠ ᠪᠦᠷᠢᠳᠬᠡᠯ ᠤᠨ ᠰᠢᠪᠠᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ | ᠤᠳᠤᠷᠢᠳᠬᠤ ᠳᠤᠭᠤᠶᠢᠯᠠᠩ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ︵ᠰᠢᠶᠠᠨ ᠤ ᠲᠤᠭ᠎ᠠ | ᠪᠦᠷᠢᠳᠬᠡᠯ ᠤᠨ ᠰᠢᠪᠠᠳᠠᠨ ᠪᠠᠶᠢᠴᠠᠭᠠᠯᠲᠠ ᠶᠢᠨ ᠴᠡᠭᠴᠡᠯᠡᠨ ᠥᠭᠡᠷᠡᠴᠢᠯᠡᠬᠦ ᠠᠯᠪᠠᠨ ᠬᠡᠷ ᠭᠡᠵᠦ ᠲᠣᠪᠴᠢᠯᠠᠨ᠎ᠠ︶ ᠢ | ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠪᠠᠶᠢᠭᠤᠯᠵᠤ᠂ ᠴᠡᠭᠴᠡᠯᠡᠨ ᠥᠭᠡᠷᠡᠴᠢᠯᠡᠬᠦ ᠠᠵᠢᠯ ᠢ ᠵᠣᠬᠢᠶᠠᠨ | ᠪᠠᠶᠢᠭᠤᠯᠵᠤ ᠤᠳᠤᠷᠢᠳᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠲᠣᠬᠢᠷᠠᠭᠤᠯᠤᠨ ᠰᠢᠪᠠᠳᠠᠨ ᠵᠢᠯᠣᠭᠤᠳᠬᠤ | ᠵᠡᠷᠭᠡ ᠡᠭᠦᠷᠭᠡ ᠶᠢ ᠬᠠᠷᠢᠭᠤᠴᠠᠪᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ | ᠨᠥᠬᠦᠳ ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠴᠡᠭᠴᠡᠯᠡᠨ ᠰᠠᠶᠢᠵᠢᠷᠠᠭᠤᠯᠵᠤ | ᠰᠢᠮᠳᠠᠭᠤᠯᠤᠨ᠂ ᠴᠢᠬᠤᠯᠠ ᠶᠡᠭᠡ ᠠᠰᠠᠭᠤᠳᠠᠯ ᠢ ᠪᠡᠶ᠎ᠡ ᠪᠠᠷ ᠢᠶᠠᠨ ᠠᠰᠠᠭᠤᠨ ᠯᠠᠪᠯᠠᠵᠤ᠂ ᠴᠢᠬᠤᠯᠠ ᠭᠤᠭᠴᠤᠭ᠎ᠠ ᠶᠢ | ᠪᠡᠶ᠎ᠡ ᠪᠠᠷ ᠢᠶᠠᠨ ᠵᠣᠬᠢᠴᠠᠭᠤᠯᠤᠨ᠂ ᠪᠡᠶ᠎ᠡ ᠪᠠᠷ ᠢᠶᠠᠨ ᠰᠢᠮᠳᠠᠭᠤᠯᠤᠨ ᠭᠦᠢᠴᠡᠳᠭᠡᠬᠦ ᠬᠡᠷᠡᠭᠲᠡᠶ᠃ ᠰᠢᠶᠠᠨ ᠤ ᠲᠤᠭ᠎ᠠ | ᠪᠦᠷᠢᠳᠬᠡᠯ ᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠯᠪᠠᠨ ᠬᠡᠷ ᠨᠢᠭᠡᠳᠦᠯᠲᠡᠶ | ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠭᠡᠬᠦ ᠪᠠᠨ | ᠴᠢᠩᠭᠠᠳᠬᠠᠵᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠱᠠᠯᠠᠪᠳᠠᠭᠤᠯᠤᠨ ᠱᠠᠭᠠᠷᠳᠠᠵᠤ ᠪᠠᠶᠢᠭᠠᠳ | ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠴᠠᠭ | ᠬᠤᠭᠤᠴᠠᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠬᠤ ᠬᠡᠷᠡᠭᠲᠡᠶ᠃ ︵ᠭᠤᠷᠪᠠ︶ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠤᠨ᠎ᠠ᠃ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠴᠡᠭᠴᠡᠯᠡᠨ ᠰᠠᠶᠢᠵᠢᠷᠠᠭᠤᠯᠬᠤ ᠲᠥᠰᠦᠯ ᠤᠨ ᠶᠣᠰᠣᠭᠠᠷ᠂ ᠪᠣᠳᠠᠲᠠᠶ | ᠠᠷᠭ᠎ᠠ ᠬᠡᠮᠵᠢᠶ᠎ᠡ ᠪᠠ ᠠᠵᠢᠯ ᠤᠨ ᠡᠬᠡ ᠳᠠᠩᠰᠠ ᠲᠣᠭᠲᠠᠭᠠᠵᠤ᠂ ᠡᠭᠦᠷᠭᠡ ᠶᠢ ᠬᠥᠮᠦᠨ ᠳᠤᠨᠢ ᠬᠦᠷᠦᠭᠦᠯᠬᠦ᠂ | ᠬᠠᠷᠢᠭᠤᠴᠠᠯᠭ᠎ᠠ ᠶᠢ ᠠᠵᠢᠯ ᠤᠨ ᠪᠠᠶᠢᠷᠢ ᠳᠤᠨᠢ ᠬᠦᠷᠦᠭᠦᠯᠬᠦ ᠶᠢ ᠪᠡᠶᠡᠯᠡᠭᠦᠯᠵᠦ᠂ ᠲᠣᠭᠲᠠᠭᠠᠭᠰᠠᠨ ᠴᠠᠭ | ᠬᠤᠭᠤᠴᠠᠭ᠎ᠠ ᠶᠢᠨ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠳᠠᠷᠦ᠋ᠢᠬᠠᠨ | ᠰᠢᠢᠳᠪᠦᠷᠢᠯᠡᠵᠦ ᠳᠡᠶᠢᠯᠬᠦ ᠠᠰᠠᠭᠤᠳᠠᠯ ᠢ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠬᠦ ᠬᠡᠷᠡᠭᠲᠡᠶ︔ ᠬᠡᠰᠡᠭ | ᠬᠤᠭᠤᠴᠠᠭ᠎ᠠ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ | ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠣᠳᠠᠲᠤ ᠦᠷ᠎ᠡ | ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ︵ᠳᠥᠷᠪᠡ︶ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠳᠠᠯᠠᠬᠤ | ᠬᠡᠷᠡᠭᠲᠡᠶ᠃ ᠰᠢᠶᠠᠨ ᠤ ᠲᠤᠭ᠎ᠠ ᠪᠦᠷᠢᠳᠬᠡᠯ ᠤᠨ ᠰᠢᠪᠠᠳᠠᠨ ᠪᠠᠶᠢᠴᠠᠭᠠᠯᠲᠠ ᠶᠢᠨ ᠴᠡᠭᠴᠡᠯᠡᠨ ᠥᠭᠡᠷᠡᠴᠢᠯᠡᠬᠦ ᠠᠯᠪᠠᠨ | ᠬᠡᠷ ᠰᠢᠪᠠᠳᠠᠨ ᠪᠠᠶᠢᠴᠠᠭᠠᠬᠤ ᠪᠠᠨ ᠴᠢᠩᠭᠠᠳᠬᠠᠵᠤ᠂ ᠨᠢᠭᠡ ᠶᠢ ᠴᠡᠭᠴᠡᠯᠡᠨ ᠥᠭᠡᠷᠡᠴᠢᠯᠡᠪᠡᠯ ᠨᠢᠭᠡ ᠶᠢ ᠬᠦᠴᠦᠨ ᠥᠬᠡᠶ | ᠪᠣᠯᠭᠠᠵᠤ᠂ ᠨᠢᠭᠡ ᠶᠢ ᠪᠠᠬᠢᠵᠢᠭᠦᠯᠬᠦ ᠬᠡᠷᠡᠭᠲᠡᠶ᠃ ᠡᠨᠡ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠣᠯ | ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠪᠣᠯᠤᠨ᠎ᠠ᠂ ᠲᠥᠪᠯᠡᠷᠡᠭᠦᠯᠦᠨ ᠴᠡᠭᠴᠡᠯᠡᠨ | ᠰᠠᠶᠢᠵᠢᠷᠠᠭᠤᠯᠬᠤ ᠬᠤᠭᠤᠴᠠᠭᠠᠨ ᠳᠤ ᠠᠷᠪᠠᠨ ᠡᠳᠦᠷ ᠤᠨ ᠲᠣᠬᠢᠷᠠᠭᠤᠯᠤᠯᠲᠠ᠂ ᠴᠢᠬᠤᠯᠠ ᠪᠠᠶᠢᠳᠠᠯ ᠢ ᠴᠠᠭ | ᠲᠤᠬᠠᠶ ᠳᠤᠨᠢ ᠮᠡᠳᠡᠭᠦᠯᠬᠦ ᠲᠦᠷᠢᠮ ᠢ ᠬᠡᠷᠡᠭᠵᠢᠭᠦᠯᠵᠦ᠂ ᠡᠯ᠎ᠡ ᠬᠠᠷᠢᠭᠤᠴᠠᠯᠭᠠᠲᠤ ᠨᠢᠭᠡᠴᠡ ᠨᠢ ᠰᠠᠷ᠎ᠠ ᠪᠦᠷᠢ ᠶᠢᠨ 6 ᠤ | ᠡᠳᠦᠷ᠂ 16 ᠤ ᠡᠳᠦᠷ᠂ 26 ᠤ ᠡᠳᠦᠷ ᠰᠢᠶᠠᠨ ᠤ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ | ᠴᠡᠭᠴᠡᠯᠡᠨ ᠰᠠᠶᠢᠵᠢᠷᠠᠭᠤᠯᠬᠤ ᠠᠯᠪᠠᠨ ᠬᠡᠷ ᠲᠤ ᠠᠬᠢᠴᠠ ᠶᠢᠨ ᠪᠠᠶᠢᠳᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ᠃ | ᠨᠠᠶᠢᠳᠠᠪᠤᠷᠢᠵᠢᠭᠤᠯᠤᠯᠲᠠ ᠨᠢ ᠤᠳᠠᠭᠠᠨ᠂ ᠴᠡᠭᠴᠡᠯᠡᠨ ᠰᠠᠶᠢᠵᠢᠷᠠᠭᠤᠯᠬᠤ ᠨᠢ ᠬᠦᠴᠦᠨ ᠥᠬᠡᠶ ᠴᠢᠨᠠᠭᠰᠢᠯᠠᠪᠠᠯ ᠬᠤᠳᠠᠯ | ᠬᠡᠯᠡᠵᠦ ᠬᠠᠭᠤᠷᠮᠠᠭ ᠢᠶᠠᠷ ᠵᠣᠬᠢᠶᠠᠬᠤ᠂ ᠠᠯᠪᠠ ᠬᠠᠰᠢᠵᠤ ᠠᠮᠠ ᠪᠥᠭᠯᠡᠬᠦ᠂ ᠴᠡᠭᠴᠡᠯᠡᠨ ᠰᠠᠶᠢᠵᠢᠷᠠᠭᠤᠯᠬᠤ ᠶᠢ | ᠲᠡᠪᠴᠢᠪᠡᠯ᠂ ᠴᠠᠭ ᠲᠤᠬᠠᠶ ᠳᠤᠨᠢ ᠵᠠᠬᠢᠳᠠᠯ ᠢᠶᠠᠷ ᠠᠰᠠᠭᠤᠵᠤ ᠪᠣᠯᠵᠣᠨ ᠶᠠᠷᠢᠯᠴᠠᠬᠤ᠂ ᠰᠢᠮᠳᠠᠭᠤᠯᠤᠨ ᠪᠠᠶᠢᠴᠠᠭᠠᠵᠤ | ᠰᠢᠮᠳᠠᠭᠤᠯᠤᠨ ᠭᠦᠢᠴᠡᠳᠭᠡᠬᠦ ᠮᠡᠳᠡᠭᠡᠯᠡᠨ ᠰᠢᠭᠦᠮᠵᠢᠯᠡᠬᠦ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠵᠡᠷᠭᠡ ᠠᠷᠭ᠎ᠠ | ᠮᠠᠶ᠋ᠢᠭ ᠢ ᠠᠪᠴᠤ᠂ ᠡᠯ᠎ᠡ ᠵᠦᠶ᠋ᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠣᠳᠠᠲᠠᠶᠢᠵᠢᠭᠤᠯᠤᠨ ᠦᠷ᠎ᠡ | ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠱᠠᠩᠳᠤ ᠰᠢᠶᠠᠨ ᠤ ᠨᠠᠮ ᠤᠨ ᠬᠤᠷᠢᠶᠠᠨ ᠤ ᠴᠡᠭᠴᠡᠯᠡᠨ | ᠰᠠᠶᠢᠵᠢᠷᠠᠭᠤᠯᠤᠯᠲᠠ ᠶᠢᠨ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ | ᠰᠠᠨᠠᠯ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠨᠡᠷᠡᠰ᠃ ᠤᠯᠤᠰ ᠤᠨ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠱᠠᠩᠳᠤ | ᠰᠢᠶᠠᠨ ᠤ ᠨᠠᠮ ᠤᠨ ᠬᠤᠷᠢᠶ᠎ᠠ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠤᠭ᠎ᠠ ᠪᠦᠷᠢᠳᠬᠡᠯ ᠤᠨ | ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠤᠳᠤᠷᠢᠳᠬᠤ ᠳᠤᠭᠤᠶᠢᠯᠠᠩ ᠪᠠᠶᠢᠭᠤᠯᠪᠠ᠂ | ᠪᠦᠷᠢᠯᠳᠦᠬᠦᠨ ᠨᠢ ᠳᠤᠤᠷᠠᠬᠢ ᠮᠡᠲᠦ᠄ ᠳᠤᠭᠤᠶᠢᠯᠠᠩ ᠤᠨ ᠳᠠᠷᠤᠭ᠎ᠠ᠄ ᠶᠢᠨ ᠴᠢᠶᠠᠨ ᠪᠢᠨ ︵ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠰᠢᠶᠠᠨ ᠤ ᠨᠠᠮ ᠤᠨ ᠬᠤᠷᠢᠶᠠᠨ ᠤ ᠱᠦᠵᠢ ᠰᠢᠶᠠᠨ ᠤ ᠨᠠᠮ ᠤᠨ | ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ﹀ ᠳᠤᠭᠤᠶᠢᠯᠠᠩ ᠤᠨ ᠳᠡᠳ᠋ ᠳᠠᠷᠤᠭ᠎ᠠ᠄ | ᠰᠢᠶᠦ᠋ᠩ ᠸᠧᠶ ︵ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠳᠠᠷᠤᠭ᠎ᠠ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠃﹀ ᠵᠠᠩ ᠰᠢᠶᠤᠤ ᠯᠢᠩ ︵ | ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ︶ ᠸᠠᠩ ᠰᠢᠶᠤᠤ ᠳ᠋ᠦᠩ ︿ᠵᠠᠰᠠᠭ ᠤᠨ ᠣᠷᠳᠣᠨ ᠤ ᠳᠡᠳ᠋ | ᠰᠢᠶᠠᠨ ᠤ ᠳᠠᠷᠤᠭ᠎ᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ᠃﹀ ᠬᠠᠨ ᠲᠢᠶᠠᠨ ᠯᠢᠶᠠᠩ | ︿ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠃﹀ ᠭᠡᠰᠢᠭᠦᠨ᠄ ᠹᠠᠨ ᠸᠧᠶ ᠴᠧᠩ ︿ᠰᠢᠶᠠᠨ ᠤ ᠨᠠᠮ ᠤᠨ | ᠬᠤᠷᠢᠶᠠᠨ ᠤ ᠠᠯᠪᠠᠨ ᠬᠡᠷ ᠤᠨ ᠪᠠᠶᠢᠩᠭᠤ ᠶᠢᠨ ᠳᠡᠳ᠋ ᠡᠷᠬᠢᠯᠡᠭᠴᠢ᠃ ᠯᠢ ᠵᠠᠨ ᠵᠢᠶᠠᠨ ︿ᠰᠢᠶᠠᠨ ᠤ ᠨᠠᠮ ᠤᠨ | ᠬᠤᠷᠢᠶᠠᠨ ᠤ ᠠᠯᠪᠠᠨ ᠭᠡᠷ ᠤᠨ ᠲᠥᠷᠥ ᠶᠢᠨ ᠪᠣᠳᠣᠯᠭ᠎ᠠ ᠰᠤᠳᠤᠯᠬᠤ ᠦᠢᠯᠡᠴᠢᠯᠡᠭᠡᠨ ᠤ ᠲᠥᠪ ᠤᠨ ᠡᠷᠬᠢᠯᠡᠭᠴᠢ᠃﹀ | ᠭᠦᠸᠧ ᠳ᠋ᠦᠩ ᠶᠦᠨ ︿ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ | ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ﹀ ᠵᠠᠩ ᠶᠠᠨ ︿ᠰᠢᠶᠠᠨ ᠤ ᠨᠠᠮ ᠤᠨ ᠬᠤᠷᠢᠶᠠᠨ ᠤ ᠴᠠᠭᠳᠠᠨ | ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ᠃﹀ ᠮᠠ ᠰᠢᠶᠤᠤ ᠴᠢᠶᠠᠩ ︿ᠰᠢᠶᠠᠨ ᠤ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠃﹀ ᠬᠠᠨ ᠶᠠ ᠶᠠ ︿ᠰᠢᠶᠠᠨ ᠤ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ﹀ ᠰᠢᠩ ᠰᠢ ᠶᠦᠨ ︿ᠰᠢᠶᠠᠨ ᠤ ᠨᠠᠮ ᠤᠨ | ᠬᠤᠷᠢᠶᠠᠨ ᠤ ᠣᠷᠣᠨ ᠲᠣᠭᠠᠨ ᠤ ᠠᠯᠪᠠᠨ ᠭᠡᠷ ᠤᠨ ᠡᠷᠬᠢᠯᠡᠭᠴᠢ᠃﹀ ᠬᠤᠤ ᠸᠧᠨ ︿ᠰᠢᠶᠠᠨ ᠤ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠶᠢᠩᠭᠤ ᠶᠢᠨ ᠳᠡᠳ᠋ ᠵᠠᠬᠢᠷᠤᠯ᠃﹀ ᠰᠦᠩ ᠴᠢᠶᠠᠩ ︿ᠰᠢᠶᠠᠨ ᠤ | ᠬᠥᠭᠵᠢᠭᠦᠯᠦᠯᠲᠡ ᠶᠢᠨ ᠰᠤᠳᠤᠯᠭᠠᠨ ᠤ ᠲᠥᠪ ᠤᠨ ᠡᠷᠬᠢᠯᠡᠭᠴᠢ᠃﹀ ᠶᠠᠨ ᡁᠢ ᠵᠢᠶᠦ᠋ᠨ ︿ᠰᠢᠶᠠᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ﹀ ᠴᠠᠩ ᠯᠢ ᠴᠢᠨ ︿ᠰᠢᠶᠠᠨ ᠤ ᠬᠠᠤᠯᠢ | ᠴᠠᠭᠠᠵᠠ ᠶᠢᠨ ᠲᠣᠪᠴᠢᠶᠠᠨ ᠤ ᠳᠠᠷᠤᠭ᠎ᠠ᠃﹀ ᠸᠠᠩ ᠵᠢᠶ ᠶᠦᠩ ︿ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ | ᠳᠠᠷᠤᠭ᠎ᠠ᠃﹀ ᠸᠠᠩ ᠯᠢ ︿ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶᠠᠨ ᠤ ᠳᠠᠷᠤᠭ᠎ᠠ﹀ ᠡᠦ ᠵᠢᠤᠢ ︿ᠰᠢᠶᠠᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ᠃﹀ ᠶᠤᠸᠠᠨ | ᠬᠠᠶ ᠬᠤᠩ ︿ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ᠃﹀ | ᠶᠤᠸᠠᠨ ᠬᠤᠤ ︿ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ | ᠡᠷᠬᠢᠯᠡᠭᠴᠢ﹀ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ | ᠭᠠᠷᠭᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ ᠡᠦ | ᠵᠢᠤᠢ ᠬᠠᠪᠰᠤᠷᠭᠠᠨ ᠡᠭᠦᠷᠭᠡᠯᠡᠨ᠎ᠡ᠃ | | | ᠰᠠᠷᠠᠭᠤᠯ ᠪᠠᠭᠤᠯᠭᠠᠪᠠ |
|