| 2021 ᠣᠨ ᠤ 3 ᠰᠠᠷ᠎ᠠ ᠶᠢᠨ 4 ᠤ ᠡᠳᠦᠷ ᠱᠠᠩᠳᠤ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠡᠭᠡᠷ᠎ᠡ | _ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠼᠤᠤ ᠺᠠᠢ ᠬᠤᠩ | | ᠲᠥᠯᠥᠭᠡᠯᠡᠭᠴᠢᠳ ᠡ᠄ | ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠬᠤᠷᠠᠯ ᠳᠤ ᠰᠤᠯᠠ ᠣᠷᠣᠯᠴᠠᠭᠰᠠᠨ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠪᠠ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2020 ᠣᠨ ᠤ ᠠᠵᠢᠯ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠥᠭᠵᠢᠯᠲᠡ ᠶᠢᠨ | ᠡᠷᠭᠢᠴᠡᠭᠦᠯᠦᠯ᠃ 2020 ᠣᠨ ᠪᠣᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠠᠮᠤᠭ ᠤᠨ ᠮᠠᠷᠲᠠᠭᠳᠠᠰᠢ | ᠦᠭᠡᠢ ᠪᠥᠭᠡᠳ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠬᠥᠭᠵᠢᠯᠲᠡ ᠶᠢᠨ ᠪᠠᠶᠢᠳᠠᠯ ᠤᠨ ᠭᠦᠨᠵᠡᠭᠡᠢ | ᠬᠤᠪᠢᠷᠠᠯᠲᠠ ᠪᠣᠯᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠠᠭᠠᠷᠢᠯᠳᠠ ᠶᠢᠨ | ᠡᠮᠦᠨ᠎ᠡ᠂ ᠰᠢᠶᠠᠨ ᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ | ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠦᠯᠡᠳᠡᠭᠰᠡᠨ 221 ᠡᠷᠦᠬᠡ ᠶᠢᠨ 445 ᠶᠠᠳᠠᠭᠤ ᠬᠦᠴᠢᠷᠳᠡᠯᠲᠡᠢ ᠬᠥᠮᠦᠨ ᠠᠮᠠ ᠶᠢ | ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠰᠢᠨ᠎ᠡ ᠴᠠᠭ ᠦᠶ᠎ᠡ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ | ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠪᠠ᠃ | | ᠨᠢᠭᠡ ᠵᠢᠯ ᠤᠨ ᠲᠤᠷᠰᠢ ᠭᠤᠣᠯᠳᠠᠭᠤ ᠳᠣᠣᠷᠠᠬᠢ ᠠᠵᠢᠯ ᠤᠳ ᠢ ᠬᠢᠵᠡᠢ᠄ | ︽ᠵᠠᠰᠠᠬᠤ︾ ᠰᠠᠭᠤᠷᠢ ᠶᠢ ᠪᠠᠬᠢᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠪᠠᠲᠤᠯᠠᠭ᠎ᠠ ᠬᠦᠴᠦᠲᠡᠶ ᠪᠣᠯᠪᠠ | | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠠᠷᠢᠯᠭᠠᠬᠤ ᠳᠠᠶᠢᠯᠠᠯᠳᠤᠭᠠᠨ ᠢ ᠡᠷᠡᠰ ᠰᠠᠶᠢᠲᠤᠷ | ᠬᠢᠵᠡᠢ᠃ 6000 ᠭᠠᠷᠤᠶ ᠨᠠᠮ ᠤᠨ ᠭᠡᠰᠢᠭᠦᠨ ᠺᠠᠳ᠋ᠷ ᠪᠣᠯᠤᠨ 3000 ᠭᠠᠷᠤᠶ ᠰᠠᠶᠢᠨ ᠲᠤᠷᠠᠴᠤᠳ ᠵᠠᠮ | ᠬᠠᠷᠢᠯᠴᠠᠭ᠎ᠠ᠂ ᠰᠠᠭᠤᠭᠠᠯᠢ ᠠᠷᠠᠳ ᠤᠨ ᠲᠣᠭᠤᠷᠢᠭ᠂ ᠬᠥᠳᠡᠭᠡ ᠲᠣᠰᠬᠤᠨ᠂ ᠠᠵᠤ ᠠᠬᠤᠶᠢᠯᠠᠯ ᠤᠨ ︽ᠳᠥᠷᠪᠡᠨ | ᠰᠡᠷᠭᠡᠶᠢᠯᠡᠯᠲᠡ ᠶᠢᠨ ᠱᠤᠭᠤᠮ︾ ᠢ ᠴᠢᠩᠭ᠎ᠠ ᠰᠠᠬᠢᠵᠤ᠂ ︽ᠣᠷᠣᠵᠤ ᠢᠷᠡᠬᠦ ᠥᠬᠡᠶ᠂ ᠬᠠᠯᠳᠠᠪᠤᠷᠢᠯᠠᠬᠤ ᠥᠬᠡᠶ᠂ | ᠬᠢᠵᠢᠭ ᠤᠨ ᠪᠠᠶᠢᠳᠠᠯ ᠥᠬᠡᠶ︾ ᠪᠠᠶᠢᠬᠤ ᠰᠡᠷᠭᠡᠶᠢᠯᠡᠨ ᠡᠵᠡᠮᠳᠡᠬᠦ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ | 7 ᠡᠮᠴᠢ ᠰᠤᠪᠢᠯᠠᠭᠴᠢ ᠲᠣᠮᠢᠯᠠᠨ ᠦᠬᠠᠨ ᠢ ᠲᠤᠰᠠᠯᠠᠨ ᠬᠢᠵᠢᠭ ᠲᠠᠢ ᠲᠡᠮᠡᠴᠡᠵᠦ᠂ ᠰᠢᠶᠠᠨ ᠤ ᠡᠮᠨᠡᠯᠭᠡ ᠶᠢᠨ | ᠬᠤᠷᠢᠶ᠎ᠠ ᠳᠤᠮᠳᠠᠳᠤ ᠤᠯᠤᠰ ᠤᠨ ᠡᠮᠨᠡᠯᠭᠡ ᠶᠢᠨ ᠬᠤᠷᠢᠶᠠᠨ ᠤ ᠨᠡᠶᠢᠭᠡᠮᠯᠢᠭ ᠲᠤ ︽ᠳᠤᠮᠳᠠᠳᠤ ᠤᠯᠤᠰ ᠤᠨ | ᠡᠮᠨᠡᠯᠭᠡ ᠶᠢᠨ ᠬᠤᠷᠢᠶᠠᠨ ᠤ ᠰᠢᠨᠵᠢᠯᠡᠬᠦ ᠤᠬᠠᠭᠠᠨᠴᠢ ᠪᠠᠷ ᠬᠢᠵᠢᠭ ᠲᠠᠢ ᠲᠡᠮᠡᠴᠡᠬᠦ ᠲᠡᠷᠢᠭᠦᠨ ᠤ ᠪᠠᠲᠤᠯᠠᠭ᠎ᠠ ᠶᠢᠨ | ᠪᠦᠯᠬᠦᠮ︾ ᠢᠶᠠᠷ ᠦᠨᠡᠯᠡᠭᠳᠡᠪᠡ᠃ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ᠂ ᠬᠤᠯᠤᠭᠠᠨ᠎ᠠ ᠪᠠ ᠨᠤᠬᠠᠢ ᠶᠢᠨ | ᠪᠥᠭᠡᠰᠦ ᠶᠢ ᠤᠰᠠᠳᠬᠠᠬᠤ᠂ ᠤᠬᠠᠭᠤᠯᠭ᠎ᠠ ᠬᠥᠮᠦᠵᠢᠯ ᠢᠶᠠᠷ ᠭᠤᠣᠯ ᠪᠣᠯᠭᠠᠭᠰᠠᠨ ᠶᠡᠷᠦᠩᠬᠡᠶᠢᠯᠡᠭᠰᠡᠨ ᠴᠢᠨᠠᠷᠲᠠᠶ | ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠥᠷᠨᠢᠭᠦᠯᠵᠦ᠂ ᠬᠥᠮᠦᠨ ᠳᠤ ᠬᠤᠯᠤᠭᠠᠨ᠎ᠠ ᠬᠢᠵᠢᠭ ︽ | ᠪᠠᠶᠢᠬᠤ ᠦᠭᠡᠶ︾ ᠬᠠᠷᠠᠯᠲᠠ ᠶᠢ ᠪᠡᠶᠡᠯᠡᠭᠦᠯᠪᠡ᠃ | ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠳᠡᠢ ᠰᠡᠷᠭᠡᠶᠢᠯᠡᠨ ᠠᠷᠢᠯᠭᠠᠪᠠ᠃ ᠪᠦᠬᠦ ᠵᠢᠯ ᠳᠤ ᠵᠢᠯ ᠤᠨ ᠥᠷᠢ | ᠥᠭᠴᠡᠭᠡ ᠠᠷᠢᠯᠭᠠᠬᠤ ᠡᠭᠦᠷᠭᠡ ᠶᠢ 119 . 9 % ᠪᠠᠷ ᠪᠡᠶᠡᠯᠡᠭᠦᠯᠪᠡ᠃ 2 . 94 ᠳ᠋ᠦᠩᠰᠢᠭᠤᠷ ᠲᠥᠭᠦᠷᠢᠭ ᠤᠨ | ᠡᠷᠡᠭᠦᠯ ᠪᠤᠰᠤ ᠵᠢᠭᠡᠯᠡᠯᠭᠡ ᠶᠢ ᠴᠡᠪᠡᠷᠯᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ 18 | ᠬᠡᠷᠡᠭ ᠢ ᠲᠠᠩᠨᠠᠨ ᠰᠢᠢᠳᠪᠦᠷᠢᠯᠡᠪᠡ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠬᠤᠶᠠᠷ ᠵᠢᠯ ᠳᠠᠷᠠᠭᠠᠯᠠᠨ ᠪᠦᠬᠦ | ᠬᠤᠲᠠ ᠶᠢᠨ ᠨᠢᠭᠡᠳᠦᠭᠡᠷ ᠲᠤ ᠵᠢᠭᠰᠠᠭᠠᠭᠳᠠᠵᠤ᠂ ᠪᠦᠬᠦ ᠵᠢᠯ ᠳᠤ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ | 21 ᠰᠢᠢᠳᠪᠦᠷᠢᠯᠡᠵᠦ᠂ ᠲᠥᠪ ᠤᠨ ᠲᠣᠭᠤᠷᠢᠨ ᠪᠠᠢᠴᠠᠭᠠᠵᠤ ᠲᠤᠰᠢᠶᠠᠨ ᠰᠢᠢᠳᠪᠦᠷᠢᠯᠡᠭᠦᠯᠦᠭᠰᠡᠨ ᠬᠡᠷᠡᠭ 50 ᠪᠠᠶᠢᠨ᠎ᠠ | ᠃ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠭᠤᠤᠯᠳᠠᠯᠭ᠎ᠠ ᠲᠠᠢ ᠠᠵᠢᠯ ᠲᠥᠷᠥᠯ ᠤᠨ 255 ︵ᠤᠳᠠᠭ᠎ᠠ | ︶ ᠬᠦᠷᠢᠶᠡᠨ ᠳᠤ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ 1023 ᠵᠤᠷᠪᠤᠰ ︵ᠭᠠᠵᠠᠷ︶ ᠢ | ᠳᠠᠷᠠᠭᠠᠯᠠᠨ ᠪᠠᠶᠢᠴᠠᠭᠠᠪᠠ᠃ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠬᠦᠴᠦᠲᠡᠶ ᠠᠬᠢᠭᠤᠯᠪᠠ᠃ ᠵᠥᠪᠰᠢᠶᠡᠷᠡᠯ ᠢᠶᠠᠷ ᠳᠠᠮᠵᠢᠨ | ᠱᠠᠩᠳᠤ ᠴᠠᠭᠠᠨᠨᠠᠭᠤᠷ ᠥᠪᠡᠷᠲᠡᠭᠡᠨ ᠵᠠᠰᠠᠬᠤ ᠣᠷᠣᠨ ᠤ ᠲᠡᠰ ᠤᠨ ᠨᠤᠭᠤ ᠭᠠᠵᠠᠷ ᠤᠨ ᠴᠡᠴᠡᠷᠯᠢᠭ ᠢ ᠪᠠᠶᠢᠭᠤᠯᠵᠤ᠂ | ᠱᠠᠩᠳᠤ ᠰᠢᠶᠠᠨ ᠤ ᠨᠤᠭᠤ ᠭᠠᠵᠠᠷ ᠤᠨ ᠬᠠᠮᠠᠭᠠᠯᠠᠯᠲᠠ ᠶᠢᠨ ᠲᠥᠪ ᠢ ᠪᠠᠶᠢᠭᠤᠯᠵᠤ᠂ ︽ᠱᠠᠩᠳᠤ ᠴᠠᠭᠠᠨᠨᠠᠭᠤᠷ | ᠥᠪᠡᠷᠲᠡᠭᠡᠨ ᠵᠠᠰᠠᠬᠤ ᠣᠷᠣᠨ ᠤ ᠨᠤᠭᠤ ᠭᠠᠵᠠᠷ ᠤᠨ ᠴᠡᠴᠡᠷᠯᠢᠭ ᠤᠨ ᠶᠡᠷᠦᠩᠬᠡᠢ ᠲᠥᠯᠥᠪᠵᠢᠭᠦᠯᠪᠡ︾ ᠶᠢ | ᠨᠠᠶᠢᠷᠠᠭᠤᠯᠤᠨ ᠵᠣᠬᠢᠶᠠᠵᠤ᠂ 53 ᠺᠢᠯᠣᠮᠧᠳ᠋ᠷ ᠤᠨ ᠬᠦᠷᠢᠶ᠎ᠡ ᠬᠠᠰᠢᠶ᠎ᠠ ᠶᠢ ᠪᠢᠲᠡᠭᠦᠮᠵᠢᠯᠡᠨ᠂ ᠰᠦᠷᠴᠢᠨ ᠤᠰᠤᠯᠠᠬᠤ | ᠬᠦᠷᠢᠶ᠎ᠡ ᠶᠢ ᠪᠦᠬᠦᠨ ᠢ ᠨᠤᠷᠠᠭᠠᠵᠤ ᠴᠡᠪᠡᠷᠯᠡᠪᠡ᠃ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ | ᠶᠡᠷᠦᠩᠬᠡᠶᠢᠯᠡᠨ ᠵᠠᠰᠠᠬᠤ ᠠᠵᠢᠯ ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠬᠡᠲᠦᠷᠡᠲᠡᠯ᠎ᠡ ᠠᠪᠤᠭᠰᠠᠨ ᠣᠷᠣᠨ ᠤ ᠡᠩᠨᠡᠭᠡ ᠠᠴᠠ ᠵᠢᠩᠬᠢᠨᠢ ᠪᠠᠷ ᠤᠬᠤᠷᠢᠨ | ᠭᠠᠷᠴᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ︽ᠡᠷᠬᠢᠨ | ᠬᠠᠷᠠᠬᠤ︾ ᠵᠢᠴᠢ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠲᠤᠰᠬᠠᠶ ᠰᠢᠮᠳᠠᠭᠤᠯᠤᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠪᠦᠬᠦ ᠵᠢᠯ ᠤᠨ | ᠠᠭᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 95 % ᠳᠤ ᠬᠦᠷᠭᠡᠵᠡᠢ᠃ | ᠵᠠᠰᠠᠯᠲᠠ ᠶᠢᠨ ᠦᠷ᠎ᠡ ᠪᠦᠲᠦᠮᠵᠢ ᠦᠷᠭᠦᠯᠵᠢᠯᠡᠨ ᠳᠡᠭᠡᠭᠰᠢᠯᠡᠪᠡ᠃ ᠳᠣᠯᠣᠳᠤᠭᠠᠷ ᠲᠠᠪᠤᠨ ᠵᠢᠯ ᠤᠨ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠤᠷᠤᠭᠰᠢᠲᠠᠢ ᠪᠡᠶᠡᠯᠡᠭᠦᠯᠪᠡ᠃ ᠳᠣᠯᠣᠳᠤᠭᠠᠷ | ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠤᠷᠤᠭᠰᠢᠲᠠᠢ ᠶᠠᠪᠤᠭᠳᠠᠪᠠ᠃ | ᠤᠯᠤᠰ ᠤᠨ ᠭᠤᠷᠪᠠᠨ ᠲᠦᠷᠦᠯ ᠤᠨ ᠬᠢᠴᠢᠶᠡᠯ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠮᠬᠢ | ᠵᠢᠷᠤᠮ ᠲᠠᠢ ᠪᠠᠷ ᠳᠡᠯᠭᠡᠷᠡᠭᠦᠯᠦᠨ ᠬᠡᠷᠡᠭᠯᠡᠪᠡ᠃ 46 ᠬᠤᠪᠢ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ | ᠂ 82 ᠬᠤᠪᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠰᠠᠨᠠᠯ ᠳᠤᠷᠠᠳᠤᠯᠭ᠎ᠠ᠂ 230 ᠵᠤᠷᠪᠤᠰ ᠰᠢᠶᠠᠨ ᠤ | ᠳᠠᠷᠤᠭ᠎ᠠ ᠶᠢᠨ ᠵᠠᠬᠢᠳᠠᠯ ᠤᠨ ᠬᠠᠢᠷᠴᠠᠭ ᠤᠨ ᠰᠦᠯᠵᠢᠶᠡᠨ ᠠᠷᠠᠳ ᠤᠨ ᠦᠯᠡᠳᠡᠭᠡᠭᠰᠡᠨ ᠦᠭᠡ ᠶᠢ ᠰᠢᠢᠳᠪᠦᠷᠢᠯᠡᠵᠦ᠂ | ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠣᠷᠮ᠎ᠠ 100 % ᠬᠦᠷᠴᠡᠢ᠃ ᠨᠡᠭᠦᠷᠡᠰᠦᠨ ᠤ ᠬᠦᠷᠢᠶ᠎ᠡ᠂ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠬᠦᠷᠢᠶ᠎ᠡ ᠴᠠᠷᠠᠭ᠎ᠠ ᠶᠢᠨ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠶ ᠥᠷᠨᠢᠭᠦᠯᠵᠦ᠂ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ ᠭᠠᠵᠠᠷ ᠪᠠᠶᠢᠭᠤᠯᠬᠤ ᠵᠠᠷᠤᠳᠠᠯ ᠢ 1926 ᠲᠦᠮᠡᠨ ᠲᠥᠭᠦᠷᠢᠭ | ᠨᠡᠬᠡᠮᠵᠢᠯᠡᠨ ᠲᠤᠰᠢᠶᠠᠯᠭᠠᠪᠠ᠃ ᠬᠡᠷ ᠪᠠᠶᠢᠰᠢᠩ ᠭᠠᠵᠠᠷ ᠬᠥᠷᠥᠩᠭᠡ ᠶᠢᠨ ᠲᠡᠤᠬᠡ ᠶᠢᠨ ᠦᠯᠡᠳᠡᠭᠳᠡᠯ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠪᠣᠳᠠᠲᠤ ᠠᠬᠢᠴᠠ ᠲᠠᠢ ᠪᠣᠯᠵᠣ᠂ 1521 ᠳᠡᠪᠲᠡᠷ ᠥᠯᠥ ᠬᠥᠳᠡᠯᠬᠦ | ᠬᠥᠷᠥᠩᠭᠡ ᠶᠢᠨ ᠡᠷᠬᠡ ᠶᠢᠨ ᠦᠨᠡᠮᠯᠡᠯ ᠣᠯᠭᠤᠪᠠ᠃ ᠵᠠᠰᠠᠭ ᠤᠨ ᠣᠷᠳᠣᠨ ᠤ ᠰᠢᠰᠲ᠋ᠧᠮ ᠤᠨ ︽ᠳᠥᠷᠪᠡᠨ ᠰᠤᠷᠲᠠᠯ︾ | ᠤᠨ ᠠᠰᠠᠭᠤᠳᠠᠯ ᠢ 2 ᠪᠠᠶᠢᠴᠠᠭᠠᠨ ᠰᠢᠶ᠋ᠳᠪᠦᠷᠢᠯᠡᠵᠦ᠂ 3 ᠬᠥᠮᠦᠨ ᠳᠤ ᠨᠠᠮ ᠵᠠᠰᠠᠭ ᠤᠨ ᠰᠠᠬᠢᠯᠭ᠎ᠠ ᠪᠠᠲᠤ ᠶᠢᠨ | ᠰᠢᠢᠳᠭᠡᠯ ᠥᠭᠪᠡ᠃ | ︽ᠲᠣᠭᠲᠠᠭᠤᠨ︾ ᠶᠡᠭᠡ ᠲᠠᠯ᠎ᠠ ᠳᠤ ᠰᠠᠭᠤᠷᠢᠯᠠᠨ᠂ ᠠᠵᠤ ᠠᠬᠤᠶ ᠶᠢᠨ ᠠᠵᠢᠯᠯᠠᠭᠠᠨ ᠲᠣᠭᠲᠠᠪᠤᠷᠢᠵᠢᠬᠤ | ᠬᠠᠨᠳᠤᠰᠢ ᠲᠠᠢ ᠪᠣᠯᠪᠠ᠃ | ᠠᠵᠤ ᠠᠬᠤᠢ ᠶᠢ ᠰᠡᠷᠭᠦᠭᠡᠨ ᠬᠥᠭᠵᠢᠭᠦᠯᠬᠦ ᠰᠠᠨᠠᠭᠠᠴᠢᠯᠠᠭᠠᠲᠤ ᠳᠠᠶᠢᠨ ᠢ ᠰᠠᠶᠢᠲᠤᠷ ᠬᠢᠵᠡᠢ᠃ ᠳᠤᠮᠳᠠ ᠪᠠᠭ᠎ᠠ ᠵᠢᠵᠢᠭ | ᠠᠵᠤ ᠠᠬᠤᠶᠢᠯᠠᠯ ᠳᠤ 2400 ᠲᠦᠮᠡᠨ ᠲᠥᠭᠦᠷᠢᠭ ᠤᠨ ︽ᠪᠠᠲᠤᠯᠠᠭ᠎ᠠ ᠶᠢᠨ ᠮᠥᠩᠭᠦ ᠶᠢᠨ ᠵᠢᠭᠡᠯᠡᠯᠭᠡ︾ | ᠲᠠᠷᠬᠠᠭᠠᠵᠤ᠂ 3993 ᠲᠦᠮᠡᠨ ᠲᠥᠭᠦᠷᠢᠭ ᠤᠨ ᠭᠠᠶᠢᠯᠢ ᠶᠢ ᠬᠠᠰᠤᠵᠤ ᠰᠦᠢᠳᠭᠡᠯ ᠢ ᠪᠠᠭᠤᠷᠠᠭᠤᠯᠵᠤ᠂ 19 ᠠᠵᠤ | ᠠᠬᠤᠶᠢᠯᠠᠯ ᠤᠨ 1 . 63 ᠳ᠋ᠦᠩᠰᠢᠭᠤᠷ ᠲᠥᠭᠦᠷᠢᠭ ᠤᠨ ᠪᠠᠯᠠ ᠲᠣᠬᠢᠷᠠᠭᠤᠯᠭ᠎ᠠ ᠶᠢ ᠪᠡᠶᠡᠯᠡᠭᠦᠯᠵᠦ᠂ 3838 | ᠲᠦᠮᠡᠨ ᠲᠥᠭᠦᠷᠢᠭ ᠤᠨ ᠨᠡᠶᠢᠭᠡᠮ ᠤᠨ ᠪᠠ ᠨᠠᠰᠤᠵᠢᠯ ᠤᠨ ᠠᠰᠠᠷᠠᠮᠵᠢ ᠵᠡᠷᠭᠡ ᠳᠠᠭᠠᠳᠬᠠᠯ ᠤᠨ ᠰᠦᠢᠳᠭᠡᠯ ᠢ | ᠬᠠᠰᠤᠵᠤ ᠬᠡᠯᠲᠦᠷᠢᠭᠦᠯᠪᠡ᠃ ᠡᠩ ᠤᠨ ᠣᠯᠠᠨ ᠨᠡᠢᠲᠡ ᠶᠢᠨ ᠲᠥᠰᠦᠪ ᠤᠨ ᠣᠷᠣᠯᠭ᠎ᠠ 2 . 32 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ 17 . 9 % ᠨᠡᠮᠡᠭᠳᠡᠵᠦ᠂ ᠪᠦᠬᠦ ᠰᠢᠶᠠᠨ ᠤ ᠣᠷᠣᠨ ᠨᠤᠲᠤᠭ ᠤᠨ | ᠦᠢᠯᠡᠳᠪᠦᠷᠢᠯᠡᠯ ᠤᠨ ᠶᠡᠷᠦᠩᠬᠡᠢ ᠥᠷᠲᠡᠭ 59 . 8 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ 1 . 5 % | ᠨᠡᠮᠡᠭᠳᠡᠵᠡᠢ᠃ ᠳᠡᠭᠡᠳᠦ ᠱᠠᠲᠤᠨ ᠤ 17 ᠪᠡᠯᠡ ᠣᠷᠣᠭᠤᠯᠤᠯᠲᠠ ᠶᠢᠨ ᠲᠥᠷᠦᠯ ᠵᠦᠢᠯ ᠢ ᠲᠡᠮᠡᠴᠡᠨ ᠣᠯᠵᠤ᠂ 20 . | 03 ᠳ᠋ᠦᠩᠰᠢᠭᠤᠷ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠶᠡᠷᠦᠩᠬᠡᠢ | ᠬᠡᠮᠵᠢᠶ᠎ᠡ ᠨᠢ ᠪᠦᠬᠦ ᠬᠤᠲᠠ ᠶᠢᠨ ᠳᠥᠷᠪᠡᠳᠦᠭᠡᠷ ᠲᠤ ᠣᠷᠣᠪᠠ᠃ ︽ᠭᠤᠷᠪᠠᠨ ᠶᠡᠭᠡ ᠠᠵᠤ ᠦᠢᠯᠡᠰ︾᠂ ︽ | ᠭᠤᠷᠪᠠᠨ ᠶᠡᠭᠡ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ | ᠪᠣᠬᠢᠷᠲᠤᠯ ᠥᠬᠡᠶ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠵᠡᠢ᠃ ᠤᠯᠤᠰ ᠤᠨ ᠣᠷᠣᠨ ᠪᠦᠰᠡ ᠶᠢᠨ ᠴᠢᠨᠠᠷᠲᠠᠶ ᠲᠥᠮᠥᠰᠥ ᠶᠢᠨ ᠰᠠᠶᠢᠨ ᠡᠭᠦᠯᠳᠡᠷ ᠢ | ᠦᠷᠡᠵᠢᠭᠦᠯᠦᠨ ᠪᠤᠶᠢᠵᠢᠭᠤᠯᠬᠤ ︵ᠳᠡᠯᠭᠡᠨ ᠦᠵᠡᠭᠦᠯᠵᠦ ᠠᠷᠠᠯᠵᠢᠶᠠᠯᠠᠬᠤ︶ ᠰᠠᠭᠤᠷᠢᠨ ᠭᠠᠵᠠᠷ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠵᠢᠤᠢ ᠬᠤᠩ ᠲᠥᠮᠥᠰᠥ ᠶᠢᠨ ᠵᠢᠵᠢᠭ ᠪᠠᠯᠭᠠᠰᠤ ᠶᠢ ᠵᠢᠩᠬᠢᠨᠢ ᠪᠠᠷ ᠡᠬᠢᠯᠡᠭᠦᠯᠵᠦ᠂ | ᠰᠢ ᠰᠧᠨ ᠲᠥᠮᠥᠰᠥ ᠶᠢ ᠵᠣᠬᠢᠶᠠᠨ ᠪᠠᠶᠢᠭᠤᠯᠵᠤ ᠪᠤᠶᠢᠵᠢᠭᠤᠯᠬᠤ ᠲᠥᠪ ᠨᠢ ᠠᠩᠬ᠎ᠠ ᠤᠳᠠᠭ᠎ᠠ ᠥᠪᠡᠰᠦᠪᠡᠨ | ᠪᠤᠶᠢᠵᠢᠭᠤᠯᠵᠤ ᠥᠪᠡᠰᠦᠪᠡᠨ ᠦᠷᠡᠵᠢᠭᠦᠯᠵᠦ᠂ ᠵᠢᠯ ᠳᠤ 2000 ᠲᠦᠮᠡᠨ ᠰᠠᠭᠤᠷᠢ ᠬᠤᠤᠷ ᠥᠬᠡᠶᠢᠳᠡᠭᠦᠯᠦᠭᠰᠡᠨ | ᠴᠢᠬᠢ ᠪᠤᠶᠢᠵᠢᠭᠤᠯᠵᠤ᠂ ᠤᠤᠯ ᠡᠭᠦᠯᠳᠡᠷ ᠢ 6000 ᠲᠦᠮᠡᠨ ᠮᠥᠬᠦᠯᠢᠭ ᠪᠤᠶᠢᠵᠢᠭᠤᠯᠬᠤ ᠴᠢᠳᠠᠪᠤᠷᠢ ᠲᠠᠢ ᠪᠣᠯᠪᠠ᠃ | ᠨᠡᠶᠢᠰᠯᠡᠯ ᠤᠨ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠪᠡᠭᠡᠵᠢᠩ ᠳᠤ ᠣᠷᠣᠭᠤᠯᠤᠭᠰᠠᠨ | ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠵᠣᠭᠤᠰ ᠤᠨ ᠲᠤᠭ᠎ᠠ 1283 ᠲᠦᠮᠡᠨ ᠲᠥᠭᠦᠷᠢᠭ ᠲᠤ | ᠬᠦᠷᠪᠡ᠃ ︽ᠱᠠᠩᠳᠤ ᠶᠢᠨ ᠴᠤᠭᠤᠷ︾ ᠨᠢ ᠳᠤᠮᠳᠠᠳᠤ ᠤᠯᠤᠰ ᠤᠨ ᠨᠠᠷᠠᠲᠤ ᠲᠡᠮᠳᠡᠭ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠲᠤ 4 . 67 ᠳ᠋ᠦᠩᠰᠢᠭᠤᠷ ᠲᠥᠭᠦᠷᠢᠭ ᠤᠨ ᠥᠷᠲᠡᠭ ᠪᠥᠬᠦᠶ ᠨᠠᠷᠠᠲᠤ | ᠲᠡᠮᠳᠡᠭ ᠢᠶᠠᠷ ᠦᠨᠡᠯᠡᠭᠳᠡᠪᠡ᠃ | ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠲᠦᠷᠭᠡᠨ ᠬᠥᠭᠵᠢᠪᠡ᠃ ᠬᠡᠪᠴᠢᠶᠡᠵᠢᠯ ᠠᠴᠠ | ᠳᠡᠭᠡᠭᠰᠢᠬᠢ ᠠᠵᠤ ᠠᠬᠤᠶᠢᠯᠠᠯ 28 ᠪᠣᠯᠵᠣ᠂ 39 . 72 ᠳ᠋ᠦᠩᠰᠢᠭᠤᠷ ᠲᠥᠭᠦᠷᠢᠭ ᠤᠨ ᠦᠢᠯᠡᠳᠭᠦᠨ ᠤ | ᠥᠷᠲᠡᠭ ᠢ ᠪᠡᠶᠡᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 2 . 4 | % ᠪᠠᠷ ᠨᠡᠮᠡᠭᠳᠡᠪᠡ᠃ ᠯᠦᠸᠧᠶᠠᠩ ᠤᠨ ᠱᠤᠸᠠᠩ ᠷᠦᠢ᠂ ᠰᠦᠵᠧᠦ ᠶᠢᠨ ᠲᠢᠶᠠᠨ ᠱᠦᠨ᠂ ᠴᠢᠩᠳᠣᠤ ᠶᠢᠨ ᠲᠢᠶᠠᠨ | ᠨᠧᠩ᠂ ᠰᠢᠨᠵᠢᠶᠠᠩ ᠤᠨ ᠶᠢᠨ ᠹᠧᠩ ᠵᠡᠷᠭᠡ ᠲᠥᠷᠥᠯ ᠵᠦᠢᠯ ᠬᠤᠶᠢᠨ᠎ᠠ ᠬᠤᠶᠢᠨ᠎ᠠ ᠠᠴᠠ ᠪᠠᠨ | ᠨᠠᠶᠢᠳᠠᠪᠤᠷᠢᠵᠢᠭᠤᠯᠤᠭᠳᠠᠵᠤ᠂ ᠪᠥᠬᠦ ᠬᠤᠲᠠ ᠶᠢᠨ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ | ᠰᠠᠭᠤᠷᠢᠨ ᠭᠠᠵᠠᠷ ᠠᠩᠬ᠎ᠠ ᠠᠯᠬᠤᠮ ᠬᠡᠪᠴᠢᠶᠡᠵᠢᠪᠡ᠃ ᠺᠠᠶ ᠶᠢᠨ᠂ ᠾᠧᠩ ᠱᠧᠩ ᠵᠡᠷᠭᠡ ᠯᠢᠲ᠋ᠢ ᠶᠢᠨ ᠴᠠᠬᠢᠯᠭᠠᠨ | ᠪᠢᠯᠢᠭ ᠲᠦᠢᠯ ᠤᠨ ᠮᠠᠲ᠋ᠧᠷᠢᠶᠠᠯ ᠤᠨ ᠠᠵᠤ ᠠᠬᠤᠶᠢᠯᠠᠯ ᠤᠨ ᠵᠢᠯ ᠤᠨ ᠦᠢᠯᠡᠳᠪᠦᠷᠢᠯᠡᠬᠦ ᠴᠢᠳᠠᠪᠤᠷᠢ ᠨᠢ 6 . 8 | ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠪᠠᠨ 36 % ᠪᠠᠷ ᠨᠡᠮᠡᠭᠳᠡᠪᠡ᠃ ᠾᠧᠩ ᠺᠧ | ᠲᠧ ᠲᠤᠤ᠂ ᠾᠧᠩ ᠳ᠋ᠧ ᠺᠠᠩ ᠡᠮ ᠡᠮᠨᠡᠯᠭᠡ ᠡᠷᠡᠭᠦᠯ ᠬᠠᠮᠠᠭᠠᠯᠠᠯ ᠤᠨ ᠬᠤᠷᠣᠭᠳᠠᠯ ᠮᠠᠲ᠋ᠧᠷᠢᠶᠠᠯ ᠵᠡᠷᠭᠡ ᠲᠥᠷᠥᠯ | ᠵᠦᠢᠯ ᠠᠰᠢᠭᠯᠠᠯᠲᠠ ᠳᠤ ᠣᠷᠣᠪᠠ᠃ | ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠤᠨ ᠪᠠᠶᠢᠳᠠᠯ ᠴᠢᠩᠭ᠎ᠠ ᠪᠠᠶᠢᠨ᠎ᠠ᠃ ᠨᠡᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 18 . 77 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ ᠶᠡᠷᠦᠩᠬᠡᠢ ᠬᠡᠮᠵᠢᠶ᠎ᠡ ᠨᠢ ᠪᠦᠬᠦ ᠬᠤᠲᠠ ᠶᠢᠨ ᠭᠤᠷᠪᠠᠳᠤᠭᠠᠷ ᠲᠤ ᠣᠷᠣᠪᠠ᠃ ᠭᠤᠣᠯᠳᠠᠯᠭ᠎ᠠ ᠲᠠᠢ | ᠠᠬᠢᠭᠤᠯᠤᠭᠰᠠᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠦᠢᠯᠡᠴᠢᠯᠡᠭᠡᠨ ᠤ ᠦᠢᠯᠡᠰ ᠤᠨ 6 ᠲᠥᠷᠥᠯ ᠵᠦᠢᠯ 3 | . 6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠵᠢᠶᠠ ᠵᠢᠶᠠ ᠶᠤᠸᠠᠢ ᠬᠡᠲᠦ ᠳᠡᠯᠭᠡᠭᠦᠷ | 20 ᠰᠠᠭᠤᠷᠢ ᠬᠥᠮᠦᠨ ᠥᠬᠡᠶ ᠥᠪᠡᠰᠦᠪᠡᠨ ᠦᠶ᠋ᠯᠡᠴᠢᠯᠡᠬᠦ ᠬᠡᠯᠪᠡᠷᠢ ᠶᠢᠨ ︽ᠪᠢᠴᠢᠯ ᠨᠣᠭᠤᠭ᠎ᠠ ᠶᠢᠨ ᠳᠡᠯᠭᠡᠭᠦᠷ︾ ᠢ | ᠪᠠᠶᠢᠭᠤᠯᠵᠤ᠂ ᠹᠦ᠋ ᠰᠢᠶᠠᠩ᠂ ᠰᠢᠤᠳᠠᠨ ᠵᠡᠷᠭᠡ 6 ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠬᠥᠳᠡᠭᠡ | ᠲᠣᠰᠬᠤᠨ ᠤ ᠳᠣᠭᠢᠷᠠᠭᠤᠯᠤᠨ ᠬᠦᠷᠭᠡᠬᠦ ᠲᠤᠬᠠᠶᠢᠯᠠᠭᠰᠠᠨ ᠠᠵᠢᠯ ᠢ ᠨᠡᠪᠲᠡᠷᠡᠭᠦᠯᠵᠦ᠂ ᠳᠡᠭᠡᠭᠰᠢ ᠳᠣᠷᠣᠭᠰᠢ | ᠠᠷᠠᠯᠵᠢᠶᠠᠯᠠᠭᠰᠠᠨ ᠲᠤᠭ᠎ᠠ 370 ᠭᠠᠷᠤᠶ ᠲᠦᠮᠡᠨ ᠲᠥᠭᠦᠷᠢᠭ ᠲᠤ ᠬᠦᠷᠴᠡᠶ᠃ ᠳᠣᠬᠢᠭᠤᠷ ᠲᠤᠯᠤᠭᠠᠨ ᠣᠲᠣ | ᠰᠢᠨ᠎ᠡ ᠡᠨᠧᠷᠭᠢ ᠶᠢᠨ ᠦᠢᠯᠡᠴᠢᠯᠡᠭᠡᠨ ᠤ ᠥᠷᠲᠡᠭᠡ᠂ ᠵᠢᠤᠢ ᠬᠤᠩ ᠪᠠᠭᠤᠳᠠᠯ᠂ ᠵᠢᠤᠢ ᠬᠤᠩ ᠬᠤᠳᠠᠯᠳᠤᠭᠠᠨ ᠤ | ᠠᠭᠤᠳᠠᠮ ᠲᠠᠯᠠᠪᠠᠶ ᠵᠡᠷᠭᠡ ᠲᠥᠷᠥᠯ ᠵᠦᠢᠯ ᠤᠨ ᠡᠵᠡᠩᠨᠡᠯᠲᠡ ᠠᠰᠢᠭᠯᠠᠯᠳᠠ ᠳᠤ ᠤᠷᠤᠪᠠ᠃ | ︽ᠪᠠᠲᠤᠯᠠᠬᠤ︾ ᠶᠢᠨ ᠵᠠᠩᠭᠢᠯᠠᠭ᠎ᠠ ᠶᠢ ᠠᠳᠬᠤᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ | ᠦᠷᠭᠦᠯᠵᠢᠯᠡᠨ ᠳᠡᠭᠡᠭᠰᠢᠯᠡᠪᠡ᠃ | ᠠᠷᠠᠳ ᠤᠨ ᠠᠮᠢᠳᠤᠷᠠᠯ ᠤᠨ ᠪᠡᠯᠡ ᠮᠥᠩᠭᠦ ᠶᠢᠨ ᠲᠤᠯᠭᠠᠭᠤᠷᠢᠯᠠᠯ ᠢᠯᠡᠳᠲᠡ ᠦᠷ᠎ᠡ ᠪᠦᠲᠦᠮᠵᠢ ᠣᠯᠪᠠ᠃ ᠪᠦᠬᠦ | ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 28 . 29 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ | ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 77 . 7 % ᠶᠢ ᠡᠵᠡᠯᠡᠵᠦ᠂ 18 . 11 % ᠪᠠᠷ ᠨᠡᠮᠡᠭᠳᠡᠪᠡ | ᠂ ᠡᠭᠦᠨ ᠳᠤ ᠨᠡᠶᠢᠭᠡᠮ ᠤᠨ ᠪᠠᠲᠤᠯᠠᠭ᠎ᠠ᠂ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ᠂ ᠠᠮᠤ ᠲᠤᠰᠤ ᠡᠳ᠋ | ᠪᠠᠷᠠᠭ᠎ᠠ ᠨᠥᠭᠡᠴᠡᠯᠡᠬᠦ ᠵᠡᠷᠭᠡ ᠭᠤᠣᠯᠳᠠᠯᠭ᠎ᠠ ᠲᠠᠢ ᠬᠦᠷᠢᠶᠡᠨ ᠤ ᠵᠠᠷᠤᠯᠭ᠎ᠠ ᠶᠢᠨ ᠨᠡᠮᠡᠭᠳᠡᠯ ᠴᠥᠮ 40 % ᠠᠴᠠ | ᠳᠡᠭᠡᠭᠰᠢ ᠳᠤ ᠬᠦᠷᠪᠡ᠃ ᠡᠯ᠎ᠡ ᠲᠥᠷᠥᠯ ᠤᠨ ᠶᠠᠳᠠᠭᠤ ᠶᠢ ᠲᠡᠳᠬᠦᠬᠦ ᠪᠡᠯᠡ ᠮᠥᠩᠭᠦ ᠶᠢ 6 . 05 ᠳ᠋ᠦᠩᠰᠢᠭᠤᠷ | ᠲᠥᠭᠦᠷᠢᠭ ᠣᠷᠣᠭᠤᠯᠵᠤ᠂ 5 % ᠪᠠᠷ ᠨᠡᠮᠡᠭᠳᠡᠭᠦᠯᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 30985 ᠲᠥᠭᠦᠷᠢᠭ ᠪᠠ 12290 ᠲᠥᠭᠦᠷᠢᠭ ᠲᠤ | ᠬᠦᠷᠴᠦ᠂ 4 . 5 % ᠪᠠ 8 . 9 % ᠨᠡᠮᠡᠭᠳᠡᠵᠦ᠂ ᠴᠥᠮ ᠪᠥᠬᠦ ᠬᠤᠲᠠ ᠶᠢᠨ ᠳᠤᠮᠳᠠᠴᠢ ᠬᠢᠷᠢ | ᠲᠦᠪᠰᠢᠨ ᠠᠴᠠ ᠥᠨᠳᠥᠷ ᠪᠣᠯᠪᠠ᠃ | ᠬᠤᠲᠠ ᠬᠥᠳᠡᠭᠡ ᠶᠢᠨ ᠰᠠᠭᠤᠷᠢ ᠦᠷᠭᠦᠯᠵᠢᠯᠡᠨ ᠪᠠᠬᠢᠵᠢᠪᠡ᠃ ᠬᠥᠳᠡᠭᠡ ᠲᠣᠰᠬᠤᠨ ᠤ ᠥᠮᠴᠢᠯᠡᠯ ᠤᠨ | ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ | ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠬᠤ ᠠᠵᠢᠯ ᠥᠪᠡᠷᠲᠡᠭᠡᠨ ᠵᠠᠰᠠᠬᠤ ᠣᠷᠣᠨ ᠳᠤ ᠰᠢᠯᠢᠳᠡᠭ | ᠲᠠᠰ ᠢᠶᠠᠷ ᠦᠨᠡᠯᠡᠭᠳᠡᠵᠦ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠰᠠᠭᠤᠷᠢ ᠭᠠᠵᠠᠷ ᠤᠨ ᠡᠷᠬᠡ ᠶᠢ ᠨᠤᠲᠠᠯᠠᠨ | ᠳᠡᠩᠰᠡᠯᠡᠵᠦ ᠦᠨᠡᠮᠯᠡᠯ ᠣᠯᠭᠤᠭᠰᠠᠨ ᠨᠢ 3 . 9 ᠲᠦᠮᠡᠨ ᠳᠡᠪᠲᠡᠷ᠂ ᠬᠠᠮᠲᠤ ᠶᠢᠨ ᠪᠥᠲᠥᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠢ ᠳᠡᠩᠰᠡᠯᠡᠵᠦ ᠦᠨᠡᠮᠯᠡᠯ ᠣᠯᠭᠤᠭᠰᠠᠨ ᠨᠢ 396 ᠳᠡᠪᠲᠡᠷ ᠪᠣᠯᠵᠠᠶ᠃ ᠮᠠᠯ ᠵᠢᠭᠦᠷᠲᠡᠨ ᠤ ᠪᠠᠭᠠᠰᠤ | ᠰᠢᠭᠡᠰᠦ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠥᠯ ᠵᠦᠢᠯ ᠤᠨ 8 ᠵᠢᠵᠢᠭ ᠬᠡᠯᠪᠡᠷᠢ ᠶᠢᠨ ᠠᠰᠢᠭᠯᠠᠬᠤ | ᠥᠷᠲᠡᠭᠡ ᠵᠢᠴᠢ 18 ᠰᠢᠢᠳᠪᠦᠶ᠋ᠷᠢᠯᠡᠬᠦ ᠲᠥᠬᠦᠭᠡᠷᠦᠮᠵᠢ ᠶᠢ ᠠᠵᠢᠯᠯᠠᠭᠤᠯᠪᠠ᠃ ᠡᠷᠦᠬᠡ ᠶᠢᠨ ᠵᠣᠷᠯᠣᠩ ᠢ 1 . 1 | ᠲᠦᠮᠡᠨ ᠡᠷᠦᠬᠡ ᠥᠭᠡᠷᠡᠴᠢᠯᠡᠵᠦ᠂ ᠲᠦᠭᠡᠮᠡᠯᠵᠢᠭᠦᠯᠦᠭᠰᠡᠨ ᠨᠣᠷᠮ᠎ᠠ 36 . 6 % ᠬᠥᠷᠪᠡ᠃ 90 % ᠠᠴᠠ | ᠳᠡᠭᠡᠭᠰᠢᠬᠢ ᠵᠠᠰᠠᠭ ᠵᠠᠬᠢᠷᠭᠠᠨ ᠤ ᠲᠣᠰᠬᠤᠨ ᠳᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ | ᠰᠢᠰᠲ᠋ᠧᠮ ᠢ ᠪᠠᠶᠢᠭᠤᠯᠪᠠ᠃ 337 ᠺᠢᠯᠣᠮᠧᠲᠷ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ ᠪᠠᠶᠢᠭᠤᠯᠪᠠ᠃ 20 | ᠭᠠᠷᠤᠶ ᠲᠠᠷᠢᠶᠠᠨ ᠭᠠᠵᠠᠷ ᠢ ᠳᠤᠷ᠎ᠠ ᠪᠠᠷ ᠡᠵᠡᠯᠡᠨ ᠭᠡᠷ ᠪᠠᠶᠢᠰᠢᠩ ᠪᠠᠷᠢᠭᠰᠠᠨ᠃ 6 ᠬᠠᠭᠤᠴᠢᠨ ᠰᠠᠭᠤᠭᠠᠯᠢ | ᠲᠣᠭᠤᠷᠢᠭ ᠤᠨ ᠵᠠᠰᠠᠨ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠦᠨ᠎ᠡ᠃ 19 ᠰᠠᠭᠤᠭᠠᠯᠢ ᠠᠷᠠᠳ ᠤᠨ | ᠲᠣᠭᠤᠷᠢᠭ ᠢ ᠠᠳᠠᠯ ᠠᠬᠤᠢ ᠶᠢᠨ ᠬᠠᠮᠢᠶᠠᠷᠤᠯᠲᠠ ᠳᠤ ᠣᠷᠣᠭᠤᠯᠵᠤ᠂ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠶᠢᠨ ᠵᠢᠵᠢᠭ ᠲᠣᠭᠤᠷᠢᠭ ᠲᠤ ᠠᠳᠠᠯ ᠠᠬᠤᠢ ᠶᠢᠨ ᠦᠢᠯᠡᠴᠢᠯᠡᠭᠡ ᠶᠢ ᠨᠡᠶᠢᠳᠡᠮ ᠪᠦᠷᠬᠦᠭᠦᠯᠬᠦ ᠶᠢ | ᠪᠡᠶᠡᠯᠡᠭᠦᠯᠪᠡ᠃ | ᠨᠡᠶᠢᠭᠡᠮ ᠤᠨ ᠦᠢᠯᠡᠰ ᠦᠷᠭᠦᠯᠵᠢᠯᠡᠨ ᠳᠠᠪᠰᠢᠪᠠ᠃ ᠨᠠᠢᠮᠠᠳᠤᠭᠠᠷ ᠬᠡᠤᠬᠡᠳ ᠤᠨ ᠴᠡᠴᠡᠷᠯᠢᠭ ᠵᠡᠷᠭᠡ 17 | ᠵᠦᠢᠯ ᠤᠨ ᠰᠤᠷᠭᠠᠨ ᠬᠥᠮᠦᠵᠢᠯ ᠤᠨ ᠰᠠᠭᠤᠷᠢ ᠢᠨᠵᠧᠨᠧᠷᠢᠩ ᠢ ᠰᠢᠨ᠎ᠡ ᠪᠠᠷ ᠪᠠᠶᠢᠭᠤᠯᠵᠤ ᠦᠷᠭᠦᠯᠵᠢᠯᠡᠨ ᠪᠠᠶᠢᠭᠤᠯᠪᠠ᠃ | 81 ᠨᠡᠷᠡᠰ ᠣᠷᠣᠨ ᠲᠤᠭ᠎ᠠ ᠳᠤ ᠣᠷᠣᠭᠰᠠᠨ ᠪᠠᠭᠰᠢ᠂ 105 ᠨᠡᠷᠡᠰ ᠣᠨᠴᠠᠭᠠᠢ ᠠᠵᠢᠯ ᠤᠨ ᠪᠠᠶᠢᠷᠢ ᠶᠢᠨ ᠪᠠᠭᠰᠢ | ᠤᠷᠢᠨ ᠬᠡᠷᠡᠭᠯᠡᠬᠦ ᠠᠵᠢᠯ ᠢ ᠪᠡᠶᠡᠯᠡᠭᠦᠯᠪᠡ᠃ ᠱᠠᠩᠳᠤ ᠰᠢᠶᠠᠨ ᠤ ᠲᠠᠮᠢᠷ ᠤᠨ ᠰᠤᠷᠭᠠᠭᠤᠯᠢ ᠪᠠᠶᠢᠭᠤᠯᠤᠭᠳᠠᠪᠠ᠃ ᠪᠥᠬᠦ | ᠬᠤᠲᠠ ᠶᠢᠨ ᠠᠩᠬᠠᠳᠠᠭᠴᠢ ᠰᠢᠶᠠᠨ ᠤ ᠱᠠᠲᠤᠨ ᠤ ᠬᠡᠤᠬᠡᠳ ᠤᠨ ᠠᠰᠠᠷᠠᠮᠵᠢ ᠶᠢᠨ ᠬᠦᠷᠢᠶᠡᠯᠡᠩ ᠪᠠᠶᠢᠭᠤᠯᠤᠭᠳᠠᠨ | ᠠᠰᠢᠭᠯᠠᠯᠲᠠ ᠳᠤ ᠣᠷᠣᠪᠠ᠃ ᠯᠦᠩ ᠱᠧᠩ ᠪᠣᠯᠤᠨ ᠵᠢᠩ ᠮᠧᠩ ᠳ᠋ᠦ᠋ ᠱᠠᠨ ᠨᠡᠶᠢᠭᠡᠮ ᠲᠣᠭᠤᠷᠢᠭ ᠤᠨ 2 ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠣᠶᠤᠨᠴᠢᠯᠠᠭᠰᠠᠨ ᠤᠷᠢᠳᠴᠢᠯᠠᠨ ᠰᠡᠷᠭᠡᠶᠢᠯᠡᠬᠦ ᠲᠠᠷᠢᠯᠭ᠎ᠠ ᠶᠢᠨ ᠡᠭᠦᠳᠡᠨ | ᠡᠮᠨᠡᠯᠭᠡ ᠠᠰᠢᠭᠯᠠᠯᠲᠠ ᠳᠤ ᠣᠷᠣᠪᠠ᠃ ᠮᠠᠨ ᠤ ᠰᠢᠶᠠᠨ 2018_2020 ᠣᠨ ᠤ ᠪᠥᠬᠦ ᠤᠯᠤᠰ ᠤᠨ | ᠲᠥᠯᠥᠪᠯᠡᠭᠡᠲᠦ ᠦᠷᠡᠵᠢᠯ ᠤᠨ ᠰᠢᠯᠢᠳᠡᠭ ᠦᠢᠯᠡᠴᠢᠯᠡᠭᠡᠨ ᠤ ᠲᠡᠷᠢᠭᠦᠨ ᠤ ᠨᠢᠭᠡᠴᠡ ᠪᠠᠷ ᠦᠨᠡᠯᠡᠭᠳᠡᠪᠡ᠃ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 102 ᠤᠳᠠᠭ᠎ᠠ ᠥᠷᠨᠢᠭᠦᠯᠪᠡ᠃ ᠤᠯᠤᠰ ᠤᠨ ᠲᠡᠰ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠡ ᠶᠢᠨ ᠠᠯᠲᠠᠨ ᠬᠢᠯᠢ ᠶᠢᠨ ᠭᠤᠤ ᠶᠢ | ᠪᠦᠲᠦᠮᠵᠢᠲᠡᠢ ᠬᠠᠮᠠᠭᠠᠯᠠᠵᠤ᠂ 4 ᠬᠤᠪᠢᠰᠬᠠᠯ ᠤᠨ ᠳᠤᠷᠠᠰᠬᠠᠯᠲᠤ ᠵᠦᠢᠯᠡᠰ ᠤᠨ ᠪᠠᠭᠤᠷᠢ ᠶᠢᠨ ᠬᠥᠰᠢᠶ᠎ᠡ ᠲᠡᠮᠳᠡᠭ ᠪᠠ | ᠴᠠᠭᠠᠨᠨᠠᠭᠤᠷ ᠨᠤᠭᠤ ᠭᠠᠵᠠᠷ ᠤᠨ ᠴᠡᠴᠡᠷᠯᠢᠭ ᠵᠡᠷᠭᠡ 5 ᠦᠵᠡᠮᠵᠢ ᠶᠢᠨ ᠴᠢᠭ᠋ ᠤᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠵᠦ ᠳᠡᠯᠭᠡᠨ | ᠪᠣᠷᠣᠯᠠᠭᠤᠯᠬᠤ ᠠᠵᠢᠯ ᠤᠨ ᠲᠠᠰᠤᠭ 9 ᠶᠢ ᠪᠠᠶᠢᠭᠤᠯᠪᠠ᠃ | | ᠲᠥᠯᠥᠭᠡᠯᠡᠭᠴᠢᠳ ᠡ︕ | ᠪᠢᠳᠡ 2020 ᠣᠨ ᠤ ᠴᠢᠷᠮᠠᠶᠢᠯᠭ᠎ᠠ ᠪᠠᠷ ᠢᠶᠠᠨ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠲᠠᠪᠤᠨ ᠵᠢᠯ ᠤᠨ ᠲᠤᠷᠰᠢ᠂ ᠪᠢᠳᠠ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢᠨ ᠲᠣᠭᠤᠷᠢᠨ ᠳᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠶᠢ ᠡᠵᠡᠮᠳᠡᠵᠦ᠂ | ᠦᠷᠭᠦᠯᠵᠢᠯᠡᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ | ᠬᠥᠭᠵᠢᠯᠲᠡ ᠰᠢᠨ᠎ᠡ ᠠᠮᠵᠢᠯᠲᠠ ᠤᠯᠪᠠ᠃ ᠪᠦᠬᠦ ᠬᠤᠲᠠ ᠶᠢᠨ ᠲᠠᠪᠤᠨ ᠤ ᠨᠢᠭᠡ ᠬᠤᠪᠢ ᠶᠢ ᠡᠵᠡᠯᠡᠬᠦ 4 . 26 | ᠲᠦᠮᠡᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ 107 | ᠶᠠᠳᠠᠭᠤ ᠬᠦᠴᠢᠷᠳᠡᠯᠲᠡᠢ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠤᠯᠤᠰ ᠠᠴᠠ ᠲᠡᠰ ᠤᠨ | ᠶᠠᠳᠠᠭᠤ ᠬᠦᠴᠢᠷᠳᠡᠯᠲᠡᠢ ᠰᠢᠶᠠᠨ ᠤ ᠡᠩᠨᠡᠭᠡ ᠠᠴᠠ ᠵᠢᠩᠬᠢᠨᠢ ᠪᠠᠷ ᠤᠬᠤᠷᠢᠨ ᠭᠠᠷᠴᠤ᠂ ᠬᠠᠷᠢᠴᠠᠯᠠᠰᠢᠭᠦᠢ ᠶᠠᠳᠠᠭᠤ | ᠬᠦᠴᠢᠷᠳᠡᠯᠲᠡᠢ ᠦᠵᠡᠭᠳᠡᠯ ᠢ ᠠᠷᠢᠯᠭᠠᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠤᠯᠪᠠ︕ | ᠡᠨᠡ ᠲᠠᠪᠤᠨ ᠵᠢᠯ ᠳᠤ ᠶᠡᠷᠦᠩᠬᠡᠢ ᠪᠣᠳᠠᠲᠤ ᠬᠦᠴᠦᠨ ᠤᠯᠠᠮ ᠨᠢᠭᠡ ᠠᠯᠬᠤᠮ ᠴᠢᠩᠭᠠᠷᠠᠪᠠ᠃ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠵᠢᠯ ᠪᠦᠷᠢ ᠳᠤᠮᠳᠠᠴᠢ ᠪᠠᠷ 4 % ᠣᠷᠴᠢᠮ ᠨᠡᠮᠡᠭᠳᠡᠭᠦᠯᠪᠡ᠃ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢ ᠨᠡᠶᠢᠲᠡ 129 . 7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ | ᠪᠦᠷᠢ ᠳᠤᠮᠳᠠᠴᠢ ᠪᠠᠷ 4 . 8 % ᠨᠡᠮᠡᠭᠳᠡᠪᠡ᠃ ᠡᠳ ᠤᠨ ᠵᠠᠰᠠᠭ ᠤᠨ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ︽125︾ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠶᠢᠨ ᠬᠢ ᠠᠴᠠ 1 . | 26 ᠳᠠᠬᠢᠨ ᠨᠡᠮᠡᠭᠳᠡᠵᠦ᠂ ᠵᠢᠯ ᠪᠦᠷᠢ ᠳᠤᠮᠳᠠᠴᠢ ᠪᠠᠷ 5 . 97 % ᠨᠡᠮᠡᠭᠳᠡᠪᠡ᠃ ᠨᠡᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶ᠎ᠡ ᠶᠢᠨ ᠵᠢᠯ ᠤᠨ ᠳᠤᠮᠳᠠᠴᠢ ᠨᠡᠮᠡᠭᠳᠡᠯ ᠣᠨ ᠬᠤᠷᠳᠤᠴᠠ ᠪᠦᠬᠦ | ᠬᠤᠲᠠ ᠶᠢᠨ ᠳᠤᠮᠳᠠᠴᠢ ᠬᠢᠷᠢ ᠬᠡᠮᠵᠢᠶ᠎ᠡ ᠠᠴᠠ ᠥᠨᠳᠥᠷ ᠪᠣᠯᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠵᠢᠯ ᠳᠤᠮᠳᠠᠴᠢ ᠶᠢᠨ ᠨᠡᠮᠡᠭᠳᠡᠯ ᠲᠣᠰ ᠲᠣᠰ 7 . 7 | % ᠪᠠ 9 . 5 % ᠳᠤ ᠬᠦᠷᠴᠦ᠂ ᠴᠥᠮ ᠠᠵᠤ ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠲᠦᠷᠭᠡᠨ ᠪᠣᠯᠪᠠ᠃ | ᠵᠠᠰᠠᠭ ᠤ ᠣᠷᠳᠣᠨ ᠤ ᠥᠷᠢ ᠥᠭᠴᠡᠭᠡ ᠶᠢᠨ ᠨᠣᠷᠮ᠎ᠠ 133 % ᠪᠠᠶᠢᠭᠰᠠᠨ ᠠᠴᠠ ᠪᠠᠨ ᠪᠠᠭᠤᠷᠠᠭᠠᠳ 108 % | ᠪᠣᠯᠵᠤ᠂ ᠪᠦᠬᠦ ᠬᠤᠲᠠ ᠶᠢᠨ ᠠᠩᠬᠠᠳᠠᠭᠴᠢ ᠡᠳ᠋ ᠤᠨ ᠵᠠᠰᠠᠭ ᠣᠨ ᠶᠠᠮᠤᠨ ᠠᠴᠠ ᠬᠤᠪᠢᠶᠠᠷᠢᠯᠠᠭᠰᠠᠨ ᠥᠷᠢ | ᠥᠭᠴᠡᠭᠡ ᠶᠢᠨ ᠲᠦᠭᠰᠢᠭᠦᠷᠢ ᠶᠢᠨ ᠪᠣᠬᠢᠷᠲᠤᠯ ᠦᠭᠡᠢ ᠲᠡᠰ ᠤᠨ ᠬᠤᠰᠢᠭᠤ ᠰᠢᠶᠠᠨ ᠪᠣᠯᠪᠠ᠃ ᠤᠷᠢᠳ ᠬᠤᠵᠢᠳ | ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠶ ᠰᠢᠶᠠᠨ᠂ ᠤᠯᠤᠰ ᠤᠨ ᠲᠡᠰ ᠤᠨ | ᠬᠥᠳᠡᠭᠡ ᠲᠣᠰᠬᠤᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠨᠠᠰᠤᠨ ᠳᠤ ᠬᠦᠷᠦᠭᠰᠡᠳ ᠤᠨ ᠰᠤᠷᠭᠠᠨ | ᠬᠥᠮᠦᠵᠢᠯ ᠤᠨ ᠵᠢᠱᠢᠶ᠎ᠡ ᠦᠵᠡᠭᠦᠯᠬᠦ ᠰᠢᠶᠠᠨ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠳᠦ ᠰᠢᠶᠠᠨ ᠤ ᠬᠤᠳᠠ᠂ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠰᠢᠶᠠᠨ ᠤ ᠬᠤᠳᠠ ᠵᠡᠷᠭᠡ ᠴᠣᠯᠠ ᠶᠢ ᠬᠦᠷᠳᠡᠪᠡ᠃ | ᠡᠨᠡ ᠲᠠᠪᠤᠨ ᠵᠢᠯ ᠳᠤ ᠬᠤᠲᠠ ᠬᠥᠳᠡᠭᠡ ᠶᠢᠨ ᠳᠦᠷᠰᠦ ᠪᠠᠢᠳᠠᠯ ᠤᠯᠠᠮ ᠨᠢᠭᠡ ᠠᠯᠬᠤᠮ ᠳᠡᠭᠡᠭᠰᠢᠯᠡᠪᠡ᠃ | ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠳᠤ ᠨᠡᠶᠢᠲᠡ 8 . 4 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠪᠠ᠃ ᠬᠤᠲᠠ ᠪᠠᠯᠭᠠᠰᠤᠨ ᠤ ᠤᠰᠤ ᠬᠠᠩᠭᠠᠬᠤ ᠲᠦᠭᠡᠮᠡᠯᠵᠢᠭᠰᠡᠨ ᠨᠣᠷᠮ᠎ᠠ᠂ ᠲᠥᠪᠯᠡᠷᠡᠩᠭᠦᠶ ᠢᠯᠴᠢ | ᠬᠠᠩᠭᠠᠬᠤ ᠨᠣᠷᠮ᠎ᠠ 98 . 3 % ᠪᠠ 87 % ᠪᠣᠯᠲᠠᠯ᠎ᠠ ᠳᠡᠭᠡᠭᠰᠢᠯᠡᠵᠦ᠂ ᠲᠣᠰ ᠲᠣᠰ 5 . 9 ᠪᠠ 9 . 3 | ᠵᠠᠭᠤᠨ ᠤ ᠨᠢᠭᠡᠴᠢ ᠨᠡᠮᠡᠭᠳᠡᠪᠡ᠃ ᠬᠤᠲᠠ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ᠂ ᠪᠣᠬᠢᠷ ᠤᠰᠤ | ᠰᠢᠢᠳᠪᠦᠷᠢᠯᠡᠬᠦ ᠨᠣᠷᠮ᠎ᠠ ᠶᠢ ᠲᠤᠰ ᠲᠤᠰ 97 % ᠪᠣᠯᠤᠨ 80 % ᠠᠴᠠ ᠳᠡᠭᠡᠭᠰᠢ ᠳᠤ ᠬᠦᠷᠦᠭᠦᠯᠪᠡ᠃ | ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ 37 . 2 % ᠲᠤ ᠬᠦᠷᠦᠭᠦᠯᠵᠦ᠂ 1 . 2 ᠵᠠᠭᠤᠨ ᠤ | ᠴᠡᠭ ᠢᠶᠠᠷ ᠨᠡᠮᠡᠭᠳᠡᠭᠦᠯᠵᠡᠢ᠃ 7800 ᠡᠷᠦᠬᠡ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠪᠠ | ᠬᠤᠲᠠ ᠶᠢᠨ ᠳᠤᠮᠳᠠᠬᠢ ᠲᠣᠰᠬᠤᠨ ᠤ ᠥᠭᠡᠷᠡᠴᠢᠯᠡᠯᠲᠡ ᠶᠢ ᠬᠡᠷᠡᠭᠵᠢᠭᠦᠯᠵᠦ᠂ ᠱᠦᠨᠳᠧ ᠴᠢᠦᠶ ᠭᠤᠤᠯ ᠤᠨ ᠵᠠᠮ ᠢ | ᠵᠠᠰᠠᠬᠤ ᠢᠨᠵᠧᠨᠧᠷᠢᠩ ᠢ ᠪᠡᠶᠡᠯᠡᠭᠦᠯᠵᠦ᠂ ᠬᠠᠭᠤᠴᠢᠨ ᠬᠤᠲᠠ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢᠨ | ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃ ᠪᠦᠬᠦ ᠬᠤᠲᠠ ᠶᠢᠨ ᠲᠠᠪᠤᠨ ᠤ | ᠨᠢᠭᠡ ᠬᠤᠪᠢ ᠶᠢ ᠡᠵᠡᠯᠡᠬᠦ 4 . 7 ᠲᠦᠮᠡᠨ ᠡᠷᠦᠬᠡ ᠶᠢᠨ ᠨᠤᠷᠠᠬᠤ ᠠᠶᠤᠯᠲᠠᠢ ᠭᠡᠷ ᠪᠠᠢᠰᠢᠩ ᠢ ᠰᠢᠨᠡᠳᠬᠡᠨ ᠵᠠᠰᠠᠬᠤ | ᠡᠭᠦᠷᠭᠡ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠪᠠᠢᠩᠭᠤ ᠰᠠᠭᠤᠭ᠎ᠠ ᠡᠷᠦᠬᠡ ᠶᠢᠨ ᠨᠤᠷᠠᠬᠤ ᠠᠶᠤᠯᠲᠠᠢ | ᠰᠢᠷᠣᠢ ᠶᠢᠨ ᠭᠡᠷ ᠪᠠᠢᠰᠢᠩ ᠢ ᠪᠦᠬᠦᠨ ᠢ ᠴᠡᠪᠡᠷᠯᠡᠬᠦ ᠬᠠᠷᠠᠯᠲᠠ ᠶᠢ ᠪᠡᠶᠡᠯᠡᠭᠦᠯᠪᠡ᠃ ︽ᠬᠥᠳᠡᠭᠡ ᠲᠣᠰᠬᠤᠨ ᠤ | ᠳᠥᠷᠪᠡᠨ ᠰᠠᠶᠢᠨᠲᠠᠶ ᠵᠠᠮ︾ ᠢ 1649 . 7 ᠺᠢᠯᠣᠮᠧᠲᠷ ᠰᠢᠨ᠎ᠡ ᠪᠠᠷ ᠵᠠᠰᠠᠵᠤ ᠥᠭᠡᠷᠡᠴᠢᠯᠡᠨ᠂ ᠵᠡᠭᠡᠯᠢ | ᠭᠤᠳᠤᠮᠵᠢ ᠶᠢ 1098 ᠺᠢᠯᠣᠮᠧᠲᠷ ᠬᠠᠲᠠᠭᠤᠷᠠᠭᠤᠯᠪᠠ᠃ ᠪᠦᠬᠦ ᠬᠤᠲᠠ ᠶᠢᠨ ᠵᠢᠷᠭᠤᠭᠠᠨ ᠤ ᠨᠢᠭᠡ ᠬᠤᠪᠢ ᠶᠢ | ᠡᠵᠡᠯᠡᠬᠦ ᠵᠠᠰᠠᠭ ᠵᠠᠬᠢᠷᠭᠠᠨ ᠤ ᠲᠣᠰᠬᠤᠨ ᠤ ᠠᠮᠤᠷ ᠲᠦᠪᠰᠢᠨ ᠤᠤᠭᠤᠬᠤ ᠤᠰᠤᠨ ᠤ ᠠᠰᠠᠭᠤᠳᠠᠯ ᠢ ᠪᠦᠬᠦᠨ ᠢ | ᠰᠢᠢᠳᠪᠦᠷᠢᠯᠡᠪᠡ᠃ ᠪᠤᠶ ᠪᠦᠬᠦᠢ ᠵᠠᠰᠠᠭ ᠵᠠᠬᠢᠷᠭᠠᠨ ᠤ ᠲᠣᠰᠬᠤᠨ ᠤ ᠴᠠᠬᠢᠯᠭᠠᠨ ᠬᠠᠩᠭᠠᠬᠤ᠂ ᠤᠰᠤ ᠬᠠᠩᠭᠠᠬᠤ᠂ | ᠷᠠᠳᠢᠣ ᠨᠡᠪᠲᠡᠷᠡᠭᠦᠯᠭᠡ ᠲᠧᠯᠸᠢᠰ ᠵᠢᠴᠢ ᠭᠡᠷᠡᠯᠯᠢᠭ ᠳᠡᠭᠡᠰᠦ ᠲᠠᠯᠪᠢᠬᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠲᠠᠰᠤᠭ᠂ ᠰᠣᠶᠣᠯ ᠤᠨ ᠠᠵᠢᠯᠯᠠᠭᠠᠨ ᠤ ᠲᠠᠰᠤᠭ ᠪᠣᠯᠤᠨ ᠬᠡᠲᠦ ᠳᠡᠯᠭᠡᠭᠦᠷ ᠪᠦᠬᠦᠨ ᠢ ᠬᠠᠮᠤᠷᠬᠤ ᠶᠢ ᠪᠡᠶᠡᠯᠡᠭᠦᠯᠵᠦ᠂ | ᠬᠥᠳᠡᠭᠡ ᠲᠣᠰᠬᠤᠨ ᠤ ᠳᠦᠷᠰᠦ ᠪᠠᠶᠢᠳᠠᠯ ᠳᠤ ᠲᠩᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠪᠠ᠃ | ᠡᠨᠡ ᠲᠠᠪᠤᠨ ᠵᠢᠯ ᠳᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠤᠯᠠᠮ ᠨᠢᠭᠡ ᠠᠯᠬᠤᠮ ᠰᠠᠶᠢᠵᠢᠷᠠᠪᠠ᠃ | ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠳᠤ ᠬᠡᠷᠡᠭᠯᠡᠭᠰᠡᠨ ᠵᠠᠷᠤᠯᠭ᠎ᠠ ᠨᠡᠶᠢᠲᠡ 117 ᠳ᠋ᠦᠩᠰᠢᠭᠤᠷ | ᠲᠥᠭᠦᠷᠢᠭ ᠲᠤ ᠬᠦᠷᠴᠦ᠂ ᠡᠳ᠋ ᠤᠨ ᠵᠠᠰᠠᠭ ᠤᠨ ᠶᠡᠷᠦᠩᠬᠡᠶ ᠵᠠᠷᠤᠯᠭ᠎ᠠ ᠶᠢᠨ 79 % ᠶᠢ ᠡᠵᠡᠯᠡᠪᠡ᠃ ᠬᠤᠲᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4 . 2 % ᠤᠨ ᠳᠣᠲᠣᠷ᠎ᠠ ᠬᠢᠵᠠᠭᠠᠷᠯᠠᠵᠦ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ | ᠣᠷᠣᠯᠴᠠᠭᠰᠠᠨ ᠨᠣᠷᠮ᠎ᠠ 99 % ᠳᠤ ᠬᠦᠷᠴᠦ᠂ 20 ᠵᠠᠭᠤᠨ ᠤ ᠨᠢᠭᠡᠴᠢ ᠨᠡᠮᠡᠭᠳᠡᠨ᠂ ᠡᠮ ᠡᠮᠨᠡᠯᠭᠡ᠂ ᠠᠵᠢᠯ | ᠠᠯᠳᠠᠯᠲᠠ ᠵᠡᠷᠭᠡ ᠳᠠᠭᠠᠳᠬᠠᠯ ᠤᠨ ᠪᠠᠲᠤᠯᠠᠬᠤ ᠶᠣᠰᠣᠲᠠᠶ ᠪᠦᠬᠦᠨ ᠢ ᠪᠠᠲᠤᠯᠠᠬᠤ ᠶᠢ ᠦᠨᠳᠦᠰᠦᠨ ᠳᠡᠭᠡᠨ ᠪᠡᠶᠡᠯᠡᠭᠦᠯᠪᠡ | ᠃ ᠤᠷᠢᠳ ᠬᠤᠵᠢᠳ 16 . 9 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠨᠥᠬᠦᠴᠡᠯ ᠢ ᠰᠠᠶᠢᠵᠢᠷᠠᠭᠤᠯᠵᠤ᠂ ᠨᠡᠶᠢᠲᠡ 512 ᠪᠠᠭᠰᠢ ᠨᠥᠬᠦᠪᠥᠷᠢᠯᠡᠪᠡ᠃ ᠠᠯᠪᠠᠨ ᠠᠴᠠ | ᠪᠠᠶᠢᠭᠤᠯᠤᠭᠰᠠᠨ ᠬᠡᠤᠬᠡᠳ ᠤᠨ ᠴᠡᠴᠡᠷᠯᠢᠭ 13 ᠳᠤ ᠬᠦᠷᠴᠦ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ | ᠴᠡᠴᠡᠷᠯᠢᠭ ᠤᠨ ᠪᠦᠷᠬᠦᠴᠡ ᠶᠢᠨ ᠨᠣᠷᠮ᠎ᠠ 80 . 9 % ᠳᠤ ᠬᠥᠷᠪᠡ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠳᠤ ᠣᠷᠣᠬᠤ ᠨᠣᠷᠮ᠎ᠠ᠂ ᠪᠠᠬᠢᠵᠢᠭᠦᠯᠬᠦ ᠨᠣᠷᠮ᠎ᠠ ᠶᠢ 100 % ᠪᠠᠷ ᠪᠠᠶᠡᠯᠡᠭᠦᠯᠦᠨ | ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢᠨ ᠰᠢᠯᠭᠠᠨ | ᠪᠠᠶᠢᠴᠠᠭᠠᠯᠲᠠ ᠳᠤ ᠬᠢᠷᠢ ᠲᠡᠩᠴᠡᠪᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠩᠬᠢᠨᠢ | ᠠᠩᠭᠢ ᠶᠢᠨ ᠰᠦᠯᠵᠢᠶᠡᠨ ᠳᠤ ᠭᠠᠷᠬᠤ ᠨᠣᠷᠮ᠎ᠠ ᠶᠢ 5 ᠵᠠᠭᠤᠨ ᠤ ᠨᠢᠭᠡᠴᠢ ᠨᠡᠮᠡᠭᠳᠡᠭᠦᠯᠵᠦ᠂ ᠠᠵᠢᠯ ᠮᠡᠷᠭᠡᠵᠢᠯ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠩᠬᠢᠨᠢ ᠠᠩᠭᠢ ᠶᠢᠨ ᠰᠦᠯᠵᠢᠶᠡᠨ ᠳᠤ ᠭᠠᠷᠬᠤ ᠨᠣᠷᠮ᠎ᠠ ᠶᠢ 18 | ᠵᠢᠯ ᠳᠠᠷᠠᠭᠠᠯᠠᠨ ᠪᠥᠬᠦ ᠬᠤᠲᠠ ᠳᠤ ᠨᠢᠭᠡᠳᠦᠭᠡᠷ ᠲᠤ ᠪᠠᠶᠢᠯᠭᠠᠪᠠ᠃ ᠰᠢᠶᠠᠨ ᠤ ᠡᠮᠨᠡᠯᠭᠡ ᠶᠢᠨ ᠬᠤᠷᠢᠶᠠᠨ ᠤ ᠲᠤᠮᠤ | ᠠᠰᠠᠷ᠂ ᠬᠢᠲᠠᠳ ᠡᠮᠨᠡᠯᠭᠡ ᠶᠢᠨ ᠬᠤᠷᠢᠶᠠᠨ ᠤ ᠡᠷᠡᠭᠦᠯᠵᠢᠯ ᠤᠨ ᠲᠥᠪ ᠤᠨ ᠲᠤᠮᠤ ᠠᠰᠠᠷ᠂ ᠰᠢᠶᠠᠨ ᠤ ᠡᠮᠨᠡᠯᠭᠡ ᠶᠢᠨ | ᠬᠤᠷᠢᠶᠠᠨ ᠤ ᠪᠠᠶᠢᠭᠤᠯᠵᠤ ᠳᠠᠭᠤᠰᠬᠠᠭᠰᠠᠨ ᠡᠵᠡᠩᠨᠡᠯᠲᠡ᠂ ᠰᠢᠶᠠᠨ ᠤ ᠱᠠᠲᠤᠨ ᠤ ᠡᠮᠨᠡᠯᠭᠡ ᠶᠢᠨ ᠬᠤᠷᠢᠶᠠᠨ ᠤ | ᠡᠪᠡᠳᠴᠢᠲᠡᠨ ᠤ ᠣᠷᠣ ᠶᠢᠨ ᠲᠤᠭ᠎ᠠ 766 ᠳᠤ ᠬᠦᠷᠴᠦ᠂ ᠪᠦᠬᠦ ᠰᠢᠶᠠᠨ ᠤ ᠰᠢᠶᠠᠩ ᠪᠠᠯᠭᠠᠰᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠪᠣᠯᠤᠨ ᠵᠠᠰᠠᠭ ᠵᠠᠬᠢᠷᠭᠠᠨ ᠤ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠭᠡᠷ | ᠪᠠᠶᠢᠰᠢᠩ᠂ ᠲᠥᠬᠦᠭᠡᠷᠦᠮᠵᠢ᠂ ᠠᠵᠢᠯᠳᠠᠨ᠂ ᠡᠮ ᠵᠡᠷᠭᠡ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡᠨ ᠤ | ᠲᠦᠪᠰᠢᠨ ᠢ ᠪᠦᠬᠦᠨ ᠢ ᠪᠠᠷᠢᠮᠵᠢᠶ᠎ᠠ ᠳᠤ ᠬᠦᠷᠭᠡᠵᠦ᠂ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠡᠮ ᠡᠮᠨᠡᠯᠭᠡ | ᠡᠷᠡᠭᠦᠯ ᠬᠠᠮᠠᠭᠠᠯᠠᠯ ᠤᠨ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠪᠠ᠃ | ᠲᠠᠪᠤᠨ ᠵᠢᠯ ᠤᠨ ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠤᠭᠰᠠᠨ ᠪᠢᠰᠢ᠂ ᠡᠨᠡ ᠪᠣᠯ ᠬᠤᠳᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠢᠶᠠᠨ ᠤ ᠨᠠᠮ ᠤᠨ ᠬᠤᠷᠢᠶᠠᠨ ᠤ ᠵᠥᠪ ᠤᠳᠤᠷᠢᠳᠤᠭᠰᠠᠨ ᠤ ᠦᠷ᠎ᠡ | ᠳ᠋ᠦᠩ ᠮᠥᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ | ᠬᠢᠨᠠᠯᠲᠠ ᠲᠠᠯᠪᠢᠵᠤ ᠳᠡᠮᠵᠢᠭᠰᠡᠨ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠭᠰᠡᠨ ᠤ ᠦᠷ᠎ᠡ ᠳ᠋ᠦᠩ ᠮᠥᠨ᠂ ᠪᠠᠰᠠ | ᠴᠤ ᠪᠦᠬᠦ ᠰᠢᠶᠠᠨ ᠤ ᠠᠷᠠᠳ ᠤᠯᠠᠨ ᠤ ᠰᠡᠳᠬᠢᠯ ᠨᠢᠭᠡᠳᠦᠨ ᠬᠦᠴᠢᠷ ᠢ ᠲᠤᠭᠤᠯᠤᠨ ᠪᠡᠷᠬᠡ ᠶᠢ ᠳᠠᠪᠠᠭᠰᠠᠨ ᠤ ᠦᠷ᠎ᠡ | ᠳ᠋ᠦᠩ ᠮᠥᠨ᠃ ᠠᠳᠡ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠲᠥᠯᠥᠭᠡᠯᠡᠭᠴᠢᠳ᠂ | ᠭᠡᠰᠢᠭᠦᠳ᠂ ᠪᠦᠬᠦ ᠰᠢᠶᠠᠨ ᠤ ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ | ᠬᠤᠪᠢ ᠨᠡᠮᠡᠷᠢ ᠦᠵᠡᠭᠦᠯᠦᠭᠰᠡᠨ ᠵᠢᠴᠢ ᠱᠠᠩᠳᠤ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ | ᠡᠲᠡᠭᠡᠳ ᠤᠨ ᠬᠢᠨ ᠤ ᠰᠡᠴᠡᠨ ᠮᠡᠷᠭᠡᠳ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ | ᠳᠡᠪᠰᠢᠭᠦᠯᠦᠶ᠎ᠡ︕ ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ ᠪᠢᠳᠡ ᠪᠠᠰᠠ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠮᠥᠨ ᠬᠦ ᠦᠷᠭᠦᠯᠵᠢᠯᠡᠵᠦ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠮᠥᠨ ᠬᠦ | ᠴᠥᠭᠡᠨ ᠪᠤᠰᠤ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠤᠯᠪᠠ᠄ | ᠨᠢᠭᠡ ᠳᠤ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠪᠠᠷ ᠪᠠᠷᠢᠮᠵᠢᠶᠠᠯᠠᠵᠤ᠂ ᠠᠵᠤ ᠦᠢᠯᠡᠰ ᠤᠨ | ᠪᠦᠲᠦᠴᠡ ᠶᠢᠨ ᠲᠣᠬᠢᠷᠠᠭᠤᠯᠤᠯᠲᠠ ᠶᠢᠨ ᠠᠯᠬᠤᠮ ᠤᠳᠠᠭᠠᠨ᠂ ᠡᠳ᠋ ᠤᠨ ᠵᠠᠰᠠᠭ ᠤᠨ ᠨᠡᠮᠡᠭᠳᠡᠯ ᠤᠨ ᠲᠤᠯᠭᠠᠭᠤᠷᠢᠯᠠᠬᠤ | ᠲᠦᠪᠰᠢᠨ ᠥᠨᠳᠥᠷ ᠪᠢᠰᠢ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠬᠠᠥᠯᠢᠵᠢᠯᠳᠠ ᠳᠥᠭᠦᠮᠴᠢᠯᠡᠯᠲᠡ | ᠪᠣᠳᠠᠲᠠᠶᠢᠵᠢᠭᠠᠳᠤᠶ ᠵᠡᠷᠭᠡ ᠰᠢᠨ᠎ᠡ ᠥᠷᠢᠰᠥᠯᠳᠦᠭᠡᠨ ᠲᠤᠯᠭᠠᠷᠠᠵᠤ ᠪᠠᠶᠢᠨ᠎ᠠ︔ ᠬᠤᠶᠠᠷ ᠲᠤ᠂ ᠬᠤᠲᠠ ᠬᠥᠳᠡᠭᠡ ᠶᠢᠨ | ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠲᠦᠪᠰᠢᠨ ᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠪᠠ ᠠᠷᠠᠳ ᠲᠦᠮᠡᠨ ᠤ ᠰᠢᠨ᠎ᠡ ᠬᠦᠰᠡᠯ | ᠡᠷᠡᠮᠡᠯᠵᠡᠯ ᠲᠠᠢ ᠬᠠᠷᠢᠴᠠᠭᠤᠯᠪᠠᠯ ᠮᠥᠨ ᠬᠦ ᠵᠥᠷᠢᠶ᠎ᠡ ᠪᠠ ᠳᠤᠲᠠᠭᠤᠳᠠᠯ ᠣᠷᠣᠰᠢᠵᠤ ᠪᠠᠶᠢᠨ᠎ᠠ︔ ᠭᠤᠷᠪᠠ ᠳᠤ | ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠪᠠ ᠡᠨᠧᠷᠭᠢ ᠶᠢᠨ ᠬᠤᠷᠣᠭᠳᠠᠯ ᠤᠨ ᠬᠤᠶᠠᠷ ᠢ ᠬᠢᠵᠠᠭᠠᠷᠯᠠᠬᠤ | ᠭᠦᠢᠴᠡᠳᠭᠡᠯ ᠲᠤᠭ᠎ᠠ ᠶᠢᠨ ᠬᠦᠨᠳᠦ ᠬᠡᠴᠡᠭᠦᠤ ᠪᠠᠶᠢᠳᠠᠯ ᠤᠨ ᠡᠮᠦᠨ᠎ᠡ᠂ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠲᠥᠷᠥᠯ ᠵᠦᠢᠯ ᠭᠠᠷᠭᠠᠬᠤ ᠵᠡᠷᠭᠡ ᠲᠠᠯ᠎ᠠ ᠪᠠᠷ ᠢᠨᠧᠷᠼᠢ ᠰᠡᠳᠬᠢᠬᠦᠶ ᠪᠠ ᠠᠷᠭ᠎ᠠ ᠵᠠᠮ ᠳᠤ | ᠲᠦᠰᠢᠭᠯᠡᠬᠦ ᠠᠴᠠ ᠬᠠᠷᠠᠬᠠᠨ ᠪᠦᠷᠢᠮᠦᠰᠦᠨ ᠠᠩᠭᠢᠵᠢᠷᠠᠭᠠᠳᠤᠶ ᠪᠠᠶᠢᠨ᠎ᠠ︔ ᠳᠥᠷᠪᠡ ᠳᠤ ᠺᠠᠳ᠋ᠷ ᠤᠨ ᠡᠩᠨᠡᠭᠡ ᠳᠤ ᠮᠥᠨ | ᠯᠡ ᠲᠤᠰᠬᠠᠶ ᠮᠡᠷᠭᠡᠵᠢᠯ ᠤᠨ ᠴᠢᠳᠠᠪᠤᠷᠢ ᠬᠢᠭᠡᠳ ᠠᠵᠢᠯ ᠤᠨ ᠪᠠᠶᠢᠷᠢ ᠶᠢᠨ ᠱᠠᠭᠠᠷᠳᠠᠯᠭ᠎ᠠ ᠬᠠᠷᠢᠯᠴᠠᠨ ᠵᠣᠬᠢᠴᠠᠯᠳᠤᠬᠤ | ᠥᠬᠡᠶ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠵᠣᠷᠢᠭ ᠰᠠᠨᠠᠭ᠎ᠠ ᠬᠦᠷᠦᠯᠴᠡᠬᠦ ᠥᠬᠡᠶ ᠪᠠᠶᠢᠬᠤ | ᠵᠢᠴᠢ ᠬᠡᠯᠪᠡᠷᠢᠴᠢ ᠦᠵᠡᠯ᠂ ᠨᠣᠶᠠᠨᠴᠢ ᠰᠤᠷᠲᠠᠯ ᠵᠡᠷᠭᠡ ᠦᠵᠡᠭᠳᠡᠯ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠨ᠎ᠠ | ᠃ ᠡᠭᠦᠨ ᠳᠤ ᠪᠢᠳᠡ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨᠬᠦ ᠰᠢᠢᠳᠪᠦᠷᠢᠯᠡᠬᠦ ᠬᠡᠷᠡᠭᠲᠡᠶ᠃ | | | ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠬᠠᠷᠠᠯᠲᠠ ᠡᠭᠦᠷᠭᠡ ᠵᠢᠴᠢ 2021 | ᠣᠨ ᠤ ᠠᠵᠢᠯ | ᠰᠢᠶᠠᠨ ᠤ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ | ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ ᠪᠢᠳᠡ ︽ᠱᠠᠩᠳᠤ ᠰᠢᠶᠠᠨ ᠤ ᠤᠯᠤᠰ ᠠᠷᠠᠳ ᠤᠨ ᠠᠵᠤ | ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 | ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ᠲᠥᠰᠦᠯ︶︾ ᠶᠢ ᠨᠠᠶᠢᠷᠠᠭᠤᠯᠤᠨ ᠵᠣᠬᠢᠶᠠᠪᠠ᠂ ᠣᠲᠣ | ᠬᠤᠷᠠᠯᠳᠤᠭᠠᠨ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠦᠶ᠎ᠡ᠃ ᠠᠤᠭ᠎ᠠ ᠵᠢᠷᠤᠭ ᠲᠥᠰᠦᠪ ᠢ ᠨᠢᠭᠡᠨᠲᠡ ᠵᠢᠷᠤᠭᠯᠠᠪᠠ | ᠃ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠢᠯᠠᠯᠲᠠ ᠶᠢᠨ ᠡᠷᠴᠢᠨ | ᠳᠡᠭᠡᠷ᠎ᠡ ᠪᠠᠨ ᠤᠷᠤᠭᠰᠢᠯᠠᠵᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠬᠦ ᠳᠤ᠂ ᠪᠦᠬᠦ ᠰᠢᠶᠠᠨ ᠤ ᠠᠷᠠᠳ ᠲᠦᠮᠡᠨ ᠤ ᠰᠢᠷᠭᠠᠭᠤ | ᠬᠠᠲᠠᠭᠤᠵᠢᠯᠲᠠᠶ ᠲᠡᠮᠡᠴᠡᠯ᠂ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ | ᠬᠠᠷᠠᠯᠲᠠ ᠲᠡᠶᠢᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠬᠥᠭᠵᠢᠯᠲᠡ ᠶᠢᠨ ᠬᠠᠷᠠᠯᠲᠠ ᠯᠠᠪᠲᠠᠶ ᠪᠡᠶᠡᠯᠡᠭᠳᠡᠨ᠎ᠡ ᠭᠡᠳᠡᠭ ᠢ ᠪᠢᠳᠡ ᠪᠠᠲᠤ ᠢᠲᠡᠭᠡᠵᠦ ᠪᠠᠶᠢᠨ᠎ᠠ︕ | 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠵᠢᠯ ᠪᠣᠯᠤᠨ᠎ᠠ᠂ ᠪᠠᠰᠠ ᠴᠤ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠡᠬᠢᠯᠡᠯᠲᠡ ᠶᠢᠨ ᠵᠢᠯ ᠪᠣᠯᠤᠨ᠎ᠠ᠂ | ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠰᠢᠶᠠᠨ ᠤ ᠨᠠᠮ ᠤᠨ | ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ | ᠶᠣᠰᠣᠭᠠᠷ᠂ ᠡᠨᠡ ᠵᠢᠯ ᠤᠨ ᠠᠵᠢᠯ ᠤᠨ ᠵᠢᠯᠣᠭᠤᠳᠬᠤ ᠦᠵᠡᠯ ᠰᠠᠨᠠᠭ᠎ᠠ ᠪᠣᠯ᠄ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ᠂ ᠲᠥᠪ ᠤᠨ ᠠᠵᠤ | ᠠᠬᠤᠶ ᠶᠢᠨ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ | ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ | ᠬᠡᠷᠡᠭᠲᠡᠢ᠂ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ᠂ ᠪᠣᠬᠢᠷᠲᠤᠯ ᠦᠭᠡᠢ ᠬᠥᠭᠵᠢᠯᠲᠡ᠂ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠤᠯ ᠰᠡᠳᠦᠪ ᠪᠣᠯᠭᠠᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠢ ᠰᠠᠶᠢᠲᠤᠷ ᠬᠢᠨ᠎ᠡ᠂ ᠤᠰᠤ ᠠᠷᠪᠢᠯᠠᠬᠤ ᠡᠵᠡᠮᠰᠢᠯ ᠤᠰᠤ᠂ ᠡᠨᠧᠷᠭᠢ ᠠᠷᠪᠢᠯᠠᠵᠤ ᠬᠤᠷᠣᠭᠳᠠᠯ ᠢ | ᠪᠠᠭᠠᠰᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ᠂ | ᠨᠠᠮ ᠤᠨ ᠪᠠᠶᠢᠭᠤᠯᠤᠯᠲᠠ ︽ᠵᠢᠷᠭᠤᠭᠠᠨ ᠵᠣᠬᠢᠶᠠᠯ︾ ᠢ ᠬᠥᠲᠥᠯᠥᠨ ᠳᠠᠭᠠᠭᠤᠯᠪᠠ᠂ ᠴᠠᠭᠠᠨᠨᠠᠭᠤᠷ ᠠᠮᠢ ᠠᠬᠤᠢ ᠶᠢᠨ | ᠬᠠᠮᠠᠭᠠᠯᠠᠯᠲᠠ ᠪᠠ ᠵᠠᠰᠠᠯᠲᠠ ᠶᠢ ᠪᠦᠬᠦ ᠬᠦᠴᠦᠨ ᠢᠶᠠᠷ ᠠᠬᠢᠭᠤᠯᠤᠨ᠎ᠠ᠂ ︽ᠭᠤᠷᠪᠠᠨ ᠫᠠᠶᠢᠰᠠ︾ ᠶᠢ ᠭᠦᠨᠵᠡᠭᠡᠢ | ᠬᠡᠷᠡᠭᠵᠢᠭᠦᠯᠦᠨ᠎ᠡ᠂ ᠭᠤᠷᠪᠠᠨ ᠶᠡᠭᠡ ᠠᠵᠤ ᠦᠢᠯᠡᠰ᠂ ᠭᠤᠷᠪᠠᠨ ᠶᠡᠭᠡ ᠰᠠᠭᠤᠷᠢᠨ ᠭᠠᠵᠠᠷ︾ ᠤᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠶᠢ ᠰᠠᠶᠢᠲᠤᠷ | ᠠᠳᠬᠤᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠲᠡ ᠶᠢ ᠪᠠᠳᠤᠯᠠᠵᠤ᠂ ᠨᠡᠶᠢᠭᠡᠮ | ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠠᠪᠤᠳᠠᠯ ᠢ ᠰᠠᠶᠢᠨ ᠡᠬᠢᠯᠡᠯᠲᠡ ᠲᠠᠢ | ᠪᠤᠯᠭᠠᠨ᠎ᠠ᠃ | ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7 % ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢ 10 % ᠪᠠᠷ ᠨᠡᠮᠡᠭᠳᠡᠭᠦᠯᠦᠨ᠎ᠡ︔ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠢ 6 % ᠪᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠪᠣᠳᠠᠰ ᠤᠨ | ᠵᠢᠵᠢᠭᠯᠡᠨ ᠪᠣᠷᠣᠯᠠᠭᠤᠯᠬᠤ ᠶᠡᠷᠦᠩᠬᠡᠢ ᠬᠡᠮᠵᠢᠶ᠎ᠡ ᠶᠢ 8 % ᠪᠠᠷ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ 3 . 4 % ᠪᠠᠷ ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 6 % ᠪᠠ 8 % ᠨᠡᠮᠡᠭᠳᠡᠭᠦᠯᠦᠨ᠎ᠡ︔ | ᠨᠢᠭᠡᠴᠢ GDP ᠶᠢᠨ ᠡᠨᠧᠷᠭᠢ ᠶᠢᠨ ᠬᠤᠷᠣᠭᠳᠠᠭᠤᠯᠭ᠎ᠠ ᠶᠢ 3 . 2 % ᠢᠶᠠᠷ ᠪᠠᠭᠤᠷᠠᠭᠤᠯᠤᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠳᠣᠤᠷᠠᠬᠢ ᠲᠠᠪᠤᠨ ᠵᠦᠢᠯ ᠤᠨ | ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠴᠠᠭᠠᠨᠨᠠᠭᠤᠷ ᠤᠨ ᠵᠠᠰᠠᠯᠲᠠ ᠪᠠᠷ ᠭᠤᠣᠯᠳᠠᠯᠭ᠎ᠠ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ | ᠂ ᠪᠣᠬᠢᠷᠲᠤᠯ ᠦᠭᠡᠢ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ᠃ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠤᠰᠤᠨ ᠤ ᠣᠷᠴᠢᠨ ᠲᠣᠭᠤᠷᠢᠨ ᠤᠰᠤᠨ ᠤ ᠠᠮᠢ ᠠᠬᠤᠶ ᠶᠢᠨ | ᠵᠥᠪ ᠣᠨᠣᠯᠵᠢᠬᠤᠨ ᠢ ᠪᠣᠶ ᠪᠣᠯᠭᠠᠵᠤ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ | ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ ︽ᠠᠷᠪᠠᠨ ᠵᠢᠷᠭᠤᠭᠠᠨ | ᠥᠰᠥᠭ ᠤᠨ ᠤᠰᠤ ᠵᠠᠰᠠᠬᠤ ᠴᠢᠭᠯᠡᠯᠲᠡ︾ ᠪᠠᠷ ᠭᠠᠷᠳᠠᠴᠠ ᠪᠣᠯᠭᠠᠵᠤ᠂ ᠠᠭᠤᠯᠠ ᠤᠰᠤ ᠣᠶ ᠮᠣᠳᠣ ᠭᠠᠵᠠᠷ | ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠠᠮᠢ ᠨᠠᠰᠤᠨ ᠤ ᠬᠠᠮᠲᠤ ᠶᠢᠨ ᠴᠣᠭᠴᠠ ᠶᠢᠨ ᠣᠨᠣᠯᠵᠢᠬᠤᠨ | ᠶᠣᠰᠣᠭᠠᠷ ᠰᠢᠰᠲ᠋ᠧᠮ ᠲᠠᠢ ᠰᠡᠳᠬᠢᠬᠦᠶ ᠪᠠᠷ ᠵᠠᠰᠠᠵᠤ᠂ ᠪᠦᠬᠦᠯᠢ ᠴᠣᠭᠴᠠ ᠪᠠᠷ ᠬᠠᠮᠵᠢᠯᠴᠠᠨ ᠠᠬᠢᠭᠤᠯᠵᠤ᠂ ᠲᠥᠷᠥᠯ | ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠬᠦᠴᠦᠯᠡᠨ᠂ ᠤᠳᠠᠭᠠᠨ ᠳᠠᠭᠠᠭᠠᠮᠠᠭᠠᠶ ᠪᠠᠷ ᠠᠮᠵᠢᠯᠲᠠ ᠪᠦᠲᠦᠮᠵᠢ | ᠭᠠᠷᠭᠠᠬᠤ ᠬᠡᠷᠡᠭᠲᠡᠶ᠃ | ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠤᠷᠢᠳᠠᠪᠠᠷ ᠥᠷᠨᠢᠭᠦᠯᠦᠨ᠎ᠡ᠃ ᠲᠠᠷᠢᠶᠠᠯᠠᠩ ᠤᠨ ᠤᠰᠤ | ᠠᠷᠪᠢᠯᠠᠬᠤ ᠶᠢ ᠲᠣᠪᠤᠶᠢᠮ᠎ᠠ ᠴᠢᠩᠭᠠᠳᠬᠠᠵᠤ᠂ ᠭᠠᠵᠠᠷ ᠳᠣᠤᠷᠠᠬᠢ ᠤᠰᠤ ᠶᠢ ᠨᠡᠭᠡᠭᠡᠨ ᠮᠠᠯᠲᠠᠬᠤ ᠶᠢ ᠴᠢᠩᠭ᠎ᠠ | ᠬᠢᠵᠠᠭᠠᠷᠯᠠᠨ᠎ᠠ᠃ ︽ᠤᠰᠤ ᠶᠢ ᠭᠠᠩ ᠬᠠᠭᠰᠠᠷᠠᠭᠠᠨ ᠲᠠᠢ ᠪᠣᠯᠭᠠᠬᠤ︾ ᠶᠢ 14 . 5 ᠲᠦᠮᠡᠨ ᠮᠤ᠋ ᠬᠡᠷᠡᠭᠵᠢᠭᠦᠯᠵᠦ᠂ | ᠵᠣᠬᠢᠬᠤ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠢ ᠬᠠᠮᠲᠤ ᠳᠤᠨᠢ ᠪᠢᠲᠡᠭᠦᠮᠵᠢᠯᠡᠨ ᠵᠤᠭᠰᠤᠭᠠᠵᠤ ᠪᠠᠴᠢᠮ | ᠪᠠᠶᠢᠳᠠᠯ ᠢ ᠠᠷᠭᠠᠴᠠᠬᠤ ᠤᠰᠤ ᠬᠠᠩᠭᠠᠬᠤ ᠪᠠ ᠬᠥᠮᠦᠨ ᠮᠠᠯ ᠤᠨ ᠤᠤᠭᠤᠬᠤ ᠤᠰᠤ ᠶᠢ ᠭᠠᠷᠭᠠᠪᠠᠯ᠂ ᠮᠠᠰᠢᠨ | ᠴᠠᠬᠢᠯᠭᠠᠨ ᠬᠤᠳᠳᠤᠭ ᠢ ᠰᠢᠨ᠎ᠡ ᠪᠠᠷ ᠨᠡᠮᠡᠭᠳᠡᠭᠦᠯᠬᠦ ᠦᠭᠡᠶ᠃ ᠲᠠᠷᠢᠮᠠᠯ ᠤᠨ ᠪᠦᠲᠦᠴᠡ ᠳᠤ ᠶᠡᠭᠡ ᠪᠠᠷ | ᠲᠣᠬᠢᠷᠠᠭᠤᠯᠤᠯᠲᠠ ᠬᠢᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 4 . 3 ᠲᠦᠮᠡᠨ ᠮᠥ ᠰᠢᠨ᠎ᠡ ᠪᠠᠷ | ᠪᠠᠶᠢᠭᠤᠯᠵᠤ᠂ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠲᠤᠷᠰᠢᠯᠲᠠ ᠶᠢᠨ ᠲᠥᠷᠥᠯ ᠵᠦᠢᠯ ᠢ 20 ᠲᠦᠮᠡᠨ ᠮᠥ᠂ | ᠡᠪᠡᠰᠦ ᠪᠣᠷᠳᠣᠭᠠᠨ ᠤ ᠰᠠᠭᠤᠷᠢᠨ ᠭᠠᠵᠠᠷ ᠤᠨ ᠪᠠᠲᠤᠯᠠᠭ᠎ᠠ ᠶᠢᠨ ᠲᠥᠷᠥᠯ ᠵᠦᠢᠯ ᠢ 7 ᠲᠦᠮᠡᠨ ᠮᠥ᠂ ᠲᠠᠷᠢᠶᠠᠯᠠᠬᠤ ᠶᠢ | ᠵᠣᠭᠰᠣᠭᠠᠭᠰᠠᠨ ᠡᠪᠡᠰᠦ ᠶᠢ 9 ᠲᠦᠮᠡᠨ ᠮᠥ᠂ ᠠᠮᠤ ᠪᠤᠳᠠᠭ᠎ᠠ ᠶᠢ 0 . 5 ᠲᠦᠮᠡᠨ ᠮᠥ ᠪᠣᠯᠭᠠᠨ ᠥᠭᠡᠷᠡᠴᠢᠯᠡᠨ᠎ᠡ᠃ | ᠬᠠᠭᠤᠷᠠᠶ ᠲᠠᠷᠢᠮᠠᠯ ᠤᠨ ᠲᠠᠷᠢᠶᠠᠯᠠᠩ ᠢ ᠬᠥᠭᠵᠢᠭᠦᠯᠬᠦ ᠶᠢ ᠳᠡᠮᠵᠢᠵᠦ᠂ 12 ᠲᠦᠮᠡᠨ ᠮᠥ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ ᠪᠥᠲᠥᠭᠡᠨ ᠪᠠᠶᠢᠭᠤᠯᠤᠨ᠎ᠠ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠯᠠᠪᠳᠠᠭᠤᠨ ᠢᠶᠠᠷ ᠥᠷᠨᠢᠭᠦᠯᠵᠦ᠂ ︽ᠨᠣᠷᠮ᠎ᠠ ᠲᠣᠭᠲᠠᠭᠠᠨ ᠬᠠᠮᠢᠶᠠᠷᠬᠤ᠂ ᠬᠡᠲᠦᠷᠡᠭᠦᠯᠦᠨ | ᠬᠡᠷᠡᠭᠯᠡᠬᠦ ᠳᠤ ᠦᠨ᠎ᠡ ᠨᠡᠮᠡᠬᠦ︾ ᠲᠠᠷᠢᠶᠠᠯᠠᠩ ᠤᠨ ᠤᠰᠤ ᠬᠡᠷᠡᠭᠯᠡᠬᠦ ᠱᠠᠲᠤᠯᠢᠭ ᠮᠠᠶ᠋ᠢᠭ ᠤᠨ ᠤᠰᠤᠨ ᠤ ᠦᠨ᠎ᠡ | ᠬᠠᠩᠰᠢ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠤᠰᠤ ᠬᠡᠷᠡᠭᠯᠡᠬᠦ᠂ ᠤᠰᠤ ᠶᠢ ᠡᠷᠴᠢᠮᠵᠢᠭᠦᠯᠦᠨ ᠬᠡᠷᠡᠭᠯᠡᠬᠦ᠂ | ᠤᠰᠤ ᠶᠢ ᠲᠦᠢᠯ ᠤᠨ ᠣᠨᠣᠪᠴᠢᠲᠠᠶ ᠬᠡᠷᠡᠭᠯᠡᠬᠦ ᠶᠢ ᠪᠡᠶᠡᠯᠡᠭᠦᠯᠦᠨ᠎ᠡ᠃ ᠠᠵᠤ ᠦᠢᠯᠡᠳᠪᠦᠷᠢ ᠶᠢᠨ ᠤᠰᠤ | ᠠᠷᠪᠢᠯᠠᠬᠤ ᠶᠢ ᠶᠡᠬᠡᠪᠡᠷ ᠴᠢᠩᠭᠠᠳᠬᠠᠵᠤ᠂ ᠢᠳᠡᠭᠡᠨ᠂ ᠡᠮ ᠡᠮᠨᠡᠯᠭᠡ ᠵᠡᠷᠭᠡ ᠠᠵᠤ ᠠᠬᠤᠶᠢᠯᠠᠯ ᠢ ᠭᠠᠷᠭᠠᠪᠠᠯ᠂ | ᠪᠤᠰᠤᠳ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠪᠦᠬᠦᠨ ᠢ ᠳᠤᠮᠳᠠᠬᠢ ᠤᠰᠤ ᠬᠡᠷᠡᠭᠯᠡᠭᠦᠯᠦᠨ᠎ᠡ᠃ | ᠲᠥᠷᠥᠯ ᠵᠦᠢᠯ ᠤᠨ ᠵᠥᠪᠰᠢᠶᠡᠷᠡᠨ ᠣᠷᠣᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠤᠰᠤ ᠶᠡᠭᠡ | ᠬᠤᠷᠣᠭᠳᠠᠭᠤᠯᠬᠤ ᠠᠵᠤ ᠦᠢᠯᠡᠰ ᠤᠨ ᠬᠥᠭᠵᠢᠯᠲᠡ ᠶᠢ ᠴᠢᠩᠭ᠎ᠠ ᠬᠢᠵᠠᠭᠠᠷᠯᠠᠨ᠂ ᠠᠵᠤ ᠦᠢᠯᠡᠰ ᠤᠨ ᠲᠥᠷᠥ ᠶᠢᠨ | ᠪᠣᠳᠣᠯᠭ᠎ᠠ ᠳᠤ ᠨᠡᠶᠢᠴᠡᠬᠦ ᠦᠭᠡᠶ ᠤᠰᠤ ᠶᠡᠭᠡ ᠬᠤᠷᠣᠭᠳᠠᠭᠤᠯᠬᠤ ᠠᠵᠤ ᠠᠬᠤᠶᠢᠯᠠᠯ ᠢ ᠡᠷᠡᠰ ᠬᠠᠭᠠᠵᠤ ᠵᠣᠭᠰᠣᠭᠠᠨ᠎ᠠ᠃ | ᠬᠤᠲᠠ ᠪᠠᠯᠭᠠᠰᠤᠨ ᠤ ᠤᠰᠤ ᠠᠷᠪᠢᠯᠠᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠤᠰᠤ ᠪᠠᠷ ᠬᠤᠲᠠ ᠶᠢ | ᠲᠣᠭᠲᠠᠭᠠᠬᠤ ᠶᠢ ᠪᠠᠷᠢᠮᠲᠠᠯᠠᠵᠤ᠂ ᠤᠰᠤ ᠠᠷᠪᠢᠯᠠᠬᠤ ᠬᠡᠯᠪᠡᠷᠢ ᠶᠢᠨ ᠬᠤᠲᠠ ᠪᠠᠯᠭᠠᠰᠤᠨ ᠤ ᠪᠦᠲᠦᠭᠡᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠎ᠡ᠃ ᠬᠤᠲᠠ ᠪᠠᠯᠭᠠᠰᠤᠨ ᠤ ᠤᠰᠤᠨ ᠤ ᠱᠠᠲᠤᠯᠢᠭ ᠦᠨ᠎ᠡ ᠶᠢᠨ | ᠲᠦᠷᠢᠮ ᠢ ᠴᠢᠩᠭ᠎ᠠ ᠬᠡᠷᠡᠭᠵᠢᠭᠦᠯᠵᠦ᠂ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠴᠢ ᠲᠠᠢ ᠪᠠᠯᠭᠠᠰᠤᠨ ᠤ ᠤᠶᠤᠨᠲᠤ | ᠤᠰᠤᠨ ᠤ ᠬᠡᠮᠵᠢᠭᠦᠷ ᠢ ᠤᠭᠰᠠᠷᠠᠵᠤ ᠰᠣᠯᠢᠬᠤ ᠶᠢ ᠠᠬᠢᠭᠤᠯᠤᠨ᠎ᠠ᠃ ︽ᠤᠰᠤ ᠠᠷᠪᠢᠯᠠᠬᠤ ᠬᠡᠯᠪᠡᠷᠢ ᠶᠢᠨ ᠪᠠᠶᠢᠭᠤᠯᠭ᠎ᠠ | ︾᠂ ︽ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ︾ ᠵᠡᠷᠭᠡ ᠡᠭᠦᠳᠦᠨ ᠪᠠᠶᠢᠭᠤᠯᠬᠤ ᠠᠵᠢᠯᠯᠠᠭ᠎ᠠ | ᠥᠷᠨᠢᠭᠦᠯᠬᠦ ᠶᠢ ᠵᠣᠷᠢᠭᠵᠢᠭᠤᠯᠤᠨ᠎ᠠ᠃ ᠤᠰᠤ ᠠᠷᠪᠢᠯᠠᠬᠤ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠬᠤᠲᠠ | ᠪᠠᠯᠭᠠᠰᠤᠨ ᠤ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠥᠪ ᠤᠨ ᠤᠰᠤ ᠠᠷᠪᠢᠯᠠᠬᠤ ᠰᠢᠨᠵᠢᠯᠡᠬᠦ | ᠤᠬᠠᠭᠠᠨ ᠲᠦᠭᠡᠮᠡᠯᠵᠢᠭᠦᠯᠬᠦ ᠰᠠᠭᠤᠷᠢᠨ ᠭᠠᠵᠠᠷ ᠪᠠᠶᠢᠭᠤᠯᠬᠤ ᠶᠢ ᠳᠡᠮᠵᠢᠨ ᠤᠰᠤ ᠠᠷᠪᠢᠯᠠᠬᠤ ᠰᠢᠨᠵᠢᠯᠡᠬᠦ ᠤᠬᠠᠭᠠᠨ | ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠤᠰᠤ ᠠᠷᠪᠢᠯᠠᠬᠤ ᠣᠨᠣᠯᠵᠢᠬᠤᠨ ᠢ | ᠶᠡᠬᠡᠪᠡᠷ ᠤᠬᠠᠭᠤᠯᠵᠤ᠂ ᠤᠰᠤ ᠠᠷᠪᠢᠯᠠᠬᠤ ᠮᠡᠳᠡᠯᠭᠡ ᠶᠢ ᠲᠦᠭᠡᠮᠡᠯᠵᠢᠭᠦᠯᠦᠨ᠎ᠡ᠃ | ᠤᠰᠤᠨ ᠤ ᠠᠮᠢ ᠠᠬᠤᠢ ᠶᠢᠨ ᠰᠡᠷᠭᠦᠭᠡᠯᠲᠡ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠤᠨ᠎ᠠ᠃ ︽ᠱᠠᠩᠳᠤ | ᠰᠢᠶᠠᠨ ᠤ ᠴᠠᠭᠠᠨᠨᠠᠭᠤᠷ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠨ ᠵᠠᠰᠠᠬᠤ ᠬᠡᠷᠡᠭᠵᠢᠭᠦᠯᠬᠦ ᠲᠥᠰᠦᠯ︾ ᠢ ᠴᠢᠨᠠᠷ | ᠰᠠᠶᠢᠲᠠᠢ ᠨᠠᠶᠢᠷᠠᠭᠤᠯᠤᠨ ᠵᠣᠬᠢᠶᠠᠵᠤ᠂ ᠴᠠᠭᠠᠨᠨᠠᠭᠤᠷ ᠤᠯᠤᠰ ᠤᠨ ᠲᠡᠰ ᠤᠨ ᠨᠤᠭᠤ ᠭᠠᠵᠠᠷ ᠤᠨ ᠴᠡᠴᠡᠷᠯᠢᠭ | ᠪᠠᠶᠢᠭᠤᠯᠬᠤ ᠶᠢ ᠵᠥᠪᠰᠢᠶᠡᠷᠡᠬᠦ ᠪᠠᠷ ᠢᠳᠡᠪᠬᠢᠲᠡᠢ ᠴᠢᠷᠮᠠᠶᠢᠨ᠎ᠠ᠃ ᠴᠠᠭ ᠠᠭᠤᠷ ᠤᠨ ᠥᠷᠲᠡᠭᠡ ᠶᠢ ᠨᠡᠮᠡᠵᠦ ᠪᠠᠶᠢᠭᠤᠯᠤᠨ | ᠂ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠥᠷᠨᠢᠭᠦᠯᠵᠦ᠂ ᠣᠭᠲᠠᠷᠭᠤᠶ ᠳᠠᠬᠢ ᠡᠭᠦᠯᠡᠨ ᠤᠰᠤᠨ ᠤ | ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠨᠡᠭᠡᠭᠡᠨ ᠠᠰᠢᠭᠯᠠᠵᠤ᠂ ᠨᠤᠭᠤ ᠭᠠᠵᠠᠷ ᠤᠨ ᠠᠮᠢ | ᠠᠬᠤᠶ ᠶᠢᠨ ᠰᠢᠰᠲ᠋ᠧᠮ ᠢ ᠰᠡᠷᠭᠦᠭᠡᠬᠦ ᠶᠢ ᠠᠬᠢᠭᠤᠯᠤᠨ᠎ᠠ᠃ ᠲᠠᠴᠢᠷᠳᠠᠭᠰᠠᠨ ᠤᠢ ᠶᠢ ᠬᠠᠮᠠᠭᠠᠯᠠᠬᠤ ᠪᠠ ᠰᠡᠷᠭᠦᠭᠡᠬᠦ | ᠵᠦᠢᠯᠡᠰ ᠢ ᠬᠡᠷᠡᠭᠵᠢᠭᠦᠯᠵᠦ᠂ ᠲᠣᠬᠢᠷᠠᠮᠵᠢᠲᠠᠢ ᠭᠠᠵᠠᠷ ᠲᠤ ᠲᠣᠬᠢᠷᠠᠮᠵᠢᠲᠠᠢ ᠮᠣᠳᠣ ᠲᠠᠷᠢᠵᠤ᠂ ᠭᠠᠩ ᠳᠤ ᠲᠡᠰᠪᠦᠷᠢᠲᠡᠢ | ᠮᠣᠳᠣᠨ ᠤ ᠵᠦᠢᠯ ᠢ ᠲᠠᠷᠢᠨ᠎ᠠ᠃ ᠨᠤᠲᠤᠭ ᠪᠡᠯᠴᠢᠭᠡᠷ ᠤᠨ ᠬᠢᠨᠠᠨ ᠬᠡᠮᠵᠢᠬᠦ ᠲᠣᠭᠲᠠᠮᠠᠯ ᠴᠡᠭ ᠢ ᠰᠢᠨ᠎ᠡ ᠪᠠᠷ | ᠪᠠᠶᠢᠭᠤᠯᠤᠨ᠎ᠠ᠃ ᠨᠡᠪᠲᠡᠷᠡᠬᠦ ᠵᠠᠮ ᠤᠨ ᠨᠣᠭᠤᠭᠠᠷᠠᠭᠤᠯᠤᠯᠲᠠ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ᠂ | ᠠᠯᠪᠠᠨ ᠵᠢᠷᠤᠮ ᠤᠨ ᠮᠣᠳᠣ ᠲᠠᠷᠢᠬᠤ ᠰᠠᠭᠤᠷᠢᠨ ᠭᠠᠵᠠᠷ᠂ ᠨᠡᠶᠢᠲᠡ ᠶᠢᠨ ᠠᠰᠠᠷᠠᠮᠵᠢ ᠶᠢᠨ ᠣᠶᠢᠵᠢᠭᠤᠯᠤᠯᠲᠠ | ᠵᠡᠷᠭᠡ ᠶᠢ ᠲᠦᠯᠬᠢᠨ ᠠᠬᠢᠭᠤᠯᠵᠤ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ 0 . 27 | ᠲᠦᠮᠡᠨ ᠮᠦ ᠪᠡᠶᠡᠯᠡᠭᠦᠯᠦᠨ᠎ᠡ᠃ ᠤᠢ ᠶᠢᠨ ᠳᠠᠷᠤᠭ᠎ᠠ ᠶᠢᠨ ᠳᠦᠷᠢᠮ᠂ ᠡᠪᠡᠰᠦᠨ ᠤ ᠳᠠᠷᠤᠭ᠎ᠠ ᠶᠢᠨ ᠳᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠦᠨ᠎ᠡ᠃ ᠨᠤᠲᠤᠭ ᠪᠡᠯᠴᠢᠭᠡᠷ ᠤᠨ ᠣᠶ ᠮᠣᠳᠣᠨ ᠤ ᠭᠠᠵᠠᠷ ᠢ ᠡᠪᠳᠡᠬᠦ ᠳᠤ ᠬᠠᠤᠯᠢ | ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠨᠤᠲᠤᠭ ᠪᠡᠯᠴᠢᠭᠡᠷ ᠤᠨ ᠣᠶ ᠮᠣᠳᠣᠨ ᠤ ᠭᠠᠵᠠᠷ ᠢ ᠲᠣᠭᠲᠠᠭᠠᠯ ᠠᠴᠠ ᠵᠥᠷᠢᠴᠡᠨ ᠡᠵᠡᠯᠡᠨ ᠬᠡᠷᠡᠭᠯᠡᠬᠦ᠂ | ᠠᠲᠠᠷ ᠬᠠᠭᠠᠯᠪᠤᠷᠢᠯᠠᠬᠤ ᠵᠢᠴᠢ ᠨᠤᠲᠤᠭ ᠪᠡᠯᠴᠢᠭᠡᠷ ᠤᠨ ᠣᠶ ᠮᠣᠳᠣᠨ ᠤ ᠭᠠᠵᠠᠷ ᠢ ᠳᠤᠷ᠎ᠠ ᠪᠠᠷ ᠢᠶᠠᠨ | ᠭᠠᠳᠠᠭᠰᠢᠯᠠᠭᠤᠯᠵᠤ ᠳᠤᠷ᠎ᠠ ᠪᠠᠷ ᠪᠤᠯᠠᠵᠤ ᠪᠣᠬᠢᠷᠲᠤᠭᠤᠯᠤᠭᠰᠠᠨ ᠵᠡᠷᠭᠡ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ | ᠵᠠᠰᠠᠵᠤ᠂ ᠨᠤᠲᠤᠭ ᠪᠡᠯᠴᠢᠭᠡᠷ ᠤᠨ ᠣᠶ ᠮᠣᠳᠣᠨ ᠤ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠬᠡᠷᠡᠭ ᠢ | ᠰᠢᠢᠳᠪᠦᠷᠢᠯᠡᠬᠦ ᠶᠠᠪᠤᠴᠠ ᠳᠤ ᠨᠢᠭᠡ ᠪᠦᠯᠦᠭ ᠰᠢᠳᠬᠡᠨ ᠲᠣᠷᠭᠠᠭᠰᠠᠨ ᠨᠢ ᠵᠣᠬᠢᠰ ᠦᠭᠡᠶ᠂ ᠳᠡᠰ ᠪᠠᠭᠤᠷᠠᠭᠤᠯᠤᠨ | ᠰᠢᠢᠢᠳᠪᠦᠷᠢᠯᠡᠭᠰᠡᠨ᠂ ᠲᠣᠷᠭᠠᠬᠤ ᠪᠠᠷ ᠡᠷᠡᠭᠦᠦ ᠰᠢᠳᠬᠡᠯ ᠢ ᠣᠷᠣᠯᠠᠭᠤᠯᠤᠭᠰᠠᠨ ᠬᠡᠷᠡᠭ ᠢ ᠲᠥᠪᠯᠡᠷᠡᠭᠦᠯᠦᠨ ᠳᠠᠬᠢᠨ | ᠬᠢᠨᠠᠵᠤ ᠵᠠᠯᠠᠷᠠᠭᠤᠯᠤᠨ᠎ᠠ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ | ᠬᠢᠨ᠎ᠡ᠃ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠡ | ᠃ ᠬᠦᠷᠢᠶᠡᠯᠡᠩ ᠲᠣᠭᠤᠷᠢᠭ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠤᠯᠠᠮ ᠨᠢᠭᠡ ᠠᠯᠬᠤᠮ ᠪᠠᠬᠢᠵᠢᠭᠦᠯᠵᠦ᠂ | ᠠᠵᠤ ᠠᠬᠤᠶᠢᠯᠠᠯ ᠤᠨ ᠭᠦᠸᠧᠯᠦ ᠶᠢᠨ ᠬᠦᠬᠦᠷ ᠥᠬᠡᠶᠢᠳᠡᠭᠦᠯᠬᠦ᠂ ᠲᠣᠭᠤᠰᠣ ᠠᠷᠢᠯᠭᠠᠬᠤ ᠪᠡᠯᠡᠳᠬᠡᠮᠵᠢ ᠶᠢᠨ | ᠮᠡᠷᠭᠡᠵᠢᠯ ᠤᠨ ᠥᠭᠡᠷᠡᠴᠢᠯᠡᠯᠲᠡ ᠬᠢᠭᠡᠳ ᠬᠠᠮᠠᠭᠠᠯᠠᠯᠲᠠ ᠶᠢ ᠨᠡᠮᠡᠭᠳᠡᠭᠦᠯᠬᠦ ᠬᠡᠷᠡᠭᠲᠡᠶ᠃ ᠣᠷᠴᠢᠨ ᠲᠣᠭᠤᠷᠢᠨ ᠢ | ᠬᠠᠮᠠᠭᠠᠯᠠᠬᠤ ᠲᠥᠷᠥ ᠶᠢᠨ ᠪᠣᠳᠣᠯᠭ᠎ᠠ ᠳᠤ ᠨᠡᠶᠢᠴᠡᠬᠦ ᠦᠭᠡᠶ ᠨᠡᠭᠦᠷᠡᠰᠦ ᠰᠢᠲᠠᠭᠠᠬᠤ ᠵᠢᠵᠢᠭ ᠭᠦᠸᠧᠯᠦ ᠶᠢ ᠴᠢᠭᠯᠡᠭᠦᠯᠬᠦ | ᠴᠢᠨᠠᠷᠲᠠᠶ ᠪᠠᠷ ᠠᠯᠬᠤᠮ ᠠᠯᠬᠤᠮ ᠢᠶᠠᠷ ᠰᠢᠭᠰᠢᠭᠳᠡᠭᠦᠯᠦᠨ᠎ᠡ᠃ ᠪᠦᠬᠦ ᠵᠢᠯ ᠤᠨ ᠠᠭᠤᠷ ᠠᠮᠢᠰᠬᠤᠯ ᠤᠨ ᠰᠢᠯᠢᠳᠡᠭ | ᠰᠠᠶᠢᠨ ᠴᠠᠭ ᠠᠭᠤᠷ ᠤᠨ ᠬᠠᠷᠢᠴᠠᠯ ᠦᠷᠭᠦᠯᠵᠢᠯᠡᠨ ᠳᠡᠭᠡᠭᠰᠢᠯᠡᠬᠦ ᠶᠢ ᠪᠠᠲᠤᠯᠠᠨ᠎ᠠ᠃ ᠠᠵᠤ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠵᠤ᠂ ᠠᠶᠤᠯᠲᠠᠶ ᠬᠠᠶᠠᠭᠳᠠᠮᠠᠯ | ᠪᠣᠳᠠᠰ ᠪᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠠᠶᠤᠯ ᠦᠭᠡᠶ ᠰᠢᠢᠳᠪᠦᠷᠢᠯᠡᠬᠦ ᠨᠣᠷᠮ᠎ᠠ ᠶᠢ 100 % ᠳᠤ | ᠬᠦᠷᠦᠭᠦᠯᠬᠦ ᠶᠢ ᠦᠨᠡᠨᠬᠦ ᠪᠠᠲᠤᠯᠠᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠶᠢ ᠴᠢᠩᠭᠠᠳᠬᠠᠵᠤ᠂ | ᠬᠢᠮᠢ ᠶᠢᠨ ᠪᠣᠷᠲᠣᠭᠤᠷ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢᠨ ᠰᠥᠭᠡᠷᠭᠦ ᠨᠡᠮᠡᠭᠳᠡᠯ ᠢ ᠦᠷᠭᠦᠯᠵᠢᠯᠡᠨ ᠪᠠᠲᠤᠯᠠᠨ᠎ᠠ᠃ 3 | ᠳ᠋ᠤᠭᠠᠷ ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠦᠭᠰᠡᠨ ︽ᠤᠯᠠᠭᠠᠨᠴᠠᠪ ᠬᠤᠲᠠ ᠶᠢᠨ ᠲᠠᠷᠢᠶᠠᠯᠠᠩ ᠳᠤ ᠬᠡᠷᠡᠭᠯᠡᠬᠦ | ᠰᠦᠯᠢᠶᠣᠣ ᠪᠦᠷᠬᠦᠪᠴᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠢ ᠦᠨᠳᠦᠰᠦᠯᠡᠨ᠂ ᠬᠡᠨ ᠬᠡᠷᠡᠭᠯᠡᠪᠡᠯ | ᠬᠡᠨ ᠴᠡᠪᠡᠷᠯᠡᠬᠦ᠂ ᠬᠡᠨ ᠪᠣᠬᠢᠷᠲᠤᠭᠤᠯᠪᠠᠯ ᠬᠡᠨ ᠵᠠᠰᠠᠬᠤ ᠵᠠᠷᠴᠢᠮ ᠶᠣᠰᠣᠭᠠᠷ᠂ ᠡᠬᠢ ᠡᠭᠦᠰᠦᠯ ᠠᠴᠠ ᠨᠢ ᠬᠠᠮᠢᠶᠠᠷᠤᠨ | ᠡᠵᠡᠮᠳᠡᠬᠦ ᠶᠢ ᠴᠢᠩᠭᠠᠳᠬᠠᠵᠤ᠂ 0 . 01 ᠮᠢᠯᠢᠮᠧᠲᠷ ᠤᠨ ᠰᠦᠯᠢᠶᠣᠣ ᠪᠦᠷᠬᠦᠪᠴᠢ ᠦᠢᠯᠡᠳᠪᠦᠷᠢᠯᠡᠬᠦ᠂ | ᠪᠣᠷᠣᠯᠠᠭᠤᠯᠬᠤ᠂ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠬᠠᠤᠯᠢ ᠠᠴᠠ ᠵᠥᠷᠢᠴᠡᠭᠰᠡᠳ ᠢ ᠬᠠᠤᠯᠢ ᠲᠣᠭᠲᠠᠭᠠᠯ | ᠶᠣᠰᠣᠭᠠᠷ ᠴᠢᠩᠭ᠎ᠠ ᠰᠢᠢᠳᠪᠦᠷᠢᠯᠡᠨ᠎ᠡ᠃ | | ︵ᠬᠤᠶᠠᠷ︶ ᠡᠨᠧᠷᠭᠢ ᠶᠢᠨ ᠬᠤᠷᠣᠭᠳᠠᠭᠤᠯᠭ᠎ᠠ ᠶᠢᠨ ᠬᠤᠣᠰ ᠡᠵᠡᠮᠳᠡᠯ ᠢᠶᠠᠷ ᠭᠤᠣᠯᠳᠠᠯᠭ᠎ᠠ ᠪᠣᠯᠭᠠᠨ᠂ ᠪᠦᠲᠦᠴᠡ ᠶᠢ | ᠰᠢᠯᠢᠳᠡᠭᠵᠢᠭᠦᠯᠬᠦ᠂ ᠰᠢᠨ᠎ᠡ ᠶᠢ ᠡᠭᠦᠳᠦᠨ ᠬᠥᠭᠵᠢᠭᠦᠯᠬᠦ ᠶᠢ ᠴᠢᠷᠮᠠᠶᠢᠨ ᠪᠡᠶᠡᠯᠡᠭᠦᠯᠦᠨ᠎ᠡ᠃ | ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠡᠭᠦᠷᠭᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ᠡᠨᠧᠷᠭᠢ ᠶᠢᠨ ᠬᠤᠷᠣᠭᠳᠠᠭᠤᠯᠭ᠎ᠠ ᠶᠢᠨ ︽ᠬᠤᠶᠠᠷ ᠢ ᠬᠢᠵᠠᠭᠠᠷᠯᠠᠬᠤ︾ ᠶᠢ ᠠᠷᠭ᠎ᠠ ᠮᠠᠶ᠋ᠢᠭ ᠢᠶᠠᠨ ᠬᠤᠪᠢᠷᠠᠭᠤᠯᠬᠤ᠂ | ᠪᠦᠲᠦᠴᠡ ᠪᠠᠨ ᠲᠣᠬᠢᠷᠠᠭᠤᠯᠬᠤ ᠵᠠᠩᠭᠢᠯᠠᠭ᠎ᠠ ᠶᠢᠨ ᠠᠷᠭ᠎ᠠ ᠪᠠᠷᠢᠯ ᠪᠣᠯᠭᠠᠨ᠂ ᠡᠨᠧᠷᠭᠢ ᠠᠷᠪᠢᠯᠠᠬᠤ ᠶᠢ ᠡᠩ | ᠲᠡᠷᠢᠭᠦᠨ ᠳᠤ ᠪᠠᠶᠢᠯᠭᠠᠬᠤ ᠴᠢᠭᠯᠡᠯᠲᠡ ᠶᠢ ᠡᠷᠡᠰ ᠪᠦᠲᠦᠮᠵᠢᠲᠡᠶ ᠨᠠᠶᠢᠳᠠᠪᠤᠷᠢᠵᠢᠭᠤᠯᠬᠤ ᠬᠡᠷᠡᠭᠲᠡᠶ᠃ ᠠᠵᠤ | ᠦᠢᠯᠡᠳᠪᠦᠷᠢ ᠶᠢᠨ ᠴᠠᠬᠢᠯᠭᠠᠨ ᠬᠡᠷᠡᠭᠯᠡᠬᠦ ᠬᠡᠮᠵᠢᠶ᠎ᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠵᠤ᠂ ᠵᠠᠷᠴᠢᠮ ᠳᠡᠭᠡᠷ᠎ᠡ ᠪᠠᠨ | ᠡᠨᠡ ᠵᠢᠯ ᠡᠨᠧᠷᠭᠢ ᠶᠢᠨ ᠬᠤᠷᠣᠭᠳᠠᠯ ᠶᠡᠬᠡᠲᠡᠶ ᠲᠥᠷᠥᠯ ᠵᠦᠢᠯ ᠢ ᠳᠠᠬᠢᠨ ᠬᠢᠨᠠᠨ ᠵᠥᠪᠰᠢᠶᠡᠷᠡᠬᠦ ᠦᠭᠡᠶ ᠪᠠᠶᠢᠬᠤ ᠪᠠ | ᠰᠢᠨ᠎ᠡ ᠪᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠪᠣᠯᠬᠤ ᠦᠭᠡᠶ᠂ ᠬᠡᠰᠡᠭ ᠭᠠᠷᠳᠠᠮ ᠢ ᠨᠢᠭᠡᠨᠲᠡ ᠣᠷᠣᠭᠤᠯᠵᠤ | ᠢᠷᠡᠭᠰᠡᠨ ᠡᠨᠧᠷᠭᠢ ᠶᠢᠨ ᠬᠤᠷᠣᠭᠳᠠᠯ ᠢᠶᠠᠷ ᠨᠡᠯᠢᠶᠡᠳ ᠶᠡᠭᠡ ᠲᠥᠷᠥᠯ ᠵᠦᠢᠯ ᠢ ᠬᠤᠶᠢᠰᠢᠯᠠᠭᠤᠯᠤᠨ ᠪᠦᠲᠦᠭᠡᠨ | ᠪᠠᠶᠢᠭᠤᠯᠵᠤ ᠠᠰᠢᠭᠯᠠᠯᠲᠠ ᠳᠤ ᠣᠷᠣᠭᠤᠯᠬᠤ ᠬᠡᠷᠡᠭᠲᠡᠶ᠃ ᠪᠡᠯᠡ ᠣᠷᠣᠭᠤᠯᠤᠯᠲᠠ ᠶᠢᠨ ᠬᠦᠴᠦᠯᠡᠴᠡ᠂ ᠡᠨᠧᠷᠭᠢ ᠶᠢᠨ | ᠬᠤᠷᠣᠭᠳᠠᠯ᠂ ᠦᠢᠯᠡᠳᠬᠦᠨ ᠤ ᠦᠷᠳᠡᠭ᠂ ᠭᠠᠶᠢᠯᠢ ᠲᠠᠲᠠᠪᠤᠷᠢ ᠵᠡᠷᠭᠡ ᠲᠠᠯ᠎ᠠ ᠪᠠᠷ ᠠᠵᠤ ᠦᠢᠯᠡᠰ ᠢ ᠵᠥᠪᠰᠢᠶᠡᠷᠡᠨ | ᠣᠷᠣᠭᠤᠯᠬᠤ ᠪᠠᠷᠢᠮᠵᠢᠶ᠎ᠠ ᠪᠠ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ | ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠬᠡᠯᠬᠢᠶ᠎ᠡ ᠶᠢ ᠤᠷᠲᠤᠳᠬᠠᠨ ᠨᠡᠮᠡᠯᠲᠡ ᠥᠷᠲᠡᠭ ᠢ ᠨᠥᠬᠦᠪᠥᠷᠢᠯᠡᠬᠦ ᠳᠤ ᠬᠠᠷᠢᠶᠠᠯᠠᠭᠳᠠᠬᠤ ᠡᠨᠧᠷᠭᠢ ᠶᠢᠨ ᠬᠤᠷᠣᠭᠳᠠᠯ | ᠶᠡᠬᠡᠲᠡᠶ ᠲᠥᠷᠥᠯ ᠵᠦᠶ᠋ᠯ ᠳᠤ ᠲᠡᠩᠴᠡᠭᠦᠤ ᠬᠡᠮᠵᠢᠶ᠎ᠡ ᠪᠤᠶᠤ ᠬᠡᠮᠵᠢᠶ᠎ᠡ ᠶᠢ ᠪᠠᠭᠠᠰᠬᠠᠨ ᠰᠣᠯᠢᠬᠤ ᠵᠠᠷᠴᠢᠮ ᠢ | ᠬᠡᠷᠡᠭᠵᠢᠭᠦᠯᠵᠦ᠂ ᠦᠢᠯᠡᠳᠪᠦᠨ ᠤ ᠨᠢᠭᠡᠴᠢ ᠬᠤᠷᠣᠭᠳᠠᠯ ᠢ ᠡᠷᠬᠡᠪᠰᠢ ᠤᠯᠤᠰ ᠤᠨ ᠳᠣᠲᠣᠭᠠᠳᠤ ᠶᠢᠨ ᠠᠳᠠᠯᠢ ᠠᠵᠢᠯ | ᠲᠥᠷᠥᠯ ᠤᠨ ᠤᠯᠤᠰ ᠤᠨ ᠪᠠᠷᠢᠮᠵᠢᠶ᠎ᠠ ᠶᠢᠨ ᠲᠡᠷᠢᠭᠦᠨ ᠤ ᠬᠢᠷᠢ ᠬᠡᠮᠵᠢᠶ᠎ᠡ ᠳᠤ ᠬᠦᠷᠦᠭᠦᠯᠬᠦ ᠬᠡᠷᠡᠭᠲᠡᠶ᠃ ᠡᠨᠧᠷᠭᠢ ᠶᠡᠭᠡ | ᠬᠤᠷᠣᠭᠳᠠᠭᠤᠯᠬᠤ ᠠᠵᠤ ᠠᠬᠤᠶᠢᠯᠠᠯ ᠤᠨ ᠴᠠᠬᠢᠯᠭᠠᠨ ᠤ ᠦᠨ᠎ᠡ ᠶᠢᠨ ᠲᠤᠬᠠᠶ ᠥᠪᠡᠷᠲᠡᠭᠡᠨ ᠵᠠᠰᠠᠬᠤ ᠣᠷᠣᠨ ᠤ | ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠠᠬᠢᠯᠭᠠᠨ ᠤ ᠱᠠᠲᠤᠯᠢᠭ ᠦᠨ᠎ᠡ ᠪᠣᠯᠤᠨ | ᠴᠠᠬᠢᠯᠭᠠᠨ ᠤ ᠵᠥᠷᠢᠶᠡᠲᠦ ᠦᠨ᠎ᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠭᠤᠣᠯᠳᠠᠯᠭ᠎ᠠ ᠲᠠᠢ ᠡᠨᠧᠷᠭᠢ | ᠬᠡᠷᠡᠭᠯᠡᠬᠦ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠨᠧᠷᠭᠢ ᠠᠷᠪᠢᠯᠠᠬᠤ ᠬᠠᠮᠢᠶᠠᠷᠤᠯᠲᠠ ᠵᠢᠴᠢ ᠡᠨᠧᠷᠭᠢ ᠶᠢᠨ | ᠠᠰᠢᠭᠯᠠᠮᠵᠢ ᠳᠤ ᠵᠠᠳᠠᠯᠤᠯᠲᠠ ᠬᠢᠵᠦ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ ᠦᠢᠯᠡᠳᠪᠦᠷᠢᠯᠡᠬᠦ | ᠴᠢᠳᠠᠪᠤᠷᠢ ᠶᠢ ᠪᠠᠭᠠᠰᠬᠠᠬᠤ ᠪᠠ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠨᠡᠮᠡᠭᠳᠡᠭᠦᠯᠵᠦ᠂ | ᠡᠨᠧᠷᠭᠢ ᠶᠢᠨ ᠬᠤᠷᠣᠭᠳᠠᠯ ᠤᠨ ᠦᠯᠡᠳᠡᠭᠡᠯ ᠢ ᠶᠡᠬᠡᠪᠡᠷ ᠪᠠᠭᠠᠰᠬᠠᠨ᠂ ᠥᠪᠡᠷᠲᠡᠭᠡᠨ ᠵᠠᠰᠠᠬᠤ ᠣᠷᠣᠨ ᠤ ᠬᠢᠵᠠᠭᠠᠷᠯᠠᠬᠤ | ᠲᠥᠷᠥᠯ ᠵᠢᠴᠢ ᠲᠡᠭᠦᠨ ᠠᠴᠠ ᠳᠣᠷᠣᠭᠰᠢᠬᠢ ᠦᠢᠯᠡᠳᠪᠦᠷᠢᠯᠡᠬᠦ ᠴᠢᠳᠠᠪᠤᠷᠢ ᠶᠢ ᠰᠢᠭᠰᠢᠭᠳᠡᠭᠦᠯᠬᠦ ᠪᠠ ᠠᠵᠤ | ᠦᠢᠯᠡᠳᠪᠦᠷᠢ ᠶᠢᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠴᠢᠩᠭ᠎ᠠ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠵᠠᠭᠠᠷᠯᠠᠬᠤ ᠲᠥᠷᠥᠯ ᠤᠨ ᠦᠢᠯᠡᠳᠪᠦᠷᠢᠯᠡᠬᠦ ᠴᠢᠳᠠᠪᠤᠷᠢ ᠶᠢ | ᠭᠤᠤᠯᠳᠠᠯᠭ᠎ᠠ ᠲᠠᠢ ᠪᠠᠭᠠᠰᠬᠠᠨ᠎ᠠ᠃ ᠵᠤᠤᠬ᠎ᠠ ᠶᠢᠨ ᠬᠡᠯᠪᠡᠷᠢ ᠨᠢ ᠨᠡᠯᠢᠶᠡᠳ ᠪᠠᠭ᠎ᠠ᠂ ᠪᠦᠷᠢᠨ ᠪᠢᠲᠡᠭᠦᠮᠵᠢᠯᠡᠵᠦ | ᠥᠭᠡᠷᠡᠴᠢᠯᠡᠭᠰᠡᠨ ᠥᠬᠡᠶ ᠠᠭᠤᠷᠬᠠᠶ ᠶᠢᠨ ᠢᠯᠴᠢ ᠶᠢᠨ ᠵᠤᠤᠬ᠎ᠠ ᠪᠠ ᠪᠥᠬᠦ ᠠᠵᠢᠯ ᠤᠨ ᠲᠠᠰ ᠳᠠᠷᠠᠭᠠᠯᠠᠯ ᠤᠨ ᠠᠵᠤ | ᠦᠢᠯᠡᠰ ᠤᠨ ᠬᠡᠯᠬᠢᠶ᠎ᠡ ᠪᠣᠯᠵᠣ ᠪᠦᠷᠢᠯᠳᠦᠭᠡᠳᠦᠶ ᠯᠢᠲ᠋ᠢ ᠴᠠᠬᠢᠯᠭᠠᠨ ᠪᠠᠯ ᠴᠢᠯᠠᠭᠤ ᠶᠢᠨ ᠠᠵᠤ ᠠᠬᠤᠶᠢᠯᠠᠯ ᠳᠤ | ᠴᠠᠬᠢᠯᠭᠠᠨ ᠢ ᠬᠢᠵᠠᠭᠠᠷᠯᠠᠬᠤ ᠨᠠᠩ ᠴᠢᠩᠭ᠎ᠠ ᠠᠷᠭ᠎ᠠ ᠬᠡᠮᠵᠢᠶ᠎ᠡ ᠠᠪᠴᠤ᠂ ᠲᠡᠮᠦᠷ ᠤᠨ ᠬᠠᠶᠢᠯᠤᠰᠢ᠂ ᠯᠢᠲ᠋ᠢ ᠴᠠᠬᠢᠯᠭᠠᠨ | ᠪᠠᠯ ᠴᠢᠯᠠᠭᠤ ᠶᠢᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠡᠨᠧᠷᠭᠢ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠦᠷ᠎ᠡ | ᠪᠦᠲᠦᠮᠵᠢ ᠪᠠᠷ ᠢᠯᠡᠷᠬᠡᠶ ᠠᠵᠤ ᠠᠬᠤᠶᠢᠯᠠᠯ ᠪᠤᠶᠤ ᠲᠥᠷᠥᠯ ᠵᠦᠢᠯ ᠢ ᠱᠠᠩᠨᠠᠨ ᠳᠡᠮᠵᠢᠬᠦ ᠶᠢ ᠰᠦᠪᠡᠭᠴᠢᠯᠡᠵᠦ᠂ | ᠡᠨᠧᠷᠭᠢ ᠠᠷᠪᠢᠯᠠᠬᠤ ᠨᠠᠩ ᠶᠡᠭᠡ ᠣᠷᠣᠨ ᠵᠠᠶ ᠶᠢ ᠨᠡᠭᠡᠭᠡᠨ᠎ᠡ᠃ ᠨᠡᠶᠢᠭᠡᠮ ᠤᠨ ᠲᠠᠯ᠎ᠠ ᠶᠢᠨ ᠡᠨᠧᠷᠭᠢ ᠠᠷᠪᠢᠯᠠᠵᠤ | ᠬᠤᠷᠣᠭᠳᠠᠯ ᠢ ᠪᠠᠭᠠᠰᠬᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠠᠷᠢᠶᠠᠯᠠᠩ᠂ ᠪᠠᠷᠢᠯᠭ᠎ᠠ᠂ ᠵᠠᠮ | ᠬᠠᠷᠢᠯᠴᠠᠭ᠎ᠠ᠂ ᠠᠷᠠᠯᠵᠢᠶ᠎ᠠ ᠬᠤᠳᠠᠯᠳᠤᠭ᠎ᠠ᠂ ᠠᠷᠠᠳ ᠤᠨ ᠬᠡᠷᠡᠭᠯᠡᠭᠡᠨ᠂ ᠣᠯᠠᠨ ᠨᠡᠶᠢᠲᠡ ᠶᠢᠨ ᠪᠠᠶᠢᠭᠤᠯᠤᠮᠵᠢ ᠵᠡᠷᠭᠡ | ᠠᠵᠢᠯ ᠲᠥᠷᠥᠯ ᠤᠨ ᠬᠦᠷᠢᠶᠡᠨ ᠳᠠᠬᠢ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠪᠣᠬᠢᠷᠲᠤᠯ ᠥᠬᠡᠶ ᠬᠤᠳᠠᠯᠳᠤᠭᠠᠨ ᠤ ᠲᠠᠯᠠᠪᠤᠷ︾᠂ ︽ᠪᠣᠬᠢᠷᠲᠤᠯ ᠥᠬᠡᠶ ᠪᠠᠭᠤᠳᠠᠯ︾᠂ | ︽ᠪᠣᠬᠢᠷᠲᠤᠯ ᠥᠬᠡᠶ ᠠᠵᠤ ᠠᠬᠤᠶᠢᠯᠠᠯ︾ ᠪᠠᠶᠢᠭᠤᠯᠬᠤ ᠶᠢ ᠵᠣᠷᠢᠭᠵᠢᠭᠤᠯᠤᠨ᠎ᠠ᠃ ᠠᠷᠪᠢᠯᠠᠨ ᠭᠠᠮᠨᠠᠬᠤ ᠬᠡᠯᠪᠡᠷᠢ ᠶᠢᠨ | ᠪᠠᠶᠢᠭᠤᠯᠭ᠎ᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠬᠤᠲᠠ ᠲᠣᠭᠤᠷᠢᠭ ᠤᠨ | ᠭᠡᠷᠡᠯᠲᠦᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠡᠵᠡᠮᠳᠡᠨ᠎ᠡ᠃ ᠨᠡᠶᠢᠭᠡᠮ ᠳᠠᠶᠠᠭᠠᠷ ᠲᠤ ᠠᠵᠢᠯᠴᠢ | ᠠᠷᠪᠢᠴᠢ ᠪᠠᠷ ᠠᠷᠪᠢᠯᠠᠨ ᠭᠠᠮᠨᠠᠬᠤ᠂ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ | ᠪᠣᠯᠪᠠᠰᠤᠨ ᠪᠥᠭᠡᠳ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠪᠠ ᠬᠡᠷᠡᠭᠯᠡᠭᠡᠨ ᠤ ᠦᠵᠡᠯᠲᠡ ᠶᠢ ᠪᠤᠢ ᠪᠣᠯᠭᠠᠬᠤ ᠶᠢ | ᠶᠡᠭᠡ ᠪᠠᠷ ᠰᠠᠨᠠᠭᠠᠴᠢᠯᠠᠨ᠎ᠠ᠃ | ︽ᠭᠤᠷᠪᠠᠨ ᠶᠡᠭᠡ ᠠᠵᠤ ᠦᠢᠯᠡᠰ︾ ᠤᠨ ᠪᠣᠬᠢᠷᠲᠤᠯ ᠦᠭᠡᠢ ᠲᠡᠶᠢᠰᠢ ᠬᠤᠪᠢᠷᠠᠬᠤ ᠶᠢ ᠠᠬᠢᠭᠤᠯᠤᠨ᠎ᠠ᠃ | ᠰᠢᠨ᠎ᠡ ᠡᠨᠧᠷᠭᠢ ᠶᠢᠨ ᠠᠵᠤ ᠦᠢᠯᠡᠰ ᠢ ᠬᠦᠴᠦᠷᠬᠡᠭᠵᠢᠭᠦᠯᠵᠦ᠂ ᠮᠠᠨ ᠤ ᠰᠢᠶᠠᠨ ᠤ ᠶᠡᠷᠦᠩᠬᠡᠢ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ ᠶᠢᠨ 720 ᠲᠦᠮᠡᠨ ᠺᠢᠯᠣᠸᠠᠲ ᠤᠨ ᠰᠠᠯᠬᠢ ᠭᠡᠷᠡᠯ ᠤᠨ ᠡᠨᠧᠷᠭᠢ ᠶᠢᠨ ᠡᠬᠢ | ᠪᠠᠶᠠᠯᠢᠭ ᠤᠨ ᠲᠥᠯᠥᠪᠵᠢᠭᠦᠯᠭᠡ ᠳᠤ ᠰᠠᠭᠤᠷᠢᠯᠠᠵᠤ᠂ ︽ᠡᠨᠧᠷᠭᠢ ᠴᠠᠬᠢᠯᠭᠠᠨ ᠲᠣᠣᠷ ᠳᠠᠭᠠᠭᠠᠴᠠ ᠨᠥᠭᠡᠴᠡ︾ ᠶᠢᠨ | ᠬᠤᠷᠰᠢᠯ ᠵᠣᠬᠢᠴᠠᠭᠤᠯᠭ᠎ᠠ ᠶᠢᠨ ᠨᠢᠭᠡ ᠴᠤᠬᠴᠠᠵᠢᠬᠰᠠᠨ ᠡᠨᠧᠷᠭᠢ ᠶᠢᠨ ᠬᠥᠭᠵᠢᠯᠲᠡ ᠶᠢᠨ ᠵᠠᠭᠪᠤᠷ ᠢ ᠪᠦᠷᠢᠯᠳᠦᠭᠦᠯᠬᠦ ᠶᠢ | ᠠᠬᠢᠭᠤᠯᠤᠨ᠎ᠠ᠃ ᠴᠠᠭᠠᠨᠨᠠᠭᠤᠷ 150 ᠲᠦᠮᠡᠨ ᠺᠢᠯᠣᠸᠠᠲ ᠤᠨ ᠭᠡᠷᠡᠯ ᠴᠡᠨᠡᠭ ᠤᠨ ᠡᠪᠡᠰᠦᠨ ᠤ ᠮᠠᠯ ᠠᠵᠤ | ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠵᠢᠴᠢ ᠨᠥᠭᠡᠴᠡ ᠡᠨᠧᠷᠭᠢ ᠶᠢ ᠨᠢᠭᠡ ᠴᠣᠭᠴᠠᠵᠢᠭᠤᠯᠤᠭᠰᠠᠨ ᠵᠢᠱᠢᠶ᠎ᠡ | ᠦᠵᠡᠭᠦᠯᠬᠦ ᠲᠥᠷᠥᠯ ᠵᠦᠢᠯ ᠢ ᠳᠠᠷᠤᠢ ᠲᠦᠷᠭᠡᠨ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ ᠭᠤᠷᠪᠠᠨ ᠬᠠᠪᠴᠢᠯ ᠤᠨ | ᠪᠦᠯᠦᠭᠯᠡᠯ ᠤᠨ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠡᠭᠦᠰᠭᠡᠭᠴᠢ ᠶᠢᠨ ᠴᠠᠬᠢᠯᠭᠠᠨ | ᠬᠠᠩᠭᠠᠬᠤ ᠳᠠᠭᠠᠭᠠᠴᠠ ᠶᠢ ᠨᠢᠭᠡ ᠴᠤᠬᠴᠠᠵᠢᠭᠤᠯᠬᠤ ᠪᠣᠬᠢᠷᠲᠤᠯ ᠥᠬᠡᠶ ᠴᠠᠬᠢᠯᠭᠠᠨ ᠬᠠᠩᠭᠠᠬᠤ ᠵᠢᠱᠢᠶ᠎ᠡ ᠦᠵᠡᠭᠦᠯᠬᠦ | ᠲᠥᠷᠥᠯ ᠵᠦᠢᠯ᠂ ᠲᠢᠶᠠᠨ ᠱᠦᠨ ᠹᠧᠩ ᠰᠠᠯᠬᠢᠨ ᠡᠨᠧᠷᠭᠢ ᠶᠢᠨ 150 ᠲᠦᠮᠡᠨ ᠺᠢᠯᠣᠸᠠᠲ ᠤᠨ ᠰᠠᠯᠬᠢᠨ | ᠬᠦᠴᠦᠨ ᠤ ᠴᠠᠬᠢᠯᠭᠠᠨ ᠨᠥᠭᠡᠴᠡᠯᠡᠬᠦ ᠡᠨᠧᠷᠭᠢ ᠶᠢ ᠨᠢᠭᠡ ᠴᠤᠬᠴᠠᠵᠢᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ᠂ | ᠴᠢᠩᠳᠣᠤ ᠶᠢᠨ ᠲᠢᠶᠠᠨ ᠨᠧᠩ 30 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠨᠥᠭᠡᠴᠡᠯᠡᠬᠦ ᠲᠥᠷᠥᠯ | ᠵᠦᠢᠯ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ 100 ᠰᠠᠶ᠎ᠠ ᠸᠠᠲ ᠤᠨ ᠬᠠᠭᠤᠷᠠᠶ ᠳᠡᠭᠡᠷᠡᠬᠢ | ᠰᠠᠯᠬᠢᠨ ᠬᠦᠴᠦᠨ ᠤ ᠮᠠᠰᠢᠨ ᠤ ᠭᠤᠤᠯ ᠬᠦᠴᠦᠨ ᠤ ᠮᠠᠰᠢᠨ ᠤ ᠬᠡᠯᠪᠡᠷᠢ ᠶᠢᠨ ᠪᠣᠳᠠᠲᠠᠶ ᠭᠡᠷᠡᠴᠢᠯᠡᠬᠦ ᠲᠤᠷᠰᠢᠯᠲᠠ ᠶᠢᠨ | ᠰᠠᠯᠬᠢᠨ ᠬᠦᠴᠦᠨ ᠤ ᠲᠠᠯᠠᠪᠤᠷ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠡᠬᠢᠯᠡᠭᠦᠯᠬᠦ ᠶᠢ ᠶᠡᠬᠡᠪᠡᠷ ᠠᠬᠢᠭᠤᠯᠤᠨ᠎ᠠ᠃ | ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠰᠢᠯᠢᠳᠡᠭᠵᠢᠭᠦᠯᠵᠦ᠂ ᠺᠠᠶ ᠶᠢᠨ᠂ ᠾᠧᠩ ᠱᠧᠩ᠂ ᠾᠧᠩ ᠺᠧ ᠵᠡᠷᠭᠡ | ᠯᠢᠲ᠋ᠢ ᠶᠢᠨ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠦᠶ᠋ᠯᠡᠳᠪᠦᠷᠢᠯᠡᠬᠦ ᠠᠵᠤ ᠠᠬᠤᠶᠢᠯᠠᠯ ᠪᠣᠯᠤᠨ ᠴᠢ | ᠴᠠᠩ᠂ ᠬᠤᠩ ᠶᠠᠩ᠂ ᠲᠦᠩ ᠱᠧᠩ ᠵᠡᠷᠭᠡ ᠥᠨᠳᠥᠷ ᠳᠤᠯᠠᠭᠠᠨ ᠤ ᠢᠯᠴᠢ ᠶᠢ ᠬᠥᠨᠳᠡᠶᠢᠷᠡᠭᠦᠯᠵᠦ ᠳᠤᠯᠠᠭᠠᠨ ᠢ | ᠬᠠᠳᠠᠭᠠᠯᠠᠬᠤ ᠮᠠᠲ᠋ᠧᠷᠢᠶᠠᠯ ᠦᠶ᠋ᠯᠡᠳᠪᠦᠷᠢᠯᠡᠬᠦ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠡᠨᠧᠷᠭᠢ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠬᠡᠨ ᠬᠡᠷᠡᠭᠵᠢᠭᠦᠯᠬᠦ ᠬᠡᠷᠡᠭᠲᠡᠶ᠃ ᠬᠤᠸᠠ ᠲᠧᠩ ᠡᠷᠳᠡᠨᠢ ᠶᠢᠨ ᠰᠤᠪᠤᠳ | ᠬᠠᠶᠢᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠠᠲ᠋ᠧᠷᠢᠶᠠᠯ ᠤᠨ ᠦᠢᠯᠡᠳᠪᠦᠷᠢᠯᠡᠯ ᠤᠨ ᠲᠥᠷᠥᠯ ᠵᠦᠢᠯ ᠤᠨ | ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠳᠠᠮᠵᠢᠨ᠎ᠠ᠃ ᠾᠧᠩ ᠺᠧ ᠣᠨᠴᠠ ᠲᠥᠷᠥᠯ ᠤᠨ | ᠸᠠᠭᠠᠷ ᠱᠠᠭᠠᠵᠠᠩ ᠪᠠ ᠾᠧᠩ ᠳ᠋ᠧ ᠺᠠᠩ ᠡᠮᠴᠢᠯᠡᠭᠡ ᠡᠷᠡᠭᠦᠯ ᠬᠠᠮᠠᠭᠠᠯᠠᠯ ᠤᠨ ᠬᠤᠷᠣᠭᠳᠠᠯ ᠮᠠᠲ᠋ᠧᠷᠢᠶᠠᠯ ᠵᠢᠴᠢ ᠪᠠᠭᠠᠵᠢ | ᠬᠡᠷᠡᠭᠰᠡᠯ ᠪᠠᠭᠠᠵᠢ ᠬᠡᠷᠡᠭᠰᠡᠯ ᠤᠨ ᠲᠥᠷᠥᠯ ᠵᠦᠢᠯ ᠢ ᠪᠥᠬᠦ ᠲᠠᠯ᠎ᠠ ᠪᠠᠷ ᠠᠰᠢᠭᠯᠠᠯᠲᠠ ᠳᠤ ᠣᠷᠣᠭᠤᠯᠤᠨ ᠦᠷ᠎ᠡ ᠠᠰᠢᠭ | ᠣᠯᠬᠤ ᠶᠢ ᠲᠦᠷᠭᠡᠳᠬᠡᠨ᠎ᠡ᠃ ᠳ᠋ᠦᠩ ᠱᠧᠩ ᠴᠠᠬᠢᠭᠤᠷ ᠵᠠᠮᠠᠭᠲᠤ ᠰᠢᠷᠣᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠤᠨ ᠴᠠᠬᠢᠭᠤᠷ ᠵᠠᠮᠠᠭᠲᠤ ᠬᠠᠪᠲᠠᠰᠤ᠂ ᠴᠠᠬᠢᠭᠤᠷ ᠵᠠᠮᠠᠭ ᠤᠨ | ᠰᠢᠷ ᠪᠤᠳᠤᠭ ᠵᠡᠷᠭᠡ ᠦᠢᠯᠡᠳᠭᠦᠨᠢᠶ᠋ᠠᠷ ᠭᠤᠤᠯ ᠪᠣᠯᠭᠠᠭᠰᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠪᠠᠷᠢᠯᠭ᠎ᠠ ᠶᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠶᠢᠨ | ᠡᠷᠴᠢᠮ ᠢ ᠴᠢᠩᠭᠠᠷᠠᠭᠤᠯᠬᠤ ᠶᠢ ᠠᠬᠢᠭᠤᠯᠤᠨ᠎ᠠ᠃ ᠠᠮᠲᠠᠲᠤ ᠢᠳᠡᠭᠡᠨ ᠤ ᠠᠵᠤ ᠠᠬᠤᠢ᠂ ᠰᠥᠨᠢ ᠶᠢᠨ ᠠᠵᠤ ᠠᠬᠤᠢ᠂ | ᠳᠡᠯᠭᠡᠭᠡ ᠬᠤᠳᠠᠯᠳᠤᠭ᠎ᠠ ᠶᠢᠨ ᠠᠵᠤ ᠠᠬᠤᠢ ᠶᠢ ᠶᠡᠬᠡᠪᠡᠷ ᠪᠤᠶᠢᠵᠢᠭᠤᠯᠤᠨ᠎ᠠ᠃ ︽ᠢᠨᠲ᠋ᠧᠷ ᠰᠦᠯᠵᠢᠶ᠎ᠡ +︾ ᠶᠢ | ᠭᠦᠢᠴᠡᠳ ᠠᠰᠢᠭᠯᠠᠨ᠂ ᠤᠯᠠᠮᠵᠢᠯᠠᠯᠲᠤ ᠵᠢᠵᠢᠭᠯᠡᠨ ᠬᠤᠳᠠᠯᠳᠤᠬᠤ ᠠᠵᠢᠯ ᠲᠥᠷᠥᠯ ᠤᠨ ᠡᠯᠧᠺᠲᠷᠣᠨ | ᠬᠤᠳᠠᠯᠳᠤᠭ᠎ᠠ ᠶᠢ ᠳᠡᠮᠵᠢᠵᠦ᠂ ︽ᠢᠨᠲ᠋ᠧᠷ ᠰᠦᠯᠵᠢᠶ᠎ᠡ +︾ ᠲᠠᠷᠢᠶᠠᠯᠠᠩ ᠤᠨ ᠪᠦᠲᠦᠭᠡᠭᠳᠡᠬᠦᠨ ᠢ ᠲᠣᠰᠬᠤᠨ ᠠᠴᠠ | ᠭᠠᠷᠭᠠᠵᠤ ᠬᠤᠲᠠ ᠣᠷᠣᠭᠤᠯᠬᠤ ᠢᠨᠵᠧᠨᠧᠷᠢᠩ ᠢ ᠬᠡᠷᠡᠭᠵᠢᠭᠦᠯᠦᠨ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ | ᠳᠠᠭᠠᠭᠤᠯᠬᠤ ᠵᠡᠷᠭᠡ ᠰᠢᠨ᠎ᠡ ᠵᠠᠭᠪᠤᠷ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠵᠣᠷᠢᠭᠵᠢᠭᠤᠯᠤᠨ᠎ᠠ᠃ | ︽ᠭᠤᠷᠪᠠᠨ ᠶᠡᠭᠡ ᠰᠠᠭᠤᠷᠢᠨ ᠭᠠᠵᠠᠷ︾ ᠤᠨ ᠬᠡᠪᠴᠢᠶᠡᠵᠢᠭᠰᠡᠨ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ | ᠃ ᠦᠷ᠎ᠡ ᠶᠢᠨ ᠦᠢᠯᠡᠰ ᠤᠨ ᠰᠢᠨᠡᠴᠢᠯᠡᠯᠲᠡ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠰᠢ ᠰᠧᠨ ᠲᠥᠮᠥᠰᠥ ᠶᠢᠨ | ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠤᠤᠯ ᠤᠨ ᠦᠷ᠎ᠡ ᠶᠢᠨ ᠦᠢᠯᠡᠳᠪᠦᠷᠢᠯᠡᠯ ᠤᠨ ᠲᠣᠣᠷ ᠲᠠᠰᠤᠭ᠂ ᠤᠭ ᠦᠷ᠎ᠡ ᠶᠢᠨ ᠦᠷᠡᠵᠢᠭᠦᠯᠦᠨ | ᠪᠤᠶᠢᠵᠢᠭᠤᠯᠬᠤ ᠰᠠᠭᠤᠷᠢᠨ ᠭᠠᠵᠠᠷ᠂ ᠨᠢᠭᠡᠳᠦᠭᠡᠷ ᠳᠡᠰ ᠤᠨ ᠦᠷ᠎ᠡ ᠶᠢᠨ ᠲᠥᠮᠥᠰᠥ ᠶᠢᠨ ᠥᠷᠭᠡᠳᠬᠡᠨ ᠦᠷᠡᠵᠢᠭᠦᠯᠬᠦ | ᠰᠠᠭᠤᠷᠢᠨ ᠭᠠᠵᠠᠷ ᠢ ᠥᠷᠭᠡᠳᠬᠡᠨ ᠪᠠᠶᠢᠭᠤᠯᠬᠤ ᠶᠢ ᠲᠦᠷᠭᠡᠳᠬᠡᠨ᠎ᠡ᠃ 1 ᠲᠦᠮᠡᠨ ᠲᠣᠨ ᠨᠥᠭᠡᠴᠡ ᠲᠠᠢ ᠣᠶᠤᠨᠴᠢ | ᠬᠥᠮᠥᠷᠭᠡ 4 ᠶᠢ ᠪᠠᠶᠢᠭᠤᠯᠤᠨ᠎ᠠ᠃ ᠦᠷ᠎ᠡ ᠶᠢᠨ ᠲᠥᠮᠥᠰᠥ ᠶᠢᠨ ᠶᠠᠰᠤ ᠴᠢᠨᠠᠷ ᠢ ᠬᠢᠨᠠᠨ ᠡᠵᠡᠮᠳᠡᠬᠦ ᠲᠥᠪ ᠪᠠ | ᠪᠦᠲᠦᠭᠡᠭᠳᠡᠬᠦᠨ ᠤ ᠶᠠᠰᠤ ᠴᠢᠨᠠᠷ ᠢ ᠮᠥᠷᠳᠡᠨ ᠤᠬᠤᠴᠢᠯᠠᠬᠤ ᠲᠠᠪᠴᠠᠩ ᠣᠨ ᠪᠠᠶᠢᠭᠤᠯᠤᠯᠲᠠ ᠶᠢ ᠠᠬᠢᠭᠤᠯᠤᠨ᠎ᠠ᠃ | ᠦᠢᠯᠡᠳᠬᠦᠨ ᠢ ᠰᠤᠳᠤᠯᠤᠨ ᠨᠡᠭᠡᠭᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠨᠡᠮᠡᠭᠳᠡᠭᠦᠯᠵᠦ | ᠂ 3 ᠰᠢᠨ᠎ᠡ ᠲᠥᠷᠥᠯ ᠵᠦᠢᠯ ᠢ ᠭᠡᠷᠡᠴᠢᠯᠡᠬᠦ ᠪᠠᠷ ᠴᠢᠷᠮᠠᠶᠢᠵᠤ᠂ 8 ᠰᠢᠨ᠎ᠡ ᠲᠥᠷᠥᠯ ᠵᠦᠢᠯ ᠢ ᠰᠢᠭᠰᠢᠨ ᠳᠡᠯᠭᠡᠷᠡᠭᠦᠯᠵᠦ | ᠂ ᠤᠯᠤᠰ ᠤᠨ ᠣᠷᠣᠨ ᠪᠦᠰᠡ ᠶᠢᠨ ᠴᠢᠨᠠᠷᠲᠠᠶ ᠲᠥᠮᠥᠰᠥ ᠶᠢᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ︵ | ᠳᠡᠯᠭᠡᠨ ᠦᠵᠡᠭᠦᠯᠵᠦ ᠠᠷᠠᠯᠵᠢᠶᠠᠯᠠᠬᠤ︶ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃ ᠺᠠᠩ ᠠᠨ ᠯᠢ ᠶᠢᠨ | ᠡᠯᠪᠡᠭ ᠰᠣᠷᠭᠤᠭ ᠰᠣᠷᠭᠤᠭ ᠢᠳᠡᠭᠡᠨ ᠬᠡᠷᠴᠢᠬᠦ ᠲᠥᠪ ᠤᠨ ᠪᠥᠬᠦ ᠲᠠᠯ᠎ᠠ ᠪᠠᠷ ᠦᠶ᠋ᠯᠡᠳᠪᠦᠷᠢᠯᠡᠯ ᠳᠤ ᠣᠷᠣᠵᠤ ᠦᠷ᠎ᠡ | ᠪᠦᠲᠦᠮᠵᠢ ᠤᠯᠬᠤ ᠶᠢ ᠠᠬᠢᠭᠤᠯᠵᠤ᠂ ᠵᠢᠶᠠᠨ ᠺᠦᠨ ᠷᠦᠨ ᠲᠥᠮᠥᠰᠥ ᠶᠢᠨ ᠦᠢᠯᠡᠳᠪᠦᠷᠢᠯᠡᠯ ᠢᠶᠠᠨ ᠥᠷᠭᠡᠳᠬᠡᠨ | ᠴᠢᠳᠠᠪᠤᠷᠢ ᠪᠠᠨ ᠥᠷᠭᠡᠳᠬᠡᠬᠦ ᠶᠢ ᠳᠡᠮᠵᠢᠵᠦ᠂ ᠵᠢᠯ ᠳᠤ ᠪᠡᠭᠡᠵᠢᠩ ᠳᠤ ᠣᠷᠣᠭᠤᠯᠬᠤ 7 ᠲᠦᠮᠡᠨ ᠲᠣᠨ ᠤ | ᠪᠣᠯᠪᠠᠰᠤᠷᠠᠭᠤᠯᠤᠭᠰᠠᠨ ᠢᠳᠡᠰᠢᠨ ᠨᠣᠭᠤᠭ᠎ᠠ ᠶᠢᠨ ᠴᠢᠳᠠᠪᠤᠷᠢ ᠶᠢ ᠴᠢᠷᠮᠠᠶᠢᠨ ᠪᠦᠷᠢᠯᠳᠦᠭᠦᠯᠦᠨ᠎ᠡ᠃ ᠭᠠᠨᠰᠦ ᠶᠢᠨ | ᠯᠠᠨᠲ᠋ᠢᠶᠠᠨ ᠪᠦᠯᠦᠭᠯᠡᠯ ᠤᠨ ᠵᠢᠯ ᠳᠤ 20 ᠲᠦᠮᠡᠨ ᠲᠣᠨ ᠲᠥᠮᠥᠰᠥ ᠶᠢᠨ ᠴᠠᠷᠳᠠᠭᠤᠯ ᠦᠢᠯᠡᠳᠪᠦᠷᠢᠯᠡᠬᠦ᠂ ᠵᠢᠯ ᠳᠤ 1 | ᠲᠦᠮᠡᠨ ᠲᠣᠨ ᠢᠳᠡᠭᠡᠨ ᠤ ᠲᠠᠰ ᠤᠨ ᠲᠥᠮᠥᠰᠥ ᠶᠢᠨ ᠤᠭᠤᠷᠠᠭ ᠤᠨ ᠨᠤᠨᠲᠠᠭ ᠬᠤᠷᠢᠶᠠᠨ ᠠᠪᠬᠤ ᠶᠢ ᠬᠦᠴᠦᠯᠡᠨ | ᠠᠬᠢᠭᠤᠯᠤᠨ᠎ᠠ᠃ ︽ᠵᠢᠤᠢ ᠬᠤᠩ ᠲᠥᠮᠥᠰᠥ ᠶᠢᠨ ᠣᠨᠴᠠᠯᠢᠭᠲᠤ ᠵᠢᠵᠢᠭ ᠪᠠᠯᠭᠠᠰᠤ︾ ᠶᠢᠨ ᠲᠠᠪᠴᠠᠩ ᠢ ᠠᠰᠢᠭᠯᠠ᠂ | ᠱᠠᠩᠳᠤ ᠰᠢᠶᠠᠨ ᠤ ᠲᠥᠮᠥᠰᠥ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠯᠠᠨ ᠸᠧᠶ ᠰᠧᠳᠦᠨ᠂ | ᠳ᠋ᠧ ᠢ ᠵᠡᠷᠭᠡ ᠲᠥᠮᠥᠰᠥ ᠡᠳ᠋ᠰᠢᠭᠦᠯᠬᠦ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶᠡᠰᠦ ᠶᠢ ᠦᠷᠭᠦᠯᠵᠢᠯᠡᠨ | ᠤᠷᠲᠤᠳᠬᠠᠨ᠎ᠠ᠃ ︽ᠢᠳᠡᠭᠡᠨ ᠤ ᠠᠮᠤᠷ ᠲᠦᠪᠰᠢᠨ ᠴᠠᠬᠠᠷ︾ ᠬᠥᠳᠡᠭᠡ ᠲᠣᠰᠬᠤᠨ ᠤ ᠶᠡᠷᠦᠩᠬᠡᠶᠢᠯᠡᠭᠰᠡᠨ | ᠴᠣᠭᠴᠠ ᠶᠢᠨ ᠲᠥᠷᠥᠯ ᠵᠦᠢᠯ ᠢ ᠪᠠᠶᠢᠭᠤᠯᠵᠤ᠂ ᠨᠡᠶᠢᠰᠯᠡᠯ ᠤᠨ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ | ᠪᠠᠲᠤᠯᠠᠬᠤ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃ ᠰᠢᠨᠵᠢᠶᠠᠩ ᠤᠨ ᠶᠢᠨ ᠹᠧᠩ ᠵᠢᠯ ᠳᠤ 200 ᠰᠠᠤᠷᠢ | ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠮᠧᠬᠠᠨᠢᠭ ᠤᠨ ᠲᠥᠷᠥᠯ ᠵᠦᠢᠯ᠂ ᠯᠦᠸᠧ ᠶᠠᠩ ᠤᠨ ᠱᠤᠸᠠᠩ | ᠷᠦᠢ ᠵᠢᠯ ᠳᠤ 400 ᠢᠵᠢ ᠰᠠᠯᠬᠢᠨ ᠬᠦᠴᠦᠨ ᠤ ᠴᠠᠬᠢᠯᠭᠠᠨ ᠭᠠᠷᠭᠠᠬᠤ ᠨᠠᠪᠴᠢ ᠦᠢᠯᠡᠳᠬᠦ ᠲᠥᠷᠥᠯ ᠵᠦᠢᠯ ᠵᠢᠴᠢ | ᠴᠢᠩᠳᠣᠤ ᠶᠢᠨ ᠲᠢᠶᠠᠨ ᠨᠧᠩ ᠵᠢᠯ ᠳᠤ 3000 ᠢᠵᠢ ᠰᠠᠯᠬᠢᠨ ᠬᠦᠴᠦᠨ ᠤ ᠴᠠᠬᠢᠯᠭᠠᠨ ᠭᠠᠷᠭᠠᠬᠤ ᠵᠠᠩᠭᠤᠤ 500 | ᠢᠵᠢ ᠰᠠᠯᠬᠢᠨ ᠬᠦᠴᠦᠨ ᠤ ᠴᠠᠬᠢᠯᠭᠠᠨ ᠤ ᠰᠤᠪᠤᠷᠭᠠᠨ ᠲᠦᠩᠰᠠ ᠶᠢᠨ ᠲᠥᠷᠥᠯ ᠵᠦᠢᠯ ᠢ ᠪᠠᠶᠢᠭᠤᠯᠵᠤ | ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠤᠨ᠎ᠠ᠃ ᠲᠢᠶᠠᠨ ᠱᠦᠨ ᠤ ᠬᠤᠶᠠᠳᠤᠭᠠᠷ ᠬᠤᠭᠤᠴᠠᠭᠠᠨ ᠤ | ᠵᠢᠯ ᠳᠤ 500 ᠢᠵᠢ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠥᠯ ᠵᠦᠢᠯ᠂ ᠵᠢᠶᠠᠩᠰᠦ ᠶᠢᠨ ᠬᠤᠸᠠ | ᠨᠠ ᠶᠢᠨ ᠵᠢᠯ ᠳᠤ 1000 ᠢᠵᠢ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ | ᠪᠦᠷᠬᠦᠭᠦᠯ᠂ ᠭᠦᠶᠦᠳᠡᠯ ᠵᠠᠯᠠᠬᠤ ᠪᠦᠷᠬᠦᠭᠦᠯ ᠦᠢᠯᠡᠳᠪᠦᠷᠢᠯᠡᠬᠦ ᠲᠦᠷᠥᠯ ᠵᠦᠢᠯ ᠢ ᠠᠵᠢᠯ ᠡᠬᠢᠯᠡᠭᠦᠯᠬᠦ ᠪᠠᠷ ᠴᠢᠷᠮᠠᠶᠢᠨ᠎ᠠ | ᠃ ᠰᠠᠯᠬᠢᠨ ᠬᠦᠴᠦᠨ ᠤ ᠴᠠᠬᠢᠯᠭᠠᠨ ᠤ ᠭᠤᠤᠯ ᠮᠠᠰᠢᠨ᠂ ᠰᠤᠪᠤᠷᠭᠠᠨ ᠲᠦᠩᠰᠡ᠂ ᠳᠡᠯᠪᠢ᠂ ᠨᠢᠰᠬᠡᠯ ᠤᠨ | ᠥᠷᠥᠭᠡ ᠶᠢᠨ ᠪᠦᠷᠬᠦᠭᠦᠯ ᠵᠡᠷᠭᠡ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠪᠥᠬᠦ | ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ᠤᠯᠠᠭᠠᠨᠴᠠᠪ ᠬᠤᠲᠠ ᠶᠢᠨ ᠰᠠᠯᠬᠢᠨ ᠬᠦᠴᠦᠨ ᠤ | ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃ | | | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠭᠤᠣᠯᠳᠠᠯᠭ᠎ᠠ ᠪᠣᠯᠭᠠᠵᠤ᠂ ᠬᠤᠲᠠ | ᠬᠥᠳᠡᠭᠡ ᠶᠢᠨ ᠬᠠᠷᠢᠯᠴᠠᠨ ᠬᠥᠳᠡᠯᠦᠯᠴᠡᠬᠦ᠂ ᠵᠣᠬᠢᠴᠠᠩᠭᠤᠢ ᠪᠠᠷ ᠬᠥᠭᠵᠢᠬᠦ ᠶᠢ ᠴᠢᠷᠮᠠᠶᠢᠨ ᠪᠡᠶᠡᠯᠡᠭᠦᠯᠦᠨ᠎ᠡ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ | ᠠᠬᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠨ᠎ᠡ᠃ ︽ᠬᠤᠨᠢ ᠶᠢ ᠴᠥᠭᠡᠳᠬᠡᠨ᠂ ᠦᠬᠡᠷ ᠢ ᠨᠡᠮᠡᠭᠳᠡᠭᠦᠯᠵᠦ᠂ ᠭᠠᠭ᠋ᠠᠢ ᠶᠢ ᠬᠢᠵᠠᠭᠠᠷᠯᠠᠬᠤ︾ ᠵᠠᠷᠴᠢᠮ | ᠶᠣᠰᠣᠭᠠᠷ᠂ ᠳᠤᠮᠳᠠ ᠣᠷᠣᠨ ᠤ ᠰᠦ ᠶᠢᠨ ᠦᠢᠯᠡᠰ ᠤᠨ ᠨᠢᠭᠡᠳᠦᠭᠡᠷ ᠬᠤᠭᠤᠴᠠᠭᠠᠨ ᠤ ᠥᠷᠭᠡᠳᠬᠡᠨ ᠪᠠᠶᠢᠭᠤᠯᠬᠤ ᠶᠢ | ᠠᠬᠢᠭᠤᠯᠵᠤ᠂ ᠬᠤᠶᠠᠳᠤᠭᠠᠷ ᠬᠤᠭᠤᠴᠠᠭᠠᠨ ᠤ ᠲᠦᠮᠡᠨ ᠰᠠᠭᠠᠯᠢ ᠶᠢᠨ ᠦᠨᠢᠶᠡᠨ ᠤ ᠲᠠᠯᠠᠪᠠᠢ ᠶᠢᠨ ᠦᠬᠡᠷ ᠤᠨ | ᠬᠠᠰᠢᠶ᠎ᠠ ᠰᠠᠷᠠᠪᠴᠢ ᠶᠢᠨ ᠲᠥᠷᠥᠯ ᠵᠦᠢᠯ ᠪᠠ ᠵᠢᠶᠠ ᠯᠢ ᠶᠢᠨ ᠯᠢᠦ ᠲᠠᠢ ᠲᠠᠨ ᠠᠯᠠᠰᠢᠨ ᠦᠬᠡᠷ ᠲᠡᠵᠢᠭᠡᠨ | ᠦᠷᠡᠵᠢᠭᠦᠯᠬᠦ ᠲᠥᠬᠦᠷᠵᠢᠭᠦᠯᠬᠦ ᠪᠡᠯᠡᠳᠬᠡᠮᠵᠢ ᠶᠢᠨ ᠲᠥᠷᠥᠯ ᠵᠦᠢᠯ᠂ ᠮᠧᠩ ᠳ᠋ᠧ ᠶᠤᠸᠠᠨ 10 ᠲᠦᠮᠡᠨ ᠠᠯᠠᠰᠢᠨ | ᠬᠤᠨᠢ ᠨᠢᠲᠤᠯᠬᠤ ᠵᠢᠴᠢ ᠨᠠᠷᠢᠯᠢᠭ ᠡᠳ᠋ᠰᠢᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ | ᠵᠢᠯ ᠳᠤ 2000 ᠲᠣᠨ ᠳᠡᠭᠡᠳᠦ ᠲᠡᠰ ᠤᠨ ᠦᠬᠡᠷ ᠤᠨ ᠮᠢᠬ᠎ᠠ᠂ 3500 ᠲᠣᠨ ᠬᠤᠨᠢᠨ ᠤ ᠮᠢᠬ᠎ᠠ᠂ 11 ᠲᠦᠮᠡᠨ | ᠲᠣᠨ ᠰᠢᠨ᠎ᠡ ᠰᠣᠷᠭᠤᠭ ᠰᠦ᠋ ᠶᠢᠨ ᠭᠠᠷᠤᠯᠲᠠ ᠲᠠᠢ ᠪᠣᠯᠭᠠᠵᠤ᠃ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ | ᠶᠠᠰᠤ ᠴᠢᠨᠠᠷ ᠤᠨ ᠠᠮᠤᠷ ᠲᠦᠪᠰᠢᠨ ᠰᠢᠶᠠᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠤᠯᠠᠮ ᠨᠢᠭᠡ | ᠠᠯᠬᠤᠮ ᠪᠠᠬᠢᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠲᠥᠷᠥᠯ ᠵᠦᠢᠯ ᠢ | ᠰᠢᠯᠢᠳᠡᠭᠵᠢᠭᠦᠯᠦᠨ ᠪᠤᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢ | ᠴᠣᠭᠴᠠᠯᠠᠬᠤ ᠪᠠ ᠪᠠᠷᠢᠮᠵᠢᠶᠠᠵᠢᠭᠤᠯᠤᠨᠦᠢᠯᠡᠳᠪᠦᠷᠢᠯᠡᠬᠦ ᠶᠢ ᠠᠬᠢᠭᠤᠯᠵᠤ᠂ ᠲᠠᠷᠢᠶᠠᠯᠠᠩ ᠤᠨ ᠪᠥᠬᠦ ᠠᠵᠤ | ᠦᠢᠯᠡᠰ ᠤᠨ ᠬᠡᠯᠬᠢᠶ᠎ᠡ ᠶᠢ ᠪᠣᠶ ᠪᠣᠯᠭᠠᠨ᠎ᠠ᠃ ᠨᠣᠬᠠᠶ ᠶᠢᠨ ᠬᠤᠰᠢᠭᠤ᠂ ᠢᠨᠳᠢᠶᠠᠨ ᠪᠤᠭᠤᠳᠠᠢ᠂ ᠰᠢᠯᠦᠬᠡᠢ ᠵᠡᠷᠭᠡ | ᠬᠠᠭᠤᠷᠠᠢ ᠪᠠᠷ ᠲᠠᠷᠢᠬᠤ ᠣᠷᠭᠠᠨᠢᠭ ᠬᠤᠯᠢᠮᠠᠭ ᠠᠮᠤ 20 ᠲᠦᠮᠡᠨ ᠮᠦ ᠪᠤᠷᠴᠠᠭ ᠲᠠᠷᠢᠬᠤ ᠶᠢ ᠳᠡᠯᠭᠡᠷᠡᠭᠦᠯᠵᠦ᠂ | ᠬᠠᠭᠤᠷᠠᠢ ᠪᠠᠷ ᠲᠠᠷᠢᠬᠤ ᠣᠷᠭᠠᠨᠢᠭ ᠪᠦᠲᠦᠭᠡᠭᠳᠡᠬᠦᠨ ᠤ ᠭᠡᠷᠡᠴᠢᠯᠡᠬᠦ ᠲᠠᠯᠠᠪᠠᠢ ᠶᠢ ᠥᠷᠭᠡᠳᠬᠡᠵᠦ᠂ ︽ᠴᠠᠭᠠᠨᠨᠠᠭᠤᠷ | ᠱᠠᠩᠳᠤ ᠰᠢᠶᠠᠨ +︾ ᠨᠡᠷᠡᠲᠦ ᠲᠡᠮᠳᠡᠭ ᠢ ᠭᠡᠷᠡᠴᠢᠯᠡᠬᠦ ᠠᠵᠢᠯ ᠢ ᠰᠠᠶᠢᠲᠤᠷ ᠬᠢᠨ᠎ᠡ᠃ ᠬᠥᠳᠡᠭᠡ ᠲᠣᠰᠬᠤᠨ ᠤ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ︽ᠬᠥᠳᠡᠭᠡ ᠲᠣᠰᠬᠤᠨ ᠤ | ᠳᠥᠷᠪᠡᠨ ᠰᠠᠶᠢᠨᠲᠠᠶ ᠵᠠᠮ︾ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ 20 ᠡᠷᠦᠬᠡ ᠠᠴᠠ | ᠳᠡᠭᠡᠭᠰᠢᠬᠢ ᠠᠶᠢᠯ ᠲᠣᠰᠬᠤᠨ ᠤ ᠬᠠᠲᠠᠭᠤᠷᠠᠭᠤᠯᠤᠭᠰᠠᠨ ᠵᠠᠮ ᠤᠨ ᠪᠥᠲᠥᠭᠡᠨ ᠪᠠᠶᠢᠭᠤᠯᠤᠯᠲᠠ ᠶᠢ ᠠᠯᠬᠤᠮ | ᠠᠯᠬᠤᠮ ᠢᠶᠠᠷ ᠥᠷᠨᠢᠭᠦᠯᠦᠨ᠂ ᠠᠶᠢᠯ ᠲᠣᠰᠬᠤᠨ ᠤ ᠵᠠᠰᠠᠮᠠᠯ ᠵᠠᠮ ᠢ 119 . 1 ᠺᠢᠯᠣᠮᠧᠲᠷ ᠰᠢᠨ᠎ᠡ ᠪᠠᠷ ᠪᠠᠶᠢᠭᠤᠯᠵᠤ | ᠂ ᠰᠢᠶᠠᠩ ᠪᠠᠯᠭᠠᠰᠤ ᠶᠢᠨ ᠳᠥᠷᠪᠡᠨ ᠱᠠᠲᠤᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠦᠶ᠋ᠯᠡᠴᠢᠯᠡᠭᠡᠨ ᠤ | ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠠᠬᠢᠭᠤᠯᠵᠤ᠂ 6568 ᠡᠷᠦᠬᠡ ᠶᠢᠨ ︽ᠡᠷᠦᠬᠡ ᠶᠢᠨ ᠵᠣᠷᠯᠣᠩ ᠢ | ᠥᠭᠡᠷᠡᠴᠢᠯᠡᠨ ᠰᠢᠨᠡᠳᠬᠡᠬᠦ︾ ᠶᠢ ᠬᠡᠷᠡᠭᠵᠢᠭᠦᠯᠵᠦ᠂ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠢ | ᠠᠩᠬ᠎ᠠ ᠠᠯᠬᠤᠮ ᠪᠠᠶᠢᠭᠤᠯᠤᠭᠰᠠᠨ ᠰᠠᠭᠤᠷᠢᠨ ᠳᠡᠭᠡᠷ᠎ᠡ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠡᠩᠨᠡᠭᠡᠨ ᠤ | ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠴᠠᠭᠠᠨᠨᠠᠭᠤᠷ ᠤᠨ ᠰᠠᠪᠠ ᠭᠠᠵᠠᠷ ᠤᠨ ᠵᠢᠵᠢᠭ ᠨᠠᠭᠤᠷ᠂ ᠠᠷᠪᠠᠨ | ᠨᠠᠢᠮᠠᠨ ᠴᠢᠩ᠂ ᠶᠡᠭᠡ ᠬᠠᠷ᠎ᠠ ᠡᠯᠡᠰᠦᠲᠦ 3 ᠰᠢᠶᠠᠩ ᠪᠠᠯᠭᠠᠰᠤᠨ ᠤ 83 ᠵᠠᠰᠠᠭ ᠵᠠᠬᠢᠷᠭᠠᠨ ᠤ ᠲᠣᠰᠬᠤᠨ ᠢ | ᠨᠢᠭᠡᠳᠦᠭᠡᠷ ᠲᠥᠷᠥᠯ ᠤᠨ ᠭᠠᠵᠠᠷ ᠣᠷᠣᠨ ᠤ ᠵᠠᠰᠠᠯᠲᠠ ᠶᠢᠨ ᠪᠠᠷᠢᠮᠵᠢᠶ᠎ᠠ ᠳᠤ ᠬᠦᠷᠭᠡᠬᠦ ᠪᠠᠷ ᠴᠢᠷᠮᠠᠶᠢᠨ᠎ᠠ᠃ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠶᠢ | ᠰᠢᠯᠢᠳᠡᠭᠵᠢᠭᠦᠯᠦᠨ᠎ᠡ᠃ ᠭᠠᠵᠠᠷ ᠰᠢᠷᠣᠶ ᠶᠢᠨ ᠬᠡᠷᠡᠭᠴᠡᠭᠡ ᠶᠢᠨ ᠬᠠᠮᠢᠶᠠᠷᠤᠯᠲᠠ ᠶᠢ ᠴᠢᠩᠳᠠᠯᠠᠵᠤ᠂ ᠦᠢᠯᠡᠳᠪᠦᠷᠢᠯᠡᠯ ᠤᠨ | ᠣᠷᠣᠨ ᠵᠠᠶ᠂ ᠠᠮᠢᠳᠤᠷᠠᠯ ᠤᠨ ᠣᠷᠣᠨ ᠵᠠᠶ ᠪᠠ ᠠᠮᠢ ᠠᠬᠤᠶ ᠶᠢᠨ ᠣᠷᠣᠨ ᠵᠠᠶ ᠶᠢ ᠰᠢᠯᠢᠳᠡᠭᠵᠢᠭᠦᠯᠦᠨ | ᠪᠠᠶᠢᠷᠢᠯᠠᠭᠤᠯᠬᠤ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠨ᠎ᠠ᠃ ᠲᠥᠯᠥᠪᠵᠢᠭᠦᠯᠭᠡ ᠶᠢ ᠤᠷᠢᠳ ᠢᠶᠠᠷ | ᠬᠡᠷᠡᠭᠵᠢᠭᠦᠯᠬᠦ ᠶᠢ ᠴᠢᠬᠤᠯᠠᠴᠢᠯᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ | ᠲᠥᠯᠥᠪᠵᠢᠭᠦᠯᠭᠡ᠂ ᠡᠵᠡᠮᠳᠡᠯ ᠤᠨ ᠲᠥᠯᠥᠪᠵᠢᠭᠦᠯᠭᠡ ᠵᠢᠴᠢ ᠲᠤᠰᠬᠠᠶ ᠲᠥᠯᠥᠪᠵᠢᠭᠦᠯᠭᠡ ᠶᠢ ᠴᠢᠨᠠᠷ ᠰᠠᠶᠢᠲᠠᠶ | ᠨᠠᠶᠢᠷᠠᠭᠤᠯᠤᠨ ᠵᠣᠬᠢᠶᠠᠵᠤ᠂ ᠭᠠᠵᠠᠷ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠬᠦ ᠴᠢᠭᠯᠡᠯ ᠢ ᠲᠣᠳᠣᠷᠬᠠᠶᠢᠯᠠᠨ᠂ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠤᠨ ᠳᠠᠯᠳᠠ ᠬᠦᠴᠦᠨ ᠢ ᠠᠭᠤᠳᠠᠯᠬᠤ ᠶᠢ ᠰᠠᠶᠢᠲᠤᠷ | ᠬᠢᠨ᠎ᠠ᠃ ᠲᠠᠷᠢᠶᠠᠨ ᠭᠠᠵᠠᠷ ᠤᠨ ︽ᠤᠯᠠᠭᠠᠨ ᠱᠤᠭᠤᠮ︾ ᠢ ᠴᠢᠩᠭ᠎ᠠ ᠰᠠᠬᠢᠵᠤ᠂ ᠭᠠᠵᠠᠷ ᠰᠢᠷᠣᠢ ᠶᠢᠨ ᠭᠤᠷᠪᠠᠨ | ᠲᠤᠬᠢᠷᠠᠭᠤᠯᠤᠯᠳᠠ ᠶᠢᠨ ᠦᠷ᠎ᠡ ᠪᠦᠲᠦᠭᠡᠯ ᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠠᠰᠢᠭᠯᠠᠵᠤ᠂ ᠲᠠᠷᠢᠶᠠᠨ | ᠭᠠᠵᠠᠷ ᠢ ᠬᠠᠮᠠᠭᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠬᠦᠨᠳᠦ ᠡᠭᠦᠷᠭᠡ ᠶᠢ ᠡᠷᠡᠰ ᠡᠭᠦᠷᠭᠡᠯᠡᠬᠦ ᠬᠡᠷᠡᠭᠲᠡᠢ᠃ ︽ᠲᠠᠷᠢᠶᠠᠨ ᠭᠠᠵᠠᠷ ᠤᠨ ᠠᠮᠤ ᠪᠤᠳᠠᠭᠠᠨ ᠤ | ᠤᠨᠠᠯᠲᠠ ᠶᠢ ᠪᠠᠲᠤᠯᠠᠵᠤ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ | ᠭᠦᠨᠵᠡᠭᠡᠶ ᠬᠡᠷᠡᠭᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ ᠠᠮᠤ ᠪᠤᠳᠠᠭᠠᠨ ᠤ ᠤᠨᠠᠯᠲᠠ ᠶᠢ 2 . 45 ᠳ᠋ᠦᠩᠰᠢᠭᠤᠷ ᠵᠢᠩ ᠳᠤ ᠲᠣᠭᠲᠠᠪᠤᠷᠢᠵᠢᠭᠤᠯᠬᠤ ᠶᠢ | ᠪᠠᠲᠤᠯᠠᠨ᠎ᠠ᠃ ︽ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠬᠤ︾ ᠶᠢ ᠴᠡᠭᠴᠡᠯᠡᠨ | ᠵᠠᠰᠠᠬᠤ ᠶᠢ ᠶᠡᠬᠡᠪᠡᠷ ᠥᠷᠨᠢᠭᠦᠯᠵᠦ᠂ ᠲᠠᠷᠢᠶᠠᠨ ᠭᠠᠵᠠᠷ ᠲᠤ ︽ᠠᠮᠤ ᠪᠤᠳᠠᠭᠠᠨ ᠤ ᠪᠤᠰᠤ ᠲᠠᠷᠢᠮᠠᠯ ᠲᠠᠷᠢᠬᠤ︾ ᠶᠢ | ᠡᠷᠡᠰ ᠬᠤᠷᠢᠭᠯᠠᠨ ᠵᠣᠭᠰᠣᠭᠠᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠰᠡᠷᠭᠡᠶᠢᠯᠡᠨ | ᠬᠤᠷᠢᠭᠯᠠᠨ᠎ᠠ᠃ ᠤᠯᠤᠰ ᠤᠨ ᠭᠠᠵᠠᠷ ᠰᠢᠷᠣᠶ ᠶᠢ ᠨᠣᠭᠤᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠠᠭᠤᠷᠬᠠᠶ ᠶᠢᠨ | ᠭᠠᠵᠠᠷ ᠤᠨ ᠣᠷᠴᠢᠨ ᠲᠣᠭᠤᠷᠢᠨ ᠢ ᠵᠠᠰᠠᠬᠤ ᠪᠠ ᠰᠡᠷᠭᠦᠭᠡᠬᠦ ᠶᠢ ᠴᠢᠩᠭᠠᠳᠬᠠᠨ᠎ᠠ᠃ | ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ︽ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ | ᠰᠢᠨ᠎ᠡ ᠶᠢ ᠡᠭᠦᠳᠬᠦ ᠭᠤᠷᠪᠠᠨ ᠵᠢᠯ ᠤᠨ ᠠᠵᠢᠯᠯᠠᠭᠠᠨ︾ ᠢ ᠥᠷᠨᠢᠭᠦᠯᠵᠦ᠂ ᠵᠢᠵᠢᠭ ᠲᠣᠭᠤᠷᠢᠭ ᠤᠨ ᠠᠳᠠᠯ | ᠠᠬᠤᠢ ᠶᠢᠨ ᠪᠦᠷᠬᠦᠴᠡ ᠶᠢᠨ ᠨᠣᠷᠮ᠎ᠠ ᠶᠢᠨ 20 % ᠳᠤ ᠬᠦᠷᠦᠭᠦᠯᠬᠦ ᠪᠠᠷ ᠴᠢᠷᠮᠠᠶᠢᠨ᠎ᠠ᠃ ᠤᠯᠤᠰ ᠬᠢᠭᠡᠳ | ᠥᠪᠡᠷᠲᠡᠭᠡᠨ ᠵᠠᠰᠠᠬᠤ ᠣᠷᠣᠨ ᠤ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠬᠦ ᠶᠢ | ᠳᠡᠮᠵᠢᠬᠦ ᠬᠤᠯᠪᠣᠭᠳᠠᠯ ᠪᠦᠬᠦᠢ ᠰᠡᠭᠦᠯ ᠬᠤᠷᠢᠶᠠᠬᠤ ᠲᠥᠷᠥ ᠶᠢᠨ ᠪᠣᠳᠣᠯᠭ᠎ᠠ ᠪᠣᠯᠤᠨ ᠢᠵᠢ ᠪᠦᠷᠢᠳᠦᠭᠦᠯᠬᠦ ᠲᠥᠷᠥᠯ | ᠵᠦᠢᠯ ᠤᠨ ᠪᠡᠯᠡ ᠮᠥᠩᠭᠦ ᠶᠢ ᠢᠳᠡᠪᠬᠢᠯᠡᠨ ᠣᠯᠵᠤ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ | ᠲᠠᠲᠠᠪᠤᠷᠢᠯᠠᠬᠤ ᠬᠡᠪᠴᠢᠶ᠎ᠡ ᠶᠢ ᠥᠷᠭᠡᠳᠬᠡᠬᠦ ᠪᠠᠷ ᠴᠢᠷᠮᠠᠶᠢᠨ᠎ᠠ᠃ ᠵᠢᠦᠢ ᠬᠤᠩ ᠢᠦᠶ ᠵᠢᠩ ᠰᠠᠭᠤᠭᠠᠯᠢ ᠲᠣᠭᠤᠷᠢᠭ᠂ | ᠱᠧᠩ ᠶᠤᠸᠠᠨ ᠰᠠᠭᠤᠭᠠᠯᠢ ᠲᠣᠭᠤᠷᠢᠭ ᠤᠨ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ 5 | ᠬᠠᠭᠤᠴᠢᠨ ᠰᠠᠭᠤᠭᠠᠯᠢ ᠲᠣᠭᠤᠷᠢᠭ᠂ 143 ᠡᠷᠦᠬᠡ ᠶᠢ ᠥᠭᠡᠷᠡᠴᠢᠯᠡᠪᠡ᠃ᠡᠳᠦᠷ ᠲᠤ 1 ᠲᠦᠮᠡᠨ ᠪᠣᠰᠤᠭ᠎ᠠ | ᠳᠥᠷᠪᠡᠯᠵᠢᠨ ᠮᠧᠳ᠋ᠷ ᠤᠰᠤ ᠰᠢᠢᠳᠪᠦᠷᠢᠯᠡᠬᠦ ᠴᠢᠳᠠᠪᠤᠷᠢ ᠲᠠᠢ ᠴᠢ ᠲᠠᠢ ᠪᠠᠯᠭᠠᠰᠤᠨ ᠤ ᠤᠰᠤᠨ ᠤ ᠴᠢᠨᠠᠷ ᠢ | ᠳᠡᠭᠡᠭᠰᠢᠯᠡᠭᠦᠯᠬᠦ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠳᠠᠭᠤᠰᠬᠠᠵᠤ᠂ 12 ᠺᠢᠯᠣᠮᠧᠳ᠋ᠷ ᠤᠰᠤ ᠬᠠᠩᠭᠠᠬᠤ | ᠬᠤᠭᠤᠯᠠᠢ ᠤᠭᠰᠠᠷᠠᠨ᠂ ᠤᠰᠤᠨ ᠤ ᠴᠢᠨᠠᠷ ᠢ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠬᠦ ᠶᠢ ᠪᠠᠲᠤᠯᠠᠨ᠎ᠠ᠃ ᠢᠯᠴᠢ | ᠬᠠᠩᠭᠠᠬᠤ ᠬᠤᠭᠤᠯᠠᠢ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠵᠦ᠂ 4 . 8 ᠺᠢᠯᠣᠮᠧᠳ᠋ᠷ | ᠬᠤᠭᠤᠯᠠᠢ ᠶᠢ ᠰᠢᠨ᠎ᠡ ᠪᠠᠷ ᠪᠠᠶᠢᠭᠤᠯᠤᠨ᠎ᠠ᠃ ᠴᠢ ᠲᠠᠢ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ | ᠶᠢᠨ ᠬᠤᠶᠠᠳᠤᠭᠠᠷ ᠬᠤᠭᠤᠴᠠᠭᠠᠨ ᠤ ᠡᠳᠦᠷ ᠲᠤ 1 ᠲᠦᠮᠡᠨ ᠲᠣᠨ ᠪᠣᠬᠢᠷ ᠤᠰᠤ ᠰᠢᠢᠳᠪᠦᠷᠢᠯᠡᠬᠦ ᠲᠥᠷᠥᠯ ᠵᠦᠢᠯ ᠢ | ᠪᠡᠶᠡᠯᠡᠭᠦᠯᠦᠨ᠎ᠡ᠃ ᠵᠢᠯ ᠳᠤ 40 ᠲᠦᠮᠡᠨ ᠲᠣᠨ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ᠂ 20 ᠲᠦᠮᠡᠨ | ᠲᠣᠨ ᠳᠠᠬᠢᠯᠲᠠ ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠬᠦ ᠪᠠᠷᠢᠯᠭ᠎ᠠ ᠶᠢᠨ ᠬᠤᠭ ᠨᠣᠪᠰᠢ ᠶᠢ ᠶᠡᠷᠦᠩᠬᠡᠶᠢᠯᠡᠨ | ᠠᠰᠢᠭᠯᠠᠵᠤ ᠰᠢᠢᠳᠪᠦᠷᠢᠯᠡᠬᠦ ᠦᠢᠯᠡᠳᠪᠦᠷᠢ ᠪᠣᠯᠤᠨ 2000 ᠲᠣᠨ ᠪᠠᠷᠢᠯᠭ᠎ᠠ ᠶᠢᠨ ᠬᠤᠭ ᠨᠣᠪᠰᠢ ᠶᠢ ᠠᠷᠢᠯᠭᠠᠬᠤ | ᠲᠠᠯᠠᠪᠠᠶ ᠶᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ᠃ 9800 ᠲᠡᠭᠰᠢ ᠳᠥᠷᠪᠡᠯᠵᠢᠨ | ᠮᠧᠳ᠋ᠷ ᠵᠠᠮ ᠢ ᠬᠠᠲᠠᠭᠤᠵᠢᠭᠤᠯᠤᠨ᠂ 155 ᠰᠠᠭᠤᠷᠢ ᠵᠠᠮ ᠤᠨ ᠳ᠋ᠧᠩ ᠤᠭᠰᠠᠷᠠᠵᠤ᠂ ᠪᠡᠶ᠎ᠡ ᠴᠢᠭᠢᠷᠠᠭᠵᠢᠭᠤᠯᠬᠤ | ᠲᠥᠬᠦᠭᠡᠷᠦᠮᠵᠢ᠂ ᠲᠡᠷᠭᠡᠨ ᠵᠣᠭᠰᠣᠭᠠᠯ ᠢ ᠨᠥᠬᠦᠪᠥᠷᠢᠯᠡᠵᠦ᠂ ᠠᠯᠲᠠᠨ ᠬᠤᠰᠢᠭᠤᠯᠵᠢᠨ ᠣᠷᠣᠨ ᠤ ᠨᠡᠶᠢᠭᠡᠮ | ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠲᠥᠪ᠂ ᠯᠦ ᠸᠠᠩ ᠨᠡᠶᠢᠭᠡᠮ ᠲᠣᠭᠤᠷᠢᠭ ᠤᠨ ᠣᠯᠠᠨ ᠴᠢᠳᠠᠮᠵᠢᠲᠤ ᠪᠡᠶ᠎ᠡ | ᠴᠢᠭᠢᠷᠠᠭᠵᠢᠭᠤᠯᠬᠤ ᠣᠷᠳᠣᠨ ᠪᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠢ ᠠᠰᠢᠭᠯᠠᠯᠲᠠ ᠳᠤ | ᠣᠷᠣᠭᠤᠯᠬᠤ ᠪᠠᠷ ᠴᠢᠷᠮᠠᠶᠢᠵᠤ᠂ ᠬᠤᠲᠠ ᠶᠢᠨ ᠲᠣᠭᠤᠷᠢᠭ ᠤᠨ ᠲᠡᠷᠭᠡᠨ ᠵᠣᠭᠰᠣᠭᠠᠯ ᠪᠠ ᠰᠢᠨ᠎ᠡ ᠡᠨᠧᠷᠭᠢ ᠶᠢᠨ | ᠲᠡᠷᠭᠡᠨ ᠵᠣᠭᠰᠣᠭᠠᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠬᠠᠮᠢᠶᠠᠷᠤᠯᠲᠠ ᠶᠢᠨ | ᠲᠣᠣᠷᠵᠢᠭᠤᠯᠬᠤ᠂ ᠨᠠᠷᠢᠯᠢᠭᠵᠢᠭᠤᠯᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ︵ᠳᠥᠷᠪᠡ︶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠭᠤᠤᠯᠳᠠᠯᠭ᠎ᠠ ᠪᠣᠯᠭᠠᠵᠤ᠂ | ᠬᠦᠴᠦᠨ ᠵᠦᠢᠯ ᠢ ᠰᠢᠯᠢᠳᠡᠭᠵᠢᠭᠦᠯᠬᠦ᠂ ᠨᠡᠭᠡᠭᠡᠯᠲᠡ ᠬᠢᠵᠦ ᠬᠥᠭᠵᠢᠭᠦᠯᠬᠦ ᠶᠢ ᠴᠢᠷᠮᠠᠶᠢᠨ ᠪᠡᠶᠡᠯᠡᠭᠦᠯᠦᠨ᠎ᠡ᠃ | ᠨᠡᠭᠡᠭᠡᠯᠲᠡᠲᠡᠢ ᠪᠠᠭᠲᠠᠭᠠᠮᠵᠢᠲᠠᠢ ᠥᠨᠳᠥᠷ ᠪᠦᠲᠦᠮᠵᠢᠲᠡᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ | ᠪᠣᠯᠭᠠᠶ᠎ᠠ᠃ ᠮᠠᠨ ᠤ ᠰᠢᠶᠠᠨ ᠤ ᠣᠷᠣᠨ ᠪᠠᠶᠢᠷᠢ ᠵᠠᠮ ᠬᠠᠷᠢᠯᠴᠠᠭᠠᠨ ᠤ ᠡᠬᠢ ᠪᠠᠶᠠᠯᠢᠭ ᠵᠡᠷᠭᠡ ᠳᠠᠪᠠᠭᠤᠯᠢᠭ ᠢ ᠳᠠᠬᠢᠨ | ᠬᠢᠨᠠᠨ ᠦᠵᠡᠵᠦ᠂ ᠬᠤᠳᠠᠯᠳᠤᠭᠠᠴᠢᠨ ᠰᠠᠨᠠᠭ᠎ᠠ ᠠᠮᠤᠷ᠂ ᠨᠡᠭᠡᠭᠡᠯᠲᠡ ᠲᠠᠢ ᠪᠠᠭᠲᠠᠭᠠᠮᠵᠢᠲᠠᠶ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠪᠤᠢ ᠪᠣᠯᠭᠠᠬᠤ ᠪᠣᠯ ᠪᠠᠰᠠ ᠴᠤ ᠣᠷᠣᠨ ᠪᠦᠰᠡ ᠶᠢᠨ ᠥᠷᠢᠰᠥᠯᠳᠦᠬᠦ ᠬᠦᠴᠦᠨ ᠪᠠ | ᠬᠥᠭᠵᠢᠯᠲᠡ ᠶᠢᠨ ᠳᠠᠯᠳᠠ ᠬᠦᠴᠦᠨ ᠢ ᠳᠡᠭᠡᠭᠰᠢᠯᠡᠭᠦᠯᠬᠦ ᠣᠶᠢᠯᠠᠭᠠᠭᠳᠠᠬᠤᠨ ᠮᠥᠨ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ︽ᠭᠤᠣᠯᠳᠠᠯᠭ᠎ᠠ ᠣᠨ︾ ᠤ | ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠨᠥᠯᠥᠭᠡᠯᠡᠬᠦ ᠪᠠ ᠡᠪᠳᠡᠬᠦ ᠳᠤ ᠵᠠᠷᠯᠢᠭ ᠪᠠᠶᠢᠪᠠᠴᠤ ᠬᠡᠷᠡᠭᠵᠢᠭᠦᠯᠬᠦ ᠥᠬᠡᠶ᠂ ᠴᠠᠭᠠᠵᠠᠯᠠᠵᠤ ᠪᠠᠶᠢᠲᠠᠯ᠎ᠠ ᠵᠣᠭᠰᠣᠬᠤ ᠥᠬᠡᠶ | ᠂ ᠬᠠᠷᠢᠭᠤᠴᠠᠯᠭ᠎ᠠ ᠡᠭᠦᠷᠭᠡᠯᠡᠬᠦ ᠥᠬᠡᠶ᠂ ᠨᠠᠶᠢᠳᠠᠪᠤᠷᠢᠵᠢᠭᠤᠯᠤᠯᠲᠠ ᠶᠢ ᠠᠳᠬᠤᠬᠤ ᠥᠬᠡᠶ ᠵᠡᠷᠭᠡ ︽ᠠᠵᠢᠯ ᠥᠯᠥ | ᠬᠢᠬᠦ︾ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠪᠠᠷ ᠥᠷᠨᠢᠭᠦᠯᠵᠦ᠂ ᠨᠠᠶᠢᠳᠠᠪᠤᠷᠢᠵᠢᠭᠤᠯᠤᠯᠲᠠ ᠨᠢ ᠬᠦᠴᠦᠨ | ᠥᠬᠡᠶ᠂ ᠠᠬᠢᠭᠤᠯᠬᠤ ᠨᠢ ᠤᠳᠠᠭᠠᠨ᠂ ᠬᠠᠷᠢᠭᠤᠴᠠᠯᠭ᠎ᠠ ᠪᠠᠨ ᠲᠦᠯᠬᠢᠬᠦ᠂ ᠠᠯᠪᠠ ᠬᠠᠰᠢᠵᠤ ᠠᠮᠠ ᠪᠥᠭᠯᠡᠬᠦ ᠵᠡᠷᠭᠡ ︽ | ᠤᠳᠠᠭᠠᠨ ᠦᠢᠯᠡᠳᠬᠦ︾ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠡᠷᠬᠡ ᠪᠠᠨ ᠬᠠᠮᠠᠭᠠᠯᠠᠨ | ᠥᠪᠡᠷ ᠢ ᠪᠠᠨ ᠬᠦᠨᠳᠦᠳᠬᠡᠬᠦ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠬᠦ᠂ ᠬᠢᠨᠠᠯᠲᠠ ᠬᠠᠮᠢᠶᠠᠷᠤᠯᠲᠠ ᠨᠢ | ᠵᠣᠬᠢᠰ ᠥᠬᠡᠶ᠂ ᠬᠠᠤᠯᠢ ᠬᠡᠷᠡᠭᠵᠢᠭᠦᠯᠬᠦ ᠨᠢ ᠭᠤᠤᠯᠴᠢ ᠪᠤᠰᠤ ᠵᠡᠷᠭᠡ ᠳᠤᠷ᠎ᠠ ᠪᠠᠷ ᠢᠶᠠᠨ ᠥᠯᠥ ᠬᠥᠳᠡᠯᠬᠦ | ᠬᠥᠷᠥᠩᠭᠡ ᠶᠢᠨ ᠠᠷᠠᠯᠵᠢᠶᠠᠨ ᠤ ᠳᠠᠩᠰᠠᠯᠠᠯ ᠢ ᠰᠢᠯᠢᠳᠡᠭᠵᠢᠭᠦᠯᠬᠦ᠂ ᠪᠠᠷᠢᠯᠭ᠎ᠠ ᠪᠠᠷᠢᠬᠤ ᠵᠥᠪᠰᠢᠶᠡᠷᠡᠯ ᠤᠨ ᠭᠠᠷᠳᠠᠮ | ᠭᠦᠢᠴᠡᠳᠭᠡᠬᠦ᠂ ᠤᠰᠤ ᠴᠠᠬᠢᠯᠭᠠᠨ ᠳᠤᠯᠠᠭᠠᠯᠠᠭ᠎ᠠ ᠶᠢᠨ ᠲᠥᠬᠦᠮ ᠤᠨ ᠬᠡᠮᠵᠢᠶ᠎ᠡ ᠶᠢ ᠤᠯᠬᠤ ᠵᠡᠷᠭᠡ ᠠᠩᠬᠠᠷᠤᠯ | ᠲᠥᠪᠯᠡᠷᠡᠭᠰᠡᠨ ᠬᠦᠷᠢᠶᠡᠨ ᠳᠤ ᠦᠷᠭᠦᠯᠵᠢᠯᠡᠨ ᠬᠦᠴᠦᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠰᠢᠯᠢᠳᠡᠭᠵᠢᠭᠦᠯᠬᠦ᠂ ᠤᠯᠤᠰ ᠲᠥᠷᠥ ᠶᠢᠨ ᠠᠮᠢ ᠠᠬᠤᠶ ᠶᠢᠨ ᠪᠦᠬᠦᠯᠢ ᠴᠣᠭᠴᠠ ᠶᠢᠨ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠨ᠎ᠠ᠃ | ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠬᠦᠴᠦᠲᠡᠶ ᠠᠬᠢᠭᠤᠯᠤᠨ᠎ᠠ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠷᠬᠡ ᠬᠠᠷᠢᠭᠤᠴᠠᠯᠭ᠎ᠠ ᠶᠢᠨ | ᠨᠠᠷᠢᠨ ᠳᠠᠩᠰᠠ ᠪᠠ ᠪᠡᠯᠡ ᠣᠷᠣᠭᠤᠯᠤᠯᠲᠠ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠳᠤ ᠦᠢᠯᠡᠴᠢᠯᠡᠬᠦ ᠡᠯ᠎ᠡ ᠵᠦᠢᠯ ᠤᠨ ᠨᠢᠭᠤᠭᠳᠠᠮᠠᠯ | ᠣᠨᠳᠣᠣᠰᠢᠯ ᠤᠨ ᠢᠳᠡᠬᠦ ᠠᠪᠬᠤ ᠭᠠᠴᠢᠬᠤ ᠨᠡᠬᠡᠬᠦ ᠪᠠ ᠰᠤᠷᠲᠠᠯ ᠤᠨ ᠠᠰᠠᠭᠤᠳᠠᠯ ᠢ ᠡᠷᠡᠰ ᠵᠠᠯᠬᠠᠭᠠᠨ ᠰᠢᠢᠳᠬᠡᠵᠦ᠂ | ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠡᠯ᠎ᠡ ᠵᠦᠢᠯ ᠤᠨ ︽ᠬᠠᠷᠰᠢ ᠰᠠᠭᠠᠳ︾ ᠢ ᠡᠷᠡᠰ | ᠴᠡᠪᠡᠷᠯᠡᠨ ᠠᠷᠢᠯᠭᠠᠵᠤ᠂ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠡᠪᠡᠷᠰᠢᠶᠡᠯ᠂ ᠲᠦᠭᠵᠢᠷᠡᠯ᠂ | ᠬᠦᠴᠢᠷᠳᠡᠯ ᠢ ᠦᠨᠡᠨ ᠬᠦ ᠰᠢᠢᠳᠪᠦᠷᠢᠯᠡᠨ᠎ᠡ᠃ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ | ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠠᠨ | ᠲᠠᠯ᠎ᠠ ᠠᠴᠠ ᠬᠠᠤᠯᠢ ᠬᠡᠷᠡᠭᠵᠢᠭᠦᠯᠬᠦ᠂ ᠳᠠᠪᠬᠤᠷᠳᠠᠭᠤᠯᠤᠨ ᠪᠠᠶᠢᠴᠠᠭᠠᠬᠤ ᠵᠡᠷᠭᠡ ᠦᠢᠯᠡ ᠠᠵᠢᠯᠯᠠᠭ᠎ᠠ ᠠᠴᠠ | ᠵᠠᠶᠢᠯᠠᠰᠬᠢᠨ᠎ᠡ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠦᠷᠨᠢᠭᠦᠯᠦᠨ᠎ᠡ᠃ | ᠠᠷᠠᠯᠵᠢᠶᠠᠴᠢᠨ ᠤᠷᠢᠵᠤ ᠪᠡᠯᠡ ᠲᠠᠲᠠᠬᠤ ᠲᠠᠪᠴᠠᠩ ᠢ ᠰᠠᠢᠲᠤᠷ ᠪᠠᠶᠢᠭᠤᠯᠵᠤ᠂ ᠴᠠᠩ ᠱᠧᠩ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠢᠯᠴᠢ ᠬᠠᠩᠭᠠᠬᠤ᠂ ᠤᠰᠤ ᠬᠠᠩᠭᠠᠵᠤ ᠭᠠᠳᠠᠭᠰᠢᠯᠠᠭᠤᠯᠬᠤ᠂ ᠪᠣᠬᠢᠷ ᠤᠰᠤ | ᠰᠢᠢᠳᠪᠦᠷᠢᠯᠡᠬᠦ ᠵᠢᠴᠢ ᠴᠠᠬᠢᠯᠭᠠᠨ ᠴᠢᠮᠡᠭᠡ ᠬᠤᠯᠪᠣᠭᠠᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠢᠭᠤᠯᠤᠯᠲᠠ ᠶᠢ | ᠰᠠᠢᠲᠤᠷ ᠰᠠᠢᠵᠢᠷᠠᠭᠤᠯᠵᠤ᠂ ᠬᠠᠭᠤᠴᠢᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠳᠡᠰ | ᠳᠡᠪᠰᠢᠭᠦᠯᠦᠨ ᠥᠭᠡᠷᠡᠴᠢᠯᠡᠬᠦ ᠬᠦᠴᠦᠯᠡᠴᠡ ᠶᠢ ᠨᠡᠮᠡᠭᠳᠡᠭᠦᠯᠦᠨ᠎ᠡ᠃ 220 ᠺᠢᠯᠣᠸᠠᠲ ᠤᠨ ᠴᠠᠬᠢᠯᠭᠠᠨ ᠬᠤᠪᠢᠰᠬᠠᠬᠤ | ᠥᠷᠲᠡᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠭᠤᠷᠪᠠᠨ ᠶᠡᠭᠡ ᠴᠢᠩ ᠠᠵᠤ | ᠦᠢᠯᠡᠰ ᠤᠨ ᠬᠦᠷᠢᠶᠡᠯᠡᠩ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠥᠷᠥᠯ ᠵᠦᠢᠯ ᠢ | ᠬᠡᠷᠡᠭᠵᠢᠭᠦᠯᠬᠦ ᠪᠠᠷ ᠴᠢᠷᠮᠠᠶᠢᠨ᠎ᠠ᠃ ᠬᠦᠷᠢᠶᠡᠯᠡᠩ ᠲᠣᠭᠤᠷᠢᠭ ᠤᠨ ᠨᠡᠶᠢᠲᠡ ᠶᠢᠨ ᠮᠠᠰᠢᠨ ᠲᠡᠷᠭᠡ ᠪᠠ ᠬᠦᠷᠢᠶᠡᠯᠡᠩ | ᠲᠣᠭᠤᠷᠢᠭ ᠤᠨ ᠣᠨᠴᠠ ᠵᠠᠷᠢᠮ ᠣᠷᠣᠨ ᠪᠦᠰᠡ ᠶᠢᠨ ᠴᠢᠮᠡᠭᠡ ᠬᠤᠯᠪᠣᠭᠠᠨ ᠤ ᠳᠣᠬᠢᠶ᠎ᠠ ᠪᠠᠭᠤᠷᠠᠶ ᠪᠠᠶᠢᠬᠤ ᠵᠡᠷᠭᠡ | ᠠᠰᠠᠭᠤᠳᠠᠯ ᠢ ᠰᠢᠢᠳᠪᠦᠷᠢᠯᠡᠨ᠎ᠡ᠃ ᠰᠢᠨ᠎ᠡ ᠨᠢᠭᠡᠨ ᠡᠭᠡᠯᠵᠢ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠦᠷᠭᠡᠬᠡᠨ ᠨᠡᠶᠢᠲᠡᠯᠡᠵᠦ᠂ ᠲᠥᠪ ᠤᠨ ᠭᠠᠶᠢᠯᠢ ᠬᠥᠩᠭᠡᠯᠡᠵᠦ | ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠠᠷᠠᠳ ᠠᠴᠠ ᠡᠵᠡᠩᠨᠡᠭᠰᠡᠨ ᠪᠠ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠵᠤ ᠰᠣᠯᠢᠯᠴᠠᠬᠤ ᠲᠠᠪᠴᠠᠩ ᠢ | ᠢᠳᠡᠪᠬᠢᠲᠡᠶ ᠪᠠᠶᠢᠭᠤᠯᠵᠤ᠂ ︽ᠳᠠᠭᠠᠭᠠᠯᠲᠠ ᠳᠤ ᠲᠤᠰᠠᠯᠠᠬᠤ ᠵᠢᠭᠡᠯᠡᠯᠭᠡ︾ ᠶᠢᠨ ᠬᠠᠮᠤᠷᠬᠤ ᠨᠣᠷᠮ᠎ᠠ ᠶᠢ ᠠᠬᠢᠭᠤᠯᠤᠨ᠂ | ᠠᠵᠤ ᠠᠬᠤᠶᠢᠯᠠᠯ ᠤᠨ ᠪᠠᠯᠠ ᠳᠣᠭᠢᠷᠠᠭᠤᠯᠬᠤ᠂ ᠴᠠᠬᠢᠯᠭᠠᠨ ᠬᠡᠷᠡᠭᠯᠡᠬᠦ᠂ ᠠᠵᠢᠯᠴᠢᠨ ᠬᠡᠷᠡᠭᠯᠡᠬᠦ ᠵᠢᠴᠢ ᠪᠠᠷᠠᠭᠠᠨ ᠤ | ᠭᠦᠶ᠋ᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ︽ᠪᠦᠬᠦ ᠠᠵᠢᠯᠲᠠᠨ ᠬᠤᠳᠠᠯᠳᠤᠭᠠᠴᠢᠨ ᠤᠷᠢᠬᠤ ᠣᠨ︾ | ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ | ᠲᠠᠷᠬᠠᠭᠠᠨ ᠵᠣᠬᠢᠴᠠᠭᠤᠯᠬᠤ ᠴᠢᠬᠤᠯᠠ ᠠᠵᠠ ᠲᠣᠬᠢᠶᠠᠯ ᠢ ᠵᠠᠪᠳᠤᠨ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠶᠢ ︽ᠨᠢᠭᠡᠳᠦᠭᠡᠷ ᠭᠠᠷ ᠤᠨ ᠢᠨᠵᠧᠨᠧᠷᠢᠩ︾ ᠪᠣᠯᠭᠠᠬᠤ ᠶᠢ ᠪᠠᠷᠢᠮᠲᠠᠯᠠᠵᠤ᠂ ᠰᠢᠶᠠᠨ ᠤ ᠱᠠᠲᠤᠨ ᠤ | ᠤᠳᠤᠷᠢᠳᠤᠯᠭ᠎ᠠ ᠭᠤᠣᠯᠳᠠᠯᠭ᠎ᠠ ᠲᠠᠢ ᠲᠥᠷᠥᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ | ᠳᠦᠷᠢᠮ ᠢ ᠨᠠᠶᠢᠳᠠᠪᠤᠷᠢᠵᠢᠭᠤᠯᠵᠤ᠂ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠵᠢᠴᠢ ᠡᠯ᠎ᠡ | ᠰᠢᠶᠠᠩ ᠪᠠᠯᠭᠠᠰᠤᠨ ᠤ ᠡᠯ᠎ᠡ ᠰᠠᠯᠠᠭ᠎ᠠ ᠮᠥᠴᠢᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠡᠷᠢᠭᠦᠨ | ᠴᠢᠬᠤᠯᠠ ᠶᠠᠪᠤᠳᠠᠯ ᠪᠣᠯᠭᠠᠨ᠂ ᠰᠡᠳᠬᠢᠯ ᠳᠡᠭᠡᠨ ᠴᠡᠭᠡᠵᠢᠯᠡᠵᠦ᠂ ᠭᠠᠷ ᠲᠠᠭᠠᠨ ᠠᠳᠬᠤᠵᠤ᠂ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠭᠦᠨᠵᠡᠭᠡᠶ ᠤᠨᠰᠢᠭᠤᠯᠬᠤ᠂ ᠰᠠᠯᠬᠢᠨ ᠬᠦᠴᠦᠨ ᠤ ᠴᠠᠬᠢᠯᠭᠠᠨ ᠤ ᠲᠣᠨᠤᠭ | ᠲᠥᠬᠦᠭᠡᠷᠦᠮᠵᠢ ᠦᠢᠯᠡᠳᠬᠦ᠂ ᠰᠢᠨ᠎ᠡ ᠡᠨᠧᠷᠭᠢ ᠵᠢᠴᠢ ᠡᠨᠧᠷᠭᠢ ᠪᠠᠭ᠎ᠠ ᠬᠤᠷᠣᠭᠳᠠᠭᠤᠯᠬᠤ ᠠᠵᠤ ᠦᠢᠯᠡᠰ ᠢ | ᠭᠤᠣᠯᠳᠠᠯᠭ᠎ᠠ ᠲᠠᠢ ᠣᠷᠣᠭᠤᠯᠵᠤ ᠢᠷᠡᠬᠦ ᠬᠡᠷᠡᠭᠲᠡᠶ᠃ ᠪᠦᠬᠦ ᠵᠢᠯ ᠳᠤ ᠨᠠᠭᠠᠳᠤ ᠵᠠᠬ᠎ᠠ ᠳᠠᠭᠠᠨ 3000 ᠲᠦᠮᠡᠨ | ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ 16 ᠣᠷᠣᠭᠤᠯᠤᠨ ᠠᠪᠴᠢᠷᠠᠬᠤ ᠪᠠᠷ | ᠴᠢᠷᠮᠠᠶᠢᠨ᠎ᠠ᠃ | | ︵ᠲᠠᠪᠤ︶ ᠠᠷᠠᠳ ᠤᠨ ᠠᠮᠢᠳᠤᠷᠠᠯ ᠳᠤ ᠪᠤᠶᠠᠨ ᠬᠡᠰᠢᠭ ᠬᠦᠷᠲᠡᠭᠡᠬᠦ ᠪᠠᠷ ᠭᠤᠣᠯᠳᠠᠯᠭ᠎ᠠ ᠪᠣᠯᠭᠠᠵᠤ᠂ ᠥᠪᠡᠷ | ᠥᠪᠡᠷ ᠤᠨ ᠣᠷᠣᠨ ᠪᠠᠶᠢᠷᠢ ᠪᠠᠨ ᠣᠯᠵᠤ᠂ ᠬᠥᠭᠵᠢᠯᠲᠡ ᠶᠢ ᠬᠠᠮᠲᠤᠪᠠᠷ ᠡᠳ᠋ᠯᠡᠬᠦ ᠶᠢ ᠴᠢᠷᠮᠠᠶᠢᠨ ᠪᠡᠶᠡᠯᠡᠭᠦᠯᠦᠨ᠎ᠡ᠃ | ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ᠂ ᠦᠢᠯᠡᠰ | ᠪᠣᠰᠬᠠᠬᠤ ᠨᠥᠬᠦᠪᠥᠷᠢ ᠵᠡᠷᠭᠡ ᠦᠢᠯᠡᠰ ᠪᠣᠰᠬᠠᠬᠤ ᠶᠢ ᠲᠡᠳᠬᠦᠬᠦ ᠲᠥᠷᠦ ᠶᠢᠨ ᠪᠣᠳᠣᠯᠭ᠎ᠠ ᠶᠢ ᠨᠠᠢᠳᠠᠪᠤᠷᠢᠵᠢᠭᠤᠯᠬᠤ᠂ | ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ ᠨᠣᠷᠮ᠎ᠠ ᠶᠢᠨ 4 . 5 % ᠳᠣᠲᠣᠷ᠎ᠠ | ᠬᠢᠵᠠᠭᠠᠷᠯᠠᠬᠤ ᠶᠢ ᠪᠠᠲᠤᠯᠠᠨ᠎ᠠ᠃ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠤᠨ | ᠬᠡᠪᠴᠢᠶ᠎ᠡ ᠶᠢ ᠥᠷᠭᠡᠳᠬᠡᠨ ᠲᠠᠲᠠᠪᠤᠷᠢᠯᠠᠨ ᠲᠤᠰᠢᠶᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠦᠨᠳᠦᠰᠦᠨ | ᠨᠠᠰᠤᠵᠢᠯ ᠤᠨ ᠳᠠᠭᠠᠳᠬᠠᠯ᠂ ᠡᠮᠴᠢᠯᠡᠭᠡᠨ ᠤ ᠳᠠᠭᠠᠳᠬᠠᠯ ᠤᠨ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ | ᠲᠥᠯᠥᠪᠯᠡᠭᠡ ᠶᠢ ᠡᠮᠬᠢ ᠵᠢᠷᠤᠮ ᠲᠠᠢ ᠬᠡᠷᠡᠭᠵᠢᠭᠦᠯᠦᠨ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ | ᠮᠠᠶ᠋ᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠬᠤᠳᠠ ᠪᠠᠯᠭᠠᠰᠤᠨ ᠤ ᠨᠡᠶᠢᠭᠡᠮ ᠲᠣᠭᠤᠷᠢᠭ ᠤᠨ ᠨᠠᠰᠤᠲᠠᠨ ᠢ | ᠠᠰᠠᠷᠠᠬᠤ ᠬᠦᠷᠢᠶᠡᠯᠡᠩ ᠪᠠ ᠬᠥᠳᠡᠭᠡ ᠲᠣᠰᠬᠤᠨ ᠤ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ | ᠦᠢᠯᠡᠴᠢᠯᠡᠭᠡᠨ ᠤ ᠨᠠᠰᠤᠵᠢᠯᠲᠠ ᠶᠢᠨ ᠲᠡᠰ ᠳᠡᠪᠰᠢᠬᠦ ᠥᠭᠡᠷᠡᠴᠢᠯᠡᠯᠲᠡ ᠶᠢ ᠶᠡᠭᠡ ᠪᠠᠷ ᠲᠦᠯᠬᠢᠨ ᠠᠬᠢᠭᠤᠯᠵᠤ᠂ | ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠨ᠎ᠠ᠃ ᠨᠡᠶᠢᠭᠡᠮ ᠤᠨ ᠠᠪᠤᠷᠠᠨ ᠲᠤᠰᠠᠯᠠᠯᠲᠠ ᠶᠢᠨ ︽ᠨᠢᠭᠡ ᠥᠷᠲᠡᠭᠡ | ᠮᠠᠶ᠋ᠢᠭ︾ ᠤᠨ ᠺᠣᠮᠫᠢᠦ᠋ᠲ᠋ᠧᠷᠴᠢᠯᠠᠭᠰᠠᠨ ᠰᠦᠯᠵᠢᠶᠡᠨ ᠳᠡᠭᠡᠷ᠎ᠡ ᠭᠦᠢᠴᠡᠳᠭᠡᠭᠰᠡᠨ ᠢ ᠪᠥᠬᠦ ᠲᠠᠯ᠎ᠠ ᠪᠠᠷ ᠠᠬᠢᠭᠤᠯᠤᠨ᠎ᠠ᠃ | ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠴᠢᠩᠭᠠᠳᠬᠠᠵᠤ᠂ ᠠᠰᠠᠷᠠᠨ | ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠ ᠴᠡᠷᠢᠭ ᠠᠴᠠ ᠬᠠᠯᠠᠭᠳᠠᠭᠰᠠᠨ ᠺᠠᠳ᠋ᠷ ᠵᠢᠴᠢ | ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠢ ᠲᠥᠪᠬᠢᠨᠡᠭᠦᠯᠬᠦ ᠠᠵᠢᠯ ᠢ ᠰᠠᠶᠢᠲᠤᠷ ᠠᠳᠬᠤᠨ᠎ᠠ᠃ | ᠣᠷᠣᠰᠢᠭᠤᠯᠭ᠎ᠠ ᠶᠢᠨ ᠳᠦᠷᠢᠮ ᠤᠨ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠨ᠂ ᠪᠤᠯᠠᠬᠤ ᠶᠢ ᠴᠠᠭᠠᠵᠠᠯᠠᠬᠤ | ᠣᠷᠣᠨ ᠢ ᠵᠦᠢ ᠵᠣᠬᠢᠰᠲᠠᠶ ᠬᠤᠪᠢᠶᠠᠷᠢᠯᠠᠨ ᠲᠣᠭᠲᠠᠭᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠩᠭᠤᠨ ᠢ | ᠢᠳᠡᠪᠬᠢᠲᠡᠶ ᠪᠠᠷ ᠪᠦᠲᠦᠭᠡᠨ ᠪᠠᠶᠢᠭᠤᠯᠵᠤ᠂ ᠲᠠᠷᠠᠬᠠᠶ ᠪᠠᠷ ᠪᠤᠯᠠᠬᠤ ᠳᠤᠷ᠎ᠠ ᠪᠠᠷ ᠢᠶᠠᠨ ᠣᠷᠣᠰᠢᠭᠤᠯᠬᠤ ᠳᠤ ᠴᠣᠬᠢᠯᠲᠠ | ᠥᠭᠬᠦ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ | ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠤᠨ ᠦᠢᠯᠡᠰ ᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ | ᠰᠤᠷᠭᠠᠨ ᠬᠥᠮᠦᠵᠢᠯ ᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠳᠡᠭᠡᠳᠦ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠠᠭᠰᠤᠨ ᠪᠥᠮᠪᠦᠭᠡ ᠶᠢᠨ ᠲᠠᠯᠠᠪᠤᠷ᠂ ᠫᠢᠩ ᠠᠨ ᠪᠠᠭ᠎ᠠ ᠰᠤᠷᠭᠠᠭᠤᠯᠢ ᠶᠢᠨ ᠰᠠᠯᠬᠢ | ᠪᠣᠷᠣᠭᠠᠨ ᠤ ᠬᠥᠳᠡᠯᠭᠡᠭᠡᠨ ᠤ ᠲᠠᠰᠤᠭ ᠵᠡᠷᠭᠡ 5 ᠢᠨᠵᠧᠨᠧᠷᠢᠩ ᠣᠨ ᠲᠥᠷᠥᠯ ᠵᠦᠢᠯ ᠢ ᠴᠠᠭ ᠲᠤᠬᠠᠢ ᠳᠤᠨᠢ | ᠳᠠᠭᠤᠰᠬᠠᠬᠤ ᠶᠢ ᠪᠠᠲᠤᠯᠠᠵᠤ᠂ ᠶᠢᠰᠦᠳᠦᠭᠡᠷ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠᠷ ᠴᠢᠷᠮᠠᠶᠢᠵᠤ᠂ | ᠱᠧᠨᠵᠧᠨ ᠤ ᠰᠡᠳᠬᠢᠯ ᠤᠨ ᠢᠨᠵᠧᠨᠧᠷᠢᠩ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠣᠶᠤᠨᠴᠢ ᠰᠤᠷᠭᠠᠨ | ᠬᠥᠮᠦᠵᠢᠯ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠬᠥᠪᠴᠢ ᠳᠦᠭᠦᠷᠦᠭᠰᠡᠨ︾ | ᠪᠠᠶᠢᠳᠠᠯ ᠢ ᠢᠮᠠᠭᠲᠠ ᠪᠠᠲᠤᠯᠠᠵᠤ᠂ ᠵᠢᠷᠭᠤᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ | ᠬᠤᠲᠠ ᠶᠢ ᠡᠭᠦᠳᠦᠨ ᠪᠠᠶᠢᠭᠤᠯᠬᠤ 2021 ᠣᠨ ᠤ ᠬᠠᠷᠠᠯᠲᠠ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠦᠨ᠎ᠡ᠃ | ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠯᠳᠠᠪᠤᠷᠢᠲᠤ ᠡᠪᠡᠳᠴᠢᠨ ᠤ | ᠡᠮᠨᠡᠯᠭᠡ ᠶᠢᠨ ᠬᠤᠷᠢᠶ᠎ᠠ ᠪᠠ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠲᠤᠷᠰᠢᠯᠲᠠ ᠶᠢᠨ | ᠲᠠᠰᠤᠭ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ | ᠠᠵᠢᠯ ᠢ ᠪᠥᠬᠦ ᠲᠠᠯ᠎ᠠ ᠪᠠᠷ ᠴᠢᠩᠭᠠᠳᠬᠠᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠳᠡᠭᠡᠭᠰᠢᠯᠡᠭᠦᠯᠵᠦ᠂ ᠡᠬᠡ ᠨᠢᠯᠬᠠᠰ ᠤᠨ ᠡᠷᠡᠭᠦᠯᠵᠢᠯ ᠤᠨ | ᠬᠤᠷᠢᠶ᠎ᠠ ᠶᠢᠨ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠬᠢᠲᠠᠳ ᠡᠮᠨᠡᠯᠭᠡ ᠶᠢᠨ ᠬᠤᠷᠢᠶ᠎ᠠ ᠶᠢᠨ ᠡᠮ | ᠨᠠᠶᠢᠷᠠᠯᠭ᠎ᠠ ᠶᠢᠨ ᠲᠠᠰᠤᠭ᠂ ᠬᠢᠲᠠᠳ ᠧᠦ᠋ᠷᠣᠫᠠ ᠡᠮ ᠤᠨ ᠬᠥᠮᠥᠷᠭᠡ ᠵᠢᠴᠢ ᠡᠷᠡᠭᠦᠯ ᠬᠠᠮᠠᠭᠠᠯᠠᠯ ᠤᠨ ᠬᠢᠨᠠᠯᠲᠠ | ᠲᠠᠯᠪᠢᠬᠤ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠢ ᠰᠠᠶᠢᠲᠤᠷ ᠬᠡᠷᠡᠭᠵᠢᠭᠦᠯᠦᠨ᠎ᠡ᠃ | ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠥᠷᠢ ᠥᠭᠴᠡᠭᠡ ᠶᠢᠨ | ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠳᠠᠯᠳᠠ ᠥᠷᠢ ᠥᠭᠴᠡᠭᠡ ᠶᠢᠨ ᠨᠡᠮᠡᠭᠳᠡᠬᠦ ᠶᠢ ᠡᠷᠡᠰ | ᠬᠤᠷᠢᠭᠯᠠᠨ᠎ᠠ᠃ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠪᠠᠨ ᠦᠵᠡᠵᠦ ᠵᠠᠷᠤᠯᠭ᠎ᠠ ᠪᠠᠨ | ᠲᠣᠬᠢᠷᠠᠭᠤᠯᠬᠤ ᠶᠢ ᠪᠠᠷᠢᠮᠲᠠᠯᠠᠵᠤ᠂ ᠤᠷᠢᠳᠠᠪᠠᠷ ᠲᠥᠰᠦᠪ ᠲᠣᠭᠲᠠᠭᠠᠵᠤ᠂ ᠳᠠᠷᠠᠭ᠎ᠠ ᠨᠢ ᠵᠠᠷᠤᠯᠭ᠎ᠠ ᠭᠠᠷᠭᠠᠨ᠎ᠠ᠃ | ᠪᠠᠲᠤᠯᠠᠬᠤ ᠶᠢ ᠨᠢ ᠪᠠᠲᠤᠯᠠᠵᠤ ᠬᠢᠵᠠᠭᠠᠷᠯᠠᠬᠤ ᠶᠢ ᠨᠢ ᠬᠢᠵᠠᠭᠠᠷᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ | ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ ᠶᠢ ᠪᠠᠷᠢᠮᠲᠠᠯᠠᠵᠤ᠂ ᠡᠩ ᠤᠨ ᠴᠢᠨᠠᠷᠲᠠᠢ ᠵᠠᠷᠤᠯᠭ᠎ᠠ ᠶᠢ ᠶᠡᠬᠡᠪᠡᠷ | ᠪᠠᠭᠠᠰᠬᠠᠨ᠎ᠠ᠃ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠬᠠᠮᠠᠭᠠᠯᠠᠵᠤ᠂ ᠤᠯᠤᠰ ᠲᠦᠷᠦ | ᠬᠠᠤᠯᠢ ᠴᠠᠭᠠᠵᠠ ᠶᠢᠨ ᠰᠢᠰᠲ᠋ᠧᠮ ᠤᠨ ᠬᠥᠮᠦᠵᠢᠯ ᠴᠡᠭᠴᠡᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ ᠰᠢᠨ᠎ᠡ ᠴᠠᠭ | ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠪᠣᠯᠤᠨ ᠨᠡᠶᠢᠭᠡᠮ ᠤᠨ ᠵᠠᠰᠠᠯᠲᠠ ᠶᠢᠨ ᠬᠠᠤᠯᠢᠵᠢᠯ ᠢ ᠢᠳᠡᠪᠬᠢᠲᠡᠢ | ᠠᠬᠢᠭᠤᠯᠵᠤ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠤᠷᠲᠤ ᠬᠤᠭᠤᠴᠠᠭᠠᠨ ᠤ ᠪᠦᠲᠦᠮᠵᠢᠲᠡᠢ | ᠪᠠᠶᠢᠩᠭᠤ ᠵᠠᠰᠠᠯᠲᠠ ᠶᠢ ᠦᠷᠭᠦᠯᠵᠢᠯᠡᠨ ᠠᠬᠢᠭᠤᠯᠤᠨ᠎ᠠ᠃ ᠳᠠᠪᠬᠤᠷᠳᠠᠭᠤᠯᠤᠨ ᠵᠠᠬᠢᠳᠠᠯ ᠰᠤᠷᠪᠤᠯᠵᠢᠯᠠᠭ᠎ᠠ ᠶᠢᠨ | ᠠᠰᠠᠭᠤᠳᠠᠯ ᠢ ᠵᠠᠰᠠᠬᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠪᠠ ᠲᠥᠪ ᠤᠨ | ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠮᠠᠨ ᠤ ᠰᠢᠶᠠᠨ ᠳᠤ ᠲᠤᠰᠢᠶᠠᠨ ᠰᠢᠢᠳᠪᠦᠷᠢᠯᠡᠭᠦᠯᠦᠭᠰᠡᠨ | ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠠᠵᠢᠯ ᠢ ᠢᠳᠡᠪᠬᠢᠲᠡᠢ ᠦᠷᠨᠢᠭᠦᠯᠦᠨ᠎ᠡ᠃ ᠠᠶᠤᠯ ᠦᠭᠡᠶ | ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠣᠯᠠᠨ ᠨᠡᠶᠢᠲᠡ ᠶᠢᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠦᠨ᠎ᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠰᠠᠶᠢᠲᠤᠷ ᠬᠢᠨ᠎ᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠬᠦ ᠪᠠᠬᠢᠵᠢᠭᠦᠯᠵᠦ᠂ | ᠦᠨᠳᠦᠰᠦᠲᠡᠨ ᠤ ᠪᠦᠯᠬᠦᠮᠳᠡᠯ ᠤᠨ ︽ᠵᠢᠷᠭᠤᠭ᠎ᠠ ᠶᠢ ᠠᠬᠢᠭᠤᠯᠬᠤ ᠠᠵᠢᠯᠯᠠᠭ᠎ᠠ︾ ᠶᠢ ᠭᠦᠨᠵᠡᠭᠡᠶ ᠥᠷᠨᠢᠭᠦᠯᠵᠦ᠂ | ᠵᠠᠰᠠᠭ ᠤᠨ ᠣᠷᠳᠣᠨ ᠬᠠᠷᠢᠭᠤᠴᠠᠬᠤ᠂ ᠰᠠᠯᠠᠭ᠎ᠠ ᠮᠥᠴᠢᠷ ᠬᠠᠮᠵᠢᠯᠴᠠᠬᠤ᠂ ᠪᠥᠬᠦ ᠨᠡᠶᠢᠭᠡᠮ ᠢᠶᠠᠷ ᠢᠶᠠᠨ ᠬᠦᠴᠦ ᠪᠠᠨ | ᠬᠠᠮᠲᠤᠳᠬᠠᠨ ᠬᠠᠮᠲᠤᠷᠠᠯᠴᠠᠬᠤ ᠦᠨᠳᠦᠰᠦᠲᠡᠨ ᠤ ᠠᠵᠢᠯ ᠤᠨ ᠪᠠᠶᠢᠷᠢᠰᠢᠯ ᠢ ᠪᠠᠶᠢᠭᠤᠯᠤᠨ ᠪᠦᠷᠢᠨᠰᠢᠭᠦᠯᠦᠨ᠎ᠡ᠃ | ᠲᠥᠯᠥᠭᠡᠯᠡᠭᠴᠢᠳ ᠡ︕ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠨᠢ | ᠵᠠᠰᠠᠭ ᠤᠨ ᠣᠷᠳᠣᠨ ᠤ ᠬᠠᠳᠠᠨ ᠵᠣᠷᠢᠭ ᠪᠠ ᠰᠥᠰᠥ ᠵᠣᠷᠢᠭ ᠢ ᠰᠢᠯᠭᠠᠵᠤ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ ᠵᠠᠰᠠᠭ ᠤᠨ ᠣᠷᠳᠣᠨ ᠤ ᠡᠭᠦᠷᠭᠡᠯᠡᠯ ᠪᠠ ᠴᠢᠳᠠᠪᠤᠷᠢ ᠶᠢ ᠰᠢᠯᠭᠠᠨ᠎ᠠ᠃ ᠪᠢᠳᠡ ᠨᠢᠭᠡ ᠲᠠᠯ᠎ᠠ ᠪᠠᠷ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠠᠳᠬᠤᠵᠤ᠂ ᠨᠢᠭᠡ ᠲᠠᠯ᠎ᠠ ᠪᠠᠷ ᠠᠵᠤ ᠠᠬᠤᠢ ᠨᠡᠶᠢᠭᠡᠮ ᠤᠨ | ᠬᠥᠭᠵᠢᠯᠲᠡ ᠶᠢ ᠠᠳᠬᠤᠵᠤ᠂ ᠬᠤᠶᠠᠷ ᠲᠠᠯ᠎ᠠ ᠪᠠᠷ ᠴᠥᠮ ᠴᠢᠩᠭ᠎ᠠ ᠠᠳᠬᠤᠬᠤ ᠶᠢ ᠪᠠᠷᠢᠮᠲᠠᠯᠠᠬᠤ ᠬᠡᠷᠡᠭᠲᠡᠢ᠃ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ︽ᠬᠥᠪᠴᠢ︾ ᠶᠢ | ᠢᠮᠠᠭᠲᠠ ᠴᠢᠩᠭᠠᠯᠠᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ | ︽ᠳᠥᠷᠪᠡᠨ ᠡᠷᠲᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠲᠠᠯᠠᠪᠤᠷ ᠭᠠᠵᠠᠷ᠂ | ᠭᠤᠤᠯᠳᠠᠯᠭ᠎ᠠ ᠲᠠᠢ ᠣᠷᠣᠨ ᠪᠠᠶᠢᠷᠢ ᠳᠤ ︽ᠲᠠᠪᠤ ᠪᠠᠶᠢᠬᠤ ᠭᠤᠷᠪᠠ ᠶᠢ ᠴᠢᠩᠭᠠᠳᠬᠠᠬᠤ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠬᠥᠮᠦᠨ︾ ︽ᠪᠣᠳᠠᠰ︾ ︽ᠣᠷᠴᠢᠨ ᠲᠣᠭᠤᠷᠢᠨ︾ ᠢ ᠬᠠᠮᠲᠤ ᠪᠠᠷ ᠰᠡᠷᠭᠡᠶᠢᠯᠡᠬᠦ ᠶᠢ | ᠪᠠᠷᠢᠮᠲᠠᠯᠠᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠳᠠᠬᠢᠨ | ᠡᠭᠦᠰᠬᠦ ᠶᠢ ᠰᠡᠷᠭᠡᠶᠢᠯᠡᠬᠦ︾ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠦᠯ ᠤᠨ ᠰᠡᠷᠭᠡᠶᠢᠯᠡᠨ ᠡᠵᠡᠮᠳᠡᠬᠦ ᠰᠣᠷᠢᠯᠲᠠ ᠪᠠ ᠬᠢᠵᠢᠭ ᠢ ᠰᠡᠷᠭᠡᠶᠢᠯᠡᠬᠦ ᠡᠳ᠋ ᠪᠣᠳᠠᠰ ᠤᠨ | ᠨᠥᠭᠡᠴᠡᠯᠡᠯᠲᠡ ᠶᠢ ᠴᠢᠩᠭᠠᠳᠬᠠᠬᠤ ᠬᠡᠷᠡᠭᠲᠡᠶ᠃ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ | ᠰᠦᠯᠵᠢᠶᠡᠵᠢᠭᠦᠯᠦᠨ ᠳᠠᠭᠠᠭᠠᠴᠢᠯᠠᠨ ᠬᠤᠯᠪᠣᠭᠠᠯᠠᠬᠤ ᠰᠢᠰᠲ᠋ᠧᠮᠵᠢ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ᠸᠠᠺᠼᠢᠨ ᠳᠠᠷᠢᠬᠤ ᠠᠵᠢᠯ ᠢ ᠯᠠᠪᠳᠠᠭᠤᠨ ᠡᠮᠬᠢ ᠵᠢᠷᠤᠮ ᠲᠠᠢ ᠥᠷᠨᠢᠭᠦᠯᠦᠨ᠎ᠡ᠃ ᠪᠢᠳᠡ ︽ᠤᠭ ᠰᠠᠨᠠᠭ᠎ᠠ ᠪᠠᠨ ᠦᠯᠦ | ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠳᠤ ᠲᠣᠭᠤᠷᠢᠨ ᠪᠠᠶᠢᠴᠠᠭᠠᠵᠤ | ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠪᠠᠷ ᠭᠠᠷᠳᠠᠴᠠ ᠪᠣᠯᠭᠠᠵᠤ᠂ ᠵᠠᠰᠠᠭ ᠤᠨ ᠣᠷᠳᠣᠨ ᠤ | ᠲᠤᠰ ᠪᠡᠶ᠎ᠡ ᠶᠢᠨ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠤᠨ᠎ᠠ᠃ ᠤᠯᠤᠰ ᠲᠥᠷᠥ ᠶᠢᠨ ᠴᠢᠭᠯᠡᠯ ᠢᠶᠠᠨ | ᠪᠠᠲᠤᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠬᠦ ᠶᠢ ᠪᠠᠷᠢᠮᠲᠠᠯᠠᠵᠤ᠂ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠤᠨ ᠰᠢᠶᠠᠨ ᠤ ᠨᠠᠮ ᠤᠨ | ᠬᠤᠷᠢᠶᠠᠨ ᠤ ᠴᠢᠬᠤᠯᠠ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠳᠥᠷᠪᠡᠨ ᠤᠬᠠᠮᠰᠠᠷ︾ ᠢ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠶ᠃ ᠠᠷᠢᠭᠤᠨ ᠴᠢᠬᠡᠴᠢ ᠪᠠᠷ ᠵᠠᠰᠠᠭ | ᠪᠠᠷᠢᠬᠤ ᠶᠢ ᠪᠠᠷᠢᠮᠲᠠᠯᠠᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ | ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠬᠢᠨᠠᠮᠠᠭᠠᠶ ᠭᠦᠢᠴᠡᠳᠭᠡᠵᠦ᠂ ᠨᠡᠭᠦᠷᠡᠰᠦᠨ ᠤ | ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ | ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠪᠠ ᠬᠠᠩᠭᠠᠨ ᠪᠣᠷᠣᠯᠠᠭᠤᠯᠬᠤ ᠰᠢᠰᠲ᠋ᠧᠮ ᠤᠨ ᠢᠯᠵᠠᠷᠠᠯ ᠤᠨ | ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠎ᠠ᠃ | ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠵᠢᠷᠤᠮᠯᠠᠵᠤ᠂ ᠬᠡᠯᠪᠡᠷᠢᠴᠢ ᠦᠵᠡᠯ᠂ | ᠨᠣᠶᠠᠨᠴᠢ ᠰᠤᠷᠲᠠᠯ ᠢ ᠦᠷᠭᠦᠯᠵᠢᠯᠡᠨ ᠴᠡᠭᠴᠡᠯᠡᠨ ᠵᠠᠰᠠᠨ᠎ᠠ᠃ | ᠲᠥᠯᠥᠭᠡᠯᠡᠭᠴᠢᠳ ᠡ︕ 2021 ᠣᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ | ᠬᠦᠨᠳᠦ ᠶᠡᠭᠡ᠂ ᠡᠭᠦᠷᠭᠡ ᠦᠩᠬᠡ ᠬᠡᠷᠡᠯᠳᠡᠢ ᠶᠤᠮ᠃ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢᠶᠠᠨ ᠤ ᠨᠠᠮ ᠤᠨ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠲᠦᠮᠡᠨ ᠳᠤ ᠦᠢᠯᠡᠴᠢᠯᠡᠬᠦ᠂ ᠰᠢᠨ᠎ᠡ ᠶᠢ ᠡᠭᠦᠳᠦᠨ ᠬᠥᠭᠵᠢᠬᠦ᠂ | ᠬᠠᠲᠠᠭᠤᠵᠢᠯᠲᠠᠢ ᠲᠡᠮᠡᠴᠡᠬᠦ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠡᠷᠡᠮᠡᠬᠡᠶᠢᠯᠡᠨ ᠤᠷᠤᠭᠰᠢᠯᠠᠵᠤ᠂ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ ᠪᠠᠲᠤᠯᠠᠵᠤ᠂ ᠰᠢᠯᠢᠳᠡᠭ | ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠶ᠎ᠡ︕ | | | ᠰᠠᠷᠠᠭᠤᠯ ᠪᠠᠭᠤᠯᠭᠠᠪᠠ |