ᠮᠠᠨ ᠤ ᠰᠢᠶᠠᠨ 2021 ᠣᠨ ᠤ ᠬᠠᠪᠤᠷ ᠤᠨ ᠴᠡᠷᠢᠭ ᠲᠣᠭᠲᠠᠭᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/15
    3 ᠰᠠᠷ᠎ᠠ ᠶᠢᠨ 11 ᠤ ᠡᠳᠦᠷ᠂ ᠮᠠᠨ ᠤ ᠰᠢᠶᠠᠨ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠤᠷᠠᠯ ᠤᠨ ᠭᠡᠷ ᠲᠤ 2021 ᠣᠨ ᠤ ᠬᠠᠪᠤᠷ ᠤᠨ ᠤᠯᠠᠷᠢᠯ ᠤᠨ ᠴᠡᠷᠢᠭ ᠲᠣᠭᠲᠠᠭᠠᠬᠤ ᠬᠤᠷᠠᠯ ᠬᠤᠷᠠᠯᠳᠤᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠫᠧᠩ ᠰᠢᠤᠸᠠᠢ ᠺᠦᠢ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠰᠢᠶᠤᠤ ᠯᠢᠩ᠂ ᠰᠢᠶᠠᠨ ᠤ ᠠᠷᠠᠳ ᠤᠨ ᠵᠡᠪᠰᠡᠭᠲᠦ ᠬᠦᠴᠦᠨ ᠤ ᠠᠵᠢᠯ ᠤᠨ ᠬᠡᠯᠲᠡᠰ ᠤᠨ ᠤᠯᠤᠰ ᠲᠦᠷᠦ ᠶᠢᠨ ᠭᠡᠰᠢᠭᠦᠨ᠂ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠦ᠋ ᠴᠠᠩ ᠵᠢᠶᠦ᠋ᠨ ᠬᠤᠷᠠᠯ ᠳᠤ ᠣᠷᠣᠯᠴᠠᠵᠤ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠤᠪᠴᠢᠶ᠎ᠠ᠂ ᠴᠡᠷᠢᠭ ᠤᠨ ᠠᠯᠪᠠ ᠠᠴᠠ ᠪᠠᠭᠤᠬᠤ ᠲᠤᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ᠂ ᠰᠢᠶᠠᠨ ᠤ ᠡᠮᠨᠡᠯᠭᠡ ᠶᠢᠨ ᠬᠤᠷᠢᠶᠠᠨ ᠤ ᠬᠤᠯᠪᠣᠭᠳᠠᠯ ᠪᠦᠬᠦᠢ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠢ ᠵᠢᠴᠢ ᠬᠢᠨᠠᠯᠲᠠ ᠲᠠᠯᠪᠢᠭᠴᠢ ᠬᠤᠷᠠᠯ ᠳᠤ ᠣᠷᠣᠯᠴᠠᠵᠠᠢ᠃
    ᠬᠤᠷᠠᠯ ᠳᠡᠭᠡᠷ᠎ᠡ᠂ ᠦ᠋ ᠴᠠᠩ ᠵᠢᠶᠦ᠋ᠨ 2021 ᠣᠨ ᠤ ᠮᠠᠨ ᠤ ᠰᠢᠶᠠᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠪᠠ᠃ ᠪᠡᠶ᠎ᠡ ᠶᠢᠨ ᠪᠠᠶᠢᠴᠠᠭᠠᠯᠲᠠ᠂ ᠤᠯᠤᠰ ᠲᠥᠷᠥ ᠶᠢᠨ ᠰᠢᠯᠭᠠᠯᠲᠠ ᠪᠠ ᠰᠤᠷᠤᠯᠭ᠎ᠠ ᠶᠢᠨ ᠨᠠᠮᠲᠠᠷ ᠢ ᠬᠢᠨᠠᠨ ᠪᠠᠶᠢᠴᠠᠭᠠᠬᠤ ᠬᠠᠮᠢᠶ᠎ᠠ ᠪᠥᠬᠦᠶ ᠬᠠᠷᠢᠭᠤᠴᠠᠯᠭᠠᠲᠠᠨ ᠲᠣᠰ ᠲᠣᠰ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ᠃     ᠫᠧᠩ ᠰᠢᠤᠸᠠᠢ ᠺᠦᠢ ᠬᠤᠷᠠᠯ ᠳᠡᠭᠡᠷ᠎ᠡ ᠴᠡᠷᠢᠭ ᠡᠯᠰᠡᠬᠦ ᠬᠠᠮᠢᠶ᠎ᠠ ᠪᠦᠬᠦᠢ ᠲᠣᠭᠲᠠᠭᠠᠯ ᠢ ᠬᠢᠨᠠᠨ ᠵᠥᠪᠰᠢᠶᠡᠷᠡᠭᠰᠡᠨ ᠪᠥᠭᠡᠳ ᠴᠡᠷᠢᠭ ᠡᠯᠰᠡᠬᠦ ᠨᠡᠷᠡᠰ ᠢ ᠨᠡᠶᠢᠲᠡᠯᠡᠭᠰᠡᠨ ᠪᠠ ᠡᠨᠡ ᠵᠢᠯ ᠤᠨ ᠴᠡᠷᠢᠭ ᠡᠯᠰᠡᠬᠦ ᠲᠦᠷᠦ ᠶᠢᠨ ᠪᠤᠳᠤᠯᠭ᠎ᠠ᠂ ᠴᠡᠷᠢᠭ ᠡᠯᠰᠡᠬᠦ ᠵᠠᠷᠴᠢᠮ᠂ ᠡᠭᠦᠷᠭᠡ ᠶᠢᠨ ᠲᠤᠭ᠎ᠠ ᠪᠣᠯᠤᠨ ᠴᠡᠷᠢᠭ ᠤᠨ ᠬᠥᠮᠦᠨ ᠤ ᠲᠤᠬᠠᠢ ᠲᠣᠳᠣᠷᠬᠠᠶᠢᠯᠠᠯᠲᠠ ᠬᠢᠪᠡ᠃     2021 ᠣᠨ ᠤ ᠨᠢᠭᠡ ᠵᠢᠯ ᠳᠤ ᠬᠤᠶᠠᠷ ᠤᠳᠠᠭ᠎ᠠ ᠲᠠᠲᠠᠪᠤᠷᠢᠯᠠᠬᠤ ᠥᠭᠡᠷᠡᠴᠢᠯᠡᠯᠲᠡ ᠶᠢᠨ ᠮᠥᠨ ᠴᠢᠨᠠᠷ ᠢ ᠳᠡᠯᠭᠡᠷᠡᠭᠦᠯᠵᠦ᠂ ᠮᠠᠨ ᠤ ᠰᠢᠶᠠᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠪᠥᠬᠦ ᠲᠠᠯ᠎ᠠ ᠪᠠᠷ ᠤᠬᠠᠭᠤᠯᠤᠨ ᠳᠠᠶᠢᠴᠢᠯᠠᠬᠤ ᠪᠠᠷ ᠳᠡᠮᠵᠢᠨ᠂ ᠪᠡᠶ᠎ᠡ ᠶᠢᠨ ᠪᠠᠶᠢᠴᠠᠭᠠᠯᠲᠠ ᠶᠢᠨ ᠠᠵᠢᠯ ᠤᠨ ᠪᠣᠭᠤᠮᠲᠠ ᠶᠢ ᠴᠢᠩᠭ᠎ᠠ ᠰᠠᠬᠢᠵᠤ᠂ ᠤᠯᠤᠰ ᠲᠥᠷᠥ ᠶᠢᠨ ᠬᠢᠨᠠᠨ ᠰᠢᠯᠭᠠᠯᠲᠠ ᠶᠢ ᠴᠢᠩᠳᠠᠯᠠᠵᠤ᠂ ᠠᠯᠪᠠ ᠬᠠᠭᠠᠬᠤ ᠠᠴᠠ ᠡᠮᠦᠨᠡᠬᠢ ᠬᠥᠮᠦᠵᠢᠯ ᠪᠣᠯᠪᠠᠰᠤᠷᠠᠯ ᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠴᠡᠷᠢᠭ ᠡᠯᠰᠡᠬᠦ ᠠᠵᠢᠯ ᠢ ᠡᠮᠬᠢ ᠵᠢᠷᠤᠮ ᠲᠠᠢ ᠥᠷᠨᠢᠭᠦᠯᠪᠡ᠃ ᠣᠳᠣᠬᠠᠨ ᠪᠣᠯᠲᠠᠯ᠎ᠠ᠂ ᠮᠠᠨ ᠤ ᠰᠢᠶᠠᠨ ᠨᠢᠭᠡᠨᠲᠡ 30 ᠴᠡᠷᠢᠭ ᠲᠤ ᠣᠷᠣᠬᠤ ᠡᠲᠡᠭᠡᠳ ᠢ ᠲᠣᠭᠲᠠᠭᠠᠵᠤ᠂ ᠴᠡᠷᠢᠭ ᠡᠯᠰᠡᠬᠦ ᠡᠭᠦᠷᠭᠡ ᠪᠠᠨ ᠪᠡᠶᠡᠯᠡᠭᠦᠯᠪᠡ᠃     ᠵᠠᠩ ᠰᠢᠶᠤᠤ ᠯᠢᠩ ᠬᠤᠷᠠᠯ ᠳᠡᠭᠡᠷ᠎ᠡ᠂ ᠮᠠᠨ ᠤ ᠰᠢᠶᠠᠨ ᠤ ᠬᠠᠪᠤᠷ ᠤᠨ ᠤᠯᠠᠷᠢᠯ ᠳᠤ ᠴᠡᠷᠢᠭ ᠡᠯᠰᠡᠬᠦ ᠬᠤᠶᠢᠰᠢᠳᠠ ᠶᠢᠨ ᠠᠵᠢᠯ ᠢ ᠤᠯᠠᠮ ᠴᠢᠨᠠᠭᠰᠢᠳᠠ ᠰᠠᠶᠢᠲᠤᠷ ᠠᠳᠬᠤᠬᠤ ᠲᠤᠬᠠᠢ ᠰᠠᠨᠠᠯ ᠢᠶᠠᠨ ᠶᠠᠷᠢᠪᠠ᠂ ᠲᠡᠷᠡ᠂ ᠠᠯᠢ ᠲᠦᠷᠭᠡᠨ ᠢᠶᠠᠷ ᠵᠠᠷ ᠨᠠᠭᠠᠵᠤ ᠵᠠᠷᠯᠠᠨ ᠨᠡᠶᠢᠲᠡᠯᠡᠵᠦ᠂ ᠨᠢᠭᠡᠨᠲᠡ ᠲᠣᠭᠲᠠᠭᠰᠠᠨ ᠵᠠᠯᠠᠭᠤᠴᠤᠳ ᠤᠨ ᠬᠠᠮᠢᠶᠠᠷᠤᠯᠲᠠ ᠬᠥᠮᠦᠵᠢᠯ ᠢ ᠴᠢᠩᠭᠠᠳᠬᠠᠵᠤ᠂ ᠬᠤᠯᠪᠣᠭᠳᠠᠯ ᠪᠦᠬᠦᠢ ᠪᠠᠲᠤᠯᠠᠭ᠎ᠠ ᠶᠢ ᠦᠨᠡᠨ ᠬᠦ ᠰᠠᠶᠢᠲᠤᠷ ᠬᠢᠵᠦ᠂ ᠳᠠᠷᠠᠭᠠᠴᠢ ᠶᠢᠨ ᠠᠵᠢᠯ ᠢ ᠰᠠᠶᠢᠲᠤᠷ ᠬᠢᠵᠦ᠂ ᠴᠡᠷᠢᠭ ᠡᠯᠰᠡᠬᠦ ᠠᠵᠢᠯ ᠤᠨ ᠠᠮᠤᠷ ᠲᠦᠪᠰᠢᠨ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠮᠠᠨ ᠤ ᠰᠢᠶᠠᠨ ᠤ ᠬᠠᠪᠤᠷ ᠤᠨ ᠤᠯᠠᠷᠢᠯ ᠤᠨ ᠴᠡᠷᠢᠭ ᠡᠯᠰᠡᠬᠦ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃                                             ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2