ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠰᠢᠶᠠᠩ ᠪᠠᠯᠭᠠᠰᠤᠨ ᠤ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ︾ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2021/5/26
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ᠄     ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠶᠣᠰᠣᠭᠠᠷ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠤᠲᠠ ᠶᠢᠨ ᠵᠠᠰᠠᠭ ᠤᠨ ᠶᠠᠪᠤᠳᠠᠯ ‍ᠤᠨ‌ᠦᠢᠯᠡᠴᠢᠯᠡᠭᠡᠨ ᠤ ᠲᠣᠪᠴᠢᠶ᠎ᠠ ᠬᠠᠮᠲᠤᠷᠠᠨ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ᠲᠤ ᠤᠯᠠᠮᠵᠢᠯᠠᠨ ᠲᠠᠷᠬᠠᠭᠠᠬᠤ ᠲᠤᠬᠠᠶ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︿ᠲᠣᠳᠣᠷᠬᠠᠶ ᠬᠤᠰᠢᠭᠤ ᠰᠢᠶᠠᠨ ᠤ ︵ᠬᠤᠲᠠ︶᠂  ᠰᠠᠯᠠᠭ᠎ᠠ ᠮᠥᠴᠢᠷ ᠪᠠ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠ ᠬᠠᠮᠵᠢᠯᠴᠠᠬᠤ ᠬᠠᠷᠢᠭᠤᠴᠠᠯᠭ᠎ᠠ ᠶᠢᠨ ᠮᠡᠳᠡᠭᠳᠡᠯ︾ ︵ᠤᠯᠠᠭᠠᠨᠴᠠᠪ ᠤᠨ ᠮᠠᠰᠢᠨ ᠣᠷᠣᠨ ᠠᠯᠪᠠᠨ ᠥᠰᠥᠭ 2021 . 22 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ᠂ ᠥᠪᠡᠷᠲᠡᠭᠡᠨ ᠵᠠᠰᠠᠬᠤ ᠣᠷᠣᠨ ᠠᠴᠠ ᠰᠢᠶᠠᠩ ᠪᠠᠯᠭᠠᠰᠤ ᠳᠤ ᠣᠯᠭᠤᠭᠰᠠᠨ 99 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠤᠴᠢᠷ ᠶᠠᠪᠤᠳᠠᠯ ᠪᠣᠯᠤᠨ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢᠨ ᠵᠠᠭᠠᠭ ᠢ ᠢᠯᠭᠠᠷᠠᠭᠤᠯᠬᠤ ᠶᠢᠨ ᠲᠤᠰᠠᠳᠠ᠂ ᠠᠵᠢᠯ ᠢᠶᠠᠨ ᠨᠠᠩ ᠪᠦᠲᠦᠮᠵᠢᠲᠡᠶ ᠥᠷᠨᠢᠭᠦᠯᠬᠦ᠂ ︽ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠰᠢᠶᠠᠩ ᠪᠠᠯᠭᠠᠰᠤᠨ ᠤ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ︾ ᠶᠢ ᠣᠨᠴᠠᠭᠠᠶᠢᠯᠠᠨ ᠨᠠᠶᠢᠷᠠᠭᠤᠯᠤᠨ ᠵᠣᠬᠢᠶᠠᠪᠠ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠡᠯ᠎ᠡ ᠰᠢᠶᠠᠩ ᠪᠠᠯᠭᠠᠰᠤ ᠪᠣᠯᠤᠨ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ ᠵᠢᠷᠤᠮᠯᠠᠨ ᠬᠡᠷᠡᠭᠵᠢᠭᠦᠯᠲᠦᠭᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2