ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠳᠤ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠷᠪᠠᠨ ᠬᠤᠶᠠᠳᠤᠭᠠᠷ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠳᠤ ᠬᠢᠭᠰᠡᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠳᠠᠷᠤᠮᠠᠯᠯᠠᠨ ᠶᠠᠪᠤᠭᠤᠯᠬᠤ ᠮᠡᠳᠡᠭᠳᠡᠯ
ᠨᠡᠶᠢᠲᠡᠯᠡᠭᠰᠡᠨ ᠴᠠᠭ᠄
2021/5/27
ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠪᠣᠯᠤᠨ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠳᠤ᠄    ︽ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠷᠪᠠᠨ ᠬᠤᠶᠠᠳᠤᠭᠠᠷ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠳᠤ ᠬᠢᠭᠰᠡᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠰᠢᠶᠠᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃    ᠳᠤᠮᠳᠠᠳᠤ ᠤᠯᠤᠰ ᠤᠨ ᠡᠪ ᠬᠠᠮᠲᠤ ᠨᠠᠮ ᠤᠨ ᠱᠠᠩᠳᠤ ᠰᠢᠶᠠᠨ ᠤ ᠬᠤᠷᠢᠶᠠᠨ ᠤ ᠠᠯᠪᠠᠨ ᠭᠡᠷ  ᠂ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ  ᠂ 2021 ᠣᠨ ᠤ 5 ᠳ᠋ᠤᠭᠠᠷ ᠰᠠᠷ᠎ᠠ ᠶᠢᠨ 17 ᠤ ᠡᠳᠦᠷ    ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠠᠷᠪᠠᠨ ᠬᠤᠶᠠᠳᠤᠭᠠᠷ ᠲᠤᠭ᠎ᠠ ᠪᠦᠷᠢᠳᠬᠡᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ᠃ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠥᠪᠥᠷ ᠮᠣᠩᠭᠤᠯ ᠳᠤ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠪᠡ᠃ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠲᠥᠰᠦᠯ᠄    ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠠᠷᠪᠠᠨ ᠬᠤᠶᠠᠳᠤᠭᠠᠷ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠳᠤ ᠬᠢᠭᠰᠡᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠳᠠᠷᠤᠮᠠᠯᠯᠠᠨ ᠶᠠᠪᠤᠭᠤᠯᠬᠤ ᠮᠡᠳᠡᠭᠳᠡᠯ ᠤᠨ ᠵᠣᠷᠢᠭ ᠰᠠᠨᠠᠭ᠎ᠠ ᠶᠣᠰᠣᠭᠠᠷ᠂ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠬᠤ ᠶᠢᠨ ᠲᠤᠰᠠᠳᠠ᠂ ᠮᠠᠨ ᠤ ᠰᠢᠶᠠᠨ ᠤ ᠪᠣᠳᠠᠲᠠᠶ ᠲᠠᠢ ᠤᠶᠠᠯᠳᠤᠭᠤᠯᠤᠨ᠂ ᠳᠣᠣᠷᠠᠬᠢ ᠲᠥᠰᠦᠯ ᠢ ᠲᠣᠭᠲᠠᠭᠠᠪᠠ᠃    ᠨᠢᠭᠡ᠂ ᠵᠢᠯᠣᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠬᠤᠶᠠᠳᠤᠭᠠᠷ ᠬᠤᠷᠠᠯ ᠢ ᠪᠥᠬᠦ ᠲᠠᠯ᠎ᠠ ᠪᠠᠷ ᠲᠤᠭᠤᠰᠢᠯᠠᠭᠤᠯᠵᠦ᠂ ᠭᠤᠷᠪᠠᠳᠤᠭᠠᠷ᠂ ᠳᠥᠷᠪᠡᠳᠦᠭᠡᠷ᠂ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠵᠢᠴᠢ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠬᠡᠷᠡᠭᠲᠡᠢ᠂ ︽ᠳᠥᠷᠪᠡᠨ ᠤᠬᠠᠮᠰᠠᠷ︾ ᠢ ᠴᠢᠩᠭᠠᠳᠬᠠᠵᠦ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠂ ᠬᠠᠷᠠᠯᠲᠠ ᠶᠢᠨ ᠤᠳᠤᠷᠢᠳᠤᠮᠵᠢ᠂ ᠦᠷ᠎ᠡ ᠳ᠋ᠦᠩ ᠤᠨ ᠤᠳᠤᠷᠢᠳᠤᠮᠵᠢ᠂ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠬᠦ ᠶᠢ ᠪᠠᠷᠢᠮᠲᠠᠯᠠᠨ᠎ᠠ᠂ ᠦᠨᠡᠨᠬᠦ ᠠᠳᠬᠤᠨ ᠪᠣᠳᠠᠲᠠᠶ ᠥᠭᠡᠷᠡᠴᠢᠯᠡᠵᠦ᠂ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠠᠶᠢᠲᠤᠷ ᠬᠢᠬᠦ ᠬᠡᠷᠡᠭᠲᠡᠢ᠂ ᠮᠠᠨ ᠤ ᠰᠢᠶᠠᠨ ᠤ ᠲᠤᠭ᠎ᠠ ᠪᠦᠷᠢᠳᠬᠡᠯ ᠤᠨ ᠠᠵᠢᠯ ᠳᠤ ᠣᠷᠣᠰᠢᠵᠤ ᠪᠠᠢᠭ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠂ ᠲᠤᠭ᠎ᠠ ᠪᠦᠷᠢᠳᠬᠡᠯ ᠤᠨ ᠥᠭᠡᠷᠡᠴᠢᠯᠡᠯᠲᠡ ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃    ᠬᠤᠶᠠᠷ᠂ ᠠᠵᠢᠯ ᠤᠨ ᠵᠠᠷᠴᠢᠮ    ︵ᠨᠢᠭᠡ︶ ᠤᠯᠤᠰ ᠲᠥᠷᠥ ᠪᠠᠷ ᠬᠥᠲᠥᠯᠥᠨ ᠵᠢᠯᠣᠭᠤᠳᠬᠤ ᠶᠢ ᠪᠠᠷᠢᠮᠲᠠᠯᠠᠨ᠎ᠠ᠃ ᠲᠤᠭ᠎ᠠ ᠪᠦᠷᠢᠳᠬᠡᠯ ᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠤᠯᠤᠰ ᠲᠥᠷᠥ ᠶᠢᠨ ᠪᠠᠷᠢᠮᠵᠢᠶ᠎ᠠ ᠶᠢ ᠳᠣᠪᠤᠶᠢᠯᠭᠠᠨ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠬᠡᠬᠦ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠤᠯᠤᠰ ᠲᠥᠷᠥ ᠶᠢᠨ ᠲᠠᠯ᠎ᠠ ᠠᠴᠠ ᠦᠵᠡᠬᠦ᠂ ᠤᠯᠤᠰ ᠲᠥᠷᠥ ᠶᠢᠨ ᠲᠠᠯ᠎ᠠ ᠠᠴᠠ ᠬᠢᠬᠦ ᠶᠢ ᠪᠠᠷᠢᠮᠲᠠᠯᠠᠨ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠢᠶᠠᠷ ᠵᠣᠬᠢᠶᠠᠬᠤ ᠠᠵᠢᠯᠯᠠᠭ᠎ᠠ ᠶᠢ ᠡᠷᠡᠰ ᠬᠤᠷᠢᠭᠯᠠᠵᠤ᠂ ᠵᠣᠷᠢᠭᠲᠠᠶ ᠬᠢᠬᠦ ᠥᠬᠡᠶ᠂ ᠬᠢᠵᠦ ᠳᠡᠶᠢᠯᠬᠦ ᠥᠬᠡᠶ᠂ ᠬᠠᠭᠤᠷᠮᠠᠭᠯᠠᠨ ᠵᠣᠬᠢᠶᠠᠬᠤ ᠰᠠᠨᠠᠭ᠎ᠠ ᠥᠬᠡᠶ ᠲᠤᠭ᠎ᠠ ᠪᠦᠷᠢᠳᠬᠡᠯ ᠤᠨ ᠠᠮᠢ ᠠᠬᠤᠶ ᠶᠢᠨ ᠣᠷᠴᠢᠨ ᠲᠣᠭᠤᠷᠢᠨ ᠢ ᠢᠳᠡᠪᠬᠢᠲᠡᠶ ᠪᠣᠶ ᠪᠣᠯᠭᠠᠨ᠎ᠠ᠃    ︵ᠬᠤᠶᠠᠷ︶ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ ᠶᠢ ᠪᠠᠷᠢᠮᠲᠠᠯᠠᠨ᠎ᠠ᠃ ᠴᠡᠭ ᠠᠴᠠ ᠨᠡᠶᠢᠳᠡᠮ ᠳᠤ ᠬᠦᠷᠬᠦ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠬᠦ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠲᠤᠪᠤᠶᠢᠯᠭᠠᠬᠤ ᠶᠢ ᠪᠠᠷᠢᠮᠲᠠᠯᠠᠵᠤ᠂ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠳᠤ ᠢᠯᠡᠷᠡᠭᠦᠯᠦᠭᠰᠡᠨ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠬᠦ ᠪᠠᠷ ᠪᠠᠷᠠᠬᠤ ᠦᠭᠡᠢ ᠪᠠᠰᠠ ᠲᠤᠭ᠎ᠠ ᠪᠦᠷᠢᠳᠬᠡᠯ ᠤᠨ ᠠᠵᠢᠯ ᠤᠨ ᠳᠤᠮᠳᠠᠬᠢ ᠳᠤᠲᠠᠭᠤᠳᠠᠯ ᠪᠠᠭᠤᠷᠠᠢ ᠲᠠᠯ᠎ᠠ ᠶᠢ ᠪᠦᠬᠦ ᠲᠠᠯ᠎ᠠ ᠪᠠᠷ ᠭᠦᠨᠵᠡᠭᠡᠢ ᠡᠷᠢᠵᠦ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠬᠡᠬᠦ ᠠᠵᠢᠯ ᠤᠨ ᠰᠢᠰᠲ᠋ᠧᠮ ᠤᠨ ᠪᠦᠷᠢᠯᠳᠦᠬᠦ ᠶᠢ ᠠᠬᠢᠭᠤᠯᠵᠤ᠂ ᠨᠢᠭᠡ ᠠᠰᠠᠭᠤᠳᠠᠯ ᠢ ᠰᠢᠢᠳᠪᠦᠷᠢᠯᠡᠬᠦ ᠶᠢ ᠦᠨᠡᠨ ᠬᠦ ᠪᠡᠶᠡᠯᠡᠭᠦᠯᠵᠦ᠂ ᠨᠢᠭᠡ ᠪᠦᠯᠦᠭ ᠳᠤᠲᠠᠭᠳᠠᠯ ᠢ ᠨᠥᠬᠦᠪᠥᠷᠢᠯᠡᠵᠦ᠂ ᠨᠢᠭᠡ ᠢᠵᠢ ᠲᠦᠷᠢᠮ ᠢ ᠲᠡᠭᠦᠯᠳᠡᠷᠵᠢᠭᠦᠯᠬᠦ ᠬᠡᠷᠡᠭᠲᠡᠢ᠃    ︵ᠭᠤᠷᠪᠠ︶ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠨ᠎ᠠ᠃ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠡᠭᠦᠷᠭᠡ ᠴᠢᠳᠠᠪᠬᠢ ᠬᠠᠷᠢᠭᠤᠴᠠᠯᠭ᠎ᠠ ᠪᠠᠨ ᠭᠦᠢᠴᠡᠳᠬᠡᠬᠦ᠂ ᠲᠤᠭ᠎ᠠ ᠪᠦᠷᠢᠳᠬᠡᠯ ᠤᠨ ᠣᠳᠣᠬᠢᠴᠢᠯᠠᠯᠲᠠ ᠶᠢᠨ ᠥᠭᠡᠷᠡᠴᠢᠯᠡᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠦᠨᠡᠨ ᠬᠦ ᠠᠳᠬᠤᠵᠤ  ᠂ ᠪᠣᠳᠠᠲᠠᠢ ᠦᠷ᠎ᠡ ᠪᠦᠲᠦᠮᠵᠢ ᠶᠢ ᠡᠷᠬᠢᠮᠯᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠡᠮᠦᠨ᠎ᠡ ᠨᠢ ᠴᠢᠩᠭ᠎ᠠ ᠬᠤᠶᠢᠨ᠎ᠠ ᠨᠢ ᠰᠤᠯᠠ᠂ ᠪᠠᠷᠰ ᠤᠨ ᠲᠣᠯᠣᠭᠠᠢ ᠪᠠᠷ ᠡᠬᠢᠯᠡᠭᠡᠳ ᠮᠣᠭᠠᠢ ᠶᠢᠨ ᠰᠡᠭᠦᠯ ᠢᠶᠠᠷ ᠲᠡᠭᠦᠰᠬᠡᠬᠦ ᠶᠢ ᠡᠷᠡᠰ ᠰᠡᠷᠭᠡᠶᠢᠯᠡᠵᠦ᠂ ᠰᠣᠩᠭᠤᠯᠲᠠ ᠲᠠᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠰᠡᠷᠭᠡᠶᠢᠯᠡᠵᠦ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠢ ᠲᠤᠭᠤᠰᠢᠲᠠᠢ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠢ᠃    ᠭᠤᠷᠪᠠ᠂ ᠬᠠᠷᠢᠭᠤ ᠲᠤᠰᠬᠠᠭᠰᠠᠨ ᠠᠰᠠᠭᠤᠳᠠᠯ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ   ︵ᠨᠢᠭᠡ︶ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠤᠷᠤᠯᠴᠠᠨ ᠲᠤᠭᠤᠰᠢᠯᠠᠭᠤᠯᠬᠤ ᠲᠠᠯ᠎ᠠ ᠪᠠᠷ  ᠄1. ᠴᠠᠭ ᠲᠤᠬᠠᠶ ᠳᠤᠨᠢ ᠤᠯᠠᠮᠵᠢᠯᠠᠨ ᠰᠤᠷᠤᠯᠴᠠᠬᠤ ᠥᠬᠡᠶ᠃    ︵1︶ ᠰᠢᠮᠳᠠᠭᠤᠯᠤᠨ ᠪᠠᠶᠢᠴᠠᠭᠠᠵᠤ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠰᠠᠨᠠᠯ︾ ᠢ ᠤᠯᠠᠮᠵᠢᠯᠠᠨ ᠰᠤᠷᠤᠯᠴᠠᠬᠤ ᠠᠵᠢᠯ  ᠤᠨ ᠲᠠᠯ᠎ᠠ ᠪᠠᠷ᠄ᠱᠠᠭᠠᠷᠳᠠᠯᠭ᠎ᠠ ᠶᠣᠰᠣᠭᠠᠷ ᠴᠠᠭ ᠲᠤᠬᠠᠶ ᠳᠤᠨᠢ ᠵᠣᠬᠢᠶᠠᠨ ᠪᠠᠶᠢᠭᠤᠯᠵᠤ ᠥᠷᠨᠢᠭᠦᠯᠦᠭᠰᠡᠨ ᠥᠬᠡᠶ᠃    ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄    ᠰᠢᠶᠠᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠢᠳᠬᠡᠬᠦ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠎ᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠲᠥᠪ ᠤᠨ ︽ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ ᠲᠤᠬᠠᠶ ᠰᠠᠨᠠᠯ︾ ︵ᠲᠥᠪ ᠠᠯᠪᠠᠨ ᠲᠠᠷᠬᠠᠭᠠᠭᠰᠠᠨ 201676 ᠳ᠋ᠤᠭᠠᠷ ᠲᠣᠭᠠᠲᠤ᠂ ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠂ ︽ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠠᠷᠢᠭᠤᠴᠠᠯᠭ᠎ᠠ ᠲᠠᠢ ᠬᠥᠮᠦᠨ ᠳᠤ ᠰᠢᠳᠬᠡᠯ ᠥᠭᠴᠦ  ᠰᠢᠢᠳᠪᠦᠷᠢᠯᠡᠬᠦ ᠰᠠᠨᠠᠭᠤᠯᠭ᠎ᠠ ᠶᠢᠨ ᠠᠷᠭ᠎ᠠ︾ ︵ᠲᠢᠩᠬᠢᠮ ᠥᠰᠥᠭ 201737 ᠳ᠋ᠤᠭᠠᠷ ᠲᠣᠭᠠᠲᠤ᠂ ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠵᠢᠴᠢ ︽ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠶᠢ ᠰᠢᠮᠳᠠᠭᠤᠯᠤᠨ ᠪᠠᠶᠢᠴᠠᠭᠠᠬᠤ ᠠᠵᠢᠯ ᠤᠨ ᠲᠣᠭᠲᠠᠭᠠᠯ︾ ︵ᠲᠢᠩᠬᠢᠮ ᠥᠰᠥᠭ 201877᠃ 5 ᠰᠠᠷ᠎ᠠ ᠶᠢᠨ 15 ᠤ ᠡᠳᠦᠷ ᠠᠴᠠ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠢᠶ᠎ᠠ ᠪᠤᠶᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ︽ᠠᠷᠭ᠎ᠠ︾᠂ ︽ᠲᠣᠭᠲᠠᠭᠠᠯ︾ ᠢ ᠲᠠᠬᠢᠨ ᠰᠤᠷᠤᠯᠴᠠᠵᠤ ᠲᠠᠬᠢᠨ ᠲᠤᠭᠤᠰᠢᠯᠠᠭᠤᠯᠵᠤ ᠲᠠᠬᠢᠨ ᠨᠠᠶᠢᠳᠠᠪᠤᠷᠢᠵᠢᠭᠤᠯᠤᠨ᠎ᠠ᠃    ᠬᠠᠷᠢᠭᠤᠴᠠᠯᠭᠠᠲᠤ ᠨᠢᠭᠡᠴᠡ᠄ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ    ᠪᠡᠶᠡᠯᠡᠭᠦᠯᠬᠦ ᠴᠠᠭ ᠬᠤᠭᠤᠴᠠᠭ᠎ᠠ᠄ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ 2021 ᠣᠨ ᠤ 5 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠪᠣᠳᠠᠲᠤ ᠦᠷ᠎ᠡ ᠪᠦᠳᠦᠮᠵᠢ  ᠶᠢ ᠣᠯᠤᠨ᠎ᠠ᠃ ︵2︶ ᠰᠢᠪᠠᠳᠠᠨ ᠪᠠᠶᠢᠴᠠᠭᠠᠭᠳᠠᠬᠤ ᠬᠡᠰᠡᠭ ᠬᠤᠲᠠ ᠰᠢᠶᠠᠨ ᠤ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠰᠢᠪᠠᠳᠠᠨ ᠪᠠᠶᠢᠴᠠᠭᠠᠬᠤ ᠳᠤᠭᠤᠶᠢᠯᠠᠩ ᠣᠷᠣᠵᠤ ᠰᠠᠭᠤᠬᠤ ᠠᠴᠠ ᠡᠮᠦᠨ᠎ᠡ ᠰᠠᠶ᠋ᠢ ᠵᠣᠬᠢᠶᠠᠨ ᠪᠠᠶᠢᠭᠤᠯᠵᠤ ᠰᠤᠷᠤᠯᠴᠠᠬᠤ ᠦᠵᠡᠭᠳᠡᠯ ᠣᠷᠣᠰᠢᠵᠤ ᠪᠠᠶᠢᠨ᠎ᠠ᠃    ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄    ᠶᠡᠷᠦᠩᠬᠡᠶ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠤᠭ᠎ᠠ ᠪᠦᠷᠢᠳᠬᠡᠯ ᠤᠨ ᠠᠵᠢᠯ ᠤᠨ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠠᠭ ᠲᠤᠬᠠᠶ ᠳᠤᠨᠢ ᠤᠯᠠᠮᠵᠢᠯᠠᠨ ᠰᠤᠷᠤᠯᠴᠠᠵᠤ᠂ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠰᠤᠷᠤᠯᠴᠠᠬᠤ ᠬᠡᠷᠡᠭᠲᠡᠶ᠃    ᠬᠠᠷᠢᠭᠤᠴᠠᠯᠭᠠᠲᠤ ᠨᠢᠭᠡᠴᠡ᠄ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ    ᠪᠡᠶᠡᠯᠡᠭᠦᠯᠬᠦ ᠴᠠᠭ ᠬᠤᠭᠤᠴᠠᠭ᠎ᠠ᠄ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠤᠷᠲᠤ ᠬᠤᠭᠤᠴᠠᠭ᠎ᠠ ᠪᠠᠷ ᠪᠡᠶᠡᠯᠡᠭᠦᠯᠦᠨ᠎ᠡ᠃2. ᠰᠤᠷᠤᠯᠭ᠎ᠠ ᠶᠢᠨ ᠦᠷ᠎ᠡ ᠪᠦᠲᠦᠮᠵᠢ ᠢᠯᠡᠷᠬᠡᠢ ᠪᠢᠰᠢ᠃ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠳᠤ ᠣᠯᠵᠤ ᠮᠡᠳᠡᠭᠰᠡᠨ ᠨᠢ᠂ ᠣᠨᠴᠠ ᠵᠠᠷᠢᠮ ᠰᠢᠪᠠᠳᠠᠨ ᠪᠠᠶᠢᠴᠠᠭᠠᠭᠳᠠᠬᠤ ᠭᠠᠵᠠᠷ ᠣᠷᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠪᠤᠰᠤ ᠠᠵᠢᠯᠲᠠᠨ ᠤ ᠬᠠᠭᠠᠰ ᠠᠴᠠ ᠳᠡᠭᠡᠭᠰᠢᠬᠢ ᠲᠣᠭᠠᠨ ᠤ ᠪᠠᠶᠢᠴᠠᠭᠠᠭᠳᠠᠭᠴᠢ ︽ᠰᠠᠨᠠᠯ︾ ᠤᠨ ᠵᠣᠷᠢᠭ ᠰᠠᠨᠠᠭ᠎ᠠ ᠪᠠ ᠭᠤᠤᠯ ᠠᠭᠤᠯᠭ᠎ᠠ ᠶᠢ ᠣᠨᠣᠪᠴᠢᠲᠠᠶ ᠡᠵᠡᠮᠰᠢᠭᠰᠡᠨ ᠥᠬᠡᠶ᠂ ᠴᠢᠨᠠᠭᠰᠢᠯᠠᠪᠠᠯ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠭᠰᠠᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠨᠢ ᠲᠡᠶᠢᠮᠦ ᠬᠦᠨᠳᠦ ᠨᠣᠴᠢᠲᠠᠶ ᠶᠠᠪᠤᠳᠠᠯ ᠪᠢᠰᠢ᠂ ᠡᠭᠦᠨ ᠠᠴᠠ ᠪᠣᠯᠵᠣ ᠰᠢᠳᠬᠡᠯ ᠤᠯᠬᠤ ᠥᠬᠡᠶ᠃    ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄    ᠨᠢᠭᠡ ᠳᠤ ᠪᠦᠬᠦ ᠰᠢᠶᠠᠨ ᠤ ᠲᠤᠭ᠎ᠠ ᠪᠦᠷᠢᠳᠬᠡᠯ ᠤᠨ ᠬᠠᠤᠯᠢ ᠰᠠᠬᠢᠯᠭ᠎ᠠ ᠠᠴᠠ ᠵᠥᠷᠢᠴᠡᠭᠰᠡᠨ ᠬᠡᠷᠡᠭ ᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢ ᠵᠢᠯ ᠪᠦᠷᠢ ᠨᠢᠭᠡ ᠤᠳᠠᠭ᠎ᠠ ᠬᠤᠷᠠᠯᠳᠤᠭᠤᠯᠵᠤ᠂ ᠡᠯ᠎ᠡ ᠲᠥᠷᠥᠯ ᠤᠨ ᠲᠤᠭ᠎ᠠ ᠪᠦᠷᠢᠳᠬᠡᠯ ᠤᠨ ᠪᠠᠶᠢᠴᠠᠭᠠᠭᠳᠠᠬᠤ ᠡᠲᠡᠭᠡᠳ᠂ ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠬᠠᠤᠯᠢ ᠰᠠᠬᠢᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠬᠤ ᠬᠡᠷᠡᠭᠲᠡᠶ᠃    ᠬᠠᠷᠢᠭᠤᠴᠠᠯᠭᠠᠲᠤ ᠨᠢᠭᠡᠴᠢ᠄ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ    ᠪᠡᠶᠡᠯᠡᠭᠦᠯᠬᠦ ᠴᠠᠭ ᠬᠤᠭᠤᠴᠠᠭ᠎ᠠ᠄ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠤᠷᠲᠤ ᠬᠤᠭᠤᠴᠠᠭ᠎ᠠ ᠪᠠᠷ ᠬᠢᠨ᠎ᠡ᠃ ᠬᠤᠶᠠᠷ ᠲᠤ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠰᠢᠮᠳᠠᠭᠤᠯᠤᠨ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ︽ᠰᠠᠨᠠᠯ︾᠂ ︽ᠠᠷᠭ᠎ᠠ︾᠂ ︽ᠲᠣᠭᠲᠠᠭᠠᠯ︾ ᠢᠶᠠᠷ ᠭᠤᠤᠯ ᠠᠭᠤᠯᠭ᠎ᠠ ᠪᠣᠯᠭᠠᠵᠤ᠂ ᠲᠣᠰ ᠰᠠᠯᠠᠭ᠎ᠠ ᠮᠥᠴᠢᠷ ᠤᠨ ᠪᠥᠬᠦ ᠺᠠᠳ᠋ᠷ ᠢ ᠵᠣᠬᠢᠶᠠᠨ ᠪᠠᠶᠢᠭᠤᠯᠤᠨ 1 ᠤᠳᠠᠭ᠎ᠠ ᠲᠤᠰᠬᠠᠶ ᠰᠡᠳᠦᠪᠲᠦ ᠰᠤᠷᠤᠯᠴᠠᠯᠭ᠎ᠠ ᠥᠷᠨᠢᠭᠦᠯᠦᠨ᠎ᠡ ᠃ ᠡᠭᠦᠨ ᠤ ᠬᠠᠮᠲᠤ ᠬᠡᠪᠰᠢᠭᠰᠡᠨ ᠰᠤᠷᠤᠯᠴᠠᠯᠭ᠎ᠠ ᠶᠢᠨ ᠲᠣᠭᠲᠠᠴᠠ ᠶᠢ ᠪᠠᠶᠢᠭᠤᠯᠵᠤ᠂ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠲᠤᠰᠬᠠᠶ ᠰᠡᠳᠦᠪᠲᠦ ᠰᠤᠷᠤᠯᠴᠠᠯᠭ᠎ᠠ ᠲᠣᠬᠢᠷᠠᠭᠤᠯᠤᠨ᠎ᠠ᠃    ᠬᠠᠷᠢᠭᠤᠴᠠᠯᠭᠠᠲᠤ ᠨᠢᠭᠡᠴᠡ᠄ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ    ᠪᠡᠶᠡᠯᠡᠭᠦᠯᠬᠦ ᠴᠠᠭ ᠬᠤᠭᠤᠴᠠᠭ᠎ᠠ᠄ ᠲᠤᠰᠬᠠᠶ ᠰᠡᠳᠦᠪᠲᠦ ᠰᠤᠷᠤᠯᠴᠠᠯᠭ᠎ᠠ ᠶᠢᠨ ᠪᠠᠶᠢᠳᠠᠯ᠃2021 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠶᠠᠨ ᠤ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠠᠯᠪᠠᠨ ᠬᠡᠷ ᠲᠤ ᠮᠡᠳᠡᠭᠦᠯᠬᠦ ᠶᠢᠨ ᠬᠠᠮᠲᠤ᠂  ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ᠃ 3 . ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠷᠴᠢᠮ ᠬᠦᠷᠦᠯᠴᠡᠬᠦ ᠥᠬᠡᠶ᠃    ︵1︶ ᠰᠢᠮᠳᠠᠭᠤᠯᠤᠨ ᠪᠠᠶᠢᠴᠠᠭᠠᠵᠤ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠠᠷᠭ᠎ᠠ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠱᠠᠭᠠᠷᠳᠠᠯᠭ᠎ᠠ ᠶᠣᠰᠣᠭᠠᠷ ᠰᠤᠳᠤᠯᠤᠨ ᠲᠣᠭᠲᠠᠭᠠᠭᠰᠠᠨ ᠥᠬᠡᠶ᠃    ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄    ᠥᠪᠡᠷᠲᠡᠭᠡᠨ ᠵᠠᠰᠠᠬᠤ ᠣᠷᠣᠨ ︽ᠠᠷᠭ᠎ᠠ︾ ᠶᠢᠨ ᠪᠣᠳᠠᠲᠠᠶ ᠠᠷᠭ᠎ᠠ ᠬᠡᠮᠵᠢᠶ᠎ᠡ ᠶᠢ ᠲᠣᠭᠲᠠᠭᠠᠭᠰᠠᠨ ᠤ ᠳᠠᠷᠠᠭ᠎ᠠ᠂ ᠮᠠᠨ ᠤ ᠰᠢᠶᠠᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠪᠠ᠃    ᠬᠠᠷᠢᠭᠤᠴᠠᠯᠭᠠᠲᠤ ᠨᠢᠭᠡᠴᠡ᠄ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ    ᠪᠡᠶᠡᠯᠡᠭᠦᠯᠬᠦ ᠴᠠᠭ ᠬᠤᠭᠤᠴᠠᠭ᠎ᠠ᠄ 2021 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠣᠳᠠᠲᠤ ᠦᠷ᠎ᠡ ᠪᠦᠲᠦᠮᠵᠢ ᠣᠯᠵᠤ᠂ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ᠃ ︵2︶ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠭᠡᠳ ᠣᠯᠵᠤ ᠮᠡᠳᠡᠭᠰᠡᠨ ᠨᠢ᠂ ᠬᠡᠰᠡᠭ ᠤᠳᠤᠷᠢᠳᠬᠤ ᠺᠠᠳ᠋ᠷ ᠮᠥᠨ ᠯᠡ ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠣᠶ ᠪᠣᠯᠭᠠᠭᠰᠠᠨ ᠥᠬᠡᠶ᠂ 62 . 7 % ᠶᠢᠨ ᠪᠠᠶᠢᠴᠠᠭᠠᠭᠳᠠᠭᠴᠢ ︽ᠳᠡᠭᠡᠳᠦ ᠱᠠᠲᠤᠨ ᠠᠴᠠ ᠪᠠᠭᠤᠯᠭᠠᠭᠰᠠᠨ ᠠᠵᠤ ᠠᠬᠤᠶ ᠶᠢᠨ ᠬᠠᠷᠠᠯᠲᠠ ᠶᠢ ᠵᠠᠳᠠᠯᠬᠤ ᠡᠭᠦᠷᠭᠡ ᠨᠢ ᠪᠣᠳᠠᠲᠤ ᠪᠠᠶᠢᠳᠠᠯ ᠲᠠᠢ ᠨᠡᠶᠢᠴᠡᠬᠦ ᠥᠬᠡᠶ᠂ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠴᠢᠩᠭ᠎ᠠ ᠬᠢᠨᠠᠨ ᠰᠢᠯᠭᠠᠵᠤ᠂ ᠣᠷᠣᠨ ᠨᠤᠲᠤᠭ ᠪᠤᠶᠤ ᠰᠠᠯᠠᠭ᠎ᠠ ᠮᠥᠴᠢᠷ ᠤᠨ ᠬᠢᠨᠠᠨ ᠰᠢᠯᠭᠠᠬᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠳᠠᠷᠤᠯᠲᠠ ᠶᠡᠭᠡ ᠪᠠᠶᠢᠨ᠎ᠠ︾ ᠭᠡᠵᠦ ᠦᠵᠡᠵᠦ ᠪᠠᠶᠢᠨ᠎ᠠ︔ 57 . 2 % ᠤᠨ ᠪᠠᠶᠢᠴᠠᠭᠠᠭᠳᠠᠭᠴᠢ ᠮᠥᠨ ᠯᠡ ︽ᠲᠤᠭ᠎ᠠ ᠪᠠᠷᠢᠮᠲᠠ ᠨᠢ ᠨᠣᠶᠠᠨ ᠵᠡᠷᠭᠡ ᠠᠴᠠ ᠭᠠᠷᠬᠤ︾ ᠶᠢ ᠢᠲᠡᠭᠡᠵᠦ᠂ ᠲᠣᠭᠠᠨ ᠤ ᠠᠵᠢᠯ ᠤᠨ ᠪᠦᠲᠦᠮᠵᠢ ᠪᠠᠷ ᠳᠡᠮᠵᠢᠨ ᠵᠡᠷᠭᠡ ᠳᠡᠪᠰᠢᠵᠦ ᠪᠣᠯᠤᠨ᠎ᠠ ᠭᠡᠵᠦ ᠦᠵᠡᠵᠦ ᠪᠠᠶᠢᠨ᠎ᠠ᠃    ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄    ᠨᠢᠭᠡ ᠳᠤ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠪᠠᠶᠢᠳᠠᠯ ᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠤᠯᠤᠰ ᠲᠥᠷᠥ ᠶᠢᠨ ᠠᠮᠢ ᠠᠬᠤᠶ ᠶᠢ ᠬᠢᠨᠠᠨ ᠬᠡᠮᠵᠢᠵᠦ ᠦᠨᠡᠯᠡᠨ ᠵᠢᠱᠢᠬᠦ ᠠᠭᠤᠯᠭ᠎ᠠ ᠳᠤ ᠣᠷᠣᠭᠤᠯᠤᠨ᠎ᠠ᠃    ᠬᠠᠷᠢᠭᠤᠴᠠᠯᠭᠠᠲᠤ ᠨᠢᠭᠡᠴᠢ᠄ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ    ᠪᠡᠶᠡᠯᠡᠭᠦᠯᠬᠦ ᠴᠠᠭ ᠬᠤᠭᠤᠴᠠᠭ᠎ᠠ᠄ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠤᠷᠲᠤ ᠬᠤᠭᠤᠴᠠᠭ᠎ᠠ ᠪᠠᠷ ᠪᠠᠷᠢᠮᠳᠠᠯᠠᠨ᠎ᠠ᠃ ᠬᠤᠶᠠᠷ ᠲᠤ ᠵᠠᠰᠠᠭ ᠤᠨ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠠᠵᠢᠯ ᠢ ᠰᠠᠶᠢᠵᠢᠷᠠᠭᠤᠯᠤᠨ ᠲᠡᠭᠦᠯᠳᠡᠷᠵᠢᠭᠦᠯᠵᠦ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠵᠥᠪ ᠬᠥᠭᠵᠢᠯᠲᠡ ᠶᠢᠨ ᠦᠵᠡᠯᠲᠡ᠂ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠪᠠ ᠬᠤᠷᠳᠤᠴᠠ ᠶᠢᠨ ᠦᠵᠡᠯᠲᠡ ᠶᠢ ᠪᠤᠢ ᠪᠣᠯᠭᠠᠨ᠎ᠠ᠃    ᠬᠠᠷᠢᠭᠤᠴᠠᠯᠭᠠᠲᠤ ᠨᠢᠭᠡᠴᠢ᠄ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ    ᠪᠡᠶᠡᠯᠡᠭᠦᠯᠬᠦ ᠴᠠᠭ ᠬᠤᠭᠤᠴᠠᠭ᠎ᠠ᠄ ᠨᠠᠶᠢᠳᠠᠪᠤᠷᠢᠵᠢᠭᠤᠯᠬᠤ ᠠᠵᠢᠯ ᠢ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠶᠠᠨ ᠤ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠯᠪᠠᠨ ᠬᠡᠷ  ᠲᠤ ᠮᠡᠳᠡᠭᠦᠯᠦᠨ᠎ᠡ᠃ ᠭᠤᠷᠪᠠ ᠳᠤ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠭᠳᠡᠭᠰᠡᠨ ᠪᠠᠶᠢᠳᠠᠯ ᠢ ᠪᠦᠷᠢᠳᠬᠡᠵᠦ ᠣᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠶᠢ ᠠᠬᠢᠭᠤᠯᠬᠤ ᠭᠦᠶ᠋ᠴᠡᠳᠬᠡᠯ ᠲᠤᠭ᠎ᠠ ᠶᠢᠨ ᠬᠤᠪᠢ ᠬᠠᠰᠤᠬᠤ  ᠵᠦᠢᠯᠡᠰ ᠪᠣᠯᠭᠠᠪᠠ᠃    ᠬᠠᠷᠢᠭᠤᠴᠠᠯᠭᠠᠲᠤ ᠨᠢᠭᠡᠴᠢ᠄ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ    ᠪᠡᠶᠡᠯᠡᠭᠦᠯᠬᠦ ᠴᠠᠭ ᠬᠤᠭᠤᠴᠠᠭ᠎ᠠ᠄ ᠨᠠᠶᠢᠳᠠᠪᠤᠷᠢᠵᠢᠭᠤᠯᠬᠤ ᠠᠵᠢᠯ ᠢ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠶᠠᠨ ᠤ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠯᠪᠠᠨ ᠬᠡᠷ  ᠲᠤ ᠮᠡᠳᠡᠭᠦᠯᠦᠨ᠎ᠡ᠃ 4 . ᠲᠤᠭ᠎ᠠ ᠪᠦᠷᠢᠳᠬᠡᠯ ᠤᠨ ᠠᠵᠢᠯ ᠢ ᠴᠢᠬᠤᠯᠠᠴᠢᠯᠠᠭᠰᠠᠨ ᠬᠡᠮᠵᠢᠶ᠎ᠡ ᠬᠦᠷᠦᠯᠴᠡᠬᠦ ᠦᠭᠡᠶ ᠪᠠᠶᠢᠨ᠎ᠠ᠃ ᠣᠨᠴᠠ ᠵᠠᠷᠢᠮ ᠶᠠᠷᠢᠯᠴᠠᠭ᠎ᠠ ᠠᠴᠠ ᠣᠯᠵᠤ ᠮᠡᠳᠡᠭᠰᠡᠨ ᠨᠢ᠂ ᠬᠡᠰᠡᠭ ᠬᠤᠲᠠ ᠰᠢᠶᠠᠨ ᠤ ᠨᠠᠮ ᠵᠠᠰᠠᠭ ᠤᠨ ᠤᠳᠤᠷᠢᠳᠤᠯᠭ᠎ᠠ ᠲᠤᠭ᠎ᠠ ᠪᠦᠷᠢᠳᠬᠡᠯ ᠤᠨ ᠠᠵᠢᠯ ᠤᠨ ᠴᠢᠳᠠᠮᠵᠢ ᠶᠢᠨ ᠦᠢᠯᠡᠳᠦᠯ ᠤᠨ ᠲᠤᠬᠠᠶ ᠲᠠᠨᠢᠯᠲᠠ ᠳᠤᠲᠠᠮᠠᠭ ᠪᠠᠶᠢᠵᠤ᠂ ᠲᠤᠭ᠎ᠠ ᠪᠦᠷᠢᠳᠬᠡᠯ ᠤᠨ ᠠᠵᠢᠯ ᠢ ᠴᠢᠬᠤᠯᠠᠴᠢᠯᠠᠬᠤ ᠬᠡᠮᠵᠢᠶ᠎ᠡ ᠨᠢ ᠣᠷᠴᠢᠨ ᠠᠬᠤᠶ ᠶᠢᠨ ᠬᠠᠮᠠᠭᠠᠯᠠᠯᠲᠠ ᠳᠤ ᠬᠤᠯᠠ ᠬᠥᠷᠬᠦ ᠥᠬᠡᠶ ᠪᠠᠶᠢᠵᠤ᠂ ᠠᠶᠤᠯ ᠥᠬᠡᠶ ᠦᠢᠯᠡᠳᠪᠦᠷᠢᠯᠡᠯ ᠤᠨ ᠠᠵᠢᠯ ᠳᠤ ᠲᠤᠰᠬᠠᠶ ᠰᠡᠳᠦᠪ ᠢᠶᠠᠷ ᠲᠤᠭ᠎ᠠ ᠪᠦᠷᠢᠳᠬᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠨᠢ ᠣᠯᠠᠨ ᠪᠢᠰᠢ ᠪᠠᠶᠢᠨ᠎ᠠ᠃    ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄    ᠨᠢᠭᠡ ᠳᠤ ᠲᠤᠭ᠎ᠠ ᠪᠦᠷᠢᠳᠬᠡᠯ ᠤᠨ ᠠᠵᠢᠯ ᠢ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠭᠤᠣᠯᠳᠠᠯᠭ᠎ᠠ ᠲᠠᠢ ᠬᠢᠨᠠᠯᠲᠠ ᠲᠠᠯᠪᠢᠬᠤ ᠠᠭᠤᠯᠭ᠎ᠠ ᠳᠤ ᠣᠷᠣᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠵᠠᠯᠠᠷᠠᠭᠤᠯᠪᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ︽ᠠᠷᠭ᠎ᠠ︾ ︽ᠲᠣᠭᠲᠠᠭᠠᠯ︾ ᠤᠨ ᠪᠠᠶᠢᠳᠠᠯ ᠢ ᠤᠯᠠᠮᠵᠢᠯᠠᠨ ᠰᠤᠷᠤᠯᠴᠠᠵᠦ ᠲᠤᠰᠬᠠᠢ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠪᠡ᠃    ᠬᠠᠷᠢᠭᠤᠴᠠᠯᠭᠠᠲᠤ ᠨᠢᠭᠡᠴᠢ᠄ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠰᠢᠶᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠭᠡᠷ    ᠪᠡᠶᠡᠯᠡᠭᠦᠯᠬᠦ ᠴᠠᠭ ᠬᠤᠭᠤᠴᠠᠭ᠎ᠠ᠄ 2021 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ᠃ ᠬᠤᠶᠠᠷ ᠲᠤ ᠰᠢᠶᠠᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠵᠤ ᠲᠤᠭ᠎ᠠ ᠪᠦᠷᠢᠳᠬᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠨ᠎ᠠ᠃    ᠬᠠᠷᠢᠭᠤᠴᠠᠯᠭᠠᠲᠤ ᠨᠢᠭᠡᠴᠢ᠄ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠃ ᠪᠡᠶᠡᠯᠡᠭᠦᠯᠬᠦ ᠴᠠᠭ ᠬᠤᠭᠤᠴᠠᠭ᠎ᠠ᠄ 2021 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ    ᠭᠤᠷᠪᠠ ᠳᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠲᠤᠭ᠎ᠠ ᠪᠦᠷᠢᠳᠬᠡᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠲᠤᠭ᠎ᠠ ᠪᠦᠷᠢᠳᠬᠡᠯ ᠳᠤ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠴᠢᠩᠭᠠᠷᠠᠭᠤᠯᠵᠤ᠂ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃    ᠬᠠᠷᠢᠭᠤᠴᠠᠯᠭᠠᠲᠤ ᠨᠢᠭᠡᠴᠢ᠄ ᠰᠢᠶᠠᠨ ᠤ ᠨᠠᠮ ᠤᠨ ᠬᠤᠷᠢᠶᠠᠨ ᠤ ᠣᠷᠣᠨ ᠲᠣᠭᠠᠨ ᠤ ᠠᠯᠪᠠᠨ ᠭᠡᠷ᠃ ᠪᠡᠶᠡᠯᠡᠭᠦᠯᠬᠦ ᠴᠠᠭ ᠬᠤᠭᠤᠴᠠᠭ᠎ᠠ᠄ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠣᠳᠠᠲᠤ ᠴᠢᠨᠠᠷᠲᠠᠶ ᠠᠬᠢᠴᠠ ᠲᠠᠢ ᠪᠣᠯᠭᠠᠵᠤ᠂  ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ᠃ 5 . ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ︽ᠨᠢᠭᠡ ᠪᠢᠯᠧᠲ ᠢᠶᠠᠷ ᠦᠭᠡᠶᠢᠰᠬᠡᠬᠦ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠤᠭᠰᠠᠨ ᠥᠬᠡᠶ᠃ ᠣᠨᠴᠠ ᠵᠠᠷᠢᠮ ᠱᠠᠯᠠᠪᠳᠠᠭᠤᠯᠤᠨ ᠪᠠᠶᠢᠴᠠᠭᠠᠭᠳᠠᠵᠤ ᠪᠠᠶᠢᠭ᠎ᠠ ᠭᠠᠵᠠᠷ ᠣᠷᠣᠨ ᠬᠤᠯᠪᠣᠭᠳᠠᠯ ᠪᠦᠬᠦᠢ ᠵᠢᠱᠢᠭᠳᠡᠭᠴᠢ ᠶᠢᠨ ᠬᠤᠳᠠᠯ ᠬᠠᠭᠤᠷᠮᠠᠭ ᠪᠦᠷᠢᠳᠬᠡᠭᠰᠡᠨ ᠬᠡᠷᠡᠭ ᠲᠠᠬᠢ ᠠᠷᠭᠠᠴᠠᠭᠠᠬᠤ ᠬᠠᠷᠢᠭᠤᠴᠠᠯᠭ᠎ᠠ ᠶᠢ ᠭᠦᠨᠵᠡᠭᠡᠢ ᠤᠢᠢᠯᠠᠭᠠᠭᠰᠠᠨ ᠦᠭᠡᠢ ᠪᠠᠶᠢᠳᠠᠯ ᠳᠣᠣᠷ᠎ᠠ᠂ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠬᠠᠷᠢᠭᠤᠴᠠᠯᠭ᠎ᠠ ᠲᠠᠢ ᠬᠥᠮᠦᠨ ᠢ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠶᠢᠨ ᠵᠢᠱᠢᠭᠳᠡᠭᠴᠢ ᠪᠠᠷ ᠨᠡᠷ᠎ᠡ ᠳᠤᠷᠠᠳᠪᠠ᠃    ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄    ᠨᠢᠭᠡ ᠳᠤ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ︽ᠰᠠᠨᠠᠯ︾ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠤᠳᠤᠷᠢᠳᠬᠤ ᠺᠠᠳ᠋ᠷ ᠤᠨ ᠲᠤᠭ᠎ᠠ ᠪᠦᠷᠢᠳᠬᠡᠯ ᠤᠨ ᠠᠵᠢᠯ ᠤᠨ ᠬᠢᠨᠠᠨ ᠰᠢᠯᠭᠠᠬᠤ ᠬᠠᠮᠢᠶᠠᠷᠤᠯᠲᠠ ᠶᠢ ᠴᠢᠩᠭᠠᠳᠬᠠᠵᠤ᠂ ᠲᠤᠰᠢᠶᠠᠯ ᠳᠤ ᠲᠣᠮᠢᠯᠠᠬᠤ ᠬᠢᠨᠠᠨ ᠪᠠᠶᠢᠴᠠᠭᠠᠯᠲᠠ ᠪᠠ ᠺᠠᠳ᠋ᠷ ᠢ ᠬᠢᠨᠠᠨ ᠰᠢᠯᠭᠠᠬᠤ ᠳᠠᠭᠠᠨ ᠬᠤᠯᠪᠣᠭᠳᠠᠯ ᠪᠦᠬᠦᠢ ᠵᠢᠱᠢᠭᠳᠡᠭᠴᠢ ᠨᠢ ᠲᠤᠭ᠎ᠠ ᠪᠦᠷᠢᠳᠬᠡᠯ ᠤᠨ ᠪᠠᠶᠢᠭᠤᠯᠤᠮᠵᠢ ᠪᠠ ᠲᠤᠭ᠎ᠠ ᠪᠦᠷᠢᠳᠬᠡᠯ ᠤᠨ ᠠᠵᠢᠯᠲᠠᠨ ᠤ ᠲᠤᠭ᠎ᠠ ᠪᠦᠷᠢᠳᠬᠡᠯ ᠤᠨ ᠠᠵᠢᠯ ᠢ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ ᠥᠷᠨᠢᠭᠦᠯᠬᠦ ᠶᠢ ᠳᠡᠮᠵᠢᠵᠦ ᠪᠠᠶᠢᠬᠤ ᠡᠰᠡᠬᠦ᠂ ᠬᠠᠷᠢᠯᠴᠠᠨ ᠮᠥᠴᠡᠭᠡᠷᠬᠡᠬᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠭᠰᠠᠨ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ ᠶᠢ ᠬᠥᠮᠦᠨ ᠰᠣᠩᠭᠤᠵᠤ ᠬᠥᠮᠦᠨ ᠬᠡᠷᠡᠭᠯᠡᠬᠦ ᠳᠤ ᠯᠠᠪᠯᠠᠯᠲᠠ ᠪᠣᠯᠭᠠᠬᠤ ᠦᠨᠳᠦᠰᠦᠯᠡᠯ ᠪᠣᠯᠭᠠᠵᠤ᠂ ᠲᠤᠭ᠎ᠠ ᠪᠦᠷᠢᠳᠬᠡᠯ ᠢ ᠬᠠᠭᠤᠷᠮᠠᠭᠯᠠᠨ ᠵᠣᠬᠢᠶᠠᠭᠰᠠᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠪᠠᠶᠢᠳᠠᠯ ᠳᠤ ︽ᠨᠢᠭᠡ ᠪᠢᠯᠧᠲ ᠢᠶᠠᠷ ᠦᠭᠡᠶᠢᠰᠬᠡᠬᠦ ᠳᠦᠷᠢᠮ︾ ᠢ ᠬᠡᠷᠡᠭᠵᠢᠭᠦᠯᠬᠦ ᠬᠡᠷᠡᠭᠲᠡᠶ᠃    ᠬᠠᠷᠢᠭᠤᠴᠠᠯᠭᠠᠲᠤ ᠨᠢᠭᠡᠴᠢ᠄ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ    ᠪᠡᠶᠡᠯᠡᠭᠦᠯᠬᠦ ᠴᠠᠭ ᠬᠤᠭᠤᠴᠠᠭ᠎ᠠ᠄ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ᠃ ᠬᠤᠶᠠᠷ ᠲᠤ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠣᠨ ᠤ ᠬᠢᠨᠠᠨ ᠰᠢᠯᠭᠠᠯᠲᠠ ᠳᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠠ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠰᠠᠨᠠᠯ ᠢ ᠬᠤᠷᠢᠶᠠᠵᠤ᠂ ᠬᠤᠳᠠᠯ ᠬᠠᠭᠤᠷᠮᠠᠭ ᠲᠤᠭ᠎ᠠ ᠪᠦᠷᠢᠳᠬᠡᠯ ᠬᠢᠵᠦ᠂ ᠬᠤᠳᠠᠯ ᠢᠶᠠᠷ ᠵᠣᠬᠢᠶᠠᠭᠠᠳ ︽ᠨᠢᠭᠡ ᠪᠢᠯᠧᠲ ᠢᠶᠠᠷ ᠦᠭᠡᠶᠢᠰᠬᠡᠭᠳᠡᠭᠰᠡᠨ︾ ᠭᠠᠵᠠᠷ ᠣᠷᠣᠨ ᠤ ᠤᠳᠤᠷᠢᠳᠬᠤ ᠪᠠᠭ ᠤᠨ ᠣᠨ ᠤ ᠬᠢᠨᠠᠨ ᠰᠢᠯᠭᠠᠯᠲᠠ ᠶᠢ ᠰᠢᠯᠢᠳᠡᠭ ᠲᠠᠰ ᠢᠶᠠᠷ ᠲᠣᠭᠲᠠᠭᠠᠵᠤ ᠪᠣᠯᠬᠤ ᠥᠬᠡᠶ᠃    ᠬᠠᠷᠢᠭᠤᠴᠠᠯᠭᠠᠲᠤ ᠨᠢᠭᠡᠴᠢ᠄ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ    ᠪᠡᠶᠡᠯᠡᠭᠦᠯᠬᠦ ᠴᠠᠭ ᠬᠤᠭᠤᠴᠠᠭ᠎ᠠ᠄ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ᠃ 6 . ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠢ ᠲᠣᠮᠢᠯᠠᠬᠤ ᠪᠠᠭᠤᠯᠭᠠᠬᠤ ᠰᠢᠯᠵᠢᠭᠦᠯᠬᠦ ᠳᠠᠪᠬᠤᠷ ᠬᠠᠮᠢᠶᠠᠷᠤᠯᠲᠠ ᠶᠢᠨ ᠲᠣᠭᠲᠠᠴᠠ ᠶᠢ ᠬᠡᠷᠡᠭᠵᠢᠭᠦᠯᠦᠭᠰᠡᠨ ᠢᠶᠠᠷ ᠬᠦᠷᠦᠯᠴᠡᠬᠦ ᠦᠭᠡᠶ᠃ ᠬᠡᠰᠡᠭ ᠭᠠᠵᠠᠷ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠢ ᠲᠣᠮᠢᠯᠠᠬᠤ ᠪᠠᠭᠤᠯᠭᠠᠬᠤ ᠰᠢᠯᠵᠢᠭᠦᠯᠬᠦ ᠠᠵᠢᠯ ᠪᠠᠶᠢᠴᠠᠭᠠᠬᠤ ᠳᠠᠭᠠᠨ ᠤᠷᠢᠳᠠᠪᠠᠷ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠵᠥᠪᠰᠢᠶᠡᠷᠡᠯ ᠢ ᠣᠯᠤᠭᠰᠠᠨ ᠦᠭᠡᠶ᠃    ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄    ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠤ ᠳᠠᠪᠬᠤᠷ ᠬᠠᠮᠢᠶᠠᠷᠤᠯᠲᠠ ᠶᠢᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠲᠤᠭ᠎ᠠ ᠪᠦᠷᠢᠳᠬᠡᠯ ᠤᠨ ᠲᠣᠪᠴᠢᠶᠠᠨ ᠤ ᠭᠤᠣᠯ ᠬᠠᠷᠢᠭᠤᠴᠠᠯᠭᠠᠲᠠᠨ ᠢ ᠲᠣᠮᠢᠯᠠᠬᠤ ᠪᠠᠭᠤᠯᠭᠠᠬᠤ᠂ ᠰᠢᠯᠵᠢᠭᠦᠯᠬᠦ᠂ ᠵᠢᠱᠢᠭᠳᠡᠭᠰᠡᠳ ᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠶᠠᠷᠢᠯᠴᠠᠭᠤᠯᠵᠤ ᠲᠣᠭᠲᠠᠭᠠᠯᠭᠠᠬᠤ ᠠᠴᠠ ᠡᠮᠦᠨ᠎ᠡ ᠳᠡᠭᠡᠳᠦ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠵᠥᠪᠰᠢᠶᠡᠷᠡᠯ ᠢ ᠣᠯᠬᠤ ᠬᠡᠷᠡᠭᠲᠡᠶ᠃    ᠬᠠᠷᠢᠭᠤᠴᠠᠯᠭᠠᠲᠤ ᠨᠢᠭᠡᠴᠢ᠄ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ    ᠪᠡᠶᠡᠯᠡᠭᠦᠯᠬᠦ ᠴᠠᠭ ᠬᠤᠭᠤᠴᠠᠭ᠎ᠠ᠄ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ᠣᠷᠳᠣ ᠬᠤᠭᠤᠴᠠᠭ᠎ᠠ ᠪᠠᠷ ᠪᠠᠷᠢᠮᠲᠠᠯᠠᠨ᠎ᠠ᠃ ︵ᠬᠤᠶᠠᠷ︶ ᠲᠤᠭ᠎ᠠ ᠪᠦᠷᠢᠳᠬᠡᠯ ᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ  ᠶᠢ ᠭᠦᠢᠴᠡᠳᠭᠡᠬᠦ ᠲᠠᠯ᠎ᠠ ᠪᠠᠷ᠄    1 . ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠲᠤᠭ᠎ᠠ ᠪᠦᠷᠢᠳᠬᠡᠯ ᠤᠨ ᠠᠵᠢᠯᠲᠠᠨ ᠤ ᠲᠤᠭ᠎ᠠ ᠪᠦᠷᠢᠳᠬᠡᠯ ᠤᠨ ᠡᠷᠬᠡ ᠲᠤᠰᠢᠶᠠᠯ ᠢᠶᠠᠨ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ ᠬᠡᠷᠡᠭᠵᠢᠭᠦᠯᠬᠦ ᠶᠢ ᠪᠠᠲᠤᠯᠠᠬᠤ ᠳᠤ ᠬᠦᠴᠢᠷᠲᠡᠶ ᠪᠠᠶᠢᠨ᠎ᠠ᠃    ︵1︶ ᠣᠨᠴᠠ ᠵᠠᠷᠢᠮ ᠰᠢᠪᠠᠳᠠᠨ ᠪᠠᠶᠢᠴᠠᠭᠠᠭᠳᠠᠬᠤ ᠭᠠᠵᠠᠷ ᠣᠷᠣᠨ 2017 ᠣᠨ ᠠᠴᠠ ᠨᠠᠰᠢ ᠲᠤᠭ᠎ᠠ ᠪᠦᠷᠢᠳᠬᠡᠯ ᠤᠨ ᠲᠣᠪᠴᠢᠶ᠎ᠠ ᠶᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠤᠨ ᠨᠣᠷᠮ᠎ᠠ ᠵᠡᠷᠭᠡ ᠭᠦᠶ᠋ᠴᠡᠳᠬᠡᠯ ᠲᠤᠭ᠎ᠠ ᠶᠢᠨ ᠣᠨ ᠤ ᠬᠠᠷᠠᠯᠲᠠᠲᠤ ᠡᠭᠦᠷᠭᠡ ᠶᠢᠨ ᠲᠦᠷᠦᠭᠦᠯᠡᠬᠦ ᠨᠢᠭᠡᠴᠢ ᠪᠤᠶᠤ ᠬᠠᠷᠢᠭᠤᠴᠠᠯᠭᠠᠲᠤ ᠨᠢᠭᠡᠴᠢ ᠪᠣᠯᠭᠠᠵᠤ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠲᠤᠭ᠎ᠠ ᠪᠦᠷᠢᠳᠬᠡᠯ ᠤᠨ ᠡᠷᠬᠡ ᠲᠤᠰᠢᠶᠠᠯ ᠢᠶᠠᠨ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ ᠬᠡᠷᠡᠭᠵᠢᠭᠦᠯᠬᠦ ᠶᠢ ᠨᠥᠯᠥᠭᠡᠯᠡᠪᠡ᠃    ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄    ᠱᠠᠯᠠᠪᠳᠠᠭᠤᠯᠤᠨ ᠪᠠᠶᠢᠴᠠᠭᠠᠬᠤ ᠱᠠᠭᠠᠷᠳᠠᠯᠭ᠎ᠠ ᠶᠢ ᠦᠨᠳᠦᠰᠦᠯᠡᠨ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠲᠤᠭ᠎ᠠ ᠪᠦᠷᠢᠳᠬᠡᠯ ᠤᠨ ᠲᠤᠪᠴᠢᠶ᠎ᠠ ᠶᠢ ᠨᠡᠶᠢᠭᠡᠮ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠬᠠᠷᠢᠭᠤᠴᠠᠯᠭᠠᠲᠤ ᠨᠢᠭᠡᠴᠢ ᠪᠣᠯᠭᠠᠭᠰᠠᠨ ᠢ ᠴᠡᠭᠴᠡᠯᠡᠨ ᠵᠠᠯᠠᠷᠠᠭᠤᠯᠪᠠ᠃    ᠬᠠᠷᠢᠭᠤᠴᠠᠯᠭᠠᠲᠤ ᠨᠢᠭᠡᠴᠢ᠄ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠃ ᠪᠡᠶᠡᠯᠡᠭᠦᠯᠬᠦ ᠴᠠᠭ ᠬᠤᠭᠤᠴᠠᠭ᠎ᠠ᠄ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠵᠤ᠂ 2021 ᠣᠨ ᠤ 7 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠪᠣᠳᠠᠲᠤ ᠦᠷ᠎ᠡ ᠪᠦᠲᠦᠮᠵᠢ ᠶᠢ ᠣᠯᠤᠨ᠎ᠠ᠃ ︵2︶ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠯᠲᠠ ᠬᠢᠭᠡᠳ ᠣᠯᠵᠤ ᠮᠡᠳᠡᠭᠰᠡᠨ ᠨᠢ᠂ ᠣᠨᠴᠠ ᠵᠠᠷᠢᠮ ᠭᠠᠵᠠᠷ ᠣᠷᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠶᠢᠨ ᠪᠤᠰᠤ ᠠᠵᠢᠯᠲᠠᠨ ᠤ 60 % ᠨᠢ ᠲᠤᠭ᠎ᠠ ᠪᠦᠷᠢᠳᠬᠡᠯ ᠤᠨ ᠠᠵᠢᠯ ᠤᠨ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ ᠲᠤᠭ᠎ᠠ ᠪᠦᠷᠢᠳᠬᠡᠯ ᠤᠨ ᠡᠭᠦᠷᠭᠡ ᠴᠢᠳᠠᠪᠤᠷᠢ ᠪᠠᠨ ᠭᠦᠢᠴᠡᠳᠬᠡᠵᠦ ᠪᠠᠶᠢᠭ᠎ᠠ ᠪᠠᠶᠢᠳᠠᠯ ᠢ ᠣᠶᠢᠯᠠᠭᠠᠵᠤ ᠳᠡᠶᠢᠯᠬᠦ ᠦᠭᠡᠶ ᠪᠠᠶᠢᠵᠤ᠂ ᠬᠡᠷᠡᠭᠴᠡᠭᠡ ᠶᠢ ᠦᠨᠳᠦᠰᠦᠯᠡᠨ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠪᠣᠯᠤᠨ ᠲᠤᠭ᠎ᠠ ᠪᠦᠷᠢᠳᠬᠡᠯ ᠤᠨ ᠠᠵᠢᠯᠲᠠᠨ ᠢ ᠲᠤᠭ᠎ᠠ ᠪᠦᠷᠢᠳᠬᠡᠯ ᠳᠤ ᠵᠠᠰᠠᠪᠤᠷᠢ ᠣᠷᠣᠭᠤᠯᠬᠤ ᠪᠠᠷ ᠱᠠᠭᠠᠷᠳᠠᠵᠤ ᠪᠠᠶᠢᠨ᠎ᠠ᠃    ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄    ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ  ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ ᠦᠢᠯᠡᠳᠪᠦᠷᠢ  ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠠᠵᠢᠯᠲᠠᠨ ᠢ ᠪᠦᠷᠢᠳᠬᠡᠬᠦ ᠬᠠᠤᠯᠢ ᠴᠠᠭᠠᠵᠠ ᠬᠠᠤᠯᠢ ᠲᠣᠭᠲᠠᠭᠠᠯ ᠤᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠬᠤ ᠶᠢᠨ ᠬᠠᠮᠲᠤ᠂ ᠬᠡᠪᠰᠢᠭᠰᠡᠨ ᠲᠣᠭᠲᠠᠴᠠ ᠶᠢ ᠪᠣᠶ ᠪᠣᠯᠭᠠᠵᠤ᠂ ᠵᠢᠯ ᠪᠦᠷᠢ ᠠᠳᠠᠭ ᠲᠠᠭᠠᠨ 1 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠦᠨ᠎ᠡ᠃    ᠬᠠᠷᠢᠭᠤᠴᠠᠯᠭᠠᠲᠤ ᠨᠢᠭᠡᠴᠡ᠄ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ  ᠦᠢᠯᠡᠳᠪᠦᠷᠢ  ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠵᠤ ᠦᠢᠯᠡᠳᠪᠦᠷᠢ   ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ    ᠪᠡᠶᠡᠯᠡᠭᠦᠯᠬᠦ ᠴᠠᠭ ᠬᠤᠭᠤᠴᠠᠭ᠎ᠠ᠄ ᠣᠷᠳᠣ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ 2021 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠶᠠᠨ ᠤ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠯᠪᠠᠨ ᠬᠡᠷ ᠲᠤ ᠮᠡᠳᠡᠭᠦᠯᠦᠨ᠎ᠡ᠃   ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ 2020 ᠣᠨ ᠤ 9 ᠳ᠋ᠦᠭᠡᠷ ᠰᠠᠷ᠎ᠠ ᠶᠢᠨ 16 ᠤ ᠡᠳᠦᠷ ᠠᠴᠠ 29 ᠤ ᠡᠳᠦᠷ ᠪᠣᠯᠲᠠᠯᠠᠬᠢ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠷᠨᠢᠭᠦᠯᠬᠦ ᠪᠠᠷ ᠡᠷᠬᠡ ᠣᠯᠭᠤᠭᠰᠠᠨ ᠪᠠ ᠵᠥᠪᠰᠢᠶᠡᠷᠡᠭᠰᠡᠨ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ‍ ᠨᠢᠭᠡ ᠵᠦᠶ᠋ᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠶᠢ ︽ᠳᠥᠷᠪᠡᠨ ᠤᠬᠠᠮᠰᠠᠷ︾ ᠢᠶᠠᠨ ᠴᠢᠩᠭᠠᠳᠬᠠᠬᠤ᠂ ︽ᠳᠥᠷᠪᠡᠨ ᠢᠲᠡᠭᠡᠯ︾ ᠢᠶᠠᠨ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠪᠣᠳᠠᠲᠠᠶ ᠠᠵᠢᠯᠯᠠᠭ᠎ᠠ ᠪᠣᠯᠭᠠᠵᠤ᠂ ᠲᠣᠰ ᠲᠥᠰᠦᠯ ᠳᠤ ᠲᠣᠭᠲᠠᠭᠠᠭᠰᠠᠨ ᠠᠷᠭ᠎ᠠ ᠬᠡᠮᠵᠢᠶ᠎ᠡ ᠪᠣᠯᠤᠨ ᠱᠠᠭᠠᠷᠳᠠᠯᠭ᠎ᠠ ᠶᠣᠰᠣᠭᠠᠷ᠂ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠰᠠᠨᠠᠭᠠᠴᠢᠯᠠᠭ᠎ᠠ ᠠᠴᠠ ᠪᠠᠨ ᠭᠥᠯᠢᠶᠡᠨ ᠠᠪᠴᠤ᠂ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭ᠎ᠠ ᠪᠦᠷᠢᠳᠬᠡᠯ ᠤᠨ ᠥᠭᠡᠷᠡᠴᠢᠯᠡᠯᠲᠡ ᠬᠥᠭᠵᠢᠯᠲᠡ ᠶᠢᠨ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠮᠠᠨ ᠤ ᠰᠢᠶᠠᠨ ᠳᠤ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃    ︵ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠰᠢᠶᠠᠨ ᠤ ᠨᠠᠮ ᠤᠨ ᠬᠤᠷᠢᠶ᠎ᠠ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠲᠤᠭ᠎ᠠ ᠪᠦᠷᠢᠳᠬᠡᠯ ᠤᠨ ᠰᠢᠪᠠᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠤᠳᠤᠷᠢᠳᠬᠤ ᠳᠤᠭᠤᠶᠢᠯᠠᠩ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ︵ᠰᠢᠶᠠᠨ ᠤ ᠲᠤᠭ᠎ᠠ ᠪᠦᠷᠢᠳᠬᠡᠯ ᠤᠨ ᠰᠢᠪᠠᠳᠠᠨ ᠪᠠᠶᠢᠴᠠᠭᠠᠯᠲᠠ ᠶᠢᠨ ᠴᠡᠭᠴᠡᠯᠡᠨ ᠥᠭᠡᠷᠡᠴᠢᠯᠡᠬᠦ ᠠᠯᠪᠠᠨ ᠬᠡᠷ ᠭᠡᠵᠦ ᠲᠣᠪᠴᠢᠯᠠᠨ᠎ᠠ︶ ᠢ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠪᠠᠶᠢᠭᠤᠯᠵᠤ᠂ ᠴᠡᠭᠴᠡᠯᠡᠨ ᠥᠭᠡᠷᠡᠴᠢᠯᠡᠬᠦ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠲᠣᠬᠢᠷᠠᠭᠤᠯᠤᠨ ᠰᠢᠪᠠᠳᠠᠨ ᠵᠢᠯᠣᠭᠤᠳᠬᠤ ᠵᠡᠷᠭᠡ ᠡᠭᠦᠷᠭᠡ ᠶᠢ ᠬᠠᠷᠢᠭᠤᠴᠠᠪᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠴᠡᠭᠴᠡᠯᠡᠨ ᠰᠠᠶᠢᠵᠢᠷᠠᠭᠤᠯᠵᠤ ᠰᠢᠮᠳᠠᠭᠤᠯᠤᠨ᠂ ᠴᠢᠬᠤᠯᠠ ᠶᠡᠭᠡ ᠠᠰᠠᠭᠤᠳᠠᠯ ᠢ ᠪᠡᠶ᠎ᠡ ᠪᠠᠷ ᠢᠶᠠᠨ ᠠᠰᠠᠭᠤᠨ ᠯᠠᠪᠯᠠᠵᠤ᠂ ᠴᠢᠬᠤᠯᠠ ᠭᠤᠭᠴᠤᠭ᠎ᠠ ᠶᠢ ᠪᠡᠶ᠎ᠡ ᠪᠠᠷ ᠢᠶᠠᠨ ᠵᠣᠬᠢᠴᠠᠭᠤᠯᠤᠨ᠂  ᠪᠡᠶ᠎ᠡ ᠪᠠᠷ ᠢᠶᠠᠨ ᠰᠢᠮᠳᠠᠭᠤᠯᠤᠨ ᠭᠦᠢᠴᠡᠳᠭᠡᠬᠦ ᠬᠡᠷᠡᠭᠲᠡᠶ᠃ ᠰᠢᠶᠠᠨ ᠤ ᠲᠤᠭ᠎ᠠ ᠪᠦᠷᠢᠳᠬᠡᠯ ᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠯᠪᠠᠨ ᠬᠡᠷ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠭᠡᠬᠦ ᠪᠠᠨ ᠴᠢᠩᠭᠠᠳᠬᠠᠵᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠱᠠᠯᠠᠪᠳᠠᠭᠤᠯᠤᠨ ᠱᠠᠭᠠᠷᠳᠠᠵᠤ ᠪᠠᠶᠢᠭᠠᠳ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠴᠠᠭ ᠬᠤᠭᠤᠴᠠᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃    ︵ᠭᠤᠷᠪᠠ︶ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠴᠡᠭᠴᠡᠯᠡᠨ ᠰᠠᠶᠢᠵᠢᠷᠠᠭᠤᠯᠬᠤ ᠲᠥᠰᠦᠯ ᠤᠨ ᠶᠣᠰᠣᠭᠠᠷ᠂ ᠪᠣᠳᠠᠲᠠᠶ ᠠᠷᠭ᠎ᠠ ᠬᠡᠮᠵᠢᠶ᠎ᠡ ᠪᠠ ᠠᠵᠢᠯ ᠤᠨ ᠡᠬᠡ ᠳᠠᠩᠰᠠ ᠲᠣᠭᠲᠠᠭᠠᠵᠤ᠂ ᠡᠭᠦᠷᠭᠡ ᠶᠢ ᠬᠥᠮᠦᠨ ᠳᠤᠨᠢ ᠬᠦᠷᠦᠭᠦᠯᠬᠦ᠂ ᠬᠠᠷᠢᠭᠤᠴᠠᠯᠭ᠎ᠠ ᠶᠢ ᠠᠵᠢᠯ ᠤᠨ ᠪᠠᠶᠢᠷᠢ ᠳᠤᠨᠢ ᠬᠦᠷᠦᠭᠦᠯᠬᠦ ᠶᠢ ᠪᠡᠶᠡᠯᠡᠭᠦᠯᠵᠦ᠂ ᠲᠣᠭᠲᠠᠭᠠᠭᠰᠠᠨ ᠴᠠᠭ ᠬᠤᠭᠤᠴᠠᠭ᠎ᠠ ᠶᠢᠨ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠳᠠᠷᠦ᠋ᠢᠬᠠᠨ  ᠰᠢᠢᠳᠪᠦᠷᠢᠯᠡᠵᠦ ᠳᠡᠶᠢᠯᠬᠦ ᠠᠰᠠᠭᠤᠳᠠᠯ ᠢ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠬᠦ ᠬᠡᠷᠡᠭᠲᠡᠶ︔ ᠬᠡᠰᠡᠭ ᠬᠤᠭᠤᠴᠠᠭ᠎ᠠ ᠰᠢᠢᠳᠪᠦᠷᠢᠯᠡᠬᠦ ᠴᠢᠬᠤᠯᠠᠲᠠᠶ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃    ︵ᠳᠥᠷᠪᠡ︶ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠳᠠᠯᠠᠬᠤ ᠬᠡᠷᠡᠭᠲᠡᠶ᠃ ᠰᠢᠶᠠᠨ ᠤ ᠲᠤᠭ᠎ᠠ ᠪᠦᠷᠢᠳᠬᠡᠯ ᠤᠨ ᠰᠢᠪᠠᠳᠠᠨ ᠪᠠᠶᠢᠴᠠᠭᠠᠯᠲᠠ ᠶᠢᠨ ᠴᠡᠭᠴᠡᠯᠡᠨ ᠥᠭᠡᠷᠡᠴᠢᠯᠡᠬᠦ ᠠᠯᠪᠠᠨ ᠬᠡᠷ ᠰᠢᠪᠠᠳᠠᠨ ᠪᠠᠶᠢᠴᠠᠭᠠᠬᠤ ᠪᠠᠨ ᠴᠢᠩᠭᠠᠳᠬᠠᠵᠤ᠂ ᠨᠢᠭᠡ ᠶᠢ ᠴᠡᠭᠴᠡᠯᠡᠨ ᠥᠭᠡᠷᠡᠴᠢᠯᠡᠪᠡᠯ ᠨᠢᠭᠡ ᠶᠢ ᠬᠦᠴᠦᠨ ᠥᠬᠡᠶ ᠪᠣᠯᠭᠠᠵᠤ᠂ ᠨᠢᠭᠡ ᠶᠢ ᠪᠠᠬᠢᠵᠢᠭᠦᠯᠬᠦ ᠬᠡᠷᠡᠭᠲᠡᠶ᠃ ᠡᠨᠡ ᠵᠢᠯ ᠤᠨ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠣᠯ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠪᠣᠯᠤᠨ᠎ᠠ᠂ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠬᠤᠭᠤᠴᠠᠭᠠᠨ ᠳᠤ ᠠᠷᠪᠠᠨ ᠡᠳᠦᠷ ᠤᠨ ᠲᠣᠬᠢᠷᠠᠭᠤᠯᠤᠯᠲᠠ᠂ ᠴᠢᠬᠤᠯᠠ ᠪᠠᠶᠢᠳᠠᠯ ᠢ ᠴᠠᠭ ᠲᠤᠬᠠᠶ ᠳᠤᠨᠢ ᠮᠡᠳᠡᠭᠦᠯᠬᠦ ᠲᠦᠷᠢᠮ ᠢ ᠬᠡᠷᠡᠭᠵᠢᠭᠦᠯᠵᠦ᠂ ᠡᠯ᠎ᠡ ᠬᠠᠷᠢᠭᠤᠴᠠᠯᠭᠠᠲᠤ ᠨᠢᠭᠡᠴᠡ ᠨᠢ ᠰᠠᠷ᠎ᠠ ᠪᠦᠷᠢ ᠶᠢᠨ 6 ᠤ ᠡᠳᠦᠷ᠂ 16 ᠤ ᠡᠳᠦᠷ ᠂ 26 ᠤ ᠡᠳᠦᠷ ᠰᠢᠶᠠᠨ ᠤ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠠᠯᠪᠠᠨ ᠬᠡᠷ ᠲᠤ ᠠᠬᠢᠴᠠ ᠶᠢᠨ ᠪᠠᠶᠢᠳᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ᠃ ᠨᠠᠶᠢᠳᠠᠪᠤᠷᠢᠵᠢᠭᠤᠯᠤᠯᠲᠠ ᠨᠢ ᠤᠳᠠᠭᠠᠨ᠂ ᠴᠡᠭᠴᠡᠯᠡᠨ ᠰᠠᠶᠢᠵᠢᠷᠠᠭᠤᠯᠬᠤ ᠨᠢ ᠬᠦᠴᠦᠨ ᠥᠬᠡᠶ ᠴᠢᠨᠠᠭᠰᠢᠯᠠᠪᠠᠯ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠠᠯᠪᠠ ᠬᠠᠰᠢᠵᠤ ᠠᠮᠠ ᠪᠥᠭᠯᠡᠬᠦ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠪᠡᠯ᠂ ᠴᠠᠭ ᠲᠤᠬᠠᠶ ᠳᠤᠨᠢ ᠵᠠᠬᠢᠳᠠᠯ ᠢᠶᠠᠷ ᠠᠰᠠᠭᠤᠵᠤ ᠪᠣᠯᠵᠣᠨ ᠶᠠᠷᠢᠯᠴᠠᠬᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ  ᠭᠦᠢᠴᠡᠳᠭᠡᠬᠦ ᠮᠡᠳᠡᠭᠡᠯᠡᠨ ᠰᠢᠭᠦᠮᠵᠢᠯᠡᠬᠦ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠵᠡᠷᠭᠡ ᠠᠷᠭ᠎ᠠ ᠮᠠᠶ᠋ᠢᠭ ᠢ ᠠᠪᠴᠤ᠂ ᠡᠯ᠎ᠡ ᠵᠦᠶ᠋ᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠣᠳᠠᠲᠠᠶᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃      ᠱᠠᠩᠳᠤ ᠰᠢᠶᠠᠨ ᠤ ᠨᠠᠮ ᠤᠨ ᠬᠤᠷᠢᠶᠠᠨ ᠤ ᠴᠡᠭᠴᠡᠯᠡᠨ ᠰᠠᠶᠢᠵᠢᠷᠠᠭᠤᠯᠤᠯᠲᠠ ᠶᠢᠨ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤ ᠨᠡᠷᠡᠰ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠱᠠᠩᠳᠤ ᠰᠢᠶᠠᠨ ᠤ ᠨᠠᠮ ᠤᠨ ᠬᠤᠷᠢᠶ᠎ᠠ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠲᠤᠭ᠎ᠠ ᠪᠦᠷᠢᠳᠬᠡᠯ ᠤᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠤᠳᠤᠷᠢᠳᠬᠤ ᠳᠤᠭᠤᠶᠢᠯᠠᠩ ᠪᠠᠶᠢᠭᠤᠯᠪᠠ᠂ ᠪᠦᠷᠢᠯᠳᠦᠬᠦᠨ ᠨᠢ ᠳᠤᠤᠷᠠᠬᠢ ᠮᠡᠲᠦ᠄    ᠳᠤᠭᠤᠶᠢᠯᠠᠩ ᠤᠨ ᠳᠠᠷᠤᠭ᠎ᠠ᠄ ᠶᠢᠨ ᠴᠢᠶᠠᠨ ᠪᠢᠨ ︵ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠰᠢᠶᠠᠨ ᠤ ᠨᠠᠮ ᠤᠨ ᠬᠤᠷᠢᠶᠠᠨ ᠤ ᠱᠦᠵᠢ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ  ﹀    ᠳᠤᠭᠤᠶᠢᠯᠠᠩ ᠤᠨ ᠳᠡᠳ᠋ ᠳᠠᠷᠤᠭ᠎ᠠ᠄ ᠰᠢᠶᠦ᠋ᠩ ᠸᠧᠶ ︵ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ  ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠃  ﹀ ᠵᠠᠩ ᠰᠢᠶᠤᠤ ᠯᠢᠩ  ︵ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ︶    ᠸᠠᠩ ᠰᠢᠶᠤᠤ ᠳ᠋ᠦᠩ ︿ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ᠃  ﹀    ᠬᠠᠨ ᠲᠢᠶᠠᠨ ᠯᠢᠶᠠᠩ  ︿ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠃﹀   ᠭᠡᠰᠢᠭᠦᠨ᠄ ᠹᠠᠨ ᠸᠧᠶ ᠴᠧᠩ  ︿ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠤᠨ ᠪᠠᠶᠢᠩᠭᠤ ᠶᠢᠨ ᠳᠡᠳ᠋ ᠡᠷᠬᠢᠯᠡᠭᠴᠢ᠃ ᠯᠢ ᠵᠠᠨ ᠵᠢᠶᠠᠨ ︿ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠲᠥᠷᠥ ᠶᠢᠨ ᠪᠣᠳᠣᠯᠭ᠎ᠠ ᠰᠤᠳᠤᠯᠬᠤ ᠦᠢᠯᠡᠴᠢᠯᠡᠭᠡᠨ ᠤ ᠲᠥᠪ ᠤᠨ ᠡᠷᠬᠢᠯᠡᠭᠴᠢ᠃﹀ ᠭᠦᠸᠧ ᠳ᠋ᠦᠩ ᠶᠦᠨ  ︿ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ﹀    ᠵᠠᠩ ᠶᠠᠨ ︿ᠰᠢᠶᠠᠨ ᠤ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ᠃  ﹀ ᠮᠠ ᠰᠢᠶᠤᠤ ᠴᠢᠶᠠᠩ  ︿ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠃﹀ ᠬᠠᠨ ᠶᠠ ᠶᠠ  ︿ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ﹀    ᠰᠢᠩ ᠰᠢ ᠶᠦᠨ ︿ᠰᠢᠶᠠᠨ ᠤ ᠨᠠᠮ ᠤᠨ ᠬᠤᠷᠢᠶᠠᠨ ᠤ ᠣᠷᠣᠨ ᠲᠣᠭᠠᠨ ᠤ ᠠᠯᠪᠠᠨ ᠭᠡᠷ ᠤᠨ ᠡᠷᠬᠢᠯᠡᠭᠴᠢ᠃﹀  ᠬᠤᠤ ᠸᠧᠨ ︿ᠰᠢᠶᠠᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠶᠢᠩᠭᠤ ᠶᠢᠨ ᠳᠡᠳ᠋ ᠵᠠᠬᠢᠷᠤᠯ᠃  ﹀ᠰᠦᠩ ᠴᠢᠶᠠᠩ ︿ᠰᠢᠶᠠᠨ ᠤ ᠬᠥᠭᠵᠢᠭᠦᠯᠦᠯᠲᠡ ᠶᠢᠨ ᠰᠤᠳᠤᠯᠭᠠᠨ ᠤ ᠲᠥᠪ ᠤᠨ ᠡᠷᠬᠢᠯᠡᠭᠴᠢ᠃﹀ ᠶᠠᠨ ᡁᠢ ᠵᠢᠶᠦ᠋ᠨ ︿ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ﹀    ᠴᠠᠩ ᠯᠢ ᠴᠢᠨ  ︿ᠰᠢᠶᠠᠨ ᠤ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ᠃﹀ ᠸᠠᠩ ᠵᠢᠶ ᠶᠦᠩ ︿ᠰᠢᠶᠠᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ᠃  ﹀ᠸᠠᠩ ᠯᠢ  ︿ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ﹀    ᠡᠦ ᠵᠢᠤᠢ  ︿ᠰᠢᠶᠠᠨ ᠤ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ᠃﹀ ᠶᠤᠸᠠᠨ ᠬᠠᠶ ᠬᠤᠩ  ︿ᠰᠢᠶᠠᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ᠃﹀ ᠶᠤᠸᠠᠨ ᠬᠤᠤ ︿ᠰᠢᠶᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ﹀    ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠳᠤ ᠭᠠᠷᠭᠠᠵᠤ ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠲᠤᠭ᠎ᠠ ᠪᠦᠷᠢᠳᠬᠡᠯ ᠤᠨ ᠲᠣᠪᠴᠢᠶᠠᠨ ᠤ ᠳᠠᠷᠤᠭ᠎ᠠ ᠡᠦ ᠵᠢᠤᠢ ᠬᠠᠪᠰᠤᠷᠭᠠᠨ ᠡᠭᠦᠷᠭᠡᠯᠡᠨ᠎ᠡ᠃                                                        ᠤᠷᠴᠢᠭᠤᠯᠤᠨ ᠬᠢᠨᠠᠭᠴᠢ᠄ ᠰᠠᠷᠠᠭᠤᠯ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2