ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠦᠨᠡᠨ ᠪᠣᠳᠠᠲᠠᠶ ᠠᠷᠭ᠎ᠠ ᠬᠡᠮᠵᠢᠶ᠎ᠡ ᠠᠪᠴᠤ ᠠᠷᠠᠳ ᠲᠦᠮᠡᠨ ᠳᠤ  ᠦᠢᠯᠡᠴᠢᠯᠡᠨ᠎ᠡ
ᠨᠡᠶᠢᠲᠡᠯᠡᠭᠰᠡᠨ ᠴᠠᠭ᠄
2021/7/20
   ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠦᠨᠡᠨ ᠪᠣᠳᠠᠲᠠᠶ ᠠᠷᠭ᠎ᠠ ᠬᠡᠮᠵᠢᠶ᠎ᠡ ᠠᠪᠴᠤ ᠠᠷᠠᠳ ᠲᠦᠮᠡᠨ ᠳᠤ  ᠦᠢᠯᠡᠴᠢᠯᠡᠨ᠎ᠡᠰᠡᠳᠦᠪ᠄    ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠦᠨᠡᠨ ᠪᠣᠳᠠᠲᠠᠶ ᠠᠷᠭ᠎ᠠ ᠬᠡᠮᠵᠢᠶ᠎ᠡ ᠠᠪᠴᠤ ᠠᠷᠠᠳ ᠲᠦᠮᠡᠨ ᠳᠤ ᠦᠢᠯᠡᠴᠢᠯᠡᠨ᠎ᠡ      2021 ᠣᠨ ᠤ 6 ᠰᠠᠷ᠎ᠠ ᠶᠢᠨ 21 ᠤ ᠡᠳᠦᠷᠵᠣᠴᠢᠨ᠄    ᠱᠠᠩᠳᠤ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠵᠢᠭᠠᠨ ᠵᠢᠯᠣᠭᠤᠳᠣᠭᠴᠢ ᠵᠢᠶ ᠭᠠᠩ ᠲᠣᠪᠴᠢᠯᠠᠯ᠄    ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠱᠠᠩᠳᠤ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠤᠯᠠᠨ ᠲᠦᠮᠡᠨ ᠤ ᠬᠦᠰᠡᠯ ᠡᠷᠡᠮᠡᠯᠵᠡᠯ ᠳᠤ ᠢᠳᠡᠪᠬᠢᠲᠡᠢ ᠬᠠᠷᠢᠭᠤᠯᠲᠠ ᠥᠭᠴᠦ᠂ ᠤᠯᠠᠨ ᠲᠦᠮᠡᠨ ᠤ ᠬᠦᠴᠢᠷᠳᠡᠯ ᠢ ᠦᠨᠡᠨ ᠬᠦ ᠰᠢᠢᠳᠪᠦᠷᠢᠯᠡᠵᠦ᠂ ᠠᠷᠠᠳ ᠤᠯᠠᠨ ᠤ ᠶᠠᠪᠤᠵᠤ ᠰᠠᠭᠤᠬᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠳᠣᠲᠣᠭᠠᠳᠤ ᠶᠢ ᠬᠠᠮᠠᠭᠠᠯᠠᠬᠤ ᠪᠠ ᠤᠯᠠᠨ ᠲᠦᠮᠡᠨ ᠤ ︽ᠰᠡᠳᠬᠢᠯ ᠬᠤᠯᠪᠣᠬᠤ ᠬᠥᠭᠦᠷᠭᠡ︾ ᠶᠢ ᠴᠣᠭᠴᠠᠯᠠᠪᠠ᠃    ᠰᠤᠷᠪᠤᠯᠵᠢᠯᠠᠭ᠎ᠠ ᠶᠢᠨ ᠠᠭᠤᠯᠭ᠎ᠠ᠄    ᠰᠤᠷᠪᠤᠯᠵᠢᠯᠠᠭᠴᠢ᠄ ᠰᠠᠶᠢᠨ ᠪᠠᠶᠢᠵᠠᠭᠠᠨ᠎ᠠ ᠦᠦ︖ ᠱᠠᠩᠳᠤ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠵᠢᠭᠠᠨ ᠵᠢᠯᠣᠭᠤᠳᠣᠭᠴᠢ ᠵᠢᠶ ᠭᠠᠩ ᠨᠥᠬᠦᠷ ᠢ ᠪᠠᠶᠠᠷᠯᠠᠨ ᠤᠭᠲᠤᠵᠤ ᠪᠠᠶᠢᠨ᠎ᠠ ᠃ ᠵᠢᠢ ᠪᠠᠭᠰᠢ ᠰᠠᠶᠢᠨ ᠪᠠᠶᠢᠨ᠎ᠠ ᠦᠦ︖ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠬᠤ ᠲᠠᠰᠢᠷᠠᠮ ᠢᠶᠠᠷ᠂ ᠤᠯᠤᠰ ᠳᠠᠶᠠᠭᠠᠷ ᠢᠶᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠨᠠᠮ ᠤᠨ ᠢᠷᠠᠭᠤ ᠠᠯᠳᠠᠷᠲᠤ ᠤᠯᠠᠮᠵᠢᠯᠠᠯ᠂ ᠰᠢᠯᠢᠳᠡᠭ ᠰᠤᠷᠲᠠᠯ ᠢ ᠪᠠᠳᠠᠷᠠᠭᠤᠯᠵᠤ᠂ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠂ ᠦᠨᠳᠦᠰᠦᠨ ᠵᠣᠷᠢᠯᠲᠠ ᠶᠢ ᠦᠢᠯᠡᠳᠦᠯᠭᠡᠵᠢᠭᠦᠯᠵᠦ᠂ ᠠᠯᠪᠠᠨ ᠵᠠᠷᠤᠴᠠ ᠶᠢᠨ ᠤᠬᠠᠮᠰᠠᠷ ᠢᠶᠠᠨ ᠴᠢᠩᠭᠠᠳᠬᠠᠬᠤ ᠶᠢᠨ ᠲᠥᠯᠥᠭᠡ ᠱᠠᠩᠳᠤ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠵᠢᠯᠯᠠᠭ᠎ᠠ ᠥᠷᠨᠢᠭᠦᠯᠬᠦ ᠳᠤᠮᠳᠠ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠤᠢ︖    ᠵᠢᠶ ᠭᠠᠩ᠄ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠱᠠᠩᠳᠤ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ︽ᠲᠡᠦᠬᠡ ᠰᠤᠷᠤᠯᠴᠠᠨ ᠶᠣᠰᠣ ᠤᠴᠢᠷ ᠢ ᠮᠡᠳᠡᠬᠦ᠂ ᠲᠡᠦᠬᠡ ᠰᠤᠷᠤᠯᠴᠠᠨ ᠢᠲᠡᠭᠡᠮᠵᠢ ᠪᠠᠨ ᠨᠡᠮᠡᠭᠳᠡᠭᠦᠯᠬᠦ᠂ ᠲᠡᠦᠬᠡ ᠰᠤᠷᠤᠯᠴᠠᠨ ᠶᠣᠰᠣ ᠮᠣᠷᠠᠯ ᠢ ᠡᠷᠬᠢᠮᠯᠡᠬᠦ᠂ ᠲᠡᠦᠬᠡ ᠰᠤᠷᠤᠯᠴᠠᠨ ᠦᠢᠯᠡᠳᠦᠯᠭᠡᠵᠢᠭᠦᠯᠬᠦ︾ ᠶᠡᠷᠦᠩᠬᠡᠶ ᠱᠠᠭᠠᠷᠳᠠᠯᠭ᠎ᠠ ᠶᠢᠨ ᠲᠣᠭᠤᠷᠢᠨ ᠳᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠤᠨ ᠡᠳᠦᠷ ᠲᠤᠲᠤᠮ ᠤᠨ ᠠᠵᠢᠯ ᠪᠠ ᠪᠣᠳᠠᠲᠠᠶ ᠳᠤ ᠨᠠᠶᠢᠳᠠᠪᠤᠷᠢᠵᠢᠭᠤᠯᠪᠠ᠃ ᠨᠢᠭᠡ ᠳᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠦᠨ᠎ᠡ᠃ ᠳᠣᠲᠣᠭᠠᠳᠤ ᠳᠠᠭᠠᠨ᠂ ᠴᠠᠭᠳᠠᠭᠠᠨ ᠤ ᠬᠤᠸᠠᠷᠠᠨ ᠤ ᠶᠠᠷᠢᠯᠴᠠᠬᠤ ᠠᠵᠢᠯᠯᠠᠭ᠎ᠠ ᠥᠷᠨᠢᠭᠦᠯᠵᠦ᠂ ᠠᠷᠠᠳ ᠤᠨ ᠲᠤᠰᠠᠯᠠᠬᠤ ᠴᠠᠭᠳᠠᠭ᠎ᠠ ᠶᠢᠨ ᠬᠦᠰᠡᠯ ᠱᠠᠭᠠᠷᠳᠠᠯᠭ᠎ᠠ ᠶᠢ ᠰᠣᠨᠣᠰᠴᠤ᠂ ᠠᠷᠠᠳ ᠤᠨ ᠲᠤᠰᠠᠯᠠᠬᠤ ᠴᠠᠭᠳᠠᠭ᠎ᠠ ᠶᠢᠨ ᠬᠠᠯᠠᠮᠵᠢᠯᠠᠵᠤ ᠪᠠᠶᠢᠭ᠎ᠠ ᠠᠰᠠᠭᠤᠳᠠᠯ ᠢ ᠣᠶᠢᠯᠠᠭᠠᠵᠤ ᠡᠵᠡᠮᠰᠢᠨ᠎ᠡ︔ ᠭᠠᠳᠠᠭᠰᠢ ᠪᠠᠨ᠂ ᠣᠯᠠᠨ ᠵᠦᠢᠯ ᠤᠨ ᠠᠷᠭ᠎ᠠ ᠮᠠᠶ᠋ᠢᠭ ᠢ ᠤᠶᠠᠯᠳᠤᠭᠤᠯᠤᠨ᠂ ᠬᠡᠷ ᠲᠤᠨᠢ ᠬᠦᠷᠴᠦ ᠰᠤᠷᠪᠤᠯᠵᠢᠯᠠᠬᠤ᠂ ᠶᠠᠷᠢᠯᠴᠠᠬᠤ ᠬᠤᠷᠠᠯ ᠬᠤᠷᠠᠯᠳᠤᠭᠤᠯᠬᠤ᠂ ᠰᠠᠨᠠᠯ ᠬᠤᠷᠢᠶᠠᠬᠤ ᠬᠦᠰᠦᠨᠦᠭᠲᠦ ᠢᠯᠡᠭᠡᠬᠦ ᠵᠡᠷᠭᠡ ᠤᠯᠠᠮᠵᠢᠯᠠᠯᠲᠤ ᠨᠡᠪᠲᠡᠷᠡᠯᠴᠡᠬᠦ ᠠᠷᠭ᠎ᠠ ᠮᠠᠶ᠋ᠢᠭ ᠠᠴᠠ ᠭᠠᠳᠠᠨ᠎ᠠ᠂ ᠰᠣᠯᠢᠯᠴᠠᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠴᠠᠭᠳᠠᠭ᠎ᠠ ᠶᠢ ᠰᠢᠯᠭᠠᠷᠠᠭᠤᠯᠬᠤ ᠠᠷᠭ᠎ᠠ ᠵᠠᠮ ᠢ ᠥᠷᠭᠡᠳᠬᠡᠨ᠂ ᠭᠠᠷ ᠤᠲᠠᠰᠤᠨ ᠤ ᠸᠢᠴᠠᠲ᠂ ᠪᠢᠴᠢᠯ ᠪᠦᠷᠭᠡ ᠶᠢᠨ ᠣᠯᠠᠨ ᠨᠡᠶᠢᠲᠡ ᠶᠢᠨ ᠲᠠᠪᠴᠠᠩ ᠢ ᠭᠦᠢᠴᠡᠳ ᠬᠡᠷᠡᠭᠯᠡᠬᠦ ᠵᠢᠴᠢ ᠢᠯᠡᠴᠢᠯᠡᠨ ᠮᠡᠳᠡᠭᠦᠯᠬᠦ ᠤᠲᠠᠰᠤ ᠲᠣᠬᠢᠷᠠᠭᠤᠯᠬᠤ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠵᠠᠮ ᠬᠠᠷᠢᠯᠴᠠᠭᠠᠨ ᠤ ᠴᠠᠭᠳᠠᠭ᠎ᠠ ᠶᠢᠨ ᠠᠵᠢᠯ᠂ ᠡᠩᠨᠡᠭᠡ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠵᠡᠷᠭᠡ ᠲᠠᠯ᠎ᠠ ᠶᠢᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠬᠤ ᠬᠡᠷᠡᠭᠲᠡᠶ᠃ ᠣᠲᠣ ᠪᠣᠯᠲᠠᠯ᠎ᠠ ᠡᠯ᠎ᠡ ᠲᠥᠷᠥᠯ ᠤᠨ ᠰᠠᠨᠠᠯ ᠰᠠᠨᠠᠭᠤᠯᠭ᠎ᠠ ᠶᠢ ᠪᠠᠷᠤᠭ 20 ᠭᠠᠷᠤᠶ ᠵᠦᠢᠯ ᠬᠤᠷᠢᠶᠠᠨ ᠣᠯᠤᠭᠰᠠᠨ ᠪᠠᠶᠢᠨ᠎ᠠ᠃ ᠬᠤᠶᠠᠷ ᠲᠤ ᠪᠥᠬᠦ ᠲᠠᠯ᠎ᠠ ᠪᠠᠷ ᠰᠤᠷᠪᠤᠯᠵᠢᠯᠠᠪᠠ᠃ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠲᠣᠰ ᠤᠳᠠᠭᠠᠨ ᠤ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠭᠦᠨ᠎ᠡ︾ ᠭᠡᠬᠦ ᠦᠶ᠋ᠯᠡᠳᠦᠯᠭᠡ ᠶᠢᠨ ᠠᠵᠢᠯᠯᠠᠭ᠎ᠠ ᠨᠢ ᠲᠤᠬᠠᠶ ᠶᠢᠨ ᠭᠠᠵᠠᠷ ᠲᠤ ᠬᠦᠷᠴᠦ ᠰᠤᠷᠪᠤᠯᠵᠢᠯᠠᠬᠤ᠂ ᠨᠢᠭᠤᠷᠲᠠᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠲᠡᠷᠢᠭᠦᠨ ᠰᠣᠩᠭᠤᠯᠲᠠ ᠪᠣᠯᠭᠠᠵᠤ᠂ ᠠᠷᠠᠳ ᠤᠨ ᠴᠠᠭᠳᠠᠭ᠎ᠠ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠬᠥᠳᠡᠭᠡ ᠲᠣᠰᠬᠤᠨ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠲᠦᠭ ᠲᠦᠮᠡᠨ ᠠᠶᠢᠯ ᠡᠷᠦᠬᠡ ᠳᠤ ᠣᠷᠣᠭᠤᠯᠬᠤ᠂ ᠠᠷᠠᠳ ᠤᠨ ᠰᠠᠨᠠᠯ ᠢ ᠰᠣᠨᠣᠰᠬᠤ᠂ ᠠᠷᠠᠳ ᠤᠨ ᠰᠠᠨᠠᠭ᠎ᠠ ᠶᠢ ᠰᠤᠷᠪᠤᠯᠵᠢᠯᠠᠬᠤ ᠪᠠᠷ ᠳᠠᠮᠵᠢᠭᠤᠯᠤᠨ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠶᠠᠪᠤᠳᠠᠯ ᠢ ᠬᠠᠷᠢᠶ᠎ᠠ ᠣᠷᠣᠨ ᠤ ᠥᠨᠴᠥᠭ ᠪᠤᠯᠤᠩ ᠨᠢᠭᠡᠪᠦᠷᠢ ᠳᠤ ᠬᠦᠷᠲᠡᠯ᠎ᠡ ᠥᠷᠭᠡᠳᠬᠡᠵᠦ᠂ ᠠᠷᠠᠳ ᠣᠯᠠᠨ ᠤ ᠬᠦᠰᠡᠯ ᠱᠠᠭᠠᠷᠳᠠᠯᠭ᠎ᠠ ᠪᠠ ᠰᠠᠨᠠᠯ ᠢ ᠥᠷᠭᠡᠨ ᠢᠶᠠᠷ ᠬᠤᠷᠢᠶᠠᠨ ᠴᠤᠭᠯᠠᠭᠤᠯᠵᠠᠶ᠃ ᠭᠤᠷᠪᠠ ᠳᠤ᠂ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠵᠠᠮ ᠬᠠᠷᠢᠯᠴᠠᠭᠠᠨ ᠤ ᠠᠳᠡᠯ ᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ᠂ ᠤᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠳᠡᠭᠡᠭᠰᠢᠯᠡᠭᠦᠯᠬᠦ ᠪᠠᠷ ᠡᠭᠦᠰᠦᠯᠲᠡ ᠶᠢᠨ ᠴᠡᠭ ᠪᠣᠯᠭᠠᠵᠤ᠂ ᠶᠡᠭᠡ ᠠᠩᠬᠢ ᠶᠢᠨ ᠬᠢᠨ ︽ᠦᠦᠷ ᠭᠡᠭᠡᠷᠡᠬᠦ ᠠᠵᠢᠯᠯᠠᠭ᠎ᠠ︾᠂ ︽ᠦᠳᠡᠰᠢ ᠶᠢᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠴᠢᠩᠭᠠᠳᠬᠠᠵᠤ᠂ ᠬᠠᠷᠢᠶ᠎ᠠ ᠣᠷᠣᠨ ᠤ ᠵᠠᠮ ᠬᠠᠷᠢᠯᠴᠠᠭᠠᠨ ᠤ ᠴᠠᠭᠳᠠᠨ ᠲᠣᠭᠤᠷᠢᠬᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠥᠮᠦᠨ ᠳᠠᠭᠠᠭᠠᠴᠠ ᠠᠴᠠ ᠬᠡᠲᠦᠷᠡᠬᠦ᠂ ᠬᠠᠤᠯᠢ ᠠᠴᠠ ᠵᠥᠷᠢᠴᠡᠨ ᠬᠥᠮᠦᠨ ᠰᠠᠭᠤᠯᠭᠠᠬᠤ᠂ ᠠᠷᠢᠬᠢ ᠤᠤᠭᠤᠭᠠᠳ ᠲᠡᠷᠭᠡ ᠵᠢᠯᠣᠭᠤᠳᠬᠤ᠂ ᠦᠨᠡᠮᠯᠡᠯ ᠦᠬᠡᠢ ᠪᠠᠷ ᠲᠡᠷᠭᠡ ᠵᠢᠯᠣᠭᠤᠳᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠭᠤᠣᠯᠳᠠᠯᠭ᠎ᠠ ᠲᠠᠢ ᠠᠵᠢᠯᠯᠠᠭ᠎ᠠ ᠶᠢ ᠪᠦᠲᠦᠮᠵᠢᠲᠡᠢ ᠬᠤᠷᠢᠭᠯᠠᠪᠠ᠃ ᠡᠭᠦᠨ ᠤ ᠬᠠᠮᠲᠤ᠂ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠨᠢᠭᠤᠷᠳᠠᠨ ᠥᠷᠨᠢᠭᠦᠯᠵᠦ᠂ ᠥᠷᠭᠡᠨ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠠᠮᠤᠷ ᠲᠦᠪᠰᠢᠨ᠂ ᠪᠣᠯᠪᠠᠰᠤᠨ ᠢᠶᠠᠷ ᠵᠢᠯᠣᠭᠤᠳᠬᠤ ᠦᠵᠡᠯ ᠤᠬᠠᠮᠰᠠᠷ ᠲᠠᠢ ᠪᠣᠯᠭᠠᠵᠤ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠤᠬᠠᠮᠰᠠᠷ ᠠᠴᠠ ᠪᠠᠨ ᠬᠤᠷᠢᠭᠯᠠᠬᠤ ᠬᠡᠷᠡᠭᠲᠡᠶ᠃ ᠶᠡᠭᠡ ᠪᠠᠭ᠎ᠠ ᠶᠠᠪᠤᠳᠠᠯ ᠭᠡᠰᠡᠨ ᠦᠭᠡᠢ᠂ ᠶᠡᠭᠡ ᠠᠩᠬᠢ ᠢᠮᠠᠭᠲᠠ ᠤᠭ ᠰᠠᠨᠠᠭ᠎ᠠ ᠪᠠᠨ ᠰᠠᠬᠢᠵᠤ᠂ ᠤᠯᠠᠨ ᠲᠦᠮᠡᠨ ᠳᠤ ᠪᠣᠳᠠᠲᠠᠢ ᠠᠵᠢᠯ ᠬᠢᠵᠦ᠂ ᠠᠷᠠᠳ ᠤᠯᠠᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠴᠡᠢ᠃    ᠣᠳᠣᠬᠠᠨ ᠪᠣᠯᠲᠠᠯ᠎ᠠ᠂ 23 ᠤᠳᠠᠭ᠎ᠠ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠪᠦᠷᠢᠳᠬᠡᠨ ᠠᠷᠢᠯᠭᠠᠵᠤ᠂ ᠤᠬᠠᠭᠤᠯᠭ᠎ᠠ ᠬᠥᠮᠦᠵᠢᠯ ᠢ 16 ᠤᠳᠠᠭ᠎ᠠ ᠥᠷᠨᠢᠭᠦᠯᠵᠦ᠂ ᠨᠡᠶᠢᠲᠡ 7000 ᠭᠠᠷᠤᠶ ᠬᠤᠪᠢ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠰᠤᠷᠭᠠᠨ ᠬᠥᠮᠦᠵᠢᠯ ᠭᠥᠷᠳᠡᠭᠰᠡᠨ ᠣᠯᠠᠨ ᠲᠦᠮᠡᠨ 10000 ᠭᠠᠷᠤᠶ ᠬᠥᠮᠦᠨ᠂ 20 ᠭᠠᠷᠤᠶ ᠤᠳᠠᠭ᠎ᠠ ᠵᠠᠮ ᠤᠨ ᠳᠡᠭᠡᠷᠡᠬᠢ ᠡᠯᠳᠡᠪ ᠪᠣᠳᠠᠰ ᠢ ᠴᠡᠪᠡᠷᠯᠡᠵᠦ᠂ ᠣᠯᠠᠨ ᠲᠦᠮᠡᠨ ᠢ ᠬᠠᠪᠰᠤᠷᠤᠨ 5 ᠤᠳᠠᠭ᠎ᠠ ᠬᠦᠷᠳᠦ ᠶᠢ ᠨᠢ ᠰᠣᠯᠢᠵᠤ᠂ 3 ᠤᠳᠠᠭ᠎ᠠ ᠡᠳ᠋ ᠪᠠᠷᠠᠭ᠎ᠠ ᠶᠢ ᠨᠢ ᠲᠡᠭᠰᠢᠯᠡᠵᠦ᠂ 2 ᠤᠳᠠᠭ᠎ᠠ ᠭᠡᠭᠡᠭᠰᠡᠨ ᠡᠳ᠋ ᠪᠣᠳᠠᠰ ᠢ ᠨᠢ ᠡᠷᠢᠵᠦ᠂ 1 ᠤᠳᠠᠭ᠎ᠠ ᠭᠡᠭᠡᠭᠰᠡᠨ ᠨᠠᠰᠤᠲᠠᠨ ᠢ ᠡᠷᠢᠵᠦ᠂ 600 ᠭᠠᠷᠤᠶ ᠲᠡᠷᠭᠡ ᠵᠢᠯᠣᠭᠤᠳᠬᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠣᠯᠠᠨ ᠲᠦᠮᠡᠨ ᠳᠤ ᠲᠥᠬᠦᠮ ᠦᠵᠡᠭᠦᠯᠵᠦ᠂ 20 ᠭᠠᠷᠤᠶ ᠴᠠᠭ ᠬᠤᠶᠢᠰᠢᠯᠠᠭᠤᠯᠤᠨ ᠦᠢᠯᠡᠴᠢᠯᠡᠵᠦ᠂ ᠬᠥᠳᠡᠯᠵᠦ ᠪᠠᠷᠢᠬᠤ ᠳᠤ ᠳᠥᠭᠦᠮ ᠦᠭᠡᠢ ᠣᠯᠠᠨ ᠲᠦᠮᠡᠨ ᠤ ᠬᠡᠷ ᠲᠤᠨᠢ ᠬᠦᠷᠴᠦ ᠲᠡᠷᠭᠡ ᠵᠢᠯᠣᠭᠤᠳᠬᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ 2 ᠤᠳᠠᠭ᠎ᠠ ᠭᠦᠢᠴᠡᠳᠭᠡᠵᠦ᠂ ᠠᠯᠢ ᠣᠯᠠᠨ ᠠᠷᠠᠳ ᠲᠦᠮᠡᠨ ᠳᠤ ᠦᠢᠯᠡᠴᠢᠯᠡᠵᠦ᠂ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃    ᠰᠤᠷᠪᠤᠯᠵᠢᠯᠠᠭᠴᠢ᠄ ︽ᠲᠠᠯᠪᠢᠬᠤ ᠬᠠᠮᠢᠶᠠᠷᠬᠤ ᠦᠶ᠋ᠯᠡᠴᠢᠯᠡᠬᠦ︾ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠶᠠᠪᠤᠴᠠ ᠳᠤ᠂ ᠱᠠᠩᠳᠤ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠠᠮᠠᠷ ᠶᠠᠮᠠᠷ ᠠᠵᠢᠯ ᠬᠢᠭᠰᠡᠨ ᠪᠣᠶ︖    ᠵᠢᠶ ᠭᠠᠩ᠄ 2018 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠨ᠂ ᠳᠣᠲᠣᠭᠠᠳᠤ ᠶᠢ ᠬᠠᠮᠠᠭᠠᠯᠠᠬᠤ ᠶᠠᠮᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ 20  ᠵᠦᠢᠯ ᠤᠨ ᠠᠷᠭ᠎ᠠ ᠬᠡᠮᠵᠢᠶ᠎ᠡ ᠭᠠᠷᠭᠠᠵᠤ᠂ 2019 ᠣᠨ ᠤ 6 ᠰᠠᠷ᠎ᠠ ᠶᠢᠨ 1 ᠤ ᠡᠳᠦᠷ᠂ 10 ᠵᠦᠢᠯ ᠤᠨ ᠰᠢᠨ᠎ᠡ ᠠᠷᠭ᠎ᠠ ᠬᠡᠮᠵᠢᠶ᠎ᠡ ᠭᠠᠷᠭᠠᠵᠤ᠂ 2021 ᠣᠨ ᠤ 6 ᠰᠠᠷ᠎ᠠ ᠶᠢᠨ 1 ᠤ ᠡᠳᠦᠷ᠂ ᠳᠣᠲᠣᠭᠠᠳᠤ ᠶᠢ ᠬᠠᠮᠠᠭᠠᠯᠠᠬᠤ ᠶᠠᠮᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠷᠠᠳ ᠲᠤ ᠲᠥᠬᠦᠮ ᠦᠵᠡᠭᠦᠯᠬᠦ 12  ᠵᠦᠢᠯ ᠤᠨ ᠠᠷᠭ᠎ᠠ ᠬᠡᠮᠵᠢᠶ᠎ᠡ ᠭᠠᠷᠭᠠᠵᠤ᠂ ᠱᠠᠩᠳᠤ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠥᠨᠳᠥᠷ ᠪᠦᠲᠦᠮᠵᠢᠲᠡᠶ ᠦᠢᠯᠡᠴᠢᠯᠡᠭᠡ ᠬᠢᠬᠦ ᠪᠠᠷ ᠬᠠᠷᠠᠯᠲᠠ ᠪᠣᠯᠭᠠᠵᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠳᠤ ᠦᠢᠯᠡᠴᠢᠯᠡᠬᠦ ᠪᠠᠷ ᠭᠤᠤᠯ ᠪᠣᠯᠭᠠᠨ᠂ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠶᠡᠭᠡ ᠪᠠᠶᠢᠳᠠᠯ ᠳᠤ ᠢᠳᠡᠪᠬᠢᠲᠡᠶ ᠵᠣᠬᠢᠴᠠᠵᠤ᠂ ᠠᠷᠠᠳ ᠲᠤ ᠲᠥᠬᠦᠮ ᠦᠵᠡᠭᠦᠯᠬᠦ ᠠᠷᠭ᠎ᠠ ᠵᠠᠮ ᠢ ᠥᠷᠭᠡᠳᠬᠡᠨ᠂ ᠣᠯᠠᠨ ᠲᠦᠮᠡᠨ ᠳᠤ ᠦᠨᠡᠨᠴᠢ ᠪᠠᠷ ᠦᠢᠯᠡᠴᠢᠯᠡᠵᠦ᠂ ︽ᠨᠢᠭᠡ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠡᠷᠬᠡ ᠶᠢ ᠢᠯᠡ ᠪᠠᠷ ᠬᠡᠷᠡᠭᠵᠢᠭᠦᠯᠦᠨ᠎ᠡ᠃ ᠲᠡᠷᠭᠡ ᠵᠢᠯᠣᠭᠤᠳᠬᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠬᠠᠤᠯᠢ ᠴᠠᠭᠠᠵᠠ ᠶᠢᠨ ᠦᠨᠳᠦᠰᠦᠯᠡᠯ᠂ ᠭᠡᠷᠡᠴᠢ ᠪᠠᠷᠢᠮᠲᠠ᠂ ᠭᠡᠷᠡᠴᠢ ᠦᠨᠡᠮᠯᠡᠯ᠂ ᠲᠤᠬᠠᠶᠢᠯᠠᠭᠰᠠᠨ ᠠᠵᠢᠯ ᠤᠨ ᠴᠤᠪᠤᠷᠠᠯ ᠪᠠ ᠰᠦᠢᠳᠭᠡᠯ ᠬᠤᠷᠢᠶᠠᠬᠤ ᠲᠥᠷᠥᠯ ᠵᠦᠢᠯ ᠵᠢᠴᠢ ᠪᠠᠷᠢᠮᠵᠢᠶ᠎ᠠ ᠶᠢ ᠢᠯᠡ ᠪᠣᠯᠭᠠᠬᠤ ᠪᠤᠯᠤᠩ ᠭᠠᠷᠭᠠᠵᠤ᠂ ᠲᠡᠷᠭᠡ ᠬᠠᠮᠢᠶᠠᠷᠬᠤ ᠭᠠᠵᠠᠷ ᠤᠨ ᠶᠡᠭᠡ ᠲᠢᠩᠬᠢᠮ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠹᠢᠯᠢᠮ ᠢ ᠡᠷᠭᠢᠯᠳᠦᠭᠦᠯᠦᠨ ᠨᠡᠪᠲᠡᠷᠡᠭᠦᠯᠵᠦ᠂ ᠢᠨᠲ᠋ᠧᠷ ᠰᠦᠯᠵᠢᠶᠡᠨ ᠳᠤ ᠭᠠᠷᠬᠤ ᠲᠥᠬᠦᠭᠡᠷᠦᠮᠵᠢ ᠶᠢ ᠬᠠᠩᠭᠠᠬᠤ ᠬᠡᠷᠡᠭᠲᠡᠶ︔ ᠠᠵᠢᠯᠲᠠᠨ ᠡᠩᠭᠡᠷ ᠤᠨ ᠺᠠᠷᠲ ᠵᠡᠭᠦᠵᠦ᠂  ᠦᠢᠯᠡᠴᠢᠯᠡᠭᠡᠨ ᠤ ᠫᠠᠶᠢᠰᠠ ᠲᠠᠯᠪᠢᠨ᠎ᠠ᠃ ᠴᠣᠩᠬᠤᠪᠴᠢ ᠶᠢᠨ ᠠᠵᠢᠯᠲᠠᠨ ᠤ ᠦᠨᠳᠦᠰᠦᠨ ᠮᠡᠳᠡᠭᠡ ᠵᠠᠩᠭᠢ ᠶᠢ ᠢᠯᠡ ᠪᠣᠯᠭᠠᠵᠤ᠂ ︽ᠳᠥᠷᠪᠡ ᠶᠢ ᠬᠠᠰᠤᠵᠤ ᠬᠡᠯᠲᠦᠷᠢᠭᠦᠯᠬᠦ︾᠂ ᠲᠤᠬᠠᠶᠢᠯᠠᠭᠰᠠᠨ ᠠᠵᠢᠯ ᠤᠨ ᠨᠢᠭᠡ ᠦᠨᠡᠮᠯᠡᠯ ᠢ ᠯᠡ ᠳᠤᠤᠷ᠎ᠠ  ᠭᠦᠢᠴᠡᠳᠭᠡᠬᠦ ᠶᠢ ᠴᠢᠩᠭ᠎ᠠ ᠨᠠᠶᠢᠳᠠᠪᠤᠷᠢᠵᠢᠭᠤᠯᠤᠨ᠂ ︽ᠨᠢᠭᠡ ᠴᠣᠩᠬᠤᠪᠴᠢ ᠮᠠᠶ᠋ᠢᠭ︾ ᠤᠨ ᠦᠢᠯᠡᠴᠢᠯᠡᠭᠡ ᠶᠢ ᠪᠡᠶᠡᠯᠡᠭᠦᠯᠦᠨ᠎ᠡ︔ ᠲᠤᠬᠠᠶᠢᠯᠠᠭᠰᠠᠨ ᠠᠵᠢᠯ ᠤᠨ ᠶᠡᠭᠡ ᠲᠢᠩᠬᠢᠮ ᠳᠤ ᠪᠦᠷᠢᠨ ᠬᠤᠪᠢ᠂ ᠵᠢᠯᠣᠭᠤᠴᠢ ᠶᠢᠨ ᠦᠨᠡᠮᠯᠡᠯ ᠢ ᠲᠦᠷ ᠦᠯᠡᠳᠡᠭᠡᠨ ᠠᠪᠬᠤ᠂ ᠬᠡᠷᠡᠭᠯᠡᠬᠦ ᠶᠢ ᠵᠣᠭᠰᠣᠭᠠᠬᠤ᠂ ᠬᠤᠭᠤᠴᠠᠭ᠎ᠠ ᠬᠡᠲᠦᠷᠡᠲᠡᠯ᠎ᠡ ᠰᠢᠯᠭᠠᠨ ᠪᠠᠶᠢᠴᠠᠭᠠᠯᠭᠠᠭᠰᠠᠨ ᠥᠬᠡᠶ ᠪᠠ ᠮᠠᠰᠢᠨᠲᠤ ᠲᠡᠷᠭᠡ ᠶᠢ ᠬᠡᠷᠡᠭᠯᠡᠭᠡᠨ ᠠᠴᠠ ᠭᠠᠷᠭᠠᠭᠰᠠᠨ ᠨᠠᠷᠢᠨ ᠲᠠᠩᠰᠠ ᠵᠡᠷᠭᠡ ᠶᠢ ᠵᠠᠷᠯᠠᠨ ᠨᠡᠶᠢᠲᠡᠯᠡᠨ᠎ᠡ︔ ᠵᠢᠯᠣᠭᠤᠴᠢ ᠶᠢᠨ ᠬᠢᠨᠠᠨ ᠰᠢᠯᠭᠠᠬᠤ ᠰᠤᠷᠭᠠᠨ ᠬᠥᠮᠦᠵᠢᠯ ᠰᠤᠷᠤᠯᠴᠠᠯᠭ᠎ᠠ ᠪᠠ ᠪᠦᠷᠢᠨ ᠬᠤᠪᠢ ᠶᠢᠨ ᠰᠤᠷᠭᠠᠨ ᠬᠥᠮᠦᠵᠢᠯ ᠳᠤ ᠬᠥᠮᠦᠨ ᠤ ᠵᠢᠰᠦ ᠶᠢ ᠢᠯᠭᠠᠨ ᠲᠠᠨᠢᠬᠤ ᠮᠠᠰᠢᠨ ᠢᠶᠠᠷ ᠭᠠᠷ ᠤᠨ ᠥᠰᠥᠭ ᠵᠢᠷᠤᠵᠤ ᠭᠠᠷ ᠤᠨ ᠥᠰᠥᠭ ᠵᠢᠷᠤᠭᠤᠯᠵᠤ ᠪᠤᠴᠠᠭᠠᠬᠤ᠂ ᠪᠥᠬᠦ ᠶᠠᠪᠤᠴᠠ ᠳᠤ ᠲᠠᠭᠤ ᠳᠦᠷᠰᠦ ᠰᠢᠩᠭᠡᠭᠡᠯᠲᠡ ᠪᠠᠷ ᠬᠢᠨᠠᠨ ᠡᠵᠡᠮᠳᠡᠬᠦ᠂ ᠳᠦᠷᠰᠦ ᠰᠢᠩᠭᠡᠭᠡᠯᠲᠡ ᠶᠢ ᠨᠠᠭᠠᠳᠤ ᠵᠠᠬ᠎ᠠ ᠳᠠᠭᠠᠨ ᠬᠤᠶᠠᠷ ᠵᠢᠯ ᠠᠴᠠ ᠳᠡᠭᠡᠭᠰᠢ ᠬᠠᠳᠠᠭᠠᠯᠠᠵᠤ᠂ ᠬᠡᠷ ᠳᠣᠲᠣᠷ᠎ᠠ ᠭᠦᠢᠴᠡᠳᠭᠡᠬᠦ ᠶᠠᠪᠤᠴᠠ᠂ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠ ᠤᠬᠠᠭᠤᠯᠭ᠎ᠠ ᠶᠢᠨ ᠰᠠᠮᠪᠠᠷ᠎ᠠ ᠶᠢ ᠨᠡᠶᠢᠲᠡᠯᠡᠨ᠎ᠡ᠃ ᠬᠢᠨᠠᠨ ᠰᠢᠯᠭᠠᠵᠤ ᠰᠤᠷᠭᠠᠨ ᠬᠥᠮᠦᠵᠢᠭᠦᠯᠬᠦ 3 ᠴᠠᠭ ᠪᠠ ᠪᠦᠷᠢᠨ ᠬᠤᠪᠢ ᠶᠢᠨ ᠰᠤᠷᠭᠠᠨ ᠬᠥᠮᠦᠵᠢᠯ ᠤᠨ ᠰᠤᠷᠤᠯᠴᠠᠯᠭ᠎ᠠ ᠳᠤ ᠡᠳᠦᠷ ᠪᠦᠷᠢ 3 ᠴᠠᠭ ᠤᠨ ᠠᠷᠭ᠎ᠠ ᠮᠠᠶ᠋ᠢᠭ᠂ ᠬᠥᠮᠦᠨ ᠪᠠ ᠦᠨᠡᠮᠯᠡᠯ ᠢ ᠢᠯᠭᠠᠨ ᠲᠠᠨᠢᠬᠤ ᠮᠠᠰᠢᠨ ᠳᠤ ᠭᠠᠷ ᠤᠨ ᠥᠰᠥᠭ ᠵᠢᠷᠤᠵᠤ ᠪᠤᠴᠠᠭᠠᠭᠰᠠᠨ ᠤ ᠳᠠᠷᠠᠭ᠎ᠠ᠂ ᠮᠡᠳᠡᠭᠡ ᠵᠠᠩᠭᠢ ᠶᠢ ᠳᠣᠲᠣᠭᠠᠳᠤ ᠶᠢ ᠬᠠᠮᠠᠭᠠᠯᠠᠬᠤ ᠰᠦᠯᠵᠢᠶ᠎ᠡ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠠᠪᠴᠠᠩ ᠳᠤ ᠠᠶᠠᠨᠳᠠᠭᠠᠨ ᠳᠠᠮᠵᠢᠭᠤᠯᠵᠤ ᠭᠠᠷᠳᠠᠮ ᠭᠦᠢᠴᠡᠳᠭᠡᠨ᠎ᠡ᠃ ᠬᠤᠶᠠᠷ ᠲᠤ ᠰᠦᠯᠵᠢᠶᠡᠨ ᠳᠡᠭᠡᠷᠡᠬᠢ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠵᠦ᠂ ︽ᠨᠢᠭᠡ ᠥᠷᠲᠡᠭᠡ ᠮᠠᠶ᠋ᠢᠭ ᠤᠨ ᠬᠢᠨᠠᠨ ᠵᠥᠪᠰᠢᠶᠡᠷᠡᠬᠦ︾ ᠴᠣᠩᠬᠤᠪᠴᠢ ᠶᠢ ᠪᠣᠶ ᠪᠣᠯᠭᠠᠨ᠎ᠠ᠃ ᠪᠠᠶᠢᠭᠤᠯᠤᠭᠰᠠᠨ ᠠᠦ᠋ᠲ᠋ᠣ᠋ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠤᠰᠬᠠᠶ ᠲᠣᠭᠤᠷᠢᠭ ᠢ ᠪᠥᠬᠦ ᠲᠠᠯ᠎ᠠ ᠪᠠᠷ ᠠᠰᠢᠭᠯᠠᠯᠲᠠ ᠳᠤ ᠣᠷᠣᠭᠤᠯᠵᠤ᠂ 24 ᠴᠠᠭ ᠤᠨ ᠪᠡᠶ᠎ᠡ ᠪᠠᠨ ᠳᠠᠭᠠᠭᠠᠭᠰᠠᠨ ᠠᠦ᠋ᠲ᠋ᠣ᠋ ᠦᠢᠯᠡᠴᠢᠯᠡᠭᠡᠨ ᠤ ᠣᠷᠣᠨ ᠪᠦᠰᠡ ᠳᠤ ᠪᠡᠶ᠎ᠡ ᠶᠢᠨ ᠦᠨᠡᠮᠯᠡᠯ ᠢ ᠢᠯᠭᠠᠨ ᠲᠠᠨᠢᠬᠤ ᠬᠡᠮᠵᠢᠭᠦᠷᠯᠢᠭ ᠤᠭᠰᠠᠷᠠᠵᠤ᠂ ᠠᠦ᠋ᠲ᠋ᠣ᠋ ᠲᠡᠷᠭᠡᠨ ᠤ ᠬᠠᠮᠢᠶᠠᠷᠤᠯᠲᠠ ᠶᠢᠨ ᠭᠦᠢᠴᠡᠳᠭᠡᠬᠦ ᠮᠠᠰᠢᠨ᠂ ᠠᠦ᠋ᠲ᠋ᠣ᠋ ᠨᠣᠮᠧᠷ ᠰᠣᠩᠭᠤᠬᠤ ᠮᠠᠰᠢᠨ᠂ ᠠᠦ᠋ᠲ᠋ᠣ᠋ ᠰᠡᠭᠦᠳᠡᠷᠯᠡᠬᠦ ᠮᠠᠰᠢᠨ ᠲᠠᠯᠪᠢᠵᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽12123︾ ᠭᠠᠷ ᠤᠲᠠᠰᠤᠨ ᠤ ᠲᠤᠬᠠᠶᠢᠯᠠᠭᠰᠠᠨ ᠠᠵᠢᠯ ᠤᠨ ᠴᠢᠳᠠᠮᠵᠢ ᠶᠢᠨ ᠵᠦᠭᠯᠡᠭᠦᠷ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽12123︾ ᠭᠠᠷ ᠤᠲᠠᠰᠤᠨ ᠤ APP ᠴᠢᠳᠠᠮᠵᠢ ᠪᠠ ᠠᠦ᠋ᠲ᠋ᠣ᠋  ᠦᠢᠯᠡᠴᠢᠯᠡᠭᠡᠨ ᠤ ᠮᠠᠰᠢᠨ ᠤ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠨᠠᠷᠢᠨ ᠲᠣᠳᠣᠷᠬᠠᠶ ᠮᠡᠳᠡᠭᠳᠡᠵᠦ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠪᠠ ᠠᠦ᠋ᠲ᠋ᠣ᠋ ᠮᠠᠰᠢᠨ ᠤ ᠦᠢᠯᠡᠴᠢᠯᠡᠭᠡᠨ ᠤ ᠬᠡᠪᠴᠢᠶ᠎ᠡ ᠶᠢ ᠨᠠᠷᠢᠨ ᠲᠣᠳᠣᠷᠬᠠᠶ ᠮᠡᠳᠡᠭᠳᠡᠵᠦ᠂ 24 ᠴᠠᠭ ᠤᠨ ᠠᠦ᠋ᠲ᠋ᠣ᠋  ᠦᠢᠯᠡᠴᠢᠯᠡᠭᠡᠨ ᠤ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠢ ᠪᠥᠬᠦ ᠲᠠᠯ᠎ᠠ ᠪᠠᠷ ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠤ ᠨᠢᠭᠡ ᠥᠷᠲᠡᠭᠡ ᠮᠠᠶ᠋ᠢᠭ ᠤᠨ ᠮᠠᠰᠢᠨ ᠲᠡᠷᠭᠡᠨ ᠤ ᠵᠢᠯᠣᠭᠤᠴᠢ ᠶᠢᠨ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠢ  ᠭᠦᠢᠴᠡᠳᠬᠡᠬᠦ ᠳᠤ ᠲᠦᠢᠯ ᠤᠨ ᠶᠡᠭᠡ ᠲᠥᠬᠦᠮ ᠦᠵᠡᠭᠦᠯᠪᠡ︔ ᠡᠯ᠎ᠡ ᠳᠠᠭᠠᠳᠬᠠᠯ ᠤᠨ ᠺᠣᠮᠫᠠᠨᠢ ᠶᠢ ᠤᠷᠢᠵᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ︽12123︾ ᠶᠢ ᠳᠡᠯᠭᠡᠷᠡᠭᠦᠯᠬᠦ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠵᠠᠮ ᠬᠠᠷᠢᠯᠴᠠᠭᠠᠨ ᠤ ᠠᠳᠡᠯ ᠢ ᠲᠦᠷᠭᠡᠨ ᠰᠢᠢᠳᠪᠦᠷᠢᠯᠡᠵᠦ ᠲᠦᠷᠭᠡᠨ ᠳᠥᠯᠥᠬᠦ ᠲᠣᠭᠲᠠᠴᠠ ᠶᠢ ᠪᠦᠷᠢᠨᠰᠢᠭᠦᠯᠵᠦ᠂ ᠵᠠᠮ ᠬᠠᠷᠢᠯᠴᠠᠭᠠᠨ ᠤ ᠠᠳᠡᠯ ᠢ ᠰᠦᠯᠵᠢᠶᠡᠨ ᠳᠡᠭᠡᠷ᠎ᠡ ᠰᠢᠢᠳᠪᠦᠷᠢᠯᠡᠬᠦ ᠶᠢ ᠬᠠᠮᠲᠤᠪᠠᠷ ᠠᠬᠢᠭᠤᠯᠵᠤ᠂ ᠲᠡᠷᠭᠡᠨ ᠬᠤᠬᠢᠷᠠᠯ ᠤᠨ ᠠᠳᠡᠯ ᠢ ᠰᠦᠯᠵᠢᠶᠡᠨ ᠳᠡᠭᠡᠷ᠎ᠡ ᠭᠥᠯᠢᠶᠡᠨ ᠠᠪᠴᠤ  ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠬᠠᠷᠢᠭᠤᠴᠠᠯᠭ᠎ᠠ ᠲᠣᠭᠲᠠᠭᠠᠬᠤ᠂ ᠰᠦᠯᠵᠢᠶᠡᠨ ᠳᠡᠭᠡᠷ᠎ᠡ ᠵᠥᠪᠳᠡᠯᠴᠡᠬᠦ᠂ ᠰᠦᠯᠵᠢᠶᠡᠨ ᠳᠡᠭᠡᠷ᠎ᠡ ᠬᠤᠬᠢᠷᠠᠯ ᠢ ᠲᠣᠭᠲᠠᠭᠠᠬᠤ᠂ ᠰᠦᠯᠵᠢᠶᠡᠨ ᠳᠡᠭᠡᠷ᠎ᠡ ᠳᠥᠯᠥᠬᠦ ᠶᠢ ᠠᠬᠢᠭᠤᠯᠬᠤ ᠶᠢᠨ ᠬᠠᠮᠲᠤ᠂ ᠳᠠᠭᠠᠳᠬᠠᠯ ᠤᠨ ᠺᠣᠮᠫᠠᠨᠢ ᠶᠢᠨ ᠠᠵᠢᠯᠲᠠᠨ ᠤ ᠠᠵᠢᠯᠯᠠᠭᠤᠯᠵᠤ ᠬᠡᠷᠡᠭᠯᠡᠬᠦ ᠶᠢ ᠵᠢᠯᠣᠭᠤᠳᠴᠤ ᠂ ᠠᠷᠠᠳ ᠲᠤ ᠦᠢᠯᠡᠴᠢᠯᠡᠬᠦ ᠰᠠᠶᠢᠨ ᠶᠠᠪᠤᠳᠠᠯ ᠢ ᠨᠠᠩ ᠰᠠᠶᠢᠨ ᠬᠢᠬᠦ ᠪᠠᠷ ᠴᠢᠷᠮᠠᠶᠢᠬᠤ ᠬᠡᠷᠡᠭᠲᠡᠶ᠃ ᠭᠤᠷᠪᠠ ᠳᠤ᠂ ᠬᠡᠷ ᠲᠤᠨᠢ ᠬᠦᠷᠴᠦ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠴᠢᠩᠭᠠᠳᠬᠠᠵᠤ᠂ ᠠᠵᠢᠯ ᠶᠠᠪᠤᠳᠠᠯ  ᠭᠦᠢᠴᠡᠳᠭᠡᠬᠦ ᠣᠯᠠᠨ ᠲᠦᠮᠡᠨ ᠢ ᠳᠤᠲᠠᠭᠤ ᠭᠦᠶᠦᠯᠭᠡᠬᠦ ᠬᠡᠷᠡᠭᠲᠡᠶ᠃ ᠶᠡᠭᠡ ᠠᠩᠭᠢ ᠨᠢ ᠳᠣᠲᠣᠭᠠᠳᠤ ᠶᠢ ᠬᠠᠮᠠᠭᠠᠯᠠᠬᠤ ᠶᠠᠮᠤᠨ ᠤ ᠳᠤᠷᠠᠳᠤᠭᠰᠠᠨ ︽ᠳᠠᠷᠦ᠋ᠢᠬᠠᠨ ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ᠂ ᠣᠶᠢᠷ᠎ᠠ ᠬᠠᠪᠢ ᠳᠤᠨᠢ ᠭᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠭᠡᠬᠦ︾ ᠠᠯᠢ ᠣᠯᠠᠨ ᠰᠢᠨ᠎ᠡ ᠲᠥᠷᠥ ᠶᠢᠨ ᠪᠣᠳᠣᠯᠭ᠎ᠠ ᠰᠢᠨ᠎ᠡ ᠱᠠᠭᠠᠷᠳᠠᠯᠭ᠎ᠠ ᠶᠢᠨ ᠲᠣᠭᠤᠷᠢᠨ ᠳᠤ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠪᠡᠶᠡᠯᠡᠭᠦᠯᠪᠡ᠃ᠣᠳᠣᠬᠢᠴᠢᠯᠠᠭᠰᠠᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠢ ᠵᠣᠬᠢᠶᠠᠨ ᠪᠠᠶᠢᠭᠤᠯᠤᠨ ᠪᠠᠶᠢᠭᠤᠯᠵᠤ᠂ ᠠᠷᠠᠳ ᠲᠤ ᠲᠥᠬᠦᠮ ᠦᠵᠡᠭᠦᠯᠬᠦ ᠰᠢᠨ᠎ᠡ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠠᠵᠢᠯ ᠶᠠᠪᠤᠳᠠᠯ ᠭᠦᠢᠴᠡᠳᠭᠡᠬᠦ ᠲᠠᠰ ᠳᠠᠷᠠᠭᠠᠯᠠᠯ ᠢ ᠳᠥᠭᠦᠮᠴᠢᠯᠡᠵᠦ᠂ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠦᠨ᠂ ᠣᠯᠠᠨ ᠴᠢᠳᠠᠮᠵᠢᠲᠤ ᠰᠢᠯᠵᠢᠮᠡᠯ ᠴᠠᠭᠳᠠᠭᠠᠨ ᠤ ᠶᠠᠪᠤᠳᠠᠯ ᠤᠨ ᠲᠡᠷᠭᠡ ᠶᠢ ᠲᠣᠭᠲᠠᠮᠠᠯ ᠪᠤᠰᠤ ᠴᠠᠭ ᠲᠤ ᠡᠯ᠎ᠡ ᠰᠢᠶᠠᠩ ᠪᠠᠯᠭᠠᠰᠤᠨ ᠳᠤ ᠲᠠᠷᠬᠠᠭᠠᠨ ᠥᠭᠴᠦ᠂ ᠨᠡᠭᠦᠳᠡᠯ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ ᠢ ᠪᠠᠶᠢᠭᠤᠯᠤᠨ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠳᠤ ᠬᠠᠨᠳᠤᠭᠤᠯᠤᠨ᠂ ᠲᠦᠷᠭᠡᠨ᠂ ᠥᠨᠳᠥᠷ ᠪᠦᠲᠦᠮᠵᠢᠲᠡᠶ᠂ ᠴᠢᠨᠠᠷ ᠰᠠᠶᠢᠲᠠᠶ ᠦᠢᠯᠡᠴᠢᠯᠡᠭᠡ ᠬᠠᠩᠭᠠᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠬᠦᠴᠢᠷᠲᠡᠶ᠂ ᠠᠵᠢᠯ ᠶᠠᠪᠤᠳᠠᠯ ᠭᠦᠢᠴᠡᠳᠭᠡᠬᠦ ᠳᠤ ᠤᠳᠠᠭᠠᠨ᠂ ᠣᠯᠠᠨ ᠲᠠᠯ᠎ᠠ ᠪᠠᠷ ᠭᠦᠶᠦᠬᠦ᠂ ᠨᠠᠭᠠᠰᠢ ᠴᠠᠭᠠᠰᠢ ᠭᠦᠶᠦᠬᠦ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠵᠡᠢ᠃    ᠰᠤᠷᠪᠤᠯᠵᠢᠯᠠᠭᠴᠢ᠄ ᠣᠳᠣᠬᠠᠨ ᠤ ᠠᠵᠢᠯᠯᠠᠭ᠎ᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠠᠷᠠᠭᠠᠴᠢ ᠶᠢᠨ ᠠᠯᠬᠤᠮ ᠳᠤ ᠱᠠᠩᠳᠤ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠡᠷᠬᠢᠨ ᠥᠭᠡᠷᠡᠴᠢᠯᠡᠨ ᠰᠠᠶᠢᠵᠢᠷᠠᠭᠤᠯᠵᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠣᠶ︖    ᠵᠢᠶ ᠭᠠᠩ᠄ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠳᠠᠬᠢ ᠣᠯᠠᠨ ᠲᠦᠮᠡᠨ ᠤ ᠬᠠᠮᠤᠭ ᠤᠨ ᠰᠢᠭᠤᠳ᠂ ᠬᠠᠮᠤᠭ ᠤᠨ ᠠᠩᠬᠠᠷᠴᠤ ᠪᠠᠶᠢᠭ᠎ᠠ ᠠᠰᠠᠭᠤᠳᠠᠯ ᠢ ᠪᠠᠶᠢᠴᠠᠭᠠᠨ ᠰᠤᠳᠤᠯᠬᠤ ᠪᠠ ᠰᠢᠢᠳᠪᠦᠷᠢᠯᠡᠬᠦ ᠶᠢᠨ ᠬᠠᠮᠲᠤ ᠡᠯ᠎ᠡ ᠳᠤᠮᠳᠠ ᠠᠩᠭᠢ ᠶᠢᠨ ᠴᠤᠭᠯᠠᠭᠤᠯᠤᠭᠰᠠᠨ ᠰᠠᠨᠠᠯ ᠰᠠᠨᠠᠭᠤᠯᠭ᠎ᠠ ᠶᠢ ᠲᠥᠷᠥᠯ ᠬᠤᠪᠢᠶᠠᠨ ᠡᠮᠬᠢᠯᠡᠨ ᠳᠡᠩᠰᠡᠯᠡᠵᠦ᠂ ᠴᠢᠳᠠᠯ ᠤᠨ ᠬᠢᠷᠢ ᠪᠠᠷ ᠢᠶᠠᠨ ᠰᠢᠢᠳᠪᠦᠷᠢᠯᠡᠵᠦ ᠳᠡᠶᠢᠯᠬᠦ ᠠᠰᠠᠭᠤᠳᠠᠯ ᠢ ᠦᠳᠲᠡᠷ ᠲᠦᠷᠭᠡᠨ ᠰᠢᠢᠳᠪᠦᠷᠢᠯᠡᠵᠦ᠂ ᠳᠡᠭᠡᠭᠰᠢ ᠮᠡᠳᠡᠭᠦᠯᠬᠦ ᠴᠢᠬᠤᠯᠠᠲᠠᠶ ᠠᠰᠠᠭᠤᠳᠠᠯ ᠢ ᠳᠡᠭᠡᠭᠰᠢ ᠮᠡᠳᠡᠭᠦᠯᠵᠦ ᠰᠢᠯᠵᠢᠭᠦᠯᠦᠨ ᠰᠢᠢᠳᠪᠦᠷᠢᠯᠡᠭᠦᠯᠬᠦ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ︽ᠪᠠᠴᠢᠮ ᠪᠠᠶᠢᠳᠠᠯ ᠬᠦᠴᠢᠷ ᠠᠰᠠᠭᠤᠳᠠᠯ ᠬᠦᠰᠡᠯ ᠡᠷᠡᠮᠡᠯᠵᠡᠯ︾ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠠᠷᠠᠳ ᠤᠨ ᠪᠠᠶᠢᠳᠠᠯ ᠢ ᠰᠤᠷᠪᠤᠯᠵᠢᠯᠠᠬᠤ᠂ ᠠᠷᠠᠳ ᠤᠨ ᠰᠠᠨᠠᠭ᠎ᠠ ᠶᠢ ᠰᠣᠨᠣᠰᠬᠤ᠂ ᠪᠣᠳᠠᠲᠤ ᠶᠠᠪᠤᠳᠠᠯ ᠬᠢᠬᠦ ᠬᠠᠷᠠᠯᠲᠠ ᠳᠤ ᠦᠨᠡᠨ ᠬᠦ ᠬᠦᠷᠴᠦ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠴᠠᠭᠳᠠᠭ᠎ᠠ ᠶᠢᠨ ᠴᠣᠩᠬᠤ ᠶᠢᠨ ᠠᠵᠢᠯ ᠤᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃                                                                    ᠰᠠᠷᠠᠭᠤᠯ ᠪᠠᠭᠤᠯᠭᠠᠪᠠ
 
ᠢᠷᠡᠯᠲᠡ᠄ ᠱᠠᠩᠳᠦ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2