︽ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︿ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠰᠢᠶᠠᠩ ᠪᠠᠯᠭᠠᠰᠤᠨ ᠤ ᠬᠠᠮᠲᠤ ᠪᠠᠷ ᠡᠭᠦᠷᠭᠡᠯᠡᠬᠦ ᠤᠴᠢᠷ ᠶᠠᠪᠤᠳᠠᠯ ᠤᠨ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ﹀ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/7/24
   ᠣᠶᠢᠷ᠎ᠠ ᠳᠤ᠂ ︽︿ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠰᠢᠶᠠᠩ ᠪᠠᠯᠭᠠᠰᠤᠨ ᠤ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ﹀ ᠶᠢ ᠳᠠᠷᠤᠮᠠᠯᠯᠠᠨ ᠲᠠᠷᠬᠠᠭᠠᠬᠤ ᠲᠤᠬᠠᠶ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ᠢ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠰᠢᠶᠠᠩ ᠪᠠᠯᠭᠠᠰᠤᠨ ᠳᠤ ᠳᠠᠷᠤᠮᠠᠯᠯᠠᠨ ᠲᠠᠷᠬᠠᠭᠠᠵᠤ᠂ ᠣᠲᠣ ︽ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠰᠢᠶᠠᠩ ᠪᠠᠯᠭᠠᠰᠤᠨ ᠤ ᠬᠠᠮᠲᠤ ᠪᠠᠷ ᠡᠭᠦᠷᠭᠡᠯᠡᠬᠦ  ᠵᠦᠢᠯᠡᠰ ᠤᠨ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ︾ ᠶᠢ ᠨᠡᠶᠢᠲᠡᠯᠡᠭᠰᠡᠨ ᠠᠬᠤᠶ ᠪᠠᠶᠢᠳᠠᠯ᠂ ᠭᠤᠤᠯ ᠠᠭᠤᠯᠭ᠎ᠠ ᠵᠡᠷᠭᠡ ᠲᠠᠯ᠎ᠠ ᠪᠠᠷ ᠳᠤᠤᠷᠠᠬᠢ ᠮᠡᠲᠦ ᠲᠠᠶᠢᠯᠤᠮᠵᠢ ᠬᠢᠪᠠ᠄ ᠨᠢᠭᠡ᠂ ᠨᠡᠶᠢᠲᠡᠯᠡᠭᠰᠡᠨ ᠠᠬᠤᠶ ᠪᠠᠶᠢᠳᠠᠯ    ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠭᠡᠷ ᠶᠣᠰᠣᠭᠠᠷ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ ᠬᠤᠲᠠ ᠶᠢᠨ ᠵᠠᠰᠠᠭ ᠤᠨ ᠶᠠᠪᠤᠳᠠᠯ ‍ᠤᠨ‌ᠦᠢᠯᠡᠴᠢᠯᠡᠭᠡᠨ ᠤ ᠲᠣᠪᠴᠢᠶ᠎ᠠ ᠬᠠᠮᠲᠤᠷᠠᠨ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ᠲᠤ ᠤᠯᠠᠮᠵᠢᠯᠠᠨ ᠲᠠᠷᠬᠠᠭᠠᠬᠤ ᠲᠤᠬᠠᠶ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠵᠠᠰᠠᠭ ᠤᠨ ᠶᠠᠪᠤᠳᠠᠯ ᠤᠨ ᠦᠢᠯᠡᠴᠢᠡᠭᠡᠨ ᠤ ᠲᠣᠪᠴᠢᠶ᠎ᠠ ︿ᠲᠣᠳᠣᠷᠬᠠᠶ ᠬᠤᠰᠢᠭᠤ ᠰᠢᠶᠠᠨ ᠤ ︵ᠬᠤᠲᠠ︶᠂︶ ᠰᠠᠯᠠᠭ᠎ᠠ ᠮᠥᠴᠢᠷ ᠪᠠ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠ ᠬᠠᠮᠵᠢᠯᠴᠠᠬᠤ ᠬᠠᠷᠢᠭᠤᠴᠠᠯᠭ᠎ᠠ ᠶᠢᠨ ᠮᠡᠳᠡᠭᠳᠡᠯ︾ ︵ᠤᠯᠠᠭᠠᠨᠴᠠᠪ ᠤᠨ ᠮᠠᠰᠢᠨ ᠣᠷᠣᠨ ᠠᠯᠪᠠᠨ ᠥᠰᠥᠭ 2021 . 22 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ᠂ ᠥᠪᠡᠷᠲᠡᠭᠡᠨ ᠵᠠᠰᠠᠬᠤ ᠣᠷᠣᠨ ᠠᠴᠠ ᠰᠢᠶᠠᠩ ᠪᠠᠯᠭᠠᠰᠤ ᠳᠤ ᠣᠯᠭᠤᠭᠰᠠᠨ 99 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠤᠴᠢᠷ ᠶᠠᠪᠤᠳᠠᠯ ᠪᠣᠯᠤᠨ ᠰᠢᠶᠠᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠵᠠᠭᠠᠭ ᠢ ᠤᠯᠠᠮ ᠨᠢᠭᠡ ᠠᠯᠬᠤᠮ ᠲᠣᠳᠣᠷᠬᠠᠶ ᠪᠣᠯᠭᠠᠬᠤ ᠶᠢᠨ ᠲᠤᠰᠠᠳᠠ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠡᠯ᠎ᠡ ᠰᠢᠶᠠᠩ ᠪᠠᠯᠭᠠᠰᠤᠨ ᠤ ᠬᠤᠯᠪᠣᠭᠳᠠᠯ ᠪᠥᠬᠦᠶ ᠤᠳᠤᠷᠢᠳᠤᠯᠭ᠎ᠠ ᠶᠢ ᠴᠠᠭ ᠲᠤᠬᠠᠶ ᠳᠤᠨᠢ ᠴᠤᠭᠯᠠᠭᠤᠯᠵᠤ ︽ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠰᠢᠶᠠᠩ ᠪᠠᠯᠭᠠᠰᠤᠨ ᠤ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ︾ ᠶᠢ ᠲᠣᠭᠲᠠᠭᠠᠨ᠎ᠠ᠂ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠰᠢᠶᠠᠩ ᠪᠠᠯᠭᠠᠰᠤᠨ ᠤ ᠬᠠᠮᠲᠤ ᠪᠠᠷ ᠡᠭᠦᠷᠭᠡᠯᠡᠬᠦ ᠤᠴᠢᠷ ᠶᠠᠪᠤᠳᠠᠯ ᠤᠨ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ︾ ᠶᠢ ᠬᠤᠷᠢᠶᠠᠩᠭᠤᠶᠢᠯᠠᠨ ᠲᠣᠭᠲᠠᠭᠠᠪᠠ᠃  ᠬᠤᠶᠠᠷ᠂ ︽ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠰᠢᠶᠠᠩ ᠪᠠᠯᠭᠠᠰᠤᠨ ᠤ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ︾ ᠶᠢᠨ ᠭᠤᠣᠯ ᠠᠭᠤᠯᠭ᠎ᠠ    ︽ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠰᠢᠶᠠᠩ ᠪᠠᠯᠭᠠᠰᠤ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ︾ ᠶᠢ ᠭᠤᠣᠯᠳᠠᠭᠤ ᠡᠯ᠎ᠡ ᠰᠢᠶᠠᠩ ᠪᠠᠯᠭᠠᠰᠤ ᠪᠠ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠠᠨᠳᠤᠭᠤᠯᠤᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ᠬᠠᠮᠵᠢᠯᠴᠠᠬᠤ ᠬᠠᠷᠢᠭᠤᠴᠠᠯᠭ᠎ᠠ ᠶᠢ ᠢᠯᠭᠠᠨ᠂ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠪᠢᠴᠢᠭ ᠮᠠᠲ᠋ᠧᠷᠢᠶᠠᠯ ᠢ ᠦᠨᠳᠦᠰᠦᠯᠡᠨ ᠪᠣᠳᠠᠲᠠᠢ ᠵᠦᠢᠯᠡᠰ ᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠬᠠᠮᠲᠤ ᠪᠠᠷ ᠡᠭᠦᠷᠭᠡᠯᠡᠬᠦ ᠵᠦᠢᠯᠡᠰ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠷ᠎ᠡ ᠪᠦᠲᠦᠮᠵᠢ ᠶᠢ ᠦᠨᠡᠨ ᠬᠦ ᠪᠡᠶᠡᠯᠡᠭᠦᠯᠦᠨ᠎ᠡ᠃    ︵ᠪᠢᠴᠢᠭ ᠮᠠᠲ᠋ᠧᠷᠢᠶᠠᠯ / ᠲᠠᠶᠢᠯᠤᠮᠵᠢ᠄ ᠱᠠᠩᠳᠤ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠰᠢᠶᠠᠩ ᠪᠠᠯᠭᠠᠰᠤ ᠬᠠᠮᠲᠤ ᠪᠠᠷ ᠡᠭᠦᠷᠭᠡᠯᠡᠬᠦ  ᠵᠦᠢᠯᠡᠰ ᠤᠨ ᠬᠠᠷᠢᠭᠤᠴᠠᠯᠭ᠎ᠠ ᠶᠢᠨ ᠲᠣᠳᠣᠷᠬᠠᠶ ᠬᠠᠭᠤᠳᠠᠰᠤ︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ᠃                                                              ᠰᠠᠷᠠᠭᠤᠯ ᠪᠠᠭᠤᠯᠭᠠᠪᠠ
 
ᠢᠷᠡᠯᠲᠡ᠄ ᠱᠠᠩᠳᠦ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2