ᠨᠢᠭᠡ᠂ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠠᠬᠤᠶ ᠪᠠᠶᠢᠳᠠᠯ ᠤᠨ ᠦᠨᠳᠦᠰᠦᠯᠡᠯ | ︽ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ ᠠᠰᠠᠭᠤᠳᠠᠯ ᠢ ᠵᠢᠭᠰᠠᠭᠠᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠶ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︽ᠤᠯᠠᠭᠠᠨᠴᠠᠪ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ | ᠡᠷᠦᠬᠡ ᠶᠢᠨ ᠵᠣᠷᠯᠣᠩ ᠤᠨ ᠠᠰᠠᠭᠤᠳᠠᠯ ᠢ ᠪᠥᠬᠦ ᠲᠠᠯ᠎ᠠ ᠪᠠᠷ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠤᠨ | ᠲᠥᠰᠦᠯ︾ ᠤᠨ ᠵᠣᠷᠢᠭ ᠰᠠᠨᠠᠭ᠎ᠠ ᠶᠣᠰᠣᠭᠠᠷ᠂ ᠶᠡᠷᠦᠩᠬᠡᠶ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠤ ︽ | ᠵᠣᠷᠯᠣᠩ ᠤᠨ ᠬᠤᠪᠢᠰᠬᠠᠯ︾ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠬᠤ ᠶᠢᠨ ᠲᠤᠰᠠᠳᠠ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ | ᠲᠣᠭᠲᠠᠭᠠᠪᠠ᠃ | ᠬᠤᠶᠠᠷ᠂ ᠲᠥᠷᠥ ᠶᠢᠨ ᠪᠣᠳᠣᠯᠭ᠎ᠠ ᠶᠢᠨ ᠭᠤᠣᠯ ᠠᠭᠤᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ 2013 ᠣᠨ ᠠᠴᠠ ᠨᠠᠭᠠᠰᠢᠬᠢ ᠡᠯ᠎ᠡ ᠱᠠᠲᠤᠨ ᠤ ᠡᠳ᠋ ᠤᠨ | ᠵᠠᠰᠠᠭ ᠤᠨ ᠳᠡᠮᠵᠢᠵᠦ ᠥᠭᠡᠷᠡᠴᠢᠯᠡᠨ ᠪᠠᠶᠢᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠲᠤ | ᠴᠢᠭᠯᠡᠭᠦᠯᠦᠨ᠂ ᠪᠥᠬᠦ ᠰᠢᠶᠠᠨ ᠤ ᠬᠡᠪᠴᠢᠶᠡᠨ ᠳᠤ ︽ᠲᠤᠤᠷᠵᠢᠭᠤᠯᠬᠤ ᠮᠠᠶ᠋ᠢᠭ︾ ᠤᠨ ᠶᠡᠭᠡ ᠵᠢᠭᠰᠠᠭᠠᠨ | ᠪᠠᠶᠢᠴᠠᠭᠠᠯᠲᠠ ᠶᠢ ᠥᠷᠨᠢᠭᠦᠯᠵᠦ᠂ ᠭᠤᠤᠯᠳᠠᠯᠭ᠎ᠠ ᠶᠢ ᠨᠢ ᠤᠶᠢᠯᠠᠭᠠᠨ ᠵᠢᠭᠰᠠᠭᠠᠵᠤ᠂ ᠬᠥᠳᠡᠭᠡ ᠲᠣᠰᠬᠤᠨ ᠤ | ᠡᠷᠦᠬᠡ ᠶᠢᠨ ᠵᠣᠷᠯᠣᠩ ᠤᠨ ᠦᠨᠳᠦᠰᠦᠨ ᠪᠠᠶᠢᠳᠠᠯ᠂ ᠪᠠᠷᠢᠯᠭ᠎ᠠ ᠶᠢᠨ ᠶᠠᠰᠤ ᠴᠢᠨᠠᠷ᠂ ᠬᠠᠮᠢᠶᠠᠷᠴᠤ ᠬᠠᠮᠠᠭᠠᠯᠠᠵᠤ | ᠪᠠᠶᠢᠭ᠎ᠠ ᠵᠡᠷᠭᠡ ᠪᠠᠶᠢᠳᠠᠯ ᠢ ᠦᠨᠡᠨ ᠬᠦ ᠤᠶᠢᠯᠠᠭᠠᠨ᠂ ᠵᠢᠭᠰᠠᠭᠠᠨ ᠪᠠᠶᠢᠴᠠᠭᠠᠭᠰᠠᠨ ᠲᠠᠩᠰᠠ ᠡᠪᠬᠡᠮᠡᠯ ᠪᠠᠶᠢᠭᠤᠯᠵᠤ᠂ | ᠨᠢᠭᠡ ᠡᠷᠦᠬᠡ ᠳᠤ ᠨᠢᠭᠡ ᠲᠠᠩᠰᠠ ᠡᠪᠬᠡᠮᠡᠯ ᠲᠠᠢ ᠪᠠᠶᠢᠬᠤ᠂ ᠨᠢᠭᠡ ᠡᠷᠦᠬᠡ ᠳᠤ ᠨᠢᠭᠡ ᠰᠡᠭᠦᠳᠡᠷ ᠳᠦᠷᠰᠦ ᠲᠠᠢ ᠪᠠᠶᠢᠬᠤ | ᠂ ᠨᠢᠭᠡ ᠡᠷᠦᠬᠡ ᠳᠤ ᠳᠥᠷᠪᠡᠨ ᠭᠠᠷ ᠤᠨ ᠥᠰᠥᠭ ᠵᠢᠷᠤᠬᠤ ᠶᠢ ᠴᠢᠩᠭ᠎ᠠ ᠬᠡᠷᠡᠭᠵᠢᠭᠦᠯᠵᠦ᠂ ᠲᠤᠭ᠎ᠠ ᠲᠣᠳᠣᠷᠬᠠᠶ᠂ | ᠪᠠᠶᠢᠳᠠᠯ ᠲᠣᠳᠣᠷᠬᠠᠶ ᠪᠠᠶᠢᠬᠤ ᠬᠡᠷᠡᠭᠲᠡᠶ᠃ ᠡᠭᠦᠨ ᠤ ᠬᠠᠮᠲᠤ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ | ᠰᠣᠨᠣᠰᠬᠤ ᠶᠢ ᠴᠢᠬᠤᠯᠠᠴᠢᠯᠠᠵᠤ᠂ ᠵᠢᠭᠰᠠᠭᠠᠨ ᠪᠠᠶᠢᠴᠠᠭᠠᠬᠤ ᠠᠵᠢᠯ ᠢ ᠣᠯᠠᠨ ᠲᠦᠮᠡᠨ ᠤ ᠰᠠᠨᠠᠯ ᠰᠠᠨᠠᠭᠤᠯᠭ᠎ᠠ | ᠬᠤᠷᠢᠶᠠᠬᠤ ᠲᠠᠢ ᠤᠶᠠᠯᠳᠤᠭᠤᠯᠵᠤ᠂ ᠣᠯᠠᠨ ᠲᠦᠮᠡᠨ ᠤ ᠰᠠᠭᠤᠷᠢ ᠶᠢ ᠪᠠᠬᠢᠵᠢᠭᠦᠯᠦᠨ᠎ᠡ᠃ ᠪᠠᠶᠢᠳᠠᠯ ᠢ ᠣᠶᠢᠯᠠᠭᠠᠵᠤ | ᠵᠢᠭᠰᠠᠭᠠᠨ ᠪᠠᠶᠢᠴᠠᠭᠠᠬᠤ ᠠᠵᠢᠯ ᠤᠨ ᠦᠨᠡᠨ ᠬᠦ ᠲᠦᠢᠯᠪᠤᠷᠢᠲᠠᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠰᠢᠶᠠᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠰᠢᠶᠠᠩ ᠪᠠᠯᠭᠠᠰᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠬᠠᠷᠢᠯᠴᠠᠨ ᠬᠠᠮᠵᠢᠯᠴᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ | ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ | ᠯᠠᠪᠳᠠᠭᠤᠨ ᠢᠶᠠᠷ ᠠᠬᠢᠭᠤᠯᠬᠤ ᠶᠢ ᠬᠠᠮᠲᠤ ᠪᠠᠷ ᠠᠬᠢᠭᠤᠯᠪᠠ᠃ ᠡᠭᠦᠨ ᠤ ᠬᠠᠮᠲᠤ ᠡᠳᠦᠷ ᠤᠨ ᠰᠣᠨᠢᠨ ᠤ ᠲᠦᠷᠢᠮ᠂ | ᠬᠢᠨᠠᠯᠲᠠ ᠲᠠᠯᠪᠢᠵᠤ ᠬᠢᠨᠠᠨ ᠰᠢᠯᠭᠠᠬᠤ ᠲᠦᠷᠢᠮ ᠢ ᠬᠡᠷᠡᠭᠵᠢᠭᠦᠯᠵᠦ᠂ ᠪᠠᠶᠢᠳᠠᠯ ᠢ ᠤᠶᠢᠯᠠᠭᠠᠨ ᠵᠢᠭᠰᠠᠭᠠᠬᠤ ᠠᠵᠢᠯ ᠢ | ᠦᠨᠡᠨ ᠬᠦ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠪᠠ᠃ | ᠪᠢᠴᠢᠭ ᠮᠠᠲ᠋ᠧᠷᠢᠶᠠᠯ / ᠲᠠᠶᠢᠯᠤᠮᠵᠢ᠄ ᠱᠠᠩᠳᠤ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠱᠠᠩᠳᠤ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ | ᠡᠷᠦᠬᠡ ᠶᠢᠨ ᠵᠣᠷᠯᠣᠩ ᠤᠨ ᠠᠰᠠᠭᠤᠳᠠᠯ ᠤᠨ ᠪᠥᠬᠦ ᠲᠠᠯ᠎ᠠ ᠶᠢᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ | ᠠᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ᠃ | | | ᠰᠠᠷᠠᠭᠤᠯ ᠪᠠᠭᠤᠯᠭᠠᠪᠠ |