ᠱᠠᠩᠳᠤ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠠᠰᠠᠭᠤᠳᠠᠯ ᠢ ᠪᠦᠬᠦ ᠲᠠᠯ᠎ᠠ ᠪᠠᠷ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠤᠨ ᠲᠥᠰᠦᠯ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2021/7/26
   ᠨᠢᠭᠡ᠂ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠠᠬᠤᠶ ᠪᠠᠶᠢᠳᠠᠯ ᠤᠨ ᠦᠨᠳᠦᠰᠦᠯᠡᠯ    ︽ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠢ ᠥᠭᠡᠷᠡᠴᠢᠯᠡᠬᠦ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠶ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︽ᠤᠯᠠᠭᠠᠨᠴᠠᠪ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠠᠰᠠᠭᠤᠳᠠᠯ ᠢ ᠪᠥᠬᠦ ᠲᠠᠯ᠎ᠠ ᠪᠠᠷ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠤᠨ ᠲᠥᠰᠦᠯ︾ ᠤᠨ ᠵᠣᠷᠢᠭ ᠰᠠᠨᠠᠭ᠎ᠠ ᠶᠣᠰᠣᠭᠠᠷ᠂ ᠶᠡᠷᠦᠩᠬᠡᠶ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠤ ︽ᠵᠣᠷᠯᠣᠩ ᠤᠨ ᠬᠤᠪᠢᠰᠬᠠᠯ︾ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠤᠰᠠᠳᠠ᠂ ᠮᠠᠨ ᠤ ᠰᠢᠶᠠᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃    ᠬᠤᠶᠠᠷ᠂ ᠲᠥᠷᠥ ᠶᠢᠨ ᠪᠣᠳᠣᠯᠭ᠎ᠠ ᠶᠢᠨ ᠭᠤᠣᠯ ᠠᠭᠤᠯᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ 2013 ᠣᠨ ᠠᠴᠠ ᠨᠠᠭᠠᠰᠢᠬᠢ ᠡᠯ᠎ᠡ ᠱᠠᠲᠤᠨ ᠤ ᠡᠳ᠋ ᠤᠨ ᠵᠠᠰᠠᠭ ᠤᠨ ᠳᠡᠮᠵᠢᠵᠦ ᠥᠭᠡᠷᠡᠴᠢᠯᠡᠨ ᠪᠠᠶᠢᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠲᠤ ᠴᠢᠭᠯᠡᠭᠦᠯᠦᠨ᠂ ᠪᠥᠬᠦ ᠰᠢᠶᠠᠨ ᠤ ᠬᠡᠪᠴᠢᠶᠡᠨ ᠳᠤ ︽ᠲᠤᠤᠷᠵᠢᠭᠤᠯᠬᠤ ᠮᠠᠶ᠋ᠢᠭ︾ ᠤᠨ ᠶᠡᠭᠡ ᠵᠢᠭᠰᠠᠭᠠᠨ ᠪᠠᠶᠢᠴᠠᠭᠠᠯᠲᠠ ᠶᠢ ᠥᠷᠨᠢᠭᠦᠯᠵᠦ᠂ ᠭᠤᠤᠯᠳᠠᠯᠭ᠎ᠠ ᠶᠢ ᠨᠢ ᠤᠶᠢᠯᠠᠭᠠᠨ ᠵᠢᠭᠰᠠᠭᠠᠵᠤ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠦᠨᠳᠦᠰᠦᠨ ᠪᠠᠶᠢᠳᠠᠯ᠂ ᠪᠠᠷᠢᠯᠭ᠎ᠠ ᠶᠢᠨ ᠶᠠᠰᠤ ᠴᠢᠨᠠᠷ᠂ ᠬᠠᠮᠢᠶᠠᠷᠴᠤ ᠬᠠᠮᠠᠭᠠᠯᠠᠵᠤ ᠪᠠᠶᠢᠭ᠎ᠠ ᠵᠡᠷᠭᠡ ᠪᠠᠶᠢᠳᠠᠯ ᠢ ᠦᠨᠡᠨ ᠬᠦ ᠤᠶᠢᠯᠠᠭᠠᠨ᠂ ᠵᠢᠭᠰᠠᠭᠠᠨ ᠪᠠᠶᠢᠴᠠᠭᠠᠭᠰᠠᠨ ᠲᠠᠩᠰᠠ ᠡᠪᠬᠡᠮᠡᠯ ᠪᠠᠶᠢᠭᠤᠯᠵᠤ᠂ ᠨᠢᠭᠡ ᠡᠷᠦᠬᠡ ᠳᠤ ᠨᠢᠭᠡ ᠲᠠᠩᠰᠠ ᠡᠪᠬᠡᠮᠡᠯ ᠲᠠᠢ ᠪᠠᠶᠢᠬᠤ᠂ ᠨᠢᠭᠡ ᠡᠷᠦᠬᠡ ᠳᠤ ᠨᠢᠭᠡ ᠰᠡᠭᠦᠳᠡᠷ ᠳᠦᠷᠰᠦ ᠲᠠᠢ ᠪᠠᠶᠢᠬᠤ ᠂ ᠨᠢᠭᠡ ᠡᠷᠦᠬᠡ ᠳᠤ ᠳᠥᠷᠪᠡᠨ ᠭᠠᠷ ᠤᠨ ᠥᠰᠥᠭ ᠵᠢᠷᠤᠬᠤ ᠶᠢ ᠴᠢᠩᠭ᠎ᠠ ᠬᠡᠷᠡᠭᠵᠢᠭᠦᠯᠵᠦ᠂ ᠲᠤᠭ᠎ᠠ ᠲᠣᠳᠣᠷᠬᠠᠶ᠂ ᠪᠠᠶᠢᠳᠠᠯ ᠲᠣᠳᠣᠷᠬᠠᠶ ᠪᠠᠶᠢᠬᠤ ᠬᠡᠷᠡᠭᠲᠡᠶ᠃ ᠡᠭᠦᠨ ᠤ ᠬᠠᠮᠲᠤ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠣᠨᠣᠰᠬᠤ ᠶᠢ ᠴᠢᠬᠤᠯᠠᠴᠢᠯᠠᠵᠤ᠂ ᠵᠢᠭᠰᠠᠭᠠᠨ ᠪᠠᠶᠢᠴᠠᠭᠠᠬᠤ ᠠᠵᠢᠯ ᠢ ᠣᠯᠠᠨ ᠲᠦᠮᠡᠨ ᠤ ᠰᠠᠨᠠᠯ ᠰᠠᠨᠠᠭᠤᠯᠭ᠎ᠠ ᠬᠤᠷᠢᠶᠠᠬᠤ ᠲᠠᠢ ᠤᠶᠠᠯᠳᠤᠭᠤᠯᠵᠤ᠂ ᠣᠯᠠᠨ ᠲᠦᠮᠡᠨ ᠤ ᠰᠠᠭᠤᠷᠢ ᠶᠢ ᠪᠠᠬᠢᠵᠢᠭᠦᠯᠦᠨ᠎ᠡ᠃ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠤᠨ ᠦᠨᠡᠨ ᠬᠦ ᠲᠦᠢᠯᠪᠤᠷᠢᠲᠠᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠷᠢᠯᠴᠠᠨ ᠬᠠᠮᠵᠢᠯᠴᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠬᠠᠮᠲᠤ ᠪᠠᠷ ᠠᠬᠢᠭᠤᠯᠪᠠ᠃ ᠡᠭᠦᠨ ᠤ ᠬᠠᠮᠲᠤ ᠡᠳᠦᠷ ᠤᠨ ᠰᠣᠨᠢᠨ ᠤ ᠲᠦᠷᠢᠮ᠂ ᠬᠢᠨᠠᠯᠲᠠ ᠲᠠᠯᠪᠢᠵᠤ ᠬᠢᠨᠠᠨ ᠰᠢᠯᠭᠠᠬᠤ ᠲᠦᠷᠢᠮ ᠢ ᠬᠡᠷᠡᠭᠵᠢᠭᠦᠯᠵᠦ᠂ ᠪᠠᠶᠢᠳᠠᠯ ᠢ ᠤᠶᠢᠯᠠᠭᠠᠨ ᠵᠢᠭᠰᠠᠭᠠᠬᠤ ᠠᠵᠢᠯ ᠢ ᠦᠨᠡᠨ ᠬᠦ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠪᠠ᠃    ᠪᠢᠴᠢᠭ ᠮᠠᠲ᠋ᠧᠷᠢᠶᠠᠯ / ᠲᠠᠶᠢᠯᠤᠮᠵᠢ᠄ ᠱᠠᠩᠳᠤ ᠰᠢᠶᠠᠨ ᠤ ᠨᠠᠮ ᠤᠨ ᠬᠤᠷᠢᠶᠠᠨ ᠤ ᠠᠯᠪᠠᠨ ᠬᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠱᠠᠩᠳᠤ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠤᠨ ᠠᠰᠠᠭᠤᠳᠠᠯ ᠤᠨ ᠪᠥᠬᠦ ᠲᠠᠯ᠎ᠠ ᠶᠢᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ᠃                                                        ᠰᠠᠷᠠᠭᠤᠯ ᠪᠠᠭᠤᠯᠭᠠᠪᠠ
 
ᠢᠷᠡᠯᠲᠡ᠄ ᠱᠠᠩᠳᠦ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2