ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠪᠣᠯᠤᠨ ᠲᠤᠰᠬᠠᠶ | ᠲᠥᠯᠥᠪᠵᠢᠭᠦᠯᠭᠡ ᠳᠤ ᠲᠣᠭᠲᠠᠭᠠᠭᠰᠠᠨ ᠴᠢᠬᠤᠯᠠ ᠶᠡᠭᠡ ᠲᠥᠷᠥᠯ ᠵᠦᠢᠯ ᠢ ᠲᠥᠷᠭᠡᠳᠬᠡᠨ ᠠᠬᠢᠭᠤᠯᠵᠤ ᠪᠦᠲᠦᠮᠵᠢᠲᠡᠶ ᠪᠡᠯᠡ | ᠣᠷᠣᠭᠤᠯᠤᠯᠲᠠ ᠶᠢ ᠥᠷᠭᠡᠳᠬᠡᠬᠦ ᠲᠤᠬᠠᠶ ᠪᠠᠶᠢᠷᠢᠯᠠᠭᠤᠯᠪᠠ | ᠡᠮ ᠤᠨ ᠵᠦᠢᠯ ᠪᠣᠯᠣᠨ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ | ᠲᠣᠭᠲᠠᠭᠰᠠᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢ ᠪᠠᠶᠢᠩᠭᠤᠵᠢᠭᠤᠯᠤᠨ ᠳᠦᠷᠢᠮᠵᠢᠭᠦᠯᠵᠦ ᠥᠷᠨᠢᠭᠦᠯᠦᠨ | ᠡᠪᠡᠳᠴᠢᠲᠡᠨ ᠤ ᠡᠮ ᠡᠮᠨᠡᠯᠭᠡ ᠶᠢᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠪᠠᠷ ᠲᠣᠭᠲᠠᠪᠠ | ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 10 ᠤ ᠡᠳᠦᠷ ᠤᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 1 ᠳ᠋ᠦ᠋ᠭᠡᠷ ᠰᠠᠷ᠎ᠠ ᠶᠢᠨ 10 ᠤ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ︽ᠬᠥᠲᠥᠯᠪᠦᠷᠢ︾ ᠪᠣᠯᠣᠨ ᠲᠤᠰᠬᠠᠶ ᠲᠥᠯᠥᠪᠵᠢᠭᠦᠯᠭᠡ ᠳᠤ ᠲᠣᠭᠲᠠᠭᠠᠭᠰᠠᠨ ᠴᠢᠬᠤᠯᠠ ᠶᠡᠭᠡ | ᠲᠥᠷᠥᠯ ᠵᠦᠢᠯ ᠢ ᠲᠥᠷᠭᠡᠳᠬᠡᠨ ᠠᠬᠢᠭᠤᠯᠵᠤ᠂ ᠪᠦᠲᠦᠮᠵᠢᠲᠡᠶ ᠪᠠᠯᠠ ᠣᠷᠣᠭᠤᠯᠤᠯᠲᠠ ᠶᠢ ᠥᠷᠭᠡᠳᠬᠡᠬᠦ ᠲᠤᠬᠠᠶ | ᠪᠠᠶᠢᠷᠢᠯᠠᠭᠤᠯᠪᠠ︔ ᠡᠮ ᠤᠨ ᠵᠦᠢᠯ ᠪᠣᠯᠤᠨ ᠥᠨᠳᠥᠷ ᠦᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ | ᠲᠥᠪᠯᠡᠷᠡᠭᠦᠯᠦᠨ ᠲᠣᠭᠲᠠᠭᠰᠠᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢ ᠪᠠᠶᠢᠩᠭᠤᠵᠢᠭᠤᠯᠤᠨ ᠳᠦᠷᠢᠮᠵᠢᠭᠦᠯᠵᠦ | ᠥᠷᠨᠢᠭᠦᠯᠦᠨ᠂ ᠡᠪᠡᠳᠴᠢᠲᠡᠨ ᠤ ᠡᠮ ᠡᠮᠨᠡᠯᠭᠡ ᠶᠢᠨ ᠳᠠᠷᠤᠭᠠᠰᠤ ᠶᠢ ᠤᠯᠠᠮ ᠴᠢᠨᠠᠭᠰᠢᠳᠠ ᠬᠥᠩᠭᠡᠷᠡᠭᠦᠯᠬᠦ ᠪᠠᠷ ᠲᠣᠭᠲᠠᠪᠠ᠃ | ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ︽ᠬᠥᠲᠥᠯᠪᠦᠷᠢ︾ ᠳᠤ ᠲᠣᠭᠲᠠᠭᠠᠭᠰᠠᠨ ᠭᠤᠣᠯᠳᠠᠯᠭ᠎ᠠ ᠲᠠᠢ ᠬᠠᠷᠢᠴᠠᠭᠤᠯᠵᠤ᠂ | ᠤᠯᠤᠰ ᠤᠨ ᠳᠡᠰ ᠤᠨ ᠲᠤᠰᠬᠠᠶ ᠵᠦᠢᠯ ᠤᠨ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠰᠢᠨᠵᠢᠯᠡᠬᠦ ᠤᠬᠠᠭᠠᠨᠴᠢ ᠪᠥᠭᠡᠳ | ᠪᠦᠲᠦᠮᠵᠢᠲᠡᠶ ᠪᠠᠷ ᠰᠠᠶᠢᠲᠤᠷ ᠬᠢᠵᠦ᠂ ᠬᠠᠷᠠᠯᠲᠠ ᠡᠭᠦᠷᠭᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠡᠷᠡᠭᠵᠢᠭᠦᠯᠵᠦ | ᠪᠣᠯᠬᠤᠶᠢᠴᠠ ᠲᠥᠷᠥ ᠶᠢᠨ ᠪᠣᠳᠣᠯᠭ᠎ᠠ ᠪᠣᠯᠤᠨ ᠪᠣᠳᠠᠲᠠᠶ ᠲᠥᠷᠥᠯ ᠵᠦᠢᠯ ᠢ ᠳᠤᠷᠠᠳᠤᠨ ᠭᠠᠷᠭᠠᠬᠤ ᠬᠡᠷᠡᠭᠲᠡᠶ᠃ ᠣᠳᠣᠬᠠᠨ ᠳᠤ | 44 ᠲᠤᠰᠬᠠᠶ ᠲᠥᠯᠥᠪᠵᠢᠭᠦᠯᠭᠡ ᠶᠢ ᠨᠢᠭᠡᠨᠲᠡ ᠦᠨᠳᠦᠰᠦᠨ ᠳᠤ ᠪᠠᠨ ᠨᠠᠶᠢᠷᠠᠭᠤᠯᠤᠨ ᠳᠠᠭᠤᠰᠬᠠᠵᠤ ᠵᠠᠯᠭᠠᠭ᠎ᠠ ᠪᠠᠷ | ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ ᠣᠳᠣᠬᠠᠨ ᠤ ᠪᠠᠶᠢᠳᠠᠯ ᠳᠤ ᠰᠠᠭᠤᠷᠢᠯᠠᠨ᠂ ᠠᠯᠤᠰ ᠢᠷᠡᠭᠡᠳᠦᠶ ᠶᠢ ᠪᠣᠳᠣᠯᠬᠢᠯᠠᠨ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠤᠰᠬᠠᠶ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢ ᠬᠦᠴᠦᠲᠡᠶ | ᠮᠥᠷᠲᠡᠭᠡᠨ ᠡᠮᠬᠢ ᠵᠢᠷᠤᠮ ᠲᠠᠢ ᠠᠬᠢᠭᠤᠯᠬᠤ ᠬᠡᠷᠡᠭᠲᠡᠶ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠣᠳᠣᠬᠠᠨ ᠤ ᠠᠵᠤ ᠠᠬᠤᠢ ᠶᠢᠨ ᠠᠵᠢᠯᠯᠠᠭᠠᠨ ᠳᠠᠪᠠᠭ᠎ᠠ ᠳᠠᠪᠠᠵᠤ ᠪᠣᠭᠤᠮᠲᠠ | ᠰᠢᠪᠲᠤᠯᠬᠤ ᠪᠠᠶᠢᠳᠠᠯ ᠳᠤ ᠣᠷᠣᠰᠢᠵᠤ ᠪᠠᠶᠢᠨ᠎ᠠ᠃ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ | ᠶᠣᠰᠣᠭᠠᠷ᠂ ᠨᠡᠮᠡᠭᠳᠡᠯ ᠢ ᠲᠣᠭᠲᠠᠪᠤᠷᠢᠵᠢᠭᠤᠯᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠳᠣᠲᠣᠭᠠᠳᠤ ᠶᠢᠨ | ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠡᠷᠡᠰ ᠬᠡᠷᠡᠭᠵᠢᠭᠦᠯᠦᠨ᠂ ︽ᠪᠦᠬᠦᠨ ᠢ ᠬᠠᠮᠤᠷᠤᠭᠤᠯᠬᠤ︾ ᠦᠭᠡᠢ | ᠪᠠᠶᠢᠬᠤ ᠶᠢ ᠪᠠᠷᠢᠮᠲᠠᠯᠠᠵᠤ᠂ ᠬᠠᠮᠤᠭ ᠤᠨ ᠡᠴᠦᠰ ᠤᠨ ᠬᠡᠷᠡᠭᠯᠡᠭᠡ ᠪᠠ ᠪᠦᠲᠦᠮᠵᠢᠲᠡᠶ ᠪᠡᠯᠡ ᠣᠷᠣᠭᠤᠯᠤᠯᠲᠠ ᠶᠢ ᠬᠠᠨᠳᠤᠯᠭᠠᠲᠤ | ᠴᠢᠨᠠᠷᠲᠠᠶ ᠪᠠᠷ ᠥᠷᠭᠡᠳᠬᠡᠬᠦ ᠬᠡᠷᠡᠭᠲᠡᠶ᠃ ᠡᠨᠡ ᠨᠢ ᠠᠵᠤ ᠠᠬᠤᠶ ᠶᠢᠨ ᠪᠠᠭᠤᠷᠠᠯᠲᠠ ᠶᠢᠨ ᠰᠢᠨ᠎ᠡ ᠳᠠᠷᠤᠯᠲᠠ ᠶᠢ ᠠᠷᠭᠠᠴᠠᠭᠠᠵᠤ | ᠂ ᠨᠢᠭᠡᠳᠦᠭᠡᠷ ᠤᠯᠠᠷᠢᠯ ᠪᠠ ᠳᠡᠭᠡᠷ᠎ᠡ ᠬᠠᠭᠠᠰ ᠵᠢᠯ ᠤᠨ ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠦᠨᠡᠨ ᠬᠦ | ᠪᠠᠲᠤᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠨᠢᠭᠡ ᠳᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ︽ᠬᠥᠲᠥᠯᠪᠦᠷᠢ︾ ᠳᠤ ᠲᠣᠭᠲᠠᠭᠠᠭᠰᠠᠨ 102 ᠵᠦᠢᠯ ᠤᠨ ᠴᠢᠬᠤᠯᠠ ᠶᠡᠭᠡ ᠢᠨᠵᠧᠨᠧᠷᠢᠩ ᠤᠨ | ᠲᠥᠷᠥᠯ ᠵᠦᠢᠯ ᠪᠠ ᠲᠤᠰᠬᠠᠶ ᠵᠦᠢᠯ ᠤᠨ ᠲᠥᠯᠥᠪᠵᠢᠭᠦᠯᠭᠡ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ | ᠬᠡᠷᠡᠭᠵᠢᠭᠦᠯᠦᠯᠲᠡ ᠶᠢ ᠲᠦᠷᠭᠡᠪᠴᠢᠯᠡᠨ ᠠᠬᠢᠭᠤᠯᠬᠤ ᠬᠡᠷᠡᠭᠲᠡᠶ᠃ ᠠᠮᠤ ᠪᠤᠳᠠᠭ᠎ᠠ ᠪᠠ ᠡᠨᠧᠷᠭᠢ ᠶᠢᠨ ᠰᠤᠷᠪᠤᠯᠵᠢ ᠶᠢᠨ ᠠᠮᠤᠷ | ᠲᠦᠪᠰᠢᠨ᠂ ᠲᠡᠷᠢᠭᠦᠨ ᠤ ᠦᠢᠯᠡᠳᠬᠡᠯ ᠤᠨ ᠦᠢᠯᠡᠰ ᠪᠠ ᠳᠡᠭᠡᠳᠦ ᠲᠧᠭᠨᠢᠭ ᠮᠡᠷᠭᠡᠵᠢᠯ ᠤᠨ ᠠᠵᠤ ᠦᠢᠯᠡᠰ᠂ ᠵᠠᠮ | ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡ ᠪᠠ ᠲᠣᠣᠷ ᠰᠦᠯᠵᠢᠶ᠎ᠡ ᠮᠡᠳᠡᠭᠡ ᠬᠤᠯᠪᠣᠭ᠎ᠠ ᠵᠡᠷᠭᠡ ᠰᠠᠭᠤᠷᠢ ᠪᠡᠯᠡᠳᠬᠡᠮᠵᠢ᠂ | ᠬᠤᠳᠠ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠪᠦᠳᠦᠭᠡᠨ | ᠪᠠᠶᠢᠭᠤᠯᠤᠯᠲᠠ ᠶᠢᠨ ᠲᠣᠭᠤᠷᠢᠨ ᠳᠤ᠂ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠪᠡᠯᠡ ᠲᠣᠬᠢᠷᠠᠭᠤᠯᠬᠤ᠂ ᠭᠠᠵᠠᠷ | ᠬᠡᠷᠡᠭᠯᠡᠬᠦ᠂ ᠡᠨᠧᠷᠭᠢ ᠬᠡᠷᠡᠭᠯᠡᠬᠦ ᠵᠡᠷᠭᠡ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠲᠥᠯᠥᠪᠵᠢᠭᠦᠯᠭᠡ ᠳᠤ | ᠣᠷᠣᠭᠤᠯᠤᠭᠰᠠᠨ᠂ ᠨᠥᠬᠦᠴᠡᠯ ᠪᠦᠷᠢᠳᠦᠭᠰᠡᠨ ᠲᠥᠷᠥᠯ ᠵᠦᠢᠯ ᠳᠤ ᠬᠤᠯᠪᠣᠭᠳᠠᠯ ᠪᠦᠬᠦᠢ ᠭᠠᠷ ᠭᠦᠢᠴᠡᠳᠬᠡᠯ ᠢ | ᠳᠥᠭᠦᠮᠴᠢᠯᠡᠵᠦ᠂ ᠢᠯᠠᠩᠭᠤᠶ᠎ᠠ ᠡᠮᠦᠨᠡᠬᠢ ᠬᠤᠭᠤᠴᠠᠭᠠᠨ ᠳᠤ ᠨᠢᠭᠡᠨᠲᠡ ᠨᠤᠲᠠᠯᠠᠭᠠᠳ ᠤᠯᠠᠨ ᠵᠢᠯ ᠪᠣᠯᠤᠭᠰᠠᠨ ᠴᠢᠬᠤᠯᠠ ᠶᠡᠭᠡ | ᠤᠰᠤᠨ ᠠᠰᠢᠭᠯᠠᠯᠲᠠ ᠶᠢᠨ ᠲᠥᠷᠥᠯ ᠵᠦᠢᠯ ᠢ ᠱᠠᠯᠠᠪᠳᠠᠨ ᠬᠡᠷᠡᠭᠵᠢᠭᠦᠯᠬᠦ ᠶᠢ ᠠᠬᠢᠭᠤᠯᠵᠤ᠂ ᠠᠵᠢᠯ ᠣᠯᠭᠤᠯᠲᠠ ᠪᠠᠷ | ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢ ᠬᠡᠷᠡᠭᠯᠡᠵᠦ᠂ ᠲᠦᠷ ᠴᠠᠭ ᠠᠵᠢᠯ ᠣᠯᠤᠭᠠᠳᠤᠶ ᠬᠡᠰᠡᠭ ᠬᠥᠯᠥᠰᠥᠨ | ᠠᠵᠢᠯᠴᠢᠨ ᠢ ᠬᠢᠬᠦ ᠠᠵᠢᠯ ᠲᠠᠢ᠂ ᠴᠠᠯᠢᠩ ᠣᠷᠣᠯᠭ᠎ᠠ ᠲᠠᠢ ᠪᠣᠯᠭᠠᠬᠤ ᠬᠡᠷᠡᠭᠲᠡᠶ᠃ ᠰᠢᠨ᠎ᠡ ᠪᠠᠷ ᠠᠵᠢᠯ ᠢᠶᠠᠨ ᠡᠬᠢᠯᠡᠭᠦᠯᠦᠭᠰᠡᠨ | ᠲᠥᠷᠥᠯ ᠵᠦᠢᠯ ᠤᠨ ᠪᠡᠯᠡ ᠣᠷᠣᠭᠤᠯᠤᠯᠲᠠ ᠨᠢ ᠪᠠᠭᠤᠷᠠᠭᠰᠠᠨ ᠭᠠᠵᠠᠷ ᠣᠷᠣᠨ ᠢ ᠵᠢᠯᠣᠭᠤᠳᠤᠨ ᠠᠵᠢᠯ ᠢ ᠨᠢ ᠴᠢᠩᠭᠠᠳᠬᠠᠵᠤ | ᠂ ᠪᠡᠯᠡ ᠣᠷᠣᠭᠤᠯᠤᠯᠲᠠ ᠨᠢ ᠥᠭᠡᠳᠡ ᠦᠭᠡᠢ ᠪᠠᠶᠢᠳᠠᠯ ᠢ ᠬᠤᠪᠢᠷᠠᠭᠤᠯᠬᠤ ᠬᠡᠷᠡᠭᠲᠡᠢ᠃ ᠬᠤᠶᠠᠷ ᠲᠤ᠂ ᠪᠠᠯᠠ ᠮᠥᠩᠭᠦ ᠨᠢ | ᠲᠥᠷᠥᠯ ᠵᠦᠢᠯ ᠢ ᠳᠠᠭᠠᠬᠤ ᠱᠠᠭᠠᠷᠳᠠᠯᠭ᠎ᠠ ᠶᠣᠰᠣᠭᠠᠷ᠂ ᠨᠢᠳᠤᠨᠤᠨ ᠤ ᠳᠥᠷᠪᠡᠳᠦᠭᠡᠷ ᠤᠯᠠᠷᠢᠯ ᠳᠤ ᠲᠠᠷᠬᠠᠭᠠᠭᠰᠠᠨ 1.2 | ᠲᠦᠮᠡᠨ ᠳ᠋ᠦᠩᠰᠢᠭᠤᠷ ᠲᠥᠭᠦᠷᠢᠭ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ | ᠲᠡᠮᠳᠡᠭᠲᠦ ᠶᠢᠨ ᠪᠠᠯᠠ ᠮᠥᠩᠭᠦ ᠶᠢ ᠪᠣᠳᠠᠲᠠᠶ ᠲᠥᠷᠥᠯ ᠵᠦᠢᠯ ᠳᠤ ᠠᠯᠢ ᠲᠦᠷᠭᠡᠨ ᠢᠶᠠᠷ ᠨᠠᠶᠢᠳᠠᠪᠤᠷᠢᠵᠢᠭᠤᠯᠬᠤ ᠬᠡᠷᠡᠭᠲᠡᠶ᠃ | ᠡᠨᠡ ᠵᠢᠯ ᠨᠢᠭᠡᠨᠲᠡ ᠪᠠᠭᠤᠯᠭᠠᠭᠰᠠᠨ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠱᠠᠯᠠᠪᠳᠠᠨ ᠲᠠᠷᠬᠠᠭᠠᠵᠤ᠂ | ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠰᠠᠶᠢᠲᠤᠷ ᠬᠡᠷᠡᠭᠯᠡᠨ᠂ ᠪᠠᠶᠢᠭᠤᠯᠵᠤ ᠪᠠᠶᠢᠭ᠎ᠠ ᠪᠠ ᠠᠯᠢ | ᠲᠦᠷᠭᠡᠨ ᠢᠶᠠᠷ ᠠᠵᠢᠯ ᠢᠶᠠᠨ ᠡᠬᠢᠯᠡᠭᠦᠯᠵᠦ ᠴᠢᠳᠠᠬᠤ ᠲᠥᠷᠥᠯ ᠵᠦᠢᠯ ᠢ ᠭᠤᠣᠯᠳᠠᠯᠭ᠎ᠠ ᠲᠠᠢ ᠪᠠᠷ ᠲᠣᠬᠢᠷᠠᠭᠤᠯᠵᠤ᠂ ᠨᠡᠩ | ᠤᠯᠠᠨ ᠨᠡᠶᠢᠭᠡᠮ ᠤᠨ ᠪᠡᠯᠡ ᠣᠷᠣᠭᠤᠯᠤᠯᠲᠠ ᠶᠢ ᠲᠠᠶᠢᠴᠢᠯᠠᠨ᠂ ᠨᠢᠭᠡᠳᠦᠭᠡᠷ ᠤᠯᠠᠷᠢᠯ ᠳᠤ ᠨᠡᠩ ᠤᠯᠠᠨ ᠪᠣᠳᠠᠲᠤ ᠵᠦᠢᠯ ᠤᠨ | ᠠᠵᠢᠯ ᠤᠨ ᠬᠡᠮᠵᠢᠶ᠎ᠡ ᠶᠢ ᠪᠤᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠭᠤᠷᠪᠠ ᠳᠤ᠂ ᠪᠡᠯᠡ ᠣᠷᠣᠭᠤᠯᠤᠯᠲᠠ ᠶᠢᠨ ᠲᠥᠷᠥᠯ | ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠮᠠᠯᠠᠯᠲᠠ ᠶᠢᠨ ᠲᠦᠷᠢᠮ᠂ ᠣᠷᠣᠨ | ᠪᠦᠰᠡ ᠶᠢᠨ ᠦᠨᠡᠯᠡᠨ ᠵᠢᠱᠢᠯᠲᠡ ᠵᠡᠷᠭᠡ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃ ᠦᠯᠡᠳᠡᠭᠡᠯ | ᠡᠳ᠋ ᠬᠥᠷᠥᠩᠭᠡ ᠶᠢ ᠴᠢᠯᠥᠭᠡᠲᠡᠶ ᠭᠦᠢᠯᠭᠡᠭᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠨᠡᠶᠢᠲᠡᠯᠡᠬᠦ | ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠤᠢᠢᠷ᠎ᠠ ᠶᠢᠨ ᠵᠢᠯ ᠤᠳ ᠠᠴᠠ ᠨᠠᠭᠠᠰᠢ᠂ ᠡᠮ ᠤᠨ ᠵᠦᠢᠯ ᠪᠣᠯᠤᠨ ᠥᠨᠳᠥᠷ | ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠲᠣᠭᠲᠠᠭᠰᠠᠨ ᠬᠡᠮᠵᠢᠶ᠎ᠡ ᠲᠠᠢ ᠪᠠᠷ | ᠬᠤᠳᠠᠯᠳᠤᠨ ᠠᠪᠬᠤ ᠥᠭᠡᠷᠡᠴᠢᠯᠡᠯᠲᠡ ᠶᠢ ᠲᠠᠰᠤᠷᠠᠯᠳᠡ ᠦᠭᠡᠢ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠪᠠᠷ | ᠡᠮ ᠡᠮᠨᠡᠯᠭᠡ ᠶᠢᠨ ᠦᠨ᠎ᠡ ᠬᠠᠩᠰᠢ ᠬᠡᠳᠦ ᠥᠨᠳᠥᠷ ᠪᠠᠶᠢᠳᠠᠯ ᠢ ᠪᠦᠲᠦᠮᠵᠢᠲᠡᠢ ᠬᠢᠵᠠᠭᠠᠷᠯᠠᠵᠤ᠂ ᠨᠢᠳᠤᠨᠤᠨ ᠤ ᠵᠢᠯ ᠤᠨ | ᠡᠴᠦᠰ ᠪᠣᠯᠲᠠᠯ᠎ᠠ ᠡᠮᠴᠢᠯᠡᠭᠡᠨ ᠤ ᠳᠠᠭᠠᠳᠬᠠᠯ ᠪᠣᠯᠤᠨ ᠡᠪᠡᠳᠴᠢᠲᠡᠨ ᠤ ᠵᠠᠷᠤᠯᠭ᠎ᠠ ᠶᠢ ᠨᠡᠶᠢᠳᠡ 2600 ᠳ᠋ᠦᠩᠰᠢᠭᠤᠷ | ᠲᠥᠭᠦᠷᠢᠭ ᠠᠷᠪᠢᠯᠠᠭᠰᠠᠨ ᠪᠥᠭᠡᠳ ᠡᠮ ᠡᠮᠨᠡᠯᠭᠡ ᠶᠢᠨ ᠠᠵᠤ ᠠᠬᠤᠶᠢᠯᠠᠯ ᠤᠨ ᠨᠡᠩ ᠣᠯᠠᠨ ᠤᠶᠤᠨ ᠬᠦᠴᠦᠨ ᠢᠶᠠᠨ | ᠦᠢᠯᠡᠳᠬᠦᠨ ᠢ ᠰᠤᠳᠤᠯᠤᠨ ᠨᠡᠭᠡᠭᠡᠬᠦ᠂ ᠶᠠᠰᠤ ᠴᠢᠨᠠᠷ ᠢ ᠳᠡᠭᠡᠭᠰᠢᠯᠡᠭᠦᠯᠬᠦ ᠳᠤ ᠲᠠᠯᠪᠢᠬᠤ ᠶᠢ ᠠᠬᠢᠭᠤᠯᠤᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠲᠥᠪᠯᠡᠷᠡᠭᠦᠯᠦᠨ ᠲᠣᠭᠲᠠᠭᠰᠠᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢ | ᠪᠠᠶᠢᠩᠭᠤᠵᠢᠭᠤᠯᠤᠨ ᠳᠦᠷᠢᠮᠵᠢᠭᠦᠯᠬᠦ ᠶᠢᠨ ᠬᠠᠮᠲᠤ ᠬᠡᠪᠴᠢᠶ᠎ᠡ ᠶᠢ ᠲᠦᠷᠭᠡᠳᠬᠡᠨ ᠥᠷᠭᠡᠳᠬᠡᠵᠦ᠂ ᠡᠮ ᠡᠮᠨᠡᠯᠭᠡ ᠶᠢᠨ ᠦᠨ᠎ᠡ | ᠬᠠᠩᠰᠢ ᠶᠢ ᠦᠷᠭᠦᠯᠵᠢᠯᠡᠨ ᠪᠠᠭᠤᠷᠠᠭᠤᠯᠵᠤ᠂ ᠡᠪᠡᠳᠴᠢᠲᠡᠨ ᠳᠤ ᠠᠰᠢᠭ ᠬᠦᠷᠲᠡᠭᠡᠬᠦ ᠬᠡᠷᠡᠭᠲᠡᠶ᠃ ᠨᠢᠭᠡ ᠳᠤ᠂ ᠤᠳᠠᠭᠠᠨ | ᠴᠢᠨᠠᠷᠲᠠᠶ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠢᠶᠠᠷ ᠭᠤᠤᠯᠳᠠᠯᠭ᠎ᠠ ᠪᠣᠯᠭᠠᠵᠤ᠂ ᠤᠯᠤᠰ ᠤᠨ ᠲᠠᠰ | ᠳᠠᠪᠬᠤᠷᠭ᠎ᠠ ᠠᠴᠠ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠦᠷᠭᠦᠯᠵᠢᠯᠡᠨ ᠠᠬᠢᠭᠤᠯᠵᠤ᠂ ᠡᠯ᠎ᠡ ᠭᠠᠵᠠᠷ | ᠣᠷᠣᠨ ᠤ ᠬᠢᠨ ᠤᠯᠤᠰ ᠠᠴᠠ ᠲᠥᠪᠯᠡᠷᠡᠭᠦᠯᠦᠨ ᠬᠤᠳᠠᠯᠳᠤᠨ ᠠᠪᠬᠤ ᠠᠴᠠ ᠭᠠᠳᠠᠨᠠᠬᠢ ᠡᠮ ᠤᠨ ᠵᠦᠢᠯ ᠢ ᠮᠤᠵᠢ ᠶᠢᠨ | ᠱᠠᠲᠤᠨ ᠳᠤ ᠪᠤᠶᠤ ᠮᠤᠵᠢ ᠠᠯᠤᠰᠯᠠᠨ ᠬᠤᠯᠪᠣᠭᠠᠯᠠᠵᠤ ᠬᠤᠳᠠᠯᠳᠤᠨ ᠠᠪᠬᠤ ᠠᠵᠢᠯ ᠢ ᠦᠷᠨᠢᠭᠦᠯᠬᠦ ᠬᠡᠷᠡᠭᠲᠡᠢ᠃ ᠡᠨᠡ ᠵᠢᠯ ᠤᠨ | ᠡᠴᠦᠰ ᠠᠴᠠ ᠡᠮᠦᠨ᠎ᠡ᠂ ᠤᠯᠤᠰ ᠪᠠ ᠮᠤᠵᠢ ᠶᠢᠨ ᠱᠠᠲᠤᠨ ᠤ ᠲᠥᠪᠯᠡᠷᠡᠭᠦᠯᠦᠨ ᠬᠤᠳᠠᠯᠳᠤᠨ ᠠᠪᠬᠤ ᠡᠮ ᠤᠨ ᠵᠦᠢᠯ ᠢ | ᠮᠤᠵᠢ ᠨᠢᠭᠡᠪᠦᠷᠢ ᠳᠤ ᠨᠡᠶᠢᠲᠡ 350 ᠠᠴᠠ ᠳᠡᠭᠡᠭᠰᠢ ᠪᠠᠶᠢᠯᠭᠠᠬᠤ ᠬᠡᠷᠡᠭᠲᠡᠢ᠃ ᠬᠤᠶᠠᠷ ᠲᠤ᠂ ᠥᠨᠳᠥᠷ ᠥᠷᠲᠡᠭᠲᠦ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠦᠪᠯᠡᠷᠡᠭᠦᠯᠦᠨ ᠬᠤᠳᠠᠯᠳᠤᠨ ᠠᠪᠬᠤ ᠪᠦᠷᠬᠦᠴᠡ ᠶᠢ ᠠᠯᠬᠤᠮ | ᠠᠯᠬᠤᠮ ᠢᠶᠠᠷ ᠥᠷᠭᠡᠳᠬᠡᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠶᠠᠰᠤᠨ ᠤ ᠰᠠᠯᠠᠭᠠᠨ ᠤ ᠬᠤᠷᠣᠭᠳᠠᠯ ᠮᠠᠲ᠋ᠧᠷᠢᠶᠠᠯ᠂ | ᠡᠮ ᠤᠨ ᠪᠥᠮᠪᠥᠭᠡᠯᠢᠭ ᠤᠭᠤᠲᠠ᠂ ᠰᠠᠭᠤᠯᠭᠠᠬᠤ ᠰᠢᠳᠦ ᠵᠡᠷᠭᠡ ᠶᠢ ᠲᠣᠰ ᠲᠣᠰ ᠤᠯᠤᠰ ᠪᠠ ᠮᠤᠵᠢ ᠶᠢᠨ ᠱᠠᠲᠤᠨ ᠤ ᠲᠠᠰ | ᠳᠠᠪᠬᠤᠷᠭ᠎ᠠ ᠳᠤ ᠲᠦᠪᠯᠡᠷᠡᠭᠦᠯᠦᠨ ᠬᠤᠳᠠᠯᠳᠤᠨ ᠠᠪᠬᠤ ᠠᠵᠢᠯ ᠢ ᠥᠷᠨᠢᠭᠦᠯᠬᠦ ᠬᠡᠷᠡᠭᠲᠡᠢ᠃ ᠭᠤᠷᠪᠠ ᠳᠤ᠂ ᠰᠣᠩᠭᠤᠭᠳᠠᠭᠰᠠᠨ | ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠤᠷᠳᠤ ᠬᠤᠭᠤᠴᠠᠭ᠎ᠠ ᠪᠠᠷ ᠲᠣᠭᠲᠠᠭᠤᠨ ᠢᠶᠠᠷ ᠬᠠᠩᠭᠠᠬᠤ ᠶᠢ ᠪᠠᠲᠤᠯᠠᠵᠤ᠂ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠣᠩᠭᠤᠭᠳᠠᠭᠰᠠᠨ ᠦᠢᠯᠡᠳᠬᠦᠨ ᠤ ᠦᠨ᠎ᠡ ᠶᠢ ᠪᠠᠭᠤᠷᠠᠭᠤᠯᠬᠤ ᠠᠴᠠ ᠪᠢᠰᠢ | ᠴᠢᠨᠠᠷ ᠢ ᠨᠢ ᠪᠠᠭᠤᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠮᠴᠢᠯᠡᠭᠡᠨ ᠤ ᠪᠠᠶᠢᠭᠤᠯᠤᠮᠵᠢ ᠨᠤᠭᠤᠳ | ᠰᠣᠩᠭᠤᠭᠳᠠᠭᠰᠠᠨ ᠦᠢᠯᠡᠳᠬᠦᠨ ᠢ ᠵᠦᠶ ᠵᠣᠬᠢᠰᠲᠠᠶ ᠪᠠᠷ ᠡᠩ ᠲᠡᠷᠢᠭᠦᠨ ᠳᠤ ᠬᠡᠷᠡᠭᠯᠡᠬᠦ ᠬᠡᠷᠡᠭᠲᠡᠶ᠃ ᠳᠥᠷᠪᠡ ᠳᠤ᠂ | ᠲᠦᠪᠯᠡᠷᠡᠭᠦᠯᠦᠨ ᠬᠤᠳᠠᠯᠳᠤᠨ ᠠᠪᠬᠤ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢᠨ ᠦᠯᠡᠳᠡᠪᠦᠷᠢ ᠶᠢ ᠦᠯᠡᠳᠡᠭᠡᠨ | ᠬᠡᠷᠡᠭᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠴᠠᠯᠢᠩ ᠬᠥᠯᠥᠰᠥ ᠶᠢᠨ ᠲᠦᠷᠢᠮ ᠤᠨ ᠥᠭᠡᠷᠡᠴᠢᠯᠡᠯᠲᠡ ᠶᠢ | ᠠᠬᠢᠭᠤᠯᠤᠨ᠂ ᠡᠮᠨᠡᠯᠭᠡ ᠶᠢᠨ ᠠᠵᠢᠯᠲᠠᠨ ᠤ ᠣᠷᠣᠯᠭ᠎ᠠ ᠶᠢ ᠵᠦᠶ ᠵᠣᠬᠢᠰᠲᠠᠶ ᠳᠡᠭᠡᠭᠰᠢᠯᠡᠭᠦᠯᠵᠦ᠂ ᠢᠳᠡᠪᠬᠢᠵᠢᠯ ᠢ ᠨᠠᠩ ᠰᠠᠶᠢᠨ | ᠳᠠᠶᠢᠴᠢᠯᠠᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ |