ᠰᠢ ᠶᠢᠨ ᠫᠢᠩ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ | ᠴᠢᠬᠤᠯᠠ ᠶᠠᠷᠢᠶ᠎ᠠ ᠲᠠᠯᠪᠢᠵᠤ᠂ ᠨᠠᠮ ᠤᠨ ᠲᠡᠦᠬᠡ ᠶᠢᠨ ᠳ᠋ᠦᠩᠨᠡᠯᠳᠡ ᠰᠤᠷᠤᠯᠴᠠᠯᠭ᠎ᠠ ᠬᠥᠮᠦᠵᠢᠯ ᠤᠬᠠᠭᠤᠯᠭ᠎ᠠ ᠶᠢ | ᠦᠷᠭᠦᠯᠵᠢᠯᠡᠨ ᠭᠦᠨᠵᠡᠭᠡᠶᠢᠷᠡᠭᠦᠯᠵᠥ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠨᠠᠩ ᠰᠠᠶᠢᠲᠤᠷ | ᠡᠵᠡᠮᠰᠢᠵᠥ ᠬᠡᠷᠡᠭᠯᠡᠬᠦ ᠬᠡᠷᠡᠭᠲᠡᠢ ᠭᠡᠵᠦ ᠴᠢᠬᠤᠯᠠᠴᠢᠯᠠᠪᠠ | ᠯᠢ ᠺᠧ ᠴᠢᠶᠠᠩ ᠬᠤᠷᠠᠯ ᠢ ᠡᠷᠬᠢᠯᠡᠵᠦ ᠯᠢ ᠵᠠᠨ ᠱᠸ ᠸᠠᠩ ᠶᠠᠩ ᠸᠠᠩ ᠬᠤ᠋ ᠨᠢᠩ ᠵᠤᠤ ᠯᠧ ᠵᠶᠢ ᠬᠠᠨ ᠵᠧᠩ | ᠸᠠᠩ ᠴᠢ ᠱᠠᠨ ᠬᠤᠷᠠᠯ ᠳᠤ ᠣᠷᠣᠯᠴᠠᠵᠠᠢ | 1 ᠰᠠᠷ᠎ᠠ ᠶᠢᠨ 11 ᠤ ᠡᠳᠦᠷ᠂ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠬᠢ 11 ᠤ ᠦᠳᠡ ᠶᠢᠨ ᠡᠮᠦᠨ᠎ᠡ ᠲᠥᠪ ᠤᠨ ᠨᠠᠮ ᠤᠨ | ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ ᠡᠬᠢᠯᠡᠪᠡ᠃ ᠨᠠᠮ ᠤᠨ ᠲᠥᠪ | ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠠᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ | ᠰᠢᠨᠬᠤᠸᠠ ᠬᠤᠷᠢᠶᠠᠨ ᠤ ᠪᠡᠭᠡᠵᠢᠩ ᠤᠨ 1 ᠰᠠᠷ᠎ᠠ ᠶᠢᠨ 11 ᠤ ᠴᠠᠬᠢᠯᠭᠠᠨ ᠮᠡᠳᠡᠭᠡ ᠮᠤᠵᠢ ᠶᠠᠮᠤᠨ ᠤ ᠲᠡᠰ ᠤᠨ | ᠭᠤᠣᠯ ᠤᠳᠤᠷᠢᠳᠬᠤ ᠺᠠᠳ᠋ᠷ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ | ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ | ᠠᠩᠬᠢ 11 ᠤ ᠦᠳᠡ ᠶᠢᠨ ᠡᠮᠦᠨ᠎ᠡ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ | ᠰᠤᠷᠭᠠᠭᠤᠯᠢ︶ ᠳᠤ ᠰᠤᠷᠤᠯᠭ᠎ᠠ ᠡᠬᠢᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠬᠢᠯᠡᠬᠦ | ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠬᠤ ᠳᠠᠭᠠᠨ᠂ ᠨᠠᠮ ᠤᠨ ᠲᠥᠪ ᠬᠤᠷᠢᠶ᠎ᠠ ᠡᠨᠡ ᠤᠳᠠᠭ᠎ᠠ ᠶᠢᠨ ᠲᠤᠰᠬᠠᠢ | ᠰᠡᠳᠦᠪᠲᠦ ᠰᠤᠳᠤᠯᠤᠨ ᠶᠠᠷᠢᠯᠴᠠᠬᠤ ᠠᠩᠬᠢ ᠶᠢ ᠡᠷᠬᠢᠯᠡᠭᠰᠡᠨ ᠤ ᠵᠣᠷᠢᠯᠭ᠎ᠠ ᠨᠢ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠰᠢᠢᠳᠪᠦᠷᠢ ᠶᠢ ᠭᠦᠨᠵᠡᠭᠡᠢ ᠰᠤᠳᠤᠯᠤᠨ | ᠤᠩᠰᠢᠬᠤ ᠪᠠ ᠣᠶᠢᠯᠠᠭᠠᠵᠥ᠂ ᠨᠠᠮ ᠤᠨ ᠲᠡᠦᠬᠡ ᠶᠢᠨ ᠳ᠋ᠦᠩᠨᠡᠯᠳᠡ᠂ ᠰᠤᠷᠤᠯᠴᠠᠯᠭ᠎ᠠ᠂ ᠬᠦᠮᠦᠵᠢᠯ᠂ ᠤᠬᠠᠭᠤᠯᠭ᠎ᠠ ᠶᠢ | ᠦᠷᠬᠦᠯᠵᠢᠯᠡᠨ ᠭᠦᠨᠵᠡᠭᠡᠶᠢᠷᠡᠭᠦᠯᠵᠥ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠨᠠᠩ ᠰᠠᠶᠢᠲᠤᠷ | ᠡᠵᠡᠮᠰᠢᠨ ᠬᠡᠷᠡᠭᠯᠡᠵᠥ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠥ᠂ ᠲᠡᠦᠬᠡ ᠶᠢᠨ ᠢᠲᠡᠭᠡᠯ ᠢᠶᠠᠨ | ᠨᠡᠮᠡᠭᠳᠡᠭᠦᠯᠤᠨ᠂ ᠪᠦᠯᠬᠦᠮᠳᠡᠯ ᠨᠢᠭᠡᠳᠦᠯ ᠢ ᠴᠢᠩᠭᠠᠳᠬᠠᠨ᠂ ᠲᠡᠮᠡᠴᠡᠯ ᠤᠨ ᠵᠣᠷᠢᠭ ᠰᠠᠨᠠᠭ᠎ᠠ ᠪᠠᠨ ᠴᠢᠩᠭᠠᠳᠬᠠᠵᠤ᠂ ᠪᠦᠬᠦ ᠨᠠᠮ | ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠶᠢᠴᠢᠯᠠᠵᠥ ᠪᠠᠶᠢᠭᠠᠳ ᠢᠲᠡᠭᠡᠯ ᠵᠣᠷᠢᠭ ᠢ ᠨᠢ | ᠪᠠᠲᠤᠳᠬᠠᠨ᠂ ᠡᠷᠡᠯᠬᠡᠭ ᠢᠶᠠᠷ ᠤᠷᠤᠭᠰᠢᠯᠠᠵᠥ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ | ᠲᠥᠯᠥᠭᠡ ᠴᠥᠬᠦᠷᠡᠰᠢ ᠦᠭᠡᠢ ᠴᠢᠷᠮᠠᠶᠢᠬᠤ ᠶᠢᠨ ᠳᠦᠯᠦᠬᠡ ᠶᠤᠮ ᠬᠡᠵᠥ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠺᠧ ᠴᠢᠶᠠᠩ | ᠰᠤᠷᠤᠯᠭ᠎ᠠ ᠡᠬᠢᠯᠡᠬᠦ ᠶᠣᠰᠣᠯᠠᠯ ᠢ ᠡᠷᠬᠢᠯᠡᠵᠦ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ ᠯᠢ ᠵᠠᠨ ᠱᠸ᠂ ᠸᠠᠩ ᠶᠠᠩ᠂ ᠸᠠᠩ ᠬᠤ᠋ ᠨᠢᠩ᠂ ᠵᠤᠤ ᠯᠧ ᠵᠶᠢ᠂ ᠬᠠᠨ ᠵᠧᠩ᠂ ᠤᠯᠤᠰ ᠤᠨ | ᠳᠡᠳ᠋ ᠲᠡᠷᠢᠭᠦᠯᠡᠭᠴᠢ ᠸᠠᠩ ᠴᠢ ᠱᠠᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠠᠢ᠃ | ᠰᠢ ᠶᠢᠨ ᠫᠢᠩ ᠶᠠᠷᠢᠶᠠᠨ ᠳᠠᠭᠠᠨ᠂ ᠨᠢᠭᠡ ᠦᠨᠳᠦᠰᠦᠲᠡᠨ ᠴᠠᠭ ᠦᠶ᠎ᠡ ᠶᠢᠨ ᠡᠮᠦᠨ᠎ᠡ ᠡᠩᠨᠡᠭᠡᠨ ᠳᠤ ᠬᠤᠰᠢᠭᠤᠷᠠᠬᠤ | ᠭᠡᠪᠡᠯ ᠴᠠᠭ ᠢᠮᠠᠭᠲᠠ ᠤᠨᠤᠯ ᠤᠨ ᠰᠡᠳᠭᠢᠬᠦᠢ ᠦᠬᠡᠢ ᠪᠠᠶᠢᠵᠤ ᠪᠤᠯᠬᠤ ᠦᠬᠡᠢ᠂ ᠴᠠᠭ ᠢᠮᠠᠭᠲᠠ ᠵᠥᠪ ᠦᠵᠡᠯ ᠰᠠᠨᠠᠭᠠᠨ ᠤ | ᠵᠢᠯᠤᠭᠤᠳᠤᠯᠭ᠎ᠠ ᠦᠬᠡᠢ ᠪᠠᠶᠢᠵᠥ ᠪᠤᠯᠬᠤ ᠦᠬᠡᠢ᠃ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠪᠤᠯᠬᠤ᠂ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ᠰᠠᠶᠢᠨ ᠪᠠᠶᠢᠳᠠᠭ ᠨᠢ ᠡᠴᠦᠰ ᠤᠨ ᠡᠴᠦᠰ ᠲᠡᠭᠡᠨ | ᠮᠠᠷᠺᠰ ᠤᠨ ᠦᠵᠡᠯ ᠰᠠᠶᠢᠨ ᠪᠠᠶᠢᠳᠠᠭ ᠠᠴᠠ ᠪᠣᠯᠤᠭᠰᠠᠨ ᠶᠤᠮ᠃ ᠮᠠᠷᠺᠰ ᠤᠨ ᠦᠵᠡᠯ ᠰᠠᠶᠢᠨ ᠪᠠᠶᠢᠬᠤ ᠶᠢᠨ ᠰᠢᠯᠲᠠᠭᠠᠨ ᠨᠢ | ᠨᠠᠮ ᠠᠴᠠ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠳᠠ ᠦᠭᠡᠢ ᠠᠬᠢᠭᠤᠯᠬᠤ ᠶᠢᠨ | ᠬᠠᠮᠲᠤ ᠲᠡᠭᠦᠨ ᠢᠶᠠᠷ ᠦᠢᠯᠡᠳᠦᠯᠭᠡ ᠶᠢ ᠵᠢᠯᠣᠭᠤᠳᠤᠭᠰᠠᠨ ᠳᠤ ᠪᠤᠢ᠃ ᠡᠨᠡ ᠤᠳᠠᠭ᠎ᠠ ᠶᠢᠨ ᠪᠥᠬᠦᠳᠡ ᠬᠤᠷᠠᠯ ᠤᠨ | ᠰᠢᠶᠳᠪᠦᠷᠢ ᠨᠢ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠳᠤᠮᠳᠠ ᠨᠠᠮ ᠠᠴᠠ ᠮᠠᠷᠺᠰ ᠤᠨ ᠦᠵᠡᠯ ᠢ ᠳᠤᠮᠳᠠᠳᠤ | ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠲᠠ ᠥᠬᠡᠶ ᠠᠬᠢᠭᠤᠯᠤᠬᠰᠠᠨ ᠲᠤᠬᠠᠢ ᠪᠥᠬᠦ ᠲᠠᠯ᠎ᠠ ᠶᠢᠨ ᠳ᠋ᠦᠩᠨᠡᠯᠲᠡ ᠬᠢᠵᠡᠶ᠃ | ᠵᠠᠭᠤᠨ ᠵᠢᠯ ᠤᠨ ᠲᠡᠮᠡᠴᠡᠯ ᠤᠨ ᠶᠠᠪᠤᠴᠠ ᠳᠤᠮᠳᠠᠬᠢ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ ᠶᠢ | ᠵᠠᠳᠠᠯᠤᠨ ᠰᠤᠳᠤᠯᠵᠤ ᠳ᠋ᠦᠩᠨᠡᠬᠦ ᠶᠢ ᠴᠢᠬᠤᠯᠠᠴᠢᠯᠠᠬᠰᠠᠨ ᠨᠢ ᠪᠥᠬᠦᠳᠡ ᠬᠤᠷᠠᠯ ᠤᠨ ᠰᠢᠶᠳᠪᠦᠷᠢ ᠳᠤ ᠲᠤᠭᠤᠰᠢᠯᠠᠭᠳᠠᠵᠤ | ᠪᠠᠶᠢᠭ᠎ᠠ ᠨᠢᠭᠡᠨ ᠴᠢᠬᠤᠯᠠ ᠠᠭᠤᠯᠭ᠎ᠠ ᠮᠥᠨ᠂ ᠪᠢᠳᠡ ᠡᠷᠬᠡᠪᠰᠢ ᠭᠦᠨᠵᠡᠭᠡᠶ ᠰᠤᠷᠤᠯᠴᠠᠵᠤ᠂ ᠪᠥᠬᠦ ᠲᠠᠯ᠎ᠠ ᠪᠠᠷ ᠣᠶᠢᠯᠠᠭᠠᠬᠤ | ᠬᠡᠷᠡᠭᠲᠡᠶ᠃ ᠮᠠᠷᠺᠰ ᠤᠨ ᠦᠵᠡᠯ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠲᠠᠪᠰᠢᠯᠳᠠ ᠳᠤ ᠴᠢᠭᠯᠡᠯ ᠢ | ᠲᠣᠳᠣᠷᠬᠠᠢ ᠵᠢᠭᠠᠵᠤ ᠥᠭᠴᠡᠢ᠂ ᠡᠨᠡ ᠪᠣᠯ ᠪᠢᠳᠡᠨ ᠤ ᠶᠢᠷᠲᠢᠨᠴᠦ ᠶᠢ ᠲᠠᠨᠢᠬᠤ᠂ ᠵᠢᠮ᠎ᠡ ᠶᠣᠰᠣ ᠶᠢ ᠡᠵᠡᠮᠳᠡᠬᠦ᠂ ᠦᠨᠡᠨ | ᠶᠣᠰᠣ ᠶᠢ ᠬᠥᠭᠡᠭᠡᠴᠡᠯᠳᠦᠬᠦ᠂ ᠶᠢᠷᠲᠢᠨᠴᠦ ᠶᠢ ᠥᠭᠡᠷᠡᠴᠢᠯᠡᠬᠦ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠮᠥᠨ᠃ | ᠡᠭᠦᠨ ᠤ ᠬᠠᠮᠲᠤ᠂ ᠮᠠᠷᠺᠰ ᠤᠨ ᠦᠵᠡᠯ ᠤᠨ ᠤᠨᠤᠯ ᠪᠣᠯ ᠨᠣᠮᠯᠠᠯ ᠪᠢᠰᠢ᠂ ᠬᠠᠷᠢᠨ ᠠᠵᠢᠯᠯᠠᠭᠠᠨ ᠤ ᠵᠦᠭᠯᠡᠭᠦᠷ ᠮᠥᠨ᠂ | ᠡᠷᠬᠡᠪᠰᠢ ᠦᠢᠯᠡᠳᠦᠯᠭᠡ ᠶᠢᠨ ᠬᠤᠪᠢᠷᠠᠯᠲᠠ ᠶᠢ ᠲᠠᠭᠠᠯᠳᠤᠨ ᠬᠥᠭᠵᠢᠬᠦ ᠬᠡᠷᠡᠭᠲᠡᠢ᠃ ᠮᠠᠷᠺᠰ ᠤᠨ ᠦᠵᠡᠯ ᠦᠢᠯᠡᠳᠦᠯᠭᠡ ᠶᠢᠨ | ᠳᠤᠮᠳᠠ ᠦᠢᠯᠡᠳᠦᠯ ᠢᠶᠠᠨ ᠪᠠᠳᠠᠷᠠᠭᠤᠯᠵᠤ ᠴᠢᠳᠠᠬᠤ ᠡᠰᠡᠬᠦ ᠶᠢᠨ ᠵᠠᠩᠭᠢᠯᠠᠭ᠎ᠠ ᠨᠢ ᠮᠠᠷᠺᠰ ᠤᠨ ᠦᠵᠡᠯ ᠤᠨ ᠦᠨᠳᠤᠰᠤᠨ ᠤᠬ | ᠶᠤᠰᠤ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠪᠠ ᠴᠠᠭ ᠦᠶ᠎ᠡ ᠶᠢᠨ ᠣᠨᠴᠠᠯᠢᠭ ᠲᠠᠢ ᠤᠶᠠᠯᠳᠤᠭᠤᠯᠵᠤ ᠴᠢᠳᠠᠬᠤ | ᠡᠰᠡᠬᠦ ᠳᠤ ᠪᠤᠢ᠃ ᠲᠦᠷᠭᠡᠨ ᠬᠤᠪᠢᠷᠠᠵᠤ ᠪᠠᠶᠢᠭ᠎ᠠ ᠳᠡᠯᠡᠬᠡᠢ ᠶᠢᠷᠲᠢᠨᠴᠦ ᠪᠣᠯᠤᠨ ᠳᠤᠮᠳᠠᠳᠤ ᠤᠯᠤᠰ ᠲᠤ᠂ ᠬᠡᠷᠪᠡ | ᠬᠠᠭᠤᠴᠢᠨ ᠢᠶᠠᠨ ᠦᠬᠦᠨ ᠪᠠᠷᠢᠮᠲᠠᠯᠠᠵᠤ᠂ ᠦᠵᠡᠯ ᠰᠠᠨᠠᠭ᠎ᠠ ᠨᠢ ᠬᠥᠰᠢᠭᠦᠷᠡᠵᠦ᠂ ᠤᠨᠤᠯ ᠤᠨ ᠰᠢᠨ᠎ᠡ ᠶᠢ ᠡᠭᠦᠳᠬᠦ ᠰᠥᠰᠥ | ᠵᠣᠷᠢᠭ ᠦᠭᠡᠢ᠂ ᠳᠤᠮᠳᠠᠳᠤ ᠤᠯᠤᠰ ᠤᠨ ᠠᠰᠠᠭᠤᠯᠲᠠ᠂ ᠳᠡᠯᠡᠬᠡᠢ ᠶᠢᠨ ᠠᠰᠠᠭᠤᠯᠲᠠ᠂ ᠠᠷᠠᠳ ᠲᠦᠮᠡᠨ ᠤ ᠠᠰᠠᠭᠤᠯᠲᠠ᠂ | ᠴᠠᠭ ᠦᠶ᠎ᠡ ᠶᠢᠨ ᠠᠰᠠᠭᠤᠯᠲᠠ ᠳᠤ ᠰᠢᠨᠵᠢᠯᠡᠬᠦ ᠤᠬᠠᠭᠠᠨᠴᠢ ᠪᠠᠷ ᠬᠠᠷᠢᠭᠤᠯᠲᠠ ᠥᠭᠴᠦ ᠳᠡᠶᠢᠯᠬᠦ ᠦᠭᠡᠢ ᠪᠣᠯ᠂ ᠨᠠᠮ ᠪᠣᠯᠤᠨ | ᠤᠯᠤᠰ ᠤᠨ ᠠᠵᠢᠯ ᠦᠢᠯᠡᠰ ᠦᠷᠭᠦᠯᠵᠢᠯᠡᠨ ᠤᠷᠤᠭᠰᠢᠯᠠᠬᠤ ᠶᠢᠨ ᠠᠷᠭ᠎ᠠ ᠦᠭᠡᠢ ᠪᠣᠯᠬᠤ ᠪᠠᠷ ᠪᠠᠷᠠᠬᠤ ᠦᠭᠡᠢ ᠮᠠᠷᠺᠰ ᠤᠨ | ᠦᠵᠡᠯ ᠴᠦ ᠠᠮᠢᠵᠢᠷᠠᠯ ᠤᠨ ᠬᠦᠴᠦᠨ᠂ ᠢᠲᠡᠭᠡᠭᠦᠯᠬᠦ ᠬᠦᠴᠦᠨ ᠢᠶᠠᠨ ᠠᠯᠳᠠᠬᠤ ᠪᠣᠯᠤᠨ᠎ᠠ᠃ ᠤᠳᠤ ᠦᠶ᠎ᠡ ᠶᠢᠨ ᠳᠤᠮᠳᠠᠳᠤ | ᠤᠯᠤᠰ ᠶᠠᠭ ᠬᠥᠮᠦᠨ ᠲᠥᠷᠥᠯᠬᠢᠲᠡᠨ ᠤ ᠲᠡᠦᠬᠡᠨ ᠳᠡᠭᠡᠷᠡᠬᠢ ᠬᠠᠮᠤᠭ ᠤᠨ ᠠᠤᠭ᠎ᠠ ᠶᠡᠭᠡ ᠪᠥᠭᠡᠳ ᠥᠪᠡᠷᠮᠢᠴᠡ | ᠦᠢᠯᠡᠳᠦᠯᠭᠡ ᠶᠢᠨ ᠰᠢᠨ᠎ᠡ ᠡᠭᠦᠳᠦᠯᠲᠡ ᠶᠢ ᠦᠡᠭᠭᠡᠷᠡᠬᠦᠯᠵᠤ ᠪᠠᠶᠢᠨ᠎ᠠ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ | ᠡᠭᠦᠷᠭᠡ ᠶᠢᠨ ᠬᠦᠨᠳᠦ᠂ ᠵᠥᠷᠢᠴᠡᠯ ᠲᠦᠭᠰᠢᠭᠦᠷᠢ ᠥᠷᠢᠰᠥᠯᠳᠦᠭᠡᠨ ᠤ ᠤᠯᠠᠨ᠂ ᠲᠦᠷᠦ ᠶᠢ ᠵᠠᠰᠠᠵᠤ ᠵᠠᠰᠠᠭ ᠢ ᠡᠷᠬᠢᠯᠡᠬᠦ | ᠰᠢᠯᠭᠠᠯᠲᠠ ᠶᠢᠨ ᠤᠯᠠᠨ ᠪᠠᠶᠢᠭ᠎ᠠ ᠨᠢ ᠤᠷᠢᠳ ᠡᠮᠦᠨ᠎ᠡ ᠪᠠᠶᠢᠭ᠎ᠠ ᠦᠭᠡᠢ᠂ ᠳᠡᠯᠡᠬᠡᠢ ᠳ᠋ᠠᠬᠢᠨ ᠤ ᠵᠠᠭᠤᠨ ᠵᠢᠯ ᠳᠤ | ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠭᠦᠨᠵᠡᠭᠡᠢ ᠬᠤᠪᠢᠷᠠᠯᠲᠠ ᠤᠷᠢᠳ ᠡᠮᠤᠨ᠎ᠠ ᠪᠠᠶᠢᠭ᠎ᠠ ᠦᠭᠡᠢ᠂ ᠬᠠᠷᠢᠭᠤᠯᠲᠠ | ᠥᠭᠬᠦ ᠴᠢᠬᠤᠯᠠᠲᠠᠢ ᠶᠡᠭᠡ ᠬᠡᠮᠵᠢᠶᠡᠨ ᠤ ᠤᠨᠤᠯ ᠤᠨ ᠪᠠ ᠦᠢᠯᠡᠳᠦᠯᠭᠡ ᠶᠢᠨ ᠰᠡᠳᠦᠪ ᠢ ᠳᠤᠷᠠᠳᠴᠠᠢ᠃ ᠪᠢᠳᠡ ᠴᠠᠭ | ᠦᠶ᠎ᠡ ᠶᠢᠨ ᠶᠡᠭᠡ ᠬᠠᠨᠳᠤᠰᠢ ᠶᠢ ᠣᠨᠣᠪᠴᠢᠲᠠᠢ ᠡᠵᠡᠮᠳᠡᠵᠦ᠂ ᠬᠥᠮᠦᠨ ᠲᠥᠷᠥᠯᠬᠢᠲᠡᠨ ᠤ ᠬᠥᠭᠵᠢᠯᠲᠡ ᠶᠢᠨ ᠡᠮᠦᠨ᠎ᠡ | ᠡᠩᠨᠡᠭᠡᠨ ᠳᠤ ᠵᠣᠷᠢᠭᠲᠠᠢ ᠵᠣᠭᠰᠣᠵᠤ᠂ ᠠᠷᠠᠳ ᠲᠦᠮᠡᠨ ᠤ ᠰᠡᠳᠭᠢᠯ ᠤᠨ ᠲᠠᠭᠤᠨ ᠢ ᠰᠣᠨᠣᠰᠴᠤ᠂ ᠪᠣᠳᠠᠲᠤ ᠬᠡᠷᠡᠭᠴᠡᠭᠡ ᠳᠤ | ᠬᠠᠷᠢᠭᠤᠯᠲᠠ ᠥᠭᠴᠦ᠂ ᠦᠵᠡᠯ ᠰᠠᠨᠠᠭ᠎ᠠ ᠪᠠᠨ ᠴᠢᠯᠥᠭᠡᠯᠡᠵᠤ᠂ ᠦᠨᠡᠨ ᠠᠴᠠ ᠵᠥᠪ ᠢ ᠡᠷᠢᠵᠤ᠂ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠮᠠᠷᠺᠰ ᠤᠨ ᠦᠵᠡᠯ ᠢ ᠪᠠᠷᠢᠮᠲᠠᠯᠠᠬᠤ ᠪᠠ ᠮᠠᠷᠺᠰ ᠤᠨ ᠦᠵᠡᠯ ᠢ | ᠬᠥᠭᠵᠢᠭᠦᠯᠬᠦ ᠶᠢ ᠨᠡᠩ ᠰᠠᠶᠢᠲᠤᠷ ᠨᠢᠭᠡᠳᠭᠡᠵᠦ᠂ ᠮᠠᠷᠺᠰ ᠤᠨ ᠦᠵᠡᠯ ᠤᠨ ︽ᠰᠤᠮᠤ︾ ᠪᠠᠷ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ︽ᠫᠠᠢ︾ ᠶᠢ ᠬᠠᠷᠪᠤᠬᠤ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ | ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ | ᠤᠶᠠᠯᠳᠤᠭᠤᠯᠬᠤ ᠶᠢ ᠦᠷᠭᠦᠯᠵᠢᠯᠡᠨ ᠠᠬᠢᠭᠤᠯᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ | ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠬᠡᠷᠡᠭᠲᠡᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠪᠣᠯᠤᠨ ᠠᠷᠠᠳ ᠲᠦᠮᠡᠨ ᠤ ᠦᠢᠯᠡᠰ ᠵᠥᠪ ᠴᠢᠭᠯᠡᠯ ᠢᠶᠠᠷ ᠤᠷᠤᠭᠰᠢᠯᠠᠵᠤ ᠴᠢᠳᠠᠬᠤ ᠡᠰᠡᠬᠦ ᠨᠢ | ᠪᠢᠳᠡᠨ ᠤ ᠨᠡᠶᠢᠭᠡᠮ ᠤᠨ ᠭᠤᠣᠯ ᠵᠥᠷᠢᠴᠡᠯ ᠢ ᠣᠨᠣᠪᠴᠢᠲᠠᠢ ᠲᠠᠨᠢᠨ ᠡᠵᠡᠮᠳᠡᠵᠦ᠂ ᠭᠤᠣᠯ ᠡᠭᠦᠷᠭᠡ ᠶᠢ ᠲᠣᠭᠲᠠᠭᠠᠵᠤ ᠴᠢᠳᠠᠬᠤ | ᠡᠰᠡᠬᠦ ᠪᠠᠷ ᠲᠤᠬᠳᠠᠭᠠᠭᠳᠠᠨᠡ᠃ ᠨᠡᠶᠢᠭᠡᠮ ᠤᠨ ᠭᠤᠣᠯ ᠵᠥᠷᠢᠴᠡᠯ ᠪᠠ ᠭᠤᠣᠯ ᠡᠭᠦᠷᠭᠡ ᠶᠢ ᠣᠨᠣᠪᠴᠢᠲᠠᠢ ᠮᠠᠭᠠᠳᠯᠠᠪᠠᠯ ᠨᠠᠮ | ᠪᠠ ᠠᠷᠠᠳ ᠲᠦᠮᠡᠨ ᠤ ᠦᠢᠯᠡᠰ ᠳᠠᠷᠤᠢ ᠤᠷᠤᠭᠰᠢᠲᠠᠢ ᠬᠥᠭᠵᠢᠵᠦ ᠴᠢᠳᠠᠨ᠎ᠠ᠂ ᠡᠰᠡ ᠲᠡᠭᠡᠪᠡᠯ ᠨᠠᠮ ᠪᠠ ᠠᠷᠠᠳ ᠲᠦᠮᠡᠨ ᠤ | ᠦᠢᠯᠡᠰ ᠳᠠᠷᠤᠢ ᠨᠤᠭᠤᠷᠠᠯ ᠪᠦᠳᠦᠷᠢᠯ ᠳᠤ ᠤᠴᠠᠷᠠᠬᠤ ᠪᠣᠯᠤᠨ᠎ᠠ ᠭᠡᠳᠡᠭ ᠢ ᠨᠠᠮ ᠤᠨ ᠵᠠᠭᠤᠨ ᠵᠢᠯ ᠤᠨ ᠲᠡᠮᠡᠴᠡᠯ ᠤᠨ | ᠥᠩᠭᠡᠷᠡᠯᠲᠡ ᠪᠢᠳᠡᠨ ᠳᠤ ᠬᠡᠯᠡᠵᠦ ᠥᠭᠪᠠ᠃ ᠡᠨᠡ ᠤᠳᠠᠭ᠎ᠠ ᠶᠢᠨ ᠪᠦᠬᠦᠳᠡ ᠬᠤᠷᠠᠯ ᠤᠨ ᠰᠢᠢᠳᠪᠦᠷᠢ ᠳᠤ ᠨᠠᠮ ᠠᠴᠠ | ᠨᠡᠶᠢᠭᠡᠮ ᠤᠨ ᠭᠤᠣᠯ ᠵᠥᠷᠢᠴᠡᠯ ᠪᠠ ᠭᠤᠣᠯ ᠡᠭᠦᠷᠭᠡ ᠶᠢ ᠴᠢᠳᠠᠮᠠᠭᠠᠢ ᠠᠳᠬᠤᠵᠤ ᠪᠦᠬᠦ ᠲᠠᠯ᠎ᠠ ᠶᠢ ᠳᠠᠶᠢᠴᠢᠯᠠᠬᠰᠠᠨ ᠲᠠᠯ᠎ᠡ | ᠪᠠᠷ ᠪᠦᠬᠦ ᠲᠠᠯ᠎ᠠ ᠶᠢᠨ ᠵᠠᠳᠠᠯᠤᠯᠲᠠ ᠬᠢᠪᠡ᠃ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠳᠠᠬᠢ ᠮᠠᠨ ᠤ | ᠤᠯᠤᠰ ᠤᠨ ᠨᠡᠶᠢᠭᠡᠮ ᠤᠨ ᠭᠤᠣᠯ ᠵᠥᠷᠢᠴᠡᠯ ᠪᠠ ᠭᠤᠣᠯ ᠡᠭᠦᠷᠭᠡ ᠶᠢᠨ ᠲᠤᠬᠠᠢ ᠰᠤᠳᠤᠯᠭᠠᠨ ᠪᠠ ᠡᠵᠡᠮᠳᠡᠯ ᠢ ᠵᠠᠳᠠᠯᠤᠨ | ᠳ᠋ᠦᠩᠨᠡᠬᠦ ᠶᠢ ᠴᠢᠬᠤᠯᠠᠴᠢᠯᠠᠬᠤ ᠪᠣᠯ ᠪᠦᠭᠦᠳᠡ ᠬᠤᠷᠠᠯ ᠤᠨ ᠰᠢᠢᠳᠪᠦᠷᠢ ᠳᠤ ᠲᠤᠭᠤᠰᠢᠯᠠᠭᠳᠠᠵᠤ ᠪᠠᠶᠢᠭ᠎ᠠ ᠨᠢᠭᠡᠨ ᠴᠢᠬᠤᠯᠠ | ᠠᠭᠤᠯᠭ᠎ᠠ ᠮᠥᠨ᠂ ᠪᠢᠳᠡ ᠵᠠᠪᠠᠯ ᠭᠦᠨᠵᠡᠭᠡᠢ ᠰᠤᠷᠤᠯᠴᠠᠵᠤ᠂ ᠪᠦᠬᠦ ᠲᠠᠯ᠎ᠠ ᠪᠠᠷ ᠣᠶᠢᠯᠠᠭᠠᠬᠤ ᠬᠡᠷᠡᠭᠲᠡᠢ᠃ ᠨᠠᠷᠢᠨ | ᠪᠤᠳᠤᠯᠢᠶᠠᠨᠲᠠᠢ ᠪᠠᠶᠢᠳᠠᠯ᠂ ᠨᠠᠷᠢᠨ ᠪᠤᠳᠤᠯᠢᠶᠠᠨᠲᠠᠢ ᠵᠥᠷᠢᠴᠡᠯ᠂ ᠨᠦᠰᠡᠷ ᠬᠦᠨᠳᠦ ᠡᠭᠦᠷᠭᠡ ᠶᠢᠨ ᠡᠮᠦᠨ᠎ᠡ᠂ ᠭᠤᠣᠯ ᠳᠡᠳ᠋ | ᠭᠡᠵᠦ ᠪᠠᠶᠢᠬᠤ ᠦᠭᠡᠢ᠂ ᠢᠯᠭᠠᠭ᠎ᠠ ᠦᠭᠡᠢ᠂ ᠰᠠᠶᠢᠨ ᠮᠠᠭᠤ ᠬᠡᠵᠦ ᠢᠯᠭᠠᠯ ᠦᠬᠡᠢ ᠨᠢᠬᠡᠯᠡ ᠠᠳᠬᠤᠪᠠᠯ ᠠᠵᠢᠯ ᠢᠶᠠᠨ | ᠰᠠᠶᠢᠳᠤᠷ ᠬᠢᠵᠦ ᠴᠢᠳᠠᠬᠤ ᠦᠭᠡᠢ ᠶᠤᠮ᠃ ᠪᠢᠳᠡ ᠪᠦᠬᠦ ᠲᠠᠯ᠎ᠠ ᠶᠢᠨ ᠦᠵᠡᠯᠲᠡ ᠲᠠᠢ ᠪᠠᠶᠢᠵᠤ᠂ ᠡᠯ᠎ᠡ ᠵᠦᠢᠯ ᠤᠨ | ᠵᠥᠷᠢᠴᠡᠯ ᠤᠨ ᠲᠤᠬᠠᠢ ᠳᠤᠳᠤᠷ᠎ᠡ ᠪᠠᠨ ᠲᠤᠭ᠎ᠠ ᠲᠠᠢ ᠪᠠᠶᠢᠬᠤ ᠶᠢᠨ ᠬᠠᠮᠲᠤ ᠪᠠᠰᠠ ᠭᠤᠣᠯ ᠵᠥᠷᠢᠴᠡᠯ ᠪᠠ ᠭᠤᠣᠯ | ᠡᠭᠦᠷᠭᠡ ᠲᠠᠢ ᠨᠢᠭᠲᠠ ᠤᠶᠠᠯᠳᠤᠭᠤᠯᠤᠨ᠂ ᠭᠤᠣᠯ ᠵᠥᠷᠢᠴᠡᠯ ᠪᠠ ᠵᠥᠷᠢᠴᠡᠯ ᠤᠨ ᠭᠤᠤᠯ ᠲᠠᠯ᠎ᠠ ᠶᠢ ᠤᠷᠢᠳ ᠢᠶᠠᠷ | ᠰᠢᠢᠳᠪᠦᠷᠢᠯᠡᠵᠦ᠂ ᠡᠭᠦᠨ ᠢᠶᠠᠷ ᠪᠤᠰᠤᠳ ᠵᠥᠷᠢᠴᠡᠯ ᠢ ᠰᠢᠢᠳᠪᠦᠷᠢᠯᠡᠬᠦ ᠶᠢ ᠲᠠᠶᠢᠴᠢᠯᠠᠨ᠂ ᠪᠦᠬᠦᠯᠢ ᠴᠣᠭᠴᠠ ᠪᠠᠷ ᠨᠢ | ᠠᠬᠢᠭᠤᠯᠬᠤ ᠳᠤᠮᠳᠠ ᠭᠤᠣᠯᠳᠠᠯᠭ᠎ᠠ ᠲᠠᠢ ᠰᠢᠪᠲᠤᠯᠤᠯᠲᠠ ᠶᠢ ᠪᠡᠶᠡᠯᠡᠭᠦᠯᠵᠦ᠂ ᠭᠤᠣᠯᠳᠠᠯᠭ᠎ᠠ ᠲᠠᠢ ᠰᠢᠪᠲᠤᠯᠤᠯᠲᠠ ᠪᠠᠷ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠲᠦᠪᠰᠢᠨ ᠤ ᠪᠦᠬᠦᠯᠢ ᠴᠣᠭᠴᠠ ᠶᠢᠨ ᠦᠰᠦᠷᠦᠯᠲᠡ ᠶᠢ ᠲᠠᠶᠢᠴᠢᠯᠠᠨ᠂ ᠨᠡᠶᠢᠭᠡᠮ | ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠲᠡᠮᠡᠴᠡᠯ ᠤᠨ ᠬᠠᠷᠠᠯᠲᠠ | ᠲᠡᠶᠢᠰᠢ ᠲᠠᠰᠤᠷᠠᠯᠳᠠ ᠦᠭᠡᠢ ᠤᠷᠤᠭᠰᠢᠯᠠᠬᠤ ᠬᠡᠷᠡᠭᠲᠡᠢ ᠭᠡᠵᠤ ᠴᠢᠬᠤᠯᠠᠴᠢᠯᠠᠪᠠ᠃ | ᠰᠢ ᠶᠢᠨ ᠫᠢᠩ᠂ ᠪᠠᠶᠢᠯᠳᠤᠬᠤ ᠪᠤᠳᠤᠯᠭ᠎ᠠ ᠶᠢᠨ ᠠᠰᠠᠭᠤᠳᠠᠯ ᠪᠣᠯ ᠨᠢᠭᠡ ᠲᠦᠷᠦ ᠶᠢᠨ ᠨᠠᠮ᠂ ᠨᠢᠭᠡ ᠤᠯᠤᠰ ᠤᠨ | ᠦᠨᠳᠦᠰᠦᠨ ᠴᠢᠨᠠᠷᠲᠠᠢ ᠠᠰᠠᠭᠤᠳᠠᠯ ᠪᠣᠯᠤᠨ᠎ᠠ᠃ ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠣᠨᠣᠪᠴᠢᠲᠠᠢ ᠮᠠᠭᠠᠳᠯᠠᠵᠤ᠂ | ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠠᠶᠢᠯᠳᠤᠬᠤ ᠪᠤᠳᠤᠯᠭ᠎ᠠ ᠶᠢᠨ | ᠲᠠᠯ᠎ᠠ ᠪᠠᠷ ᠰᠠᠨᠠᠭᠠᠴᠢᠯᠠᠭᠠᠲᠤ ᠪᠠᠶᠢᠷᠢ ᠶᠢ ᠣᠯᠪᠠᠯ ᠨᠠᠮ ᠪᠠ ᠠᠷᠠᠳ ᠲᠦᠮᠡᠨ ᠤ ᠦᠢᠯᠡᠰ ᠳᠠᠷᠤᠢ ᠮᠠᠰᠢ ᠶᠡᠭᠡ ᠬᠦᠰᠡᠯ | ᠡᠷᠡᠮᠡᠯᠵᠡᠯ ᠲᠠᠢ ᠪᠣᠯᠬᠤ ᠶᠤᠮ᠃ ᠵᠠᠭᠤᠨ ᠵᠢᠯ ᠤᠨ ᠲᠤᠷᠰᠢ᠂ ᠨᠠᠮ ᠶᠡᠷᠦ ᠨᠢ ᠴᠢᠬᠤᠯᠠ ᠶᠡᠭᠡ ᠲᠡᠦᠬᠡᠨ ᠵᠠᠩᠭᠢᠯᠠᠭ᠎ᠠ ᠶᠢᠨ | ᠦᠶ᠎ᠡ ᠳᠤ ᠲᠤᠯᠭᠠᠷᠠᠵᠤ ᠪᠠᠶᠢᠭ᠎ᠠ ᠴᠢᠬᠤᠯᠠ ᠶᠡᠭᠡ ᠲᠡᠦᠬᠡᠨ ᠠᠰᠠᠭᠤᠳᠠᠯ ᠢ ᠪᠠᠶᠢᠯᠳᠤᠬᠤ ᠪᠤᠳᠤᠯᠭ᠎ᠠ ᠶᠢᠨ ᠲᠠᠯ᠎ᠠ ᠠᠴᠠ | ᠲᠠᠨᠢᠵᠤ᠂ ᠵᠠᠳᠠᠯᠵᠦ᠂ ᠮᠠᠭᠠᠳᠯᠠᠵᠤ᠂ ᠵᠥᠪ ᠣᠨᠣᠪᠴᠢᠲᠠᠢ ᠤᠯᠤᠰ ᠲᠦᠷᠦ ᠶᠢᠨ ᠪᠠᠶᠢᠯᠳᠤᠬᠤ ᠪᠤᠳᠤᠯᠭ᠎ᠠ ᠶᠢᠨ ᠠᠷᠭ᠎ᠠ | ᠪᠤᠳᠤᠯᠭ᠎ᠠ ᠶᠢ ᠲᠣᠭᠲᠠᠭᠠᠵᠤ ᠴᠢᠳᠠᠳᠠᠭ᠂ ᠡᠨᠡ ᠪᠣᠯ ᠨᠠᠮ ᠤᠨ ᠲᠤᠭ᠎ᠠ ᠲᠣᠮᠰᠢ ᠦᠭᠡᠢ ᠤᠯᠠᠨ ᠠᠶᠤᠯ ᠲᠦᠭᠰᠢᠭᠦᠷᠢ | ᠥᠷᠢᠰᠥᠯᠳᠦᠭᠡᠨ ᠢ ᠢᠯᠠᠨ ᠳᠠᠪᠠᠵᠤ᠂ ᠢᠯᠠᠯᠲᠠ ᠠᠴᠠ ᠢᠯᠠᠯᠲᠠ ᠲᠠᠶᠢᠰᠢ ᠲᠠᠰᠤᠷᠠᠯᠳᠠ ᠦᠭᠡᠢ ᠤᠷᠤᠭᠰᠢᠯᠠᠬᠰᠠᠨ ᠤ | ᠬᠦᠴᠦᠲᠡᠢ ᠪᠠᠲᠤᠯᠠᠭ᠎ᠠ ᠮᠥᠨ᠃ ᠡᠨᠡ ᠤᠳᠠᠭ᠎ᠠ ᠶᠢᠨ ᠪᠥᠬᠦᠳᠡ ᠬᠤᠷᠠᠯ ᠤᠨ ᠰᠢᠶᠳᠪᠦᠷᠢ ᠨᠢ ᠵᠠᠭᠤᠨ ᠵᠢᠯ ᠤᠨ ᠲᠡᠮᠡᠴᠡᠯ ᠤᠨ | ᠥᠩᠭᠡᠷᠡᠯᠲᠡ ᠳᠤᠮᠳᠠ ᠨᠠᠮ ᠠᠴᠠ ᠪᠠᠶᠢᠯᠳᠤᠬᠤ ᠪᠣᠳᠣᠯᠭ᠎ᠠ ᠠᠷᠭ᠎ᠠ ᠪᠣᠳᠣᠯᠭ᠎ᠠ ᠶᠢᠨ ᠠᠰᠠᠭᠤᠳᠠᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠰᠢᠨᠵᠢᠯᠡᠬᠦ ᠤᠬᠠᠭᠠᠨᠴᠢ ᠪᠠᠶᠢᠯᠳᠤᠬᠤ ᠪᠣᠳᠣᠯᠭ᠎ᠠ ᠠᠷᠭ᠎ᠠ ᠪᠣᠳᠣᠯᠭ᠎ᠠ ᠶᠢ ᠲᠠᠰᠤᠷᠠᠯᠲᠠ ᠥᠬᠡᠶ ᠳᠤᠷᠠᠳᠤᠨ | ᠭᠠᠷᠭᠠᠬᠰᠠᠨ ᠢ ᠪᠦᠬᠦ ᠲᠠᠯ᠎ᠠ ᠪᠠᠷ ᠳ᠋ᠦᠩᠨᠡᠪᠡ᠃ ᠵᠠᠭᠤᠨ ᠵᠢᠯ ᠤᠨ ᠲᠡᠮᠡᠴᠡᠯ ᠤᠨ ᠶᠠᠪᠤᠴᠠ ᠳᠤᠮᠳᠠᠬᠢ ᠪᠠᠶᠢᠯᠳᠤᠬᠤ ᠪᠤᠳᠤᠯᠭ᠎ᠠ | ᠠᠷᠭ᠎ᠠ ᠪᠤᠳᠤᠯᠭ᠎ᠠ ᠶᠢᠨ ᠲᠤᠬᠠᠢ ᠨᠠᠮ ᠤᠨ ᠰᠤᠳᠤᠯᠭᠠᠨ ᠪᠠ ᠡᠵᠡᠮᠳᠡᠯ ᠢ ᠵᠠᠳᠠᠯᠤᠨ ᠳ᠋ᠦᠩᠨᠡᠬᠦ ᠶᠢ ᠴᠢᠬᠤᠯᠠᠴᠢᠯᠠᠬᠤ ᠪᠣᠯ | ᠪᠦᠬᠦᠳᠡ ᠬᠤᠷᠠᠯ ᠤᠨ ᠰᠢᠢᠳᠪᠦᠷᠢ ᠳᠤ ᠲᠤᠭᠤᠰᠢᠯᠠᠭᠳᠠᠵᠤ ᠪᠠᠶᠢᠭ᠎ᠠ ᠨᠢᠭᠡᠨ ᠴᠢᠬᠤᠯᠠ ᠠᠭᠤᠯᠭ᠎ᠠ ᠮᠥᠨ᠂ ᠪᠢᠳᠡ ᠵᠠᠪᠠᠯ | ᠭᠦᠨᠵᠡᠭᠡᠢ ᠰᠤᠷᠤᠯᠴᠠᠵᠤ᠂ ᠪᠦᠬᠦ ᠲᠠᠯ᠎ᠠ ᠪᠠᠷ ᠣᠶᠢᠯᠠᠭᠠᠬᠤ ᠬᠡᠷᠡᠭᠲᠡᠢ᠃ ᠪᠠᠶᠢᠯᠳᠤᠬᠤ ᠪᠤᠳᠤᠯᠭ᠎ᠠ ᠪᠣᠯ ᠪᠦᠬᠦ ᠲᠠᠯ᠎ᠠ᠂ ᠠᠯᠤᠰ | ᠬᠡᠳᠦ᠂ ᠶᠡᠭᠡ ᠪᠠᠶᠢᠳᠠᠯ ᠤᠨ ᠲᠠᠯ᠎ᠠ ᠠᠴᠠ ᠮᠠᠭᠠᠳᠯᠠᠯᠲᠠ ᠪᠠ ᠰᠢᠢᠳᠪᠦᠷᠢᠲᠦ ᠪᠤᠳᠤᠯᠭ᠎ᠠ ᠭᠠᠷᠭᠠᠳᠠᠭ᠃ ᠪᠢᠳᠠ ᠪᠣᠯ ᠨᠢᠭᠡᠨ | ᠲᠤᠮᠦ ᠨᠠᠮ ᠮᠥᠨ᠂ ᠨᠢᠭᠡᠨ ᠲᠤᠮᠦ ᠤᠯᠤᠰ ᠢ ᠤᠳᠤᠷᠢᠳᠴᠤ᠂ ᠠᠭᠤᠤ ᠶᠡᠭᠡ ᠦᠢᠯᠡᠰ ᠢ ᠪᠦᠲᠦᠭᠡᠵᠦ ᠪᠠᠶᠢᠳᠠᠭ᠂ | ᠪᠠᠶᠢᠯᠳᠤᠬᠤ ᠪᠤᠳᠦᠯᠭ᠎ᠠ ᠶᠢᠨ ᠰᠡᠳᠭᠢᠬᠦᠢ ᠲᠠᠢ ᠪᠠᠶᠢᠬᠤ ᠳᠠᠭᠠᠨ ᠴᠢᠳᠠᠮᠠᠭᠠᠢ᠂ ᠪᠠᠶᠢᠯᠳᠤᠬᠤ ᠪᠤᠳᠦᠯᠭ᠎ᠠ ᠶᠢᠨ ᠲᠠᠯ᠎ᠠ ᠠᠴᠠ | ᠠᠰᠠᠭᠤᠳᠠᠯ ᠢ ᠦᠵᠡᠵᠦ ᠠᠰᠠᠭᠤᠳᠠᠯ ᠢ ᠪᠣᠳᠣᠯᠬᠢᠯᠠᠬᠤ ᠳᠠᠭᠠᠨ ᠴᠢᠳᠠᠮᠠᠭᠠᠢ ᠪᠠᠶᠢᠬᠤ ᠭᠡᠷᠡᠭᠲᠡᠢ᠃ ᠵᠥᠪ ᠪᠠᠶᠢᠯᠳᠤᠬᠤ | ᠪᠣᠳᠣᠯᠭ᠎ᠠ ᠶᠢ ᠵᠥᠪ ᠠᠷᠭ᠎ᠠ ᠪᠣᠳᠣᠯᠭ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠠᠷᠭ᠎ᠠ ᠪᠤᠳᠤᠯᠭ᠎ᠠ ᠪᠣᠯ ᠪᠠᠶᠢᠯᠳᠤᠬᠤ | ᠪᠤᠳᠤᠯᠭ᠎ᠠ ᠶᠢᠨ ᠵᠢᠯᠤᠭᠤᠳᠤᠯᠭ᠎ᠠ ᠳᠣᠣᠷ᠎ᠠ ᠪᠠᠶᠢᠯᠳᠤᠬᠤ ᠪᠤᠳᠤᠯᠭ᠎ᠠ ᠳᠤ ᠦᠢᠯᠡᠴᠢᠯᠡᠳᠡᠭ᠃ ᠪᠠᠶᠢᠯᠳᠤᠬᠤ ᠪᠤᠳᠤᠯᠭ᠎ᠠ ᠪᠠ | ᠠᠷᠭ᠎ᠠ ᠪᠤᠳᠤᠯᠭ᠎ᠠ ᠪᠣᠯ ᠬᠤᠪᠢᠰᠤᠩᠭᠤᠢ ᠨᠢᠭᠡᠳᠦᠯ ᠤᠨ ᠬᠠᠷᠢᠴᠠᠭ᠎ᠠ ᠮᠥᠨ᠂ ᠪᠠᠶᠢᠯᠳᠤᠬᠤ ᠪᠤᠳᠤᠯᠭ᠎ᠠ ᠶᠢᠨ ᠡᠷᠡᠰ ᠪᠠᠲᠤ | ᠴᠢᠨᠠᠷ ᠪᠠ ᠠᠷᠭ᠎ᠠ ᠪᠤᠳᠤᠯᠭ᠎ᠠ ᠶᠢᠨ ᠠᠮᠢᠳᠤᠯᠢᠭ ᠴᠢᠨᠠᠷ ᠢ ᠤᠶᠠᠯᠳᠤᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ᠠᠵᠢᠯ ᠤᠨ ᠰᠡᠳᠭᠢᠴᠡ᠂ ᠠᠵᠢᠯ ᠤᠨ ᠪᠠᠶᠢᠷᠢᠯᠠᠭᠤᠯᠤᠯᠲᠠ᠂ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠲᠣᠭᠲᠠᠭᠠᠬᠤ ᠳᠤ᠂ ᠤᠬᠠᠮᠰᠠᠷ ᠠᠴᠠ ᠪᠠᠨ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ | ᠪᠤᠳᠤᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠵᠥᠷᠢᠶ᠎ᠡ ᠭᠡᠯᠪᠡᠶᠢᠬᠦᠦ ᠪᠠᠨ ᠴᠠᠭ ᠲᠤᠬᠠᠢ ᠳᠤᠨᠢ ᠵᠠᠯᠠᠷᠠᠭᠤᠯᠵᠤ᠂ ᠨᠠᠮ ᠤᠨ | ᠲᠥᠪ ᠬᠤᠷᠢᠶ᠎ᠠ ᠠᠴᠠ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠰᠢᠢᠳᠪᠦᠷᠢᠲᠦ ᠪᠤᠳᠤᠯᠭ᠎ᠠ ᠶᠢ ᠡᠷᠬᠡᠪᠰᠢ ᠨᠥᠬᠦᠴᠡᠯ | ᠦᠭᠡᠢ ᠪᠠᠷ ᠬᠡᠷᠡᠭᠵᠢᠭᠦᠯᠵᠦ᠂ ᠬᠡᠯᠪᠡᠶᠢᠬᠦ ᠦᠭᠡᠢ᠂ ᠬᠤᠪᠢᠷᠠᠬᠤ ᠦᠭᠡᠢ᠂ ᠥᠭᠡᠷᠡᠲᠦᠬᠦ ᠦᠭᠡᠢ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠳᠤ᠂ ᠨᠠᠮ ᠠᠴᠠ ᠠᠷᠠᠳ ᠲᠦᠮᠡᠨ ᠢ | ᠤᠳᠤᠷᠢᠳᠤᠨ ᠠᠯᠢ ᠤᠯᠠᠨ ᠠᠭᠤᠤ ᠶᠡᠭᠡ ᠠᠮᠵᠢᠯᠲᠠ ᠪᠦᠲᠦᠮᠵᠢ ᠣᠯᠵᠤ᠂ ᠠᠯᠢ ᠤᠯᠠᠨ ᠬᠦᠴᠢᠷ ᠪᠡᠷᠬᠡᠰᠢᠶᠡᠯ ᠬᠠᠷᠰᠢ | ᠰᠠᠭᠠᠳ ᠢ ᠢᠯᠠᠨ ᠳᠠᠪᠠᠵᠤ᠂ ᠳᠠᠪᠲᠠᠭᠳᠠᠨ ᠪᠣᠯᠪᠠᠰᠤᠷᠠᠭᠠᠳ ᠮᠥᠨ ᠬᠦ ᠴᠤᠭ ᠵᠢᠪᠬᠤᠭ᠎ᠠ ᠪᠠᠳᠠᠷᠠᠩᠭᠤᠢ ᠪᠠᠶᠢᠳᠠᠭ᠂ ᠠᠷᠠᠳ | ᠤᠯᠠᠨ ᠤ ᠳᠡᠮᠵᠢᠯᠭᠡ ᠪᠠ ᠬᠦᠷᠢᠶᠡᠯᠡᠯ ᠢ ᠣᠯᠵᠤ ᠴᠢᠳᠠᠭᠰᠠᠨ ᠤ ᠰᠢᠯᠲᠠᠭᠠᠨ ᠭᠡᠪᠡᠯ᠂ ᠨᠠᠮ ᠠᠴᠠ ᠵᠣᠷᠢᠭᠲᠠᠢ ᠪᠠᠷ ᠥᠪᠡᠷ ᠤᠨ | ᠪᠡᠶ᠎ᠡ ᠳᠡᠭᠡᠨ ᠣᠷᠣᠰᠢᠵᠤ ᠪᠠᠶᠢᠭ᠎ᠠ ᠠᠰᠠᠭᠤᠳᠠᠯ ᠳᠤ ᠰᠢᠭᠤᠳ ᠬᠠᠨᠳᠤᠵᠤ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ | ᠬᠤᠪᠢᠰᠬᠠᠯ ᠬᠢᠵᠦ᠂ ᠢᠮᠠᠭᠲᠠ ᠲᠡᠷᠢᠭᠦᠨ ᠤ ᠴᠢᠨᠠᠷ ᠪᠠ ᠴᠡᠪᠡᠷ ᠴᠢᠨᠠᠷ ᠢᠶᠠᠨ ᠪᠠᠲᠤᠯᠠᠵᠤ᠂ ᠪᠦᠲᠦᠭᠡᠯᠴᠢ ᠬᠦᠴᠦᠨ᠂ | ᠨᠢᠭᠲᠠᠷᠠᠯ ᠤᠨ ᠬᠦᠴᠦᠨ᠂ ᠲᠠᠶᠢᠴᠢᠨ ᠬᠦᠴᠦᠨ ᠢᠶᠠᠨ ᠲᠠᠰᠤᠷᠠᠯᠳᠡ ᠦᠭᠡᠢ ᠴᠢᠩᠭᠠᠳᠬᠠᠵᠤ᠂ ᠮᠠᠷᠺᠰ ᠤᠨ ᠦᠵᠡᠯ ᠤᠨ | ᠲᠦᠷᠦ ᠶᠢᠨ ᠨᠠᠮ ᠤᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠭᠰᠠᠨ ᠳᠤ ᠪᠤᠢ᠃ ᠡᠨᠡ ᠤᠳᠠᠭ᠎ᠠ ᠶᠢᠨ ᠪᠥᠬᠦᠳᠡ | ᠬᠤᠷᠠᠯ ᠤᠨ ᠰᠢᠶᠳᠪᠦᠷᠢ ᠨᠢ ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠳᠤ ᠨᠠᠮ ᠠᠴᠠ ᠨᠠᠮ ᠢ ᠬᠠᠮᠢᠶᠠᠷᠴᠤ ᠨᠠᠮ ᠢ | ᠵᠠᠰᠠᠬᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠲᠠᠰᠤᠷᠠᠯᠲᠠ ᠥᠬᠡᠶ ᠠᠬᠢᠭᠤᠯᠬᠤ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠭᠰᠠᠨ ᠳᠤ ᠪᠥᠬᠦ ᠲᠠᠯ᠎ᠠ ᠶᠢᠨ ᠳ᠋ᠦᠩᠨᠡᠯᠲᠡ ᠬᠢᠪᠠ᠃ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠤᠬᠡᠨ | ᠶᠠᠪᠤᠴᠠ ᠳᠤ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠰᠤᠳᠤᠯᠭᠠᠨ ᠪᠠ ᠡᠵᠡᠮᠳᠡᠯ ᠢ ᠵᠠᠳᠠᠯᠤᠨ ᠳ᠋ᠦᠩᠨᠡᠬᠦ ᠶᠢ | ᠴᠢᠬᠤᠯᠠᠴᠢᠯᠠᠬᠤ ᠪᠣᠯ ᠪᠦᠬᠦᠳᠡ ᠬᠤᠷᠠᠯ ᠤᠨ ᠰᠢᠢᠳᠪᠦᠷᠢ ᠳᠤ ᠲᠤᠭᠤᠰᠢᠯᠠᠭᠳᠠᠵᠤ ᠪᠠᠶᠢᠭ᠎ᠠ ᠨᠢᠭᠡᠨ ᠴᠢᠬᠤᠯᠠ ᠠᠭᠤᠯᠭ᠎ᠠ | ᠮᠥᠨ᠂ ᠪᠢᠳᠡ ᠡᠷᠬᠡᠪᠰᠢ ᠭᠦᠨᠵᠡᠭᠡᠢ ᠰᠤᠷᠤᠯᠴᠠᠵᠤ᠂ ᠪᠦᠬᠦ ᠲᠠᠯ᠎ᠠ ᠪᠠᠷ ᠣᠶᠢᠯᠠᠭᠠᠬᠤ ᠬᠡᠷᠡᠭᠲᠡᠢ᠃ ᠲᠡᠦᠬᠡᠨ ᠰᠢᠨ᠎ᠡ | ᠨᠥᠬᠦᠴᠡᠯ ᠳᠣᠣᠷ᠎ᠠ᠂ ᠨᠠᠮ ᠤᠨ ᠮᠠᠷᠺᠰ ᠤᠨ ᠦᠵᠡᠯ ᠤᠨ ᠲᠦᠷᠦ ᠶᠢᠨ ᠨᠠᠮ ᠤᠨ ᠤᠤᠷ ᠴᠢᠨᠠᠷ ᠢ ᠡᠭᠦᠷᠢᠳᠡ | ᠬᠠᠳᠠᠭᠠᠯᠠᠬᠤ ᠶᠢᠨ ᠵᠠᠩᠭᠢᠯᠠᠭ᠎ᠠ ᠨᠢ ᠮᠦᠨ ᠬᠦ ᠮᠠᠨ ᠤ ᠨᠠᠮ ᠤᠨ ᠥᠪᠡᠷ ᠤᠨ ᠪᠡᠶ᠎ᠡ ᠳᠡᠭᠡᠨ ᠲᠦᠰᠢᠭᠯᠡᠬᠦ ᠳᠤ ᠪᠠᠶᠢᠨ᠎ᠠ᠃ | ᠬᠡᠨ ᠤ ᠲᠥᠯᠥᠭᠡ ᠲᠦᠷᠦ ᠪᠠᠷᠢᠬᠤ᠂ ᠬᠡᠨ ᠤ ᠲᠥᠯᠥᠭᠡ ᠡᠷᠬᠡ ᠬᠡᠷᠡᠭᠯᠡᠬᠦ᠂ ᠬᠡᠨ ᠳᠤ ᠠᠰᠢᠭ ᠲᠤᠰᠠ ᠣᠯᠭᠤᠬᠤ ᠡᠨᠡ ᠬᠦ | ᠦᠨᠳᠦᠰᠦᠨ ᠠᠰᠠᠭᠤᠳᠠᠯ ᠳᠡᠭᠡᠷ᠎ᠡ᠂ ᠪᠢᠳᠡ ᠲᠠᠷᠢᠬᠢ ᠲᠣᠯᠣᠭᠠᠢ ᠪᠠᠨ ᠣᠨᠴᠠᠭᠠᠢ ᠰᠡᠷᠭᠡᠭ ᠪᠠᠶᠢᠯᠭᠠᠵᠤ᠂ ᠵᠣᠭᠰᠣᠯᠲᠠ ᠪᠠᠨ | ᠣᠨᠴᠠᠭᠠᠢ ᠪᠠᠲᠤ ᠪᠣᠯᠭᠠᠬᠤ ᠬᠡᠷᠡᠭᠲᠡᠢ᠃ ᠪᠦᠬᠦ ᠨᠠᠮ ᠤᠨ ᠨᠥᠬᠦᠳ ᠴᠥᠮ ᠶᠡᠭᠡ ᠶᠤᠰᠤ ᠶᠢ ᠮᠡᠳᠡᠵᠦ᠂ ᠨᠡᠶᠢᠲᠡ ᠶᠢᠨ | ᠶᠤᠰᠤ ᠶᠢ ᠰᠠᠬᠢᠵᠤ᠂ ᠬᠤᠪᠢ ᠶᠢᠨ ᠶᠤᠰᠤ ᠶᠢ ᠴᠢᠩᠳᠠᠯᠠᠨ᠂ ᠠᠷᠢᠭᠤᠨ ᠴᠢᠬᠡᠴᠢ ᠪᠠᠷ ᠬᠥᠮᠦᠨ ᠪᠤᠯᠵᠤ᠂ ᠴᠡᠪᠡᠷ ᠴᠢᠬᠡᠴᠢ ᠪᠠᠷ | ᠠᠵᠢᠯ ᠬᠢᠵᠦ᠂ ᠪᠡᠶ᠎ᠡ ᠪᠠᠨ ᠪᠠᠷᠢᠵᠤ ᠨᠡᠶᠢᠲᠡ ᠶᠢᠨ ᠲᠥᠯᠥᠭᠡ ᠵᠢᠳᠬᠦᠨ᠂ ᠠᠵᠢᠯᠴᠢ ᠠᠷᠪᠢᠴᠢ ᠪᠠᠷ ᠪᠡᠶ᠎ᠡ ᠪᠠᠨ ᠵᠠᠰᠠᠵᠤ᠂ | ᠲᠦᠪ ᠭᠤᠤᠯᠴᠢ ᠠᠷᠢᠭᠤᠨ ᠴᠢᠭᠡᠴᠢ ᠤᠯᠤᠰ ᠲᠦᠷᠦ ᠶᠢᠨ ᠤᠤᠷ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢᠨ ᠵᠠᠩᠭᠢᠯᠠᠭ᠎ᠠ ᠨᠢ ᠠᠰᠠᠭᠤᠳᠠᠯ ᠳᠤ ᠵᠥᠪ ᠢᠶᠠᠷ ᠬᠠᠨᠳᠤᠬᠤ ᠤᠬᠠᠮᠰᠠᠷ ᠪᠠ | ᠬᠢᠲᠤᠭᠠᠨ ᠢᠷ ᠢᠶᠠᠨ ᠳᠣᠲᠣᠭᠰᠢ ᠬᠠᠨᠳᠤᠭᠤᠯᠬᠤ ᠰᠥᠰᠥ ᠵᠣᠷᠢᠭ ᠲᠠᠢ ᠪᠠᠶᠢᠬᠤ ᠬᠡᠷᠡᠭᠲᠡᠢ᠃ ᠤᠳᠤᠬᠠᠨ ᠳᠤ᠂ ᠢᠯᠵᠠᠷᠡᠯ ᠢ | ᠡᠰᠡᠷᠭᠦᠴᠡᠬᠦ ᠲᠡᠮᠡᠴᠡᠯ ᠳᠡᠶᠢᠯᠦᠩᠭᠦᠢ ᠴᠢᠨᠠᠷᠲᠠᠢ ᠢᠯᠠᠯᠲᠠ ᠣᠯᠤᠭᠰᠠᠨ ᠪᠥᠭᠡᠳ ᠪᠦᠬᠦ ᠲᠠᠯ᠎ᠠ ᠪᠠᠷ ᠪᠠᠬᠢᠵᠢᠪᠡ᠂ ᠭᠡᠪᠡᠴᠦ ᠪᠦᠬᠦ | ᠨᠠᠮ ᠤᠨ ᠨᠥᠬᠦᠳ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠨ ᠡᠭᠦᠷᠢᠳᠡ ᠪᠠᠲᠤᠯᠠᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ ᠪᠠᠶᠢᠬᠤ ᠤᠯᠤᠰ ᠲᠦᠷᠦ ᠶᠢᠨ ᠤᠬᠠᠮᠰᠠᠷ ᠢᠶᠠᠨ | ᠴᠢᠩᠭᠠᠳᠬᠠᠵᠤ᠂ ᠨᠢᠭᠡᠨᠳᠡ ᠴᠢᠩᠭ᠎ᠠ ᠬᠠᠲᠠᠭᠤ ᠪᠤᠯᠤᠭᠰᠠᠨ ᠭᠡᠬᠦ ᠬᠠᠯᠠᠰᠢᠷᠠᠬᠤ ᠰᠡᠳᠭᠢᠯᠭᠡ ᠡᠭᠦᠰᠴᠦ ᠶᠠᠭᠠᠬᠢᠭᠰᠠᠨ ᠴᠤ | ᠪᠣᠯᠬᠤ ᠦᠭᠡᠢ᠃ ᠨᠠᠮ ᠤᠨ ᠰᠤᠷᠲᠠᠯ ᠴᠢᠬᠡᠴᠢ ᠵᠠᠰᠠᠬ ᠤᠨ ᠪᠠᠶᠢᠭᠤᠯᠤᠯᠳᠠ ᠬᠢᠭᠡᠳ ᠢᠯᠵᠠᠷᠠᠯ ᠢ ᠡᠰᠡᠷᠭᠦᠴᠡᠬᠦ ᠲᠡᠮᠡᠴᠡᠯ | ᠬᠡᠵᠢᠶᠡᠳᠡ ᠵᠤᠬᠰᠤᠰᠢ ᠦᠭᠡᠢ᠂ ᠨᠢᠭᠡ ᠮᠥᠴᠡ ᠴᠦ ᠰᠤᠯᠠᠷᠠᠭᠤᠯᠵᠤ ᠪᠣᠯᠬᠤ ᠦᠭᠡᠢ᠂ ᠲᠡᠮᠦᠷ ᠪᠠᠷᠢᠪᠠᠯ ᠤᠷᠤᠮ ᠲᠠᠢ᠂ | ᠴᠢᠯᠠᠭᠤᠨ ᠳᠡᠭᠡᠷ᠎ᠡ ᠬᠢᠰᠭᠢᠪᠡᠯ ᠮᠥᠷ ᠲᠠᠢ ᠪᠠᠶᠢᠬᠤ ᠬᠠᠳᠠᠨ ᠵᠣᠷᠢᠭ ᠪᠠ ᠡᠷᠡᠰ ᠪᠠᠷᠢᠮᠲᠠᠯᠠᠯ ᠢᠶᠠᠷ ᠨᠠᠮ ᠤᠨ ᠰᠤᠷᠲᠠᠯ ᠴᠢᠬᠡᠴᠢ | ᠵᠠᠰᠠᠬ ᠤᠨ ᠪᠠᠶᠢᠭᠤᠯᠤᠯᠳᠠ ᠬᠢᠭᠡᠳ ᠢᠯᠵᠠᠷᠠᠯ ᠢ ᠡᠰᠡᠷᠭᠦᠴᠡᠬᠦ ᠲᠡᠮᠡᠴᠡᠯ ᠤᠨ ᠡᠨᠡ ᠬᠦ ᠪᠤᠭᠤᠮᠳᠠ ᠰᠢᠪᠳᠤᠯᠬᠤ ᠲᠠᠶᠢᠯᠠᠯᠳᠤᠭᠠᠨ | ᠂ ᠤᠳᠠᠭᠠᠨ ᠳᠠᠭᠠᠭᠠᠮᠠᠭᠠᠢ ᠲᠠᠶᠢᠨ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠬᠡᠨ ᠬᠥᠮᠦᠨ ᠨᠠᠮ ᠤᠨ ᠰᠠᠬᠢᠯᠭ᠎ᠠ | ᠤᠯᠤᠰ ᠤᠨ ᠬᠠᠤᠯᠢ ᠶᠢᠨ ᠳᠠᠯ᠎ᠠ ᠪᠠᠷ ᠠᠰᠠᠭᠤᠳᠠᠯ ᠭᠠᠷᠭᠠᠭᠰᠠᠨ ᠴᠤ ᠨᠠᠮ ᠤᠨ ᠰᠠᠬᠢᠯᠭ᠎ᠠ ᠤᠯᠤᠰ ᠤᠨ ᠬᠠᠤᠯᠢ ᠶᠠᠭᠠᠬᠢᠭᠰᠠᠨ | ᠴᠤ ᠠᠭᠤᠴᠢᠯᠠᠬᠤ ᠦᠭᠡᠢ ᠶᠤᠮ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠨᠡ ᠤᠳᠠᠭ᠎ᠠ ᠶᠢᠨ ᠪᠥᠬᠦᠳᠡ ᠬᠤᠷᠠᠯ ᠤᠨ ᠰᠢᠶᠳᠪᠦᠷᠢ ᠨᠢ ᠵᠠᠭᠤᠨ ᠵᠢᠯ ᠤᠨ ᠲᠡᠮᠡᠴᠡᠯ ᠤᠨ | ᠲᠡᠤᠬᠡᠨ ᠶᠠᠪᠤᠴᠠ ᠳᠤ ᠨᠠᠮ ᠠᠴᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠬᠢᠬᠦ ᠶᠢ ᠴᠢᠬᠤᠯᠠᠴᠢᠯᠠᠬᠰᠠᠨ ᠲᠠᠯ᠎ᠡ ᠪᠠᠷ | ᠪᠥᠬᠦ ᠲᠠᠯ᠎ᠠ ᠶᠢᠨ ᠳ᠋ᠦᠩᠨᠡᠯᠲᠡ ᠬᠢᠵᠦ᠂ ᠪᠥᠬᠦ ᠨᠠᠮ ᠢᠶᠠᠷ ᠢᠶᠠᠨ ᠪᠣᠳᠠᠰᠴᠢ ᠲᠡᠦᠬᠡ ᠶᠢᠨ ᠦᠵᠡᠯᠲᠡ ᠪᠣᠯᠤᠨ ᠵᠥᠪ | ᠣᠨᠣᠪᠴᠢᠲᠠᠶ ᠨᠠᠮ ᠤᠨ ᠲᠡᠦᠬᠡ ᠶᠢᠨ ᠦᠵᠡᠯᠲᠡ ᠶᠢ ᠪᠠᠷᠢᠮᠲᠠᠯᠠᠵᠤ᠂ ᠨᠠᠮ ᠤᠨ ᠵᠠᠭᠤᠨ ᠵᠢᠯ ᠤᠨ ᠲᠡᠮᠡᠴᠡᠯ ᠳᠤᠮᠳᠠ ᠠᠴᠠ | ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨ ᠢ ᠲᠣᠳᠣᠷᠬᠠᠶ ᠲᠠᠨᠢᠵᠤ᠂ ᠢᠷᠡᠭᠡᠳᠦᠶ ᠳᠤ ᠪᠢᠳᠡ | ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠣᠯᠵᠤ ᠴᠢᠳᠠᠬᠤ ᠶᠢ ᠲᠣᠳᠣᠷᠬᠠᠶ ᠣᠶᠢᠯᠠᠭᠠᠬᠤ ᠶᠢᠨ ᠤᠯᠠᠮ ᠢᠶᠠᠷ ᠣᠭ ᠰᠠᠨᠠᠭ᠎ᠠ | ᠡᠭᠦᠷᠭᠡ ᠬᠠᠷᠢᠭᠤᠴᠠᠯᠭ᠎ᠠ ᠪᠠᠨ ᠨᠠᠩ ᠡᠷᠡᠰ ᠪᠠᠲᠤ᠂ ᠨᠠᠩ ᠤᠬᠠᠮᠰᠠᠷ ᠠᠴᠠ ᠪᠠᠨ ᠦᠶᠯᠡᠳᠦᠯᠭᠡᠵᠢᠭᠦᠯᠵᠦ᠂ ᠰᠢᠨ᠎ᠡ ᠴᠠᠭ | ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠨᠠᠩ ᠰᠠᠶᠢᠲᠤᠷ ᠪᠠᠷᠢᠮᠲᠠᠯᠠᠨ ᠬᠥᠭᠵᠢᠭᠦᠯᠬᠦ ᠬᠡᠷᠡᠭᠲᠡᠶ | ᠭᠡᠵᠦ ᠴᠢᠬᠤᠯᠠᠴᠢᠯᠠᠪᠠ᠃ ᠡᠨᠡ ᠪᠣᠯ ᠵᠢᠷᠭᠤᠳᠤᠭᠠᠷ ᠪᠦᠬᠦᠳᠠ ᠬᠤᠷᠠᠯ ᠠᠴᠠ ᠳᠤᠷᠠᠳᠤᠨ ᠭᠠᠷᠭᠠᠭᠰᠠᠨ ᠴᠢᠬᠤᠯᠠ ᠤᠯᠤᠰ | ᠲᠦᠷᠦ ᠶᠢᠨ ᠡᠭᠦᠷᠭᠡ ᠮᠥᠨ᠂ ᠪᠢᠳᠠ ᠨᠠᠶᠢᠳᠠᠪᠤᠷᠢᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ | ᠨᠠᠮ ᠤᠨ ᠭᠤᠷᠪᠠᠳᠡᠬᠢ ᠲᠡᠦᠬᠡ ᠶᠢᠨ ᠰᠢᠢᠳᠪᠦᠷᠢ ᠨᠢ ᠮᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ ᠶᠢᠨ ᠲᠤᠬᠠᠢ | ᠰᠢᠨ᠎ᠡ ᠲᠠᠨᠢᠯᠲᠠ ᠶᠢ ᠢᠯᠡᠷᠡᠭᠦᠯᠪᠠ᠂ ᠡᠨᠡ ᠲᠠᠯ᠎ᠠ ᠪᠠᠷ ᠨᠡᠩ ᠭᠦᠨᠵᠡᠭᠡᠢ ᠰᠤᠷᠤᠯᠴᠠᠨ ᠣᠶᠢᠯᠠᠭᠠᠵᠤ ᠭᠡᠷᠡᠭᠲᠡᠢ᠂ ᠡᠨᠡ ᠨᠢ | ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ ᠨᠡᠩ | ᠰᠠᠶᠢᠲᠤᠷ ᠲᠠᠨᠢᠵᠤ ᠡᠵᠡᠮᠰᠢᠬᠦ ᠳᠤ ᠠᠰᠢᠭᠲᠠᠢ ᠶᠤᠮ᠃ ᠡᠨᠡ ᠤᠳᠠᠭ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠠᠮᠵᠢᠯᠲᠠ ᠲᠠᠢ ᠲᠤᠷᠰᠢᠯᠭ᠎ᠠ ᠶᠢ ᠨᠠᠷᠢᠨ ᠬᠢᠨᠠᠮᠠᠭᠠᠢ ᠳ᠋ᠦᠩᠨᠡᠵᠦ᠂ ᠪᠠᠶᠢᠩᠭᠤᠵᠢᠭᠰᠠᠠ ᠤᠷᠳᠤ ᠬᠤᠭᠤᠴᠠᠭᠠᠨ ᠤ | ᠪᠦᠲᠦᠮᠵᠢᠲᠡᠢ ᠲᠦᠷᠢᠮ ᠲᠣᠭᠲᠠᠴᠠ ᠶᠢ ᠪᠠᠶᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠲᠠᠰᠤᠷᠠᠯᠳᠠ ᠦᠭᠡᠢ ᠪᠠᠬᠢᠵᠢᠭᠦᠯᠦᠨ ᠥᠷᠭᠡᠳᠭᠡᠬᠦ ᠬᠡᠷᠡᠭᠲᠡᠢ᠃ ᠪᠦᠬᠦ ᠨᠠᠮ ᠢᠶᠠᠷ ᠢᠶᠠᠨ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠪᠠᠷ ᠭᠤᠣᠯᠳᠠᠯᠭ᠎ᠠ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ | ᠠᠬᠢᠭᠤᠯᠵᠤ᠂ ᠲᠡᠦᠬᠡ ᠶᠢ ᠰᠤᠷᠤᠯᠴᠠᠵᠦ ᠶᠣᠰᠣ ᠶᠢ ᠮᠡᠳᠡᠬᠦ᠂ ᠲᠡᠦᠬᠡ ᠶᠢ ᠰᠤᠷᠤᠯᠴᠠᠵᠦ ᠢᠲᠡᠭᠡᠯ ᠢᠶᠠᠨ ᠨᠡᠮᠡᠭᠳᠡᠭᠦᠯᠬᠦ᠂ | ᠲᠡᠦᠬᠡ ᠶᠢ ᠰᠤᠷᠤᠯᠴᠠᠵᠦ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠶᠢ ᠰᠤᠷᠤᠯᠴᠠᠵᠦ ᠴᠢᠷᠮᠠᠶᠢᠨ ᠦᠢᠯᠡᠳᠦᠯᠭᠡᠵᠢᠭᠦᠯᠭᠦ ᠶᠢ | ᠴᠢᠨᠠᠭᠰᠢᠳᠠ ᠪᠡᠶᠡᠯᠡᠭᠦᠯᠵᠦ᠂ ᠪᠦᠬᠦ ᠨᠠᠮ ᠤᠨ ᠨᠥᠬᠦᠳ ᠤᠨ ᠨᠠᠮ ᠤᠨ ᠲᠡᠦᠬᠡ ᠶᠢ ᠰᠤᠷᠤᠯᠴᠠᠵᠦ᠂ ᠦᠵᠡᠯ ᠰᠠᠨᠠᠭ᠎ᠠ ᠪᠠᠨ | ᠰᠡᠩᠭᠡᠷᠡᠬᠦᠯᠵᠤ᠂ ᠪᠣᠳᠠᠲᠠᠢ ᠶᠠᠪᠤᠳᠠᠯ ᠬᠢᠵᠦ᠂ ᠰᠢᠨ᠎ᠡ ᠪᠠᠶᠢᠳᠠᠯ ᠢ ᠡᠭᠦᠳᠴᠦ᠂ ᠨᠠᠮ ᠤᠨ ᠰᠢᠨ᠎ᠡ ᠶᠢ ᠡᠭᠦᠳᠬᠦ ᠤᠨᠤᠯ ᠢᠶᠠᠷ | ᠪᠦᠬᠦ ᠨᠠᠮ ᠢ ᠨᠡᠩ ᠰᠠᠶᠢᠨ ᠵᠡᠪᠰᠡᠭᠯᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ | ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠬᠦᠮᠦᠵᠢᠬᠦᠯᠦᠨ ᠵᠢᠯᠤᠭᠤᠳᠬᠤ ᠬᠡᠷᠡᠭᠲᠡᠢ᠃ ᠪᠥᠬᠦᠳᠡ ᠬᠤᠷᠠᠯ ᠤᠨ | ᠰᠢᠶᠳᠪᠦᠷᠢ ᠶᠢ ᠲᠡᠷᠡ ᠬᠡᠪ ᠢᠶᠠᠷ ᠨᠢ ᠰᠤᠷᠤᠯᠴᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠬᠡᠷᠡᠯ ᠰᠠᠴᠤᠷᠠᠩᠭᠤᠶ | ᠥᠩᠭᠡᠷᠡᠯᠲᠡ ᠶᠢ ᠰᠤᠷᠤᠯᠴᠠᠨ ᠣᠶᠢᠯᠠᠭᠠᠵᠤ ᠲᠤᠭᠤᠷᠠᠳᠠᠯ᠎ᠡ ᠮᠡᠳᠡᠵᠤ᠂ ᠨᠠᠮ ᠤᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠪᠠᠲᠤ ᠰᠠᠬᠢᠬᠤ ᠪᠠᠷᠢᠮᠲᠠᠯᠠᠯ ᠲᠡᠮᠡᠴᠡᠯ ᠢ ᠰᠤᠷᠤᠯᠴᠠᠨ ᠣᠶᠢᠯᠠᠭᠠᠵᠤ ᠲᠤᠭᠤᠷᠠᠳᠠᠯ᠎ᠡ ᠮᠡᠳᠡᠵᠤ᠂ ᠨᠠᠮ ᠤᠨ ᠵᠠᠭᠤᠨ ᠵᠢᠯ ᠤᠨ | ᠲᠡᠮᠡᠴᠡᠯ ᠤᠨ ᠲᠡᠦᠬᠡᠲᠦ ᠠᠴᠢ ᠬᠤᠯᠪᠣᠭᠳᠠᠯ ᠪᠠ ᠲᠡᠦᠬᠡᠨ ᠲᠤᠷᠰᠢᠯᠭ᠎ᠠ ᠶᠢ ᠰᠤᠷᠤᠯᠴᠠᠨ ᠣᠶᠢᠯᠠᠭᠠᠵᠤ ᠲᠤᠭᠤᠷᠠᠳᠠᠯ᠎ᠡ ᠮᠡᠳᠡᠵᠤ | ᠂ ᠲᠡᠦᠬᠡ ᠪᠠᠷ ᠲᠣᠯᠢ ᠪᠣᠯᠭᠠᠵᠤ ᠢᠷᠡᠭᠡᠳᠦᠶ ᠶᠢ ᠨᠡᠭᠡᠭᠡᠬᠦ ᠴᠢᠬᠤᠯᠠ ᠱᠠᠭᠠᠷᠳᠠᠯᠭ᠎ᠠ ᠶᠢ ᠰᠤᠷᠤᠯᠴᠠᠨ ᠣᠶᠢᠯᠠᠭᠠᠵᠤ | ᠲᠤᠭᠤᠷᠠᠳᠠᠯ᠎ᠡ ᠮᠡᠳᠡᠬᠦ ᠬᠡᠷᠡᠭᠲᠡᠶ᠃ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ | ᠰᠤᠷᠤᠯᠴᠠᠬᠤ ᠭᠤᠣᠯ ᠳᠤᠭᠤᠶᠢᠯᠠᠩ ᠤᠨ ᠲᠦᠷᠢᠮ ᠢ ᠰᠠᠶᠢᠲᠤᠷ ᠬᠡᠷᠡᠭᠯᠡᠵᠦ᠂ ᠤᠳᠤᠷᠢᠳᠬᠤ ᠪᠠᠭ᠂ ᠤᠳᠤᠷᠢᠳᠬᠤ ᠺᠠᠳ᠋ᠷ | ᠲᠦᠷᠦᠭᠦᠯᠡᠨ ᠨᠠᠮ ᠤᠨ ᠲᠡᠦᠬᠡ ᠶᠢ ᠰᠤᠷᠤᠯᠴᠠᠬᠤ᠂ ᠦᠷᠭᠦᠯᠵᠢ ᠨᠠᠮ ᠤᠨ ᠲᠡᠦᠬᠡ ᠶᠢ ᠰᠤᠷᠤᠯᠴᠠᠬᠤ ᠶᠢ ᠠᠬᠢᠭᠤᠯᠬᠤ | ᠬᠡᠷᠡᠭᠲᠡᠢ᠃ ᠺᠠᠳ᠋ᠷ ᠤᠨ ᠬᠥᠮᠦᠵᠢᠯ ᠪᠣᠯᠪᠠᠰᠤᠷᠠᠯ ᠤᠨ ᠲᠣᠭᠲᠠᠴᠠ ᠶᠢ ᠰᠠᠶᠢᠲᠤᠷ ᠠᠰᠢᠭᠯᠠᠵᠤ᠂ ᠨᠠᠮ ᠤᠨ ᠲᠡᠦᠬᠡ ᠶᠢ | ᠦᠷᠭᠦᠯᠵᠢᠯᠡᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠺᠠᠳ᠋ᠷ ᠤᠨ ᠳᠡᠭᠡᠳᠦ | ᠰᠤᠷᠭᠠᠭᠤᠯᠢ ᠶᠢᠨ ᠵᠠᠪᠠᠯ ᠰᠤᠷᠬᠤ ᠬᠢᠴᠢᠶᠡᠯ᠂ ᠪᠠᠶᠢᠩᠭᠤ ᠰᠤᠷᠬᠤ ᠬᠢᠴᠢᠶᠡᠯ ᠪᠣᠯᠭᠠᠬᠤ ᠬᠡᠷᠡᠭᠲᠡᠢ᠃ ᠰᠤᠷᠭᠠᠭᠤᠯᠢ ᠶᠢᠨ | ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠡᠨᠡ ᠬᠦ ᠠᠷᠭ᠎ᠠ ᠵᠠᠮ ᠢ ᠰᠠᠶᠢᠲᠤᠷ ᠠᠰᠢᠭᠯᠠᠵᠤ᠂ ᠨᠠᠮ ᠤᠨ ᠲᠡᠦᠬᠡ ᠶᠢ | ᠵᠢᠭᠠᠬᠤ ᠮᠠᠲ᠋ᠧᠷᠢᠶᠠᠯ᠂ ᠬᠢᠴᠢᠶᠡᠯ ᠤᠨ ᠲᠠᠩᠬᠢᠮ ᠳᠤ ᠤᠷᠤᠭᠤᠯᠵᠤ᠂ ᠲᠠᠷᠢᠬᠢ ᠲᠣᠯᠣᠭᠠᠢ ᠳᠠᠭᠠᠨ ᠬᠠᠲᠠᠩᠰᠢᠭᠤᠯᠬᠤ ᠶᠢ | ᠠᠬᠢᠭᠤᠯᠵᠤ᠂ ᠨᠠᠮ ᠤᠨ ᠲᠡᠦᠬᠡ ᠪᠠᠷ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠴᠢᠬᠤᠯᠠ ᠦᠢᠯᠡᠳᠦᠯ ᠢ ᠰᠠᠶᠢᠲᠤᠷ | ᠪᠠᠳᠠᠷᠠᠭᠤᠯᠬᠤ ᠬᠡᠷᠡᠭᠲᠡᠢ᠃ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠪᠢᠰᠬᠠᠯᠲᠤ ᠤᠯᠠᠮᠵᠢᠯᠠᠯ ᠤᠨ | ᠬᠥᠮᠦᠵᠢᠯ᠂ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠶᠣᠰᠣ | ᠰᠤᠷᠲᠠᠬᠤᠨ ᠤ ᠬᠥᠮᠦᠵᠢᠯ ᠢ ᠴᠢᠩᠭᠠᠳᠬᠠᠵᠤ᠂ ᠪᠦᠬᠦ ᠨᠡᠶᠢᠭᠡᠮ ᠢ ᠬᠦᠳᠦᠯᠦᠨ ᠵᠢᠯᠣᠭᠤᠳᠴᠤ ᠪᠠᠶᠢᠭᠠᠳ ᠨᠡᠩ ᠰᠠᠶᠢᠠ | ᠲᠡᠦᠬᠡ ᠶᠢ ᠮᠡᠳᠡᠵᠤ ᠨᠠᠮ ᠢᠶᠠᠨ ᠬᠠᠶᠢᠷᠠᠯᠠᠬᠤ᠂ ᠲᠡᠦᠬᠡ ᠶᠢ ᠮᠡᠳᠡᠵᠤ ᠤᠯᠤᠰ ᠢᠶᠠᠨ ᠬᠠᠶᠢᠷᠠᠯᠠᠬᠤ ᠪᠣᠯᠭᠠᠬᠤ ᠬᠡᠷᠡᠭᠲᠡᠢ᠃ ︽ | ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠪᠠᠷ ᠪᠦᠷᠢᠯᠳᠦᠭᠰᠡᠨ ᠰᠠᠶᠢᠨ | ᠰᠠᠶᠢᠬᠠᠨ ᠲᠣᠭᠲᠠᠴᠠ ᠶᠢ ᠰᠠᠶᠢᠲᠤᠷ ᠠᠰᠢᠭᠯᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ | ᠤᠯᠠᠨ ᠨᠠᠮ ᠤᠨ ᠭᠡᠰᠢᠭᠦᠨ᠂ ᠺᠠᠳ᠋ᠷ ᠤᠨ ᠬᠡᠬᠦᠳᠡᠭ ᠳᠦᠭᠦᠷᠡᠩ ᠬᠠᠯᠠᠭᠤᠨ ᠰᠡᠳᠭᠢᠯᠭᠡ ᠪᠠᠷ ᠤᠯᠠᠨ ᠲᠦᠮᠡᠨ ᠳᠤ ᠪᠣᠳᠠᠲᠤ | ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠰᠢᠨ᠎ᠡ ᠴᠠᠭ ᠦᠶ᠎ᠡ ᠶᠢᠨ ᠨᠠᠮ ᠤᠨ ᠤᠯᠠᠨ | ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠶᠢ ᠠᠬᠢᠭᠤᠯᠬᠤ ᠬᠡᠷᠡᠭᠲᠡᠢ ᠬᠡᠵᠥ ᠵᠢᠭᠠᠵᠥ ᠭᠠᠷᠭᠠᠪᠠ᠃ | ᠯᠢ ᠺᠧ ᠴᠢᠶᠠᠩ ᠰᠤᠷᠤᠯᠭ᠎ᠠ ᠡᠬᠢᠯᠡᠬᠦ ᠶᠣᠰᠣᠯᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠦ ᠴᠠᠭ ᠦᠶᠡᠴᠢᠯᠡᠬᠦ ᠶᠢ ᠠᠬᠢᠭᠤᠯᠬᠤ᠂ ᠨᠡᠶᠢᠭᠡᠮ ᠤᠨ | ᠭᠤᠣᠯ ᠵᠥᠷᠢᠴᠡᠯ ᠪᠠ ᠭᠤᠣᠯ ᠡᠭᠦᠷᠭᠡ ᠶᠢ ᠵᠥᠪ ᠡᠵᠡᠮᠰᠢᠬᠦ᠂ ᠪᠠᠶᠢᠯᠳᠤᠬᠤ ᠪᠤᠳᠤᠯᠭ᠎ᠠ ᠠᠷᠭ᠎ᠠ ᠪᠤᠳᠤᠯᠭ᠎ᠠ ᠶᠢ | ᠴᠢᠬᠤᠯᠠᠴᠢᠯᠠᠬᠤ ᠠᠰᠠᠭᠤᠳᠠᠯ᠂ ᠨᠠᠮ ᠤᠨ ᠮᠠᠷᠺᠰ ᠤᠨ ᠦᠵᠡᠯ ᠤᠨ ᠲᠥᠷᠥ ᠶᠢᠨ ᠨᠠᠮ ᠤᠨ ᠤᠤᠷ ᠴᠢᠨᠠᠷ ᠢ ᠡᠭᠦᠷᠢᠳᠡ | ᠬᠠᠳᠠᠭᠠᠯᠠᠬᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠵᠦ ᠤᠷᠲᠤ ᠬᠤᠭᠤᠴᠠᠭ᠎ᠠ ᠪᠦᠲᠦᠮᠵᠢᠲᠡᠶ | ᠪᠠᠶᠢᠯᠭᠠᠬᠤ ᠵᠡᠷᠭᠡ ᠲᠠᠪᠤᠨ ᠠᠰᠠᠭᠤᠳᠠᠯ ᠢ ᠠᠬᠢᠭᠤᠯᠬᠤ ᠲᠤᠬᠠᠶ ᠭᠦᠨᠵᠡᠭᠡᠶ ᠲᠣᠳᠣᠷᠬᠠᠶᠢᠯᠠᠨ ᠥᠭᠦᠯᠡᠵᠦ᠂ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠦᠬᠦᠳᠠ ᠬᠤᠷᠠᠯ ᠤᠨ ᠰᠢᠢᠳᠪᠦᠷᠢ ᠶᠢ ᠭᠦᠨᠵᠡᠭᠡᠢ | ᠰᠤᠳᠤᠯᠤᠨ ᠤᠩᠰᠢᠵᠤ ᠣᠶᠢᠯᠠᠭᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠲᠤᠷᠰᠢᠯᠭ᠎ᠠ ᠶᠢ ᠨᠠᠩ ᠰᠠᠶᠢᠲᠤᠷ | ᠡᠵᠡᠮᠳᠡᠨ ᠬᠡᠷᠡᠭᠯᠡᠵᠦ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠠ᠂ ᠨᠠᠮ ᠤᠨ ᠬᠤᠶᠠᠳᠤᠭᠠᠷ | ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠬᠤ ᠭᠡᠷᠡᠭᠲᠡᠢ ᠭᠡᠵᠦ | ᠴᠢᠬᠤᠯᠠᠴᠢᠯᠠᠪᠠ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠤᠨᠤᠯ ᠤᠨ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠦ᠂ | ᠪᠥᠬᠦ ᠨᠠᠮ ᠤᠨ ︽ᠬᠤᠶᠠᠷ ᠢ ᠲᠣᠭᠲᠠᠭᠠᠬᠤ︾ ᠶᠢᠨ ᠰᠢᠶᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠲᠠᠨᠢᠬᠤ᠂ | ᠴᠢᠨᠠᠬᠰᠢᠳᠠ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ ᠦᠵᠡᠯ ᠰᠠᠨᠠᠭ᠎ᠠ ᠪᠠ | ᠦᠢᠯᠡ ᠠᠵᠢᠯᠯᠠᠭ᠎ᠠ ᠪᠠᠨ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠨᠢᠭᠡᠳᠭᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠭᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ | ᠭᠡᠵᠦ ᠵᠢᠭᠠᠵᠦ ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠡᠷ ᠤᠨ | ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠨᠠᠮ ᠤᠨ ᠭᠡᠰᠢᠭᠦᠨ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ | ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ | ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠭᠡᠰᠢᠭᠦᠨ ᠳᠡᠳ᠋ ᠲᠡᠷᠢᠭᠦᠯᠡᠭᠴᠢ ᠵᠢᠴᠢ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠠᠢ᠃ | ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠪᠣᠯᠤᠨ ᠰᠢᠨᠵᠢᠶᠠᠩ ᠤᠨ ᠦᠢᠯᠡᠳᠪᠦᠷᠢᠯᠡᠯ | ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ ᠤᠨ ᠭᠤᠣᠯ ᠬᠠᠷᠢᠭᠤᠴᠠᠯᠭᠠᠲᠠᠨ ᠨᠥᠬᠦᠳ᠂ ᠴᠡᠷᠢᠭ | ᠠᠩᠬᠢ ᠶᠢᠨ ᠡᠯ᠎ᠡ ᠶᠡᠭᠡ ᠨᠢᠭᠡᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠢᠭᠤᠯᠭ᠎ᠠ ᠶᠢᠨ ᠡᠯ᠎ᠡ ᠰᠠᠯᠠᠭ᠎ᠠ | ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠰᠤᠳᠤᠯᠤᠨ ᠶᠠᠷᠢᠯᠴᠠᠬᠤ ᠠᠩᠬᠢ ᠳᠤ ᠣᠷᠣᠯᠴᠠᠪᠠ᠃ ᠡᠯ᠎ᠡ | ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ | ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠦᠬᠦᠳ ᠰᠤᠷᠤᠯᠭ᠎ᠠ ᠡᠬᠢᠯᠡᠬᠦ ᠶᠣᠰᠣᠯᠠᠯ ᠳᠤ ᠰᠤᠯᠠ | ᠣᠷᠣᠯᠴᠠᠵᠠᠢ᠃ |