ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠴᠢᠶᠠᠨ ᠪᠢᠨ ᠱᠠᠩᠳᠤ ᠰᠢᠶᠠᠨ ᠳᠤ ᠬᠦᠷᠴᠦ ᠴᠠᠭᠠᠨ ᠰᠠᠷ᠎ᠠ ᠠᠴᠠ ᠡᠮᠦᠨ᠎ᠡ ᠡᠷᠬᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/1/27
   ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠴᠢᠶᠠᠨ ᠪᠢᠨ ᠱᠠᠩᠳᠤ ᠰᠢᠶᠠᠨ ᠳᠤ ᠬᠦᠷᠴᠦ ᠴᠠᠭᠠᠨ ᠰᠠᠷ᠎ᠠ ᠠᠴᠠ ᠡᠮᠦᠨ᠎ᠡ ᠪᠣᠯᠭᠤᠭᠠᠨ ᠲᠣᠬᠤᠨᠢᠭᠤᠯᠵᠤ᠂ ᠬᠦᠴᠢᠷᠳᠡᠯᠲᠡᠶ ᠨᠠᠮ ᠤᠨ ᠭᠡᠰᠢᠭᠦᠨ᠂ ᠵᠡᠮᠳᠡᠭᠴᠦᠳ ᠲᠤ ᠪᠠᠶᠠᠷ ᠤᠨ ᠡᠳᠦᠷ ᠤᠨ ᠲᠣᠬᠤᠨᠢᠭᠤᠯᠤᠯ ᠪᠠ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠭᠡᠪᠡ᠃ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠯᠢᠦ ᠸᠠᠩ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠧᠨ ᠾᠦᠢ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠢ ᠼᠦᠢ ᠴᠢᠨ ᠡᠷᠬᠢᠨ ᠦᠵᠡᠵᠦ ᠲᠣᠬᠤᠨᠢᠭᠤᠯᠬᠤ ᠳᠤ ᠣᠷᠣᠯᠴᠠᠪᠠ᠃
   ᠬᠦᠷᠦᠭᠰᠡᠨ ᠭᠠᠵᠠᠷ ᠪᠣᠯᠭᠠᠨ ᠳᠤ᠂ ᠶᠢᠨ ᠴᠢᠶᠠᠨ ᠪᠢᠨ ᠤᠯᠠᠨ ᠲᠠᠢ ᠳᠣᠲᠣᠨᠣ ᠪᠠᠷ ᠵᠣᠭᠤᠭᠳᠠᠵᠤ᠂ ᠲᠡᠳᠡᠨ ᠤ ᠪᠡᠶ᠎ᠡ ᠮᠠᠬᠠᠪᠣᠳ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠬᠢᠨᠠᠮᠠᠭᠠᠢ ᠯᠠᠪᠯᠠᠨ ᠠᠰᠠᠭᠤᠭᠰᠠᠨ ᠪᠥᠭᠡᠳ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠪᠠᠶᠠᠷ ᠤᠨ ᠡᠳᠦᠷ ᠤᠨ ᠲᠣᠬᠤᠨᠢᠭᠤᠯᠬᠤ ᠮᠥᠩᠭᠦ ᠬᠦᠷᠭᠡᠵᠦ᠂ ᠤᠯᠠᠨ ᠤ ᠠᠮᠤᠷ ᠠᠮᠤᠭᠤᠯᠠᠩ ᠡᠶ᠎ᠡ ᠵᠣᠬᠢᠴᠠᠩᠭᠤᠢ ᠪᠠᠷ ᠴᠠᠭᠠᠨ ᠰᠠᠷ᠎ᠠ ᠪᠠᠨ ᠥᠩᠭᠡᠷᠡᠭᠦᠯᠬᠦ ᠶᠢ ᠬᠦᠰᠡᠨ ᠵᠥᠩᠨᠡᠪᠡ᠃
   ᠶᠢᠨ ᠡᠤ ᠡᠨᠡ ᠵᠢᠯ 48 ᠨᠠᠰᠤᠲᠠᠶ᠂ ᠤᠤᠯ ᠨᠢ ᠣᠶᠢᠴᠢᠵᠤ ᠰᠢᠷᠬᠠᠲᠤᠭᠰᠠᠨ ᠠᠴᠠ ᠪᠣᠯᠵᠣ ᠪᠡᠶ᠎ᠡ ᠶᠢᠨ ᠳᠤᠤᠷᠠᠳᠤ ᠮᠥᠴᠢ ᠨᠢ ᠲᠠᠮᠪᠠᠷᠠᠵᠤ᠂ ᠣᠲᠣ ᠵᠥᠪᠬᠡᠨ ᠬᠦᠷᠳᠦᠲᠦ ᠰᠠᠨᠳᠠᠯᠢ ᠳᠡᠭᠡᠷ᠎ᠡ ᠰᠠᠭᠤᠵᠤ ᠬᠥᠳᠡᠯᠭᠡᠭᠡᠨ ᠬᠢᠵᠦ ᠪᠠᠶᠢᠨ᠎ᠠ᠂ ᠡᠬᠡᠨᠡᠷ ᠨᠢ ᠬᠤᠭᠤᠯᠠᠨ ᠬᠡᠷ ᠲᠤ ᠠᠷᠰᠠᠷ ᠠᠵᠢᠯ ᠬᠢᠬᠦ ᠶᠢᠨ ᠬᠠᠮᠲᠤ ᠪᠠᠰᠠ ᠲᠠᠮᠪᠠᠷᠠᠭᠰᠠᠨ ᠡᠴᠢᠭᠡ ᠪᠠᠨ ᠬᠠᠷᠠᠭᠠᠯᠵᠠᠬᠤ ᠴᠢᠬᠤᠯᠠᠲᠠᠶ᠃ ᠶᠢᠨ ᠴᠢᠶᠠᠨ ᠪᠢᠨ ᠶᠢᠨ ᠡᠦ ᠶᠢᠨ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠪᠣᠯᠤᠨ ᠰᠢᠢᠳᠪᠦᠷᠢᠯᠡᠬᠦ ᠴᠢᠬᠤᠯᠠᠲᠠᠢ ᠬᠦᠴᠢᠷᠳᠡᠯ ᠢ ᠨᠠᠷᠢᠨ ᠣᠶᠢᠯᠠᠭᠠᠵᠤ᠂ ᠲᠡᠭᠦᠨ ᠢ ᠡᠷᠡᠰ ᠪᠠᠲᠤ ᠪᠠᠶᠠᠰᠤᠩᠭᠤᠢ ᠰᠡᠳᠬᠢᠯᠭᠡ ᠲᠠᠢ ᠪᠠᠶᠢᠬᠤ ᠶᠢ ᠵᠣᠷᠢᠭᠵᠢᠭᠤᠯᠬᠤ ᠶᠢᠨ ᠬᠠᠮᠲᠤ ᠬᠠᠮᠲᠤ ᠬᠠᠮᠲᠤ ᠶᠠᠪᠤᠭ᠎ᠠ ᠠᠵᠢᠯᠳᠠᠨ ᠳᠠᠭᠠᠨ ᠶᠢᠨ ᠡᠦ ᠶᠢᠨ ᠭᠡᠷ ᠤᠨ ᠠᠮᠢᠳᠤᠷᠠᠯ ᠤᠨ ᠪᠠᠶᠢᠳᠠᠯ ᠢ ᠦᠷᠭᠦᠯᠵᠢ ᠠᠩᠬᠠᠷᠴᠤ᠂ ᠪᠣᠳᠠᠲᠠᠢ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠵᠠᠬᠢᠪᠠ᠃
   ᠭᠤᠣᠯ ᠨᠠᠰᠤᠲᠠᠨ ᠢ ᠠᠰᠠᠷᠠᠬᠤ ᠬᠦᠷᠢᠶᠡᠯᠡᠩ ᠳᠤ᠂ ᠶᠢᠨ ᠴᠢᠶᠠᠨ ᠪᠢᠨ ᠨᠠᠰᠤᠲᠠᠨ ᠢ ᠠᠰᠠᠷᠠᠬᠤ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ᠂ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠨᠠᠰᠤᠲᠠᠨ ᠲᠠᠢ ᠵᠣᠭᠤᠭᠳᠠᠵᠤ᠂ ᠬᠠᠯᠠᠭᠤᠨ ᠳᠤᠯᠠᠭᠠᠨ ᠢ ᠨᠢ ᠠᠰᠠᠭᠤᠵᠤ᠂ ᠲᠡᠳᠡᠨ ᠤ ᠴᠠᠭᠠᠨ ᠰᠠᠷ᠎ᠠ ᠳᠠᠭᠠᠨ ᠪᠠᠶᠠᠷ ᠬᠦᠷ ᠲᠠᠢ᠂ ᠪᠡᠶ᠎ᠡ ᠮᠠᠬᠠᠪᠣᠳ ᠡᠷᠡᠭᠦᠯ ᠴᠢᠭᠢᠷᠠᠭ ᠪᠠᠶᠢᠬᠤ ᠶᠢ ᠵᠥᠩᠨᠡᠪᠡ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠨᠠᠰᠤᠲᠠᠨ ᠢ ᠠᠰᠠᠷᠠᠬᠤ ᠬᠦᠷᠢᠶᠡᠯᠡᠩ ᠡᠯ᠎ᠡ ᠵᠦᠢᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠨᠠᠰᠤᠲᠠᠶᠢᠴᠤᠳ ᠢ ᠥᠲᠡᠯᠦᠭᠡ ᠨᠠᠰᠤ ᠪᠠᠨ ᠠᠮᠤᠷ ᠮᠡᠨᠳᠦ ᠪᠠᠷ ᠥᠩᠭᠡᠷᠡᠭᠦᠯᠬᠦ ᠬᠡᠷᠡᠭᠲᠡᠶ ᠭᠡᠵᠦ ᠵᠠᠬᠢᠪᠠ᠃                                                            ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2