ᠮᠠᠨ ᠤ ᠰᠢᠶᠠᠨ ᠲᠣᠭᠤᠷᠢᠭ᠂ ᠬᠤᠲᠠ ᠶᠢᠨ ᠬᠤᠶᠠᠷ ᠱᠠᠲᠤᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠡ ᠶᠢᠨ ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠺᠠᠳ᠋ᠷ ᠤᠨ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/27
   ᠶᠡᠷᠦᠩᠬᠡᠢ ᠱᠦᠵᠢ ᠰᠢ ᠶᠢᠨ ᠫᠢᠩ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠲᠤᠷᠰᠢᠯᠭ᠎ᠠ ᠪᠠᠨ ᠰᠣᠯᠢᠯᠴᠠᠨ ᠳ᠋ᠦᠩᠨᠡᠵᠦ᠂ ᠰᠢᠨ᠎ᠡ ᠱᠠᠳᠤ ᠦᠶ᠎ᠡ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠬᠠᠮᠲᠤ ᠪᠠᠷ ᠰᠤᠳᠤᠯᠤᠨ ᠶᠠᠷᠢᠯᠴᠠᠵᠤ᠂ ᠱᠠᠩᠳᠤ ᠶᠢᠨ ᠬᠥᠭᠵᠢᠯᠲᠡ ᠪᠣᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠰᠠᠶᠢᠲᠤᠷ ᠬᠢᠬᠦ ᠳᠤ ᠬᠠᠮᠲᠤᠷᠠᠯ ᠬᠦᠴᠦᠨ ᠢ ᠨᠢᠭᠲᠠᠷᠠᠭᠤᠯᠬᠤ ᠶᠢᠨ ᠲᠥᠯᠥᠭᠡ᠂1 ᠰᠠᠷ᠎ᠠ ᠶᠢᠨ 24 ᠤ ᠡᠳᠦᠷ᠂ ᠮᠠᠨ ᠤ ᠰᠢᠶᠠᠨ ᠲᠣᠭᠤᠷᠢᠭ᠂ ᠬᠤᠳᠠ ᠬᠤᠶᠠᠷ ᠱᠠᠲᠤᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠢ ᠶᠢᠨ ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠺᠠᠳ᠋ᠷ ᠤᠨ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ᠃
   ᠰᠢᠶᠠᠨ ᠤ ᠨᠠᠮ ᠤᠨ ᠬᠤᠷᠢᠶᠠᠨ ᠤ ᠱᠦᠵᠢ ᠭᠤᠤ ᠶᠦᠩ ᠪᠢᠨ ᠬᠤᠷᠠᠯ ᠢ ᠡᠷᠬᠢᠯᠡᠵᠦ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠠᠩ ᠸᠧᠨ ᠾᠦᠢ᠂ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠭᠦᠸᠧ ᠢᠦᠢ ᠭᠤᠸᠠᠩ ᠵᠡᠷᠭᠡ ᠰᠢᠶᠠᠨ ᠤ ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠲᠣᠭᠤᠷᠢᠭ᠂ ᠬᠤᠳᠠ ᠬᠤᠶᠠᠷ ᠱᠠᠲᠤᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠢ ᠶᠢᠨ ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠺᠠᠳ᠋ᠷ ᠤᠨ ᠲᠥᠯᠥᠭᠡᠯᠡᠭᠴᠢ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠲᠣᠭᠤᠷᠢᠭ᠂ ᠬᠤᠲᠠ ᠬᠤᠶᠠᠷ ᠱᠠᠲᠤᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠢ ᠶᠢᠨ ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠺᠠᠳ᠋ᠷᠴᠤᠳ ᠲᠣᠰ ᠲᠣᠰ ᠤᠨ ᠬᠠᠪᠰᠤᠷᠤᠨ ᠲᠡᠳᠬᠦᠬᠦ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠡᠯ᠎ᠡ ᠵᠦᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠤ᠂ ᠲᠣᠰ ᠲᠣᠰ ᠤᠨ ᠠᠵᠢᠯ ᠤᠨ ᠳᠤᠮᠳᠠᠬᠢ ᠰᠠᠶᠢᠨ ᠲᠤᠷᠰᠢᠯᠭ᠎ᠠ᠂ ᠠᠷᠭ᠎ᠠ ᠬᠢᠳᠡᠯ ᠢᠶᠠᠨ ᠬᠤᠪᠢᠶᠠᠯᠴᠠᠵᠤ᠂ ᠬᠤᠶᠢᠰᠢᠳᠠ ᠶᠢᠨ ᠠᠵᠢᠯ ᠳᠤ ᠰᠠᠨᠠᠯ ᠰᠠᠨᠠᠭᠤᠯᠭ᠎ᠠ ᠳᠤᠷᠠᠳᠴᠠᠶ    ᠬᠤᠷᠠᠯ ᠳᠡᠭᠡᠷ᠎ᠡ᠂ ᠭᠤᠤ ᠶᠦᠩ ᠪᠢᠨ ᠰᠢᠶᠠᠨ ᠤ ᠲᠦᠷᠪᠡᠨ ᠶᠡᠭᠡ ᠪᠠᠭ ᠵᠢᠴᠢ ᠪᠦᠬᠦ ᠰᠢᠶᠠᠨ ᠤ ᠠᠷᠠᠳ ᠲᠦᠮᠡᠨ ᠢ ᠲᠥᠯᠥᠭᠡᠯᠡᠵᠦ᠂ ᠡᠯ᠎ᠡ ᠱᠠᠲᠤᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠢ ᠪᠣᠯᠤᠨ ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠺᠠᠳ᠋ᠷᠴᠤᠳ ᠤᠨ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠩ ᠰᠡᠳᠬᠢᠯ ᠠᠴᠠ ᠪᠠᠨ ᠬᠠᠪᠰᠤᠷᠤᠨ ᠲᠡᠳᠬᠦᠵᠦ ᠪᠠᠶᠢᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃    ᠭᠤᠤ ᠶᠦᠩ ᠪᠢᠨ᠂ ᠡᠯ᠎ᠡ ᠱᠠᠲᠤᠨ ᠤ ᠬᠠᠪᠰᠤᠷᠤᠨ ᠲᠡᠳᠬᠦᠬᠦ ᠨᠢᠭᠡᠴᠢ ᠪᠣᠯᠤᠨ ᠬᠠᠪᠰᠤᠷᠤᠨ ᠲᠡᠳᠬᠦᠬᠦ ᠺᠠᠳ᠋ᠷᠴᠤᠳ ᠨᠡᠩ ᠤᠯᠠᠨ ᠡᠬᠢ ᠪᠠᠶᠠᠯᠢᠭ ᠢ ᠲᠡᠮᠡᠴᠡᠨ ᠣᠯᠵᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠭᠦᠨᠵᠡᠭᠡᠶᠢᠷᠡᠭᠦᠯᠵᠦ᠂ ᠱᠠᠩᠳᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠭᠤᠤ ᠶᠦᠩ ᠪᠢᠨ᠂ ᠣᠳᠣᠬᠠᠨ ᠳᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠭᠤᠣᠯᠳᠠᠯᠭ᠎ᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠲᠡᠶᠢᠰᠢ ᠬᠤᠪᠢᠷᠠᠵᠤ᠂ ᠱᠠᠩᠳᠤ ᠶᠢᠨ ᠺᠠᠳ᠋ᠷ ᠤᠯᠠᠨ ᠲᠦᠮᠡᠨ ᠤ ᠦᠷᠭᠦᠯᠵᠢᠯᠡᠨ ᠲᠡᠮᠡᠴᠡᠵᠦ᠂ ᠬᠤᠪᠢ ᠲᠠᠬᠢᠨ ᠴᠢᠷᠮᠠᠶᠢᠬᠤ ᠶᠢ ᠱᠠᠭᠠᠷᠳᠠᠬᠤ ᠪᠠᠷ ᠪᠠᠷᠠᠬᠤ ᠦᠭᠡᠢ᠂ ᠪᠠᠰᠠ ᠡᠯ᠎ᠡ ᠱᠠᠲᠤᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠢ ᠶᠢᠨ ᠬᠢᠨ ᠥᠩᠭᠡᠷᠡᠭᠰᠡᠨ ᠲᠠᠢ ᠪᠠᠨ ᠠᠳᠠᠯᠢ ᠪᠠᠷ ᠪᠦᠬᠦ ᠬᠦᠴᠦᠨ ᠢᠶᠠᠷ ᠢᠶᠠᠨ ᠲᠡᠮᠵᠢᠵᠤ᠂ ᠰᠡᠳᠬᠢᠯ ᠲᠠᠯᠪᠢᠨ ᠬᠠᠪᠰᠤᠷᠤᠨ ᠲᠡᠳᠬᠦᠬᠦ ᠶᠢ ᠱᠠᠭᠠᠷᠳᠠᠨ᠎ᠠ᠃ ᠡᠯ᠎ᠡ ᠱᠠᠲᠤᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠢ ᠨᠢ ᠮᠠᠨ ᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠮᠥᠨᠬᠦ ᠳᠤᠲᠠᠭᠳᠠᠵᠤ ᠪᠣᠯᠤᠰᠢ ᠦᠭᠡᠢ ᠴᠢᠬᠤᠯᠠ ᠬᠦᠴᠦᠨ ᠪᠣᠯᠤᠨ᠎ᠠ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠠᠮᠵᠢᠯᠲᠠ ᠲᠠᠢ ᠲᠤᠷᠰᠢᠯᠭ᠎ᠠ ᠪᠠᠨ ᠳ᠋ᠦᠩᠨᠡᠭᠰᠡᠨ ᠰᠠᠭᠤᠷᠢᠨ ᠳᠡᠭᠡᠷ᠎ᠡ᠂ ᠲᠠᠨᠢᠯᠲᠠ ᠪᠠᠨ ᠭᠦᠨᠵᠡᠭᠡᠶᠢᠷᠡᠭᠦᠯᠦᠨ᠂ ᠯᠠᠪᠳᠠᠭᠤᠨ ᠪᠠᠲᠤᠲᠠᠶ ᠠᠵᠢᠯᠯᠠᠵᠤ᠂ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠬᠠᠮᠲᠤ ᠪᠠᠷ ᠴᠢᠷᠮᠠᠶᠢᠵᠤ ᠪᠠᠶᠢᠭᠠᠳ ᠰᠢᠨ᠎ᠡ ᠲᠦᠪᠰᠢᠨ ᠳᠤ ᠬᠦᠷᠲᠡᠯ᠎ᠡ ᠳᠡᠭᠡᠭᠰᠢᠯᠡᠭᠦᠯᠬᠦ ᠬᠡᠷᠡᠭᠲᠡᠶ᠃    ᠭᠤᠤ ᠶᠦᠩ ᠪᠢᠨ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠦᠨᠳᠦᠰᠦᠨ ᠠᠷᠭ᠎ᠠ ᠪᠤᠳᠤᠯᠭ᠎ᠠ ᠮᠥᠨ᠂ ᠪᠠᠰᠠ ᠴᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠪᠠ ᠵᠠᠩᠭᠢᠯᠠᠭ᠎ᠠ ᠮᠥᠨ᠃ ᠮᠠᠨ ᠤ ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠳᠥᠷᠪᠡᠳᠦᠭᠡᠷ ᠪᠦᠬᠦᠳᠡ ᠬᠤᠷᠠᠯ ᠠᠴᠠ ᠠᠵᠤ ᠦᠢᠯᠡᠰ ᠤᠨ ᠬᠥᠭᠵᠢᠯᠲᠡ ᠶᠢᠨ ᠬᠠᠷᠠᠯᠲᠠ ᠶᠢ ᠲᠣᠳᠣᠷᠬᠠᠶᠢᠯᠠᠵᠤ᠂ ᠠᠵᠤ ᠦᠢᠯᠡᠰ ᠤᠨ ᠰᠠᠭᠤᠷᠢ ᠶᠢᠨ ᠳᠡᠭᠡᠳᠦ ᠳᠡᠰᠵᠢᠯᠳᠡ ᠪᠠ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠲᠣᠭᠤᠷᠢᠨ ᠳᠤ ᠠᠯᠠᠰᠢᠨ ᠦᠬᠡᠷ᠂ ᠲᠥᠮᠥᠰᠥ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ︽ᠵᠤᠭᠠᠴᠠᠯ +︾᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠶᠢᠨ ︽ᠵᠢᠷᠭᠤᠭᠠᠨ ᠶᠡᠭᠡ ᠭᠤᠣᠯᠯᠠᠬᠤ ᠠᠵᠤ ᠦᠢᠯᠡᠰ︾ ᠤᠨ ᠬᠡᠯᠬᠢᠶᠡᠨ ᠤ ᠮᠠᠶ᠋ᠢᠭ ᠤᠨ ᠪᠠᠶᠢᠷᠢᠰᠢᠭᠤᠯᠤᠯᠲᠠ ᠶᠢ ᠳᠤᠪᠤᠶᠢᠯᠭᠠᠵᠤ᠂ ᠬᠦᠴᠦ ᠪᠠᠨ ᠲᠥᠪᠯᠡᠷᠡᠭᠦᠯᠦᠨ ᠱᠠᠩᠳᠤ ᠶᠢᠨ ᠤᠨᠴᠠᠯᠢᠬᠳᠤ ᠳᠠᠪᠠᠭᠤᠯᠢᠭ ᠪᠠ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠲᠠᠢ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠤᠶᠢᠵᠢᠭᠤᠯᠤᠨ ᠪᠦᠷᠢᠯᠳᠦᠭᠦᠯᠦᠨ᠎ᠡ ᠭᠡᠵᠦ ᠳᠤᠷᠠᠳᠪᠠ᠃ ᠬᠦᠰᠡᠯ ᠤᠨ ᠣᠷᠣᠨ᠂ ᠬᠤᠲᠠ ᠶᠢᠨ ᠡᠯ᠎ᠡ ᠬᠠᠪᠰᠤᠷᠤᠨ ᠲᠡᠳᠬᠦᠬᠦ ᠨᠢᠭᠡᠴᠢ ᠲᠠᠪᠴᠠᠩ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠪᠠ᠂ ᠠᠵᠢᠯ ᠲᠥᠷᠥᠯ ᠤᠨ ᠬᠦᠴᠦᠨ ᠢ ᠨᠢᠭᠡᠳᠦᠯᠲᠡᠶ ᠲᠥᠯᠥᠪᠯᠡᠬᠦ᠂ ᠳᠠᠶᠢᠴᠢᠯᠠᠵᠤ ᠪᠣᠯᠬᠤ ᠢᠳᠡᠪᠬᠢ ᠬᠦᠴᠦᠨ  ᠵᠦᠢᠯ ᠪᠦᠬᠦᠨ ᠢ ᠳᠠᠶᠢᠴᠢᠯᠠᠬᠤ ᠬᠡᠷᠡᠭᠲᠡᠶ᠂ ᠲᠤᠰ ᠠᠵᠢᠯ ᠲᠥᠷᠥᠯ ᠤᠨ ᠥᠷᠭᠡᠨ ᠣᠯᠠᠨ ᠺᠠᠳ᠋ᠷ ᠢ ᠵᠣᠬᠢᠶᠠᠨ ᠪᠠᠶᠢᠭᠤᠯᠤᠨ ᠳᠠᠶᠢᠴᠢᠯᠠᠵᠤ ᠱᠠᠩᠳᠤ ᠶᠢᠨ ᠠᠵᠤ ᠦᠢᠯᠡᠰ ᠤᠨ ᠬᠥᠭᠵᠢᠯᠲᠡ ᠳᠤ ᠢᠳᠡᠪᠬᠢᠲᠡᠶ ᠣᠷᠣᠯᠴᠠᠭᠤᠯᠪᠠ᠂ ᠪᠢᠳᠡᠨ ᠳᠤ ᠲᠠᠪᠴᠠᠩ ᠪᠠᠶᠢᠭᠤᠯᠵᠤ ᠥᠭᠬᠦ᠂ ᠲᠠᠶᠢᠰᠠ ᠪᠠᠶᠢᠭᠤᠯᠬᠤ᠂ ᠨᠠᠷᠢᠯᠢᠭ ᠣᠨᠣᠪᠴᠢᠲᠠᠶ ᠵᠣᠯᠭᠠᠭᠤᠯᠬᠤ ᠪᠠ ᠭᠦᠨᠵᠡᠭᠡᠶ ᠬᠠᠮᠲᠤᠷᠠᠯᠴᠠᠬᠤ ᠶᠢ ᠤᠯᠠᠮ ᠨᠢᠭᠡ ᠠᠯᠬᠤᠮ ᠥᠷᠨᠢᠭᠦᠯᠦᠨ᠎ᠡ᠂ ᠴᠢᠳᠠᠪᠤᠷᠢᠲᠠᠨ ᠡᠯᠰᠡᠵᠦ ᠤᠬᠠᠭᠠᠨ ᠣᠷᠣᠭᠤᠯᠵᠤ ᠪᠠᠶᠢᠨ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ᠂ ᠠᠵᠤ ᠦᠢᠯᠡᠰ ᠤᠨ ᠳᠡᠰ ᠳᠠᠪᠰᠢᠯᠲᠠ ᠵᠡᠷᠭᠡ ᠲᠠᠯ᠎ᠠ ᠪᠠᠷ ᠨᠡᠩ ᠣᠯᠠᠨ ᠳᠡᠮᠵᠢᠯᠭᠡ ᠦᠵᠡᠭᠦᠯᠵᠡᠶ᠂ ᠠᠵᠢᠯ ᠲᠥᠷᠥᠯ ᠤᠨ ᠡᠬᠢ ᠪᠠᠶᠠᠯᠢᠭ ᠢ ᠦᠨᠡᠨ ᠪᠣᠳᠠᠲᠠᠶ ᠬᠠᠪᠰᠤᠷᠤᠨ ᠲᠡᠳᠬᠦᠬᠦ ᠬᠦᠴᠦᠨ ᠪᠣᠯᠭᠠᠨ ᠬᠤᠪᠢᠷᠠᠭᠤᠯᠤᠨ᠎ᠠ᠂ ᠰᠢᠯᠢᠳᠡᠭ ᠢ ᠨᠢ ᠰᠣᠩᠭᠤᠪᠠᠯ ᠦᠷ᠎ᠡ ᠪᠦᠲᠦᠮᠵᠢ ᠨᠢ ᠬᠤᠷᠳᠤᠨ᠂ ᠦᠷ᠎ᠡ ᠠᠰᠢᠭ ᠰᠠᠶᠢᠨ᠂ ᠳᠠᠶᠢᠴᠢᠯᠠᠬᠤ ᠬᠦᠴᠦᠨ ᠢᠶᠠᠷ ᠴᠢᠩᠭ᠎ᠠ ᠳᠠᠪᠠᠭᠤᠯᠢᠭ ᠲᠥᠷᠥᠯ ᠵᠦᠢᠯ ᠢ ᠱᠠᠩᠳᠤ ᠳᠤ ᠨᠠᠶᠢᠳᠠᠪᠤᠷᠢᠵᠢᠭᠤᠯᠪᠠ᠂ ᠲᠥᠷᠥᠯ ᠵᠦᠢᠯ ᠤᠨ ᠨᠠᠩ ᠪᠣᠳᠠᠲᠠᠶ ᠪᠠᠶᠢᠬᠤ ᠶᠢ ᠪᠠᠲᠤᠯᠠᠬᠤ ᠬᠡᠷᠡᠭᠲᠡᠶ᠂ ᠣᠪᠣᠷ ᠰᠤᠷᠲᠠᠯ ᠨᠠᠩ ᠪᠣᠳᠠᠲᠠᠶ᠂ ᠦᠷ᠎ᠡ ᠪᠦᠲᠦᠭᠡᠯ ᠨᠢ ᠨᠠᠩ ᠪᠣᠳᠠᠲᠠᠶ᠂ ᠨᠢᠭᠡ ᠬᠤᠪᠢ ᠬᠠᠪᠰᠤᠷᠤᠨ ᠲᠡᠳᠬᠦᠪᠡᠯ ᠨᠢᠭᠡ ᠬᠤᠪᠢ ᠭᠠᠷᠭᠠᠯᠲᠠ ᠲᠠᠢ᠂ ᠮᠠᠨ ᠤ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃    ᠭᠤᠤ ᠶᠦᠩ ᠪᠢᠨ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠦᠢᠯᠡᠴᠢᠯᠡᠭᠡ ᠪᠠᠨ ᠰᠠᠶᠢᠲᠤᠷ ᠬᠢᠵᠦ ᠱᠠᠳᠤᠴᠢ ᠴᠢᠨᠠᠷᠲᠠᠢ ᠴᠡᠭ ᠲᠣᠭᠲᠠᠭᠠᠨ ᠬᠠᠪᠰᠤᠷᠤᠨ ᠲᠡᠳᠬᠦᠬᠦ ᠬᠠᠷᠠᠯᠲᠠ ᠡᠭᠦᠷᠭᠡ ᠶᠢᠨ ᠲᠣᠭᠤᠷᠢᠨ ᠳᠤ᠂ ᠡᠯ᠎ᠡ ᠱᠠᠲᠤᠨ ᠤ ᠴᠡᠭ ᠲᠣᠭᠲᠠᠭᠠᠨ ᠬᠠᠪᠰᠤᠷᠤᠨ ᠲᠡᠳᠬᠦᠬᠦ ᠨᠢᠭᠡᠴᠢ ᠯᠦᠭᠡ ᠶᠢᠨ ᠵᠣᠯᠭᠠᠯᠴᠠᠭ᠎ᠠ ᠨᠡᠪᠲᠡᠷᠡᠯᠴᠡᠭᠡ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠬᠤ ᠬᠡᠷᠡᠭᠲᠡᠢ︔ ᠬᠠᠮᠤᠭ ᠤᠨ ᠶᠡᠭᠡ ᠴᠢᠷᠮᠠᠶᠢᠯᠭ᠎ᠠ ᠪᠠᠷ ᠲᠣᠰᠬᠤᠨ ᠳᠤ ᠰᠠᠭᠤᠭ᠎ᠠ ᠬᠠᠪᠰᠤᠷᠤᠨ ᠲᠡᠳᠬᠦᠬᠦ ᠠᠵᠢᠯᠲᠠᠳ ᠲᠤ ᠠᠮᠢᠳᠤᠷᠠᠯ ᠪᠠ ᠠᠵᠢᠯ ᠤᠨ ᠲᠠᠯ᠎ᠠ ᠪᠠᠷ ᠬᠢ ᠦᠢᠯᠡᠴᠯᠡᠭᠡᠨ ᠤ ᠪᠠᠲᠤᠯᠠᠭ᠎ᠠ ᠬᠠᠩᠭᠠᠨ᠎ᠠ︔ ᠬᠠᠪᠰᠤᠷᠤᠨ ᠲᠡᠳᠬᠦᠬᠦ ᠠᠵᠢᠯ ᠤᠨ ᠳᠤᠮᠳᠠ ᠴᠣᠯᠭᠤᠷᠠᠨ ᠭᠠᠷᠤᠭᠰᠠᠨ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ᠂ ᠨᠡᠶᠢᠲᠡᠯᠢᠭ ᠵᠢᠱᠢᠶ᠎ᠡ ᠶᠢᠨ ᠦᠢᠯᠡ ᠶᠠᠪᠤᠳᠠᠯ ᠪᠠ ᠠᠵᠢᠯ ᠤᠨ ᠦᠷ᠎ᠡ ᠪᠦᠲᠦᠮᠵᠢ ᠶᠢ ᠭᠦᠨᠵᠡᠭᠡᠶ ᠠᠭᠤᠳᠠᠯᠤᠨ ᠤᠬᠠᠭᠤᠯᠵᠤ᠂ ᠣᠯᠠᠨ ᠠᠷᠭ᠎ᠠ ᠵᠠᠮ ᠣᠯᠠᠨ ᠠᠷᠭ᠎ᠠ ᠵᠠᠮ ᠢᠶᠠᠷ ᠲᠤᠰᠬᠠᠶ ᠰᠡᠳᠦᠪᠲᠦ ᠤᠬᠠᠭᠤᠯᠭ᠎ᠠ ᠶᠢ ᠥᠷᠨᠢᠭᠦᠯᠦᠨ᠂ ᠴᠢᠭ᠋ ᠲᠣᠭᠲᠠᠭᠠᠨ ᠬᠠᠪᠰᠤᠷᠤᠨ ᠲᠡᠳᠬᠦᠬᠦ ᠨᠢᠭᠡᠴᠡ ᠪᠠ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠺᠠᠳ᠋ᠷᠴᠤᠳ ᠤᠨ ᠠᠵᠢᠯ ᠢᠶᠠᠨ ᠥᠷᠨᠢᠭᠦᠯᠬᠦ ᠳᠤ ᠬᠦᠴᠦᠲᠡᠶ ᠪᠠᠲᠤᠯᠠᠭ᠎ᠠ ᠬᠠᠩᠭᠠᠨ᠎ᠠ᠃    ᠭᠤᠤ ᠶᠦᠩ ᠪᠢᠨ᠂ ᠨᠢᠭᠡ ᠬᠥᠮᠦᠨ ᠮᠢᠩᠭᠠᠨ ᠵᠢᠩ ᠤᠨ ᠳᠠᠮᠨᠠᠭᠤᠷ ᠢ ᠡᠭᠦᠷᠭᠡᠯᠡᠵᠦ ᠳᠡᠶᠢᠯᠬᠦ ᠦᠭᠡᠢ ᠪᠣᠯ ᠲᠦᠮᠡᠨ ᠬᠥᠮᠦᠨ ᠲᠦᠮᠡᠨ ᠰᠠᠭᠤᠷᠢ ᠠᠭᠤᠯᠠ ᠶᠢ ᠨᠡᠭᠦᠯᠭᠡᠵᠦ ᠴᠢᠳᠠᠨ᠎ᠠ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠬᠤ ᠶᠢᠨ ᠬᠠᠮᠲᠤ ᠯᠠᠪᠳᠠᠭᠤᠨ ᠪᠠᠲᠤᠲᠠᠶ ᠲᠤᠭᠤᠰᠢᠯᠠᠭᠤᠯᠵᠤ᠂ ᠭᠠᠷ ᠬᠤᠯᠪᠣᠨ ᠲᠡᠮᠡᠴᠡᠵᠦ᠂ ᠬᠤᠤᠰ ᠴᠢᠭᠯᠡᠯ ᠢᠶᠠᠷ ᠬᠦᠴᠦᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠠᠭᠤᠤ ᠶᠡᠭᠡ ᠦᠶ᠋ᠯᠡᠳᠦᠯᠭᠡ ᠦᠢᠯᠡᠳᠦᠯᠭᠡ ᠳᠤ ᠬᠠᠮᠲᠤ ᠪᠠᠷ ᠣᠷᠣᠯᠴᠠᠵᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ︽ᠲᠠᠰ ᠳᠡᠪᠰᠢᠭᠰᠡᠨ ᠬᠡᠪᠯᠡᠯ︾ ᠢ ᠳᠠᠪᠲᠠᠨ ᠪᠣᠯᠪᠠᠰᠤᠷᠠᠭᠤᠯᠵᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠤᠨ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠶ ᠭᠡᠵᠦ ᠵᠢᠭᠠᠵᠤ ᠭᠠᠷᠭᠠᠪᠠ᠃                                                            ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2