ᠰᠠᠨ ᠳ᠋ᠠ ᠴᠢᠩ ᠰᠢᠶᠠᠩ ᠴᠠᠭᠠᠨ ᠰᠠᠷ᠎ᠠ ᠶᠢᠨ ᠬᠤᠭᠤᠴᠠᠭᠠᠨ ᠤ ︽ᠳᠥᠷᠪᠡᠨ ᠰᠤᠷᠲᠠᠯ︾ ᠢ ᠵᠠᠯᠠᠷᠠᠭᠤᠯᠬᠤ ᠰᠢᠨ᠎ᠡ ᠰᠤᠷᠲᠠᠯ ᠢ ᠪᠣᠶ ᠪᠣᠯᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠲᠤᠬᠠᠶ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/30
   1 ᠰᠠᠷ᠎ᠠ ᠶᠢᠨ 27 ᠤ ᠡᠳᠦᠷ᠂ ᠰᠠᠨ ᠳ᠋ᠠ ᠴᠢᠩ ᠰᠢᠶᠠᠩ ᠴᠠᠭᠠᠨ ᠰᠠᠷ᠎ᠠ ᠶᠢᠨ ᠬᠤᠭᠤᠴᠠᠭᠠᠨ ᠤ ︽ᠲᠦᠷᠪᠡᠨ ᠰᠤᠷᠲᠠᠯ︾ ᠢ ᠵᠠᠯᠠᠷᠠᠭᠤᠯᠵᠤ ᠰᠢᠨ᠎ᠡ ᠰᠤᠷᠲᠠᠯ ᠢ ᠪᠤᠢ ᠪᠣᠯᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠲᠤᠬᠠᠢ ᠠᠵᠢᠯ ᠤᠨ ᠬᠤᠷᠠᠯ ᠬᠤᠷᠠᠯᠳᠤᠭᠤᠯᠵᠤ᠂ ᠰᠢᠶᠠᠩ ᠤᠨ ᠪᠦᠬᠦ ᠤᠳᠤᠷᠢᠳᠬᠤ ᠺᠠᠳ᠋ᠷ᠂ ᠡᠯ᠎ᠡ ᠲᠣᠰᠬᠤᠨ ᠤ ᠱᠦᠵᠢ᠂ ᠨᠢᠭᠡᠳᠦᠭᠡᠷ ᠱᠦᠵᠢ᠂ ᠲᠣᠰᠬᠤᠨ ᠤ ᠬᠤᠶᠠᠷ ᠵᠥᠪᠯᠡᠯ ᠤᠨ ᠪᠦᠷᠢᠯᠳᠦᠬᠦᠨ ᠬᠤᠷᠠᠯ ᠳᠤ ᠣᠷᠣᠯᠴᠠᠪᠠ᠃
   ᠰᠢᠶᠠᠩ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠰᠢᠶᠧ ᠶᠢᠨ ᠰᠢᠶᠠ ᠴᠠᠭᠠᠨ ᠰᠠᠷ᠎ᠠ ᠶᠢᠨ ᠬᠤᠭᠤᠴᠠᠭᠠᠨ ᠳᠠᠬᠢ ︽ᠳᠥᠷᠪᠡᠨ ᠰᠤᠷᠲᠠᠯ︾ ᠢ ᠵᠠᠯᠠᠷᠠᠭᠤᠯᠬᠤ ᠰᠢᠨ᠎ᠡ ᠰᠤᠷᠲᠠᠯ ᠢ ᠪᠣᠶ ᠪᠣᠯᠭᠠᠬᠤ ᠠᠵᠢᠯ ᠢ ᠦᠷᠭᠦᠯᠵᠢᠯᠡᠨ ᠰᠠᠶᠢᠲᠤᠷ ᠬᠢᠬᠦ ᠲᠤᠬᠠᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠰᠢ ᠶᠢᠨ ᠫᠢᠩ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠤᠳᠤᠷᠢᠳᠬᠤ ᠺᠠᠳ᠋ᠷ ᠢ ᠲᠥᠪ ᠤᠨ ᠨᠠᠶᠢᠮᠠᠨ ᠲᠣᠭᠲᠠᠭᠠᠯ ᠤᠨ ᠬᠠᠰᠢᠯᠭ᠎ᠠ ᠳᠠᠯᠠᠩ ᠢ ᠪᠠᠬᠢᠵᠢᠭᠦᠯᠵᠦ᠂ ︽ᠳᠥᠷᠪᠡᠨ ᠰᠤᠷᠲᠠᠯ︾ ᠢ ᠵᠠᠯᠠᠷᠠᠭᠤᠯᠬᠤ ᠰᠢᠨ᠎ᠡ ᠰᠤᠷᠲᠠᠯ ᠢ ᠴᠥᠬᠦᠷᠡᠰᠢ ᠥᠬᠡᠶ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃    ᠰᠢᠶᠠᠩ ᠤᠨ ᠨᠠᠮ ᠤᠨ ᠬᠤᠷᠢᠶᠠᠨ ᠤ ᠱᠦᠵᠢ ᠯᠢ ᡁᠢ ᠸᠧᠢ᠂ ᠰᠤᠷᠲᠠᠯ ᠢ ᠠᠳᠬᠤᠬᠤ ᠰᠠᠬᠢᠯᠭ᠎ᠠ ᠪᠠᠲᠤ ᠶᠢ ᠠᠳᠬᠤᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ︽ᠲᠦᠷᠪᠡᠨ ᠰᠤᠷᠲᠠᠯ︾ ᠢ ᠵᠠᠯᠠᠷᠠᠭᠤᠯᠬᠤ ᠪᠠ ᠰᠢᠨ᠎ᠡ ᠰᠤᠷᠲᠠᠯ ᠢ ᠪᠤᠢ ᠪᠣᠯᠭᠠᠬᠤ ᠶᠢ ᠵᠡᠷᠭᠡ ᠪᠠᠷ ᠠᠳᠬᠤᠵᠤ᠂ ᠰᠢᠯᠢᠳᠡᠭ ᠨᠠᠮ ᠤᠨ ᠰᠤᠷᠲᠠᠯ ᠢᠶᠠᠷ ᠠᠷᠠᠳ ᠤᠨ ᠰᠤᠷᠲᠠᠯ ᠨᠡᠶᠢᠭᠡᠮ ᠤᠨ ᠰᠤᠷᠲᠠᠯ ᠢ ᠲᠠᠶᠢᠴᠢᠯᠠᠵᠤ᠂ ᠴᠠᠭ ᠦᠶ᠎ᠡ ᠶᠢᠨ ᠰᠢᠨ᠎ᠡ ᠰᠤᠷᠲᠠᠯ ᠢ ᠰᠠᠨᠠᠭᠠᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠠᠮ ᠤᠨ ᠭᠡᠰᠢᠭᠦᠨ ᠺᠠᠳ᠋ᠷ ᠲᠦᠷᠦᠭᠦᠯᠡᠨ ᠵᠢᠱᠢᠶ᠎ᠡ ᠦᠵᠡᠭᠦᠯᠦᠨ ᠦᠢᠯᠡᠳᠦᠯᠭᠡᠵᠢᠭᠦᠯᠵᠦ᠂ ᠪᠠᠶᠠᠷ ᠤᠨ ᠡᠳᠦᠷ ᠤᠨ ︽ᠳᠥᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠤᠯᠠᠭᠠᠨ ᠱᠤᠭᠤᠮ ᠢ ᠬᠥᠨᠳᠡᠬᠦ ᠥᠬᠡᠶ᠂ ᠬᠤᠷᠢᠭ᠎ᠠ ᠱᠤᠭᠤᠮ ᠢ ᠳᠠᠪᠠᠭ᠋ᠤ ᠥᠬᠡᠶ᠂ ᠥᠨᠳᠥᠷ ᠬᠦᠴᠦᠳᠡᠯᠲᠦ ᠱᠤᠭᠤᠮ ᠢ ᠬᠥᠨᠳᠡᠬᠦ ᠥᠬᠡᠶ ᠪᠠᠶᠢᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠦᠷᠭᠦᠯᠵᠢᠯᠡᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠭᠰᠠᠨ᠂ ᠠᠯᠪᠠᠨ ᠤ ᠵᠣᠭᠤᠰ ᠢᠶᠠᠷ ᠵᠢᠭᠤᠯᠴᠢᠯᠠᠭᠰᠠᠨ᠂ ᠲᠣᠭᠲᠠᠭᠠᠯ ᠠᠴᠠ ᠵᠥᠷᠢᠴᠡᠨ ᠨᠡᠮᠡᠭᠦᠷᠢ ᠮᠥᠩᠭᠦ ᠨᠥᠬᠦᠪᠥᠷᠢ ᠮᠥᠩᠭᠦ ᠲᠠᠷᠬᠠᠭᠠᠭᠰᠠᠨ ᠵᠡᠷᠭᠡ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ  ᠰᠢᠢᠳᠪᠦᠷᠢᠯᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ᠂ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤᠳᠬᠠᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠲᠦᠷᠦᠭᠦᠯᠡᠨ ᠪᠠᠳᠠᠷᠠᠭᠤᠯᠤᠨ᠎ᠠ᠃ ᠴᠠᠭᠠᠨ ᠰᠠᠷ᠎ᠠ ᠠᠴᠠ ᠡᠮᠦᠨᠡᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠵᠡᠷᠭᠡ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠵᠡᠶ᠃                                                                 ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2