ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠠᠨ ᠳ᠋ᠠ ᠸᠧᠶ ᠪᠠᠶᠠᠷ ᠤᠨ ᠡᠳᠦᠷ ᠠᠴᠠ ᠡᠮᠦᠨ᠎ᠡ ᠠᠬᠠᠮᠠᠳ ᠴᠡᠷᠢᠭ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2022/1/30
   ᠴᠡᠷᠢᠭ ᠢ ᠬᠦᠨᠳᠦᠳᠬᠡᠬᠦ ᠴᠡᠷᠢᠭ ᠢ ᠬᠠᠶᠢᠷᠠᠯᠠᠬᠤ ᠴᠡᠷᠢᠭ ᠢ ᠬᠦᠷᠢᠶᠡᠯᠡᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 1 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠠᠨ ᠳ᠋ᠠ ᠸᠧᠢ ᠪᠠᠶᠠᠷ ᠤᠨ ᠡᠳᠦᠷ ᠠᠴᠠ ᠡᠮᠦᠨ᠎ᠡ ᠠᠬᠠᠮᠠᠳ ᠴᠡᠷᠢᠭ ᠢ ᠪᠣᠯᠭᠤᠭᠠᠨ ᠲᠣᠬᠤᠨᠢᠭᠤᠯᠵᠤ᠂ ᠠᠬᠠᠮᠠᠳ ᠴᠡᠷᠢᠭ ᠲᠤ ᠲᠣᠬᠤᠨᠢᠭᠤᠯᠬᠤ ᠮᠥᠩᠭᠦ᠂ ᠲᠣᠬᠤᠨᠢᠭᠤᠯᠬᠤ ᠪᠣᠳᠠᠰ ᠬᠦᠷᠭᠡᠵᠦ᠂ ᠪᠠᠰᠠ ᠨᠠᠮ ᠪᠣᠯᠤᠨ ᠵᠠᠰᠠᠭ ᠤᠨ ᠣᠷᠳᠣᠨ ᠤ ᠴᠠᠭᠠᠨ ᠰᠠᠷ᠎ᠠ ᠶᠢᠨ ᠮᠡᠨᠳᠦᠴᠢᠯᠡᠯ ᠢ ᠬᠦᠷᠭᠡᠪᠡ᠃
   ᠬᠦᠷᠦᠭᠰᠡᠡ ᠪᠣᠯᠭᠠᠨ ᠳᠠᠭᠠᠨ ᠬᠠᠨ ᠳ᠋ᠠ ᠸᠧᠢ ᠠᠬᠠᠮᠠᠳ ᠪᠠᠶᠢᠯᠳᠤᠭᠴᠢᠳ ᠲᠠᠢ ᠡᠪᠦᠳᠦᠭ ᠨᠤᠭᠤᠯᠤᠨ ᠶᠠᠷᠢᠯᠴᠠᠵᠤ ᠂ ᠠᠬᠠᠮᠠᠳ ᠪᠠᠶᠢᠯᠳᠤᠭᠴᠢᠳ ᠤᠨ ᠪᠡᠶ᠎ᠡ ᠮᠠᠬᠠᠪᠣᠳ᠂ ᠠᠮᠢᠳᠤᠷᠠᠯ ᠤᠨ ᠪᠠᠶᠢᠳᠠᠯ ᠢ ᠯᠠᠪᠯᠠᠨ ᠠᠰᠠᠭᠤᠳᠠᠭ ᠪᠠᠶᠢᠯ᠎ᠠ ᠪᠠᠶᠢᠯ᠎ᠠ᠃ 97 ᠨᠠᠰᠤᠲᠠᠢ ᠳᠠᠭᠠᠨ ᠵᠢᠩ ᠵᠠᠨ ᠮᠢᠩ ᠤᠨ ᠭᠡᠷ ᠲᠤ᠂ ᠬᠠᠨ ᠳ᠋ᠠ ᠸᠧᠢ ᠪᠣᠯᠤᠨ ᠵᠢᠩ ᠵᠠᠨ ᠮᠢᠩ ᠬᠤᠶᠠᠭᠤᠯᠠ ᠥᠩᠭᠡᠷᠡᠭᠰᠡᠨ ᠢᠶᠠᠨ ᠳᠤᠷᠠᠰᠤᠨ ᠰᠠᠨᠠᠭᠠᠯᠵᠠᠵᠤ᠂ ᠵᠢᠩ ᠵᠠᠨ ᠮᠢᠩ 22 ᠨᠠᠰᠤᠲᠠᠢ ᠴᠡᠷᠢᠭ ᠲᠤ ᠣᠷᠣᠵᠤ ᠂ ᠯᠢᠶᠣᠤ ᠱᠧᠨ ᠤ ᠳᠠᠶᠢᠯᠠᠯᠳᠤᠭᠠᠨ᠂ ᠫᠢᠩ ᠶᠢᠨ ᠤ ᠳᠠᠶᠢᠯᠠᠯᠳᠤᠭᠠᠨ ᠳᠤ ᠣᠷᠣᠯᠴᠠᠵᠤ᠂ ᠭᠤᠷᠪᠠᠳᠤᠭᠠᠷ ᠳᠡᠰ ᠤᠨ ᠭᠠᠪᠢᠶ᠎ᠠ ᠪᠠᠶᠢᠭᠤᠯᠵᠤ ᠥᠩᠭᠡᠷᠡᠵᠡᠢ᠂ ᠵᠢᠩ ᠵᠠᠨ ᠮᠢᠩ᠄ ︽ᠬᠡᠳᠦ᠋ᠢᠪᠡᠷ ᠲᠤᠬᠠᠢ ᠶᠢᠨ ᠦᠶ᠎ᠡ ᠳᠤ ᠪᠢᠳᠡᠨ ᠳᠤ ᠲᠡᠷᠢᠭᠦᠨ ᠤ ᠵᠡᠪᠰᠡᠭ ᠲᠣᠨᠣᠭᠯᠠᠯ ᠪᠠᠶᠢᠭᠰᠠᠨ ᠦᠭᠡᠢ ᠪᠣᠯᠪᠠᠴᠤ᠂ ᠨᠠᠮ ᠤᠨ ᠴᠡᠷᠢᠭ ᠠᠩᠬᠢ ᠶᠢᠨ ᠰᠠᠬᠢᠯᠭ᠎ᠠ ᠪᠠᠲᠤ ᠴᠢᠩᠭ᠎ᠠ᠂ ᠪᠠᠶᠢᠯᠳᠤᠭᠠᠨ ᠤ ᠡᠷᠡᠯᠬᠡᠭ ᠪᠠᠭᠠᠲᠤᠷᠯᠢᠭ ᠪᠠᠶᠢᠵᠤ᠂ ᠪᠢᠳᠡ ᠡᠴᠦᠰ ᠤᠨ ᠢᠯᠠᠯᠲᠠ ᠶᠢ ᠣᠯᠵᠠᠢ᠃ ᠬᠠᠨ ᠳ᠋ᠠ ᠸᠧᠢ ᠲᠡᠭᠦᠨ ᠤ ᠪᠦᠬᠦᠳᠠ ᠨᠠᠶᠢᠷᠠᠮᠳᠠᠬᠤ ᠤᠯᠤᠰ ᠤᠨ ᠠᠭᠤᠤ ᠶᠡᠭᠡ ᠦᠢᠯᠡᠰ ᠲᠤ ᠦᠵᠡᠭᠦᠯᠦᠭᠰᠡᠨ ᠭᠠᠷᠮᠠᠭᠠᠢ ᠬᠤᠪᠢ ᠨᠡᠮᠡᠷᠢ ᠳᠤ ᠬᠦᠨᠳᠦᠳᠬᠡᠯ ᠳᠡᠪᠰᠢᠭᠦᠯᠵᠦ᠂ ᠲᠡᠭᠦᠨ ᠢ ᠮᠠᠨ ᠤ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠦᠷᠭᠦᠯᠵᠢᠯᠡᠨ ᠠᠩᠬᠠᠷᠴᠤ᠂ ᠪᠡᠶ᠎ᠡ ᠪᠠᠨ ᠬᠢᠴᠢᠶᠡᠵᠦ᠂ ᠦᠯᠡᠳᠡᠪᠦᠷᠢ ᠢᠯᠴᠢ ᠪᠠᠨ ᠪᠠᠳᠠᠷᠠᠭᠤᠯᠵᠤ᠂ ᠨᠡᠶᠢᠭᠡᠮ ᠤᠨ ᠪᠠᠶᠢᠭᠤᠯᠤᠯᠲᠠ ᠳᠤ ᠠᠷᠭ᠎ᠠ ᠤᠬᠠᠭᠠᠨ ᠭᠠᠷᠭᠠᠬᠤ ᠶᠢ ᠬᠦᠰᠡᠪᠡ᠃
   ᠠᠬᠠᠮᠠᠳ ᠴᠡᠷᠢᠭ ᠵᠧᠦ ᠯᠢᠶᠠᠨ ᠰᠢᠨ ᠤ ᠭᠡᠷ ᠲᠤ᠂ ᠬᠠᠨ ᠳ᠋ᠠ ᠸᠧᠢ ᠵᠧᠦ ᠯᠢᠶᠠᠨ ᠰᠢᠨ 17 ᠨᠠᠰᠤᠲᠠᠢ ᠴᠡᠷᠢᠭ ᠲᠤ ᠣᠷᠣᠵᠤ᠂ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ ᠲᠠᠶᠢᠨ ᠳᠤ ᠣᠷᠣᠯᠴᠠᠵᠤ ᠥᠩᠭᠡᠷᠡᠭᠰᠡᠨ ᠢ ᠣᠶᠢᠯᠠᠭᠠᠵᠤ᠂ ᠬᠠᠨ ᠳ᠋ᠠ ᠸᠧᠢ ᠵᠧᠦ ᠯᠢᠶᠠᠨ ᠰᠢᠨ ᠤ ᠦᠨᠳᠦᠰᠦᠲᠡᠨ ᠤ ᠬᠦᠰᠡᠯ ᠡᠷᠡᠮᠡᠯᠵᠡᠯ ᠪᠣᠯᠤᠨ ᠤᠯᠤᠰ ᠤᠨ ᠨᠡᠷ᠎ᠡ ᠬᠦᠨᠳᠦ ᠲᠠᠢ ᠪᠠᠷ ᠰᠣᠯᠣᠩᠭᠤᠰ ᠤᠨ ᠲᠠᠶᠢᠨ ᠤ ᠲᠠᠯᠠᠪᠤᠷ ᠲᠤ ᠦᠬᠦᠵᠤ ᠰᠡᠬᠡᠬᠦ ᠶᠢ ᠦᠯᠦ ᠬᠠᠶᠢᠬᠤᠷᠤᠨ᠂ ᠬᠤᠰᠢᠭᠤᠴᠢᠯᠠᠨ ᠪᠠᠶᠢᠯᠳᠤᠭᠰᠠᠨ ᠳᠤ ᠲᠠᠯᠠᠷᠬᠠᠵᠤ᠂ ᠲᠡᠭᠦᠨ ᠤ ᠬᠤᠪᠢᠰᠬᠠᠯᠲᠤ ᠵᠣᠷᠢᠭ ᠰᠠᠨᠠᠭ᠎ᠠ ᠨᠢ ᠱᠠᠩᠳᠤ ᠰᠢᠶᠠᠨ ᠤ ᠡᠷᠬᠢᠮ ᠨᠠᠨᠳᠢᠨ ᠥᠪ ᠬᠦᠷᠦᠩᠬᠡ ᠪᠣᠯᠤᠨ᠎ᠠ᠃ ᠬᠠᠨ ᠳ᠋ᠠ ᠸᠧᠢ ᠠᠬᠠᠮᠠᠳ ᠴᠡᠷᠢᠭ ᠢ ᠡᠷᠡᠭᠦᠯ ᠲᠡᠩᠬᠡᠯᠡᠭᠦᠨ ᠤᠷᠳᠤ ᠨᠠᠰᠤᠯᠠᠵᠤ᠂ ᠥᠲᠡᠯᠦᠭᠡ ᠨᠠᠰᠤ ᠪᠠᠨ ᠠᠮᠤᠷ ᠵᠢᠷᠭᠠᠯ ᠲᠠᠢ ᠥᠩᠭᠡᠷᠡᠭᠦᠯᠬᠦ ᠶᠢ ᠬᠦᠰᠡᠵᠦ᠂ ᠰᠢᠨ᠎ᠡ ᠬᠤᠳᠠᠯᠳᠤᠭᠠᠴᠢᠳ ᠤᠨ ᠰᠢᠨ᠎ᠡ ᠴᠠᠭ ᠦᠶ᠎ᠡ ᠳᠤ ᠢᠯᠡᠷᠡᠭᠦᠯᠦᠭᠰᠡᠨ ᠰᠢᠨ᠎ᠡ ᠠᠮᠵᠢᠯᠲᠠ ᠪᠦᠲᠦᠮᠵᠢ ᠶᠢ ᠦᠷᠭᠦᠯᠵᠢᠯᠡᠨ ᠭᠡᠷᠡᠴᠢᠯᠡᠨ᠎ᠡ ᠭᠡᠵᠡᠢ᠃
   99 ᠨᠠᠰᠤᠲᠠᠢ ᠠᠬᠠᠮᠠᠳ ᠴᠡᠷᠢᠭ ᠳ᠋ᠦ᠋ ᠶᠢᠦ ᠹᠦ᠋ ᠶᠢ ᠡᠷᠬᠢᠨ ᠦᠵᠡᠵᠦ ᠲᠣᠬᠤᠨᠢᠭᠤᠯᠬᠤ ᠳᠠᠭᠠᠨ᠂ ᠬᠠᠨ ᠳ᠋ᠠ ᠸᠧᠢ ᠬᠡᠷ ᠤᠨ ᠬᠥᠮᠦᠰ ᠲᠡᠭᠡᠨ ᠨᠠᠰᠤᠲᠠᠨ ᠤ ᠪᠡᠶ᠎ᠡ ᠮᠠᠬᠠᠪᠣᠳ ᠢ ᠰᠠᠶᠢᠲᠤᠷ ᠬᠠᠷᠠᠭᠠᠯᠵᠠᠬᠤ ᠬᠡᠷᠡᠭᠲᠡᠢ ᠭᠡᠵᠦ ᠵᠠᠬᠢᠭᠰᠠᠨ ᠪᠥᠭᠡᠳ ᠡᠷᠬᠢᠨ ᠦᠵᠡᠵᠦ ᠲᠣᠬᠤᠨᠢᠭᠤᠯᠬᠤ ᠳᠤ ᠣᠷᠣᠯᠴᠠᠭᠰᠠᠨ ᠰᠢᠶᠠᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶᠠᠨ ᠤ ᠠᠵᠢᠯᠲᠠᠳ ᠦᠢᠯᠡᠴᠢᠯᠡᠭᠡᠨ ᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠬᠠᠮᠠᠳ ᠪᠠᠶᠢᠯᠳᠤᠭᠴᠢᠳ ᠤᠨ ᠠᠮᠢᠳᠤᠷᠠᠯ ᠢ ᠬᠠᠯᠠᠮᠵᠢᠯᠠᠨ ᠬᠠᠶᠢᠷᠠᠯᠠᠵᠤ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠪᠣᠯᠤᠨ ᠬᠠᠷᠠᠭᠠᠯᠵᠠᠯ ᠢ ᠰᠠᠶᠢᠲᠤᠷ ᠨᠠᠶᠢᠳᠠᠪᠤᠷᠢᠵᠢᠭᠤᠯᠵᠤ᠂ ᠲᠡᠳᠡᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠭᠦᠢᠴᠡᠳ ᠮᠡᠳᠡᠷᠡᠭᠦᠯᠬᠦ ᠶᠢ ᠬᠦᠰᠡᠪᠡ᠃    ᠤᠢᠢᠯᠠᠭᠠᠭᠰᠠᠠ ᠢᠶᠠᠷ᠂ ᠮᠠᠨ ᠤ ᠰᠢᠶᠠᠨ ᠳᠤ ᠤᠳᠤ ᠶᠠᠫᠣᠨ ᠢ ᠡᠰᠡᠷᠭᠦᠴᠡᠬᠦ ᠲᠠᠶᠢᠨ ᠳᠤ ᠤᠷᠤᠯᠴᠠᠭᠰᠠᠨ ᠠᠬᠠᠮᠠᠳ ᠴᠡᠷᠢᠭ 24 ᠪᠤᠢ᠂ ᠨᠠᠰᠤ ᠪᠠᠷ ᠬᠠᠮᠤᠭ ᠤᠨ ᠶᠡᠭᠡ ᠨᠢ 100 ᠨᠠᠰᠤᠲᠠᠢ᠂ ᠬᠠᠮᠤᠭ ᠤᠨ ᠪᠠᠭ᠎ᠠ ᠨᠢ 89 ᠨᠠᠰᠤᠲᠠᠢ᠃                                                                  ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2