ᠮᠠᠨ ᠤ ᠰᠢᠶᠠᠨ 2021 ᠣᠨ ᠤ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠠᠵᠢᠯ ᠤᠨ ᠬᠥᠬᠢᠭᠦᠯᠦᠨ ᠰᠠᠶᠢᠰᠢᠶᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/30
  ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠰᠤᠷᠤᠯᠴᠠᠯᠭ᠎ᠠ ᠶᠢᠨ ᠲᠠᠪᠴᠠᠩ ᠤᠨ ᠤᠬᠠᠭᠤᠯᠭ᠎ᠠ ᠬᠥᠮᠦᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠰᠤᠷᠤᠯᠴᠠᠯᠭ᠎ᠠ ᠬᠡᠷᠡᠭᠯᠡᠯᠲᠡ ᠶᠢ ᠭᠦᠨᠵᠡᠭᠡᠶ ᠥᠷᠨᠢᠭᠦᠯᠬᠦ ᠶᠢ ᠠᠬᠢᠭᠤᠯᠬᠤ ᠶᠢᠨ ᠲᠥᠯᠥᠭᠡ᠂ 1 ᠰᠠᠷ᠎ᠠ ᠶᠢᠨ 28 ᠤ ᠡᠳᠦᠷ᠂ ᠱᠠᠩᠳᠤ ᠰᠢᠶᠠᠨ 2021 ᠣᠨ ᠤ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠠᠵᠢᠯ ᠤᠨ ᠬᠥᠬᠢᠭᠦᠯᠦᠨ ᠰᠠᠶᠢᠰᠢᠶᠠᠬᠤ ᠬᠤᠷᠠᠯ ᠬᠤᠷᠠᠯᠳᠤᠭᠤᠯᠪᠠ᠃
   ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠰᠢᠶᠤᠤ ᠮᠢᠩ ᠬᠥᠬᠢᠭᠦᠯᠦᠨ ᠰᠠᠶᠢᠰᠢᠶᠠᠬᠤ ᠬᠤᠷᠠᠯ ᠳᠤ ᠣᠷᠣᠯᠴᠠᠪᠠ᠃ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠰᠢᠶᠠᠩ ᠪᠠᠯᠭᠠᠰᠤ᠂ ᠨᠢᠭᠡᠴᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯᠤᠨ ᠪᠦᠬᠦ ᠰᠢᠶᠠᠨ ᠤ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠲᠡᠷᠢᠭᠦᠨ ᠤ ᠨᠢᠭᠡᠴᠢ᠂ ᠲᠡᠷᠢᠭᠦᠨ ᠤ ᠬᠤᠪᠢ ᠬᠥᠮᠦᠨ ᠤ ᠲᠥᠯᠥᠭᠡᠯᠡᠭᠴᠢ᠂ ᠰᠢᠯᠢᠳᠡᠭ ᠬᠠᠮᠢᠶᠠᠷᠤᠭᠴᠢ ᠶᠢᠨ ᠲᠥᠯᠥᠭᠡᠯᠡᠭᠴᠢ ᠬᠥᠬᠢᠭᠦᠯᠦᠨ ᠰᠠᠶᠢᠰᠢᠶᠠᠬᠤ ᠬᠤᠷᠠᠯ ᠳᠤ ᠣᠷᠣᠯᠴᠠᠪᠠ᠃
   ᠬᠥᠬᠢᠭᠦᠯᠦᠨ ᠰᠠᠶᠢᠰᠢᠶᠠᠬᠤ ᠬᠤᠷᠠᠯ ᠳᠡᠭᠡᠷ᠎ᠡ 2021 ᠣᠨ ᠤ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠰᠤᠷᠤᠯᠴᠠᠯᠭ᠎ᠠ ᠬᠡᠷᠡᠭᠯᠡᠭᠡᠨ ᠤ ᠠᠵᠢᠯ ᠤᠨ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠵᠦ᠂ ᠶᠡᠭᠡ ᠬᠦᠷᠢᠶ᠎ᠡ ᠰᠢᠶᠠᠩ᠂ ᠰᠢᠯᠢᠨ ᠰᠢᠶᠠᠩ᠂ ᠠᠲᠠᠷ ᠬᠠᠭᠠᠯᠪᠤᠷᠢᠯᠠᠯᠲᠠ ᠶᠢᠨ ᠠᠩᠭᠢ ᠪᠠᠯᠭᠠᠰᠤ ᠵᠡᠷᠭᠡ 20 ᠨᠢᠭᠡᠴᠢ ᠳᠤ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠲᠡᠷᠢᠭᠦᠨ ᠤ ᠰᠤᠷᠤᠯᠴᠠᠯᠭ᠎ᠠ ᠶᠢᠨ ᠵᠣᠬᠢᠶᠠᠨ ᠪᠠᠶᠢᠭᠤᠯᠤᠯᠲᠠ ᠶᠢᠨ ᠢᠷᠠᠭᠤ ᠠᠯᠳᠠᠷ ᠤᠨ ᠴᠣᠯᠠ ᠣᠯᠭᠤᠪᠠ︔ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳ᠋ᠤᠸᠠᠨ ᠹᠸᠢ᠂ ᠴᠢ ᠲᠠᠢ ᠪᠠᠯᠭᠠᠰᠤᠨ ᠤ ᠰᠢᠤᠸᠠᠢ ᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠠ ᠶᠢᠨ ᠬᠤᠤ ᡁᠢ ᠴᠢᠩ ᠵᠡᠷᠭᠡ 20 ᠨᠥᠬᠦᠷ ᠲᠤ ︽ᠰᠤᠷᠤᠯᠴᠠᠯᠭ᠎ᠠ ᠶᠢᠨ ᠤᠳᠤᠨ︾ ᠤ ᠢᠷᠠᠭᠤ ᠠᠯᠳᠠᠷ ᠤᠨ ᠴᠣᠯᠠ ᠣᠯᠭᠤᠪᠠ︔ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠩ ᠴᠢᠩ ᠷᠦᠢ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠶᠤᠸᠠᠨ ᠬᠠᠶ ᠬᠤᠩ᠂ ᠮᠣᠳᠣ ᠰᠢᠶᠠᠩ ᠤᠨ ᠱᠧ ᠼᠦᠨ ᠵᠡᠷᠭᠡ 30 ᠨᠥᠬᠦᠷ ᠲᠤ ︽ᠳᠠᠪᠰᠢᠯᠲᠠ ᠶᠢᠨ ᠣᠳᠣᠨ︾ ᠤ ᠢᠷᠠᠭᠤ ᠠᠯᠳᠠᠷ ᠤᠨ ᠴᠣᠯᠠ ᠣᠯᠭᠤᠪᠠ︔ ᠶᠡᠭᠡ ᠬᠦᠷᠢᠶ᠎ᠡ ᠰᠢᠶᠠᠩ ᠤᠨ ᠬᠤ᠋ ᠵᠢᠶᠦ᠋ᠨ᠂ ᠪᠦᠸᠧ ᠯᠢ ᠬᠤ᠋ ᠵᠢᠩ ᠰᠢᠶᠠᠩ ᠤᠨ ᠭᠦᠸᠧ ᠵᠢᠤᠸᠠᠨ ᠵᠢᠤᠸᠠᠨ᠂ ᠰᠢ ᠵᠢᠩ ᠽᠢ ᠪᠠᠯᠭᠠᠰᠤᠨ ᠤ ᠯᠢ ᠬᠠᠢ ᠪᠥᠸᠧ ᠵᠡᠷᠭᠡ 20 ᠨᠥᠬᠦᠷ ᠲᠤ ︽ᠬᠦᠴᠦᠷᠬᠡᠭ ᠤᠯᠤᠰ ᠤᠨ ᠤᠳᠤ︾ ᠶᠢᠨ ᠢᠷᠠᠭᠤ ᠠᠯᠳᠠᠷ ᠤᠨ ᠴᠣᠯᠠ ᠣᠯᠭᠤᠬᠤ ᠶᠢᠨ ᠬᠠᠮᠲᠤ ᠬᠥᠬᠢᠭᠦᠯᠦᠨ ᠰᠠᠶᠢᠰᠢᠶᠠᠪᠠ᠃    ᠬᠥᠬᠢᠭᠦᠯᠦᠨ ᠰᠠᠶᠢᠰᠢᠶᠠᠬᠤ ᠬᠤᠷᠠᠯ ᠳᠡᠭᠡᠷ᠎ᠡ᠂ ᠲᠡᠷᠢᠭᠦᠨ ᠤ ᠲᠥᠯᠥᠭᠡᠯᠡᠭᠴᠢᠳ ᠥᠪᠡᠷ ᠤᠨ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠣᠯᠤᠯᠲᠠ᠂ ᠲᠤᠷᠰᠢᠯᠭ᠎ᠠ ᠪᠠᠨ ᠤᠯᠠᠨ ᠲᠠᠢ ᠬᠤᠪᠢᠶᠠᠯᠴᠠᠨ ᠰᠣᠯᠢᠯᠴᠠᠪᠠ᠃ ᠣᠯᠠᠨ ᠢᠶᠠᠷ ᠢᠶᠠᠨ᠂ ᠡᠳᠦᠷ ᠪᠦᠷᠢ ᠠᠵᠢᠯ ᠤᠨ ᠴᠢᠯᠥᠭᠡ ᠵᠠᠪ ᠢᠶᠠᠷ ᠢᠶᠠᠨ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠢ ᠭᠦᠶᠦᠯᠭᠡᠨ ᠦᠵᠡᠵᠦ ᠰᠤᠷᠤᠯᠴᠠᠨ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠠᠭᠤᠯᠭ᠎ᠠ ᠡᠯᠪᠡᠭ ᠪᠠᠶᠠᠯᠢᠭ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠰᠠᠨ᠂ ᠬᠡᠷᠡᠭᠯᠡᠭᠡᠨ ᠤ ᠴᠢᠨᠠᠷ ᠢᠶᠠᠷ ᠴᠢᠩᠭ᠎ᠠ᠂ ᠰᠤᠷᠤᠯᠴᠠᠯᠭ᠎ᠠ ᠪᠠᠷ ᠳᠡᠮᠵᠢᠨ ᠥᠪᠡᠷ ᠤᠨ ᠮᠡᠳᠡᠯᠭᠡ ᠶᠢᠨ ᠬᠡᠪᠴᠢᠶ᠎ᠡ ᠪᠠᠨ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ ᠂ ᠪᠠᠰᠠ ᠥᠪᠡᠷ ᠤᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠪᠡ ᠭᠡᠵᠦ ᠢᠯᠡᠳᠬᠡᠵᠡᠭᠡᠪᠡ᠃ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠠᠵᠢᠯᠯᠠᠭ᠎ᠠ ᠳᠥᠭᠦᠮ ᠳᠥᠲᠡ ᠪᠣᠯᠬᠤᠷ᠂ ᠴᠠᠭ ᠢᠮᠠᠭᠲᠠ ᠭᠠᠵᠠᠷ ᠪᠣᠯᠭᠠᠨ ᠳᠤ ᠰᠤᠷᠤᠯᠴᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠰᠤᠷᠤᠯᠴᠠᠯᠭ᠎ᠠ ᠪᠠᠷ ᠳᠠᠮᠵᠢᠨ ᠤᠷᠤᠭᠰᠢᠯᠠᠨ ᠳᠠᠪᠰᠢᠬᠤ ᠶᠢ ᠪᠠᠶᠢᠩᠭᠤᠵᠢᠭᠤᠯᠵᠤ ᠪᠣᠯᠤᠨ᠎ᠠ᠃ ᠸᠠᠩ ᠰᠢᠶᠤᠤ ᠮᠢᠩ ᠬᠥᠬᠢᠭᠦᠯᠦᠨ ᠰᠠᠶᠢᠰᠢᠶᠠᠬᠤ ᠬᠤᠷᠠᠯ ᠳᠡᠭᠡᠷ᠎ᠡ᠂ ᠬᠥᠬᠢᠭᠦᠯᠦᠭᠳᠡᠨ ᠰᠠᠶᠢᠰᠢᠶᠠᠭᠳᠠᠭᠰᠠᠨ ᠬᠠᠮᠲᠤ ᠨᠢᠭᠡᠴᠢ ᠪᠣᠯᠤᠨ ᠬᠤᠪᠢ ᠬᠥᠮᠦᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠰᠤᠷᠤᠭᠰᠠᠨ ᠢᠶᠠᠨ ᠬᠡᠷᠡᠭᠯᠡᠵᠦ᠂ ᠰᠤᠷᠤᠯᠴᠠᠬᠤ ᠬᠡᠯᠪᠡᠷᠢ ᠪᠠᠨ ᠲᠠᠰᠤᠷᠠᠯᠲᠠ ᠦᠭᠡᠢ ᠰᠢᠨᠡᠴᠢᠯᠡᠵᠦ᠂ ᠰᠤᠷᠤᠯᠴᠠᠬᠤ ᠠᠴᠢᠶᠠᠯᠠᠪᠤᠷᠢ ᠪᠠᠨ ᠪᠠᠶᠠᠯᠢᠭᠵᠢᠭᠤᠯᠵᠤ᠂ ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠨᠠᠮ ᠤᠨ ᠰᠢᠨ᠎ᠡ ᠶᠢ ᠡᠭᠦᠳᠬᠦ ᠤᠨᠤᠯ ᠢ ᠲᠠᠷᠢᠬᠢᠨ ᠳᠠᠭᠠᠨ ᠬᠠᠳᠠᠩᠰᠢᠭᠤᠯᠬᠤ ᠶᠢ ᠠᠬᠢᠭᠤᠯᠬᠤ ᠶᠢ ᠬᠦᠰᠡᠪᠡ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠲᠡᠷᠢᠭᠦᠨ ᠤ ᠬᠢ ᠪᠠᠷ ᠳᠠᠭᠤᠷᠢᠶᠠᠯ ᠪᠣᠯᠭᠠᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭᠠᠨ ᠤ ᠲᠠᠯ᠎ᠠ ᠪᠠᠷ ᠳᠠᠬᠢᠨ ᠴᠢᠬᠤᠯᠠᠴᠢᠯᠠᠬᠤ ᠬᠡᠷᠡᠭᠲᠡᠶ ᠭᠡᠪᠡ᠃
   ᠬᠤᠷᠠᠯ ᠠᠴᠠ᠂ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ᠂ 2022 ᠣᠨ ᠤ ᠡᠬᠢ ᠪᠠᠷ ᠪᠦᠬᠦ ᠰᠢᠶᠠᠨ ᠤ ᠶᠡᠷᠦᠩᠬᠡᠢ ᠠᠮᠵᠢᠯᠲᠠ ᠢᠯᠡᠳᠲᠡ ᠳᠡᠭᠡᠭᠰᠢᠯᠡᠭᠰᠡᠨ ᠪᠣᠯᠪᠠᠴᠤ ᠥᠪᠡᠷᠲᠡᠭᠡᠨ ᠵᠠᠰᠠᠬᠤ ᠣᠷᠣᠨ ᠤ ᠡᠳᠦᠷ ᠪᠦᠷᠢ ᠶᠢᠨ ᠬᠥᠮᠦᠨ ᠳᠤᠮᠳᠠᠴᠢ ᠶᠢᠨ ᠬᠤᠷᠠᠮᠳᠤᠯ ᠬᠤᠪᠢ 35 ᠬᠤᠪᠢ ᠶᠢᠨ ᠵᠢᠱᠢᠭᠰᠡᠨ ᠬᠠᠷᠠᠯᠲᠠ ᠳᠤ ᠬᠦᠷᠬᠦ ᠠᠴᠠ ᠪᠠᠰᠠ ᠵᠦᠷᠢᠶ᠎ᠡ ᠲᠠᠢ ᠪᠠᠶᠢᠭᠰᠠᠭᠠᠷ᠃ ᠣᠷᠣᠰᠢᠵᠤ ᠪᠠᠶᠢᠭ᠎ᠠ ᠠᠰᠠᠭᠤᠳᠠᠯ ᠨᠢ ᠮᠥᠨ ᠯᠡ ᠲᠣᠪᠤᠶᠢᠮ᠎ᠠ ᠪᠠᠶᠢᠵᠤ᠂ ᠢᠯᠡᠷᠡᠯ ᠨᠢ ᠰᠢᠶᠠᠩ ᠪᠠᠯᠭᠠᠰᠤᠨ ᠤ ᠬᠥᠮᠦᠨ ᠳᠤᠮᠳᠠᠴᠢ ᠶᠢᠨ ᠡᠳᠦᠷ ᠪᠦᠷᠢ ᠶᠢᠨ ᠬᠤᠷᠠᠮᠳᠤᠯ ᠬᠤᠪᠢ ᠨᠢ ᠨᠡᠯᠢᠶᠡᠳ ᠳᠤᠤᠷ᠎ᠠ᠂ ᠢᠳᠡᠪᠬᠢᠵᠢᠯ ᠤᠨ ᠬᠡᠮᠵᠢᠶ᠎ᠡ ᠨᠢ ᠥᠨᠳᠥᠷ ᠪᠢᠰᠢ᠂ ᠰᠢᠶᠠᠨ ᠤ ᠰᠢᠭᠤᠳ ᠬᠠᠷᠢᠶ᠎ᠠ ᠨᠢᠭᠡᠴᠡ ᠯᠦᠭᠡ ᠶᠢᠨ ᠵᠥᠷᠢᠶ᠎ᠡ ᠨᠡᠯᠢᠶᠡᠳ ᠶᠡᠭᠡ ᠪᠠᠶᠢᠨ᠎ᠠ︔ ᠰᠢᠶᠠᠨ ᠤ ᠰᠢᠭᠤᠳ ᠬᠠᠷᠢᠶ᠎ᠠ ᠨᠢᠭᠡᠴᠡ ᠳᠤ ᠣᠷᠣᠰᠢᠵᠤ ᠪᠠᠶᠢᠭ᠎ᠠ ᠠᠰᠠᠭᠤᠳᠠᠯ ᠪᠣᠯ ᠬᠥᠮᠦᠨ ᠤ ᠲᠤᠭ᠎ᠠ ᠪᠠᠷ ᠨᠡᠯᠢᠶᠡᠳ ᠣᠯᠠᠨ ᠰᠤᠷᠤᠯᠴᠠᠯᠭ᠎ᠠ ᠶᠢᠨ ᠵᠣᠬᠢᠶᠠᠨ ᠪᠠᠶᠢᠭᠤᠯᠤᠯᠲᠠ ᠶᠢᠨ ᠬᠤᠷᠠᠮᠳᠤᠯ ᠬᠤᠪᠢ ᠥᠨᠳᠥᠷ ᠪᠢᠰᠢ᠂ ᠳᠠᠶᠢᠴᠢᠯᠠᠬᠤ ᠦᠢᠯᠡᠳᠦᠯ ᠨᠢ ᠢᠯᠡᠷᠬᠡᠶ ᠪᠢᠰᠢ ᠪᠠᠶᠢᠨ᠎ᠠ︔ ᠪᠦᠬᠦ ᠰᠢᠶᠠᠨ ᠤ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠠᠵᠢᠯ ᠤᠨ ᠪᠦᠬᠦᠯᠢ ᠴᠣᠭᠴᠠ ᠳᠤ ᠪᠠᠰᠠ ᠱᠠᠯᠠᠪᠳᠠᠭᠤᠯᠤᠨ ᠬᠠᠮᠢᠶᠠᠷᠬᠤ ᠡᠷᠴᠢᠮ ᠴᠢᠩᠭ᠎ᠠ ᠪᠢᠰᠢ᠂ ᠳᠣᠲᠣᠭᠠᠳᠤ ᠶᠢᠨ ᠵᠠᠷᠯᠠᠯ ᠴᠢᠩᠭ᠎ᠠ ᠪᠢᠰᠢ᠂ ᠬᠠᠮᠢᠶᠠᠷᠤᠯᠲᠠ ᠶᠢᠨ ᠲᠦᠪᠰᠢᠨ ᠥᠨᠳᠥᠷ ᠪᠢᠰᠢ᠂ ᠭᠠᠷᠠᠭ ᠤᠨ ᠵᠢᠷᠭᠤᠭᠠᠨ ᠤ ᠡᠳᠦᠷ᠂ ᠪᠠᠶᠠᠷ ᠳᠤᠷᠠᠰᠬᠠᠯ ᠤᠨ ᠡᠳᠦᠷ ᠴᠠᠯᠠᠭᠠᠶᠢᠷᠠᠨ ᠰᠤᠯᠠᠷᠠᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠶᠢᠮᠦ ᠠᠴᠠ᠂ ᠡᠯ᠎ᠡ ᠱᠠᠲᠤᠨ ᠤ ᠰᠤᠷᠤᠯᠴᠠᠯᠭ᠎ᠠ ᠶᠢᠨ ᠵᠣᠬᠢᠶᠠᠨ ᠪᠠᠶᠢᠭᠤᠯᠤᠯᠲᠠ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ ᠱᠠᠳᠤ ᠱᠠᠳᠤ ᠪᠠᠷ ᠰᠠᠶᠢᠲᠤᠷ ᠠᠳᠬᠤᠵᠤ᠂ ᠳᠠᠷᠤᠯᠲᠠ ᠶᠢ ᠳᠠᠮᠵᠢᠭᠤᠯᠬᠤ ᠮᠥᠷᠲᠡᠭᠡᠨ ᠵᠣᠷᠢᠭᠲᠠᠢ ᠡᠭᠦᠷᠭᠡᠯᠡᠵᠦ᠂ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ ᠱᠠᠯᠠᠪᠳᠠᠭᠤᠯᠤᠨ ᠱᠠᠭᠠᠷᠳᠠᠵᠤ᠂ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠬᠡᠷᠡᠭᠲᠡᠢ᠃ ᠡᠯ᠎ᠡ ᠱᠠᠲᠤᠨ ᠤ ᠰᠤᠷᠤᠯᠴᠠᠯᠭ᠎ᠠ ᠶᠢᠨ ᠵᠣᠬᠢᠶᠠᠨ ᠪᠠᠶᠢᠭᠤᠯᠤᠯᠲᠠ ᠨᠢ ᠲᠠᠪᠴᠠᠩ ᠤᠨ ᠬᠠᠮᠢᠶᠠᠷᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠷᠢᠭᠤᠴᠠᠯᠭᠠᠲᠤ ᠰᠡᠳᠬᠢᠯᠭᠡ ᠲᠠᠢ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ ᠨᠢᠭᠡ ᠨᠥᠬᠦᠷ ᠢ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠲᠠᠪᠴᠠᠩ ᠤᠨ ᠬᠠᠮᠢᠶᠠᠷᠤᠭᠴᠢ ᠪᠣᠯᠭᠠᠬᠤ ᠪᠠᠷ ᠲᠣᠳᠣᠷᠬᠠᠶᠢᠯᠠᠵᠤ᠂ ᠲᠣᠰ ᠨᠢᠭᠡᠴᠡ ᠶᠢᠨ ᠢᠶᠠᠨ ᠺᠠᠳ᠋ᠷ ᠣᠯᠠᠨ ᠲᠦᠮᠡᠨ ᠤ ᠰᠤᠷᠤᠯᠴᠠᠵᠤ ᠬᠡᠷᠡᠭᠯᠡᠬᠦ ᠠᠵᠢᠯ ᠢ ᠰᠢᠮᠳᠠᠭᠤᠯᠤᠨ ᠵᠢᠯᠣᠭᠤᠳᠬᠤ ᠶᠢ ᠬᠠᠷᠢᠭᠤᠴᠠᠵᠤ᠂ ᠬᠥᠮᠦᠨ ᠪᠦᠷᠢ ᠶᠢᠨ ᠡᠳᠦᠷ ᠪᠦᠷᠢ ᠶᠢᠨ ᠰᠤᠷᠤᠯᠴᠠᠭᠰᠠᠨ ᠬᠤᠪᠢ ᠶᠢ 35 ᠬᠤᠪᠢ ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠠᠨᠳᠤᠯᠭᠠᠲᠤ ᠴᠢᠨᠠᠷ ᠲᠠᠢ ᠪᠠᠷ ᠵᠢᠯᠣᠭᠤᠳᠴᠤ᠂ ᠠᠷᠭ᠎ᠠ ᠪᠠᠷᠢᠯ ᠵᠢᠮ᠎ᠡ ᠶᠣᠰᠣ ᠶᠢ ᠡᠷᠢᠵᠦ᠂ ᠡᠯ᠎ᠡ ᠱᠠᠲᠤᠨ ᠤ ᠰᠤᠷᠤᠯᠴᠠᠯᠭ᠎ᠠ ᠶᠢᠨ ᠵᠣᠬᠢᠶᠠᠨ ᠪᠠᠶᠢᠭᠤᠯᠤᠯᠲᠠ ᠡᠷᠬᠡᠪᠰᠢ ᠪᠦᠬᠦ ᠨᠠᠮ ᠤᠨ ᠭᠡᠰᠢᠭᠦᠨ ᠪᠦᠬᠦ ᠬᠥᠮᠦᠰ ᠤᠨ ᠣᠷᠣᠯᠴᠠᠬᠤ ᠶᠢ ᠪᠠᠲᠤᠯᠠᠵᠤ᠂ ᠪᠤᠢ ᠪᠦᠬᠦᠢ ᠨᠥᠬᠦᠳ ᠤᠨ ᠵᠣᠬᠢᠬᠤ ᠰᠤᠷᠤᠯᠴᠠᠯᠭ᠎ᠠ ᠪᠠᠷ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠪᠠᠲᠤᠯᠠᠵᠤ᠂ ᠰᠤᠷᠤᠭᠴᠢᠳ ᠤᠨ ᠶᠡᠷᠦᠩᠬᠡᠢ ᠬᠡᠮᠵᠢᠶ᠎ᠡ ᠶᠢ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠰᠤᠷᠤᠭᠴᠢᠳ ᠤᠨ ᠬᠥᠮᠦᠨ ᠤ ᠲᠤᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠡᠯ᠎ᠡ ᠰᠢᠶᠠᠩ ᠪᠠᠯᠭᠠᠰᠤ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠰᠤᠷᠤᠯᠴᠠᠯᠭ᠎ᠠ ᠬᠡᠷᠡᠭᠯᠡᠯᠲᠡ ᠶᠢ ᠠᠬᠢᠭᠤᠯᠬᠤ ᠲᠠᠯ᠎ᠠ ᠪᠠᠷ ᠬᠠᠷᠢᠴᠠᠩᠭᠤᠶ ᠪᠠᠷ ᠬᠤᠴᠣᠷᠴᠤ᠂ ᠬᠤᠷᠠᠯ ᠤᠨ ᠳᠠᠷᠠᠭ᠎ᠠ ᠳᠠᠬᠢᠨ ᠪᠠᠶᠢᠷᠢᠯᠠᠭᠤᠯᠵᠤ᠂ ᠳᠠᠬᠢᠨ ᠠᠬᠢᠭᠤᠯᠵᠤ᠂ ᠳᠠᠬᠢᠨ ᠳᠠᠶᠢᠴᠢᠯᠠᠬᠤ ᠬᠡᠷᠡᠭᠲᠡᠶ᠃ ᠰᠤᠷᠤᠭᠴᠢᠳ ᠤᠨ ᠬᠥᠮᠦᠨ ᠤ ᠲᠤᠭ᠎ᠠ ᠪᠠᠷ ᠨᠡᠯᠢᠶᠡᠳ ᠣᠯᠠᠨ ᠰᠤᠷᠤᠯᠴᠠᠯᠭ᠎ᠠ ᠶᠢᠨ ᠵᠣᠬᠢᠶᠠᠨ ᠪᠠᠶᠢᠭᠤᠯᠤᠯᠲᠠ ᠨᠢ᠂ ᠬᠠᠷᠢᠶ᠎ᠠ ᠬᠤᠶᠠᠳᠤᠭᠠᠷ ᠳᠡᠰ ᠤᠨ ᠨᠢᠭᠡᠴᠡ ᠶᠢᠨ ᠨᠠᠮ ᠤᠨ ᠭᠡᠰᠢᠭᠦᠨ ᠺᠠᠳ᠋ᠷᠴᠤᠳ ᠢ ᠴᠥᠮ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠲᠠᠪᠴᠠᠩ ᠳᠤ ᠣᠷᠣᠭᠤᠯᠵᠤ᠂ ᠰᠤᠷᠤᠯᠴᠠᠯᠭ᠎ᠠ ᠶᠢᠨ ᠲᠠᠪᠴᠠᠩ ᠳᠤ ᠣᠷᠣᠬᠤ ᠬᠥᠮᠦᠰ ᠢ ᠰᠢᠮᠳᠠᠭᠤᠯᠤᠨ ᠰᠤᠷᠤᠯᠴᠠᠯᠭ᠎ᠠ ᠳᠤ ᠢᠳᠡᠪᠬᠢᠲᠡᠶ ᠣᠷᠣᠯᠴᠠᠭᠤᠯᠵᠤ᠂ ᠬᠥᠭᠵᠢᠶᠡᠨᠲᠦ ᠬᠡᠮᠵᠢᠶ᠎ᠡ ᠪᠠ ᠰᠤᠷᠤᠯᠴᠠᠯᠭ᠎ᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠤᠷᠠᠯ ᠠᠴᠠ᠂ ᠤᠨᠤᠯ ᠤᠨ ᠰᠤᠷᠤᠯᠴᠠᠯᠭ᠎ᠠ ᠶᠢ ᠴᠢᠩᠭᠠᠳᠬᠠᠬᠤ ᠪᠣᠯ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠥᠷᠭᠡᠨ ᠤᠯᠠᠨ ᠨᠠᠮ ᠤᠨ ᠭᠡᠰᠢᠭᠦᠨ ᠤ ᠬᠠᠷᠢᠭᠤᠴᠠᠯᠭ᠎ᠠ ᠪᠠ ᠭᠦᠢᠴᠡᠳᠬᠡᠪᠡᠰᠦ ᠵᠣᠬᠢᠬᠤ ᠡᠭᠦᠷᠭᠡ ᠮᠥᠨ᠂ ︽ᠬᠤᠶᠠᠷ ᠢ ᠲᠣᠭᠲᠠᠭᠠᠬᠤ︾ ᠶᠢ ᠭᠦᠨᠵᠡᠭᠡᠢ ᠡᠵᠡᠮᠳᠡᠬᠦ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠤᠨ ᠪᠣᠳᠠᠲᠠᠢ ᠢᠯᠡᠷᠡᠯ ᠮᠥᠨ᠃ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠰᠤᠷᠤᠯᠴᠠᠯᠭ᠎ᠠ ᠶᠢᠨ ᠲᠠᠪᠴᠠᠩ ᠢ ᠬᠡᠷᠡᠭᠯᠡᠵᠦ ᠳᠡᠯᠭᠡᠷᠡᠭᠦᠯᠬᠦ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠰᠢᠨ᠎ᠡ ᠪᠠᠶᠢᠳᠠᠯ ᠳᠤᠤᠷ᠎ᠠ ᠣᠨᠣᠯ ᠢᠶᠠᠷ ᠵᠡᠪᠰᠡᠭᠯᠡᠬᠦ ᠪᠠ ᠦᠵᠡᠯ ᠰᠠᠨᠠᠭᠠᠨ ᠤ ᠬᠥᠮᠦᠵᠢᠯ ᠢ ᠴᠢᠩᠭᠠᠳᠬᠠᠬᠤ ᠰᠢᠨ᠎ᠡ ᠶᠢ ᠡᠭᠦᠳᠬᠦ ᠰᠥᠪᠡᠭᠴᠢᠯᠡᠯᠲᠡ ᠮᠥᠨ᠂ ᠶᠡᠷᠦᠩᠬᠡᠶ ᠱᠦᠵᠢ ᠰᠢ ᠶᠢᠨ ᠫᠢᠩ ᠤᠨ ︽ᠰᠤᠷᠤᠯᠴᠠᠯᠭ᠎ᠠ ᠶᠢᠨ ᠲᠣᠮᠣ ᠤᠯᠤᠰ︾ ᠤᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠮᠥᠨ᠃ ᠡᠶᠢᠮᠦ ᠠᠴᠠ᠂ ᠪᠥᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ ᠂ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ︾ ᠰᠤᠷᠤᠯᠴᠠᠯᠭ᠎ᠠ ᠶᠢᠨ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠰᠤᠷᠤᠯᠴᠠᠬᠤ ᠬᠡᠯᠪᠡᠷᠢ ᠶᠢᠨ ᠪᠠᠶᠢᠭᠤᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠠᠴᠢᠶᠠᠯᠠᠪᠤᠷᠢ ᠪᠣᠯᠭᠠᠵᠤ᠂ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠰᠠᠶᠢᠵᠢᠷᠠᠭᠤᠯᠬᠤ ᠰᠢᠨ᠎ᠡ ᠶᠢ ᠡᠭᠦᠳᠬᠦ ᠴᠢᠬᠤᠯᠠ ᠠᠭᠤᠯᠭ᠎ᠠ ᠪᠣᠯᠭᠠᠵᠤ᠂ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠵᠣᠬᠢᠶᠠᠨ ᠪᠠᠶᠢᠭᠤᠯᠵᠤ ᠤᠳᠤᠷᠢᠳᠬᠤ᠂ ᠱᠠᠯᠠᠪᠳᠠᠭᠤᠯᠤᠨ ᠵᠢᠯᠣᠭᠤᠳᠴᠤ ᠠᠬᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠤᠯᠠᠮ ᠴᠢᠨᠠᠭᠰᠢᠳᠠ ᠰᠠᠶᠢᠲᠤᠷ ᠠᠳᠬᠤᠬᠤ ᠬᠡᠷᠡᠭᠲᠡᠶ᠃ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠲᠠᠪᠴᠠᠩ ᠤᠨ ᠡᠷᠬᠡ ᠰᠦᠷᠲᠦ ᠴᠢᠨᠠᠷ᠂ ᠰᠣᠨᠢᠷᠬᠠᠯᠲᠤ ᠴᠢᠨᠠᠷ᠂ ᠮᠡᠳᠡᠯᠭᠡᠲᠦ ᠴᠢᠨᠠᠷ ᠢᠶᠠᠷ ᠮᠠᠰᠢ ᠴᠢᠩᠭ᠎ᠠ᠂ ᠰᠤᠷᠤᠯᠴᠠᠬᠤ ᠠᠭᠤᠯᠭ᠎ᠠ ᠪᠠᠷ ᠪᠠᠶᠠᠯᠢᠭ᠂ ᠬᠡᠯᠪᠡᠷᠢ ᠨᠢ ᠲᠥᠪ ᠴᠢᠩᠭ᠎ᠠ ᠠᠮᠢᠳᠤ ᠴᠣᠪᠣᠭᠤᠯᠢᠭ ᠪᠠᠶᠢᠵᠤ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠰᠤᠷᠤᠯᠴᠠᠯᠭ᠎ᠠ ᠶᠢᠨ ᠲᠠᠪᠴᠠᠩ ᠢ ᠦᠨᠡᠨ ᠬᠦ ᠤᠨᠤᠯ ᠤᠨ ᠰᠢᠮ᠎ᠡ ᠲᠡᠵᠢᠭᠡᠯ ᠬᠠᠩᠭᠠᠬᠤ ᠰᠢᠨ᠎ᠡ ᠡᠬᠢ ᠪᠤᠯᠠᠭ ᠪᠣᠯᠭᠠᠵᠤ᠂ ᠬᠡᠪ ᠴᠢᠨᠠᠷ ᠢ ᠳᠡᠭᠡᠭᠰᠢᠯᠡᠭᠦᠯᠬᠦ ᠰᠠᠶᠢᠨ ᠬᠠᠪᠰᠤᠷᠤᠭᠴᠢ ᠪᠣᠯᠭᠠᠵᠤ᠂ ᠠᠵᠢᠯ ᠢ ᠠᠬᠢᠭᠤᠯᠬᠤ ᠲᠦᠷᠭᠡᠳᠬᠡᠭᠦᠷ ᠪᠣᠯᠭᠠᠬᠤ ᠬᠡᠷᠡᠭᠲᠡᠢ᠃ ᠪᠥᠬᠦ ᠰᠢᠶᠠᠨ ᠤ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠬᠤᠷᠠᠮᠳᠤᠯ ᠬᠤᠪᠢ ᠶᠢᠨ ᠨᠡᠷᠡᠰ ᠤᠨ ᠵᠢᠭᠰᠠᠭᠠᠯᠲᠠ ᠶᠢ ᠳᠠᠬᠢᠨ ᠳᠡᠭᠡᠭᠰᠢᠯᠡᠭᠦᠯᠵᠦ ᠳᠠᠬᠢᠨ ᠳᠠᠪᠰᠢᠬᠤ ᠶᠢ ᠦᠨᠡᠨ ᠬᠦ ᠠᠬᠢᠭᠤᠯᠬᠤ ᠶᠢᠨ ᠲᠥᠯᠥᠭᠡ᠂ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ︽ᠨᠢᠭᠡ ᠤᠳᠠᠭ᠎ᠠ ᠳᠥᠯᠭᠢᠨ ᠠᠬᠢᠭᠤᠯᠬᠤ᠂ ᠬᠤᠶᠠᠷ ᠤᠳᠠᠭ᠎ᠠ ᠢᠯᠡ ᠪᠣᠯᠭᠠᠬᠤ᠂ ᠭᠤᠷᠪᠠ ᠶᠢ ᠤᠷᠮᠠᠰᠢᠭᠤᠯᠬᠤ︾ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠪᠡ᠃ ᠨᠢᠭᠡ ᠲᠦᠯᠬᠢᠨ ᠠᠬᠢᠭᠤᠯᠬᠤ᠄ ᠲᠤᠬᠠᠶᠢᠯᠠᠪᠠᠯ ᠤᠯᠠᠷᠢᠯ ᠪᠦᠷᠢ ᠨᠢᠭᠡ ᠤᠳᠠᠭ᠎ᠠ ᠠᠵᠢᠯ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠱᠠᠲᠤ ᠦᠶ᠎ᠡ ᠶᠢᠨ ᠴᠢᠨᠠᠷᠲᠠᠶ ᠠᠵᠢᠯ ᠤᠨ ᠲᠤᠷᠰᠢᠯᠭ᠎ᠠ ᠪᠣᠯᠤᠨ ᠣᠯᠤᠭᠰᠠᠨ ᠠᠮᠵᠢᠯᠲᠠ ᠪᠠᠨ ᠳ᠋ᠦᠩᠨᠡᠨ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠶ ᠲᠠᠯ᠎ᠠ ᠪᠠᠨ ᠵᠠᠳᠠᠯᠵᠤ᠂ ︽ᠡᠪᠡᠳᠴᠢᠨ ᠳᠤᠨᠢ ᠲᠣᠬᠢᠷᠠᠭᠤᠯᠤᠨ ᠡᠮ ᠥᠭᠬᠦ︾ ᠪᠠᠷ ᠰᠤᠷᠤᠯᠴᠠᠬᠤ ᠲᠠᠪᠴᠠᠩ ᠢ ᠳᠡᠯᠭᠡᠷᠡᠭᠦᠯᠦᠨ ᠬᠡᠷᠡᠭᠯᠡᠬᠦ ᠡᠷᠴᠢᠮ ᠢᠶᠠᠨ ᠲᠠᠰᠤᠷᠠᠯᠲᠠ ᠤᠢᠭᠡᠢ ᠴᠢᠩᠭᠠᠳᠬᠠᠬᠤ ᠬᠡᠷᠡᠭᠲᠡᠶ᠃ ᠬᠤᠶᠠᠷ ᠲᠤ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠸᠢᠴᠠᠲ ᠤᠨ ᠠᠵᠢᠯ ᠤᠨ ᠪᠦᠯᠬᠦᠮ ᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠡᠯ᠎ᠡ ᠨᠢᠭᠡᠴᠡ ᠶᠢᠨ ᠡᠳᠦᠷ ᠪᠦᠷᠢ ᠶᠢᠨ ᠴᠤᠭᠯᠠᠷᠠᠯ ᠤᠨ ᠳᠣᠲᠣᠷ᠎ᠠ ᠰᠣᠷᠣᠭᠴᠢ ᠶᠢᠨ ᠬᠤᠪᠢ ᠬᠤᠷᠠᠮᠳᠤᠭᠤᠯᠤᠭᠰᠠᠨ ᠪᠠᠶᠢᠳᠠᠯ ᠢ ᠳᠡᠯᠭᠡᠨ ᠦᠵᠡᠭᠦᠯᠵᠦ᠂ ᠭᠠᠷᠠᠭ ᠪᠦᠷᠢ ᠪᠥᠬᠦ ᠰᠢᠶᠠᠨ ᠤ ᠡᠯ᠎ᠡ ᠨᠢᠭᠡᠴᠡ ᠶᠢᠨ ᠭᠠᠷᠠᠭ ᠤᠨ ᠳᠤᠮᠳᠠᠴᠢ ᠬᠤᠪᠢ ᠬᠤᠷᠠᠮᠳᠤᠭᠤᠯᠤᠭᠰᠠᠨ ᠪᠠᠶᠢᠳᠠᠯ ᠢ ᠳᠡᠯᠭᠡᠨ ᠦᠵᠡᠭᠦᠯᠬᠦ ᠬᠡᠷᠡᠭᠲᠡᠶ ᠭᠡᠵᠦ ᠱᠠᠭᠠᠷᠳᠠᠪᠠ᠃ ᠭᠤᠷᠪᠠ ᠤᠷᠮᠠᠰᠢᠭᠤᠯᠬᠤ᠄ ᠨᠢᠭᠡ ᠳᠤ ᠰᠠᠷ᠎ᠠ ᠪᠦᠷᠢ ᠨᠢᠭᠡ ᠤᠳᠠᠭ᠎ᠠ ︽ᠲᠡᠷᠢᠭᠦᠨ ᠤ ᠰᠤᠷᠤᠯᠴᠠᠯᠭ᠎ᠠ ᠶᠢᠨ ᠵᠣᠬᠢᠶᠠᠨ ᠪᠠᠶᠢᠭᠤᠯᠤᠯᠲᠠ︾ ᠶᠢᠨ ᠰᠢᠯᠭᠠᠷᠠᠭᠤᠯᠬᠤ ᠠᠵᠢᠯᠯᠠᠭ᠎ᠠ ᠥᠷᠨᠢᠭᠦᠯᠦᠨ᠎ᠡ ᠬᠤᠶᠠᠷ ᠲᠤ ᠵᠢᠯ ᠪᠦᠷᠢ ᠶᠢᠨ ᠭᠤᠷᠪᠠᠳᠤᠭᠠᠷ ᠤᠯᠠᠷᠢᠯ ᠳᠤ ᠨᠢᠭᠡ ᠤᠳᠠᠭ᠎ᠠ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠮᠡᠳᠡᠯᠭᠡ ᠶᠢᠨ ᠤᠷᠤᠯᠳᠤᠭᠠᠨ ᠥᠷᠨᠢᠭᠦᠯᠦᠨ᠎ᠡ ᠭᠤᠷᠪᠠ ᠳᠤ ᠵᠢᠯ ᠪᠦᠷᠢ ᠶᠢᠨ ᠵᠢᠯ ᠤᠨ ᠰᠡᠭᠦᠯᠴᠢ ᠪᠠᠷ ᠳᠣᠲᠣᠭᠠᠳᠤ ᠶᠢᠨ ᠲᠡᠷᠢᠭᠦᠨ ᠤ ᠨᠢᠭᠡᠴᠡ᠂ ᠰᠢᠯᠢᠳᠡᠭ ᠬᠤᠪᠢ ᠬᠥᠮᠦᠨ ᠢ ᠰᠠᠶᠢᠰᠢᠶᠠᠨ ᠬᠥᠬᠢᠭᠦᠯᠦᠨ᠎ᠡ᠃ ᠦᠨᠡᠯᠡᠨ ᠰᠢᠯᠭᠠᠷᠠᠭᠤᠯᠵᠤ ᠬᠥᠬᠢᠭᠦᠯᠦᠨ ᠰᠠᠶᠢᠰᠢᠶᠠᠬᠤ᠂ ᠮᠡᠳᠡᠯᠭᠡ ᠶᠢᠨ ᠤᠷᠤᠯᠳᠤᠭᠠᠨ ᠶᠠᠪᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠬᠤ ᠬᠠᠯᠠᠭᠤᠨ ᠰᠡᠳᠬᠢᠯᠭᠡ ᠶᠢ ᠲᠠᠰᠤᠷᠠᠯᠳᠠ ᠦᠭᠡᠢ ᠤᠷᠮᠠᠰᠢᠭᠤᠯᠵᠤ᠂ ᠪᠦᠬᠦ ᠰᠢᠶᠠᠨ ᠳᠤ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ ᠰᠠᠶᠢᠨ ᠰᠠᠶᠢᠬᠠᠨ ᠰᠤᠷᠤᠯᠴᠠᠬᠤ ᠠᠭᠤᠷ ᠠᠮᠢᠰᠬᠤᠯ ᠢ ᠪᠤᠢ ᠪᠤᠯᠭᠠᠨ᠎ᠠ᠃ ᠡᠭᠦᠨ ᠤ ᠬᠠᠮᠲᠤ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠤᠨ ᠠᠵᠢᠯ ᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠡᠳᠦᠷ ᠲᠤᠲᠤᠮ ᠤᠨ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢ ᠲᠠᠰᠤᠷᠠᠯᠲᠠ ᠥᠬᠡᠶ ᠴᠢᠩᠭᠠᠷᠠᠭᠤᠯᠤᠨ᠂ ᠰᠤᠷᠤᠯᠴᠠᠯᠭ᠎ᠠ ᠶᠢ ᠪᠠᠶᠢᠩᠭᠤᠵᠢᠭᠤᠯᠬᠤ ᠪᠠ ᠳᠦᠷᠢᠮᠵᠢᠭᠦᠯᠬᠦ ᠶᠢ ᠦᠨᠡᠨᠬᠦ ᠪᠠᠲᠤᠯᠠᠨ᠎ᠠ᠃                                                            ᠰᠠᠷᠠᠭᠤᠯ ᠪᠠᠭᠤᠯᠭᠠᠪᠠ
 
ᠢᠷᠡᠯᠲᠡ᠄ ᠱᠠᠩᠳᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19004288号-2